ᠦᠬᠠᠶ ᠬᠤᠲᠠ ᠡᠯ᠎ᠡ ᠳᠤᠮᠳᠠᠳᠤ ᠪᠠᠭ᠎ᠠ ᠰᠤᠷᠭᠠᠭᠤᠯᠢ ᠶᠢ ᠵᠣᠬᠢᠶᠠᠨ ᠪᠠᠶᠢᠭᠤᠯᠵᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠠᠵᠢᠯᠯᠠᠭ᠎ᠠ ᠥᠷᠨᠢᠭᠦᠯᠪᠡ — ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠠᠵᠢᠯᠯᠠᠭᠠᠨ ᠤ ᠰᠠᠷ᠎ᠠ
ᠨᠡᠶᠢᠲᠡᠯᠡᠭᠰᠡᠨ ᠴᠠᠭ᠄
2024/9/30
     ᠡᠨᠡ ᠵᠢᠯ ᠤᠨ 9 ᠰᠠᠷ᠎ᠠ ᠪᠣᠯ ᠪᠦᠬᠦ ᠣᠷᠣᠨ ᠤ 41 ᠳᠠᠬᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯᠯᠠᠭᠠᠨ ᠤ ᠰᠠᠷ᠎ᠠ ᠪᠣᠯᠤᠨ᠎ᠠ᠂ ᠦᠬᠠᠢ ᠬᠤᠳᠠ ᠶᠢᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠰᠤᠷᠭᠠᠭᠤᠯᠢ ᠡᠷᠬᠢᠯᠡᠵᠤ ᠰᠤᠷᠭᠠᠭᠤᠯᠢ ᠶᠢ ᠵᠠᠰᠠᠬᠤ ᠡᠯ᠎ᠡ ᠬᠦᠷᠢᠶ᠎ᠡ ᠪᠣᠯᠤᠨ ᠪᠢᠴᠢᠭ ᠵᠢᠭᠠᠵᠤ ᠬᠥᠮᠦᠨ ᠬᠥᠮᠦᠵᠢᠭᠦᠯᠬᠦ ᠪᠦᠬᠦ ᠶᠠᠪᠤᠴᠠ ᠳᠤ ᠠᠭᠤᠰᠬᠠᠬᠤ ᠶᠢ ᠪᠠᠷᠢᠮᠲᠠᠯᠠᠨ᠂ ᠡᠯ᠎ᠡ ᠳᠤᠮᠳᠠᠳᠤ ᠪᠠᠭ᠎ᠠ ᠰᠤᠷᠭᠠᠭᠤᠯᠢ ᠶᠢ ᠵᠣᠬᠢᠶᠠᠨ ᠪᠠᠶᠢᠭᠤᠯᠵᠤ ︽ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠯᠢᠬᠡᠷ ᠢ ᠰᠠᠶᠢᠲᠤᠷ ᠶᠠᠷᠢᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠤᠶ᠎ᠠ︾ ᠭᠡᠬᠦ ᠠᠵᠢᠯᠯᠠᠭᠠᠨ ᠤ ᠰᠠᠷ᠎ᠠ ᠶᠢᠨ ᠭᠤᠣᠯ ᠰᠡᠳᠦᠪ ᠤᠨ ᠲᠣᠭᠤᠷᠢᠨ ᠳᠤ᠂ ᠠᠴᠢᠶᠠᠯᠠᠪᠤᠷᠢ ᠶᠢᠨ ᠬᠡᠯᠪᠡᠷᠢ ᠶᠢ ᠪᠠᠶᠠᠯᠢᠭᠵᠢᠭᠤᠯᠵᠤ᠂ ᠪᠦᠬᠦ ᠠᠵᠢᠯᠳᠠᠨ ᠤ᠂ ᠪᠠᠶᠢᠩᠭᠤ ᠶᠢᠨ᠂ ᠲᠥᠷᠦᠯ ᠡᠲᠡᠭᠡᠳ ᠢᠶᠠᠷ ᠬᠤᠪᠢᠶᠠᠨ ᠤᠬᠠᠭᠤᠯᠭ᠎ᠠ ᠬᠥᠮᠦᠵᠢᠯ ᠥᠷᠨᠢᠭᠦᠯᠵᠦ᠂ ᠥᠷᠭᠡᠨ ᠤᠯᠠᠨ ᠪᠠᠭᠰᠢ ᠰᠤᠷᠤᠭᠴᠢ ᠶᠢ ᠦᠨᠳᠦᠰᠦᠲᠡᠨ ᠤ ᠪᠦᠯᠬᠦᠮᠳᠡᠯ ᠤᠨ ᠤᠬᠠᠭᠤᠯᠤᠭᠴᠢ᠂ ᠬᠦᠷᠢᠶᠡᠯᠡᠭᠴᠢ ᠪᠠ ᠦᠢᠯᠡᠳᠦᠯᠭᠡᠵᠢᠭᠦᠯᠦᠭᠴᠢ ᠪᠣᠯᠭᠠᠪᠠ᠃

1.png

      ᠦᠬᠠᠶ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ︽ᠪᠥᠬᠦᠳᠡ ᠬᠤᠷᠠᠯ ᠤᠨ ᠵᠣᠷᠢᠭ ᠰᠠᠨᠠᠭ᠎ᠠ ᠶᠢ

ᠰᠤᠷᠤᠯᠴᠠᠵᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠨᠢᠭᠲᠠᠷᠠᠭᠤᠯᠤᠨᠠᠮ︾ ᠭᠡᠬᠦ ᠭᠤᠤᠯ ᠰᠡᠳᠦᠪ ᠢᠶᠠᠷ ᠦᠵᠡᠯ

ᠰᠠᠨᠠᠭ᠎ᠠ ᠤᠯᠤᠰ ᠲᠥᠷᠥ ᠶᠢᠨ ᠬᠢᠴᠢᠶᠡᠯ ᠣᠷᠣᠵᠤ᠂ ᠰᠤᠷᠤᠭᠴᠢᠳ ᠪᠠ ᠥᠷᠭᠡᠨ ᠣᠯᠠᠨ ᠪᠠᠭᠰᠢ ᠶᠢᠨ ᠵᠣᠷᠢᠭᠲᠠᠶ

ᠰᠦᠪᠡᠭᠴᠢᠯᠡᠵᠦ᠂ ᠵᠣᠷᠢᠭᠲᠠᠶ ᠦᠢᠯᠡᠳᠦᠯᠭᠡᠵᠢᠭᠦᠯᠬᠦ ᠵᠣᠷᠢᠭ ᠰᠠᠨᠠᠭ᠎ᠠ ᠶᠢ ᠬᠥᠮᠦᠵᠢᠭᠦᠯᠪᠡ᠃ ᠰᠤᠷᠭᠠᠭᠤᠯᠢ ᠠᠴᠠ ᠪᠠᠰᠠ

︽ᠬᠤᠪᠢᠰᠬᠠᠯ ᠤᠨ ᠰᠣᠩᠭᠤᠳᠠᠭ︾ ᠨᠣᠮ ᠤᠩᠰᠢᠵᠤ ᠬᠤᠪᠢᠶᠠᠯᠴᠠᠬᠤ ᠬᠤᠷᠠᠯ ᠢ ᠡᠷᠬᠢᠯᠡᠨ᠂ ᠵᠠᠯᠠᠭᠤᠴᠤᠳ ᠢᠶᠠᠷ

ᠬᠤᠪᠢᠰᠬᠠᠯ ᠤᠨ ᠦᠯᠢᠭᠡᠷ ᠢ ᠰᠠᠶᠢᠲᠤᠷ ᠶᠠᠷᠢᠭᠤᠯᠪᠠ᠃

      ᠦᠬᠠᠢ ᠬᠤᠳᠠ ᠶᠢᠨ ᠵᠢᠷᠭᠤᠳᠤᠭᠠᠷ ᠳᠤᠮᠳᠠᠳᠤ ᠰᠤᠷᠭᠠᠭᠤᠯᠢ ︽ᠦᠨᠳᠦᠰᠦᠲᠡᠨ ᠤ ᠵᠣᠷᠢᠭ ᠰᠠᠨᠠᠭ᠎ᠠ ᠶᠢ

ᠪᠠᠳᠠᠷᠠᠭᠤᠯᠵᠤ ᠡᠬᠡ ᠣᠷᠣᠨᠴᠢ ᠦᠵᠡᠯ ᠰᠡᠳᠬᠢᠯᠭᠡ ᠪᠠᠨ ᠲᠣᠳᠤᠷᠠᠭᠤᠯᠤᠶ᠎ᠠ︾ ᠭᠡᠬᠦ ᠭᠤᠣᠯ ᠰᠡᠳᠦᠪᠲᠦ ᠠᠩᠬᠢ ᠶᠢᠨ

ᠬᠤᠷᠠᠯ ᠢ ᠥᠷᠨᠢᠭᠦᠯᠵᠦ᠂ ᠡᠯ᠎ᠡ ᠠᠩᠬᠢ ᠶᠢᠨ ᠬᠢᠨ ᠨᠠᠷᠢᠨ ᠨᠢᠮᠪᠠᠢ ᠪᠡᠯᠡᠳᠭᠡᠨ᠂ ᠵᠠᠯᠠᠭᠤᠴᠤᠳ ᠪᠠᠭᠠᠴᠤᠳ ᠤᠨ ᠳᠤᠮᠳᠠ

ᠭᠦᠨᠵᠡᠭᠡᠢ᠂ ᠤᠳᠠᠭᠠᠨ ᠳᠠᠭᠠᠭᠠᠮᠠᠭᠠᠢ᠂ ᠠᠮᠢᠳᠤᠯᠢᠭ ᠡᠬᠡ ᠣᠷᠣᠨᠴᠢ ᠦᠵᠡᠯ ᠤᠨ ᠬᠥᠮᠦᠵᠢᠯ ᠢ ᠥᠷᠨᠢᠭᠦᠯᠪᠡ᠃

2.png

      ᠦᠬᠠᠶ ᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠲᠥᠯᠥᠭᠡᠯᠡᠭᠴᠢ

ᠤᠯᠤᠰ ᠤᠨ ᠲᠤᠭ ᠤᠨ ᠳᠤᠤᠷ᠎ᠠ ᠶᠠᠷᠢᠶ᠎ᠠ ᠲᠠᠯᠪᠢᠵᠤ᠂ ᠰᠤᠷᠭᠠᠭᠤᠯᠢ ᠶᠢᠨ ᠵᠠᠬᠢᠷᠤᠯ  ᠠᠴᠠ ︽ᠬᠦᠰᠡᠯ ᠢᠷᠡᠭᠡᠳᠦᠶ ᠶᠢᠨ

ᠵᠠᠮ ᠢ ᠭᠡᠶᠢᠭᠦᠯᠵᠦ ᠡᠷᠡᠮᠡᠬᠡᠶᠢᠯᠡᠨ ᠲᠡᠮᠡᠴᠡᠵᠦ ᠬᠡᠷᠡᠯ ᠰᠠᠴᠤᠷᠠᠩᠭᠤᠶ ᠰᠢᠨ᠎ᠡ ᠠᠮᠵᠢᠯᠲᠠ ᠶᠢ ᠡᠭᠦᠳᠦᠨᠡᠮ︾ ᠭᠡᠬᠦ ᠭᠤᠤᠯ

ᠰᠡᠳᠦᠪ ᠢᠶᠠᠷ ᠪᠥᠬᠦ ᠰᠤᠷᠭᠠᠭᠤᠯᠢ ᠶᠢᠨ ᠪᠠᠭᠰᠢ ᠰᠤᠷᠤᠭᠴᠢᠳ ᠲᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ

ᠣᠷᠣᠪᠠ᠃

3.png

      ᠦᠬᠠᠶ ᠬᠤᠲᠠ ᠶᠢᠨ ᠲᠠᠪᠤᠳᠤᠭᠠᠷ ᠳᠤᠮᠳᠠᠳᠤ ᠰᠤᠷᠭᠠᠭᠤᠯᠢ ᠲᠤᠭ ᠮᠠᠨᠳᠤᠭᠤᠯᠬᠤ ᠶᠣᠰᠣᠯᠠᠯ ᠵᠢᠴᠢ

ᠰᠤᠷᠭᠠᠭᠤᠯᠢ ᠡᠬᠢᠯᠡᠭᠰᠡᠨ ᠦᠵᠡᠯ ᠰᠠᠨᠠᠭ᠎ᠠ ᠤᠯᠤᠰ ᠲᠥᠷᠥ ᠶᠢᠨ ᠠᠩᠬᠠᠨ ᠤ ᠬᠢᠴᠢᠶᠡᠯ  ᠢ ᠣᠷᠣᠵᠤ᠂

ᠰᠤᠷᠤᠭᠴᠢᠳ ᠤᠨ ᠲᠥᠯᠥᠭᠡᠯᠡᠭᠴᠢ ︽ᠤᠯᠤᠰ ᠢᠶᠠᠨ ᠬᠦᠴᠦᠷᠬᠡᠭᠵᠢᠭᠦᠯᠦᠨ ᠮᠠᠨᠳᠤᠭᠤᠯᠬᠤ ᠳᠤ ᠪᠢ ᠪᠣᠢ  ᠴᠠᠭ

ᠦᠶ᠎ᠡ ᠶᠢᠨ ᠰᠢᠨ᠎ᠡ ᠬᠥᠮᠦᠨ ᠪᠣᠯᠬᠤ ᠪᠠᠷ ᠴᠢᠷᠮᠠᠶᠢᠰᠤᠭᠠᠢ︾ ᠭᠡᠬᠦ ᠭᠤᠤᠯ ᠰᠡᠳᠦᠪ ᠤᠨ ᠲᠣᠭᠤᠷᠢᠨ ᠳᠤ ᠤᠯᠤᠰ ᠤᠨ

ᠲᠤᠭ ᠤᠨ ᠳᠤᠤᠷ᠎ᠠ ᠶᠠᠷᠢᠶ᠎ᠠ ᠲᠠᠯᠪᠢᠵᠤ᠂ ᠰᠤᠷᠭᠠᠭᠤᠯᠢ ᠶᠢᠨ ᠵᠠᠬᠢᠷᠤᠯ ᠣᠯᠢᠮᠫᠢᠺ ᠤᠨ ᠲᠠᠮᠢᠷ ᠤᠨ ᠴᠤᠭᠯᠠᠭᠠᠨ ᠳᠤ

ᠮᠠᠩᠯᠠᠶᠢᠯᠠᠭᠰᠠᠨ ᠥᠩᠭᠡᠷᠡᠯᠲᠡ ᠪᠠᠷ ᠦᠨᠳᠦᠰᠦᠲᠡᠨ ᠤ ᠰᠡᠷᠭᠦᠨ ᠮᠠᠨᠳᠤᠯᠲᠠ ᠳᠤ ᠬᠦᠴᠦᠨ ᠴᠢᠳᠠᠯ ᠢᠶᠠᠨ ᠡᠷᠭᠦᠰᠦᠭᠡᠢ

ᠭᠡᠵᠦ ᠵᠣᠷᠢᠭᠵᠢᠭᠤᠯᠪᠠ᠃

4.png

      ᠦᠬᠠᠶ ᠬᠤᠲᠠ ᠶᠢᠨ ᠠᠷᠪᠠᠨ ᠵᠢᠷᠭᠤᠳᠤᠭᠠᠷ ᠳᠤᠮᠳᠠᠳᠤ ᠰᠤᠷᠭᠠᠭᠤᠯᠢ ︽ᠠᠨᠠᠷ ᠤᠨ ᠦᠷ᠎ᠡ ᠮᠡᠲᠦ ᠬᠡᠦᠬᠡᠳ

ᠪᠥᠬᠦᠨ ᠰᠡᠳᠬᠢᠯ ᠨᠢᠭᠡᠲᠡᠢ︾ ᠭᠡᠬᠦ ᠰᠤᠷᠭᠠᠭᠤᠯᠢ ᠳᠤ ᠣᠷᠣᠬᠤ ᠶᠣᠰᠣᠯᠠᠯ ᠢ ᠡᠷᠬᠢᠯᠡᠨ᠂ ︽ᠦᠰᠦᠨ

ᠪᠣᠶᠢᠵᠢᠯᠲᠠ ᠶᠢᠨ ᠵᠠᠮ︾ ᠢ ᠳᠤᠭᠤᠯᠬᠤ᠂ ᠠᠪᠤ ᠡᠵᠢ ᠪᠠᠭᠰᠢ ᠳᠤ  ᠪᠠᠨ ᠶᠣᠰᠣᠯᠠᠬᠤ ᠵᠡᠷᠭᠡ ᠬᠡᠯᠪᠡᠷᠢ ᠪᠠᠷ

ᠳᠠᠮᠵᠢᠭᠤᠯᠤᠨ᠂ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ ᠥᠷᠨᠢᠭᠦᠯᠵᠦ᠂ ᠪᠦᠯᠬᠦᠮᠳᠡᠨ ᠲᠡᠮᠡᠴᠡᠬᠦ ᠭᠤᠤᠯ

ᠬᠥᠭ ᠠᠶᠠᠰ ᠢ ᠴᠤᠤᠷᠢᠶᠠᠳᠤᠭᠤᠯᠤᠨ᠂ ᠡᠬᠡ ᠣᠷᠣᠨᠴᠢ ᠦᠵᠡᠯ ᠤᠨ ᠵᠣᠷᠢᠭ ᠰᠠᠨᠠᠭ᠎ᠠ ᠶᠢ ᠪᠠᠭᠰᠢ ᠰᠤᠷᠤᠭᠴᠢᠳ ᠤᠨ

ᠰᠡᠳᠬᠢᠯ ᠳᠤ ᠪᠠᠲᠤ ᠦᠨᠳᠦᠰᠦᠯᠡᠭᠦᠯᠪᠡ᠃

5.png

      ᠦᠬᠠᠶ ᠬᠤᠲᠠ ᠶᠢᠨ ᠠᠷᠪᠠᠨ ᠨᠠᠢᠮᠠᠳᠤᠭᠠᠷ ᠳᠤᠮᠳᠠᠳᠤ ᠰᠤᠷᠭᠠᠭᠤᠯᠢ ︽ᠰᠤᠷᠭᠠᠭᠤᠯᠢ ᠡᠬᠢᠯᠡᠭᠰᠡᠨ ᠠᠩᠬᠠᠨ ᠤ

ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠢ ᠣᠷᠣᠵᠤ᠂ ᠨᠠᠮ ᠤᠨ ᠲᠡᠦᠬᠡ ᠶᠢᠨ ᠥᠯᠢᠭᠡᠷ ᠢᠶᠠᠷ ᠳᠤᠮᠳᠠᠳᠤ

ᠤᠯᠤᠰ ᠤᠨ ᠡᠪ ᠬᠠᠮᠲᠤ ᠨᠠᠮ ᠤᠨ ᠡᠷᠡᠯᠬᠡᠭᠯᠡᠨ ᠤᠷᠤᠭᠰᠢᠯᠠᠭᠰᠠᠨ ᠥᠩᠭᠡᠷᠡᠯᠲᠡ ᠶᠢ ᠠᠮᠢᠳᠤᠯᠢᠭ ᠢᠶᠠᠷ ᠬᠠᠷᠠᠭᠤᠯᠪᠠ᠃

6.png

      ᠦᠬᠠᠶ ᠬᠤᠲᠠ ᠶᠢᠨ ᠬᠤᠷᠢᠨ ᠬᠤᠶᠠᠳᠤᠭᠠᠷ ᠳᠤᠮᠳᠠᠳᠤ ᠰᠤᠷᠭᠠᠭᠤᠯᠢ ︽ᠤᠯᠤᠰ ᠢᠶᠠᠨ ᠬᠦᠴᠦᠷᠬᠡᠭᠵᠢᠭᠦᠯᠦᠨ

ᠮᠠᠨᠳᠤᠭᠤᠯᠬᠤ ᠳᠤ ᠪᠢ ᠪᠣᠢ  ᠴᠠᠭ ᠦᠶ᠎ᠡ ᠶᠢᠨ ᠰᠢᠨ᠎ᠡ ᠬᠥᠮᠦᠨ ᠪᠣᠯᠬᠤ ᠪᠠᠷ ᠴᠢᠷᠮᠠᠶᠢᠰᠤᠭᠠᠢ︾ ᠭᠡᠬᠦ ᠭᠤᠤᠯ

ᠰᠡᠳᠦᠪ ᠢᠶᠠᠷ ᠠᠩᠭᠢ ᠶᠢᠨ ᠬᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ

ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠵᠠᠯᠠᠭᠤᠴᠤᠳ ᠪᠠᠭᠠᠴᠤᠳ ᠤᠨ ᠰᠡᠳᠬᠢᠯ ᠳᠤ ᠭᠦᠨ

ᠬᠠᠳᠠᠩᠰᠢᠭᠤᠯᠪᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map