ᠥᠪᠡᠷᠲᠡᠭᠡᠨ ᠵᠠᠰᠠᠬᠤ ᠣᠷᠣᠨ ᠤ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠶᠠᠷᠢᠯᠴᠠᠬᠤ ᠬᠤᠷᠠᠯ ᠬᠤᠷᠠᠯᠳᠤᠪᠠ ᠰᠦᠨ ᠱᠤᠤ ᠴᠧᠩ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠵᠤ ᠸᠠᠩ ᠯᠢ ᠰᠢᠶᠠ ᠬᠤᠷᠠᠯ ᠳᠤ ᠣᠷᠣᠯᠴᠠᠵᠤ ᠵᠠᠩ ᠶᠠᠨ ᠺᠦᠨ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2024/9/30
      9 ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠤᠮᠳᠠᠳᠤ ᠤᠯᠤᠰ  ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠣᠶ  ᠶᠢ ᠪᠡᠯᠭᠡᠯᠡᠬᠦ ᠶᠠᠷᠢᠯᠴᠠᠬᠤ ᠬᠤᠷᠠᠯ ᠭᠦᠭᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠬᠤᠷᠠᠯ ᠢ ᠡᠷᠭᠢᠯᠡᠪᠡ᠃   

1.jpg

      ᠶᠠᠷᠢᠯᠴᠠᠬᠤ ᠬᠤᠷᠠᠯ ᠳᠡᠭᠡᠷ᠎ᠡ᠂ 6 ᠨᠥᠬᠦᠷ ᠰᠠᠨᠠᠯ ᠢᠶᠠᠨ ᠰᠣᠯᠢᠯᠴᠠᠬᠤ ᠦᠭᠡ ᠬᠡᠯᠡᠵᠡᠢ᠃ ᠤᠯᠠᠨ ᠤ ᠬᠡᠯᠡᠬᠦ ᠶᠢ

ᠰᠣᠨᠣᠰᠤᠭᠰᠠᠨ ᠤ ᠳᠠᠷᠠᠭ᠎ᠠ᠂ ᠰᠦᠨ ᠱᠤᠤ ᠴᠧᠩ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ

ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ

ᠳᠡᠭᠡᠷᠡᠬᠢ ᠴᠢᠬᠤᠯᠠ ᠶᠠᠷᠢᠶ᠎ᠠ ᠨᠢ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠤᠯᠤᠰ ᠲᠦᠷᠦ ᠶᠢᠨ

ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠤᠯᠠᠮ ᠨᠢᠭᠡ

ᠠᠯᠬᠤᠮ ᠪᠠᠶᠠᠯᠢᠭᠵᠢᠭᠤᠯᠤᠨ ᠬᠥᠭᠵᠢᠭᠦᠯᠵᠦ᠂ ᠮᠠᠰᠢ ᠴᠢᠩᠭ᠎ᠠ ᠤᠯᠤᠰ ᠲᠥᠷᠥᠴᠢ ᠴᠢᠨᠠᠷ᠂ ᠦᠵᠡᠯ ᠰᠠᠨᠠᠭᠠᠲᠤ ᠴᠢᠨᠠᠷ᠂

ᠵᠢᠯᠤᠭᠤᠳᠬᠤ ᠴᠢᠨᠠᠷ ᠲᠠᠢ ᠪᠠᠶᠢᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ ᠠᠷᠠᠳ ᠤᠨ ᠤᠯᠤᠰ ᠲᠦᠷᠦ ᠶᠢᠨ

ᠵᠥᠪᠯᠡᠯᠭᠡᠨ ᠤ ᠦᠢᠯᠡᠰ ᠤᠨ ᠬᠥᠭᠵᠢᠯᠲᠡ ᠳᠤ ᠦᠨᠳᠦᠰᠦᠨ ᠵᠢᠷᠤᠮᠯᠠᠯ ᠬᠠᠩᠭᠠᠪᠠ᠃ ᠪᠢᠳᠡ ᠶᠡᠷᠦᠩᠬᠡᠢ ᠱᠦᠵᠢ

ᠰᠢ ᠶᠢᠨ ᠫᠢᠩ ᠤᠨ ᠴᠢᠬᠤᠯᠠ ᠶᠠᠷᠢᠶ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠵᠣᠷᠢᠭ ᠰᠠᠨᠠᠭᠠᠨ ᠤ ᠮᠥᠨ

ᠴᠢᠨᠠᠷ ᠢ ᠨᠠᠷᠢᠨ ᠬᠢᠨᠠᠮᠠᠭᠠᠢ ᠣᠶᠢᠯᠠᠭᠠᠵᠤ᠂ ᠭᠤᠣᠯ ᠠᠭᠤᠯᠭ᠎ᠠ ᠶᠢ ᠣᠨᠣᠪᠴᠢᠲᠠᠶ ᠡᠵᠡᠮᠳᠡᠵᠦ᠂ ︽ᠬᠤᠶᠠᠷ ᠢ

ᠲᠣᠭᠲᠠᠭᠠᠭᠰᠠᠨ ︾ ᠢ ᠬᠦᠷᠢᠶᠡᠯᠡᠬᠦ᠂ ︽ᠬᠤᠶᠠᠷ ᠢ ᠬᠠᠮᠠᠭᠠᠯᠠᠬᠤ ︾ ᠶᠢ ᠪᠡᠶᠡᠯᠡᠭᠦᠯᠬᠦ ᠳᠡᠭᠡᠳᠦ ᠬᠡᠮᠵᠢᠶᠡᠨ ᠤ

ᠤᠬᠠᠮᠰᠠᠷ ᠢᠶᠠᠷ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠤᠯ ᠢ ᠰᠠᠶᠢᠲᠤᠷ ᠪᠠᠷᠢᠮᠲᠠᠯᠠᠵᠤ᠂ ᠮᠠᠨ ᠤ

ᠣᠷᠣᠨ ᠤ ᠤᠯᠤᠰ ᠲᠥᠷᠥ ᠶᠢᠨ ᠵᠥᠪᠯᠡᠯᠭᠡᠨ ᠤ ᠦᠢᠯᠡᠰ ᠢ ᠰᠠᠶᠢᠲᠤᠷ ᠬᠥᠭᠵᠢᠭᠦᠯᠬᠦ ᠬᠡᠷᠡᠭᠲᠡᠢ ᠭᠡᠪᠡ᠃

2.jpg

      ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ

ᠪᠠᠶᠢᠭᠤᠯᠤᠭᠳᠠᠭᠰᠠᠨ ᠠᠴᠠ ᠨᠠᠭᠠᠰᠢ᠂ ᠨᠠᠮ ᠤᠨ ᠤᠳᠤᠷᠢᠳᠤᠯᠭ᠎ᠠ ᠳᠣᠣᠷ᠎ᠠ᠂ ᠪᠦᠯᠬᠦᠮᠳᠡᠯ ᠪᠠ ᠠᠷᠠᠳᠴᠢᠯᠠᠯ ᠬᠤᠶᠠᠷ

ᠶᠡᠭᠡ ᠭᠤᠣᠯ ᠰᠡᠳᠦᠪ ᠢ ᠪᠠᠷᠢᠮᠲᠠᠯᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠶᠡᠭᠡ ᠲᠠᠯ᠎ᠠ ᠳᠤ

ᠦᠢᠯᠡᠴᠢᠯᠡᠵᠦ᠂ ᠪᠦᠭᠦ ᠣᠷᠣᠨ ᠤ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠡᠨᠡ ᠬᠤᠶᠠᠷ ᠵᠢᠯ ᠳᠤ᠂

ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠢᠳᠡᠪᠬᠢᠲᠡᠢ ᠵᠢᠳᠬᠦᠯ ᠴᠢᠷᠮᠠᠶᠢᠯᠭ᠎ᠠ ᠭᠠᠷᠭᠠᠵᠤ᠂

ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠠᠵᠢᠯ ᠢᠶᠠᠨ ᠠᠮᠵᠢᠯᠲᠠ ᠲᠠᠢ ᠰᠠᠶᠢᠬᠠᠨ ᠬᠢᠵᠡᠢ᠃ ᠰᠢᠨ᠎ᠡ

ᠠᠶᠠᠨ ᠳᠤ᠂ ᠪᠦᠭᠦ ᠣᠷᠣᠨ ᠤ ᠡᠯ᠎ᠡ ᠱᠠᠲᠤᠨ ᠤ ᠤᠯᠤᠰ ᠲᠦᠷᠦ ᠶᠢᠨ ᠵᠥᠪᠯᠡᠯᠭᠡᠨ ᠦᠵᠡᠯ ᠰᠠᠨᠠᠭ᠎ᠠ ᠪᠠ ᠦᠢᠯᠡ

ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠦᠨᠡᠨ ᠬᠦ

ᠨᠢᠭᠡᠳᠬᠡᠵᠦ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠴᠢᠬᠤᠯᠠ ᠣᠶᠢᠯᠠᠭᠠᠭᠳᠠᠬᠤᠨ ᠢ ᠡᠷᠡᠰ

ᠦᠢᠯᠡᠳᠦᠯᠭᠡᠵᠢᠭᠦᠯᠵᠦ᠂ ᠠᠷᠠᠳᠴᠢᠯᠠᠯ ᠢ ᠪᠠᠳᠠᠷᠠᠭᠤᠯᠬᠤ ᠪᠠ ᠪᠦᠯᠬᠦᠮᠳᠡᠯ ᠢ ᠴᠢᠩᠭᠠᠳᠬᠠᠬᠤ ᠶᠢ ᠬᠠᠷᠢᠯᠴᠠᠨ

ᠨᠡᠪᠲᠡᠷᠡᠯᠴᠡᠭᠦᠯᠬᠦ᠂ ᠰᠠᠨᠠᠯ ᠰᠠᠨᠠᠭᠤᠯᠭ᠎ᠠ ᠳᠤᠷᠠᠳᠤᠨ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ

ᠨᠢᠭᠲᠠᠷᠠᠭᠤᠯᠬᠤ ᠬᠤᠣᠰ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ᠂ ᠬᠥᠮᠥᠰ ᠤᠨ ᠰᠡᠳᠬᠢᠯ ᠪᠠ ᠬᠦᠴᠦᠨ ᠴᠢᠳᠠᠯ ᠢ

ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ

ᠨᠠᠮ ᠤᠨ ᠬᠤᠷᠢᠶ᠎ᠠ ᠶᠢᠨ ᠠᠵᠢᠯ ᠤᠨ ᠲᠣᠬᠢᠷᠠᠭᠤᠯᠤᠯᠲᠠ ᠳᠡᠭᠡᠷ᠎ᠡ ᠨᠢᠭᠲᠠᠷᠠᠭᠤᠯᠵᠤ᠂ ᠡᠯ᠎ᠡ ᠲᠠᠯ᠎ᠠ ᠶᠢᠨ ᠬᠢᠨ ᠤ ᠰᠡᠳᠬᠢᠯ

ᠨᠢᠭᠡᠳᠦᠨ ᠬᠦᠴᠦ ᠪᠠᠨ ᠬᠠᠮᠲᠤᠳᠬᠠᠬᠤ ᠶᠢ ᠬᠥᠲᠥᠯᠥᠨ ᠳᠠᠭᠠᠭᠤᠯᠵᠤ᠂ ᠥᠪᠥᠷ ᠮᠣᠩᠭᠤᠯ ᠤᠨ ᠶᠠᠪᠤᠳᠠᠯ ᠢ ᠬᠠᠮᠲᠤ ᠪᠠᠷ

ᠰᠠᠶᠢᠲᠤᠷ ᠬᠢᠬᠦ ᠬᠡᠷᠡᠭᠲᠡᠢ᠃ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠥᠪᠯᠡᠬᠦ

ᠠᠷᠠᠳᠴᠢᠯᠠᠯ ᠢ ᠥᠷᠭᠡᠨ ᠳᠡᠯᠭᠡᠷ ᠣᠯᠠᠨ ᠳᠠᠪᠬᠤᠷᠭ᠎ᠠ ᠪᠠᠷ ᠳᠦᠷᠢᠮᠵᠢᠭᠦᠯᠦᠨ ᠬᠥᠭᠵᠢᠭᠦᠯᠬᠦ ᠶᠢ ᠯᠠᠪᠳᠠᠭᠤᠨ ᠪᠠᠲᠤᠲᠠᠢ

ᠠᠬᠢᠭᠤᠯᠵᠤ᠂ ᠶᠠᠭᠠᠬᠢᠵᠤ ᠵᠥᠪᠳᠡᠯᠴᠡᠪᠡᠯ ᠪᠦᠲᠦᠮᠵᠢᠲᠡᠶ ᠪᠣᠯ ᠲᠡᠭᠡᠵᠦ ᠬᠢᠵᠦ᠂ ᠨᠠᠮ ᠤᠨ ᠲᠥᠪ ᠬᠤᠷᠢᠶ᠎ᠠ ᠶᠠᠭᠤ ᠶᠢ

ᠬᠠᠯᠠᠮᠵᠢᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠠᠭᠤ ᠶᠢ ᠭᠤᠣᠯᠯᠠᠨ ᠠᠳᠬᠤᠵᠤ᠂ ᠠᠷᠠᠳ

ᠣᠯᠠᠨ ᠶᠠᠭᠤ ᠶᠢ ᠠᠩᠬᠠᠷᠴᠤ ᠪᠠᠶᠢᠪᠠᠯ ᠶᠠᠭᠤ  ᠶᠢ ᠭᠤᠣᠯᠳᠠᠯᠭ᠎ᠠ ᠲᠠᠢ ᠵᠥᠪᠳᠡᠯᠴᠡᠵᠦ᠂ ᠵᠥᠪᠯᠡᠯᠭᠡ ᠶᠢᠨ ᠨᠠᠩ ᠶᠡᠭᠡ

ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠤᠯᠤᠰ

ᠲᠦᠷᠦ ᠶᠢᠨ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠪᠦᠯᠬᠦᠮᠳᠡᠨ ᠲᠡᠮᠡᠴᠡᠬᠦ ᠬᠠᠮᠲᠤ ᠶᠢᠨ ᠦᠵᠡᠯ ᠰᠠᠨᠠᠭ᠎ᠠ ᠤᠯᠤᠰ

ᠲᠦᠷᠦ ᠶᠢᠨ ᠰᠠᠭᠤᠷᠢ ᠶᠢ ᠬᠦᠴᠦᠯᠡᠨ ᠪᠠᠬᠢᠵᠢᠭᠦᠯᠬᠦ ᠬᠡᠷᠡᠭᠲᠡᠢ᠃ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ

ᠠᠩᠬᠠᠷᠤᠯ ᠢᠶᠠᠨ ᠲᠥᠪᠯᠡᠷᠡᠭᠦᠯᠦᠨ ᠲᠠᠷᠢᠬᠢ ᠲᠣᠯᠣᠭᠠᠢ ᠪᠠᠨ ᠬᠥᠳᠡᠯᠭᠡᠨ ᠦᠨᠡᠨ ᠦᠭᠡ ᠬᠡᠯᠡᠵᠦ᠂ ᠰᠠᠶᠢᠨ ᠠᠷᠭ᠎ᠠ

ᠪᠣᠳᠣᠯᠭ᠎ᠠ ᠳᠡᠪᠰᠢᠭᠦᠯᠵᠦ᠂ ᠨᠡᠶᠢᠭᠡᠮ ᠤᠨ ᠡᠯ᠎ᠡ ᠡᠲᠡᠭᠡᠳ ᠯᠦᠭᠡ  ᠶᠢᠨ ᠬᠠᠷᠢᠯᠴᠠᠭ᠎ᠠ ᠨᠡᠪᠲᠡᠷᠡᠯᠴᠡᠭᠡ ᠪᠠᠨ ᠤᠯᠠᠮ ᠨᠢᠭᠡ

ᠠᠯᠬᠤᠮ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠦᠭᠡ ᠬᠡᠯᠡᠵᠦ᠂ ᠮᠠᠨ ᠤ ᠣᠷᠣᠨ ᠤ ᠬᠥᠭᠵᠢᠯᠲᠡ ᠶᠢᠨ ᠰᠠᠶᠢᠨ

ᠬᠠᠨᠳᠤᠰᠢ᠂ ᠰᠠᠶᠢᠨ ᠢᠷᠡᠭᠡᠳᠦᠢ ᠶᠢ ᠤᠷᠮᠠᠰᠢᠭᠤᠯᠤᠨ ᠵᠣᠷᠢᠭᠵᠢᠭᠤᠯᠵᠤ᠂ ᠡᠯ᠎ᠡ ᠲᠠᠯ᠎ᠠ ᠶᠢᠨ ᠬᠢᠨ ᠤ ᠬᠠᠮᠲᠤ ᠶᠢᠨ

ᠲᠠᠨᠢᠯᠲᠠ ᠶᠢ ᠬᠠᠮᠤᠭ ᠤᠨ ᠶᠡᠭᠡ ᠬᠡᠮᠵᠢᠶ᠎ᠡ ᠪᠠᠷ ᠨᠢᠭᠲᠠᠷᠠᠭᠤᠯᠬᠤ ᠬᠡᠷᠡᠭᠲᠡᠢ᠃ ᠤᠯᠤᠰ ᠲᠦᠷᠦ ᠶᠢᠨ ᠵᠥᠪᠯᠡᠯᠭᠡᠨ ᠤ

ᠠᠵᠢᠯ ᠤᠨ ᠳᠦᠷᠢᠮ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠤᠯᠤᠰ ᠲᠦᠷᠦ ᠶᠢᠨ

ᠵᠥᠪᠯᠡᠯᠭᠡᠨ ᠤ ᠭᠡᠰᠢᠭᠦᠳ ᠤᠨ ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ᠃ ᠡᠯ᠎ᠡ

ᠱᠠᠲᠤᠨ ᠤ ᠨᠠᠮ ᠤᠨ ᠬᠤᠷᠢᠶ᠎ᠠ ᠤᠯᠤᠰ ᠲᠦᠷᠦ ᠶᠢᠨ ᠵᠥᠪᠯᠡᠯᠭᠡᠨ ᠤ ᠠᠵᠢᠯ ᠳᠠᠬᠢ ᠪᠦᠭᠦ ᠲᠠᠯ᠎ᠠ ᠶᠢᠨ

ᠤᠳᠤᠷᠢᠳᠤᠯᠭ᠎ᠠ ᠪᠠᠨ ᠴᠢᠩᠭᠠᠳᠬᠠᠵᠤ᠂ ᠤᠯᠤᠰ ᠲᠦᠷᠦ ᠶᠢᠨ ᠵᠥᠪᠯᠡᠯᠭᠡᠨ ᠤ ᠦᠢᠯᠡᠰ ᠤᠨ ᠬᠥᠭᠵᠢᠯᠲᠡ ᠶᠢ ᠪᠦᠭᠦ

ᠬᠦᠴᠦ ᠪᠠᠷ ᠢᠶᠠᠨ ᠳᠡᠮᠵᠢᠬᠦ ᠬᠡᠷᠡᠭᠲᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ

ᠵᠥᠪᠯᠡᠯᠭᠡᠨ ᠤ ᠵᠣᠬᠢᠶᠠᠨ ᠪᠠᠶᠢᠭᠤᠯᠤᠯᠲᠠ ᠯᠤᠭ᠎ᠠ ᠶᠢᠨ ᠬᠠᠷᠢᠯᠴᠠᠭ᠎ᠠ ᠬᠠᠮᠵᠢᠯᠴᠠᠭ᠎ᠠ ᠪᠠᠨ ᠨᠢᠭᠲᠠᠷᠠᠭᠤᠯᠵᠤ᠂ ᠬᠦᠴᠦᠷᠬᠡᠭ

ᠶᠡᠭᠡ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠪᠡ᠃

      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ  ᠤᠨ ᠶᠡᠭᠡ ᠬᠤᠷᠠᠯ ᠤᠨ

ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠬᠤᠯᠪᠣᠭᠳᠠᠯ ᠪᠦᠬᠦᠢ

ᠤᠳᠤᠷᠢᠳᠬᠤ ᠨᠥᠬᠦᠳ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ

ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢᠳ ᠤᠨ ᠬᠤᠷᠠᠯ ᠤᠨ

ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ

ᠨᠥᠬᠦᠳ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠪᠣᠯᠣᠨ

ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠲᠠᠨ ᠨᠥᠬᠦᠳ᠂

ᠡᠯ᠎ᠡ ᠠᠶᠢᠮᠠᠭ ᠬᠤᠲᠠ ᠪᠣᠯᠣᠨ ᠮᠠᠨᠵᠤᠤᠷ ᠬᠤᠲᠠ᠂ ᠡᠷᠢᠶᠡᠨ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ

ᠲᠡᠷᠢᠭᠦᠯᠡᠭᠴᠢ᠂ ᠬᠡᠰᠡᠭ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠤᠯᠤᠰ

ᠲᠥᠷᠥ ᠶᠢᠨ ᠵᠥᠪᠯᠡᠯᠭᠡᠨ ᠤ ᠪᠠᠶᠢᠭᠤᠯᠭ᠎ᠠ ᠶᠢᠨ ᠺᠠᠳ᠋ᠷᠴᠤᠳ ᠶᠠᠷᠢᠯᠴᠠᠬᠤ ᠬᠤᠷᠠᠯ ᠳᠤ ᠣᠷᠣᠯᠴᠠᠵᠠᠢ᠃

 

 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map