ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠢ ᠶᠢ ᠪᠡᠯᠭᠡᠯᠡᠬᠦ ᠠᠬᠠᠮᠠᠳ ᠺᠠᠳ᠋ᠷ᠂ ᠠᠬᠠᠮᠠᠳ ᠨᠠᠮ ᠤᠨ ᠭᠡᠰᠢᠭᠦᠨ ᠢ ᠲᠣᠬᠤᠨᠢᠭᠤᠯᠬᠤ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/9/30
      ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠢ ᠬᠦᠷᠴᠦ ᠢᠷᠡᠬᠦ ᠲᠠᠰᠢᠷᠠᠮ ᠢᠶᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠬᠠᠮᠠᠳ ᠺᠠᠳ᠋ᠷ ᠤᠨ ᠲᠣᠪᠴᠢᠶᠠᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠬᠤ ᠠᠴᠠ ᠡᠮᠦᠨ᠎ᠡ ᠬᠤᠪᠢᠰᠬᠠᠯ ᠤᠨ ᠠᠵᠢᠯ ᠳᠤ ᠣᠷᠣᠯᠴᠠᠭᠰᠠᠨ ᠠᠬᠠᠮᠠᠳ ᠺᠠᠳ᠋ᠷ᠂ ᠠᠬᠠᠮᠠᠳ ᠨᠠᠮ ᠤᠨ ᠭᠡᠰᠢᠭᠦᠨ᠂ ᠠᠮᠢᠳᠤᠷᠠᠯ ᠨᠢ ᠬᠦᠴᠢᠷᠳᠡᠯᠲᠡᠢ ᠠᠬᠠᠮᠠᠳ ᠺᠠᠳ᠋ᠷ᠂ ᠠᠬᠠᠮᠠᠳ ᠨᠠᠮ ᠤᠨ ᠭᠡᠰᠢᠭᠦᠨ᠂ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠨᠠᠮ ᠤᠨ ᠭᠡᠰᠢᠭᠦᠨ ᠺᠠᠳ᠋ᠷ ᠤᠨ ᠭᠡᠷ ᠪᠦᠯᠢ ᠶᠢ ᠲᠣᠬᠤᠨᠢᠭᠤᠯᠪᠠ᠃ ᠥᠪᠡᠷᠲᠡᠭᠡᠨ ᠵᠠᠰᠠᠬᠤ ᠣᠷᠣᠨ  ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠳᠡᠳ᠋ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠳᠡᠳ᠋ ᠳᠠᠷᠤᠭ᠎ᠠ ᠯᠢ ᠶᠢᠩ ᠲᠣᠬᠤᠨᠢᠭᠤᠯᠬᠤ ᠠᠵᠢᠯᠯᠠᠭ᠎ᠠ ᠳᠤ ᠣᠷᠣᠯᠴᠠᠪᠠ᠃   

1.png

      ᠲᠣᠬᠤᠨᠢᠭᠤᠯᠬᠤ ᠶᠠᠪᠤᠴᠠ ᠳᠤ᠂ ᠲᠣᠬᠤᠨᠢᠭᠤᠯᠬᠤ ᠳᠤᠭᠤᠶᠢᠯᠠᠩ ᠤᠨ ᠬᠢᠨ ᠠᠬᠠᠮᠠᠳ ᠨᠥᠬᠦᠷ ᠤᠨ ᠪᠡᠶ᠎ᠡ

ᠮᠠᠬᠠᠪᠣᠳ ᠪᠠ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠤ᠂ ᠪᠠᠰᠠ ᠶᠠᠮᠠᠷ ᠬᠦᠴᠢᠷᠳᠡᠯ ᠪᠠᠶᠢᠬᠤ ᠶᠢ ᠯᠠᠪᠯᠠᠨ

ᠠᠰᠠᠭᠤᠵᠤ᠂ ᠠᠬᠠᠮᠠᠳ ᠨᠥᠬᠦᠷ ᠤᠨ ᠠᠬᠠᠮᠠᠳ ᠺᠠᠳ᠋ᠷ ᠤᠨ ᠠᠵᠢᠯ ᠪᠣᠯᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ 

ᠬᠥᠭᠵᠢᠭᠦᠯᠦᠯᠲᠡ ᠳᠤ ᠳᠡᠪᠰᠢᠭᠦᠯᠦᠭᠰᠡᠨ ᠡᠷᠬᠢᠮ ᠨᠠᠨᠳᠢᠨ ᠰᠠᠨᠠᠯ ᠪᠠ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠠᠢ᠃

   

2.jpg

      ᠳᠠᠷᠠᠭ᠎ᠠ ᠠᠯᠬᠤᠮ ᠳᠤ᠂ ᠰᠤᠷᠭᠠᠨ ᠬᠥᠮᠦᠵᠢᠯ ᠤᠨ ᠲᠢᠩᠬᠢᠮ ᠥᠩᠭᠡᠷᠡᠭᠰᠡᠨ ᠲᠠᠢ ᠪᠠᠨ ᠠᠳᠠᠯᠢ ᠪᠠᠷ ᠰᠡᠳᠬᠢᠯ

ᠲᠠᠯᠪᠢᠨ᠂ ᠠᠵᠢᠯ ᠠᠴᠠ ᠪᠠᠨ ᠠᠮᠠᠷᠠᠭᠰᠠᠳ ᠲᠤ ᠦᠢᠯᠡᠴᠢᠯᠡᠬᠦ ᠶᠢ ᠪᠠᠲᠤᠯᠠᠬᠤ ᠠᠵᠢᠯ ᠢ ᠨᠠᠷᠢᠯᠢᠭ ᠣᠨᠣᠴᠠᠲᠠᠢ

ᠰᠠᠶᠢᠲᠤᠷ ᠬᠢᠵᠦ᠂ ᠤᠯᠤᠰ ᠲᠥᠷᠥ ᠶᠢᠨ ᠲᠠᠯ᠎ᠠ ᠪᠠᠷ ᠬᠦᠨᠳᠦᠳᠬᠡᠬᠦ᠂ ᠦᠵᠡᠯ ᠰᠠᠨᠠᠭᠠᠨ ᠤ ᠲᠠᠯ᠎ᠠ ᠪᠠᠷ ᠠᠩᠬᠠᠷᠬᠤ᠂

ᠠᠮᠢᠳᠤᠷᠠᠯ ᠤᠨ ᠲᠠᠯ᠎ᠠ ᠪᠠᠷ ᠬᠠᠷᠠᠭᠠᠯᠵᠠᠬᠤ᠂ ᠣᠶᠤᠨ ᠰᠠᠨᠠᠭᠠᠨ ᠤ ᠲᠠᠯ᠎ᠠ ᠪᠠᠷ ᠬᠠᠯᠠᠮᠵᠢᠯᠠᠬᠤ ᠶᠢ ᠪᠡᠶᠡᠯᠡᠭᠦᠯᠵᠦ᠂

ᠨᠠᠮ ᠤᠨ ᠬᠠᠶᠢᠷ᠎ᠠ ᠬᠠᠯᠠᠮᠵᠢ ᠶᠢ ᠳᠠᠷᠤᠢ ᠳᠤ ᠨᠢ ᠣᠯᠠᠨ ᠲᠦᠮᠡᠨ ᠤ ᠰᠡᠳᠬᠢᠯ ᠳᠤ ᠦᠨᠡᠨ ᠬᠦ ᠬᠦᠷᠭᠡᠨ᠎ᠡ᠃ ︽ᠨᠠᠮ ᠤᠨ

ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ  ᠤ ᠬᠥᠮᠦᠵᠢᠯ ᠤᠨ

ᠠᠵᠢᠯᠯᠠᠭ᠎ᠠ ᠶᠢ ᠪᠠᠶᠢᠩᠭᠤ ᠠᠬᠢᠭᠤᠯᠵᠤ᠂ ᠠᠬᠠᠮᠠᠳ ᠺᠠᠳ᠋ᠷ᠂ ᠠᠬᠠᠮᠠᠳ ᠨᠠᠮ ᠤᠨ ᠭᠡᠰᠢᠭᠦᠨ ᠤ ᠨᠠᠮ ᠳᠤ ᠪᠠᠨ ᠬᠠᠶᠢᠷ᠎ᠠ

 ᠲᠠᠢ ᠪᠠ ᠦᠨᠡᠨᠴᠢ ᠰᠢᠳᠤᠷᠭᠤ ᠪᠠᠶᠢᠬᠤ  ᠶᠢ ᠵᠢᠯᠣᠭᠤᠳᠤᠨ ᠴᠢᠩᠭᠠᠳᠬᠠᠵᠤ᠂ ᠢᠲᠡᠭᠡᠯ ᠵᠣᠷᠢᠭ ᠢᠶᠠᠨ ᠪᠠᠲᠤᠳᠬᠠᠨ

ᠨᠠᠮ ᠢᠶᠠᠨ ᠳᠠᠭᠠᠵᠤ᠂ ᠳᠡᠷᠭᠡᠳᠡᠬᠢ ᠬᠥᠮᠦᠰ ᠪᠠ ᠵᠠᠯᠠᠭᠤ ᠨᠠᠮ ᠤᠨ ᠭᠡᠰᠢᠭᠦᠨ ᠺᠠᠳ᠋ᠷᠴᠤᠳ ᠢ ᠦᠷᠭᠦᠯᠵᠢᠯᠡᠨ

ᠬᠥᠲᠥᠯᠥᠨ ᠵᠢᠯᠣᠭᠤᠳᠬᠤ ᠪᠠ ᠳᠠᠶᠢᠴᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ

ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠱᠤᠭᠤᠮ ᠢ ᠪᠠᠲᠤ ᠡᠵᠡᠮᠳᠡᠨ᠂ ᠵᠢᠱᠢᠶᠡᠴᠢ ᠥᠪᠡᠷᠲᠡᠭᠡᠨ ᠵᠠᠰᠠᠬᠤ

ᠣᠷᠣᠨ ᠤ ᠡᠷᠬᠢᠮ ᠳᠡᠭᠡᠳᠦ ᠢᠷᠠᠭᠤ ᠠᠯᠳᠠᠷ ᠢ ᠤᠬᠠᠮᠰᠠᠷ ᠠᠴᠠ ᠪᠠᠨ ᠰᠠᠶᠢᠲᠤᠷ ᠬᠠᠮᠠᠭᠠᠯᠠᠵᠤ᠂ ᠳᠤᠮᠳᠠᠳᠤ

ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ

ᠬᠦᠴᠦᠨ ᠴᠢᠳᠠᠯ ᠢᠶᠠᠨ ᠡᠷᠭᠦᠨ᠎ᠡ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map