2024 ᠣᠨ ᠤ ᠰᠢᠶᠠᠩᠭᠠᠩ ᠣᠣᠮᠧᠨ ᠤ ᠰᠤᠷᠭᠠᠨ ᠬᠥᠮᠦᠵᠢᠯ ᠤᠨ ᠬᠦᠷᠢᠶᠡᠨ ᠤ ᠤᠯᠤᠰ ᠤᠨ ᠪᠠᠶᠠᠷ ᠢᠶᠠᠷ ᠠᠶᠢᠯᠴᠢᠯᠠᠬᠤ ᠪᠦᠯᠬᠦᠮ ᠤᠨ ᠣᠣᠮᠧᠨ ᠤ ᠪᠦᠯᠬᠦᠮ ᠤᠨ ᠬᠢᠨ ᠮᠠᠨ ᠤ ᠣᠷᠣᠨ ᠳᠤ ᠢᠷᠡᠵᠦ ᠠᠶᠢᠯᠴᠢᠯᠠᠪᠠ
ᠨᠡᠶᠢᠲᠡᠯᠡᠭᠰᠡᠨ ᠴᠠᠭ᠄
2024/9/30
      ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠢ ᠶᠢ ᠪᠡᠯᠭᠡᠯᠡᠵᠦ᠂ ᠳᠣᠲᠤᠷ᠎ᠠ ᠭᠠᠵᠠᠷ ᠪᠣᠯᠤᠨ ᠰᠢᠶᠠᠩᠭᠠᠩ ᠣᠣᠮᠧᠨ ᠤ ᠰᠤᠷᠭᠠᠨ ᠬᠥᠮᠦᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠶᠢᠨ ᠲᠥᠯᠥᠭᠡ᠂ 9 ᠳ᠋ᠦ᠋ᠭᠡᠷ ᠰᠠᠷ᠎ᠠ ᠶᠢᠨ 23-25 ᠤ ᠡᠳᠦᠷ᠂ 2024 ᠣᠨ ᠤ ᠰᠢᠶᠠᠩᠭᠠᠩ ᠣᠣᠮᠧᠨ ᠤ ᠰᠤᠷᠭᠠᠨ ᠬᠥᠮᠦᠵᠢᠯ ᠤᠨ ᠬᠦᠷᠢᠶᠡᠨ ᠤ ᠤᠯᠤᠰ ᠤᠨ ᠪᠠᠶᠠᠷ ᠢᠶᠠᠷ ᠠᠶᠢᠯᠴᠢᠯᠠᠬᠤ ᠪᠦᠯᠬᠦᠮ ᠤᠨ ᠣᠣᠮᠧᠨ ᠤ ᠪᠥᠯᠬᠦᠮ ᠤᠨ 54 ᠬᠥᠮᠦᠨ ᠮᠠᠨ ᠤ ᠣᠷᠣᠨ ᠳᠤ ᠢᠷᠡᠵᠦ ᠠᠶᠢᠯᠴᠢᠯᠠᠪᠠ᠃      ᠣᠣᠮᠧᠨ ᠤ ᠰᠤᠷᠭᠠᠨ ᠬᠥᠮᠦᠵᠢᠯ ᠵᠢᠴᠢ ᠵᠠᠯᠠᠭᠤᠴᠤᠳ ᠢ ᠬᠥᠭᠵᠢᠭᠦᠯᠬᠦ ᠲᠣᠪᠴᠢᠶᠠᠨ ᠤ ᠳᠡᠳ᠋ ᠳᠠᠷᠤᠭ᠎ᠠ ᠬᠤᠸᠠᠩ ᠵᠢᠶᠠ ᠴᠢ ᠠᠶᠢᠯᠴᠢᠯᠠᠬᠤ ᠪᠦᠯᠬᠦᠮ ᠢ ᠳᠠᠭᠠᠭᠤᠯᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠶᠠᠩ ᠵᠢᠶᠧ ᠠᠶᠢᠯᠴᠢᠯᠠᠬᠤ ᠪᠦᠯᠬᠦᠮ ᠲᠠᠢ ᠠᠭᠤᠯᠵᠠᠪᠠ᠃ ᠲᠥᠪ ᠤᠨ ᠠᠷᠠᠳ ᠤᠨ ᠵᠠᠰᠠᠭ ᠤᠨ ᠣᠷᠳᠣᠨ ᠤ ᠣᠣᠮᠧᠨ ᠳᠤ ᠰᠠᠭᠤᠭ᠎ᠠ ᠵᠠᠰᠠᠭ ᠵᠠᠬᠢᠷᠭᠠᠨ ᠤ ᠣᠨᠴᠠᠭᠠᠢ ᠣᠷᠣᠨ ᠤ ᠬᠠᠷᠢᠯᠴᠠᠬᠤ ᠠᠯᠪᠠᠨ ᠭᠡᠷ ᠤᠨ ᠰᠤᠷᠭᠠᠨ ᠬᠥᠮᠦᠵᠢᠯ ᠪᠠ ᠵᠠᠯᠠᠭᠤᠴᠤᠳ ᠤᠨ ᠠᠵᠢᠯ ᠤᠨ ᠬᠡᠯᠲᠡᠰ ᠤᠨ ᠪᠠᠶᠢᠴᠠᠭᠠᠨ ᠰᠤᠳᠤᠯᠤᠭᠴᠢ ᠸᠠᠩ ᠲᠢᠩ ᠲᠢᠩ᠂ ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠣᠯᠠᠨ ᠤᠯᠤᠰ ᠤᠨ ᠰᠣᠯᠢᠯᠴᠠᠭᠠᠨ ᠤ ᠨᠡᠶᠢᠭᠡᠮᠯᠢᠭ ᠤᠨ ᠨᠠᠷᠢᠨ ᠪᠢᠴᠢᠭ ᠤᠨ ᠭᠠᠵᠠᠷ ᠤᠨ ᠰᠢᠶᠠᠩᠭᠠᠩ ᠣᠣᠮᠧᠨ ᠲᠠᠶᠢᠸᠠᠨ ᠤ ᠬᠡᠷᠡᠭ ᠶᠠᠪᠤᠳᠠᠯ ᠤᠨ ᠠᠯᠪᠠᠨ ᠭᠡᠷ ᠤᠨ ᠡᠷᠬᠢᠯᠡᠭᠴᠢ ᠶᠢᠨ ᠯᠧᠢ ᠠᠵᠢᠯᠯᠠᠭ᠎ᠠ ᠳᠤ ᠣᠷᠣᠯᠴᠠᠪᠠ᠃   

1.png

       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠡᠬᠡ

ᠤᠯᠤᠰ ᠤᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠮᠡᠳᠡᠷᠡᠬᠦ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ

ᠤᠯᠤᠰ ᠪᠠᠶᠢᠭᠤᠯᠤᠭᠳᠠᠭᠰᠠᠨ 75 ᠵᠢᠯ ᠤᠨ ᠣᠢ ᠶᠢ ᠪᠡᠯᠭᠡᠯᠡᠬᠦ ᠡᠨᠡ ᠬᠦ ᠭᠤᠣᠯ ᠰᠡᠳᠦᠪ ᠤᠨ ᠲᠣᠭᠤᠷᠢᠨ ᠳᠤ

ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ

ᠭᠤᠣᠯ ᠰᠢᠵᠢᠮ ᠪᠣᠯᠭᠠᠨ᠂ ᠠᠭᠤᠯᠭ᠎ᠠ ᠡᠯᠪᠡᠭ ᠪᠠᠶᠠᠯᠢᠭ᠂ ᠬᠡᠯᠪᠡᠷᠢ ᠣᠯᠠᠨ ᠶᠠᠩᠵᠤ ᠶᠢᠨ ᠠᠶᠢᠯᠴᠢᠯᠠᠯᠲᠠ ᠶᠢᠨ

ᠪᠥᠯᠬᠦᠮ ᠤᠨ ᠠᠵᠢᠯᠯᠠᠭ᠎ᠠ ᠳᠤ ᠣᠷᠣᠯᠴᠠᠬᠤ ᠠᠵᠢᠯᠯᠠᠭ᠎ᠠ ᠶᠢ ᠨᠠᠷᠢᠨ ᠨᠢᠮᠪᠠᠢ ᠲᠥᠯᠥᠪᠯᠡᠪᠡ᠃ ᠠᠶᠢᠯᠴᠢᠯᠠᠯᠲᠠ ᠶᠢᠨ

ᠪᠦᠯᠬᠦᠮ ᠤᠨ ᠬᠢᠨ ᠢᠯᠢ ᠶᠢᠨ ᠣᠳᠣ ᠦᠶ᠎ᠡ ᠶᠢᠨ ᠣᠶᠤᠨᠴᠢ ᠡᠷᠡᠭᠦᠯ ᠮᠡᠨᠳᠦ ᠶᠢᠨ ᠬᠥᠨᠳᠡᠢ ᠶᠢᠨ ᠰᠢᠩᠭᠡᠨ ᠲᠤᠯᠤᠪᠲᠤ

ᠰᠦ ᠶᠢ ᠪᠦᠬᠦ ᠪᠥᠮᠪᠥᠷᠴᠡᠭ ᠲᠤ ᠣᠶᠤᠨᠴᠢ ᠪᠠᠷ ᠦᠢᠯᠡᠳᠬᠦ ᠦᠯᠢᠭᠡᠷ ᠳᠠᠭᠤᠷᠢᠶᠠᠯ ᠦᠵᠡᠭᠦᠯᠬᠦ ᠰᠠᠭᠤᠷᠢᠨ ᠭᠠᠵᠠᠷ

ᠪᠣᠯᠤᠨ ᠴᠡᠯᠡᠭᠡᠷ ᠲᠠᠯ᠎ᠠ ᠣᠶᠤᠨᠴᠢ ᠠᠮᠢ ᠠᠬᠤᠢ ᠶᠢᠨ ᠮᠠᠯᠵᠢᠯ ᠤᠨ ᠲᠠᠯᠠᠪᠠᠢ ᠶᠢ ᠲᠣᠭᠤᠷᠢᠨ ᠦᠵᠡᠵᠦ᠂ ᠥᠪᠥᠷ

ᠮᠣᠩᠭᠤᠯ ᠤᠨ ᠶᠡᠭᠡ ᠰᠤᠷᠭᠠᠭᠤᠯᠢ᠂ ᠬᠥᠬᠡᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ᠂ ᠰᠠᠶᠢᠬᠠᠨ

ᠲᠣᠭᠤᠷᠢᠭ ᠤᠨ ᠶᠢᠨ ᠾᠧ ᠪᠠᠭ᠎ᠠ ᠰᠤᠷᠭᠠᠭᠤᠯᠢ ᠳᠤ ᠬᠦᠷᠴᠦ ᠪᠠᠶᠢᠴᠠᠭᠠᠨ ᠦᠵᠡᠵᠦ ᠰᠠᠨᠠᠯ ᠢᠶᠠᠨ ᠰᠣᠯᠢᠯᠴᠠᠭᠰᠠᠨ ᠤ

ᠬᠠᠮᠲᠤ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠶᠢᠨ ᠲᠤᠰᠬᠠᠢ ᠲᠣᠭᠯᠠᠯᠲᠠ ᠶᠢ          

ᠰᠣᠨᠢᠷᠬᠠᠵᠠᠭᠠᠪᠠ᠃

   

2.png

3.png

4.png

5.png

6.png

7.png

      ᠡᠨᠡ ᠤᠳᠠᠭᠠᠨ ᠤ ᠠᠵᠢᠯᠯᠠᠭ᠎ᠠ ᠪᠣᠯ ᠥᠪᠥᠷ ᠮᠣᠩᠭᠤᠯ ᠪᠠ ᠣᠣᠮᠧᠨ ᠤ ᠰᠤᠷᠭᠠᠨ ᠬᠥᠮᠦᠵᠢᠯ ᠤᠨ

ᠬᠦᠷᠢᠶᠡᠨ ᠤ ᠣᠶᠢᠯᠠᠭᠠᠯᠴᠠᠭ᠎ᠠ ᠪᠠ ᠨᠥᠬᠦᠷᠯᠡᠯ ᠢ ᠴᠢᠩᠭᠠᠳᠬᠠᠭᠰᠠᠨ ᠢᠶᠠᠷ ᠪᠠᠷᠠᠬᠤ ᠦᠭᠡᠢ᠂ ᠪᠠᠰᠠ ᠣᠣᠮᠧᠨ ᠤ ᠡᠯ᠎ᠡ

ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠪᠠᠭᠰᠢ ᠰᠤᠷᠤᠭᠴᠢᠳ ᠤᠨ ᠥᠪᠥᠷ ᠮᠣᠩᠭᠤᠯ ᠳᠤ ᠢᠷᠡᠵᠦ

ᠰᠤᠷᠤᠯᠴᠠᠵᠤ ᠰᠣᠯᠢᠯᠴᠠᠬᠤ᠂ ᠡᠷᠳᠡᠮ ᠰᠢᠨᠵᠢᠯᠡᠭᠡᠨ ᠤ ᠬᠠᠮᠲᠤᠷᠠᠯᠴᠠᠭ᠎ᠠ ᠬᠢᠬᠦ᠂ ᠴᠢᠳᠠᠪᠤᠷᠢᠲᠠᠨ ᠬᠥᠮᠦᠵᠢᠭᠦᠯᠬᠦ ᠵᠡᠷᠭᠡ ᠳᠤ

ᠬᠥᠭᠦᠷᠭᠡ ᠲᠠᠯᠪᠢᠵᠤ ᠥᠭᠭᠦᠭᠰᠡᠨ ᠪᠠᠶᠢᠨ᠎ᠠ᠃ ᠶᠠᠷᠢᠯᠴᠠᠬᠤ ᠬᠤᠷᠠᠯ ᠳᠡᠭᠡᠷ᠎ᠡ ᠰᠠᠨᠠᠯ ᠢᠶᠠᠨ ᠰᠣᠯᠢᠯᠴᠠᠬᠤ ᠪᠠ

ᠲᠤᠬᠠᠢ ᠶᠢᠨ ᠭᠠᠵᠠᠷ  ᠲᠤ ᠨᠢ ᠪᠠᠶᠢᠴᠠᠭᠠᠨ ᠦᠵᠡᠬᠦ ᠪᠠᠷ ᠳᠠᠮᠵᠢᠭᠤᠯᠤᠨ᠂ ᠣᠣᠮᠧᠨ ᠤ ᠰᠤᠷᠭᠠᠨ ᠬᠥᠮᠦᠵᠢᠯ ᠤᠨ

ᠬᠦᠷᠢᠶᠡᠨ ᠤ ᠬᠢᠨ ᠪᠠᠰᠠ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠵᠢᠴᠢ ᠰᠤᠷᠭᠠᠨ

ᠬᠥᠮᠦᠵᠢᠯ ᠤᠨ ᠥᠭᠡᠷᠡᠴᠢᠯᠡᠯᠲᠡ ᠬᠥᠭᠵᠢᠭᠦᠯᠦᠯᠲᠡ ᠶᠢᠨ ᠦᠷ᠎ᠡ ᠪᠦᠲᠦᠭᠡᠯ ᠢ ᠪᠡᠶᠡᠴᠢᠯᠡᠨ ᠣᠶᠢᠯᠠᠭᠠᠪᠠ᠃ ᠳᠠᠷᠠᠭ᠎ᠠ

ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ  ᠤᠨ ᠲᠢᠩᠬᠢᠮ ᠡᠨᠡ ᠤᠳᠠᠭᠠᠨ ᠤ

ᠠᠶᠢᠯᠴᠢᠯᠠᠯᠲᠠ ᠪᠠᠷ ᠠᠵᠠ ᠲᠣᠬᠢᠶᠠᠯ ᠪᠣᠯᠭᠠᠨ᠂ ᠥᠪᠥᠷ ᠮᠣᠩᠭᠤᠯ ᠪᠠ ᠣᠣᠮᠧᠨ ᠤ ᠰᠤᠷᠭᠠᠨ ᠬᠥᠮᠦᠵᠢᠯ ᠤᠨ

ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠶᠠᠷ ᠭᠠᠵᠠᠷ ᠤᠨ ᠰᠤᠷᠭᠠᠨ ᠬᠥᠮᠦᠵᠢᠯ ᠤᠨ

ᠦᠢᠯᠡᠰ ᠤᠨ ᠬᠠᠮᠲᠤ ᠶᠢᠨ ᠬᠥᠭᠵᠢᠯᠲᠡ ᠪᠠ ᠡᠬᠡ ᠤᠯᠤᠰ ᠤᠨ ᠬᠥᠭᠵᠢᠯ ᠴᠡᠴᠡᠭᠯᠡᠯ ᠢ ᠠᠬᠢᠭᠤᠯᠬᠤ ᠳᠤ ᠬᠦᠴᠦᠨ

ᠴᠢᠳᠠᠯ ᠢᠶᠠᠨ ᠡᠷᠭᠦᠨ᠎ᠡ ᠭᠡᠵᠡᠭᠡᠪᠡ᠃

      ᠡᠨᠡ ᠤᠳᠠᠭᠠᠨ ᠤ ᠠᠶᠢᠯᠴᠢᠯᠠᠯᠲᠠ ᠶᠢᠨ ᠠᠵᠢᠯᠯᠠᠭ᠎ᠠ ᠶᠢ ᠰᠤᠷᠭᠠᠨ ᠬᠥᠮᠦᠵᠢᠯ ᠤᠨ ᠶᠠᠮᠤᠨ  ᠠᠴᠠ ᠭᠤᠣᠯᠯᠠᠨ

ᠡᠷᠬᠢᠯᠡᠵᠦ᠂ ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠣᠯᠠᠨ ᠤᠯᠤᠰ ᠤᠨ ᠰᠣᠯᠢᠯᠴᠠᠭᠠᠨ ᠤ ᠨᠡᠶᠢᠭᠡᠮᠯᠢᠭ

ᠳᠠᠭᠠᠭᠠᠴᠢᠯᠠᠨ ᠡᠷᠬᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ

ᠲᠢᠩᠬᠢᠮ ᠪᠣᠯᠤᠨ ᠥᠪᠥᠷ ᠮᠣᠩᠭᠤᠯ ᠤᠨ ᠶᠡᠭᠡ ᠰᠤᠷᠭᠠᠭᠤᠯᠢ ᠬᠠᠮᠵᠢᠨ ᠡᠷᠬᠢᠯᠡᠪᠡ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map