ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 29 ᠤ ᠴᠠᠭᠢᠯᠭᠠᠨ ᠮᠡᠳᠡᠭᠡ ᠰᠡᠳᠬᠢᠯ ᠬᠥᠳᠡᠯᠭᠡᠮ᠎ᠡ | ᠠᠶᠠᠰ ᠢᠶᠠᠷ ᠠᠤᠭ᠎ᠠ ᠲᠤᠤᠯᠢᠰ ᠢ ᠤᠶᠠᠩᠭᠠᠯᠠᠵᠤ᠂ ᠢᠷᠠᠭᠤ ᠰᠠᠶᠢᠬᠠᠨ ᠬᠥᠭᠵᠢᠮ ᠢᠶᠠᠷ ᠠᠭᠤᠤ ᠶᠡᠭᠡ ᠴᠠᠭ ᠦᠶ᠎ᠡ ᠶᠢ | ᠮᠠᠭᠲᠠᠨ ᠳᠠᠭᠤᠯᠠᠨ᠎ᠠ᠃ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ | ᠣᠶ ᠶᠢ ᠪᠡᠯᠭᠡᠯᠡᠬᠦ ᠳᠠᠭᠤᠤ ᠬᠥᠭᠵᠢᠮ ᠤᠨ ᠲᠤᠬᠯᠠᠯᠳᠠ 29 ᠤ ᠣᠷᠣᠢ ᠪᠡᠭᠡᠵᠢᠩ ᠳᠤ ᠶᠠᠪᠤᠭᠳᠠᠪᠠ᠃ ᠰᠢ ᠶᠢᠨ ᠫᠢᠩ᠂ | ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠵᠡᠷᠭᠡ ᠨᠠᠮ | ᠪᠣᠯᠣᠨ ᠲᠦᠷᠦ ᠶᠢᠨ ᠤᠳᠤᠷᠢᠳᠬᠤ ᠬᠥᠮᠥᠰ 3000 ᠭᠠᠷᠤᠢ ᠦᠵᠡᠭᠴᠢᠳ ᠲᠠᠢ ᠬᠠᠮᠲᠤ ᠲᠣᠬᠯᠠᠯᠲᠠ ᠶᠢ | ᠰᠣᠨᠢᠷᠬᠠᠵᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠲᠤᠷᠰᠢᠬᠢ ᠭᠡᠷᠡᠯ ᠰᠠᠴᠤᠷᠠᠩᠭᠤᠢ | ᠲᠡᠦᠬᠡᠨ ᠶᠠᠪᠤᠴᠠ ᠶᠢ ᠬᠠᠮᠲᠤ ᠪᠠᠷ ᠡᠷᠭᠢᠴᠡᠭᠦᠯᠵᠦ᠂ ᠠᠭᠤᠤ ᠶᠡᠭᠡ ᠡᠬᠡ ᠤᠯᠤᠰ ᠤᠨ ᠴᠡᠴᠡᠭᠯᠡᠨ ᠬᠥᠭᠵᠢᠬᠦ ᠶᠢ | ᠬᠠᠮᠲᠤ ᠪᠠᠷ ᠵᠥᠩᠨᠡᠪᠡ᠃ | | | | | | 9 ᠰᠠᠷ᠎ᠠ ᠶᠢᠨ 29 ᠤ ᠣᠷᠣᠢ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ | 75 ᠵᠢᠯ ᠤᠨ ᠣᠶ ᠶᠢ ᠪᠡᠯᠭᠡᠯᠡᠬᠦ ᠳᠠᠭᠤᠤ ᠬᠥᠭᠵᠢᠮ ᠤᠨ ᠲᠤᠬᠯᠠᠯᠳᠠ ᠪᠡᠭᠡᠵᠢᠩ ᠳᠤ ᠶᠠᠪᠤᠭᠳᠠᠪᠠ᠃ ᠰᠢ ᠶᠢᠨ ᠫᠢᠩ᠂ | ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠵᠡᠷᠭᠡ ᠨᠠᠮ | ᠪᠣᠯᠣᠨ ᠲᠦᠷᠦ ᠶᠢᠨ ᠤᠳᠤᠷᠢᠳᠬᠤ ᠬᠥᠮᠥᠰ 3000 ᠭᠠᠷᠤᠢ ᠦᠵᠡᠭᠴᠢᠳ ᠲᠠᠢ ᠬᠠᠮᠲᠤ ᠲᠣᠬᠯᠠᠯᠲᠠ ᠶᠢ | ᠰᠣᠨᠢᠷᠬᠠᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ | | ᠠᠷᠠᠳ ᠤᠨ ᠶᠡᠭᠡ ᠬᠤᠷᠠᠯ ᠤᠨ ᠲᠠᠩᠬᠢᠮ ᠤᠨ ᠲᠦᠮᠡᠨ ᠬᠥᠮᠥᠨ ᠤ ᠶᠣᠰᠣᠯᠠᠯ ᠤᠨ ᠲᠠᠩᠬᠢᠮ ᠳᠤ ᠥᠩᠭᠡᠲᠦ | ᠳ᠋ᠧᠩ ᠳᠤᠸᠠᠯᠠᠵᠤ᠂ ᠪᠠᠶᠠᠷ ᠭᠦᠷ ᠢᠶᠠᠷ ᠪᠢᠯᠬᠠᠨ᠎ᠠ᠃ 19 ᠴᠠᠭ 55 ᠮᠢᠨᠦ᠋ᠲ ᠲᠤ ᠪᠠᠶᠠᠰᠬᠤᠯᠠᠩᠲᠤ ᠰᠠᠶᠢᠬᠠᠨ ᠠᠶ᠎ᠠ | ᠳᠤᠮᠳᠠ᠂ ᠰᠢ ᠶᠢᠨ ᠫᠢᠩ ᠵᠡᠷᠭᠡ ᠤᠳᠤᠷᠢᠳᠬᠤ ᠨᠥᠬᠦᠳ ᠶᠣᠰᠣᠯᠠᠯ ᠤᠨ ᠲᠠᠩᠬᠢᠮ ᠳᠤ ᠠᠯᠬᠤᠨ ᠣᠷᠣᠵᠤ᠂ ᠴᠥᠭᠡᠨ | ᠲᠣᠭᠠᠲᠤ ᠦᠨᠳᠦᠰᠦᠲᠡᠨ ᠤ ᠲᠥᠯᠥᠭᠡᠯᠡᠭᠴᠢ᠂ ᠠᠬᠠᠮᠠᠳ ᠨᠥᠬᠦᠳ ᠤᠨ ᠲᠥᠯᠥᠭᠡᠯᠡᠭᠴᠢᠳ ᠲᠠᠢ ᠳᠣᠲᠣᠨᠣ ᠪᠠᠷ ᠭᠠᠷ | ᠠᠳᠬᠤᠬᠤ ᠳᠤ᠂ ᠲᠠᠯᠠᠪᠠᠢ ᠳᠠᠶᠠᠭᠠᠷ ᠬᠠᠯᠠᠭᠤᠨ ᠠᠯᠠᠭ᠎ᠠ ᠲᠠᠰᠢᠪᠠ᠃ | ᠲᠤᠬᠠᠢ ᠶᠢᠨ ᠲᠠᠯᠠᠪᠠᠢ ᠳᠤ ᠰᠦᠷ ᠵᠢᠪᠬᠤᠯᠠᠩᠲᠤ ︽ᠵᠢᠷᠤᠮ ᠤᠨ ᠴᠡᠷᠢᠭ ᠤᠨ ᠤᠷᠤᠭᠰᠢᠯᠠᠯᠲᠠ ᠶᠢᠨ | ᠳᠠᠭᠤᠤ ︾ ᠶᠢ ᠬᠥᠭᠵᠢᠮᠳᠡᠵᠦ᠂ ᠲᠠᠯᠠᠪᠠᠢ ᠳᠠᠶᠠᠭᠠᠷ ᠢᠶᠠᠨ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠰᠦᠯᠳᠡ ᠳᠠᠭᠤᠤ ᠶᠢ ᠬᠠᠩᠭᠢᠨᠠᠲᠠᠯ᠎ᠠ ᠳᠠᠭᠤᠯᠠᠪᠠ᠃ | ︽ᠡᠨᠡ ᠡᠳᠦᠷ ᠪᠣᠯ ᠲᠠᠨ ᠤ ᠲᠥᠷᠥᠭᠰᠡᠨ ᠡᠳᠦᠷ ᠮᠥᠨ᠂ ᠳᠤᠮᠳᠠᠳᠤ ᠤᠯᠤᠰ ᠮᠢᠨᠢ ᠁ ︾ ᠭᠦᠨ | ᠵᠤᠵᠠᠭᠠᠨ ᠰᠡᠳᠬᠢᠯᠭᠡ ᠲᠠᠢ ᠠᠶ᠎ᠠ ᠶᠢ ᠳᠠᠭᠠᠯᠳᠤᠨ ᠲᠣᠬᠯᠠᠯᠲᠠ ᠡᠬᠢᠯᠡᠪᠡ᠃ ᠲᠣᠬᠯᠠᠯᠲᠠ ᠨᠢ ᠣᠷᠣᠰᠢᠯ ᠬᠥᠭᠵᠢᠮ ᠪᠠ | ᠲᠠᠪᠤᠨ ᠬᠥᠭᠵᠢᠮ ᠤᠨ ᠪᠦᠯᠦᠭ ᠢ ᠪᠠᠭᠲᠠᠭᠠᠵᠤ᠂ ᠤᠳᠬ᠎ᠠ ᠤᠷᠠᠯᠢᠭ ᠤᠨ ᠠᠵᠢᠯᠲᠠᠳ ᠭᠤᠴᠣ ᠰᠠᠶᠢᠬᠠᠨ ᠭᠦᠭ ᠠᠶ᠎ᠠ᠂ | ᠰᠡᠳᠬᠢᠯ ᠬᠥᠳᠡᠯᠭᠡᠮ᠎ᠡ ᠳᠠᠭᠤᠤ ᠪᠠᠷ ᠢᠶᠠᠨ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ | 75 ᠵᠢᠯ ᠤᠨ ᠲᠡᠦᠬᠡ ᠶᠢᠨ ᠰᠤᠳᠠᠰᠤ ᠶᠢ ᠳᠠᠭᠤᠤ ᠬᠥᠭᠵᠢᠮ ᠤᠨ ᠲᠤᠬᠯᠠᠯᠳᠠ ᠳᠤ ᠠᠭᠤᠰᠤᠯᠴᠠᠭᠤᠯᠵᠤ᠂ | ᠰᠣᠩᠭᠤᠳᠠᠭ ᠳᠠᠭᠤᠤ ᠬᠥᠭᠵᠢᠮ ᠤᠨ ᠪᠦᠲᠦᠭᠡᠯ ᠳᠠᠬᠢ ᠲᠡᠦᠬᠡ ᠪᠠ ᠴᠠᠭ ᠦᠶ᠎ᠡ ᠶᠢᠨ ᠳᠤᠷᠠᠰᠤᠮᠵᠢ ᠶᠢ ᠰᠡᠷᠭᠦᠭᠡᠪᠡ᠃ | ᠦᠯᠢᠶᠡᠪᠦᠷᠢ ᠴᠢᠪᠬᠠᠳᠠᠰᠤᠨ ᠤ ᠬᠥᠭᠵᠢᠮ ︽ᠨᠢᠭᠡᠳᠦᠭᠡᠷ ᠨᠠᠶᠢᠷᠠᠯ ᠠᠶ᠎ᠠ ᠶᠢᠨ ᠣᠷᠣᠰᠢᠯ ᠬᠥᠭᠵᠢᠮ︾᠂ ᠨᠠᠶᠢᠷᠠᠯ | ᠳᠠᠭᠤᠤ ︽ᠬᠠᠲᠤᠨ ᠭᠤᠣᠯ ᠤᠨ ᠨᠠᠶᠢᠷᠠᠯ ᠳᠠᠭᠤᠤ︾ ᠨᠢ ᠣᠮᠤᠭ ᠲᠡᠭᠦᠯᠳᠡᠷ ᠪᠠᠶᠢᠵᠤ᠂ ᠰᠢᠨ᠎ᠡ ᠠᠷᠠᠳᠴᠢᠯᠠᠭᠰᠠᠨ | ᠬᠤᠪᠢᠰᠬᠠᠯ ᠤᠨ ᠦᠶ᠎ᠡ ᠳᠤ ᠳᠤᠮᠳᠠᠳᠤ ᠤᠯᠤᠰ ᠤᠨ ᠠᠷᠠᠳ ᠲᠦᠮᠡᠨ ᠤ ᠴᠢᠰᠤᠲᠤ ᠪᠠᠶᠢᠯᠳᠤᠭᠠᠨ ᠬᠢᠵᠦ᠂ ᠨᠤᠭᠤᠷᠠᠰᠢ | ᠦᠭᠡᠢ ᠲᠡᠮᠡᠴᠡᠵᠦ᠂ ᠨᠠᠮ ᠤᠨ ᠤᠳᠤᠷᠢᠳᠤᠯᠭ᠎ᠠ ᠳᠣᠣᠷ᠎ᠠ ᠠᠭᠤᠤ ᠶᠡᠭᠡ ᠢᠯᠠᠯᠲᠠ ᠶᠢ ᠲᠡᠮᠡᠴᠡᠨ ᠣᠯᠵᠤ᠂ ᠰᠢᠨ᠎ᠡ | ᠳᠤᠮᠳᠠᠳᠤ ᠤᠯᠤᠰ ᠢ ᠪᠠᠶᠢᠭᠤᠯᠤᠭᠰᠠᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠭᠦᠢᠴᠡᠳ ᠬᠠᠷᠠᠭᠤᠯᠪᠠ᠃ ︽ᠡᠬᠡ | ᠤᠯᠤᠰ ᠤᠨ ᠮᠠᠭᠲᠠᠭᠠᠯ ᠳᠠᠭᠤᠤ︾ ᠨᠢ ᠢᠳᠡ ᠬᠦᠴᠦᠲᠡᠢ ᠪᠥᠭᠡᠳ ᠭᠦᠷ ᠪᠠᠶᠠᠷ ᠲᠠᠢ᠂ ︽ᠡᠯᠪᠡᠭ ᠬᠤᠷᠢᠶᠠᠯᠲᠠ ᠶᠢᠨ | ᠳᠠᠭᠤᠤ︾ ᠨᠢ ᠪᠠᠶᠠᠷ ᠪᠠᠶᠠᠰᠬᠤᠯᠠᠩ ᠲᠠᠢ ᠪᠠᠶᠢᠵᠤ᠂ 2 ᠦᠯᠢᠶᠡᠪᠦᠷᠢ ᠴᠢᠪᠬᠠᠳᠠᠰᠤᠨ ᠤ ᠬᠥᠭᠵᠢᠮ ᠨᠢ ᠨᠡᠶᠢᠭᠡᠮ | ᠵᠢᠷᠤᠮᠲᠤ ᠬᠤᠪᠢᠰᠬᠠᠯ ᠪᠣᠯᠣᠨ ᠪᠦᠲᠦᠭᠡᠨ ᠪᠠᠶᠢᠭᠤᠯᠤᠯᠲᠠ ᠶᠢᠨ ᠴᠠᠭ ᠦᠶ᠎ᠡ ᠶᠢᠨ ᠥᠪᠡᠷ ᠤᠨ ᠬᠦᠴᠦ ᠪᠠᠷ ᠢᠶᠠᠨ | ᠳᠡᠭᠵᠢᠷᠡᠵᠦ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠭᠰᠠᠨ ᠮᠠᠷᠲᠠᠭᠳᠠᠰᠢ ᠦᠭᠡᠢ ᠣᠨ ᠰᠠᠷ᠎ᠠ ᠶᠢ ᠲᠠᠭᠢᠨ | ᠡᠷᠭᠢᠴᠡᠭᠦᠯᠵᠦ᠂ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠴᠢᠩᠭ᠎ᠠ ᠴᠤᠤᠷᠢᠶᠠᠲᠤᠯ ᠢ ᠣᠯᠣᠭᠰᠠᠨ | ᠪᠠᠶᠢᠨ᠎ᠠ᠃ ᠦᠯᠢᠶᠡᠪᠦᠷᠢ ᠴᠢᠪᠬᠠᠳᠠᠰᠤᠨ ᠤ ᠬᠥᠭᠵᠢᠮ ︽ᠪᠡᠭᠡᠵᠢᠩ ᠤᠨ ᠪᠠᠶᠠᠷ ᠤᠨ ᠴᠢᠮᠡᠭᠡ ᠬᠢᠯᠢ ᠬᠢᠵᠠᠭᠠᠷ | ᠣᠷᠣᠨ ᠳᠤ ᠭᠦᠷᠦᠯ᠎ᠡ ︾᠂ ᠦᠨᠳᠦᠰᠦᠲᠡᠨ ᠤ ᠬᠥᠭᠵᠢᠮ ᠤᠨ ᠬᠠᠮᠲᠤᠷᠠᠨ ᠬᠥᠭᠵᠢᠮᠳᠡᠭᠰᠡᠨ ︽ᠲᠠᠩᠰᠤᠭ ᠰᠠᠶᠢᠬᠠᠨ | ᠨᠠᠶᠢᠷᠠᠯ ᠬᠥᠭᠵᠢᠮ ︾ ᠨᠢ ᠠᠳᠠᠯᠢ ᠪᠤᠰᠤ ᠦᠨᠳᠦᠰᠦᠲᠡᠨ᠂ ᠠᠳᠠᠯᠢ ᠪᠤᠰᠤ ᠭᠠᠵᠠᠷ ᠣᠷᠣᠨ ᠤ ᠥᠪᠡᠷᠮᠢᠴᠡ | ᠠᠶᠠᠰ ᠲᠠᠢ ᠠᠭᠤᠰᠤᠯᠴᠠᠨ᠂ ᠢᠷᠠᠭᠤ ᠰᠠᠶᠢᠬᠠᠨ ᠭᠦᠭ ᠠᠶᠠᠰ ᠢᠶᠠᠷ ᠡᠬᠡ ᠤᠯᠤᠰ ᠤᠨ ᠠᠭᠤᠯᠠ ᠤᠰᠤ ᠪᠠ ᠠᠷᠠᠳ | ᠲᠦᠮᠡᠨ ᠤ ᠵᠣᠯ ᠵᠢᠷᠭᠠᠯᠲᠤ ᠠᠮᠢᠳᠤᠷᠠᠯ ᠢ ᠮᠠᠭᠲᠠᠨ ᠳᠠᠭᠤᠯᠠᠪᠠ᠃ ᠨᠠᠶᠢᠷᠠᠯ ᠳᠠᠭᠤᠤ ︽ᠬᠦᠰᠡᠯᠡᠩᠲᠦ ᠲᠠᠯ᠎ᠠ | ᠨᠤᠲᠤᠭ ︾᠂ ᠦᠯᠢᠶᠡᠪᠦᠷᠢ ᠴᠢᠪᠬᠠᠳᠠᠰᠤᠨ ᠤ ᠬᠥᠭᠵᠢᠮ ︽ᠵᠠᠯᠠᠭᠤᠴᠤᠳ ᠤᠨ ᠸᠠᠯᠼ ︾ ᠤᠨ ᠭᠦᠭ ᠠᠶᠠᠯᠭᠤ ᠨᠢ | ᠢᠷᠠᠭᠤ ᠤᠶᠠᠩᠭᠠᠯᠢᠭ᠂ ᠬᠥᠩᠭᠡᠨ ᠴᠣᠪᠣᠭᠤᠯᠢᠭ ᠪᠠᠶᠢᠵᠤ᠂ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢᠬᠢ | ᠳᠤᠮᠳᠠᠳᠤ ᠤᠯᠤᠰ ᠤᠨ ᠠᠷᠠᠳ ᠲᠦᠮᠡᠨ ᠤ ᠦᠵᠡᠯ ᠰᠠᠨᠠᠭ᠎ᠠ ᠪᠠᠨ ᠴᠢᠯᠦᠭᠡᠯᠡᠨ᠂ ᠡᠷᠡᠰ ᠰᠢᠭᠤᠷᠬᠠᠢ ᠪᠠᠷ | ᠤᠷᠤᠭᠰᠢᠯᠠᠨ ᠳᠠᠪᠰᠢᠬᠰᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠵᠢᠷᠤᠭᠯᠠᠵᠠᠢ᠃ | 75 ᠵᠢᠯ ᠰᠠᠯᠬᠢ ᠪᠣᠷᠣᠭᠠᠨ ᠢ ᠰᠥᠷᠴᠦ᠂ 75 ᠵᠢᠯ ᠡᠷᠡᠮᠡᠬᠡᠶᠢᠯᠡᠨ ᠤᠷᠤᠭᠰᠢᠯᠠᠪᠠ᠃ ᠪᠦᠭᠦ᠋ᠢᠯᠡ | ᠳᠠᠭᠤᠤ ᠬᠥᠭᠵᠢᠮ ᠤᠨ ᠦᠳᠡᠰᠢᠯᠡᠭᠡ ᠨᠢ ᠭᠦᠷ ᠨᠠᠷᠭᠢᠶᠠᠨ ᠢᠶᠠᠷ ᠪᠢᠯᠬᠠᠵᠤ᠂ ᠬᠥᠭᠵᠢᠶᠡᠨ ᠲᠠᠢ ᠰᠠᠶᠢᠬᠠᠨ | ᠶᠠᠪᠤᠭᠳᠠᠪᠠ᠃ ᠲᠡᠭᠦᠯᠳᠡᠷ ᠬᠤᠭᠤᠷ ᠪᠣᠯᠣᠨ ᠬᠥᠭᠵᠢᠮ ᠤᠨ ᠠᠩᠭᠢ ᠤᠷᠮ᠎ᠠ ᠵᠣᠷᠢᠭ ᠢ ᠬᠥᠭᠵᠢᠭᠡᠭᠰᠡᠨ ︽ᠰᠢᠨ᠎ᠡ | ᠶᠢᠷᠲᠢᠨᠴᠦ ︾ ᠶᠢ ᠬᠥᠭᠵᠢᠮᠳᠡᠵᠦ᠂ ᠦᠯᠢᠶᠡᠪᠦᠷᠢ ᠴᠢᠪᠬᠠᠳᠠᠰᠤᠨ ᠤ ᠬᠥᠭᠵᠢᠮ ︽ᠠᠭᠤᠯᠠ ᠤᠰᠤ ᠵᠢᠷᠤᠭ | ᠮᠡᠲᠦ ︾ ᠨᠢ ᠭᠦᠨ ᠵᠤᠵᠠᠭᠠᠨ ᠬᠠᠶᠢᠷ᠎ᠠ ᠰᠡᠳᠬᠢᠯᠭᠡ ᠭᠦᠨ ᠠᠭᠤᠯᠵᠤ᠂ ᠨᠠᠶᠢᠷᠠᠯ ᠳᠠᠭᠤᠤ ︽ᠰᠢᠨ᠎ᠡ ᠠᠶᠠᠨ︾ ᠨᠢ | ᠣᠮᠤᠭ ᠵᠢᠪᠬᠤᠭ᠎ᠠ ᠶᠢ ᠢᠯᠡᠷᠡᠭᠦᠯᠵᠦ᠂ ᠴᠠᠭ ᠦᠶ᠎ᠡ ᠶᠢᠨ ᠳᠠᠭᠤᠤ ᠨᠢ ᠰᠢ ᠶᠢᠨ ᠫᠢᠩ ᠨᠥᠬᠦᠷ ᠢᠶᠠᠷ | ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠦᠭ ᠲᠦᠮᠡᠨ | ᠳᠤᠮᠳᠠᠳᠤ ᠶᠢᠨ ᠬᠥᠪᠡᠭᠦᠳ ᠥᠬᠢᠳ ᠤᠨ ᠥᠪᠡᠷ ᠢ ᠪᠠᠨ ᠢᠲᠡᠭᠡᠵᠦ ᠥᠪᠡᠷ ᠢ ᠪᠠᠨ ᠬᠦᠴᠦᠷᠬᠡᠭᠵᠢᠭᠦᠯᠬᠦ᠂ ᠲᠥᠪ | ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠣᠶᠤᠨ ᠰᠠᠨᠠᠭᠠᠨ ᠤ ᠳᠦᠷᠰᠦ ᠪᠠᠶᠢᠳᠠᠯ ᠢ ᠬᠠᠷᠠᠭᠤᠯᠵᠤ᠂ | ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠣᠯᠪᠠ᠃ ︽ᠲᠠᠪᠤᠨ ᠣᠳᠣᠲᠤ ᠤᠯᠠᠭᠠᠨ ᠲᠤᠭ ᠰᠠᠯᠬᠢᠨ ᠤ | ᠠᠶ᠎ᠠ ᠪᠠᠷ ᠨᠠᠮᠢᠷᠠᠨ᠎ᠠ᠂ ᠢᠯᠠᠯᠲᠠ ᠶᠢᠨ ᠳᠠᠭᠤᠤ ᠬᠡᠴᠢᠨᠡᠨ ᠬᠠᠩᠭᠢᠨᠠᠮ᠎ᠠ ᠪᠤᠢ︕ ︾ ᠬᠡᠮᠡᠨ ᠲᠠᠯᠠᠪᠠᠢ ᠳᠠᠶᠠᠭᠠᠷ ᠢᠶᠠᠨ | ︽ᠡᠬᠡ ᠤᠯᠤᠰ ᠢᠶᠠᠨ ᠮᠠᠭᠲᠠᠨ ᠳᠠᠭᠤᠯᠠᠶ᠎ᠠ︾ ᠭᠡᠬᠦ ᠳᠠᠭᠤᠤ ᠶᠢ ᠬᠠᠩᠭᠢᠨᠠᠲᠠᠯ᠎ᠠ ᠳᠠᠭᠤᠯᠠᠬᠤ ᠶᠢ ᠳᠠᠭᠠᠯᠳᠤᠨ᠂ ᠳᠠᠭᠤᠤ | ᠬᠥᠭᠵᠢᠮ ᠤᠨ ᠦᠳᠡᠰᠢᠯᠡᠭᠡ ᠥᠨᠳᠥᠷᠯᠡᠪᠡ᠃ | ᠳᠠᠭᠤᠤ ᠬᠥᠭᠵᠢᠮ ᠤᠨ ᠲᠤᠬᠯᠠᠯᠳᠠ ᠳᠤ ᠣᠷᠣᠯᠴᠠᠭᠰᠠᠳ ᠲᠤ ᠪᠠᠰᠠ᠄ ᠶᠢᠨ ᠯᠢ᠂ ᠱᠢ ᠲᠠᠢ ᠹᠧᠩ᠂ ᠯᠢᠦ | ᠭᠦᠸᠧ ᠵᠦᠩ᠂ ᠯᠢ ᠭᠠᠨ ᠵᠢᠶᠧ᠂ ᠯᠢ ᠱᠤ᠋ ᠯᠧᠢ᠂ ᠯᠢ ᠬᠤᠩ ᠵᠦᠩ᠂ ᠾᠧ ᠸᠧᠢ ᠳ᠋ᠦᠩ᠂ ᠾᠧ ᠯᠢ ᠹᠧᠩ᠂ ᠵᠠᠩ | ᠶᠢᠦ ᠰᠢᠶᠠ᠂ ᠵᠠᠩ ᠭᠦᠸᠧ ᠴᠢᠩ᠂ ᠴᠧᠨ ᠸᠧᠨ ᠴᠢᠩ᠂ ᠵᠢᠶᠠ ᠴᠢᠩ ᠯᠢᠨ᠂ ᠵᠠᠩ ᠳ᠋ᠧ ᠵᠢᠶᠠᠩ᠂ ᠢᠦᠢ ᠵᠧᠩ ᠱᠧᠩ᠂ | ᠯᠢ ᠵᠠᠨ ᠱᠤ᠋᠂ ᠸᠠᠩ ᠶᠠᠩ᠂ ᠽᠧᠩ ᠴᠢᠩ ᠬᠤᠩ᠂ ᠯᠢ ᠴᠠᠩ ᠴᠦᠨ᠂ ᠾᠧ ᠭᠦᠸᠧ ᠴᠢᠶᠠᠩ᠂ ᠯᠢᠦ ᠶᠦᠨ ᠱᠠᠨ᠂ ᠸᠠᠩ | ᠴᠢ ᠱᠠᠨ᠂ ᠵᠠᠩ ᠭᠤᠤ ᠯᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠱᠦᠵᠢ ᠨᠠᠷ ᠤᠨ | ᠭᠠᠵᠠᠷ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ | ᠲᠦᠷᠦ ᠶᠢᠨ ᠶᠠᠪᠤᠳᠠᠯ ᠤᠨ ᠬᠤᠷᠢᠶ᠎ᠠ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ | ᠬᠤᠷᠢᠶ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠤᠳᠤᠷᠢᠳᠬᠤ ᠨᠥᠬᠦᠳ ᠪᠠ ᠤᠳᠤᠷᠢᠳᠬᠤ ᠲᠤᠰᠢᠶᠠᠯ ᠠᠴᠠ ᠪᠠᠨ ᠪᠠᠭᠤᠭᠰᠠᠨ ᠨᠥᠬᠦᠳ ᠪᠠᠶᠢᠨ᠎ᠠ᠃ | ᠲᠥᠪ ᠤᠨ ᠨᠠᠮ ᠵᠠᠰᠠᠭ ᠴᠡᠷᠢᠭ ᠣᠯᠠᠨ ᠲᠦᠮᠡᠨ ᠤ ᠪᠦᠯᠭᠦᠮ ᠤᠨ ᠡᠯ᠎ᠡ ᠰᠠᠯᠠᠭ᠎ᠠ ᠮᠥᠴᠢᠷ ᠪᠠ ᠪᠡᠭᠡᠵᠢᠩ | ᠬᠤᠲᠠ ᠶᠢᠨ ᠭᠤᠣᠯ ᠬᠠᠷᠢᠭᠤᠴᠠᠯᠭᠠᠲᠠᠨ ᠨᠥᠬᠦᠳ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ | ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠲᠠᠨ ᠪᠠ ᠨᠠᠮ ᠪᠦᠯᠦᠭ ᠤᠨ | ᠪᠤᠰᠤ ᠬᠥᠮᠥᠰ ᠤᠨ ᠲᠥᠯᠥᠭᠡᠯᠡᠭᠴᠢ᠂ ︽ᠪᠦᠭᠦᠳᠡ ᠨᠠᠶᠢᠷᠠᠮᠳᠠᠬᠤ ᠤᠯᠤᠰ ᠤᠨ ᠭᠠᠪᠢᠶᠠᠨ ᠲᠡᠮᠳᠡᠭ︾᠂ ︽ᠨᠥᠬᠦᠷᠯᠡᠯ ᠤᠨ | ᠭᠠᠪᠢᠶᠠᠨ ᠲᠡᠮᠳᠡᠭ︾᠂ ︽7·1 ᠤ ᠭᠠᠪᠢᠶᠠᠨ ᠲᠡᠮᠳᠡᠭ︾᠂ ︽8·1 ᠤ ᠭᠠᠪᠢᠶᠠᠨ ᠲᠡᠮᠳᠡᠭ︾ ᠪᠣᠯᠣᠨ ᠤᠯᠤᠰ ᠤᠨ ᠢᠷᠠᠭᠤ | ᠠᠯᠳᠠᠷ ᠤᠨ ᠴᠣᠯᠠ ᠬᠦᠷᠲᠡᠭᠰᠡᠳ ᠤᠨ ᠲᠥᠯᠥᠭᠡᠯᠡᠭᠴᠢ᠂ ᠪᠦᠭᠦ ᠤᠯᠤᠰ ᠤᠨ ᠲᠡᠷᠢᠭᠦᠨ ᠤ ᠵᠢᠱᠢᠶᠡᠴᠢ᠂ ᠪᠦᠭᠦ | ᠤᠯᠤᠰ ᠤᠨ ᠭᠤᠣᠯᠳᠠᠯᠭ᠎ᠠ ᠲᠠᠢ ᠬᠠᠷᠠᠭᠠᠯᠵᠠᠬᠤ ᠡᠲᠡᠭᠡᠳ ᠤᠨ ᠲᠥᠯᠥᠭᠡᠯᠡᠭᠴᠢ᠂ ᠪᠦᠭᠦ ᠤᠯᠤᠰ ᠤᠨ ᠴᠥᠭᠡᠨ ᠲᠣᠭᠠᠲᠤ | ᠦᠨᠳᠦᠰᠦᠲᠡᠨ ᠤ ᠲᠣᠭᠤᠷᠢᠨ ᠦᠵᠡᠬᠦ ᠪᠦᠯᠭᠦᠮ ᠤᠨ ᠪᠦᠷᠢᠯᠳᠦᠭᠦᠨ᠂ ᠠᠬᠠᠮᠠᠳ ᠨᠥᠬᠦᠳ ᠤᠨ ᠲᠥᠯᠥᠭᠡᠯᠡᠭᠴᠢ᠂ | ᠰᠢᠶᠠᠩᠭᠠᠩ ᠣᠣᠮᠧᠨ ᠤ ᠠᠬ᠎ᠠ ᠳᠡᠭᠦᠦ ᠨᠠᠷ᠂ ᠲᠠᠶᠢᠸᠠᠨ ᠤ ᠠᠬ᠎ᠠ ᠳᠡᠭᠦᠦ ᠨᠠᠷ᠂ ᠭᠠᠳᠠᠭᠠᠳᠤ ᠳᠤ ᠰᠠᠭᠤᠭ᠎ᠠ ᠬᠠᠷᠢᠶᠠᠲᠤ | ᠠᠬ᠎ᠠ ᠳᠡᠭᠦᠦ ᠨᠠᠷ ᠵᠢᠴᠢ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ᠂ ᠬᠠᠷᠢᠶᠠᠲᠤ ᠶᠢᠨ ᠭᠡᠷ ᠪᠦᠯᠢ ᠶᠢᠨ | ᠲᠥᠯᠥᠭᠡᠯᠡᠭᠴᠢ᠂ ᠪᠡᠭᠡᠵᠢᠩ ᠳᠤ ᠰᠠᠭᠤᠭ᠎ᠠ ᠴᠢᠯᠦᠭᠡᠯᠡᠬᠦ ᠴᠡᠷᠢᠭ ᠪᠣᠯᠣᠨ ᠵᠡᠪᠰᠡᠭᠲᠦ ᠴᠠᠭᠳᠠᠭ᠎ᠠ ᠶᠢᠨ ᠴᠡᠷᠢᠭ | ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠲᠥᠯᠥᠭᠡᠯᠡᠭᠴᠢ᠂ ᠨᠡᠶᠢᠰᠯᠡᠯ ᠤᠨ ᠡᠯ᠎ᠡ ᠡᠲᠡᠭᠡᠳ ᠤᠨ ᠤᠯᠠᠨ ᠲᠦᠮᠡᠨ ᠤ | ᠲᠥᠯᠥᠭᠡᠯᠡᠭᠴᠢ᠂ ᠳᠤᠮᠳᠠᠳᠤ ᠤᠯᠤᠰ ᠲᠤ ᠰᠠᠭᠤᠭ᠎ᠠ ᠡᠯ᠎ᠡ ᠤᠯᠤᠰ ᠤᠨ ᠡᠯᠴᠢᠨ ᠰᠠᠶᠢᠳ᠂ ᠡᠯ᠎ᠡ ᠤᠯᠠᠨ ᠤᠯᠤᠰ ᠤᠨ | ᠵᠣᠬᠢᠶᠠᠨ ᠪᠠᠶᠢᠭᠤᠯᠤᠯᠲᠠ ᠶᠢᠨ ᠳᠤᠮᠳᠠᠳᠤ ᠤᠯᠤᠰ ᠲᠤ ᠰᠠᠭᠤᠭ᠎ᠠ ᠲᠥᠯᠥᠭᠡᠯᠡᠭᠴᠢ ᠪᠣᠯᠣᠨ ᠳᠤᠮᠳᠠᠳᠤ ᠤᠯᠤᠰ ᠲᠤ | ᠠᠵᠢᠯᠯᠠᠵᠤ ᠪᠠᠶᠢᠭ᠎ᠠ ᠭᠠᠳᠠᠭᠠᠳᠤ ᠶᠢᠨ ᠲᠤᠰᠬᠠᠢ ᠮᠡᠷᠭᠡᠵᠢᠯᠲᠡᠨ ᠤ ᠲᠥᠯᠥᠭᠡᠯᠡᠭᠴᠢ ᠨᠠᠷ ᠲᠣᠬᠯᠠᠯᠲᠠ ᠶᠢ ᠰᠣᠨᠢᠷᠬᠠᠪᠠ᠃ | | |