ᠯᠢ ᠴᠢᠶᠠᠩ ᠸᠠᠩ ᠬᠤ᠋ ᠨᠢᠩ ᠼᠠᠢ ᠴᠢ ᠬᠤᠷᠠᠯ ᠳᠤ ᠣᠷᠣᠯᠴᠠᠵᠠᠢ | ᠰᠢᠨᠬᠤᠸᠠ ᠬᠤᠷᠢᠶ᠎ᠠ ᠶᠢᠨ ᠪᠡᠭᠡᠵᠢᠩ ᠤᠨ 8 ᠰᠠᠷ᠎ᠠ ᠶᠢᠨ 29 ᠤ ᠴᠠᠭᠢᠯᠭᠠᠨ ᠮᠡᠳᠡᠭᠡ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ᠂ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ | ᠡᠷᠭᠢᠯᠡᠭᠴᠢ ᠰᠢ ᠶᠢᠨ ᠫᠢᠩ 8 ᠰᠠᠷ᠎ᠠ ᠶᠢᠨ 29 ᠤ ᠦᠳᠡ ᠶᠢᠨ ᠡᠮᠦᠨ᠎ᠡ ᠲᠥᠪ ᠤᠨ ᠥᠭᠡᠷᠡᠴᠢᠯᠡᠯᠲᠡ ᠶᠢ ᠪᠦᠭᠦ | ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠵᠢᠷᠭᠤᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠤᠭᠰᠠᠨ | ᠪᠥᠭᠡᠳ ᠴᠢᠬᠤᠯᠠ ᠶᠠᠷᠢᠶ᠎ᠠ ᠲᠠᠯᠪᠢᠪᠠ᠃ ᠲᠡᠷᠡ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠶᠢ ᠰᠢᠨ᠎ᠡ ᠴᠠᠭ ᠦᠶ᠎ᠡ ᠠᠴᠠ ᠨᠠᠭᠠᠰᠢᠬᠢ ᠥᠭᠡᠷᠡᠴᠢᠯᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠰᠠᠭᠤᠷᠢᠨ ᠳᠡᠭᠡᠷ᠎ᠡ ᠠᠬᠢᠭᠤᠯᠵᠤ᠂ ᠪᠠᠲᠤ ᠪᠠᠬᠢ ᠰᠠᠭᠤᠷᠢ ᠪᠣᠯᠣᠨ ᠠᠰᠢᠭᠲᠠᠢ ᠨᠥᠬᠦᠴᠡᠯ ᠢ | ᠪᠦᠷᠢᠯᠳᠦᠭᠦᠯᠪᠡ᠃ ᠣᠳᠣ ᠪᠠᠶᠢᠭ᠎ᠠ ᠥᠭᠡᠷᠡᠴᠢᠯᠡᠯᠲᠡ ᠶᠢᠨ ᠦᠷ᠎ᠡ ᠪᠦᠲᠦᠭᠡᠯ ᠪᠣᠯᠣᠨ ᠴᠢᠬᠤᠯᠠ ᠲᠤᠷᠰᠢᠯᠭ᠎ᠠ ᠶᠢ | ᠰᠠᠶᠢᠲᠤᠷ ᠬᠡᠷᠡᠭᠯᠡᠵᠦ᠂ ᠦᠵᠡᠯ ᠰᠠᠨᠠᠭ᠎ᠠ ᠪᠠᠨ ᠴᠢᠯᠦᠭᠡᠯᠡᠨ᠂ ᠦᠨᠡᠨ ᠠᠴᠠ ᠵᠥᠪ ᠢ ᠡᠷᠢᠵᠦ᠂ ᠴᠠᠭ ᠦᠶ᠎ᠡ ᠲᠠᠢ | ᠵᠡᠷᠭᠡ ᠪᠠᠷ ᠤᠷᠤᠭᠰᠢᠯᠠᠨ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ | ᠭᠦᠢᠴᠡᠳ ᠳᠠᠶᠢᠴᠢᠯᠠᠨ᠂ ᠥᠭᠡᠷᠡᠴᠢᠯᠡᠯᠲᠡ ᠶᠢᠨ ᠡᠭᠦᠷᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠪᠦᠭᠦ | ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ | ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠳᠡᠳ᠋ ᠡᠷᠭᠢᠯᠡᠭᠴᠢ ᠯᠢ ᠴᠢᠶᠠᠩ᠂ ᠸᠠᠩ ᠬᠤ᠋ | ᠨᠢᠩ᠂ ᠼᠠᠢ ᠴᠢ ᠬᠤᠷᠠᠯ ᠳᠤ ᠣᠷᠣᠯᠴᠠᠵᠠᠢ᠃ | ᠬᠤᠷᠠᠯ ᠠᠴᠠ ︽ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ | ︿ᠲᠣᠭᠲᠠᠭᠠᠯ﹀ ᠤᠨ ᠴᠢᠬᠤᠯᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠬᠡᠷᠡᠭᠵᠢᠭᠦᠯᠬᠦ | ᠠᠵᠢᠯ ᠤᠨ ᠬᠤᠪᠢᠶᠠᠷᠢᠯᠠᠯ ᠤᠨ ᠲᠥᠰᠥᠯ︾᠂ ︽ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠳᠡᠭᠡᠭᠰᠢᠯᠡᠭᠦᠯᠭᠦ | ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠤᠬᠠᠢ ᠰᠠᠨᠠᠯ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ | ᠪᠠᠲᠤᠯᠠᠪᠠ᠃ | ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ | ᠬᠤᠷᠠᠯ ᠠᠴᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠪᠦᠭᠦ | ᠲᠠᠯ᠎ᠠ ᠶᠢᠨ ᠪᠠᠶᠢᠷᠢᠯᠠᠭᠤᠯᠤᠯᠲᠠ ᠬᠢᠵᠦ᠂ 300 ᠭᠠᠷᠤᠢ ᠵᠦᠢᠯ ᠤᠨ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ | ᠬᠡᠮᠵᠢᠶ᠎ᠡ ᠶᠢ ᠲᠣᠭᠲᠠᠭᠠᠪᠠ᠃ ᠥᠭᠡᠷᠡᠴᠢᠯᠡᠯᠲᠡ ᠳᠠᠬᠢ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠶᠢ ᠪᠠᠷᠢᠮᠲᠠᠯᠠᠵᠤ᠂ ᠵᠢᠭᠠᠪᠤᠷᠢ ᠠᠪᠴᠤ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠬᠦ | ᠬᠡᠷᠡᠭᠲᠡᠢ᠃ ᠥᠭᠡᠷᠡᠴᠢᠯᠡᠯᠲᠡ ᠶᠢᠨ ᠪᠠᠶᠢᠯᠳᠤᠬᠤ ᠪᠣᠳᠣᠯᠭ᠎ᠠ ᠶᠢᠨ ᠭᠤᠣᠯᠳᠠᠯᠭ᠎ᠠ ᠪᠣᠯᠣᠨ ᠤᠷᠢᠳ ᠢᠶᠠᠷ ᠪᠣᠳᠣᠯᠬᠢᠯᠠᠬᠤ | ᠴᠢᠭᠯᠡᠯ ᠢ ᠣᠨᠣᠪᠴᠢᠲᠠᠢ ᠡᠵᠡᠮᠳᠡᠵᠦ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠡᠮᠦᠨ᠎ᠡ ᠬᠤᠶᠢᠨᠠᠬᠢ ᠲᠡᠰ | ᠳᠠᠷᠠᠭᠠᠯᠠᠯ᠂ ᠭᠦᠭ ᠠᠶᠢᠵᠠᠮ ᠴᠠᠭ ᠲᠣᠭᠢᠶᠠᠯ ᠢ ᠵᠣᠬᠢᠰᠲᠠᠢ ᠲᠣᠬᠢᠷᠠᠭᠤᠯᠬᠤ ᠬᠡᠷᠡᠭᠲᠡᠢ᠃ ᠥᠭᠡᠷᠡᠴᠢᠯᠡᠯᠲᠡ ᠶᠢ ᠠᠵᠤ | ᠠᠬᠤᠢ ᠨᠡᠶᠢᠭᠡᠮ ᠤᠨ ᠬᠥᠭᠵᠢᠯᠲᠡ ᠯᠦᠭᠡ ᠨᠡᠩ ᠨᠢᠭᠲᠠ ᠤᠶᠠᠯᠳᠤᠭᠤᠯᠵᠤ᠂ ᠪᠡᠯᠭᠡ ᠲᠡᠮᠳᠡᠭ ᠤᠨ ᠴᠢᠨᠠᠷᠲᠠᠢ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠦᠷᠭᠡᠳᠬᠡᠨ ᠨᠠᠶᠢᠳᠠᠪᠤᠷᠢᠵᠢᠭᠤᠯᠬᠤ ᠬᠡᠷᠡᠭᠲᠡᠢ᠃ ᠥᠭᠡᠷᠡᠴᠢᠯᠡᠯᠲᠡ ᠶᠢ | ᠰᠢᠰᠲ᠋ᠧᠮᠵᠢᠭᠦᠯᠦᠨ ᠬᠤᠷᠠᠮᠳᠤᠭᠤᠯᠬᠤ ᠶᠢ ᠴᠢᠩᠭᠠᠳᠬᠠᠵᠤ᠂ ᠥᠭᠡᠷᠡᠴᠢᠯᠡᠯᠲᠡ ᠶᠢᠨ ᠲᠦᠷᠦ ᠶᠢᠨ ᠪᠣᠳᠣᠯᠭ᠎ᠠ ᠶᠢᠨ | ᠨᠢᠭᠡᠳᠦᠯᠲᠦ ᠴᠢᠨᠠᠷ ᠲᠠᠢ ᠪᠤᠯᠬᠤ ᠶᠢ ᠴᠢᠩᠭᠠᠳᠬᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠭᠦ | ᠨᠥᠯᠥᠭᠡ ᠶᠢ ᠰᠠᠨᠠᠭᠠᠴᠢᠯᠠᠭ᠎ᠠ ᠠᠴᠠ ᠪᠠᠨ ᠦᠨᠡᠯᠡᠵᠦ᠂ ᠥᠭᠡᠷᠡᠴᠢᠯᠡᠯᠲᠡ ᠪᠠ ᠬᠥᠭᠵᠢᠯᠲᠡ ᠶᠢᠨ ᠬᠠᠮᠲᠤᠷᠠᠯ ᠬᠦᠴᠦᠨ ᠢ | ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠥᠭᠡᠷᠡᠴᠢᠯᠡᠯᠲᠡ ᠶᠢ ᠠᠬᠢᠭᠤᠯᠤᠨ ᠨᠠᠶᠢᠳᠠᠪᠤᠷᠢᠵᠢᠭᠤᠯᠬᠤ ᠲᠣᠭᠲᠠᠴᠠ ᠶᠢ ᠰᠢᠯᠢᠳᠡᠭᠵᠢᠭᠦᠯᠵᠦ᠂ | ᠴᠢᠬᠤᠯᠠ ᠶᠡᠭᠡ ᠠᠰᠠᠭᠤᠳᠠᠯ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠬᠤ ᠬᠡᠷᠡᠭᠲᠡᠢ᠃ ᠡᠯ᠎ᠡ | ᠳᠠᠭᠠᠭᠤᠯᠤᠭᠴᠢ ᠨᠢᠭᠡᠴᠢ ᠪᠣᠯᠣᠨ ᠣᠷᠣᠯᠴᠠᠭᠴᠢ ᠨᠢᠭᠡᠴᠢ ᠨᠦᠭᠦᠳ ᠵᠣᠷᠢᠭᠲᠠᠢ ᠪᠠᠷ ᠡᠭᠦᠷᠭᠡᠯᠡᠵᠦ᠂ ᠦᠨᠡᠨ ᠬᠦ | ᠠᠳᠬᠤᠨ ᠪᠣᠳᠠᠲᠠᠢ ᠠᠵᠢᠯᠯᠠᠵᠤ᠂ ᠴᠢᠬᠤᠯᠠ ᠶᠡᠭᠡ ᠥᠭᠡᠷᠡᠴᠢᠯᠡᠯᠲᠡ ᠶᠢᠨ ᠪᠠᠶᠢᠴᠠᠭᠠᠨ ᠰᠤᠳᠤᠯᠵᠤ ᠨᠤᠲᠠᠯᠠᠬᠤ ᠶᠢ | ᠴᠢᠩᠭᠠᠳᠬᠠᠨ᠂ ᠥᠭᠡᠷᠡᠴᠢᠯᠡᠯᠲᠡ ᠶᠢᠨ ᠵᠣᠬᠢᠶᠠᠨ ᠪᠠᠶᠢᠭᠤᠯᠵᠤ ᠬᠡᠷᠡᠭᠵᠢᠭᠦᠯᠬᠦ ᠲᠥᠰᠥᠯ ᠢ ᠲᠣᠭᠲᠠᠭᠠᠬᠤ | ᠬᠡᠷᠡᠭᠲᠡᠢ᠃ ᠥᠭᠡᠷᠡᠴᠢᠯᠡᠯᠲᠡ ᠶᠢᠨ ᠱᠠᠯᠠᠪᠳᠠᠭᠤᠯᠤᠨ ᠪᠠᠶᠢᠴᠠᠭᠠᠬᠤ᠂ ᠦᠨᠡᠯᠡᠨ ᠵᠢᠱᠢᠵᠦ ᠦᠷ᠎ᠡ ᠪᠦᠲᠦᠮᠵᠢ ᠶᠢ | ᠠᠰᠠᠭᠤᠬᠤ᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠵᠡᠷᠭᠡ ᠠᠵᠢᠯ ᠢ ᠴᠢᠩᠭᠠᠳᠬᠠᠵᠤ᠂ ᠪᠣᠳᠠᠲᠤ ᠠᠮᠵᠢᠯᠲᠠ | ᠪᠣᠳᠠᠲᠤ ᠦᠷ᠎ᠡ ᠪᠦᠲᠦᠮᠵᠢ ᠪᠠ ᠠᠷᠠᠳ ᠤᠯᠠᠨ ᠤ ᠬᠠᠨᠤᠮᠵᠢ ᠶᠢᠨ ᠬᠡᠮᠵᠢᠶ᠎ᠡ ᠪᠠᠷ ᠥᠭᠡᠷᠡᠴᠢᠯᠡᠯᠲᠡ ᠶᠢ ᠰᠢᠯᠭᠠᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠠᠴᠠ | ᠪᠠᠶᠢᠷᠢᠯᠠᠭᠤᠯᠤᠨ ᠪᠠᠶᠢᠭᠤᠯᠤᠭᠰᠠᠨ 22 ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠨᠢ ᠨᠢᠭᠡ ᠪᠦᠯᠦᠭ | ᠪᠡᠯᠭᠡ ᠲᠡᠮᠳᠡᠭ ᠤᠨ ᠴᠢᠨᠠᠷᠲᠠᠢ᠂ ᠬᠥᠲᠥᠯᠥᠨ ᠳᠠᠭᠠᠭᠤᠯᠬᠤ ᠴᠢᠨᠠᠷᠲᠠᠢ ᠳᠦᠷᠢᠮ ᠤᠨ ᠰᠢᠨ᠎ᠡ ᠡᠭᠦᠳᠦᠯᠲᠡ ᠶᠢᠨ ᠦᠷ᠎ᠡ | ᠪᠦᠲᠦᠭᠡᠯ ᠢ ᠡᠭᠦᠳᠴᠦ᠂ ᠥᠭᠡᠷᠡᠴᠢᠯᠡᠯᠲᠡ ᠨᠡᠭᠡᠭᠡᠯᠲᠡ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠠᠪᠴᠠᠩ ᠤᠨ | ᠦᠢᠯᠡᠳᠦᠯ ᠢ ᠪᠦᠲᠦᠮᠵᠢᠲᠡᠢ ᠪᠠᠳᠠᠷᠠᠭᠤᠯᠪᠠ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ | ᠭᠤᠷᠪᠠᠳᠤᠭᠠᠷ ᠪᠦᠭᠦᠳᠡ ᠬᠤᠷᠠᠯ ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠢᠯᠦᠭᠡᠲᠦ | ᠠᠷᠠᠯᠵᠢᠶᠠᠨ ᠤ ᠲᠤᠷᠰᠢᠯᠲᠠ ᠶᠢᠨ ᠣᠷᠣᠨ ᠢ ᠳᠡᠭᠡᠭᠰᠢᠯᠡᠭᠦᠯᠭᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢᠨ | ᠵᠣᠷᠢᠯᠭ᠎ᠠ ᠨᠢ ᠨᠠᠩ ᠥᠷᠭᠡᠨ ᠬᠦᠷᠢᠶ᠎ᠡ ᠴᠠᠷᠠᠭ᠎ᠠ᠂ ᠨᠠᠩ ᠭᠦᠨ ᠲᠠᠰ ᠳᠠᠪᠬᠤᠷᠭ᠎ᠠ ᠳᠤ ᠰᠦᠪᠡᠭᠴᠢᠯᠡᠯᠲᠡ ᠬᠢᠵᠦ᠂ | ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢᠨ ᠲᠦᠪᠰᠢᠨ᠂ | ᠰᠢᠰᠲ᠋ᠧᠮᠲᠦ ᠴᠢᠨᠠᠷᠲᠠᠢ ᠥᠭᠡᠷᠡᠴᠢᠯᠡᠯᠲᠡ ᠶᠢᠨ ᠦᠷ᠎ᠡ ᠪᠦᠲᠦᠮᠵᠢ᠂ ᠨᠡᠭᠡᠭᠡᠯᠲᠡᠲᠤ ᠭᠡᠯᠪᠡᠷᠢ ᠶᠢᠨ ᠠᠵᠤ ᠠᠬᠤᠢ ᠶᠢᠨ | ᠶᠠᠰᠤ ᠴᠢᠨᠠᠷ ᠢ ᠪᠦᠭᠦ ᠲᠠᠯ᠎ᠠ ᠪᠠᠷ ᠳᠡᠭᠡᠭᠰᠢᠯᠡᠭᠦᠯᠭᠦ ᠶᠢ ᠪᠡᠶᠡᠯᠡᠭᠦᠯᠬᠦ ᠶᠢᠨ ᠲᠥᠯᠥᠭᠡ ᠶᠤᠮ᠃ ᠥᠨᠳᠥᠷ ᠲᠦᠪᠰᠢᠨ | ᠪᠦᠬᠦᠢ ᠨᠡᠭᠡᠭᠡᠯᠲᠡ ᠪᠠᠷ ᠬᠥᠲᠥᠯᠥᠨ ᠳᠠᠭᠠᠭᠤᠯᠬᠤ᠂ ᠳᠦᠷᠢᠮ ᠤᠨ ᠰᠢᠨ᠎ᠡ ᠶᠢ ᠡᠭᠦᠳᠬᠦ ᠪᠠᠷ ᠭᠤᠣᠯ ᠪᠤᠯᠭᠠᠬᠤ ᠶᠢ | ᠪᠠᠷᠢᠮᠲᠠᠯᠠᠵᠤ᠂ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠶᠢ ᠵᠣᠷᠢᠭᠵᠢᠭᠤᠯᠵᠤ᠂ ᠠᠩᠬᠠᠨ ᠤ | ᠡᠭᠦᠳᠦᠯᠲᠡ ᠶᠢᠨ ᠴᠢᠨᠠᠷᠲᠠᠢ᠂ ᠬᠤᠷᠠᠮᠠᠯ ᠮᠠᠶ᠋ᠢᠭ ᠤᠨ ᠰᠦᠪᠡᠭᠴᠢᠯᠡᠯᠲᠡ ᠶᠢ ᠥᠷᠨᠢᠭᠦᠯᠵᠦ᠂ ᠪᠦᠭᠦ ᠠᠵᠤ ᠦᠢᠯᠡᠰ ᠤᠨ | ᠬᠡᠯᠬᠢᠶ᠎ᠡ ᠶᠢᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠵᠤ᠂ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ | ᠥᠷᠢᠰᠦᠯᠳᠦᠬᠦ ᠬᠦᠴᠦᠨ ᠢ ᠴᠢᠩᠭᠠᠷᠠᠭᠤᠯᠵᠤ᠂ ᠪᠡᠯᠡ ᠣᠷᠣᠭᠤᠯᠤᠯᠲᠠ ᠴᠢᠯᠦᠭᠡᠲᠡᠢ ᠪᠠᠶᠢᠬᠤ ᠳᠥᠭᠦᠮ ᠪᠤᠯᠬᠤ ᠶᠢ | ᠠᠬᠢᠭᠤᠯᠵᠤ᠂ ᠠᠷᠠᠯᠵᠢᠶ᠎ᠠ᠂ ᠪᠡᠯᠡ ᠤᠷᠤᠭᠤᠯᠤᠯᠲᠠ᠂ ᠪᠡᠯᠡ ᠮᠥᠩᠭᠦ ᠶᠢᠨ ᠭᠦᠢᠯᠭᠡᠭᠡ᠂ ᠵᠠᠮ ᠬᠠᠷᠢᠯᠴᠠᠭ᠎ᠠ ᠲᠡᠭᠡᠭᠡᠪᠦᠷᠢ᠂ | ᠬᠥᠮᠥᠰ ᠤᠨ ᠶᠠᠪᠤᠯᠴᠠᠭ᠎ᠠ ᠴᠢᠯᠦᠭᠡᠲᠡᠢ ᠪᠥᠭᠡᠳ ᠲᠥᠭᠦᠮ ᠪᠠᠶᠢᠬᠤ ᠪᠠ ᠲᠤᠭ᠎ᠠ ᠪᠠᠷᠢᠮᠲᠠ ᠶᠢᠨ ᠠᠮᠤᠷ ᠲᠦᠪᠰᠢᠨ | ᠡᠮᠬᠢ ᠵᠢᠷᠤᠮ ᠲᠠᠢ ᠭᠦᠢᠯᠭᠡᠭᠡ ᠪᠠᠷ ᠭᠤᠣᠯᠳᠠᠯᠭ᠎ᠠ ᠪᠤᠯᠭᠠᠬᠰᠠᠨ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠨᠠᠩ | ᠲᠡᠭᠦᠯᠳᠡᠷᠵᠢᠭᠦᠯᠬᠦ ᠬᠡᠷᠡᠭᠲᠡᠢ᠃ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠳᠦᠷᠢᠮ᠂ | ᠲᠣᠭᠲᠠᠭᠠᠯ᠂ ᠬᠠᠮᠢᠶᠠᠷᠤᠯᠲᠠ᠂ ᠪᠠᠷᠢᠮᠵᠢᠶ᠎ᠠ ᠵᠡᠷᠭᠡ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ | ᠥᠷᠭᠡᠳᠬᠡᠵᠦ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠪᠠᠨ ᠳᠡᠭᠡᠭᠰᠢᠯᠡᠭᠦᠯᠭᠦ ᠬᠡᠷᠡᠭᠲᠡᠢ ᠭᠡᠵᠦ | ᠴᠢᠬᠤᠯᠠᠴᠢᠯᠠᠪᠠ᠃ | ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠭᠡᠰᠢᠭᠦᠳ ᠬᠤᠷᠠᠯ ᠳᠤ | ᠣᠷᠣᠯᠴᠠᠵᠤ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ᠃ | | |