ᠥᠪᠡᠷᠲᠡᠭᠡᠨ ᠵᠠᠰᠠᠬᠤ ᠣᠷᠣᠨ ︽ᠰᠤᠷᠭᠠᠨ ᠬᠥᠮᠦᠵᠢᠯᠲᠡᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ ᠦᠢᠯᠡᠳᠦᠯᠭᠡᠵᠢᠭᠦᠯᠵᠦ ᠥᠨᠳᠥᠷ ᠬᠡᠪ ᠴᠢᠨᠠᠷ ᠪᠦᠬᠦᠢ ᠪᠠᠭᠰᠢ ᠶᠢᠨ ᠡᠩᠨᠡᠭᠡ ᠶᠢ ᠪᠠᠶᠢᠭᠤᠯᠬᠤ︾ ᠰᠣᠨᠢᠨ ᠮᠡᠳᠡᠭᠡ ᠨᠡᠶᠢᠲᠡᠯᠡᠬᠦ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/6

W020240905643402699635_ORIGIN.jpg

  

      9 ᠳ᠋ᠦ᠋ᠭᠡᠷ ᠰᠠᠷ᠎ᠠ ᠶᠢᠨ 5 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ

ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ︽ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ

ᠶᠡᠭᠡ ᠪᠠᠷ ᠪᠠᠳᠠᠷᠠᠭᠤᠯᠤᠨ ᠦᠢᠯᠡᠳᠦᠯᠭᠡᠵᠢᠭᠦᠯᠵᠦ ᠥᠨᠳᠥᠷ ᠬᠡᠪ ᠴᠢᠨᠠᠷ ᠪᠦᠬᠦᠢ ᠪᠠᠭᠰᠢ ᠶᠢᠨ ᠡᠩᠨᠡᠭᠡ ᠶᠢ          

ᠪᠠᠶᠢᠭᠤᠯᠬᠤ︾ ᠰᠣᠨᠢᠨ ᠮᠡᠳᠡᠭᠡ ᠨᠡᠶᠢᠲᠡᠯᠡᠬᠦ ᠬᠤᠷᠠᠯ ᠢ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ

ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠳᠡᠳ᠋ ᠱᠦᠵᠢ᠂ ᠰᠤᠷᠭᠠᠨ ᠬᠥᠮᠦᠵᠢᠯ ᠤᠨ

ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢ ᠶᠢᠩ

ᠭᠤᠣᠯ ᠨᠡᠶᠢᠲᠡᠯᠡᠯ ᠬᠢᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂

ᠪᠠᠶᠢᠭᠤᠯᠤᠮᠵᠢ ᠣᠷᠣᠨ ᠲᠤᠭ᠎ᠠ ᠶᠢᠨ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ

ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠬᠤᠯᠪᠣᠭᠳᠠᠯ

ᠪᠦᠬᠦᠢ ᠬᠠᠷᠢᠭᠤᠴᠠᠯᠭᠠᠲᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠶᠢᠨ

ᠠᠰᠠᠭᠤᠯᠲᠠ ᠶᠢ ᠬᠠᠷᠢᠭᠤᠯᠪᠠ᠃

       ᠰᠤᠷᠭᠠᠨ ᠬᠥᠮᠦᠵᠢᠯᠲᠡᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ ᠦᠢᠯᠡᠳᠦᠯᠭᠡᠵᠢᠭᠦᠯᠵᠦ

       ᠥᠨᠳᠥᠷ ᠬᠡᠪ ᠴᠢᠨᠠᠷ ᠪᠦᠬᠦᠢ ᠪᠠᠭᠰᠢ ᠶᠢᠨ ᠡᠩᠨᠡᠭᠡ ᠶᠢ ᠪᠠᠶᠢᠭᠤᠯᠬᠤ ᠰᠣᠨᠢᠨ ᠮᠡᠳᠡᠭᠡ ᠨᠡᠶᠢᠲᠡᠯᠡᠬᠦ

                        ᠬᠤᠷᠠᠯ ᠤᠨ ᠨᠡᠶᠢᠲᠡᠯᠡᠯ ᠤᠨ ᠦᠭᠡ

      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ

ᠳᠡᠳ᠋ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂

ᠲᠢᠩᠬᠢᠮ ᠤᠨ ᠳᠡᠳ᠋ ᠳᠠᠷᠤᠭ᠎ᠠ  ᠯᠢ ᠶᠢᠩ

      ᠡᠯ᠎ᠡ ᠵᠠᠭᠤᠴᠢᠯᠠᠭᠤᠷ ᠤᠨ ᠨᠠᠶᠢᠵᠠ ᠨᠠᠷ ᠡ᠂ ᠣᠯᠠᠨ ᠳᠤ ᠦᠳᠡ ᠶᠢᠨ ᠠᠮᠤᠷ ᠠᠶᠢᠯᠠᠳᠬᠠᠶ᠎ᠠ︕ ᠤᠳᠠᠯ

ᠦᠭᠡᠢ 40 ᠳᠠᠬᠢ ᠪᠠᠭᠰᠢ ᠶᠢᠨ ᠪᠠᠶᠠᠷ ᠤᠨ ᠡᠳᠦᠷ ᠬᠦᠷᠴᠦ ᠢᠷᠡᠬᠦ ᠪᠣᠯᠤᠨ᠎ᠠ᠃ ᠡᠩ ᠲᠡᠷᠢᠭᠦᠨ ᠳᠤ᠂ ᠪᠢ

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ᠂

ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠡᠮᠦᠨ᠎ᠡ ᠠᠴᠠ ᠪᠦᠬᠦ ᠣᠷᠣᠨ ᠤ ᠥᠷᠭᠡᠨ

ᠣᠯᠠᠨ ᠪᠠᠭᠰᠢ ᠪᠣᠯᠤᠨ ᠰᠤᠷᠭᠠᠨ ᠬᠥᠮᠦᠵᠢᠯ ᠤᠨ ᠠᠵᠢᠯᠲᠠᠨ ᠳᠤ ᠪᠠᠶᠠᠷ ᠤᠨ ᠡᠳᠦᠷ ᠤᠨ ᠮᠠᠨᠳᠦᠴᠢᠯᠡᠯ ᠳᠡᠪᠰᠢᠭᠦᠯᠵᠦ

ᠪᠠᠶᠢᠨ᠎ᠠ︕ ᠤᠷᠲᠤ ᠬᠤᠭᠤᠴᠠᠭᠠᠨ ᠤ ᠲᠤᠷᠰᠢ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ

ᠦᠢᠯᠡᠰ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠨᠡᠶᠢᠭᠡᠮ ᠤᠨ ᠡᠯ᠎ᠡ ᠡᠲᠡᠭᠡᠳ ᠤᠨ ᠬᠢᠨ ᠳᠤ

ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕

      ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠢᠮᠠᠭᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ

ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠭᠤᠯᠬᠤ ᠶᠢ

ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ

ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ

ᠲᠤᠭᠤᠰᠢᠯᠠᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ

ᠬᠤᠷᠢᠶᠠᠨ ᠤ ︽ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ ᠥᠨᠳᠥᠷ ᠬᠡᠪ 

ᠴᠢᠨᠠᠷ ᠪᠥᠬᠦᠢ ᠳᠤᠰᠬᠠᠢ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠪᠠᠶᠢᠭᠤᠯᠬᠤ ᠲᠤᠬᠠᠢ ᠰᠠᠨᠠᠯ︾ ᠢ ᠨᠠᠷᠢᠨ

ᠬᠢᠨᠠᠮᠠᠭᠠᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ

ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠨ᠂ ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ ᠶᠡᠭᠡ ᠪᠠᠷ

ᠪᠠᠳᠠᠷᠠᠭᠤᠯᠤᠨ ᠦᠢᠯᠡᠳᠦᠯᠭᠡᠵᠢᠭᠦᠯᠵᠦ᠂ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠢ

ᠠᠬᠢᠭᠤᠯᠤᠨ᠂ ᠤᠮᠠᠷᠠᠲᠤ ᠬᠢᠯᠢ ᠳᠤ ᠬᠢᠴᠢᠶᠡᠩᠭᠦᠶᠢᠯᠡᠨ ᠠᠵᠢᠯᠯᠠᠵᠤ᠂ ᠠᠵᠢᠯ ᠳᠤ ᠪᠠᠨ ᠴᠠᠭᠠᠷᠠᠭᠰᠠᠨ ᠥᠨᠳᠥᠷ ᠬᠡᠪ

ᠪᠣᠯᠪᠠᠰᠤᠷᠠᠯ ᠲᠠᠢ ᠪᠠᠭᠰᠢ ᠶᠢᠨ ᠡᠩᠨᠡᠭᠡ ᠶᠢ ᠬᠦᠴᠦᠯᠡᠨ ᠳᠠᠪᠲᠠᠨ ᠪᠣᠯᠪᠠᠰᠤᠷᠠᠭᠤᠯᠵᠤ᠂ ᠰᠤᠷᠭᠠᠨ ᠬᠥᠮᠦᠵᠢᠯ ᠢᠶᠠᠷ

ᠣᠷᠣᠨ ᠢᠶᠠᠨ ᠬᠦᠴᠦᠷᠬᠡᠭᠵᠢᠭᠦᠯᠬᠦ ᠶᠢ ᠲᠦᠷᠭᠡᠳᠬᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ

ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠬᠦᠴᠦᠲᠡᠢ ᠪᠠᠲᠤᠯᠠᠭ᠎ᠠ ᠬᠠᠩᠭᠠᠪᠠ᠃

      2023 ᠣᠨ ᠤ ᠡᠴᠦᠰ ᠪᠣᠯᠲᠠᠯ᠎ᠠ᠂ ᠪᠦᠬᠦ ᠣᠷᠣᠨ ᠤ ᠡᠯ᠎ᠡ ᠱᠠᠲᠤᠨ ᠤ ᠡᠯ᠎ᠡ ᠲᠥᠷᠥᠯ ᠤᠨ ᠪᠠᠭᠰᠢ          

41.02 ᠲᠥᠮᠡᠨ ᠬᠥᠮᠦᠨ᠂ ᠲᠤᠰᠬᠠᠢ ᠪᠠᠭᠰᠢ 31.77 ᠲᠥᠮᠡᠨ ᠬᠥᠮᠦᠨ  ᠳᠤ ᠬᠦᠷᠴᠦ᠂ ᠡᠭᠦᠨ ᠳᠤ ᠰᠠᠭᠤᠷᠢ

ᠰᠤᠷᠭᠠᠨ ᠬᠥᠮᠦᠵᠢᠯ ᠤᠨ ᠲᠤᠰᠬᠠᠢ ᠪᠠᠭᠰᠢ 27.31 ᠲᠦᠮᠡᠨ ᠬᠥᠮᠦᠨ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ

ᠲᠤᠰᠬᠠᠢ ᠪᠠᠭᠰᠢ 1.46 ᠲᠦᠮᠡᠨ ᠬᠥᠮᠦᠨ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠲᠤᠰᠬᠠᠢ ᠪᠠᠭᠰᠢ 3

ᠲᠦᠮᠡᠨ ᠬᠥᠮᠦᠨ ᠪᠣᠢ᠂ ᠲᠤᠰᠬᠠᠢ ᠪᠠᠭᠰᠢ ᠶᠢᠨ ᠶᠡᠷᠦᠩᠬᠡᠢ ᠲᠤᠭ᠎ᠠ 2020 ᠣᠨ ︵︽ᠠᠷᠪᠠᠨ ᠭᠤᠷᠪᠠᠳᠤᠭᠠᠷ

ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯᠴᠢ︶ ᠠᠴᠠ 2.4 ᠲᠦᠮᠡᠨ ᠬᠥᠮᠦᠨ ᠨᠡᠮᠡᠭᠳᠡᠵᠦ᠂ 8.2%

ᠨᠡᠮᠡᠭᠳᠡᠪᠡ᠃ ᠡᠭᠦᠨ ᠳᠤ᠂ ᠵᠢᠩᠬᠢᠨᠢ ᠠᠩᠭᠢ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠲᠤᠰᠬᠠᠢ ᠪᠠᠭᠰᠢ ᠶᠢᠨ

ᠡᠵᠡᠯᠡᠬᠦ ᠬᠠᠷᠢᠴᠠᠯ 84.2% ᠬᠦᠷᠴᠦ᠂ 12.8% ᠨᠡᠮᠡᠭᠳᠡᠪᠡ᠃ ᠪᠦᠬᠦ ᠣᠷᠣᠨ ᠤ ᠪᠠᠭᠰᠢ ᠶᠢᠨ ᠡᠩᠨᠡᠭᠡᠨ ᠤ

ᠪᠦᠬᠦᠯᠢ ᠴᠣᠭᠴᠠ ᠶᠢᠨ ᠲᠤᠭ᠎ᠠ ᠪᠠ ᠰᠤᠷᠤᠯᠭ᠎ᠠ ᠶᠢᠨ ᠨᠠᠮᠲᠠᠷ ᠤᠨ ᠪᠦᠲᠦᠴᠡ ᠤᠯᠠᠮ ᠨᠢᠭᠡ ᠠᠯᠬᠤᠮ          

ᠳᠡᠭᠡᠭᠰᠢᠯᠡᠪᠡ᠃ ᠡᠳᠦᠭᠡ ᠭᠤᠣᠯᠳᠠᠯᠭ᠎ᠠ ᠶᠢ 5 ᠲᠠᠯ᠎ᠠ ᠠᠴᠠ ᠪᠣᠳᠠᠲᠠᠢ ᠲᠠᠨᠢᠯᠴᠠᠭᠤᠯᠤᠶ᠎ᠠ᠃

      ᠨᠢᠭᠡ ᠳᠤ᠂ ᠪᠠᠭᠰᠢ ᠶᠢᠨ ᠮᠣᠷᠠᠯ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠷᠠᠭᠤᠯᠪᠠ᠃

ᠪᠠᠭᠰᠢ ᠶᠢᠨ ᠮᠣᠷᠠᠯ ᠰᠤᠷᠲᠠᠯ ᠢ ᠢᠮᠠᠭᠲᠠ ᠪᠠᠭᠰᠢ ᠶᠢᠨ ᠡᠩᠨᠡᠭᠡᠨ ᠤ ᠬᠡᠪ ᠴᠢᠨᠠᠷ ᠢ ᠦᠨᠡᠯᠡᠬᠦ ᠨᠢᠭᠡᠳᠦᠭᠡᠷ ᠪᠠᠷᠢᠮᠵᠢᠶ᠎ᠠ

ᠪᠣᠯᠭᠠᠵᠤ᠂ ᠪᠠᠭᠰᠢ ᠶᠢᠨ ᠰᠤᠷᠭᠠᠭᠤᠯᠢ ᠶᠢᠨ ᠰᠤᠷᠤᠭᠴᠢ ᠶᠢ ᠬᠥᠮᠦᠵᠢᠭᠦᠯᠬᠦ᠂ ᠪᠠᠭᠰᠢ ᠰᠤᠷᠭᠠᠭᠤᠯᠢ ᠶᠢᠨ ᠵᠠᠬᠢᠷᠤᠯ ᠢ

ᠪᠣᠯᠪᠠᠰᠤᠷᠠᠭᠤᠯᠬᠤ ᠶᠢ ᠵᠠᠪᠠᠯ ᠰᠤᠷᠬᠤ ᠬᠢᠴᠢᠶᠡᠯ ᠳᠤ ᠣᠷᠣᠭᠤᠯᠵᠤ᠂ ᠪᠠᠭᠰᠢ ᠶᠢᠨ ᠬᠢᠷᠢ ᠭᠡᠮ ᠲᠠᠢ ᠶᠢ ᠵᠥᠪᠰᠢᠶᠡᠷᠡᠨ

ᠣᠷᠣᠭᠤᠯᠬᠤ᠂ ᠤᠷᠢᠵᠤ ᠣᠷᠣᠭᠤᠯᠬᠤ᠂ ᠳᠤᠰᠢᠶᠠᠯ ᠤᠨ ᠴᠣᠯᠠ ᠲᠣᠭᠲᠠᠭᠠᠵᠤ ᠤᠷᠢᠬᠤ᠂ ᠰᠢᠯᠢᠳᠡᠭ ᠢ ᠰᠢᠯᠭᠠᠷᠠᠭᠤᠯᠤᠨ

ᠱᠠᠩᠨᠠᠬᠤ᠂ ᠲᠥᠷᠥᠯ ᠵᠦᠢᠯ ᠮᠡᠳᠡᠭᠦᠯᠬᠦ ᠶᠢᠨ ᠲᠡᠷᠢᠭᠦᠨ ᠴᠢᠬᠤᠯᠠ ᠱᠠᠭᠠᠷᠳᠠᠯᠭ᠎ᠠ ᠪᠣᠯᠭᠠᠪᠠ᠃ ᠪᠠᠭᠰᠢ ᠶᠢᠨ ᠮᠣᠷᠠᠯ

ᠰᠤᠷᠲᠠᠯ ᠤᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ︽ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ

ᠶᠡᠭᠡ ᠪᠠᠷ ᠪᠠᠳᠠᠷᠠᠭᠤᠯᠬᠤ︾ ᠪᠠᠷ ᠭᠤᠣᠯ ᠰᠡᠳᠦᠪ ᠪᠣᠯᠭᠠᠨ᠂ ︽ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ

ᠶᠡᠭᠡ ᠪᠠᠷ ᠪᠠᠳᠠᠷᠠᠭᠤᠯᠵᠤ᠂ ᠤᠮᠠᠷᠠᠲᠤ ᠬᠢᠯᠢ ᠶᠢᠨ ᠰᠤᠷᠭᠠᠨ ᠬᠥᠮᠦᠵᠢᠯ ᠤᠨ ᠲᠠᠪᠴᠠᠩ ᠳᠤ ᠬᠢᠴᠢᠶᠡᠩᠭᠦᠶᠢᠯᠡᠨ

ᠠᠵᠢᠯᠯᠠᠬᠤ︾ ᠪᠠᠭᠰᠢ ᠶᠢᠨ ᠮᠤᠷᠠᠯ ᠤᠨ ᠭᠤᠣᠯ ᠰᠡᠳᠦᠪᠲᠦ ᠬᠥᠮᠦᠵᠢᠯ᠂ ︽ᠰᠤᠷᠭᠠᠨ ᠬᠥᠮᠥᠵᠢᠯᠳᠡᠨ ᠤ ᠵᠣᠷᠢᠭ          

ᠰᠠᠨᠠᠭ᠎ᠠ︾  ᠶᠢ ᠲᠣᠭᠤᠷᠢᠨ ᠤᠬᠠᠭᠤᠯᠤᠨ ᠲᠠᠶᠢᠯᠪᠤᠷᠢᠯᠠᠬᠤ᠂ ᠪᠠᠭᠰᠢ ᠶᠢᠨ ᠮᠤᠷᠠᠯ ᠤᠨ ᠰᠢᠯᠢᠳᠡᠭ ᠬᠡᠷᠡᠭ ᠤᠨ ᠵᠢᠱᠢᠶ᠎ᠡ ᠶᠢ

ᠰᠣᠩᠭᠤᠨ ᠪᠣᠢ ᠪᠣᠯᠭᠠᠬᠤ ᠵᠡᠷᠭᠡ ᠠᠯᠢ ᠣᠯᠠᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ᠃ ᠰᠢᠯᠢᠳᠡᠭ

ᠪᠠᠭᠰᠢ ᠶᠢ ᠰᠣᠩᠭᠤᠨ ᠪᠣᠢ ᠪᠣᠯᠭᠠᠬᠤ ᠡᠷᠴᠢᠮ ᠢ ᠴᠢᠩᠭᠠᠷᠠᠭᠤᠯᠵᠤ᠂ ᠮᠠᠨ ᠤ ᠣᠷᠣᠨ ᠳᠤ ᠬᠡᠰᠡᠭ ᠪᠦᠯᠦᠭ ᠰᠢᠯᠢᠳᠡᠭ

ᠪᠠᠭᠰᠢ ᠴᠣᠯᠭᠤᠷᠠᠪᠠ᠂ ᠵᠢᠱᠢᠶᠡᠯᠡᠪᠡᠯ᠂ ᠪᠦᠬᠦ ᠤᠯᠤᠰ ᠤᠨ ︽ᠬᠠᠮᠤᠭ ᠤᠨ ᠭᠤᠶᠣ ᠪᠠᠭᠰᠢ︾ ᠶᠢᠨ ᠴᠣᠯᠠ ᠶᠢ

ᠬᠦᠷᠲᠡᠭᠰᠡᠨ ᠸᠠᠩ ᠸᠧᠨ ᠱᠠᠨ ᠫᠷᠤᠹᠧᠰᠰᠤᠷ᠂ 2024 ᠣᠨ ᠳᠤ ᠪᠦᠬᠦ ᠤᠯᠤᠰ ᠤᠨ ᠰᠤᠷᠭᠠᠨ ᠬᠥᠮᠦᠵᠢᠯ ᠤᠨ

ᠰᠢᠰᠲ᠋ᠧᠮ ᠤᠨ ᠲᠡᠷᠢᠭᠦᠨ ᠤ ᠬᠠᠮᠲᠤ ᠨᠡᠶᠢᠲᠡ 13 ᠰᠤᠷᠭᠠᠭᠤᠯᠢ ᠪᠣᠯᠤᠨ ᠲᠡᠷᠢᠭᠦᠨ ᠤ ᠬᠤᠪᠢ ᠬᠥᠮᠦᠨ 44 ᠪᠠᠭᠰᠢ᠂

2024 ᠣᠨ ᠳᠤ ᠪᠦᠬᠦ ᠤᠯᠤᠰ ᠤᠨ ᠪᠢᠴᠢᠭ ᠵᠢᠭᠠᠵᠤ ᠬᠥᠮᠦᠨ ᠬᠥᠮᠦᠵᠢᠭᠦᠯᠬᠦ ᠵᠢᠱᠢᠶᠡᠴᠢ ᠶᠢᠨ ᠴᠣᠯᠠ

ᠬᠦᠷᠲᠡᠭᠰᠡᠨ ᠾᠧ ᠯᠠᠢ ᠬᠣ᠋ ᠪᠠᠭᠰᠢ ᠵᠡᠷᠭᠡ ᠪᠣᠢ᠃ ᠪᠠᠭᠰᠢ ᠶᠢᠨ ᠮᠣᠷᠠᠯ ᠢ ᠵᠦᠷᠢᠴᠡᠭᠰᠡᠨ ᠠᠵᠢᠯᠯᠠᠭᠠᠨ ᠤ ᠨᠠᠵᠠᠭᠠᠢ

ᠲᠠᠯ᠎ᠠ ᠶᠢᠨ ᠨᠠᠷᠢᠨ ᠳᠠᠩᠰᠠ ᠶᠢ ᠲᠣᠭᠲᠠᠭᠠᠵᠤ᠂ ᠤᠷᠢᠳ ᠬᠤᠵᠢᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ

ᠣᠷᠣᠨ ᠤ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠪᠠᠭᠰᠢ ᠶᠢᠨ ᠠᠵᠢᠯ ᠤᠨ ᠮᠣᠷᠠᠯ ᠠᠴᠠ

ᠵᠥᠷᠢᠴᠡᠭᠰᠡᠨ ᠠᠵᠢᠯᠯᠠᠭ᠎ᠠ ᠶᠢ ᠰᠢᠢᠳᠪᠦᠷᠢᠯᠡᠬᠦ ᠠᠷᠭ᠎ᠠ︾ ᠵᠡᠷᠭᠡ ᠠᠯᠢ ᠣᠯᠠᠨ ᠲᠥᠷᠥ ᠶᠢᠨ ᠪᠣᠳᠣᠯᠭ᠎ᠠ ᠳᠦᠷᠢᠮ ᠢ

ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠪᠠᠭᠰᠢ ᠶᠢᠨ ᠮᠣᠷᠠᠯ ᠤᠨ ᠳᠦᠷᠢᠮ ᠠᠴᠠ ᠵᠥᠷᠢᠴᠡᠭᠰᠡᠨ

ᠠᠰᠠᠭᠤᠳᠠᠯ ᠤᠨ ᠰᠦᠪᠡᠭᠴᠢ ᠶᠢ ᠢᠯᠡᠴᠢᠯᠡᠨ ᠮᠡᠳᠡᠭᠦᠯᠬᠦ ᠲᠠᠪᠴᠠᠩ ᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ᠂

ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠳᠤ ᠵᠠᠭᠠᠯᠳᠤᠵᠤ ᠢᠯᠡᠴᠢᠯᠡᠨ ᠮᠡᠳᠡᠭᠦᠯᠬᠦ ᠤᠲᠠᠰᠤ ᠶᠢ

ᠲᠣᠬᠢᠷᠠᠭᠤᠯᠵᠤ᠂ ᠳᠥᠷᠪᠡᠨ ᠱᠠᠲᠤᠨ ᠤ ᠪᠠᠭᠰᠢ ᠶᠢᠨ ᠮᠣᠷᠠᠯ ᠲᠤ ᠬᠢᠨᠠᠯᠲᠠ ᠲᠠᠯᠪᠢᠭᠴᠢ ᠶᠢᠨ ᠡᠩᠨᠡᠭᠡ ᠶᠢ ᠵᠣᠬᠢᠶᠠᠨ

ᠪᠠᠶᠢᠭᠤᠯᠵᠤ᠂ ᠪᠠᠭᠰᠢ ᠶᠢᠨ ᠮᠣᠷᠠᠯ ᠰᠤᠷᠲᠠᠯ ᠤᠨ ᠲᠣᠭᠲᠠᠭᠠᠯ ᠠᠴᠠ ᠵᠥᠷᠢᠴᠡᠭᠰᠡᠨ ᠬᠡᠷᠡᠭ ᠢ ᠰᠡᠷᠡᠮᠵᠢᠯᠡᠭᠦᠯᠵᠦ

ᠰᠡᠷᠭᠡᠶᠢᠯᠡᠨ ᠡᠵᠡᠮᠳᠡᠬᠦ᠂ ᠵᠢᠷᠤᠮᠵᠢᠭᠤᠯᠵᠤ ᠬᠢᠨᠠᠨ ᠪᠠᠶᠢᠴᠠᠭᠠᠬᠤ᠂ ᠮᠡᠳᠡᠭᠳᠡᠵᠦ ᠵᠠᠯᠬᠠᠭᠠᠨ ᠴᠡᠭᠡᠷᠯᠡᠭᠦᠯᠬᠦ‍ ᠨᠢᠭᠡ

ᠴᠣᠭᠴᠠᠵᠢᠭᠤᠯᠤᠭᠰᠠᠨ ᠠᠵᠢᠯ ᠤᠨ ᠲᠣᠭᠲᠠᠴᠠ ᠶᠢ ᠪᠠᠶᠢᠭᠤᠯᠵᠤ᠂ ᠪᠠᠭᠰᠢ ᠶᠢᠨ ᠮᠣᠷᠠᠯ ᠰᠤᠷᠲᠠᠯ ᠤᠨ

ᠪᠠᠶᠢᠭᠤᠯᠤᠯᠲᠠ ᠶᠢᠨ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠠᠯᠬᠤᠮ ᠠᠯᠬᠤᠮ ᠢᠶᠠᠷ

ᠲᠡᠭᠦᠯᠳᠡᠷᠵᠢᠭᠦᠯᠪᠡ᠃

      ᠬᠤᠶᠠᠷ ᠲᠤ᠂ ᠪᠠᠭᠰᠢ ᠶᠢᠨ ᠬᠠᠮᠢᠶᠠᠷᠤᠯᠲᠠ ᠶᠢᠨ ᠳᠦᠷᠢᠮ ᠢ ᠡᠳᠦᠷ ᠢᠷᠡᠬᠦᠶ᠎ᠡ ᠲᠡᠭᠦᠯᠳᠡᠷᠵᠢᠭᠦᠯᠪᠡ᠃

ᠪᠠᠭᠰᠢ ᠶᠢᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠲᠥᠷᠥᠯ ᠬᠤᠪᠢᠶᠠᠨ ᠠᠬᠢᠭᠤᠯᠪᠠ᠂ ᠰᠠᠭᠤᠷᠢ ᠰᠤᠷᠭᠠᠨ

ᠬᠥᠮᠦᠵᠢᠯ ᠤᠨ ᠲᠠᠯ᠎ᠠ ᠪᠠᠷ᠄ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ ᠢᠯᠡ ᠪᠠᠷ ᠤᠷᠢᠬᠤ ᠤᠳᠠᠭᠠᠨ 

ᠳᠠᠭᠠᠭᠠᠮᠠᠭᠠᠢ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠵᠦ᠂ ᠪᠠᠭᠰᠢ ᠶᠢᠨ ᠣᠷᠣᠨ ᠲᠤᠭ᠎ᠠ ᠶᠢ ᠠᠶᠠᠨᠳᠠᠭᠠᠨ

ᠬᠠᠰᠤᠬᠤ ᠪᠠ ᠤᠷᠢᠵᠤ ᠨᠥᠬᠦᠪᠥᠷᠢᠯᠡᠬᠦ ᠶᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠪᠠ᠃ ᠪᠦᠬᠦ ᠣᠷᠣᠨ ᠤ 33

ᠬᠤᠰᠢᠭᠤ ᠰᠢᠶᠠᠨ ︵ᠬᠤᠲᠠ᠂ ᠲᠣᠭᠤᠷᠢᠭ︶ ᠳᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ             

︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ

ᠲᠤᠷᠰᠢᠯᠲᠠ ᠶᠢᠨ ᠴᠡᠭ ᠢ ᠡᠬᠢᠯᠡᠭᠦᠯᠵᠦ᠂ ᠣᠷᠣᠨ ᠲᠣᠭᠠᠨ ᠤ ︽ᠡᠷᠭᠢᠯᠲᠡ ᠶᠢᠨ ᠲᠠᠲᠠᠭᠠᠯ︾ ᠢ ᠪᠠᠶᠢᠭᠤᠯᠤᠨ᠂

ᠪᠠᠭᠰᠢ ᠠᠵᠢᠯᠲᠠᠨ ᠠᠵᠢᠯᠴᠢᠨ ᠤ ᠣᠷᠣᠨ ᠲᠣᠭᠠᠨ ᠤ ᠬᠡᠷᠡᠭᠴᠡᠭᠡ ᠶᠣᠰᠣᠭᠠᠷ ᠬᠠᠨᠳᠤᠰᠢ ᠶᠢ ᠲᠣᠬᠢᠷᠠᠭᠤᠯᠬᠤ ᠶᠢ

ᠪᠡᠶᠡᠯᠡᠭᠦᠯᠪᠡ᠃ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠣᠯᠠ ᠶᠢ ᠳᠣᠭᠲᠠᠭᠠᠵᠤ ᠤᠷᠢᠬᠤ

ᠳᠦᠷᠢᠮ  ᠤᠨ ᠥᠭᠡᠷᠡᠴᠢᠯᠡᠯᠲᠡ  ᠶᠢ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠵᠢᠭᠠᠨ ᠰᠤᠷᠭᠠᠯᠲᠠ ᠶᠢᠨ

ᠨᠢᠭᠡᠳᠦᠭᠡᠷ ᠹᠷᠣᠨᠲ ᠲᠤ ᠦᠨᠳᠦᠰᠦᠯᠡᠭᠰᠡᠨ ᠪᠠ ᠬᠥᠮᠦᠨ ᠬᠥᠮᠦᠵᠢᠭᠦᠯᠬᠦ ᠦᠷ᠎ᠡ ᠪᠦᠲᠦᠮᠵᠢ ᠪᠠᠷ ᠲᠣᠪᠤᠶᠢᠮ᠎ᠠ ᠪᠠᠭᠰᠢ

ᠲᠡᠶᠢᠰᠢ ᠬᠡᠯᠪᠡᠶᠢᠯᠭᠡᠪᠡ᠃ ᠪᠠᠭᠰᠢ ᠶᠢᠨ ︽ᠣᠷᠣᠬᠤ ᠪᠣᠭᠤᠮᠲᠠ︾ ᠶᠢ ᠴᠢᠩᠭ᠎ᠠ ᠠᠳᠬᠤᠵᠤ᠂ ᠪᠠᠭᠰᠢ ᠶᠢᠨ ᠬᠢᠷᠢ

ᠭᠡᠮ ᠤᠨ ᠰᠢᠯᠭᠠᠯᠲᠠ ᠶᠢ ᠪᠦᠬᠦ ᠤᠯᠤᠰ ᠤᠨ ᠨᠢᠭᠡᠳᠦᠯᠲᠡᠢ ᠰᠢᠯᠭᠠᠯᠲᠠ  ᠳᠤ ᠣᠷᠣᠭᠤᠯᠵᠤ᠂ ᠪᠠᠭᠰᠢ ᠶᠢᠨ ᠬᠢᠷᠢ ᠭᠡᠮ ᠢ

ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ ᠶᠢ ᠪᠦᠬᠦ ᠲᠠᠯ᠎ᠠ ᠪᠠᠷ ᠬᠡᠷᠡᠭᠵᠢᠭᠦᠯᠪᠡ᠃ ᠳᠡᠭᠡᠳᠦ ᠵᠡᠷᠭᠡ ᠶᠢᠨ ᠰᠤᠷᠭᠠᠨ

ᠬᠥᠮᠦᠵᠢᠯ ᠤᠨ ᠲᠠᠯ᠎ᠠ ᠪᠠᠷ᠄ ᠶᠡᠭᠡ ᠳᠡᠭᠡᠳᠦ ᠰᠤᠷᠭᠠᠭᠤᠯᠢ ᠶᠢᠨ ᠠᠵᠢᠯᠲᠠᠨ ᠤ ᠶᠡᠷᠦᠩᠬᠡᠢ ᠲᠣᠭᠠᠨ ᠤ

ᠬᠠᠮᠢᠶᠠᠷᠤᠯᠲᠠ ᠶᠢᠨ ᠥᠭᠡᠷᠡᠴᠢᠯᠡᠯᠲᠡ ᠶᠢ ᠬᠡᠷᠡᠭᠵᠢᠭᠦᠯᠵᠦ᠂ ︽ᠣᠷᠣᠨ ᠲᠤᠭ᠎ᠠ + ᠬᠢᠵᠠᠭᠠᠷᠯᠠᠬᠤ          

ᠲᠤᠭ᠎ᠠ︾ ᠶᠣᠰᠤᠭᠠᠷ 14 ᠶᠡᠭᠡ ᠳᠡᠭᠡᠳᠦ ᠰᠤᠷᠭᠠᠭᠤᠯᠢ ᠶᠢᠨ ᠠᠵᠢᠯ ᠤᠨ ᠪᠠᠶᠢᠷᠢ ᠳᠤ ᠪᠠᠶᠢᠭ᠎ᠠ ᠪᠠᠭᠰᠢ ᠶᠢᠨ

ᠶᠡᠷᠦᠩᠬᠡᠢ ᠲᠤᠭ᠎ᠠ ᠶᠢ 2 ᠲᠦᠮᠡ ᠭᠠᠷᠤᠢ ᠬᠥᠮᠦᠨ ᠢᠶᠠᠷ ᠲᠣᠭᠲᠠᠭᠠᠵᠤ᠂ ᠳᠡᠭᠡᠳᠦ ᠳᠡᠰ ᠤᠨ ᠴᠢᠳᠠᠪᠤᠷᠢᠲᠠᠨ ᠢ

ᠣᠷᠣᠭᠤᠯᠤᠨ ᠠᠪᠴᠢᠷᠠᠬᠤ ᠲᠤᠰᠬᠠᠢ ᠵᠦᠢᠯ ᠤᠨ ᠣᠷᠣᠨ ᠲᠤᠭ᠎ᠠ ᠶᠢ ᠨᠡᠮᠡᠪᠡ᠃ ᠶᠡᠭᠡ ᠳᠡᠭᠡᠳᠦ ᠰᠤᠷᠭᠠᠭᠤᠯᠢ ᠶᠢᠨ

ᠪᠠᠭᠰᠢ ᠶᠢᠨ ᠳᠤᠰᠢᠶᠠᠯ ᠤᠨ ᠴᠣᠯᠠ ᠶᠢ ᠬᠢᠨᠠᠨ ᠲᠣᠭᠲᠠᠭᠠᠬᠤ ᠶᠢ ᠡᠵᠡᠨ ᠮᠡᠳᠡᠬᠦ ᠡᠷᠬᠡ ᠶᠢ ᠪᠦᠬᠦ ᠲᠠᠯ᠎ᠠ ᠪᠠᠷ

ᠳᠣᠷᠣᠭᠰᠢ ᠪᠠᠭᠤᠯᠭᠠᠵᠤ᠂ ᠶᠡᠭᠡ ᠳᠡᠭᠡᠳᠦ ᠰᠤᠷᠭᠠᠭᠤᠯᠢ ᠶᠢᠨ ᠴᠠᠯᠢᠩ ᠬᠥᠯᠦᠰᠦᠨ ᠤ ᠳᠦᠷᠢᠮ ᠤᠨ ᠥᠭᠡᠷᠡᠴᠢᠯᠡᠯᠲᠡ ᠶᠢ

ᠠᠬᠢᠭᠤᠯᠤᠨ᠂ ᠳᠣᠲᠣᠭᠠᠳᠤ ᠶᠢᠨ ᠣᠷᠣᠯᠭ᠎ᠠ ᠶᠢᠨ ᠬᠤᠪᠢᠶᠠᠷᠢᠯᠠᠯᠲᠠ ᠶᠢ ᠤᠷᠮᠠᠰᠢᠭᠤᠯᠬᠤ ᠲᠣᠭᠲᠠᠴᠠ ᠶᠢ

ᠲᠡᠭᠦᠯᠳᠡᠷᠵᠢᠭᠦᠯᠪᠡ᠃ ᠶᠡᠭᠡ ᠳᠡᠭᠡᠳᠦ ᠰᠤᠷᠭᠠᠭᠤᠯᠢ ᠶᠢᠨ ᠰᠢᠨ᠎ᠡ ᠪᠠᠷ ᠠᠵᠢᠯ ᠳᠤ ᠣᠷᠣᠬᠤ ᠪᠠᠭᠰᠢ ᠶᠢ ᠲᠤᠰᠠᠯᠠᠬᠤ

ᠳᠦᠷᠢᠮ ᠢ ᠡᠬᠢᠯᠡᠨ ᠬᠡᠷᠡᠭᠵᠢᠭᠦᠯᠵᠦ᠂ ᠰᠢᠨ᠎ᠡ ᠪᠠᠷ ᠲᠤᠰᠢᠶᠠᠯ ᠳᠤ ᠭᠠᠷᠤᠭᠰᠠᠨ ᠪᠠᠭᠰᠢ ᠶᠢᠨ ᠤᠯᠤᠰ ᠲᠥᠷᠥ ᠶᠢᠨ ᠬᠡᠪ

ᠪᠣᠯᠪᠠᠰᠤᠷᠠᠯ᠂ ᠪᠠᠭᠰᠢ ᠶᠢᠨ ᠮᠣᠷᠠᠯ ᠰᠤᠷᠲᠠᠯ᠂ ᠵᠢᠭᠠᠬᠤ ᠴᠢᠳᠠᠪᠤᠷᠢ ᠵᠡᠷᠭᠡ ᠳᠤ ᠲᠣᠳᠣᠷᠬᠠᠢ ᠱᠠᠭᠠᠷᠳᠠᠯᠭ᠎ᠠ          

ᠳᠤᠷᠠᠳᠪᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠠᠯ᠎ᠠ  ᠪᠠᠷ᠄ ︽ᠬᠤᠣᠰ ᠬᠡᠯᠪᠡᠷᠢ︾ ᠶᠢᠨ ᠪᠠᠭᠰᠢ ᠶᠢᠨ

ᠡᠩᠨᠡᠭᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠬᠤᠣᠰ ᠬᠡᠯᠪᠡᠷᠢ︾ ᠶᠢᠨ ᠪᠠᠭᠰᠢ ᠶᠢᠨ ᠪᠠᠷᠢᠮᠵᠢᠶ᠎ᠠ ᠪᠠ

ᠮᠠᠭᠠᠳᠯᠠᠨ ᠲᠣᠭᠲᠠᠭᠠᠬᠤ ᠠᠷᠭ᠎ᠠ ᠶᠢ ᠲᠣᠭᠲᠠᠭᠠᠵᠤ᠂ ︽ᠬᠤᠣᠰ ᠬᠡᠯᠪᠡᠷᠢ︾ ᠶᠢᠨ ᠪᠠᠭᠰᠢ ᠶᠢᠨ ᠡᠵᠡᠯᠡᠬᠦ ᠬᠠᠷᠢᠴᠠᠯ ᠢ

57.8% ᠬᠦᠷᠭᠡᠵᠦ᠂ ᠤᠯᠤᠰ ᠤᠨ ᠲᠣᠭᠲᠠᠭᠠᠭᠰᠠᠨ 50% ᠶᠢᠨ ᠬᠠᠷᠠᠯᠲᠠ ᠪᠠ ᠱᠠᠭᠠᠷᠳᠠᠯᠭ᠎ᠠ ᠶᠢ          

ᠳᠠᠪᠠᠭᠤᠯᠪᠠ᠃ ᠰᠤᠷᠭᠠᠭᠤᠯᠢ ᠪᠠ ᠠᠵᠤ ᠠᠬᠤᠶᠢᠯᠠᠯ ᠤᠨ ᠨᠢᠭᠲᠠ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ

ᠴᠢᠩᠭᠠᠳᠬᠠᠵᠤ᠂ ᠵᠥᠪᠬᠡᠨ 2024 ᠣᠨ ᠤ ᠳᠡᠭᠡᠷ᠎ᠡ ᠬᠠᠭᠠᠰ ᠵᠢᠯ ᠳᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ

ᠠᠵᠤ ᠠᠬᠤᠶᠢᠯᠠᠯ ᠤᠨ ᠮᠡᠷᠭᠡᠵᠢᠯ ᠤᠨ ᠠᠵᠢᠯᠲᠠᠨ 1727 ᠬᠥᠮᠦᠨ ᠢ ᠤᠷᠢᠨ ᠰᠤᠷᠭᠠᠭᠤᠯᠢ ᠳᠤ ᠣᠴᠢᠭᠤᠯᠵᠤ᠂

ᠠᠵᠢᠯ ᠮᠡᠷᠭᠡᠵᠢᠯ  ᠤᠨ ᠰᠤᠷᠭᠠᠭᠤᠯᠢ ᠶᠢᠨ 326 ᠪᠠᠭᠰᠢ ᠠᠵᠤ ᠠᠬᠤᠶᠢᠯᠠᠯ  ᠳᠤ ᠲᠤᠰᠢᠶᠠᠯ ᠬᠠᠪᠰᠤᠷᠭᠠᠪᠠ᠃

      ᠭᠤᠷᠪᠠ ᠳᠤ᠂ ᠪᠠᠭᠰᠢ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠡᠩ ᠰᠢᠯᠢᠳᠡᠭᠵᠢᠭᠦᠯᠪᠡ᠃ ᠪᠠᠭᠰᠢ

ᠤᠷᠢᠬᠤ ᠡᠷᠴᠢᠮ ᠢ ᠴᠢᠩᠭᠠᠷᠠᠭᠤᠯᠵᠤ᠂ ᠪᠠᠭᠰᠢ ᠤᠷᠢᠬᠤ ᠬᠡᠯᠪᠡᠷᠢ ᠶᠢᠨ ᠰᠢᠨ᠎ᠡ ᠶᠢ ᠡᠭᠦᠳᠴᠦ᠂ ︽ᠠᠷᠪᠠᠨ

ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠠᠴᠠ ᠨᠠᠭᠠᠰᠢ᠂ ᠪᠦᠬᠦ ᠣᠷᠣᠨ ᠳᠤ ᠳᠤᠮᠳᠠᠳᠤ ᠪᠠᠭ᠎ᠠ

ᠰᠤᠷᠭᠠᠭᠤᠯᠢ ᠬᠡᠦᠬᠡᠳ ᠤᠨ ᠴᠡᠴᠡᠷᠯᠢᠭ ᠤᠨ ᠪᠠᠭᠰᠢ ᠶᠢ 4.1 ᠲᠦᠮᠡ ᠭᠠᠷᠤᠢ ᠤᠷᠢᠵᠤ᠂ ᠪᠠᠴᠢᠮ ᠬᠡᠷᠡᠭᠴᠡᠭᠡ ᠲᠠᠢ

ᠳᠤᠲᠠᠭᠳᠠᠵᠤ ᠪᠠᠶᠢᠭ᠎ᠠ ᠬᠢᠴᠢᠶᠡᠯ ᠲᠥᠷᠦᠯ ᠪᠠ ᠦᠨᠳᠦᠰᠦᠨ ᠱᠠᠲᠤᠨ ᠤ ᠪᠠᠭᠰᠢ ᠳᠤ ᠴᠢᠭᠯᠡᠭᠦᠯᠦᠨ ᠪᠢᠷ ᠤᠨ

ᠰᠢᠯᠭᠠᠯᠲᠠ ᠬᠢᠬᠦ ᠬᠠᠷᠢᠴᠠᠯ ᠢ ᠪᠠᠭᠤᠷᠠᠭᠤᠯᠬᠤ᠂ ᠰᠢᠯᠭᠠᠯᠲᠠ ᠬᠢᠬᠦ ᠬᠠᠷᠢᠴᠠᠯ ᠢ ᠲᠣᠬᠢᠷᠠᠭᠤᠯᠬᠤ ᠦᠭᠡᠢ᠂ ᠰᠢᠭᠤᠳ

ᠨᠢᠭᠤᠷᠳᠠᠨ ᠰᠢᠯᠭᠠᠬᠤ ᠲᠡᠶᠢᠰᠢ ᠬᠡᠯᠪᠠᠶᠢᠯᠭᠡᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠪᠡ᠃ ᠪᠠᠭᠰᠢ ᠶᠢᠨ ᠣᠷᠣᠨ

ᠪᠦᠰᠡ ᠠᠯᠤᠰᠯᠠᠨ ᠰᠣᠯᠢᠯᠴᠠᠬᠤ ᠶᠢ ᠠᠬᠢᠭᠤᠯᠵᠤ᠂ ᠪᠦᠬᠦ ᠣᠷᠣᠨ ᠤ 1.7 ᠲᠦᠮᠡᠨ ᠪᠠᠭᠰᠢ᠂ 2219

ᠰᠤᠷᠭᠠᠭᠤᠯᠢ ᠶᠢᠨ ᠵᠠᠬᠢᠷᠤᠯ ᠠᠵᠢᠯ ᠤᠨ ᠪᠠᠶᠢᠷᠢ ᠡᠭᠡᠯᠵᠢᠯᠡᠨ ᠰᠣᠯᠢᠯᠴᠠᠬᠤ ᠶᠢ ᠪᠡᠶᠡᠯᠡᠭᠦᠯᠪᠡ᠃ ᠨᠠᠮ ᠤᠨ ᠲᠥᠪ

ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ︽ᠪᠦᠯᠬᠦᠮ ᠪᠠᠶᠢᠭᠤᠯᠬᠤ ᠮᠠᠶ᠋ᠢᠭ︾ ᠤᠨ ᠬᠠᠪᠰᠤᠷᠤᠨ

ᠲᠡᠳᠬᠦᠬᠦ ᠪᠠᠷ ᠵᠢᠯᠣᠭᠤᠳᠤᠮᠵᠢ ᠪᠣᠯᠭᠠᠵᠤ᠂ ᠢᠳᠡᠷ ᠵᠠᠯᠠᠭᠤ ᠪᠠᠭᠰᠢ ᠨᠠᠷ ᠬᠥᠳᠡᠭᠡ ᠲᠣᠰᠬᠤᠨ ᠢ ᠬᠥᠭᠵᠢᠭᠦᠯᠦᠨ

ᠮᠠᠨᠳᠤᠭᠤᠯᠬᠤ ᠳᠤ ᠬᠦᠴᠦᠨ ᠨᠡᠮᠡᠷᠢᠯᠡᠬᠦ ᠠᠵᠢᠯᠯᠠᠭ᠎ᠠ ᠶᠢ ᠬᠡᠷᠡᠭᠵᠢᠭᠦᠯᠵᠦ᠂ 2022 ᠣᠨ ᠠᠴᠠ ᠨᠠᠭᠠᠰᠢ᠂ ᠬᠤᠲᠠ 

 ᠶᠢᠨ ᠲᠣᠭᠤᠷᠢᠭ ᠤᠨ ᠰᠢᠯᠢᠳᠡᠭ ᠰᠤᠷᠭᠠᠭᠤᠯᠢ ᠶᠢᠨ 3236 ᠪᠠᠭᠰᠢ ᠶᠢ ᠰᠣᠩᠭᠤᠨ ᠲᠣᠮᠢᠯᠠᠵᠤ ᠬᠥᠳᠡᠭᠡ ᠲᠣᠰᠬᠤᠨ᠂

ᠪᠠᠭᠤᠷᠠᠢ ᠰᠤᠷᠭᠠᠭᠤᠯᠢ ᠳᠤ  ᠣᠴᠢᠭᠤᠯᠤᠨ ᠰᠤᠷᠭᠠᠨ ᠬᠥᠮᠦᠵᠢᠯ ᠢ ᠳᠡᠮᠵᠢᠭᠦᠯᠵᠦ᠂ 6.5 ᠲᠦᠮᠡ ᠭᠠᠷᠤᠢ ᠤᠳᠠᠭ᠎ᠠ

ᠵᠢᠭᠠᠬᠤ ᠶᠢ ᠰᠤᠳᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠪᠠ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ

ᠭᠦᠨᠵᠡᠭᠡᠢ ᠨᠠᠶᠢᠳᠠᠪᠤᠷᠢᠵᠢᠭᠤᠯᠵᠤ᠂ ︽ᠰᠤᠷᠭᠠᠨ ᠬᠥᠮᠦᠵᠢᠯ ᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ 

ᠬᠡᠷᠡᠭᠵᠢᠭᠦᠯᠦᠨ᠂ ᠮᠠᠨ ᠤ ᠣᠷᠣᠨ ᠤ 7 ᠠᠶᠢᠮᠠᠭ ᠬᠤᠲᠠ ᠶᠢᠨ 31 ᠬᠤᠰᠢᠭᠤ ᠰᠢᠶᠠᠨ ᠪᠣᠯᠤᠨ ᠪᠡᠭᠡᠵᠢᠩ

ᠬᠤᠲᠠ ᠶᠢᠨ 17 ᠲᠣᠭᠤᠷᠢᠭ ᠬᠤᠷᠰᠢᠶᠠᠯᠠᠵᠤ᠂ ᠪᠡᠭᠡᠵᠢᠩ ᠥᠪᠥᠷ ᠮᠣᠩᠭᠤᠯ ᠤᠨ 486 ᠳᠤᠮᠳᠠᠳᠤ ᠪᠠᠭ᠎ᠠ

ᠰᠤᠷᠭᠠᠭᠤᠯᠢ ᠳᠤ ︽ᠭᠠᠷ ᠬᠤᠯᠪᠤᠨ︾ ᠬᠤᠷᠰᠢᠶᠠᠯᠠᠬᠤ ᠬᠠᠷᠢᠴᠠᠭ᠎ᠠ ᠪᠠᠶᠢᠭᠤᠯᠵᠤ᠂ ᠪᠡᠭᠡᠵᠢᠩ ᠤᠨ ᠶᠡᠭᠡ ᠳᠡᠭᠡᠳᠦ

ᠰᠤᠷᠭᠠᠭᠤᠯᠢ ᠳᠤ ᠨᠠᠶᠢᠳᠠᠨ᠂ ᠳᠤᠮᠳᠠᠳᠤ ᠪᠠᠭ᠎ᠠ ᠰᠤᠷᠭᠠᠭᠤᠯᠢ  ᠶᠢᠨ ᠭᠤᠣᠯᠯᠠᠭᠴᠢ ᠪᠠᠭᠰᠢ ᠶᠢ 3800 ᠭᠠᠷᠤᠢ ᠬᠥᠮᠦᠨ

ᠤᠳᠠᠭ᠎ᠠ ᠪᠣᠯᠪᠠᠰᠤᠷᠠᠭᠤᠯᠵᠤ᠂ ᠮᠠᠨ  ᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠪᠣᠯᠤᠨ ᠪᠡᠭᠡᠵᠢᠩ ᠤᠨ

ᠰᠢᠯᠢᠳᠡᠭ ᠰᠤᠷᠭᠠᠭᠤᠯᠢ ᠣᠯᠠᠨ ᠲᠠᠯᠠᠪᠤᠷ ︽ᠢᠵᠢᠯ ᠳᠠᠪᠲᠠᠮᠵᠢ ᠪᠠᠷ ᠦᠢᠯᠡᠳᠦᠯᠴᠡᠬᠦ︾ ᠵᠢᠭᠠᠬᠤ ᠶᠢ ᠰᠤᠳᠤᠯᠬᠤ

ᠠᠵᠢᠯᠯᠠᠭ᠎ᠠ ᠥᠷᠨᠢᠭᠦᠯᠵᠦ᠂ 3000 ᠭᠠᠷᠤᠢ ᠪᠠᠭᠰᠢ ᠣᠷᠣᠯᠴᠠᠵᠠᠢ᠃ ᠪᠠᠭᠰᠢ ᠶᠢ ᠨᠥᠬᠦᠪᠥᠷᠢᠯᠡᠬᠦ᠂ ᠠᠵᠢᠯ ᠤᠨ

ᠪᠠᠶᠢᠷᠢ ᠰᠣᠯᠢᠬᠤ ᠵᠡᠷᠭᠡ ᠬᠡᠯᠪᠡᠷᠢ ᠪᠠᠷ ᠳᠠᠮᠵᠢᠭᠤᠯᠤᠨ᠂ ︽ᠰᠠᠶᠢᠨ ᠪᠠᠭᠰᠢ︾ ᠶᠢ ᠨᠥᠬᠦᠪᠦᠷᠢᠯᠡᠵᠦ᠂ ᠰᠢᠯᠵᠢᠭᠦᠯᠵᠦ᠂

ᠬᠥᠮᠥᠵᠢᠭᠦᠯᠪᠡ᠃

      ᠳᠥᠷᠪᠡ ᠳᠤ᠂ ᠪᠠᠭᠰᠢ ᠶᠢᠨ ᠴᠢᠳᠠᠪᠤᠷᠢ ᠬᠡᠪ ᠪᠣᠯᠪᠠᠰᠤᠷᠠᠯ ᠢ ᠲᠣᠭᠲᠠᠭᠤᠨ ᠢᠶᠠᠷ ᠳᠡᠭᠡᠭᠰᠢᠯᠡᠭᠦᠯᠪᠡ᠃ ᠶᠡᠭᠡ

ᠳᠡᠭᠡᠳᠦ ᠰᠤᠷᠭᠠᠭᠤᠯᠢ ᠳᠤ ᠪᠠᠭᠰᠢ ᠶᠢᠨ ᠲᠥᠷᠥᠯ ᠤᠨ ᠲᠤᠰᠬᠠᠢ ᠮᠡᠷᠭᠡᠵᠢᠯ ᠤᠨ ᠬᠡᠷᠡᠴᠢᠯᠡᠯᠲᠡ ᠶᠢ ᠥᠷᠨᠢᠭᠦᠯᠵᠦ᠂

ᠪᠠᠭᠰᠢ ᠶᠢᠨ ᠰᠤᠷᠭᠠᠭᠤᠯᠢ ᠶᠢᠨ ᠰᠤᠷᠭᠠᠨ ᠬᠥᠮᠦᠵᠢᠯ ᠤᠨ ᠬᠠᠮᠵᠢᠯᠴᠠᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ

ᠲᠥᠯᠥᠪᠯᠡᠭᠡ ᠶᠢ ᠠᠬᠢᠭᠤᠯᠵᠤ᠂ ᠪᠠᠭᠰᠢ ᠬᠠᠩᠭᠠᠬᠤ ᠴᠢᠨᠠᠷ ᠴᠢᠨᠰᠠᠭ᠎ᠠ ᠶᠢ ᠡᠬᠢ ᠡᠭᠦᠰᠦᠯ ᠠᠴᠠ ᠨᠢ          

ᠳᠡᠭᠡᠭᠰᠢᠯᠡᠭᠦᠯᠪᠡ᠃ ᠠᠯᠪᠠᠨ  ᠤ ᠰᠦᠢᠳᠬᠡᠯ ᠢᠶᠠᠷ ᠰᠤᠷᠭᠠᠨ ᠬᠥᠮᠦᠵᠢᠭᠦᠯᠬᠦ ᠬᠡᠪᠴᠢᠶ᠎ᠡ ᠶᠢ ᠥᠷᠭᠡᠳᠬᠡᠵᠦ᠂ ︽ᠠᠷᠪᠠᠨ

ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠠᠴᠠ ᠨᠠᠭᠠᠰᠢ᠂ ᠠᠯᠪᠠᠨ ᠤ ᠰᠦᠢᠳᠬᠡᠯ ᠢᠶᠠᠷ ᠰᠤᠷᠤᠯᠴᠠᠬᠤ

ᠪᠠᠭᠰᠢ ᠶᠢᠨ ᠮᠡᠷᠭᠡᠵᠢᠯ ᠤᠨ ᠰᠤᠷᠤᠭᠴᠢ ᠶᠢ 2353 ᠬᠥᠮᠦᠵᠢᠭᠦᠯᠪᠡ᠃ ᠪᠠᠭᠰᠢ ᠶᠢᠨ ᠪᠣᠯᠪᠠᠰᠤᠷᠠᠭᠤᠯᠤᠯ ᠢ

ᠴᠢᠩᠭᠠᠳᠬᠠᠨ᠂ ᠪᠠᠭᠰᠢ ᠶᠢᠨ ︽ᠤᠯᠤᠰ ᠤᠨ ᠪᠣᠯᠪᠠᠰᠤᠷᠠᠭᠤᠯᠤᠯ  ᠤᠨ ᠲᠥᠯᠥᠪᠯᠡᠭᠡ︾ ︽ᠣᠷᠣᠨ ᠤ

ᠪᠣᠯᠪᠠᠰᠤᠷᠠᠭᠤᠯᠤᠯ ᠤᠨ ᠲᠥᠯᠥᠪᠯᠡᠭᠡ︾ ᠶᠢ ᠬᠡᠷᠡᠭᠵᠢᠭᠦᠯᠵᠦ᠂ ᠵᠢᠯ ᠪᠦᠷᠢ ᠲᠤᠰᠬᠠᠢ ᠪᠡᠯᠡ ᠮᠥᠩᠭᠦ ᠲᠣᠬᠢᠷᠠᠭᠤᠯᠬᠤ ᠶᠢ

ᠪᠠᠲᠤᠯᠠᠪᠠ᠃ ᠣᠶᠤᠨᠴᠢ ᠰᠤᠷᠭᠠᠨ ᠬᠥᠮᠦᠵᠢᠯ ᠤᠨ ᠲᠠᠪᠴᠠᠩ ᠢ ᠠᠰᠢᠭᠯᠠᠨ ᠪᠠᠭᠰᠢ ᠶᠢᠨ ᠰᠦᠯᠵᠢᠶᠡᠨ ᠳᠤ ᠰᠤᠳᠤᠯᠤᠨ

ᠰᠤᠷᠤᠯᠴᠠᠬᠤ ᠶᠢ ᠵᠣᠬᠢᠶᠠᠨ ᠪᠠᠶᠢᠭᠤᠯᠵᠤ᠂ 24 ᠲᠦᠮᠡᠨ ᠪᠠᠭᠰᠢ ᠣᠷᠣᠯᠴᠠᠭᠰᠠᠨ ᠪᠠᠶᠢᠨ᠎ᠠ᠃ ᠵᠠᠯᠠᠭᠤ ᠪᠠᠭᠰᠢ ᠶᠢ

ᠬᠥᠮᠦᠵᠢᠭᠦᠯᠬᠦ ᠶᠢ ᠴᠢᠬᠤᠯᠠᠴᠢᠯᠠᠵᠤ᠂ ᠵᠢᠯ ᠪᠦᠷᠢ 200 ᠪᠠᠭᠰᠢ ᠶᠢ ᠰᠣᠩᠭᠤᠨ ᠲᠣᠮᠢᠯᠠᠵᠤ ᠳᠤᠮᠳᠠ ᠪᠠᠷᠠᠭᠤᠨ

ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠵᠠᠯᠠᠭᠤ ᠪᠠᠭᠰᠢ ᠶᠢᠨ ᠬᠠᠮ ᠬᠡᠯᠪᠡᠷᠢᠲᠦ ᠵᠢᠭᠠᠨ ᠰᠤᠷᠭᠠᠯᠲᠠ ᠶᠢ ᠳᠠᠪᠲᠠᠨ

ᠪᠣᠯᠪᠠᠰᠤᠷᠠᠭᠤᠯᠬᠤ ᠲᠥᠷᠥᠯ ᠵᠦᠢᠯ ᠳᠤ ᠣᠷᠣᠯᠴᠠᠭᠤᠯᠤᠨ᠂ 30 ᠪᠠᠭᠰᠢ ᠶᠢ ᠰᠣᠩᠭᠤᠨ ᠲᠣᠮᠢᠯᠠᠵᠤ ︽ᠵᠠᠯᠠᠭᠤ

ᠭᠤᠣᠯᠯᠠᠭᠴᠢ ᠪᠠᠭᠰᠢ ᠶᠢᠨ ᠤᠯᠤᠰ ᠤᠨ ᠳᠣᠲᠣᠭᠠᠳᠤ ᠳᠤ ᠠᠶᠢᠯᠴᠢᠯᠠᠬᠤ ᠡᠷᠳᠡᠮᠲᠡᠨ︾᠂ ︽ᠪᠠᠷᠠᠭᠤᠨ ᠣᠷᠣᠨ ᠤ

ᠭᠡᠷᠡᠯ︾ ᠠᠶᠢᠯᠴᠢᠯᠠᠬᠤ ᠡᠷᠳᠡᠮᠲᠡᠳ ᠤᠨ ᠲᠥᠷᠥᠯ ᠵᠦᠢᠯ ᠳᠤ ᠣᠷᠣᠯᠴᠠᠭᠤᠯᠪᠠ᠃ ︽ᠠᠷᠪᠠᠨ ᠳᠥᠷᠪᠡᠳᠦᠭᠡᠷ ᠲᠠᠪᠤᠨ

ᠵᠢᠯ︾ ᠤᠨ ᠲᠥᠯᠥᠪᠵᠢᠭᠦᠯᠭᠡ ᠠᠴᠠ ᠨᠠᠭᠠᠰᠢ᠂ 20 ᠰᠤᠷᠭᠠᠭᠤᠯᠢ ᠶᠢᠨ ᠵᠠᠬᠢᠷᠤᠯ ᠤᠯᠤᠰ ᠤᠨ ᠨᠡᠷᠡᠲᠦ ᠪᠠᠭᠰᠢ᠂

ᠨᠡᠷᠡᠲᠦ ᠰᠤᠷᠭᠠᠭᠤᠯᠢ ᠶᠢᠨ ᠵᠠᠬᠢᠷᠤᠯ ᠢ ᠬᠥᠮᠦᠵᠢᠭᠦᠯᠬᠦ ᠲᠥᠯᠥᠪᠯᠡᠭᠡ ᠳᠤ ᠰᠣᠩᠭᠤᠭᠳᠠᠵᠤ᠂ 25 ᠪᠠᠭᠰᠢ ᠤᠯᠤᠰ ᠤᠨ

ᠴᠢᠬᠤᠯᠠ ᠶᠡᠭᠡ ᠴᠢᠳᠠᠪᠤᠷᠢᠲᠠᠨ ᠤ ᠲᠥᠷᠥᠯ ᠵᠦᠢᠯ ᠳᠤ ᠰᠣᠩᠭᠤᠭᠳᠠᠨ᠂ 9 ᠪᠦᠯᠬᠦᠮ ᠤᠯᠤᠰ ᠤᠨ ᠳᠡᠰ ᠤᠨ

ᠪᠠᠭᠰᠢ ᠶᠢᠨ ᠵᠢᠭᠠᠨ ᠰᠤᠷᠭᠠᠯᠲᠠ ᠶᠢᠨ ᠪᠦᠯᠬᠦᠮ ᠳᠤ ᠰᠣᠩᠭᠤᠭᠳᠠᠵᠤ᠂ ᠥᠪᠡᠷᠲᠡᠭᠡᠨ ᠵᠠᠰᠠᠬᠤ ᠣᠷᠣᠨ ᠤ ᠳᠡᠰ ᠤᠨ

ᠨᠡᠷᠡᠲᠦ ᠪᠠᠭᠰᠢ ᠨᠡᠷᠡᠲᠦ ᠰᠤᠷᠭᠠᠭᠤᠯᠢ ᠶᠢᠨ ᠵᠠᠬᠢᠷᠤᠯ ᠢ 660 ᠬᠥᠮᠦᠵᠢᠭᠦᠯᠪᠡ᠃ ᠦᠵᠡᠯ ᠰᠠᠨᠠᠭ᠎ᠠ ᠤᠯᠤᠰ

ᠲᠥᠷᠥ ᠶᠢᠨ ᠠᠵᠢᠯ ᠤᠨ ᠡᠩᠨᠡᠭᠡ ᠶᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠡᠯ᠎ᠡ ᠳᠡᠭᠡᠳᠦ ᠰᠤᠷᠭᠠᠭᠤᠯᠢ ᠶᠢᠨ

ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠳᠤᠰᠬᠠᠢ ᠪᠠᠭᠰᠢ ᠪᠣᠯᠤᠨ ᠬᠠᠪᠰᠤᠷᠤᠨ

ᠵᠢᠯᠣᠭᠤᠳᠤᠭᠴᠢ ᠶᠢ ᠴᠥᠮ ᠰᠤᠷᠭᠠᠨ ᠬᠥᠮᠦᠵᠢᠯ ᠤᠨ ᠶᠠᠮᠤᠨ ᠤ ᠱᠠᠭᠠᠷᠳᠠᠯᠭ᠎ᠠ ᠶᠣᠰᠣᠭᠠᠷ ᠪᠦᠷᠢᠨ ᠭᠦᠢᠴᠡᠳ

ᠪᠣᠯᠭᠠᠪᠠ᠃

      ᠲᠠᠪᠤ ᠳᠤ᠂ ᠪᠠᠭᠰᠢ ᠶᠢᠨ ᠬᠠᠷᠠᠭᠠᠯᠵᠠᠯ ᠢ ᠪᠠᠲᠤᠯᠠᠬᠤ ᠬᠢᠷᠢ ᠲᠦᠪᠰᠢᠨ ᠢ ᠳᠡᠭᠡᠭᠰᠢᠯᠡᠭᠦᠯᠪᠡ᠃ ᠠᠯᠪᠠᠨ

ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠳᠤᠮᠳᠠᠴᠢ ᠴᠠᠯᠢᠩ ᠤᠨ ᠣᠷᠣᠯᠭ᠎ᠠ ᠶᠢᠨ ᠬᠢᠷᠢ ᠲᠦᠪᠰᠢᠨ ᠢ

ᠲᠤᠬᠠᠢ ᠶᠢᠨ ᠭᠠᠵᠠᠷ ᠤᠨ ᠠᠯᠪᠠᠲᠠᠨ ᠤ ᠳᠤᠮᠳᠠᠴᠢ ᠴᠠᠯᠢᠩ ᠤᠨ ᠣᠷᠣᠯᠭ᠎ᠠ ᠶᠢᠨ ᠬᠢᠷᠢ ᠲᠦᠪᠰᠢᠨ ᠠᠴᠠ ᠥᠨᠳᠥᠷ

ᠪᠣᠯᠭᠠᠨ ᠦᠷ᠎ᠡ ᠪᠥᠲᠦᠮᠵᠢ ᠶᠢ ᠪᠠᠬᠢᠵᠢᠭᠦᠯᠪᠡ᠃ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ ᠪᠠᠭᠰᠢ ᠶᠢᠨ

ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠰᠠᠨᠠᠯ ᠢ ᠭᠦᠨᠵᠡᠭᠡᠢ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ

ᠪᠠᠭᠰᠢ ᠶᠢᠨ ᠪᠣᠯᠪᠠᠰᠤᠷᠠᠭᠤᠯᠤᠯ᠂ ᠮᠡᠷᠭᠡᠵᠢᠯ ᠤᠨ ᠴᠣᠯᠠ᠂ ᠬᠠᠷᠠᠭᠠᠯᠵᠠᠯ᠂  ᠬᠥᠬᠢᠭᠦᠯᠵᠦ ᠤᠬᠠᠭᠤᠯᠬᠤ ᠲᠡᠶᠢᠰᠢ

ᠲᠥᠷᠥ ᠶᠢᠨ ᠪᠣᠳᠣᠯᠭ᠎ᠠ ᠶᠢ ᠬᠡᠯᠪᠡᠶᠢᠯᠭᠡᠪᠡ᠃ 2024 ᠣᠨ ᠳᠤ ᠨᠡᠶᠢᠭᠡᠮ ᠤᠨ ᠬᠡᠷᠡᠭ ᠶᠠᠪᠤᠳᠠᠯ ᠢ ᠰᠤᠷᠭᠠᠭᠤᠯᠢ ᠶᠢᠨ

ᠬᠦᠷᠢᠶᠡᠨ ᠳᠤ ᠣᠷᠣᠭᠤᠯᠬᠤ ᠶᠢ ᠵᠢᠷᠤᠮᠵᠢᠭᠤᠯᠬᠤ ᠪᠠᠷ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ

ᠳᠠᠷᠤᠭᠠᠰᠤ ᠶᠢ ᠬᠥᠩᠭᠡᠷᠡᠭᠦᠯᠬᠦ ᠶᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠡᠬᠢᠯᠡᠭᠦᠯᠵᠦ᠂ ᠨᠡᠶᠢᠭᠡᠮ ᠤᠨ ᠬᠡᠷᠡᠭ

ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ ᠵᠥᠪᠰᠢᠶᠡᠷᠡᠬᠦ ᠪᠠᠷᠢᠮᠵᠢᠶ᠎ᠠ ᠶᠢ ᠨᠡᠶᠢᠲᠡᠯᠡᠨ᠂ 

ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠵᠦᠢᠯ ᠢ ᠳᠡᠰ ᠳᠡᠪᠰᠢᠭᠦᠯᠦᠨ ᠬᠢᠨᠠᠨ ᠪᠠᠶᠢᠴᠠᠭᠠᠵᠤ᠂ ᠨᠡᠶᠢᠭᠡᠮ ᠤᠨ

ᠬᠡᠷᠡᠭ ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠴᠠᠭᠠᠨ ᠨᠡᠷᠡᠰ ᠢ ᠳᠣᠭᠲᠠᠭᠠᠵᠤ᠂ ᠬᠢᠨᠠᠨ

ᠪᠠᠶᠢᠴᠠᠭᠠᠵᠤ ᠰᠢᠯᠭᠠᠨ ᠦᠨᠡᠯᠡᠬᠦ ᠠᠵᠢᠯᠯᠠᠭ᠎ᠠ ᠶᠢ ᠪᠦᠬᠦ ᠲᠠᠯ᠎ᠠ ᠪᠠᠷ ᠵᠢᠷᠤᠮᠵᠢᠭᠤᠯᠤᠨ᠂ ᠳᠤᠮᠳᠠᠳᠤ ᠪᠠᠭ᠎ᠠ

ᠰᠤᠷᠭᠠᠭᠤᠯᠢ ᠶᠢᠨ ᠪᠠᠭᠰᠢ ᠶᠢᠨ ᠰᠤᠷᠭᠠᠨ ᠬᠥᠮᠦᠵᠢᠯ ᠤᠨ ᠪᠤᠰᠤ ᠵᠢᠭᠠᠨ ᠰᠤᠷᠭᠠᠯᠲᠠ ᠶᠢᠨ ᠳᠠᠷᠤᠭᠠᠰᠤ ᠶᠢ ᠦᠨᠡᠨ ᠬᠦ

ᠬᠥᠩᠭᠡᠷᠡᠭᠦᠯᠪᠡ᠃ ᠪᠠᠭᠰᠢ ᠶᠢᠨ ᠠᠵᠢᠯ ᠤᠨ ᠲᠠᠲᠠᠬᠤ ᠬᠦᠴᠦᠨ ᠪᠠ ᠪᠠᠭᠰᠢ ᠨᠠᠷ ᠤᠨ ᠭᠦᠷᠲᠡᠭᠡᠮᠵᠢ ᠶᠢᠨ ᠲᠦᠷᠦᠭᠳᠡᠯ᠂

ᠵᠣᠯ ᠵᠢᠷᠭᠠᠯᠲᠤ ᠲᠥᠷᠥᠭᠳᠡᠯ᠂ ᠥᠪᠡᠷ ᠢ ᠪᠠᠨ ᠢᠲᠡᠭᠡᠬᠦ ᠲᠦᠷᠦᠭᠳᠡᠯ᠂ ᠠᠮᠵᠢᠯᠲᠠ ᠪᠦᠲᠦᠮᠵᠢ ᠶᠢᠨ ᠲᠦᠷᠦᠭᠳᠡᠯ ᠢ

ᠢᠯᠡᠳᠲᠡ ᠴᠢᠩᠭᠠᠷᠠᠭᠤᠯᠪᠠ᠃

      ᠳᠠᠷᠠᠭ᠎ᠠ ᠠᠯᠬᠤᠮ ᠳᠤ᠂ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠥᠪᠡᠷᠲᠡᠭᠡᠨ

ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠲᠣᠭᠤᠷᠢᠨ ᠳᠤ᠂ ᠶᠣᠰᠣ ᠰᠤᠷᠲᠠᠬᠤᠨ ᠢ ᠪᠣᠢ

ᠪᠣᠯᠭᠠᠵᠤ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠶᠢ ᠢᠮᠠᠭᠲᠠ ᠪᠠᠷᠢᠮᠲᠠᠯᠠᠵᠤ᠂ ᠳᠤᠮᠳᠠᠳᠤ  ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ

ᠪᠣᠯᠭᠠᠨ᠂ ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ ᠦᠢᠯᠡᠳᠦᠯᠭᠡᠵᠢᠭᠦᠯᠵᠦ᠂ ᠰᠢᠨ᠎ᠡ

ᠴᠠᠭ ᠦᠶ᠎ᠡ ᠶᠢᠨ ᠥᠨᠳᠥᠷ ᠬᠡᠪ ᠪᠣᠯᠪᠠᠰᠤᠷᠠᠯ ᠲᠠᠢ ᠳᠤᠰᠬᠠᠢ ᠪᠠᠭᠰᠢ ᠶᠢᠨ ᠡᠩᠨᠡᠭᠡ ᠶᠢ ᠬᠦᠴᠦᠯᠡᠨ ᠰᠠᠶᠢᠲᠤᠷ

ᠪᠠᠶᠢᠭᠤᠯᠵᠤ᠂ ᠨᠡᠩ ᠣᠯᠠᠨ ᠰᠢᠯᠢᠳᠡᠭ ᠴᠢᠳᠠᠪᠤᠷᠢᠲᠠᠨ ᠢ ᠲᠠᠲᠠᠬᠤ ᠪᠤᠶᠤ ᠳᠡᠮᠵᠢᠵᠦ ᠬᠠᠯᠠᠭᠤᠨ ᠰᠡᠳᠬᠢᠯ ᠢᠶᠠᠷ

ᠪᠠᠭᠰᠢᠯᠠᠭᠤᠯᠵᠤ᠂ ᠨᠠᠰᠤᠨ ᠲᠤᠷᠰᠢᠳᠠ ᠪᠠᠭᠰᠢᠯᠠᠭᠤᠯᠵᠤ᠂ ᠪᠦᠬᠦ ᠣᠷᠣᠨ  ᠤ ᠰᠤᠷᠭᠠᠨ ᠬᠥᠮᠦᠵᠢᠯ ᠤᠨ ᠴᠢᠨᠠᠷᠯᠢᠭ

ᠬᠥᠭᠵᠢᠯᠲᠡ ᠶᠢ ᠠᠬᠢᠭᠤᠯᠤᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ

ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠰᠤᠷᠭᠠᠨ ᠬᠥᠮᠦᠵᠢᠯ ᠤᠨ ᠬᠦᠴᠦᠨ ᠴᠢᠳᠠᠯ ᠢᠶᠠᠨ ᠡᠷᠭᠦᠨ᠎ᠡ᠃

      ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠭᠴᠢ᠄ ᠣᠶᠢᠷ᠎ᠠ ᠶᠢᠨ ᠬᠤᠭᠤᠴᠠᠭᠠᠨ ᠳᠤ

ᠥᠪᠡᠷᠲᠡᠭᠡᠨ ᠵᠠᠰᠠᠬᠤ ᠣᠷᠣᠨ ᠪᠣᠯᠤᠨ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ

ᠴᠥᠮ ᠨᠡᠶᠢᠭᠡᠮ ᠤᠨ ᠬᠡᠷᠡᠭ ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠴᠠᠭᠠᠨ ᠨᠡᠷᠡᠰ ᠢ ᠨᠡᠶᠢᠲᠡᠯᠡᠵᠦ᠂

ᠨᠡᠶᠢᠭᠡᠮ ᠤᠨ ᠬᠡᠷᠡᠭ ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ ᠵᠢᠷᠤᠮᠵᠢᠭᠤᠯᠬᠤ ᠪᠠᠷ ᠳᠤᠮᠳᠠᠳᠤ

ᠪᠠᠭ᠎ᠠ ᠰᠤᠷᠭᠠᠭᠤᠯᠢ  ᠶᠢᠨ ᠪᠠᠭᠰᠢ ᠶᠢᠨ ᠳᠠᠷᠤᠭᠠᠰᠤ ᠶᠢ ᠬᠥᠩᠭᠡᠷᠡᠭᠦᠯᠬᠦ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ

ᠥᠷᠨᠢᠭᠦᠯᠵᠦ ᠪᠣᠢ᠂ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ

ᠳᠠᠷᠤᠭᠠᠰᠤ ᠶᠢ ᠬᠥᠩᠭᠡᠷᠡᠭᠦᠯᠬᠦ ᠪᠣᠳᠠᠲᠠᠢ ᠠᠷᠭ᠎ᠠ ᠬᠡᠮᠵᠢᠶ᠎ᠡ ᠪᠣᠯᠤᠨ ᠣᠳᠣᠬᠠᠨ ᠤ ᠠᠵᠢᠯ ᠤᠨ ᠠᠬᠢᠴᠠ ᠶᠢ

ᠲᠠᠨᠢᠯᠴᠠᠭᠤᠯᠵᠤ ᠥᠭᠭᠦᠨ᠎ᠡ ᠤᠤ︖

      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠰᠠᠭᠤᠷᠢ ᠰᠤᠷᠭᠠᠨ ᠬᠥᠮᠦᠵᠢᠯ ᠤᠨ

ᠨᠢᠭᠡᠳᠦᠭᠡᠷ ᠭᠠᠵᠠᠷ ᠤᠨ ᠳᠠᠷᠤᠭ᠎ᠠ᠂ ᠨᠢᠭᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ  ᠯᠢᠦ ᠰᠢᠩ ᠴᠧᠩ᠄

      ᠲᠠᠨ ᠤ ᠠᠰᠠᠭᠤᠯᠲᠠ ᠳᠤ ᠲᠠᠯᠠᠷᠬᠠᠵᠤ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠬᠡᠯᠪᠡᠷᠢᠴᠢ

ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠢ ᠴᠢᠬᠤᠯᠠ

ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ

ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂

ᠨᠡᠶᠢᠭᠡᠮ ᠤᠨ ᠬᠡᠷᠡᠭ ᠶᠠᠪᠤᠳᠠᠯ ᠢ ᠳᠤᠮᠳᠠᠳᠤ ᠪᠠᠭ᠎ᠠ ᠰᠤᠷᠭᠠᠭᠤᠯᠢ ᠶᠢᠨ ᠬᠦᠷᠢᠶᠡᠨ ᠳᠤ ᠳᠤᠷ᠎ᠠ ᠪᠠᠷ ᠢᠶᠠᠨ ᠣᠷᠣᠭᠤᠯᠵᠤ

ᠪᠠᠭᠰᠢ ᠶᠢᠨ ᠳᠠᠷᠤᠭᠠᠰᠤ ᠶᠢ ᠬᠦᠨᠳᠦᠷᠡᠭᠦᠯᠬᠦ ᠠᠰᠠᠭᠤᠳᠠᠯ ᠢ ᠪᠦᠲᠦᠮᠵᠢᠲᠡᠢ ᠬᠤᠷᠢᠭᠯᠠᠨ᠂ ᠪᠠᠭᠰᠢ ᠶᠢ ᠪᠦᠬᠦ ᠰᠡᠳᠬᠢᠯ

ᠪᠦᠬᠦ ᠵᠣᠷᠢᠭ ᠢᠶᠠᠷ ᠪᠢᠴᠢᠭ ᠵᠢᠭᠠᠵᠤ ᠬᠥᠮᠦᠨ ᠬᠥᠮᠦᠵᠢᠭᠦᠯᠬᠦ ᠠᠵᠢᠯ ᠳᠤ ᠣᠷᠣᠯᠴᠠᠭᠤᠯᠬᠤ ᠶᠢᠨ ᠲᠥᠯᠦᠭᠡ᠂

ᠲᠥᠪ ᠤᠨ ᠰᠤᠷᠭᠠᠨ ᠬᠥᠮᠦᠵᠢᠯ ᠤᠨ ᠠᠵᠢᠯ ᠢ ᠤᠳᠤᠷᠢᠳᠬᠤ ᠳᠤᠭᠤᠶᠢᠯᠠᠩ ᠤᠨ ᠨᠠᠷᠢᠨ ᠪᠢᠴᠢᠭ ᠤᠨ

ᠳᠤᠭᠤᠶᠢᠯᠠᠩ ᠤᠨ ᠨᠢᠭᠡᠳᠦᠯᠲᠡᠢ ᠲᠣᠬᠢᠷᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠨᠡᠶᠢᠭᠡᠮ ᠤᠨ ᠬᠡᠷᠡᠭ

ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠵᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ

ᠳᠠᠷᠤᠭᠠᠰᠤ ᠶᠢ ᠬᠥᠩᠭᠡᠷᠡᠭᠦᠯᠬᠦ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠪᠡ᠃

      ᠨᠢᠭᠡ ᠳᠤ᠂ ᠪᠦᠬᠦ ᠲᠠᠯ᠎ᠠ ᠪᠠᠷ ᠪᠠᠶᠢᠳᠠᠯ ᠢ ᠣᠶᠢᠯᠠᠭᠠᠨ ᠵᠢᠭᠰᠠᠭᠠᠨ ᠪᠠᠶᠢᠴᠠᠭᠠᠵᠤ᠂ ᠥᠪᠡᠷ ᠢᠶᠠᠨ

ᠪᠠᠶᠢᠴᠠᠭᠠᠬᠤ ᠠᠵᠢᠯ ᠢ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ

2024 ᠣᠨ ᠤ 3 ᠰᠠᠷ᠎ᠠ ᠠᠴᠠ ᠡᠬᠢᠯᠡᠨ᠂ ᠪᠦᠬᠦ ᠣᠷᠣᠨ ᠤ 12 ᠠᠶᠢᠮᠠᠭ ᠬᠤᠲᠠ ᠳᠤ ᠪᠠᠶᠢᠳᠠᠯ ᠢ ᠣᠶᠢᠯᠠᠭᠠᠬᠤ

ᠪᠠᠶᠢᠴᠠᠭᠠᠨ ᠰᠤᠳᠤᠯᠤᠯᠲᠠ ᠬᠢᠵᠦ᠂ ᠬᠤᠲᠠ ᠶᠢᠨ ᠲᠣᠭᠤᠷᠢᠭ᠂ ᠪᠠᠯᠭᠠᠰᠤᠨ ᠤ ᠲᠣᠭᠤᠷᠢᠭ᠂ ᠬᠥᠳᠡᠭᠡ ᠲᠣᠰᠬᠤᠨ ᠤ

ᠰᠤᠷᠭᠠᠭᠤᠯᠢ ᠶᠢᠨ ᠪᠠᠭᠰᠢ ᠶᠢᠨ ᠣᠳᠣᠬᠠᠨ ᠤ ᠬᠢᠴᠢᠶᠡᠯ ᠳᠠᠭᠠᠭᠠᠬᠤ ᠠᠩᠭᠢ ᠶᠢᠨ ᠲᠤᠭ᠎ᠠ᠂ ᠭᠠᠷᠠᠭ ᠤᠨ ᠬᠢᠴᠢᠶᠡᠯ ᠤᠨ

ᠴᠠᠭ᠂ ᠬᠢᠴᠢᠶᠡᠯ ᠲᠥᠷᠦᠯ ᠤᠨ ᠵᠢᠭᠠᠨ ᠰᠤᠷᠭᠠᠯᠲᠠ ᠠᠴᠠ ᠭᠠᠳᠠᠨ᠎ᠠ ᠡᠭᠦᠷᠭᠡᠯᠡᠵᠦ ᠪᠠᠶᠢᠭ᠎ᠠ ᠰᠤᠷᠭᠠᠭᠤᠯᠢ ᠶᠢᠨ ᠠᠵᠢᠯ

ᠵᠢᠴᠢ ᠣᠶᠢᠷ᠎ᠠ ᠶᠢᠨ ᠨᠢᠭᠡ ᠵᠢᠯ ᠳᠤ ᠡᠭᠦᠷᠭᠡᠯᠡᠭᠰᠡᠨ ᠰᠤᠷᠭᠠᠨ ᠬᠥᠮᠦᠵᠢᠯ ᠵᠢᠭᠠᠨ ᠰᠤᠷᠭᠠᠯᠲᠠ ᠳᠤ ᠬᠤᠯᠪᠤᠭᠳᠠᠬᠤ

ᠦᠭᠡᠢ ᠠᠵᠢᠯ ᠤᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠪᠠ᠃

      ᠬᠤᠶᠠᠷ ᠲᠤ᠂ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠶᠢ ᠲᠣᠭᠲᠠᠭᠠᠵᠤ᠂ ᠶᠡᠷᠦᠩᠬᠡᠢ ᠲᠤᠭ᠎ᠠ ᠶᠢ ᠴᠢᠩᠭ᠎ᠠ

ᠬᠢᠵᠠᠭᠠᠷᠯᠠᠪᠠ᠃ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠰᠤᠷᠭᠠᠨ ᠬᠥᠮᠦᠵᠢᠯ ᠤᠨ ᠪᠤᠰᠤ ᠵᠢᠭᠠᠨ

ᠰᠤᠷᠭᠠᠯᠲᠠ ᠶᠢᠨ ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠶᠢᠨ ᠲᠥᠯᠥᠭᠡ᠂ ᠡᠯ᠎ᠡ ᠱᠠᠲᠤᠨ ᠤ ᠰᠤᠷᠭᠠᠨ

ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ᠨᠡᠶᠢᠭᠡᠮ ᠤᠨ ᠬᠡᠷᠡᠭ ᠶᠠᠪᠤᠳᠠᠯ ᠢ ᠰᠤᠷᠭᠠᠭᠤᠯᠢ ᠶᠢᠨ

ᠬᠦᠷᠢᠶᠡᠨ ᠳᠤ ᠣᠷᠣᠭᠤᠯᠬᠤ ᠶᠡᠷᠦᠩᠬᠡᠢ ᠲᠤᠭ᠎ᠠ ᠶᠢ ᠶᠡᠭᠡ ᠪᠠᠷ ᠪᠠᠭᠠᠰᠬᠠᠪᠠ᠃ ᠥᠪᠡᠷᠲᠡᠭᠡᠨ ᠵᠠᠰᠠᠬᠤ ᠣᠷᠣᠨ ᠤ

ᠰᠤᠷᠭᠠᠨ ᠬᠥᠮᠦᠵᠢᠯ ᠤᠨ ᠲᠢᠩᠬᠢᠮ ᠡᠯ᠎ᠡ ᠰᠠᠯᠠᠭ᠎ᠠ ᠮᠥᠴᠢᠷ᠂ ᠨᠢᠭᠡᠴᠢ ᠶᠢ ᠴᠠᠭ ᠲᠤᠬᠠᠢ ᠳᠤ ᠨᠢ ᠵᠣᠬᠢᠴᠠᠭᠤᠯᠵᠤ᠂

ᠳᠤᠮᠳᠠᠳᠤ ᠪᠠᠭ᠎ᠠ ᠰᠤᠷᠭᠠᠭᠤᠯᠢ ᠪᠠ ᠪᠠᠭᠰᠢ ᠨᠠᠷ ᠲᠤ ᠬᠤᠯᠪᠤᠭᠳᠠᠭᠰᠠᠨ ᠬᠢᠨᠠᠨ ᠪᠠᠶᠢᠴᠠᠭᠠᠵᠤ ᠰᠢᠯᠭᠠᠨ ᠦᠨᠡᠯᠡᠬᠦ ᠪᠠ

ᠨᠡᠶᠢᠭᠡᠮ ᠤᠨ ᠬᠡᠷᠡᠭ ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ ᠨᠢᠭᠡᠳᠦᠯᠲᠡᠢ

ᠵᠢᠷᠤᠮᠵᠢᠭᠤᠯᠵᠤ᠂ ᠬᠦᠴᠦᠨ ᠦᠭᠡᠢ ᠪᠣᠯᠭᠠᠵᠤ ᠪᠣᠯᠬᠤ ᠶᠢ ᠡᠷᠡᠰ ᠬᠦᠴᠦᠨ ᠦᠭᠡᠢ ᠪᠣᠯᠭᠠᠵᠤ᠂ ᠣᠷᠣᠭᠤᠯᠵᠤ ᠪᠣᠯᠬᠤ

ᠣᠷᠣᠭᠤᠯᠵᠤ ᠪᠣᠯᠬᠤ ᠦᠭᠡᠢ ᠶᠢ ᠡᠷᠡᠰ ᠣᠷᠣᠭᠤᠯᠬᠤ ᠦᠭᠡᠢ᠂ ᠮᠡᠳᠡᠭᠦᠯᠦᠭᠰᠡᠨ ᠦᠭᠡᠢ ᠶᠢ ᠪᠥᠬᠦᠨ ᠢ

ᠰᠤᠷᠭᠠᠭᠤᠯᠢ ᠶᠢᠨ ᠬᠦᠷᠢᠶᠡᠨ ᠳᠤ ᠣᠷᠣᠭᠤᠯᠵᠤ ᠪᠣᠯᠬᠤ ᠦᠭᠡᠢ ᠵᠠᠷᠴᠢᠮ ᠵᠢᠴᠢ ᠰᠤᠷᠭᠠᠭᠤᠯᠢ ᠶᠢᠨ ᠰᠤᠷᠭᠠᠨ

ᠬᠥᠮᠦᠵᠢᠯ ᠵᠢᠭᠠᠨ ᠰᠤᠷᠭᠠᠯᠲᠠ ᠶᠢᠨ ᠲᠥᠯᠥᠪᠯᠡᠭᠡ ᠳᠠᠬᠢ ᠥᠷᠨᠢᠭᠦᠯᠵᠦ ᠪᠣᠯᠬᠤᠶᠢᠴᠠ ᠪᠤᠶᠤ ᠨᠢᠭᠡᠨᠲᠡ

ᠰᠤᠷᠭᠠᠭᠤᠯᠢ ᠳᠤ ᠥᠷᠨᠢᠭᠦᠯᠦᠭᠰᠡᠨ ᠡᠯ᠎ᠡ ᠲᠥᠷᠥᠯ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠴᠠᠭᠠᠨ

ᠨᠡᠷᠡᠰ ᠤᠨ ᠬᠡᠪᠴᠢᠶᠡᠨ ᠳᠤ ᠣᠷᠣᠭᠤᠯᠬᠤ ᠦᠭᠡᠢ ᠱᠠᠭᠠᠷᠳᠠᠯᠭ᠎ᠠ ᠶᠣᠰᠣᠭᠠᠷ᠂ ᠡᠯ᠎ᠡ ᠲᠥᠷᠥᠯ ᠤᠨ ᠬᠡᠷᠡᠭ ᠶᠠᠪᠤᠳᠠᠯ ᠢ

ᠪᠦᠬᠦ ᠲᠠᠯ᠎ᠠ ᠪᠠᠷ ᠪᠠᠭᠠᠰᠬᠠᠨ᠂ ᠣᠳᠣᠬᠠᠨ ᠳᠤ ᠥᠪᠡᠷᠲᠡᠭᠡᠨ ᠵᠠᠰᠠᠬᠤ ᠣᠷᠣᠨ ᠤ ᠳᠡᠰ ᠤᠨ ᠨᠡᠶᠢᠭᠡᠮ ᠤᠨ ᠬᠡᠷᠡᠭ

ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ ᠪᠠᠭᠠᠰᠬᠠᠨ 5 ᠵᠦᠢᠯ ᠪᠣᠯᠭᠠᠵᠤ᠂ ᠳᠤᠮᠳᠠᠳᠤ ᠶᠢᠨ

ᠰᠢᠯᠢᠳᠡᠭ ᠤᠯᠠᠮᠵᠢᠯᠠᠯᠲᠤ ᠰᠣᠶᠣᠯ᠂ ᠵᠠᠯᠠᠭᠤᠴᠤᠳ ᠪᠠᠭᠠᠴᠤᠳ ᠤᠨ ᠬᠠᠤᠯᠢ ᠪᠠᠷ ᠵᠠᠰᠠᠬᠤ ᠬᠥᠮᠦᠵᠢᠯ ᠪᠠ

ᠤᠬᠠᠭᠤᠯᠭ᠎ᠠ ᠬᠥᠮᠦᠵᠢᠯ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠥᠮᠦᠵᠢᠯ᠂ ᠰᠢᠨᠵᠢᠯᠡᠬᠦ ᠤᠬᠠᠭᠠᠨ ᠢ

ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ  ᠤ ᠵᠠᠯᠠᠭᠤᠴᠤᠳ

ᠪᠠᠭᠠᠴᠤᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠤᠷᠤᠯᠳᠤᠭᠠᠨ ᠵᠡᠷᠭᠡ 5

ᠵᠦᠢᠯ ᠤᠨ ᠠᠵᠢᠯᠯᠠᠭ᠎ᠠ ᠶᠢ ᠦᠯᠡᠳᠡᠭᠡᠪᠡ᠃

      ᠭᠤᠷᠪᠠ ᠳᠤ᠂ ᠬᠢᠨᠠᠨ ᠰᠢᠯᠭᠠᠬᠤ ᠲᠣᠭᠲᠠᠴᠠ ᠶᠢ ᠪᠠᠶᠢᠭᠤᠯᠵᠤ᠂ ᠳᠠᠷᠤᠭᠠᠰᠤ ᠶᠢ ᠬᠥᠩᠭᠡᠷᠡᠭᠦᠯᠬᠦ ᠶᠢ

ᠴᠢᠩᠭᠠᠳᠬᠠᠪᠠ᠃ 2025 ᠣᠨ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠵᠢᠴᠢ ᠡᠯ᠎ᠡ ᠠᠶᠢᠮᠠᠭ

ᠬᠤᠲᠠ ᠶᠢᠨ ᠬᠢᠨ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠠᠴᠠ ᠡᠮᠦᠨ᠎ᠡ ᠨᠡᠶᠢᠭᠡᠮ ᠤᠨ

ᠬᠡᠷᠡᠭ ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠴᠠᠭᠠᠨ ᠨᠡᠷᠡᠰ ᠢ ᠨᠡᠶᠢᠲᠡᠯᠡᠵᠦ᠂ ᠵᠥᠪᠰᠢᠶᠡᠷᠡᠨ

ᠣᠷᠣᠭᠤᠯᠬᠤ ᠪᠠᠷᠢᠮᠵᠢᠶ᠎ᠠ ᠳᠤ ᠨᠡᠶᠢᠴᠡᠬᠦ ᠵᠦᠢᠯ ᠢ ᠠᠳᠠᠯᠢ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ

ᠰᠠᠯᠠᠭ᠎ᠠ ᠮᠥᠴᠢᠷ ᠲᠤ ᠮᠡᠳᠡᠭᠦᠯᠵᠦ᠂ ᠠᠳᠠᠯᠢ ᠱᠠᠲᠤᠨ ᠤ ᠨᠠᠮ ᠤᠨ  ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠢ

ᠤᠳᠤᠷᠢᠳᠬᠤ ᠳᠤᠭᠤᠶᠢᠯᠠᠩ ᠳᠤ ᠮᠡᠳᠡᠭᠦᠯᠦᠨ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠭᠰᠡᠨ ᠤ ᠳᠠᠷᠠᠭ᠎ᠠ᠂ ᠳᠡᠭᠡᠳᠦ

ᠱᠠᠲᠤᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠢ ᠤᠳᠤᠷᠢᠳᠬᠤ ᠳᠤᠭᠤᠶᠢᠯᠠᠩ ᠳᠤ ᠮᠡᠳᠡᠭᠦᠯᠵᠦ

ᠪᠦᠷᠢᠳᠬᠡᠨ ᠳᠠᠩᠰᠠᠯᠠᠭᠤᠯᠵᠤ᠂ ᠡᠯ᠎ᠡ ᠲᠥᠷᠥᠯ ᠤᠨ ᠨᠡᠶᠢᠭᠡᠮ ᠤᠨ ᠬᠡᠷᠡᠭ ᠶᠠᠪᠤᠳᠠᠯ ᠢ ᠰᠤᠷᠭᠠᠭᠤᠯᠢ ᠶᠢᠨ

ᠬᠦᠷᠢᠶᠡᠨ ᠳᠤ ᠣᠷᠣᠭᠤᠯᠵᠤ ᠳᠡᠰ ᠳᠡᠪᠰᠢᠭᠦᠯᠦᠨ ᠬᠢᠨᠠᠨ ᠪᠠᠶᠢᠴᠠᠭᠠᠪᠠ᠃ ᠬᠥᠳᠡᠯᠦᠩᠭᠦᠢ ᠬᠢᠨᠠᠨ ᠪᠠᠶᠢᠴᠠᠭᠠᠬᠤ

ᠲᠣᠭᠲᠠᠴᠠ ᠶᠢ ᠵᠡᠷᠭᠡ ᠪᠠᠷ ᠪᠠᠶᠢᠭᠤᠯᠤᠨ ᠲᠡᠭᠦᠯᠳᠡᠷᠵᠢᠭᠦᠯᠵᠦ᠂ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠪᠣᠳᠠᠲᠤ

ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠪᠠ᠃

      ᠭᠤᠷᠪᠠᠨ ᠰᠠᠷ᠎ᠠ ᠭᠠᠷᠤᠢ ᠶᠢᠨ ᠴᠢᠷᠮᠠᠶᠢᠯᠭ᠎ᠠ ᠪᠠᠷ ᠳᠠᠮᠵᠢᠨ᠂ ᠣᠳᠣᠬᠠᠨ ᠳᠤ᠂ ᠮᠠᠨ ᠤ ᠣᠷᠣᠨ ᠨᠢᠭᠡᠨᠲᠡ

ᠨᠡᠶᠢᠭᠡᠮ ᠤᠨ ᠬᠡᠷᠡᠭ ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ ᠵᠥᠪᠰᠢᠶᠡᠷᠡᠬᠦ ᠪᠠᠷᠢᠮᠵᠢᠶ᠎ᠠ ᠶᠢ

ᠳᠠᠷᠤᠮᠠᠯᠯᠠᠨ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ

ᠱᠠᠲᠤᠨ ᠤ ᠨᠡᠶᠢᠭᠡᠮ ᠤᠨ ᠬᠡᠷᠡᠭ ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠴᠠᠭᠠᠨ ᠨᠡᠷᠡᠰ ᠢ

ᠨᠡᠶᠢᠲᠡᠯᠡᠵᠦ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠵᠦ ᠬᠢᠨᠠᠨ ᠪᠠᠶᠢᠴᠠᠭᠠᠬᠤ ᠲᠣᠭᠲᠠᠴᠠ ᠶᠢ ᠪᠠᠶᠢᠭᠤᠯᠤᠨ᠂

ᠥᠪᠡᠷᠲᠡᠭᠡᠨ ᠵᠠᠰᠠᠬᠤ ᠣᠷᠣᠨ ᠤ ᠪᠠᠭᠰᠢ ᠶᠢᠨ ᠳᠠᠷᠤᠭᠠᠰᠤ ᠶᠢ ᠬᠥᠩᠭᠡᠷᠡᠭᠦᠯᠬᠦ ᠲᠤᠬᠠᠢ ᠵᠠᠭᠠᠯᠳᠤᠵᠤ ᠢᠯᠡᠴᠢᠯᠡᠨ

ᠮᠡᠳᠡᠭᠦᠯᠵᠦ ᠬᠢᠨᠠᠯᠲᠠ ᠲᠠᠯᠪᠢᠬᠤ ᠲᠠᠪᠴᠠᠩ ᠢ ᠨᠢᠭᠡᠨᠲᠡ ᠪᠠᠶᠢᠭᠤᠯᠵᠤ᠂ ᠪᠦᠬᠦ ᠣᠷᠣᠨ ᠤ ᠡᠯ᠎ᠡ ᠱᠠᠲᠤᠨ ᠤ ᠰᠤᠷᠭᠠᠨ

ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ᠴᠥᠮ ᠳᠠᠷᠤᠭᠠᠰᠤ ᠶᠢ ᠬᠥᠩᠭᠡᠷᠡᠭᠦᠯᠬᠦ ᠬᠢᠨᠠᠯᠲᠠ

ᠲᠠᠯᠪᠢᠵᠤ ᠢᠯᠡᠴᠢᠯᠡᠨ ᠮᠡᠳᠡᠭᠦᠯᠬᠦ ᠤᠲᠠᠰᠤ ᠶᠢ ᠨᠡᠶᠢᠲᠡᠯᠡᠭᠰᠡᠨ ᠤ ᠬᠠᠮᠲᠤ ᠳᠣᠪᠤᠶᠢᠮ᠎ᠠ ᠠᠰᠠᠭᠤᠳᠠᠯ ᠤᠨ

ᠰᠦᠪᠡᠭᠴᠢ ᠶᠢ ᠰᠢᠯᠵᠢᠭᠦᠯᠦᠨ ᠲᠤᠰᠢᠶᠠᠬᠤ ᠲᠣᠭᠲᠠᠴᠠ ᠶᠢ ᠰᠠᠶᠢᠲᠤᠷ ᠬᠡᠷᠡᠭᠯᠡᠵᠦ᠂ ᠨᠡᠶᠢᠭᠡᠮ ᠤᠨ ᠬᠡᠷᠡᠭ ᠶᠠᠪᠤᠳᠠᠯ ᠢ

ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ ᠮᠥᠷᠳᠡᠬᠦ᠂ ᠪᠠᠶᠢᠴᠠᠭᠠᠬᠤ᠂ ᠲᠤᠰᠬᠠᠬᠤ᠂ ᠮᠡᠳᠡᠭᠳᠡᠬᠦ

ᠠᠵᠢᠯ ᠢ ᠰᠠᠶᠢᠲᠤᠷ ᠠᠳᠬᠤᠪᠠ᠃

      ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠡᠯ᠎ᠡ

ᠭᠠᠵᠠᠷ ᠤᠨ ᠴᠠᠭᠠᠨ ᠨᠡᠷᠡᠰ ᠢ ᠨᠡᠶᠢᠲᠡᠯᠡᠭᠰᠡᠨ ᠤ ᠳᠠᠷᠠᠭᠠᠬᠢ ᠠᠵᠢᠯ ᠢ ᠦᠷᠭᠦᠯᠵᠢᠯᠡᠨ ᠬᠢᠨᠠᠨ ᠵᠢᠯᠣᠭᠤᠳᠬᠤ ᠶᠢ ᠤᠯᠠᠮ

ᠨᠢᠭᠡ ᠠᠯᠬᠤᠮ ᠴᠢᠩᠭᠠᠳᠬᠠᠵᠤ᠂ ᠬᠡᠷᠡᠭᠵᠢᠭᠦᠯᠦᠭᠰᠡᠨ ᠨᠢ ᠬᠦᠴᠦᠨ ᠦᠭᠡᠢ᠂ ᠬᠡᠯᠪᠡᠷᠢ ᠶᠢᠨ ᠲᠡᠳᠦᠢ ᠪᠠᠶᠢᠬᠤ ᠶᠢ

ᠰᠡᠷᠭᠡᠶᠢᠯᠡᠵᠦ᠂ ᠪᠠᠭᠰᠢ ᠳᠤ ᠬᠤᠯᠪᠤᠭᠳᠠᠬᠤ ᠵᠦᠢᠯ ᠢ ᠦᠨᠡᠨ ᠬᠦ ᠬᠥᠩᠭᠡᠷᠡᠭᠦᠯᠵᠦ᠂ ᠪᠠᠭᠰᠢ ᠨᠠᠷ ᠭᠤᠣᠯ

ᠬᠠᠷᠢᠭᠤᠴᠠᠯᠭ᠎ᠠ ᠪᠠ ᠭᠤᠣᠯ ᠠᠵᠢᠯ ᠲᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠰᠡᠳᠬᠢᠯ ᠢᠶᠠᠷ ᠪᠢᠴᠢᠭ ᠵᠢᠭᠠᠵᠤ

ᠬᠥᠮᠦᠨ ᠬᠥᠮᠦᠵᠢᠭᠦᠯᠬᠦ ᠶᠢ ᠵᠣᠷᠢᠭᠵᠢᠭᠤᠯᠪᠠ᠃

                                                                   

      ᠳᠤᠮᠳᠠᠳᠤ ᠤᠯᠤᠰ ᠤᠨ ᠰᠦᠯᠵᠢᠶᠡᠨ ᠤ ᠰᠤᠷᠪᠤᠯᠵᠢᠯᠠᠭᠴᠢ᠄ ᠬᠥᠳᠡᠭᠡ ᠲᠣᠰᠬᠤᠨ ᠤ ᠪᠠᠭᠰᠢ ᠮᠠᠨ ᠤ

ᠣᠷᠣᠨ ᠤ ᠪᠠᠭᠰᠢ ᠶᠢᠨ ᠡᠩᠨᠡᠭᠡᠨ ᠳᠤ ᠴᠢᠬᠤᠯᠠ ᠶᠡᠭᠡ ᠬᠠᠷᠢᠴᠠᠯ ᠢ ᠡᠵᠡᠯᠡᠵᠦ ᠪᠣᠢ᠂ ᠰᠠᠶ᠋ᠢ ᠥᠪᠡᠷᠲᠡᠭᠡᠨ ᠵᠠᠰᠠᠬᠤ

ᠣᠷᠣᠨ ᠤ ᠰᠤᠷᠭᠠᠨ ᠬᠥᠮᠥᠵᠢᠯ ᠤᠨ ᠲᠢᠩᠬᠢᠮ ᠮᠠᠨ ᠤ ᠣᠷᠣᠨ  ᠤ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ

ᠴᠢᠩᠭᠠᠳᠬᠠᠬᠤ ᠡᠯ᠎ᠡ ᠵᠦᠢᠯ ᠤᠨ ᠠᠷᠭ᠎ᠠ ᠶᠢ ᠲᠠᠨᠢᠯᠴᠠᠭᠤᠯᠬᠤ ᠳᠤ ᠪᠠᠨ᠂ ᠣᠶᠢᠷ᠎ᠠ ᠶᠢᠨ ᠵᠢᠯ᠂ ᠮᠠᠨ ᠤ ᠣᠷᠣᠨ

ᠰᠤᠷᠭᠠᠨ ᠬᠥᠮᠦᠵᠢᠯ ᠤᠨ ᠴᠢᠳᠠᠪᠤᠷᠢᠲᠠᠨ ᠤ ︽ᠪᠦᠯᠬᠦᠮ ᠪᠠᠶᠢᠭᠤᠯᠬᠤ ᠮᠠᠶ᠋ᠢᠭ︾ ᠢᠶᠠᠷ ᠬᠠᠪᠰᠤᠷᠤᠨ ᠲᠡᠳᠬᠦᠬᠦ ᠪᠠ

ᠰᠢᠯᠢᠳᠡᠭ ᠢᠳᠡᠷ ᠵᠠᠯᠠᠭᠤ ᠪᠠᠭᠰᠢ ᠬᠥᠳᠡᠭᠡ ᠲᠣᠰᠬᠤᠨ ᠤ ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ ᠳᠤ

ᠬᠦᠴᠦᠨ ᠨᠡᠮᠡᠷᠢᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠥᠳᠡᠭᠡ ᠲᠣᠰᠬᠤᠨ ᠤ ᠪᠠᠭᠰᠢ ᠶᠢᠨ ᠡᠩᠨᠡᠭᠡᠨ ᠤ

ᠪᠠᠶᠢᠭᠤᠯᠤᠯᠲᠠ ᠶᠢ ᠶᠡᠭᠡ ᠪᠠᠷ ᠴᠢᠩᠭᠠᠳᠬᠠᠪᠠ ᠭᠡᠵᠡᠢ᠂ ᠲᠦᠷᠦᠭᠦᠯᠡᠨ ᠬᠢᠬᠦ ᠰᠠᠯᠠᠭ᠎ᠠ ᠮᠥᠴᠢᠷ ᠪᠣᠯᠤᠭᠰᠠᠨ ᠤ

ᠬᠤᠪᠢ ᠳᠤ᠂ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠡᠨᠡ ᠬᠦ ᠠᠵᠢᠯ ᠢ ᠶᠠᠭᠠᠬᠢᠵᠤ ᠨᠢᠭᠡᠳᠦᠯᠲᠡᠢ ᠲᠥᠯᠥᠪᠯᠡᠨ

ᠪᠠᠶᠢᠷᠢᠯᠠᠭᠤᠯᠵᠤ᠂ ᠨᠠᠶᠢᠳᠠᠪᠤᠷᠢᠵᠢᠭᠤᠯᠤᠨ ᠠᠬᠢᠭᠤᠯᠵᠤ᠂ ᠦᠷ᠎ᠡ ᠪᠦᠲᠦᠮᠵᠢ ᠶᠠᠮᠠᠷ ᠪᠤᠢ︖

      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ  ᠤᠨ

ᠴᠢᠳᠠᠪᠤᠷᠢᠲᠠᠨ ᠢ ᠬᠥᠭᠵᠢᠭᠦᠯᠬᠦ ᠲᠥᠪ ᠤᠨ ᠳᠡᠳ᠋ ᠡᠷᠬᠢᠯᠡᠭᠴᠢ  ᠰᠣ᠋ ᠺᠦᠨ

      ᠲᠠᠨ ᠤ ᠠᠰᠠᠭᠤᠯᠲᠠ ᠳᠤ ᠲᠠᠯᠠᠷᠬᠠᠵᠤ ᠪᠠᠶᠢᠨ᠎ᠠ᠃

      ᠣᠶᠢᠷ᠎ᠠ ᠶᠢᠨ ᠵᠢᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ

ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ ᠰᠤᠷᠭᠠᠨ ᠬᠥᠮᠦᠵᠢᠯ ᠤᠨ ᠴᠢᠳᠠᠪᠤᠷᠢᠲᠠᠨ ᠤ ︽ᠪᠦᠯᠬᠦᠮ ᠪᠠᠶᠢᠭᠤᠯᠬᠤ

ᠮᠠᠶ᠋ᠢᠭ︾ ᠢᠶᠠᠷ ᠬᠠᠪᠰᠤᠷᠤᠨ ᠲᠡᠳᠬᠦᠬᠦ ᠪᠠᠷ ᠵᠢᠯᠣᠭᠤᠳᠤᠮᠵᠢ ᠪᠣᠯᠭᠠᠵᠤ᠂ ᠥᠨᠳᠥᠷ ᠲᠦᠪᠰᠢᠨ ᠢᠶᠠᠷ ᠠᠬᠢᠭᠤᠯᠬᠤ᠂

ᠪᠠᠶᠢᠳᠠᠯ ᠳᠤ ᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠨ᠂ ᠡᠯ᠎ᠡ ᠲᠠᠯ᠎ᠠ ᠶᠢᠨ ᠡᠬᠢ

ᠪᠠᠶᠠᠯᠢᠭ ᠢ ᠢᠳᠡᠪᠬᠢᠲᠡᠢ ᠡᠮᠬᠢᠯᠡᠨ ᠨᠡᠶᠢᠯᠡᠭᠦᠯᠵᠦ᠂ ᠬᠦᠴᠦᠷᠬᠡᠭ ᠢᠶᠠᠷ ᠪᠠᠭᠤᠷᠠᠢ ᠶᠢ ᠳᠠᠶᠢᠴᠢᠯᠠᠬᠤ᠂ ᠬᠠᠮᠲᠤ ᠳᠤ ᠪᠠᠨ

ᠬᠥᠭᠵᠢᠭᠦᠯᠬᠦ ᠤᠭ ᠰᠠᠨᠠᠭ᠎ᠠ ᠶᠢ ᠪᠦᠲᠦᠮᠵᠢᠲᠡᠢ ᠪᠡᠶᠡᠯᠡᠭᠦᠯᠵᠦ᠂ ᠤᠯᠠᠮᠵᠢᠯᠠᠯᠲᠤ ︽ᠰᠤᠷᠭᠠᠨ ᠬᠥᠮᠦᠵᠢᠯ ᠢ          

ᠳᠡᠮᠵᠢᠬᠦ︾ ︽ᠨᠡᠮᠡᠬᠦ ᠠᠷᠭ᠎ᠠ︾ ᠶᠢ ︽ᠪᠦᠯᠬᠦᠮ ᠪᠠᠶᠢᠭᠤᠯᠬᠤ ᠮᠠᠶ᠋ᠢᠭ︾ ᠢᠶᠠᠷ ᠬᠠᠪᠰᠤᠷᠤᠨ ᠲᠡᠳᠬᠦᠬᠦ

︽ᠦᠷᠡᠵᠢᠭᠦᠯᠬᠦ ᠠᠷᠭ᠎ᠠ︾ ᠪᠣᠯᠭᠠᠨ ᠬᠤᠪᠢᠷᠠᠭᠤᠯᠬᠤ ᠶᠢ ᠪᠦᠲᠦᠮᠵᠢᠲᠡᠢ ᠪᠡᠶᠡᠯᠡᠭᠦᠯᠪᠡ᠃

       ᠦᠵᠦ ᠲᠥᠯᠥᠪᠯᠡᠭᠡ ᠶᠢ ᠰᠠᠶᠢᠲᠤᠷ ᠬᠢᠬᠦ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ  ᠤ ᠨᠠᠮ ᠤᠨ 

ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠰᠤᠷᠭᠠᠨ ᠬᠥᠮᠦᠵᠢᠯ ᠤᠨ ᠲᠢᠩᠬᠢᠮ ᠵᠡᠷᠭᠡ ᠨᠠᠢᠮᠠᠨ ᠰᠠᠯᠠᠭ᠎ᠠ ᠮᠥᠴᠢᠷ

ᠬᠠᠮᠲᠤᠷᠠᠨ ︽ᠭᠤᠷᠪᠠ ᠳᠤ ᠦᠢᠯᠡᠴᠢᠯᠡᠵᠦ ᠨᠢᠭᠡ ᠶᠢ ᠠᠬᠢᠭᠤᠯᠬᠤ︾ ᠺᠠᠳ᠋ᠷ ᠴᠢᠳᠠᠪᠤᠷᠢᠲᠠᠨ ᠤ ᠪᠦᠯᠬᠦᠮ ᠪᠠᠶᠢᠭᠤᠯᠬᠤ

ᠮᠠᠶ᠋ᠢᠭ ᠢᠶᠠᠷ ᠬᠠᠪᠰᠤᠷᠤᠨ ᠲᠡᠳᠬᠦᠬᠦ ᠠᠵᠢᠯᠯᠠᠭ᠎ᠠ ᠶᠢ ᠥᠷᠨᠢᠭᠦᠯᠵᠦ᠂ ᠰᠤᠷᠭᠠᠨ ᠬᠥᠮᠦᠵᠢᠯ ᠤᠨ ᠴᠢᠳᠠᠪᠤᠷᠢᠲᠠᠨ ᠤ

︽ᠪᠦᠯᠬᠦᠮ ᠪᠠᠶᠢᠭᠤᠯᠬᠤ ᠮᠠᠶ᠋ᠢᠭ︾ ᠢᠶᠠᠷ ᠬᠠᠪᠰᠤᠷᠤᠨ ᠲᠡᠳᠬᠦᠬᠦ ᠶᠢ ᠤᠯᠤᠰ ᠤᠨ ᠭᠤᠣᠯᠳᠠᠯᠭ᠎ᠠ ᠲᠠᠢ ᠬᠠᠪᠰᠤᠷᠤᠨ

ᠲᠡᠳᠬᠦᠬᠦ ᠰᠢᠶᠠᠨ ᠠᠴᠠ ᠪᠦᠬᠦ ᠣᠷᠣᠨ ᠤ ᠰᠤᠷᠭᠠᠨ ᠬᠥᠮᠦᠵᠢᠯ ᠤᠨ ᠪᠠᠭᠤᠷᠠᠢ ᠭᠠᠵᠠᠷ ᠣᠷᠣᠨ ᠳᠤ ᠬᠦᠷᠲᠡᠯ᠎ᠡ

ᠥᠷᠭᠡᠳᠬᠡᠵᠦ᠂ ᠬᠠᠪᠰᠤᠷᠤᠨ ᠲᠡᠳᠬᠦᠬᠦ ᠡᠭᠦᠷᠭᠡ᠂ ᠬᠠᠷᠠᠭᠠᠯᠵᠠᠯ ᠢ ᠪᠠᠲᠤᠯᠠᠬᠤ ᠪᠠ ᠤᠷᠮᠠᠰᠢᠭᠤᠯᠬᠤ ᠠᠷᠭ᠎ᠠ

ᠬᠡᠮᠵᠢᠶ᠎ᠡ ᠶᠢ ᠲᠣᠳᠣᠷᠬᠠᠶᠢᠯᠠᠨ᠂ ᠤᠷᠲᠤ ᠬᠤᠭᠤᠴᠠᠭᠠᠨ ᠤ ᠪᠦᠲᠦᠮᠵᠢᠲᠡᠢ ᠬᠠᠪᠰᠤᠷᠤᠨ ᠲᠡᠳᠬᠦᠬᠦ ᠲᠣᠭᠲᠠᠴᠠ ᠶᠢ

ᠪᠠᠶᠢᠭᠤᠯᠵᠤ᠂ ︽ᠨᠢᠭᠡ ᠰᠢᠶᠠᠨ ᠨᠢᠭᠡ ᠬᠡᠷᠡᠭ᠂ ᠨᠢᠭᠡ ᠰᠤᠷᠭᠠᠭᠤᠯᠢ ᠨᠢᠭᠡ ᠠᠷᠭ᠎ᠠ ᠪᠣᠳᠣᠯᠭ᠎ᠠ︾ ᠭᠡᠬᠦ ᠠᠷᠭ᠎ᠠ ᠶᠢᠨ

︽ᠪᠦᠯᠬᠦᠮ ᠪᠠᠶᠢᠭᠤᠯᠬᠤ ᠮᠠᠶ᠋ᠢᠭ︾  ᠢᠶᠠᠷ ᠬᠠᠪᠰᠤᠷᠤᠨ ᠲᠡᠳᠬᠦᠬᠦ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ

ᠣᠯᠬᠤ ᠶᠢ ᠦᠨᠡᠨ ᠬᠦ ᠪᠠᠲᠤᠯᠠᠪᠠ᠃ ᠠᠵᠢᠯᠲᠠᠨ ᠢ ᠰᠣᠩᠭᠤᠨ ᠲᠣᠮᠢᠯᠠᠬᠤ ᠠᠵᠢᠯ ᠢ ᠰᠠᠶᠢᠲᠤᠷ ᠬᠢᠬᠦ ᠲᠠᠯ᠎ᠠ ᠪᠠᠷ

ᠳᠤᠰᠠᠯᠠᠮᠵᠢ ᠭᠦᠷᠲᠡᠬᠦ ᠰᠤᠷᠭᠠᠭᠤᠯᠢ ᠶᠢᠨ ᠬᠡᠷᠡᠭᠴᠡᠭᠡ ᠱᠠᠭᠠᠷᠳᠠᠯᠭ᠎ᠠ ᠲᠠᠢ ᠨᠠᠷᠢᠯᠢᠭ ᠣᠨᠣᠴᠠᠲᠠᠢ ᠵᠣᠯᠭᠠᠭᠤᠯᠵᠤ᠂

ᠰᠤᠷᠭᠠᠭᠤᠯᠢ ᠶᠢᠨ ᠬᠥᠭᠵᠢᠯᠲᠡ ᠶᠢᠨ ᠬᠠᠨᠳᠤᠰᠢ ᠪᠠ ᠭᠠᠵᠠᠷ ᠣᠷᠣᠨ ᠤ ᠠᠵᠤ ᠦᠢᠯᠡᠰ ᠤᠨ ᠳᠠᠪᠠᠭᠤᠯᠢᠭ ᠲᠠᠢ

ᠤᠶᠠᠯᠳᠤᠭᠤᠯᠤᠨ᠂ ᠬᠡᠷᠡᠭᠴᠡᠭᠡ ᠳᠤ ᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠣᠯᠠᠨ ᠳᠡᠰ

ᠳᠠᠪᠬᠤᠷᠭ᠎ᠠ ᠪᠠᠷ ᠰᠣᠩᠭᠤᠨ ᠲᠣᠮᠢᠯᠠᠬᠤ ᠶᠢ ᠪᠠᠷᠢᠮᠲᠠᠯᠠᠵᠤ᠂ ᠪᠠᠭᠰᠢ ᠶᠢᠨ ᠡᠩᠨᠡᠭᠡ ᠶᠢ ᠰᠢᠯᠢᠳᠡᠭᠵᠢᠭᠦᠯᠦᠨ

ᠬᠦᠴᠦᠷᠬᠡᠭᠵᠢᠭᠦᠯᠪᠡ᠃ 2022 ᠣᠨ  ᠠᠴᠠ ᠨᠠᠭᠠᠰᠢ᠂ 3236 ᠪᠠᠭᠰᠢ ᠶᠢ ᠰᠣᠩᠭᠤᠨ ᠲᠣᠮᠢᠯᠠᠵᠤ ᠪᠠᠭᠤᠷᠠᠢ

ᠰᠤᠷᠭᠠᠭᠤᠯᠢ ᠳᠤ ᠣᠴᠢᠭᠤᠯᠵᠤ ᠬᠤᠷᠰᠢᠶᠠᠯᠠᠨ ᠲᠡᠳᠬᠦᠪᠡ᠃ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠬᠦ

ᠲᠠᠯ᠎ᠠ ᠪᠠᠷ᠂ ᠬᠠᠷᠢᠴᠠᠯ ᠶᠣᠰᠣᠭᠠᠷ ᠪᠠᠭᠰᠢ ᠶᠢ ᠠᠰ ᠲᠤ ᠨᠢ ᠬᠠᠪᠰᠤᠷᠤᠨ ᠳᠡᠳᠬᠦᠵᠦ ᠮᠡᠷᠭᠡᠵᠢᠯ ᠤᠨ ᠴᠣᠯᠠ

ᠳᠣᠭᠲᠠᠭᠠᠨ ᠠᠵᠢᠯ ᠤᠨ ᠪᠠᠶᠢᠷᠢ ᠳᠤ ᠤᠷᠢᠬᠤ᠂ ᠰᠤᠷᠭᠠᠭᠤᠯᠢ ᠶᠢᠨ ᠳᠣᠲᠤᠷ᠎ᠠ ᠠᠵᠢᠯ ᠤᠨ ᠪᠠᠶᠢᠷᠢ ᠳᠤ ᠤᠷᠢᠬᠤ

ᠦᠷᠢᠰᠦᠯᠳᠦᠭᠡᠨ ᠢ ᠲᠤᠰᠠᠭᠠᠷ ᠶᠠᠪᠤᠭᠳᠠᠭᠤᠯᠬᠤ ᠶᠢ ᠲᠣᠳᠣᠷᠬᠠᠶᠢᠯᠠᠪᠠ᠃ ᠭᠠᠵᠠᠷ ᠣᠷᠣᠨ ᠢ ᠲᠤᠰᠠᠯᠠᠬᠤ ᠰᠠᠯᠠᠭ᠎ᠠ

ᠮᠥᠴᠢᠷ ᠨᠢ ᠲᠤᠰ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ

ᠮᠥᠴᠢᠷ ᠲᠠᠢ ᠬᠠᠮᠲᠤᠷᠠᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠰᠠᠶᠢᠲᠤᠷ ᠬᠢᠪᠡ᠂ ᠵᠢᠱᠢᠶᠡᠯᠡᠪᠡᠯ᠂ ᠬᠢᠩᠭᠠᠨ

ᠠᠶᠢᠮᠠᠭ ᠨᠢᠭᠲᠠ ᠬᠠᠷᠢᠯᠴᠠᠵᠤ ᠦᠢᠯᠡᠴᠢᠯᠡᠬᠦ ᠵᠡᠷᠭᠡ 10 ᠪᠣᠳᠠᠲᠠᠢ ᠪᠠᠲᠤᠯᠠᠭᠠᠨ ᠤ ᠠᠷᠭ᠎ᠠ ᠬᠡᠮᠵᠢᠶ᠎ᠡ ᠳᠤᠷᠠᠳᠪᠠ᠃

      ᠰᠤᠷᠭᠠᠨ ᠬᠥᠮᠦᠵᠢᠯ ᠤᠨ ᠴᠢᠳᠠᠪᠤᠷᠢᠲᠠᠨ ᠤ ︽ᠪᠦᠯᠬᠦᠮ ᠪᠠᠶᠢᠭᠤᠯᠬᠤ ᠮᠠᠶ᠋ᠢᠭ︾ ᠢᠶᠠᠷ ᠬᠠᠪᠰᠤᠷᠤᠨ ᠲᠡᠳᠬᠦᠬᠦ

ᠠᠵᠢᠯ ᠢ ᠥᠷᠨᠢᠭᠦᠯᠬᠦ ᠶᠠᠪᠤᠴᠠ ᠳᠤ᠂ ᠣᠨᠣᠯᠵᠢᠬᠤᠨ ᠢᠶᠠᠷ ᠬᠥᠲᠥᠯᠥᠨ ᠳᠠᠭᠠᠭᠤᠯᠬᠤ ᠶᠢ ᠴᠢᠬᠤᠯᠠᠴᠢᠯᠠᠵᠤ᠂ ᠡᠯ᠎ᠡ

ᠬᠠᠪᠰᠤᠷᠤᠨ ᠲᠡᠳᠬᠦᠬᠦ ᠪᠦᠯᠬᠦᠮ ᠠᠴᠠ ᠲᠤᠰᠠᠯᠠᠮᠵᠢ ᠬᠦᠷᠲᠡᠭᠰᠡᠨ ᠰᠤᠷᠭᠠᠭᠤᠯᠢ ᠶᠢ ᠬᠠᠪᠰᠤᠷᠤᠨ  ᠬᠥᠭᠵᠢᠭᠦᠯᠬᠦ

ᠲᠥᠯᠥᠪᠵᠢᠭᠦᠯᠭᠡ ᠲᠣᠭᠲᠠᠭᠠᠨ᠂ ᠳᠦᠷᠢᠮ ᠲᠣᠭᠲᠠᠭᠠᠯ ᠢ ᠲᠡᠭᠦᠯᠳᠡᠷᠵᠢᠭᠦᠯᠵᠦ᠂ ᠲᠡᠷᠢᠭᠦᠨ ᠤ ᠵᠢᠭᠠᠨ

ᠰᠤᠷᠭᠠᠯᠲᠠ ᠶᠢᠨ ᠬᠠᠮᠢᠶᠠᠷᠤᠯᠲᠠ ᠶᠢᠨ ᠣᠨᠣᠯᠵᠢᠬᠤᠨ ᠢ ︽ᠬᠥᠷᠥᠰᠥ ᠰᠢᠷᠣᠢ ᠲᠠᠢ ᠨᠢ ᠬᠠᠮᠲᠤ︾ ᠲᠤᠰᠠᠯᠠᠮᠵᠢ

ᠬᠦᠷᠲᠡᠬᠦ ᠰᠤᠷᠭᠠᠭᠤᠯᠢ ᠳᠤ ᠣᠷᠣᠭᠤᠯᠵᠤ᠂ ᠲᠤᠰᠠᠯᠠᠮᠵᠢ ᠬᠦᠷᠲᠡᠭᠰᠡᠨ ᠰᠤᠷᠭᠠᠭᠤᠯᠢ ᠶᠢᠨ ᠲᠠᠪᠠᠯᠳᠠᠳᠤ ᠮᠠᠶ᠋ᠢᠭ ᠤᠨ

ᠬᠥᠭᠵᠢᠯᠲᠡ ᠳᠤ ᠬᠠᠪᠰᠤᠷᠤᠮᠵᠢ ᠦᠵᠡᠭᠦᠯᠪᠡ᠃ ᠵᠢᠭᠠᠬᠤ ᠶᠢ ᠰᠤᠳᠤᠯᠬᠤ ᠶᠢᠨ ᠬᠥᠲᠦᠯᠦᠨ ᠳᠠᠭᠠᠭᠤᠯᠬᠤ ᠶᠢ

ᠴᠢᠬᠤᠯᠠᠴᠢᠯᠠᠵᠤ᠂ ᠰᠤᠷᠭᠠᠭᠤᠯᠢ ᠶᠢᠨ ᠵᠢᠭᠠᠬᠤ ᠶᠢ ᠰᠤᠳᠤᠯᠬᠤ ᠪᠠᠷ ᠲᠤᠰᠠᠯᠠᠮᠵᠢ ᠬᠦᠷᠲᠡᠭᠰᠡᠨ ᠰᠤᠷᠭᠠᠭᠤᠯᠢ ᠶᠢᠨ

ᠪᠠᠭᠰᠢ ᠶᠢ ᠬᠠᠪᠰᠤᠷᠤᠨ ᠵᠢᠭᠠᠬᠤ ᠰᠤᠷᠬᠤ ᠦᠨᠡᠯᠡᠬᠦ ᠶᠢ ᠨᠢᠭᠡ ᠴᠣᠭᠴᠠᠵᠢᠭᠤᠯᠤᠭᠰᠠᠨ ᠵᠢᠭᠠᠨ ᠰᠤᠷᠭᠠᠯᠲᠠ ᠶᠢᠨ

ᠵᠠᠭᠪᠤᠷ ᠢ ᠪᠠᠶᠢᠭᠤᠯᠵᠤ᠂ ᠰᠣᠳᠤᠯᠬᠤ ᠠᠷᠭ᠎ᠠ ᠵᠠᠮ᠂ ᠵᠢᠭᠠᠬᠤ ᠶᠢ ᠰᠤᠳᠤᠯᠬᠤ ᠠᠵᠢᠯᠯᠠᠭ᠎ᠠ᠂ ᠦᠢᠯᠡᠳᠦᠯᠭᠡ ᠶᠢᠨ

ᠠᠵᠢᠯᠯᠠᠭ᠎ᠠ᠂ ᠳᠠᠰᠬᠠᠯ  ᠤᠨ ᠬᠠᠮᠢᠶᠠᠷᠤᠯᠲᠠ᠂ ᠴᠢᠨᠠᠷ ᠴᠢᠨᠰᠠᠭᠠᠨ ᠤ ᠬᠢᠨᠠᠨ ᠰᠢᠯᠭᠠᠯᠲᠠ ᠶᠢ ᠵᠢᠷᠤᠮᠵᠢᠭᠤᠯᠤᠨ᠂

ᠲᠤᠰᠠᠯᠠᠮᠵᠢ ᠬᠦᠷᠲᠡᠭᠰᠡᠨ ᠰᠤᠷᠭᠠᠭᠤᠯᠢ ᠶᠢᠨ ᠪᠠᠭᠰᠢ ᠶᠢ ᠬᠠᠪᠰᠤᠷᠤᠨ ᠥᠳᠲᠡᠷ ᠲᠦᠷᠭᠡᠨ ᠪᠤᠶᠢᠵᠢᠭᠤᠯᠵᠤ᠂

ᠪᠠᠭᠰᠢ ᠶᠢᠨ ᠪᠦᠯᠬᠦᠮ ᠢ ᠬᠠᠪᠰᠤᠷᠤᠨ 65000 ᠭᠠᠷᠤᠢ ᠤᠳᠠᠭ᠎ᠠ ᠰᠤᠷᠭᠠᠭᠤᠯᠢ ᠶᠢᠨ ᠵᠢᠭᠠᠬᠤ  ᠶᠢ ᠰᠣᠳᠤᠯᠬᠤ ᠶᠢ

ᠥᠷᠨᠢᠭᠦᠯᠪᠡ᠃ ᠡᠭᠦᠨ ᠠᠴᠠ ᠭᠠᠳᠠᠨ᠎ᠠ᠂ ᠪᠢᠳᠡ ᠪᠠᠰᠠ ᠣᠷᠣᠨ ᠨᠤᠲᠤᠭ ᠤᠨ ᠪᠠᠭᠰᠢ ᠶᠢᠨ ᠦᠰᠦᠨ ᠪᠤᠶᠢᠵᠢᠯᠲᠠ ᠶᠢ

ᠴᠢᠬᠤᠯᠠᠴᠢᠯᠠᠵᠤ᠂ ᠬᠠᠪᠰᠤᠷᠤᠨ ᠲᠡᠳᠬᠦᠬᠦ ᠪᠦᠯᠬᠦᠮ ᠤᠨ ᠬᠢᠨ ᠡᠭᠦᠳᠡ ᠨᠡᠭᠡᠭᠡᠬᠦ ᠬᠢᠴᠢᠶᠡᠯ᠂ ᠵᠢᠱᠢᠶ᠎ᠡ ᠦᠵᠡᠭᠦᠯᠬᠦ

ᠬᠢᠴᠢᠶᠡᠯ᠂ ᠢᠯᠡ ᠬᠢᠴᠢᠶᠡᠯ ᠢ ᠲᠥᠪᠯᠡᠷᠡᠭᠦᠯᠦᠨ ᠨᠡᠭᠡᠭᠡᠵᠦ᠂ ᠲᠤᠰᠠᠯᠠᠮᠵᠢ ᠬᠦᠷᠲᠡᠬᠦ ᠰᠤᠷᠭᠠᠭᠤᠯᠢ ᠶᠢᠨ ᠪᠠᠭᠰᠢ ᠲᠠᠢ

2000 ᠭᠠᠷᠤᠢ ᠬᠤᠣᠰ ︽ᠪᠠᠭᠰᠢ ᠠᠵᠢᠯᠲᠠᠨ ᠬᠤᠷᠰᠢᠶᠠᠯᠠᠵᠤ︾᠂ ᠰᠤᠷᠤᠯᠴᠠᠯᠭ᠎ᠠ ᠶᠢᠨ ᠬᠠᠮᠲᠤ ᠶᠢᠨ ᠴᠣᠭᠴᠠ ᠶᠢ

ᠪᠣᠢ ᠪᠣᠯᠭᠠᠪᠠ᠃ ᠬᠠᠮᠲᠤ ᠳᠤ ᠪᠠᠨ ᠵᠢᠭᠠᠨ ᠰᠤᠷᠭᠠᠬᠤ᠂ ᠬᠠᠮᠲᠤ ᠳᠤ ᠪᠠᠨ ᠬᠢᠴᠢᠶᠡᠯ ᠪᠡᠯᠡᠳᠬᠡᠬᠦ᠂ ᠬᠠᠮᠲᠤ ᠳᠤ ᠪᠠᠨ

ᠵᠢᠭᠠᠨ ᠰᠤᠷᠭᠠᠯᠲᠠ ᠶᠢᠨ ᠲᠥᠯᠥᠪᠯᠡᠭᠡ ᠲᠣᠭᠲᠠᠭᠠᠬᠤ ᠪᠠᠷ ᠳᠠᠮᠵᠢᠭᠤᠯᠤᠨ᠂ ᠬᠠᠮᠲᠤ ᠳᠤ ᠪᠠᠨ ᠥᠰᠦᠨ ᠪᠤᠶᠢᠵᠢᠬᠤ ᠶᠢ

ᠠᠬᠢᠭᠤᠯᠵᠤ᠂ ᠨᠢᠭᠡ ᠰᠠᠯᠠᠭ᠎ᠠ ᠯᠠᠪᠳᠠᠭᠤᠨ ᠪᠠᠲᠤᠲᠠᠢ ᠰᠢᠯᠢᠳᠡᠭ ᠪᠠᠭᠰᠢ ᠶᠢᠨ ᠡᠩᠨᠡᠭᠡ ᠶᠢ ᠬᠦᠴᠦᠯᠡᠨ ᠪᠠᠶᠢᠭᠤᠯᠵᠤ᠂

︽ᠴᠢᠰᠤ ᠶᠡᠭᠦᠯᠡᠬᠦ︾ ᠠᠴᠠ ︽ᠴᠢᠰᠤ ᠪᠦᠲᠦᠭᠡᠬᠦ︾ ᠲᠡᠶᠢᠰᠢ ᠬᠤᠪᠢᠷᠠᠭᠤᠯᠬᠤ ᠶᠢ ᠪᠡᠶᠡᠯᠡᠭᠦᠯᠪᠡ᠃

      ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠳᠤ ᠲᠦᠰᠢᠭᠯᠡᠨ᠂ ᠪᠢᠳᠡ ᠪᠡᠭᠡᠵᠢᠩ  ᠤᠨ ᠳᠡᠮᠵᠢᠯᠭᠡ ᠶᠢ

ᠣᠯᠵᠤ᠂ ᠪᠡᠭᠡᠵᠢᠩ ᠥᠪᠥᠷ ᠮᠣᠩᠭᠤᠯ ᠤᠨ ᠳᠤᠮᠳᠠᠳᠤ ᠪᠠᠭ᠎ᠠ ᠰᠤᠷᠭᠠᠭᠤᠯᠢ ᠬᠤᠷᠰᠢᠶᠠᠯᠠᠨ ᠪᠠᠶᠢᠭᠤᠯᠬᠤ ᠶᠢ

ᠠᠬᠢᠭᠤᠯᠵᠤ᠂ 2023 ᠣᠨ ᠳᠤ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠠᠮᠵᠢᠯᠴᠠᠭᠠᠨ ᠤ

ᠣᠶᠤᠨᠴᠢ ᠲᠠᠪᠴᠠᠩ ᠢ ᠡᠬᠢᠯᠡᠨ ᠠᠵᠢᠯᠯᠠᠭᠤᠯᠵᠤ᠂ ᠮᠠᠨ ᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ

ᠥᠪᠥᠷ ᠮᠣᠩᠭᠤᠯ ᠤᠨ ᠣᠶᠤᠨᠴᠢ ᠰᠤᠷᠭᠠᠨ ᠬᠥᠮᠦᠵᠢᠯ ᠤᠨ ᠲᠠᠪᠴᠠᠩ ᠤᠨ ᠨᠢᠭᠡ ᠥᠷᠲᠡᠭᠡ ᠮᠠᠶ᠋ᠢᠭ ᠢᠶᠠᠷ

ᠳᠠᠮᠵᠢᠭᠤᠯᠤᠨ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠠᠮᠵᠢᠯᠴᠠᠭᠠᠨ ᠤ ᠣᠶᠤᠨᠴᠢ

ᠲᠠᠪᠴᠠᠩ ᠳᠤ ᠭᠠᠷᠬᠤ ᠶᠢ ᠪᠡᠶᠡᠯᠡᠭᠦᠯᠵᠦ᠂ ᠪᠡᠭᠡᠵᠢᠩ ᠤᠨ ᠲᠣᠭᠠᠵᠢᠭᠰᠠᠨ ᠰᠤᠷᠭᠠᠨ ᠬᠥᠮᠦᠵᠢᠯ ᠤᠨ ᠲᠥᠪ ᠤᠨ

ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠭᠥᠷᠳᠡᠵᠦ᠂ ᠪᠡᠭᠡᠵᠢᠩ ᠤᠨ ᠰᠤᠷᠭᠠᠭᠤᠯᠢ ᠲᠠᠢ ᠢᠵᠢᠯ

ᠠᠯᠬᠤᠮᠲᠤ ᠬᠢᠴᠢᠶᠡᠯ ᠤᠨ ᠲᠠᠩᠬᠢᠮ᠂ ᠢᠵᠢᠯ ᠠᠯᠬᠤᠮᠲᠤ ᠵᠢᠭᠠᠬᠤ ᠶᠢ ᠰᠤᠳᠤᠯᠬᠤ ᠶᠢ ᠥᠷᠨᠢᠭᠦᠯᠪᠡ᠃ 2024

ᠣᠨ ᠤ ᠳᠡᠭᠡᠷ᠎ᠡ ᠬᠠᠭᠠᠰ ᠵᠢᠯ ᠳᠤ᠂ ᠮᠠᠨ ᠤ ᠣᠷᠣᠨ ᠪᠡᠭᠡᠵᠢᠩ ᠤᠨ ᠰᠢᠯᠢᠳᠡᠭ ᠰᠤᠷᠭᠠᠭᠤᠯᠢ ᠲᠠᠢ 5 ᠤᠳᠠᠭ᠎ᠠ

︽ᠢᠵᠢᠯ ᠠᠯᠬᠤᠮᠲᠤ ᠬᠢᠴᠢᠶᠡᠯ ᠤᠨ ᠲᠠᠩᠬᠢᠮ᠂ ᠢᠵᠢᠯ ᠠᠯᠬᠤᠮᠲᠤ ᠵᠢᠭᠠᠬᠤ ᠶᠢ ᠰᠤᠳᠤᠯᠬᠤ︾ ᠭᠤᠣᠯ ᠰᠡᠳᠦᠪᠲᠦ

ᠠᠵᠢᠯᠯᠠᠭ᠎ᠠ ᠥᠷᠨᠢᠭᠦᠯᠵᠦ᠂ 3000 ᠭᠠᠷᠤᠢ ᠪᠠᠭᠰᠢ ᠶᠢ ᠨᠥᠯᠥᠭᠡᠯᠡᠨ ᠳᠠᠶᠢᠴᠢᠯᠠᠵᠤ ᠣᠷᠣᠯᠴᠠᠭᠤᠯᠪᠠ᠃

      ᠳᠡᠭᠡᠷ᠎ᠡ ᠳᠤᠷᠠᠳᠤᠭᠰᠠᠨ ︽ᠪᠦᠯᠬᠦᠮ ᠪᠠᠶᠢᠭᠤᠯᠬᠤ ᠮᠠᠶ᠋ᠢᠭ ᠢᠶᠠᠷ ᠬᠠᠪᠰᠤᠷᠤᠨ ᠲᠡᠳᠬᠦᠬᠦ ᠪᠠ ᠪᠡᠭᠡᠵᠢᠩ ᠥᠪᠥᠷ

ᠮᠣᠩᠭᠤᠯ ᠤᠨ ᠠᠵᠢᠯ ᠲᠥᠷᠥᠯ ᠢᠶᠠᠷ ᠢᠶᠠᠨ ᠬᠠᠮᠵᠢᠯᠴᠠᠬᠤ ᠪᠠᠷ ᠳᠠᠮᠵᠢᠨ᠂ ᠮᠠᠨ ᠤ ᠣᠷᠣᠨ ᠤ ᠰᠤᠷᠭᠠᠨ ᠬᠥᠮᠦᠵᠢᠯ ᠤᠨ

ᠰᠠᠭᠤᠷᠢ ᠪᠠᠷ ᠠᠨᠠᠢ ᠭᠠᠵᠠᠷ ᠣᠷᠣᠨ ᠤ ᠪᠠᠭᠰᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠳᠠᠪᠤᠷᠢ᠂

ᠪᠠᠭᠰᠢ ᠶᠢᠨ ᠡᠩᠨᠡᠭᠡᠨ ᠤ ᠪᠠᠶᠢᠭᠤᠯᠤᠯᠲᠠ᠂ ᠰᠤᠷᠭᠠᠭᠤᠯᠢ ᠶᠢᠨ ᠬᠠᠮᠢᠶᠠᠷᠤᠯᠲᠠ ᠪᠠ ᠪᠦᠬᠦᠯᠢ ᠴᠣᠭᠴᠠ ᠪᠠᠷ ᠬᠥᠮᠦᠨ

ᠬᠥᠮᠦᠵᠢᠭᠦᠯᠬᠦ ᠬᠢᠷᠢ ᠲᠦᠪᠰᠢᠨ ᠴᠥᠮ ᠢᠯᠡᠳᠲᠡ ᠳᠡᠭᠡᠭᠰᠢᠯᠡᠵᠦ᠂ ᠮᠠᠨ ᠤ ᠣᠷᠣᠨ ᠤ ᠬᠤᠰᠢᠭᠤ ᠰᠢᠶᠠᠨ ᠵᠢᠴᠢ

ᠲᠡᠭᠦᠨ ᠠᠴᠠ ᠳᠣᠷᠣᠭᠰᠢᠬᠢ ᠳᠤᠮᠳᠠᠳᠤ ᠪᠠᠭ᠎ᠠ ᠰᠤᠷᠭᠠᠭᠤᠯᠢ ᠪᠣᠯᠤᠨ ᠬᠤᠲᠠ ᠶᠢᠨ ᠲᠣᠭᠤᠷᠢᠭ ᠤᠨ ᠰᠤᠷᠭᠠᠭᠤᠯᠢ ᠶᠢᠨ

ᠵᠣᠬᠢᠴᠠᠩᠭᠤᠢ ᠬᠥᠭᠵᠢᠯᠲᠡ ᠶᠢ ᠠᠬᠢᠭᠤᠯᠤᠨ᠂ ᠰᠤᠷᠭᠠᠨ ᠬᠥᠮᠦᠵᠢᠯ ᠤᠨ ᠵᠥᠷᠢᠶ᠎ᠡ ᠶᠢ ᠲᠦᠷᠭᠡᠳᠬᠡᠨ ᠪᠠᠭᠠᠰᠬᠠᠵᠤ᠂

ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠪᠠᠲᠤ ᠴᠢᠩᠭ᠎ᠠ ᠴᠢᠳᠠᠪᠤᠷᠢᠲᠠᠨ ᠤ

ᠲᠤᠯᠭᠠᠭᠤᠷᠢᠯᠠᠯ ᠬᠠᠩᠭᠠᠪᠠ᠃

      ᠰᠢᠨᠬᠤᠸᠠ ᠬᠤᠷᠢᠶᠠᠨ ᠤ ᠥᠪᠥᠷ ᠮᠣᠩᠭᠤᠯ ᠳᠠᠬᠢ ᠬᠤᠪᠢᠶᠠᠷᠢ ᠬᠤᠷᠢᠶᠠᠨ ᠤ ᠰᠤᠷᠪᠤᠯᠵᠢᠯᠠᠭᠴᠢ᠄ ᠰᠠᠶ᠋ᠢᠬᠠᠨ

ᠪᠠᠭᠰᠢ ᠶᠢᠨ ᠡᠩᠨᠡᠭᠡᠨ ᠤ ᠪᠠᠶᠢᠭᠤᠯᠤᠯᠲᠠ ᠳᠤ ᠣᠯᠠᠨ ᠰᠠᠯᠠᠭ᠎ᠠ ᠮᠥᠴᠢᠷ  ᠤᠨ ᠬᠢᠨ ᠵᠡᠷᠭᠡ ᠪᠠᠷ ᠬᠦᠴᠦᠯᠡᠵᠦ᠂ ᠣᠯᠠᠨ

ᠠᠷᠭ᠎ᠠ ᠶᠢ ᠵᠡᠷᠭᠡ ᠪᠠᠷ ᠬᠡᠷᠡᠭᠯᠡᠬᠦ ᠴᠢᠬᠤᠯᠠᠲᠠᠢ ᠭᠡᠵᠦ ᠶᠠᠷᠢᠪᠠ᠂ ᠥᠪᠡᠷᠲᠡᠭᠡᠨ ᠵᠠᠰᠠᠬᠤ ᠣᠷᠣᠨ ᠤ ᠣᠷᠣᠨ ᠲᠣᠭᠠᠨ ᠤ

ᠰᠠᠯᠠᠭ᠎ᠠ ᠮᠥᠴᠢᠷ ᠤᠨ ᠬᠢᠨ ᠪᠠᠭᠰᠢ ᠶᠢᠨ ᠣᠷᠣᠨ  ᠲᠣᠭᠠᠨ ᠤ ᠪᠠᠲᠤᠯᠠᠭ᠎ᠠ ᠶᠢ ᠴᠢᠩᠭᠠᠳᠬᠠᠬᠤ ᠲᠠᠯ᠎ᠠ ᠪᠠᠷ ᠶᠠᠮᠠᠷ

ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠠᠪᠤᠭᠰᠠᠨ ᠪᠣᠢ︖

      ᠥᠪᠡᠷᠲᠡᠭᠡᠨ ᠵᠠᠰᠠᠬᠤ ᠣᠷᠣᠨ ᠤ ᠣᠷᠣᠨ ᠲᠣᠭᠠᠨ ᠤ ᠠᠯᠪᠠᠨ ᠭᠡᠷ ᠤᠨ ᠳᠥᠷᠪᠡᠳᠦᠭᠡᠷ ᠭᠠᠵᠠᠷ ᠤᠨ ᠳᠠᠷᠤᠭ᠎ᠠ  

ᠵᠠᠩ ᠨᠠᠨ᠄

      ᠳᠣᠣᠷ᠎ᠠ ᠪᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠣᠷᠣᠨ ᠲᠣᠭᠠᠨ‌‍ᠤ ᠠᠯᠪᠠᠨ ᠭᠡᠷ ᠤᠨ

ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠠᠵᠢᠯᠲᠠᠨ ᠤ ᠣᠷᠣᠨ ᠲᠣᠭᠠᠨ‌‍ᠤ ᠲᠣᠬᠢᠷᠠᠭᠤᠯᠤᠯᠲᠠ ᠶᠢ ᠰᠢᠯᠢᠳᠡᠭᠵᠢᠭᠦᠯᠬᠦ᠂

ᠳᠡᠭᠡᠳᠦ ᠰᠤᠷᠭᠠᠭᠤᠯᠢ ᠶᠢᠨ ᠠᠵᠢᠯᠲᠠᠨ ᠤ ᠶᠡᠷᠦᠩᠬᠡᠢ ᠲᠣᠭᠠᠨ ᠤ ᠬᠠᠮᠢᠶᠠᠷᠤᠯᠲᠠ ᠶᠢᠨ ᠥᠭᠡᠷᠡᠴᠢᠯᠡᠯᠲᠡ ᠶᠢ

ᠠᠬᠢᠭᠤᠯᠬᠤ ᠵᠡᠷᠭᠡ ᠲᠠᠯ᠎ᠠ ᠪᠠᠷ ᠳᠦᠭᠦᠮ ᠶᠠᠷᠢᠶ᠎ᠠ᠃ 

      ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠠᠵᠢᠯᠲᠠᠨ ᠠᠵᠢᠯᠴᠢᠨ ᠤ ᠣᠷᠣᠨ ᠲᠣᠭᠠᠨ ᠤ

ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠲᠠᠯ᠎ᠠ ᠪᠠᠷ᠂ ᠨᠢᠭᠡ ᠳᠤ᠂ ᠬᠤᠲᠠ ᠬᠥᠳᠡᠭᠡ ᠶᠢᠨ ᠣᠷᠣᠨ ᠲᠣᠭᠠᠨ ᠤ

ᠪᠠᠷᠢᠮᠵᠢᠶ᠎ᠠ ᠶᠢ ᠨᠢᠭᠡᠳᠭᠡᠪᠡ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ

ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ  ᠶᠢᠨ ᠣᠷᠣᠨ ᠲᠣᠭᠠᠨ ᠤ ᠬᠠᠮᠢᠶᠠᠷᠤᠯᠲᠠ ᠶᠢᠨ ᠠᠷᠭ᠎ᠠ︾ ᠳᠤ

︽ᠠᠩᠭᠢ ᠪᠣᠯᠤᠨ ᠪᠠᠭᠰᠢ ᠶᠢᠨ ᠬᠠᠷᠢᠴᠠᠯ︾ ᠪᠠ ︽ᠰᠤᠷᠤᠭᠴᠢ ᠪᠣᠯᠤᠨ ᠪᠠᠭᠰᠢ ᠶᠢᠨ ᠬᠠᠷᠢᠴᠠᠯ︾ ᠢ ᠤᠶᠠᠯᠳᠤᠭᠤᠯᠬᠤ

ᠠᠷᠭ᠎ᠠ ᠮᠠᠶ᠋ᠢᠭ ᠢ ᠬᠡᠷᠡᠭᠯᠡᠨ᠂ ᠪᠠᠭᠰᠢ ᠠᠵᠢᠯᠲᠠᠨ ᠠᠵᠢᠯᠴᠢᠨ ᠤ ᠣᠷᠣᠨ ᠲᠤᠭ᠎ᠠ ᠶᠢ ᠬᠢᠨᠠᠨ ᠲᠣᠭᠲᠠᠭᠠᠵᠤ᠂ ᠠᠳᠠᠯᠢ

ᠪᠤᠰᠤ ᠭᠠᠵᠠᠷ ᠣᠷᠣᠨ᠂ ᠬᠤᠲᠠ ᠬᠥᠳᠡᠭᠡ᠂ ᠰᠤᠷᠭᠠᠭᠤᠯᠢ ᠵᠢᠴᠢ ᠰᠤᠷᠤᠯᠭ᠎ᠠ ᠶᠢᠨ ᠱᠠᠲᠤᠨ  ᠤ ᠬᠤᠭᠤᠷᠣᠨᠳᠣᠬᠢ

ᠪᠠᠭᠰᠢ ᠠᠵᠢᠯᠲᠠᠨ ᠠᠵᠢᠯᠴᠢᠨ ᠤ ᠣᠷᠣᠨ ᠲᠤᠭ᠎ᠠ ᠶᠢ ᠬᠥᠳᠡᠯᠦᠩᠭᠦᠢ ᠪᠠᠷ ᠲᠣᠬᠢᠷᠠᠭᠤᠯᠤᠨ᠂ ᠪᠠᠭᠰᠢ ᠶᠢᠨ ᠣᠷᠣᠨ

ᠲᠣᠭᠠᠨ ᠤ ᠲᠣᠬᠢᠷᠠᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠳᠦᠷᠢᠮ ᠤᠨ ᠲᠠᠯ᠎ᠠ ᠠᠴᠠ ᠳᠤᠮᠳᠠᠳᠤ ᠪᠠᠭ᠎ᠠ

ᠰᠤᠷᠭᠠᠭᠤᠯᠢ ᠶᠢᠨ ᠪᠠᠭᠰᠢ ᠠᠵᠢᠯᠲᠠᠨ ᠠᠵᠢᠯᠴᠢᠨ ᠤ ᠣᠷᠣᠨ ᠲᠣᠭᠠᠨ ᠤ ᠬᠠᠮᠢᠶᠠᠷᠤᠯᠲᠠ ᠶᠢ ᠨᠡᠩ ᠰᠢᠨᠵᠢᠯᠡᠬᠦ

ᠤᠬᠠᠭᠠᠨᠴᠢ ᠪᠠᠷ ᠵᠢᠷᠤᠮᠵᠢᠭᠤᠯᠬᠤ ᠶᠢ ᠪᠠᠲᠤᠯᠠᠪᠠ᠃ ᠬᠤᠶᠠᠷ ᠲᠤ᠂ ᠨᠠᠶᠢᠷᠠᠭᠤᠯᠤᠨ ᠵᠣᠬᠢᠶᠠᠬᠤ ᠡᠬᠢ ᠪᠠᠶᠠᠯᠢᠭ ᠢ

ᠪᠦᠲᠦᠮᠵᠢᠲᠡᠢ ᠪᠥᠭᠡᠳ ᠠᠮᠢᠳᠤᠯᠢᠭ ᠪᠣᠯᠭᠠᠪᠠ᠃ ᠡᠯ᠎ᠡ ᠭᠠᠵᠠᠷ ᠤᠨ ᠰᠤᠷᠤᠭᠴᠢ ᠶᠢᠨ ᠢᠷᠡᠯᠲᠡ ᠶᠢᠨ ᠪᠠᠶᠢᠳᠠᠯ ᠢ

ᠦᠨᠳᠦᠰᠦᠯᠡᠨ᠂ ᠡᠯ᠎ᠡ ᠠᠶᠢᠮᠠᠭ ᠬᠤᠲᠠ ᠶᠢᠨ ᠬᠢᠨᠠᠨ ᠲᠣᠭᠲᠠᠭᠠᠭᠰᠠᠨ ᠣᠷᠣᠨ ᠲᠣᠭᠠᠨ ᠤ ᠶᠡᠷᠦᠩᠬᠡᠢ ᠲᠤᠭ᠎ᠠ 26.9

ᠲᠦᠮᠡᠨ ᠬᠥᠮᠦᠨ ᠪᠣᠯᠪᠠ᠃ ᠡᠯ᠎ᠡ ᠭᠠᠵᠠᠷ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠦᠨᠳᠦᠰᠦᠨ ᠣᠷᠣᠨ

ᠲᠤᠭ᠎ᠠ ᠶᠢ ᠪᠦᠬᠦ ᠲᠠᠯ᠎ᠠ ᠪᠠᠷ ᠪᠠᠲᠤᠯᠠᠭᠰᠠᠨ ᠰᠠᠭᠤᠷᠢᠨ ᠳᠡᠭᠡᠷ᠎ᠡ᠂ ᠳᠠᠬᠢᠨ ᠵᠣᠬᠢᠬᠤ ᠬᠠᠷᠢᠴᠠᠯ ᠢᠶᠠᠷ ᠨᠡᠮᠡᠯᠲᠡ ᠣᠷᠣᠨ

ᠲᠤᠭ᠎ᠠ ᠶᠢ ᠬᠢᠨᠠᠨ ᠲᠣᠭᠲᠠᠭᠠᠵᠤ ᠪᠠᠭᠰᠢ ᠶᠢ ᠳᠠᠪᠲᠠᠨ ᠪᠣᠯᠪᠠᠰᠤᠷᠠᠭᠤᠯᠬᠤ᠂ ᠰᠤᠷᠭᠠᠨ ᠬᠥᠮᠦᠵᠢᠯ ᠢ ᠳᠡᠮᠵᠢᠵᠦ

ᠰᠣᠯᠢᠯᠴᠠᠬᠤ ᠵᠡᠷᠭᠡ ᠣᠷᠣᠨ ᠲᠣᠭᠠᠨ ᠤ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠬᠤ ᠳᠤ ᠬᠡᠷᠡᠭᠯᠡᠵᠦ᠂ ᠰᠠᠭᠤᠷᠢ

ᠰᠤᠷᠭᠠᠨ ᠬᠥᠮᠦᠵᠢᠯ ᠤᠨ ᠬᠥᠭᠵᠢᠯᠲᠡ ᠶᠢᠨ ᠦᠨᠳᠦᠰᠦᠨ ᠬᠡᠷᠡᠭᠴᠡᠭᠡ ᠶᠢ ᠭᠦᠢᠴᠡᠳ ᠪᠠᠲᠤᠯᠠᠪᠠ᠃ ᠭᠤᠷᠪᠠ ᠳᠤ᠂

ᠡᠬᠢ ᠪᠠᠶᠠᠯᠢᠭ ᠤᠨ ᠡᠷᠭᠢᠯᠲᠡ ᠶᠢ ᠨᠠᠶᠢᠷᠠᠭᠤᠯᠤᠨ ᠵᠣᠬᠢᠶᠠᠬᠤ ᠲᠣᠭᠲᠠᠴᠠ ᠶᠢ ᠬᠡᠷᠡᠭᠵᠢᠭᠦᠯᠪᠡ᠃ ᠡᠯ᠎ᠡ ᠱᠠᠲᠤᠨ ᠤ

ᠳᠤᠮᠳᠠᠳᠤ ᠪᠠᠭ᠎ᠠ ᠰᠤᠷᠭᠠᠭᠤᠯᠢ ᠶᠢᠨ ᠣᠷᠣᠨ ᠲᠣᠭᠠᠨ ᠤ ︽ᠡᠷᠭᠢᠯᠲᠡ ᠶᠢᠨ ᠲᠠᠲᠠᠭᠠᠯ︾ ᠢ ᠪᠠᠶᠢᠭᠤᠯᠵᠤ᠂

ᠥᠪᠡᠷᠲᠡᠭᠡᠨ ᠵᠠᠰᠠᠬᠤ ᠣᠷᠣᠨ 2016 ᠣᠨ᠂ 2019 ᠣᠨ ᠪᠠ 2022 ᠣᠨ ᠳᠤ ᠭᠤᠷᠪᠠ ᠤᠳᠠᠭ᠎ᠠ          

ᠶᠡᠷᠦᠩᠬᠡᠢ ᠲᠣᠭᠠᠨ ᠤ ᠳᠣᠲᠣᠷ᠎ᠠ 1.37 ᠲᠦᠮᠡᠨ ᠪᠠᠭᠰᠢ ᠶᠢᠨ ᠣᠷᠣᠨ ᠲᠤᠭ᠎ᠠ ᠶᠢ ᠬᠥᠳᠡᠯᠦᠩᠭᠦᠢ ᠲᠣᠬᠢᠷᠠᠭᠤᠯᠵᠤ᠂

ᠰᠤᠷᠤᠭᠴᠢ ᠶᠢᠨ ᠢᠷᠡᠯᠲᠡ ᠶᠢᠨ ᠭᠠᠵᠠᠷ ᠢ ᠪᠠᠲᠤᠯᠠᠬᠤ ᠡᠷᠴᠢᠮ ᠢ ᠭᠤᠣᠯᠳᠠᠯᠭ᠎ᠠ ᠲᠠᠢ ᠴᠢᠩᠭᠠᠷᠠᠭᠤᠯᠵᠤ᠂

ᠭᠤᠣᠯᠳᠠᠯᠭ᠎ᠠ ᠲᠠᠢ ᠭᠠᠵᠠᠷ ᠣᠷᠣᠨ ᠤ ᠪᠠᠭᠰᠢ ᠶᠢᠨ ᠣᠷᠣᠨ ᠲᠤᠭ᠎ᠠ ᠳᠤᠲᠠᠭᠳᠠᠵᠤ ᠪᠠᠶᠢᠭ᠎ᠠ ᠠᠰᠠᠭᠤᠳᠠᠯ ᠢ

ᠪᠦᠲᠦᠮᠵᠢᠲᠡᠢ ᠰᠢᠢᠳᠪᠦᠷᠢᠯᠡᠪᠡ᠃ ᠳᠥᠷᠪᠡ ᠳᠤ᠂ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ          

ᠤᠷᠢᠬᠤ︾ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠠᠵᠢᠯ ᠢ ᠠᠬᠢᠭᠤᠯᠪᠠ᠃ ᠪᠦᠬᠦ ᠣᠷᠣᠨ

ᠠᠵᠢᠯ ᠦᠢᠯᠡᠰ ᠤᠨ ᠨᠢᠭᠡᠴᠢ ᠶᠢᠨ ᠢᠯᠡ  ᠪᠠᠷ ᠤᠷᠢᠵᠤ ᠬᠡᠷᠡᠭᠯᠡᠬᠦ ᠬᠤᠭᠤᠰᠤᠨ ᠣᠷᠣᠨ ᠲᠣᠭᠠᠨ ᠤ ᠲᠥᠯᠥᠪᠯᠡᠭᠡ ᠶᠢ

ᠬᠢᠨᠠᠨ ᠵᠥᠪᠰᠢᠶᠡᠷᠡᠬᠦ ᠡᠷᠬᠡ ᠮᠡᠳᠡᠯ ᠢ ᠡᠯ᠎ᠡ ᠠᠶᠢᠮᠠᠭ ᠬᠤᠲᠠ ᠳᠤ ᠪᠠᠭᠤᠯᠭᠠᠵᠤ᠂ ᠲᠤᠬᠠᠢ ᠶᠢᠨ ᠭᠠᠵᠠᠷ ᠤᠨ ᠰᠤᠷᠭᠠᠨ

ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠠᠵᠢᠯᠲᠠᠨ

ᠠᠵᠢᠯᠴᠢᠨ ᠤ ᠣᠷᠣᠨ ᠲᠣᠭᠠᠨ ᠤ ᠶᠡᠷᠦᠩᠬᠡᠢ ᠲᠣᠭᠠᠨ ᠤ ᠳᠣᠲᠣᠷ᠎ᠠ ᠲᠤᠰ ᠱᠠᠲᠤᠨ ᠤ ᠳᠤᠮᠳᠠᠳᠤ ᠪᠠᠭ᠎ᠠ

ᠰᠤᠷᠭᠠᠭᠤᠯᠢ ᠶᠢᠨ ᠪᠠᠭᠰᠢ ᠠᠵᠢᠯᠲᠠᠨ ᠠᠵᠢᠯᠴᠢᠨ ᠤ ᠣᠷᠣᠨ ᠲᠤᠭ᠎ᠠ ᠶᠢ ᠡᠵᠡᠨ ᠮᠡᠳᠡᠨ ᠲᠣᠬᠢᠷᠠᠭᠤᠯᠵᠤ᠂ ᠬᠤᠲᠠ

ᠬᠥᠳᠡᠭᠡ ᠶᠢ ᠨᠢᠭᠡ ᠴᠣᠭᠴᠠᠵᠢᠭᠤᠯᠤᠭᠰᠠᠨ ᠰᠤᠷᠭᠠᠭᠤᠯᠢ ᠡᠷᠬᠢᠯᠡᠬᠦ ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠢ

ᠬᠠᠩᠭᠠᠪᠠ᠃

      ᠳᠡᠭᠡᠳᠦ ᠰᠤᠷᠭᠠᠭᠤᠯᠢ ᠶᠢᠨ ᠠᠵᠢᠯᠲᠠᠨ ᠤ ᠶᠡᠷᠦᠩᠬᠡᠢ ᠲᠣᠭᠠᠨ ᠤ ᠬᠠᠮᠢᠶᠠᠷᠤᠯᠲᠠ ᠶᠢ ᠠᠬᠢᠭᠤᠯᠬᠤ ᠲᠠᠯ᠎ᠠ ᠪᠠᠷ

ᠨᠢᠭᠡ ᠳᠤ᠂ ᠳᠡᠭᠡᠳᠦ ᠰᠤᠷᠭᠠᠭᠤᠯᠢ ᠶᠢᠨ ᠠᠵᠢᠯᠲᠠᠨ ᠤ ᠶᠡᠷᠦᠩᠬᠡᠢ ᠲᠤᠭ᠎ᠠ  ᠶᠢ ᠪᠠᠷᠢᠮᠵᠢᠶ᠎ᠠ ᠶᠣᠰᠣᠭᠠᠷ ᠰᠢᠨᠵᠢᠯᠡᠬᠦ

ᠤᠬᠠᠭᠠᠨᠴᠢ ᠪᠠᠷ ᠬᠢᠨᠠᠨ ᠳᠣᠭᠲᠠᠭᠠᠪᠠ᠃ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠶᠡᠭᠡ

ᠳᠡᠭᠡᠳᠦ ᠰᠤᠷᠭᠠᠭᠤᠯᠢ ᠶᠢᠨ ᠬᠢᠨᠠᠨ ᠵᠥᠪᠰᠢᠶᠡᠷᠡᠭᠰᠡᠨ ᠠᠵᠢᠯᠲᠠᠨ ᠤ ᠶᠡᠷᠦᠩᠬᠡᠢ ᠲᠤᠭ᠎ᠠ ᠳᠤ ᠲᠥᠷᠥ ᠶᠢᠨ

ᠪᠣᠳᠣᠯᠭ᠎ᠠ ᠶᠢᠨ ᠬᠠᠷᠠᠭᠠᠯᠵᠠᠯ ᠦᠵᠡᠭᠦᠯᠵᠦ᠂ ︽ᠰᠤᠷᠤᠭᠴᠢ ᠪᠣᠯᠤᠨ ᠪᠠᠭᠰᠢ ᠶᠢᠨ ᠬᠠᠷᠢᠴᠠᠯ︾ ᠶᠣᠰᠣᠭᠠᠷ ᠲᠤᠰᠬᠠᠢ

ᠲᠣᠮᠢᠯᠠᠭᠰᠠᠨ ᠪᠠᠭᠰᠢ ᠶᠢᠨ ᠶᠡᠷᠦᠩᠬᠡᠢ ᠲᠤᠭ᠎ᠠ ᠶᠢ ᠬᠢᠨᠠᠨ ᠳᠣᠭᠲᠠᠭᠠᠪᠠ᠃ ︽ᠣᠷᠣᠨ ᠲᠤᠭ᠎ᠠ + ᠡᠵᠡᠮᠳᠡᠬᠦ          

ᠲᠤᠭ᠎ᠠ︾ ᠭᠡᠬᠦ ᠠᠵᠢᠯᠲᠠᠨ ᠤ ᠶᠡᠷᠦᠩᠬᠡᠢ ᠲᠣᠭᠠᠨ ᠤ ᠬᠠᠮᠢᠶᠠᠷᠤᠯᠲᠠ ᠶᠢᠨ ᠵᠠᠭᠪᠤᠷ ᠢᠶᠠᠷ ᠳᠠᠮᠵᠢᠭᠤᠯᠤᠨ᠂ ᠥᠪᠥᠷ

ᠮᠣᠩᠭᠤᠯ ᠤᠨ ᠶᠡᠭᠡ ᠰᠤᠷᠭᠠᠭᠤᠯᠢ ᠵᠡᠷᠭᠡ ᠥᠪᠡᠷᠲᠡᠭᠡᠨ ᠵᠠᠰᠠᠬᠤ ᠣᠷᠣᠨ ᠤ ᠱᠠᠲᠤᠨ ᠤ 14 ᠶᠡᠭᠡ ᠳᠡᠭᠡᠳᠦ

ᠰᠤᠷᠭᠠᠭᠤᠯᠢ ᠳᠤ 2 ᠲᠦᠮᠡ ᠭᠠᠷᠤᠢ ᠪᠠᠭᠰᠢ  ᠶᠢᠨ ᠶᠡᠷᠦᠩᠬᠡᠢ ᠲᠤᠭ᠎ᠠ ᠶᠢ ᠬᠢᠨᠠᠨ ᠲᠣᠭᠲᠠᠭᠠᠪᠠ᠃ ᠡᠯ᠎ᠡ ᠠᠶᠢᠮᠠᠭ

ᠬᠤᠲᠠ ᠶᠢᠨ ᠨᠠᠮ ᠤᠨ ᠬᠤᠷᠢᠶᠠᠨ ᠤ ᠣᠷᠣᠨ ᠲᠣᠭᠠᠨ ᠠᠯᠪᠠᠨ ᠭᠡᠷ ᠪᠠ ᠬᠥᠬᠡᠬᠤᠲᠠ ᠶᠢᠨ ᠠᠵᠢᠯ ᠮᠡᠷᠭᠡᠵᠢᠯ ᠤᠨ

ᠳᠡᠭᠡᠳᠦ ᠰᠤᠷᠭᠠᠭᠤᠯᠢ ᠵᠡᠷᠭᠡ 9 ᠠᠶᠢᠮᠠᠭ ᠬᠤᠲᠠ ᠶᠢᠨ ᠬᠠᠷᠢᠶ᠎ᠠ ᠳᠡᠭᠡᠳᠦ ᠰᠤᠷᠭᠠᠭᠤᠯᠢ ᠶᠢᠨ ᠬᠢᠨᠠᠨ ᠲᠣᠭᠲᠠᠭᠠᠭᠰᠠᠨ

ᠪᠠᠭᠰᠢ ᠶᠢᠨ ᠶᠡᠷᠦᠩᠬᠡᠢ ᠲᠤᠭ᠎ᠠ 6000 ᠭᠠᠷᠤᠢ ᠪᠣᠢ᠃ ᠬᠤᠶᠠᠷ ᠲᠤ᠂ ᠳᠡᠭᠡᠳᠦ ᠰᠤᠷᠭᠠᠭᠤᠯᠢ ᠶᠢᠨ ᠠᠵᠢᠯᠲᠠᠨ ᠤ

ᠣᠷᠣᠨ ᠲᠣᠭᠠᠨ ᠤ ᠪᠦᠲᠦᠴᠡ ᠶᠢ ᠵᠦᠢ ᠵᠣᠬᠢᠰᠲᠠᠢ ᠳᠣᠭᠲᠠᠭᠠᠪᠠ᠃ ᠡᠯ᠎ᠡ ᠶᠡᠭᠡ ᠳᠡᠭᠡᠳᠦ ᠰᠤᠷᠭᠠᠭᠤᠯᠢ ᠶᠢᠨ

ᠠᠵᠢᠯᠲᠠᠨ ᠤ ᠶᠡᠷᠦᠩᠬᠡᠢ ᠲᠣᠭᠠᠨ ᠤ ᠪᠦᠲᠦᠴᠡ ᠶᠢ ᠬᠢᠨᠠᠨ ᠲᠣᠭᠲᠠᠭᠠᠬᠤ ᠳᠤ ᠪᠠᠨ ᠪᠠᠭᠰᠢ ᠰᠤᠷᠤᠭᠴᠢ ᠶᠢᠨ

ᠬᠠᠷᠢᠴᠠᠯ ᠢᠶᠠᠷ ᠲᠤᠰᠬᠠᠢ ᠲᠣᠮᠢᠯᠠᠭᠰᠠᠨ ᠪᠠᠭᠰᠢ ᠶᠢᠨ ᠶᠡᠷᠦᠩᠬᠡᠢ ᠲᠤᠭ᠎ᠠ ᠶᠢ ᠴᠢᠩᠭ᠎ᠠ ᠵᠢᠷᠤᠮᠯᠠᠨ᠂ ᠨᠠᠮ ᠵᠠᠰᠠᠭ ᠤᠨ

ᠬᠠᠮᠢᠶᠠᠷᠤᠯᠲᠠ ᠶᠢᠨ ᠠᠵᠢᠯᠲᠠᠨ ᠪᠣᠯᠤᠨ ᠵᠢᠭᠠᠨ ᠰᠤᠷᠭᠠᠯᠲᠠ ᠶᠢ ᠬᠠᠪᠰᠤᠷᠤᠨ ᠵᠢᠯᠣᠭᠤᠳᠬᠤ ᠠᠵᠢᠯᠲᠠᠨ ᠤ ᠬᠠᠷᠢᠴᠠᠯ ᠢ

ᠪᠠᠭᠠᠰᠬᠠᠨ᠂ ᠣᠷᠣᠨ ᠲᠣᠭᠠᠨ ᠤ ᠡᠬᠢ ᠪᠠᠶᠠᠯᠢᠭ ᠢ ᠪᠠᠲᠤᠯᠠᠬᠤ ᠭᠤᠣᠯᠳᠠᠯᠭ᠎ᠠ ᠲᠠᠢ ᠬᠢᠴᠢᠶᠡᠯ ᠲᠥᠷᠥᠯ᠂

ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠬᠥᠮᠦᠰ ᠢ ᠦᠨᠡᠨ ᠬᠦ ᠪᠠᠲᠤᠯᠠᠵᠤ᠂ ᠶᠡᠭᠡ ᠳᠡᠭᠡᠳᠦ

ᠰᠤᠷᠭᠠᠭᠤᠯᠢ ᠶᠢᠨ ᠪᠠᠭᠰᠢ ᠶᠢᠨ ᠡᠩᠨᠡᠭᠡᠨ ᠤ ᠳᠤᠰᠬᠠᠢ ᠮᠡᠷᠭᠡᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠳᠤ

ᠪᠠᠲᠤᠯᠠᠭ᠎ᠠ ᠬᠠᠩᠭᠠᠪᠠ᠃

      ᠴᠢᠳᠠᠪᠤᠷᠢᠲᠠᠨ ᠤ ᠣᠷᠣᠨ ᠲᠣᠭᠠᠨ ᠤ ᠪᠠᠲᠤᠯᠠᠭ᠎ᠠ ᠶᠢ ᠴᠢᠩᠭᠠᠳᠬᠠᠬᠤ ᠲᠠᠯ᠎ᠠ ᠪᠠᠷ᠂ ᠨᠢᠭᠡ ᠳᠤ᠂ 2023

ᠣᠨ ᠤ ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠤ ᠣᠷᠣᠨ ᠲᠣᠭᠠᠨ ᠤ ᠰᠠᠨᠠᠯ ᠳᠤ ᠰᠢᠨ᠎ᠡ ᠪᠠᠷ ᠵᠠᠰᠠᠪᠤᠷᠢ

ᠣᠷᠣᠭᠤᠯᠪᠠ᠃ ᠳᠡᠭᠡᠳᠦ ᠳᠡᠰ ᠤᠨ ᠴᠢᠳᠠᠪᠤᠷᠢᠲᠠᠨ ᠤ ᠣᠷᠣᠨ ᠲᠣᠭᠠᠨ ᠤ ︽ᠡᠷᠭᠢᠯᠲᠡ ᠶᠢᠨ ᠲᠠᠲᠠᠭᠠᠯ︾ ᠢ 2016

ᠣᠨ ᠤ 600 ᠠᠴᠠ 2000 ᠪᠣᠯᠭᠠᠨ ᠨᠡᠮᠡᠵᠦ᠂ ᠰᠤᠷᠭᠠᠨ ᠬᠥᠮᠦᠵᠢᠯ ᠵᠡᠷᠭᠡ ᠭᠤᠣᠯᠳᠠᠯᠭ᠎ᠠ ᠲᠠᠢ ᠬᠦᠷᠢᠶ᠎ᠡ

ᠴᠠᠷᠠᠭ᠎ᠠ ᠳᠤ ᠳᠡᠭᠡᠳᠦ ᠳᠡᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠬᠡᠷᠡᠭᠴᠡᠭᠡ ᠱᠠᠭᠠᠷᠳᠠᠯᠭ᠎ᠠ ᠶᠢ 

ᠪᠠᠲᠤᠯᠠᠪᠠ᠃ ᠣᠷᠣᠨ ᠲᠤᠭ᠎ᠠ ᠳᠤᠲᠠᠭᠳᠠᠵᠤ ᠪᠠᠶᠢᠭ᠎ᠠ ᠶᠡᠭᠡ ᠳᠡᠭᠡᠳᠦ ᠰᠤᠷᠭᠠᠭᠤᠯᠢ ᠳᠤ ︽ᠨᠢᠭᠡ ᠶᠢ ᠣᠷᠣᠭᠤᠯᠤᠨ

ᠠᠪᠴᠢᠷᠠᠪᠠᠯ ᠨᠢᠭᠡ ᠶᠢ ᠪᠠᠲᠤᠯᠠᠬᠤ︾ ᠪᠠᠶᠢᠩᠭᠤ ᠶᠢᠨ ᠣᠷᠣᠨ ᠲᠣᠭᠠᠨ ᠤ ᠬᠡᠷᠡᠭᠴᠡᠭᠡ ᠱᠠᠭᠠᠷᠳᠠᠯᠭ᠎ᠠ ᠶᠢ          

ᠪᠠᠲᠤᠯᠠᠪᠠ᠃ ᠬᠤᠶᠠᠷ ᠲᠤ᠂ ︽ᠰᠠᠭᠠᠳ ᠦᠭᠡᠢ ᠨᠡᠪᠲᠡᠷᠡᠬᠦ ᠵᠠᠮ︾ ᠢᠶᠠᠷ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ

ᠬᠤᠭᠤᠰᠤᠨ ᠣᠷᠣᠨ ᠲᠤᠭ᠎ᠠ ᠶᠢ ᠬᠡᠷᠡᠭᠯᠡᠬᠦ ᠲᠥᠯᠥᠪᠯᠡᠭᠡ ᠶᠢ ᠨᠢᠭᠡᠳᠦᠯᠲᠡᠢ ᠲᠥᠯᠦᠪᠯᠡᠪᠡ᠃ ᠭᠦᠢᠴᠡᠳᠬᠡᠬᠦ

ᠴᠤᠪᠤᠷᠠᠯ ᠤᠨ ᠴᠠᠭ ᠤᠨ ᠬᠢᠵᠠᠭᠠᠷ ᠢ ᠴᠣᠮᠬᠠᠳᠬᠠᠵᠤ᠂ ᠶᠡᠭᠡ ᠳᠡᠭᠡᠳᠦ ᠰᠤᠷᠭᠠᠭᠤᠯᠢ ᠡᠵᠡᠨ ᠮᠡᠳᠡᠵᠦ ᠤᠷᠢᠬᠤ ᠶᠢ

ᠳᠡᠮᠵᠢᠪᠡ᠃ ᠡᠨᠡ ᠵᠢᠯ᠂ ᠥᠪᠥᠷ ᠮᠣᠩᠭᠤᠯ ᠤᠨ ᠶᠡᠭᠡ ᠰᠤᠷᠭᠠᠭᠤᠯᠢ ᠵᠡᠷᠭᠡ 12 ᠶᠡᠭᠡ ᠳᠡᠭᠡᠳᠦ ᠰᠤᠷᠭᠠᠭᠤᠯᠢ ᠳᠤ

300 ᠭᠠᠷᠤᠢ ᠳᠡᠭᠡᠳᠦ ᠳᠡᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠣᠷᠣᠨ ᠲᠣᠭᠠᠨ ᠤ ᠪᠠᠲᠤᠯᠠᠭ᠎ᠠ

ᠬᠠᠩᠭᠠᠭᠰᠠᠨ ᠪᠠᠶᠢᠨ᠎ᠠ᠃

      ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ

ᠪᠠᠲᠤᠯᠠᠭᠰᠠᠨ ︽ᠲᠣᠭᠲᠠᠭᠠᠯ︾ ᠳᠤ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ

ᠴᠢᠳᠠᠪᠤᠷᠢᠲᠠᠨ ᠤ ᠪᠠᠶᠢᠭᠤᠯᠤᠯ ᠲᠣᠭᠲᠠᠴᠠ ᠶᠢ ᠨᠢᠭᠡ ᠴᠣᠭᠴᠠᠵᠢᠭᠤᠯᠤᠨ ᠥᠭᠡᠷᠡᠴᠢᠯᠡᠬᠦ ᠶᠢ ᠨᠢᠭᠡᠳᠦᠯᠲᠡᠢ ᠲᠥᠯᠥᠪᠯᠡᠨ

ᠠᠬᠢᠭᠤᠯᠬᠤ ᠲᠤᠬᠠᠢ ᠲᠣᠳᠣᠷᠬᠠᠢ ᠳᠤᠷᠠᠳᠪᠠ᠃ ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ

ᠬᠤᠷᠢᠶᠠᠨ ᠤ ᠣᠷᠣᠨ ᠲᠣᠭᠠᠨ ᠤ ᠠᠯᠪᠠᠨ ᠭᠡᠷ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠠᠢ ᠨᠢᠭᠲᠠ ᠬᠠᠮᠵᠢᠯᠴᠠᠨ᠂

ᠪᠠᠭᠰᠢ ᠶᠢᠨ ᠡᠩᠨᠡᠭᠡᠨ ᠤ ᠪᠠᠶᠢᠭᠤᠯᠤᠯᠲᠠ ᠳᠤ ᠦᠷᠭᠦᠯᠵᠢᠯᠡᠨ ᠬᠦᠴᠦᠨ ᠨᠡᠮᠡᠷᠢᠯᠡᠵᠦ᠂ ᠮᠠᠨ ᠤ ᠣᠷᠣᠨ ᠤ ᠰᠤᠷᠭᠠᠨ

ᠬᠥᠮᠦᠵᠢᠯ ᠤᠨ ᠦᠢᠯᠡᠰ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠳᠤ ᠪᠠᠶᠢᠭᠤᠯᠤᠮᠵᠢ ᠣᠷᠣᠨ ᠲᠣᠭᠠᠨ ᠤ ᠠᠯᠪᠠᠨ

ᠭᠡᠷ ᠤᠨ ᠬᠦᠴᠦᠨ ᠴᠢᠳᠠᠯ ᠢᠶᠠᠨ ᠡᠷᠭᠦᠨ᠎ᠡ᠃

      ᠳᠤᠮᠳᠠᠳᠤ ᠤᠯᠤᠰ ᠤᠨ ᠰᠤᠷᠭᠠᠨ ᠬᠥᠮᠦᠵᠢᠯ ᠰᠣᠨᠢᠨ ᠤ ᠰᠤᠷᠪᠤᠯᠵᠢᠯᠠᠭᠴᠢ᠄ ᠪᠠᠭᠰᠢ ᠶᠢᠨ ᠲᠤᠰᠢᠶᠠᠯ ᠤᠨ

ᠴᠣᠯᠠ ᠶᠢ ᠲᠣᠭᠲᠠᠭᠠᠨ ᠤᠷᠢᠬᠤ ᠠᠵᠢᠯ ᠪᠣᠯ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠴᠢᠬᠤᠯᠠ ᠠᠭᠤᠯᠭ᠎ᠠ᠂

ᠪᠠᠭᠰᠢ ᠶᠢᠨ ᠠᠰᠢᠭ ᠲᠤᠰᠠ ᠲᠠᠢ ᠰᠢᠭᠤᠳ ᠬᠤᠯᠪᠣᠭᠳᠠᠵᠤ ᠪᠠᠶᠢᠳᠠᠭ᠂ ᠣᠶᠢᠷ᠎ᠠ ᠶᠢᠨ ᠵᠢᠯ᠂ ᠬᠥᠮᠦᠨ ᠤ ᠬᠦᠴᠦᠨ ᠤ

ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠪᠠᠭᠰᠢ ᠶᠢᠨ ᠲᠤᠰᠢᠶᠠᠯ ᠤᠨ ᠴᠣᠯᠠ ᠶᠢ

ᠳᠣᠭᠲᠠᠭᠠᠨ ᠤᠷᠢᠬᠤ ᠠᠵᠢᠯ ᠳᠤ ᠶᠠᠮᠠᠷ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠠᠪᠤᠭᠰᠠᠨ ᠪᠤᠢ︖

      ᠥᠪᠡᠷᠲᠡᠭᠡᠨ ᠵᠠᠰᠠᠬᠤ ᠣᠷᠣᠨ ᠤ ᠬᠥᠮᠦᠨ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ

ᠲᠢᠩᠬᠢᠮ ᠤᠨ ᠠᠵᠢᠯ ᠦᠢᠯᠡᠰ ᠤᠨ ᠨᠢᠭᠡᠴᠢ ᠶᠢᠨ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ   ᠭᠥᠩ ᠿᠠᠨ᠄

      ᠲᠠᠨ ᠤ ᠠᠰᠠᠭᠤᠯᠲᠠ ᠳᠤ ᠲᠠᠯᠠᠷᠬᠠᠵᠤ ᠪᠠᠶᠢᠨ᠎ᠠ᠃

      ᠣᠶᠢᠷ᠎ᠠ ᠶᠢᠨ ᠵᠢᠯ᠂ ᠪᠢᠳᠡ ᠲᠤᠰᠬᠠᠢ ᠮᠡᠷᠭᠡᠵᠢᠯ ᠤᠨ ᠪᠠᠭᠰᠢ ᠶᠢ ᠬᠥᠭᠵᠢᠭᠦᠯᠬᠦ ᠬᠡᠷᠡᠭᠴᠡᠭᠡ ᠱᠠᠭᠠᠷᠳᠠᠯᠭ᠎ᠠ ᠳᠤ

ᠰᠠᠭᠤᠷᠢᠯᠠᠨ᠂ ᠠᠵᠢᠯ ᠤᠨ ᠪᠠᠶᠢᠷᠢ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠬᠦ᠂ ᠳᠤᠰᠢᠶᠠᠯ ᠤᠨ ᠴᠣᠯᠠ ᠶᠢ ᠬᠢᠨᠠᠨ

ᠲᠣᠭᠲᠠᠭᠠᠬᠤ ᠶᠢ ᠲᠡᠭᠦᠯᠳᠡᠷᠵᠢᠭᠦᠯᠬᠦ ᠪᠠ ᠰᠢᠨ᠎ᠡ ᠶᠢ ᠡᠭᠦᠳᠬᠦ ᠠᠵᠢᠯᠲᠠᠨ ᠢ ᠤᠷᠢᠨ ᠬᠡᠷᠡᠭᠯᠡᠬᠦ ᠵᠡᠷᠭᠡ ᠲᠠᠯ᠎ᠠ ᠠᠴᠠ

ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠪᠠ ᠳᠦᠷᠢᠮ ᠤᠨ ᠪᠠᠲᠤᠯᠠᠭ᠎ᠠ ᠬᠠᠩᠭᠠᠪᠠ᠃

      ᠨᠢᠭᠡ ᠳᠤ᠂ ᠡᠯ᠎ᠡ ᠲᠥᠷᠥᠯ ᠤᠨ ᠪᠠᠭᠰᠢ ᠶᠢᠨ ᠲᠤᠰᠬᠠᠢ ᠮᠡᠷᠭᠡᠵᠢᠯ ᠤᠨ ᠳᠡᠭᠡᠳᠦ ᠳᠡᠰ ᠤᠨ ᠠᠵᠢᠯ ᠤᠨ

ᠪᠠᠶᠢᠷᠢ ᠶᠢᠨ ᠬᠠᠷᠢᠴᠠᠯ ᠢ ᠳᠡᠭᠡᠭᠰᠢᠯᠡᠭᠦᠯᠪᠡ᠃ ᠡᠯ᠎ᠡ ᠱᠠᠲᠤᠨ ᠤ ᠡᠯ᠎ᠡ ᠲᠥᠷᠥᠯ ᠤᠨ ᠪᠠᠭᠰᠢ ᠶᠢᠨ ᠲᠤᠰᠬᠠᠢ

ᠮᠡᠷᠭᠡᠵᠢᠯ ᠤᠨ ᠳᠡᠭᠡᠳᠦ ᠳᠡᠰ ᠤᠨ ᠠᠵᠢᠯ ᠤᠨ ᠪᠠᠶᠢᠷᠢ ᠶᠢᠨ ᠪᠠᠶᠢᠷᠢᠯᠠᠭᠤᠯᠤᠯᠲᠠ ᠶᠢᠨ ᠬᠠᠷᠢᠴᠠᠯ ᠢ ᠳᠡᠭᠡᠭᠰᠢᠯᠡᠭᠦᠯᠵᠦ᠂

ᠣᠨᠴᠠᠭᠠᠶᠢᠯᠠᠨ ᠬᠤᠰᠢᠭᠤ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠳᠡᠭᠡᠳᠦ ᠳᠡᠰ ᠤᠨ ᠠᠵᠢᠯ ᠤᠨ ᠪᠠᠶᠢᠷᠢ ᠶᠢᠨ

ᠪᠠᠶᠢᠷᠢᠯᠠᠭᠤᠯᠤᠯᠲᠠ ᠶᠢᠨ ᠬᠠᠷᠢᠴᠠᠯ ᠢ 20% ᠬᠦᠷᠲᠡᠯ᠎ᠡ ᠳᠡᠭᠡᠭᠰᠢᠯᠡᠭᠦᠯᠪᠡ᠃ ᠡᠭᠦᠨ ᠤ ᠬᠠᠮᠲᠤ᠂ ᠬᠤᠰᠢᠭᠤ

ᠰᠢᠶᠠᠨ ᠤ 30 ᠵᠢᠯ ᠠᠴᠠ ᠳᠡᠭᠡᠭᠰᠢ ᠪᠠᠭᠰᠢᠯᠠᠭᠰᠠᠨ᠂ ᠰᠤᠮᠤ ᠰᠢᠶᠠᠩ ᠪᠠᠯᠭᠠᠰᠤᠨ ᠤ 20 ᠵᠢᠯ  ᠠᠴᠠ ᠳᠡᠭᠡᠭᠰᠢ

ᠪᠠᠭᠰᠢᠯᠠᠭᠰᠠᠨ ᠰᠢᠯᠢᠳᠡᠭ ᠪᠠᠭᠰᠢ ᠶᠢᠨ ᠠᠵᠢᠯ ᠤᠨ ᠠᠮᠠᠷᠠᠯᠲᠠ ᠳᠤ ᠪᠠᠨ ᠭᠠᠷᠬᠤ ᠴᠠᠭ ᠢ ᠤᠷᠲᠤᠳᠬᠠᠨ ᠤᠷᠢᠵᠤ

ᠬᠡᠷᠡᠭᠯᠡᠬᠦ ᠶᠢ ᠵᠦᠪᠰᠢᠶᠡᠷᠡᠪᠡ︔ ᠳᠤᠮᠳᠠᠳᠤ ᠪᠠᠭ᠎ᠠ ᠰᠤᠷᠭᠠᠭᠤᠯᠢ ᠶᠢᠨ ᠵᠢᠩᠬᠢᠨᠢ ᠳᠡᠭᠡᠳᠦ ᠳᠡᠰ ᠤᠨ ᠪᠠᠭᠰᠢ ᠶᠢ

︽ᠳᠠᠷᠤᠢ ᠳᠤ ᠨᠢ ᠬᠢᠨᠠᠨ ᠲᠣᠭᠲᠠᠭᠠᠵᠤ ᠳᠠᠷᠤᠢ ᠳᠤ ᠨᠢ ᠤᠷᠢᠬᠤ︾ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ

ᠬᠡᠷᠡᠭᠵᠢᠭᠦᠯᠬᠦ ᠶᠢ ᠵᠥᠪᠰᠢᠶᠡᠷᠡᠵᠦ᠂ ᠲᠤᠰᠬᠠᠢ ᠮᠡᠷᠭᠡᠵᠢᠯ ᠤᠨ ᠬᠢᠷᠢ ᠭᠡᠮ ᠢ ᠣᠯᠤᠭᠰᠠᠨ ᠴᠠᠭ ᠠᠴᠠ ᠳᠠᠷᠤᠢ ᠳᠤ ᠨᠢ

ᠤᠷᠢᠨ ᠬᠡᠷᠡᠭᠯᠡᠵᠦ ᠪᠣᠯᠤᠨ᠎ᠠ᠂ ᠪᠠᠰᠠ ᠨᠥᠬᠦᠴᠡᠯ ᠪᠦᠷᠢᠳᠦᠭᠦᠯᠦᠭᠰᠡᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ

ᠲᠤᠰᠬᠠᠢ ᠮᠡᠷᠭᠡᠵᠢᠯ ᠤᠨ ᠬᠤᠶᠠᠳᠤᠭᠠᠷ ᠳᠡᠰ ᠤᠨ ᠠᠵᠢᠯ ᠤᠨ ᠪᠠᠶᠢᠷᠢ ᠳᠤ ᠤᠷᠢᠨ ᠬᠡᠷᠡᠭᠯᠡᠬᠦ ᠶᠢ ᠬᠢᠨᠠᠨ          

ᠵᠥᠪᠰᠢᠶᠡᠷᠡᠨ᠎ᠡ᠃

      ᠬᠤᠶᠠᠷ ᠲᠤ᠂ ᠣᠨᠴᠠᠭᠠᠢ ᠠᠵᠢᠯ ᠤᠨ ᠪᠠᠶᠢᠷᠢ ᠳᠤ ᠲᠤᠯᠭᠠᠮ ᠱᠠᠭᠠᠷᠳᠠᠭᠳᠠᠵᠤ ᠪᠠᠶᠢᠭ᠎ᠠ ᠰᠢᠯᠢᠳᠡᠭ ᠪᠠᠭᠰᠢ ᠶᠢ

ᠣᠷᠣᠭᠤᠯᠤᠨ ᠠᠪᠴᠢᠷᠠᠪᠠ᠃ ᠪᠦᠬᠦ ᠣᠷᠣᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ᠂ ᠳᠡᠭᠡᠳᠦ ᠰᠤᠷᠭᠠᠭᠤᠯᠢ

ᠰᠢᠯᠢᠳᠡᠭ ᠪᠠᠭᠰᠢ ᠶᠢ ᠣᠷᠣᠭᠤᠯᠤᠨ ᠠᠪᠴᠢᠷᠠᠬᠤ ᠶᠢ ᠵᠣᠷᠢᠭᠵᠢᠭᠤᠯᠵᠤ᠂ ᠠᠵᠢᠯ ᠤᠨ ᠪᠠᠶᠢᠷᠢ ᠶᠢᠨ ᠦᠯᠡᠳᠡᠪᠦᠷᠢ

ᠣᠷᠣᠨ ᠲᠤᠭ᠎ᠠ ᠬᠦᠷᠦᠯᠴᠡᠬᠦ ᠦᠭᠡᠢ ᠪᠣᠯ ᠲᠤᠰᠬᠠᠢ ᠮᠡᠷᠭᠡᠵᠢᠯ ᠤᠨ ᠠᠵᠢᠯ ᠤᠨ ᠪᠠᠶᠢᠷᠢ ᠶᠢᠨ 5% ᠪᠠᠷ ᠣᠨᠴᠠᠭᠠᠢ

ᠠᠵᠢᠯ ᠤᠨ ᠪᠠᠶᠢᠷᠢ ᠶᠢ ᠳᠤᠰᠠᠭᠠᠷ ᠬᠢᠨᠠᠨ ᠲᠣᠭᠲᠠᠭᠠᠵᠤ ᠪᠣᠯᠤᠨ᠎ᠠ᠃ ︽ᠬᠤᠣᠰ ᠲᠡᠷᠢᠭᠦᠨ︾ ᠤ ᠶᠡᠭᠡ ᠰᠤᠷᠭᠠᠭᠤᠯᠢ ᠶᠢᠨ

ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠳᠡᠮᠵᠢᠬᠦ ᠶᠢᠨ ᠲᠥᠯᠥᠭᠡ᠂ ᠣᠨᠴᠠᠭᠠᠢ

ᠠᠵᠢᠯ ᠤᠨ ᠪᠠᠶᠢᠷᠢ ᠶᠢᠨ ᠲᠣᠬᠢᠷᠠᠭᠤᠯᠬᠤ ᠬᠠᠷᠢᠴᠠᠯ ᠢ 10% ᠬᠦᠷᠲᠡᠯ᠎ᠡ ᠳᠡᠭᠡᠭᠰᠢᠯᠡᠭᠦᠯᠵᠦ᠂ ᠪᠠᠴᠢᠮ ᠬᠡᠷᠡᠭᠴᠡᠭᠡ ᠲᠠᠢ

ᠳᠤᠲᠠᠭᠳᠠᠵᠤ ᠪᠠᠶᠢᠭ᠎ᠠ ᠰᠢᠯᠢᠳᠡᠭ ᠢᠳᠡᠷ ᠵᠠᠯᠠᠭᠤ ᠪᠠᠭᠰᠢ ᠶᠢ ᠲᠤᠰᠬᠠᠶᠢᠯᠠᠨ ᠤᠷᠢᠵᠤ ᠬᠡᠷᠡᠭᠯᠡᠪᠡ᠃ ᠣᠳᠣ ᠪᠠᠶᠢᠭ᠎ᠠ

ᠲᠥᠷᠥ ᠶᠢᠨ ᠪᠣᠳᠣᠯᠭ᠎ᠠ ᠶᠢ ᠠᠰᠢᠭᠯᠠᠨ ᠪᠠᠭᠰᠢ ᠤᠷᠢᠵᠤ ᠬᠡᠷᠡᠭᠯᠡᠬᠦ ᠶᠢ ᠬᠠᠩᠭᠠᠵᠤ ᠳᠡᠶᠢᠯᠬᠦ ᠦᠭᠡᠢ ᠪᠣᠯ ︽ᠨᠡᠶᠢᠲᠡᠯᠢᠭ

ᠬᠡᠷᠡᠭ ᠤᠴᠢᠷ ᠢ ᠵᠥᠪᠯᠡᠬᠦ︾ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠢᠯ ᠤᠨ ᠪᠠᠶᠢᠷᠢ ᠶᠢᠨ ᠡᠬᠢ ᠪᠠᠶᠠᠯᠢᠭ ᠢ

ᠨᠢᠭᠡᠳᠦᠯᠲᠡᠢ ᠲᠥᠯᠥᠪᠯᠡᠵᠦ᠂ ᠤᠷᠢᠵᠤ ᠬᠡᠷᠡᠭᠯᠡᠬᠦ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ ᠪᠣᠯᠤᠨ᠎ᠠ᠃

      ᠭᠤᠷᠪᠠ ᠳᠤ᠂ ᠬᠠᠨᠳᠤᠯᠭᠠᠲᠠᠢ ᠠᠵᠢᠯ ᠤᠨ ᠪᠠᠶᠢᠷᠢ ᠪᠠᠷ ᠦᠨᠳᠦᠰᠦᠨ ᠱᠠᠲᠤᠨ ᠳᠤ ᠰᠢᠯᠢᠳᠡᠭ ᠪᠠᠭᠰᠢ ᠶᠢ

ᠦᠯᠡᠳᠡᠭᠡᠪᠡ᠃ ᠰᠢᠯᠢᠳᠡᠭ ᠪᠠᠭᠰᠢ ᠦᠨᠳᠦᠰᠦᠨ ᠱᠠᠲᠤᠨ ᠳᠤ ᠦᠨᠳᠦᠰᠦᠯᠡᠵᠦ᠂ ᠰᠤᠷᠭᠠᠨ ᠬᠥᠮᠥᠵᠢᠯ ᠤᠨ

ᠦᠢᠯᠡᠰ ᠲᠤ ᠰᠡᠳᠬᠢᠯ ᠠᠮᠤᠷ ᠠᠵᠢᠯᠯᠠᠬᠤ ᠶᠢ ᠤᠯᠠᠮ ᠨᠢᠭᠡ ᠠᠯᠬᠤᠮ ᠵᠣᠷᠢᠭᠵᠢᠭᠤᠯᠵᠤ ᠬᠥᠲᠥᠯᠥᠨ

ᠵᠢᠯᠣᠭᠤᠳᠬᠤ ᠶᠢᠨ ᠲᠥᠯᠥᠭᠡ᠂ ᠪᠢᠳᠡ ᠬᠤᠰᠢᠭᠤ ᠰᠢᠶᠠᠨ ᠠᠴᠠ ᠳᠣᠷᠣᠭᠰᠢᠬᠢ ᠳᠤᠮᠳᠠᠳᠤ ᠪᠠᠭ᠎ᠠ ᠰᠤᠷᠭᠠᠭᠤᠯᠢ ᠳᠤ

10% ᠶᠢᠨ ︽ᠬᠠᠨᠳᠤᠯᠭᠠᠲᠠᠢ ᠠᠵᠢᠯ ᠤᠨ ᠪᠠᠶᠢᠷᠢ︾ ᠶᠢ ᠳᠤᠰᠠᠭᠠᠷ ᠪᠠᠶᠢᠷᠢᠯᠠᠭᠤᠯᠵᠤ᠂ ᠦᠨᠳᠦᠰᠦᠨ ᠱᠠᠲᠤᠨ ᠤ

ᠳᠡᠭᠡᠳᠦ ᠳᠡᠰ ᠤᠨ ᠪᠠᠭᠰᠢ ᠶᠢ ᠬᠢᠨᠠᠨ ᠲᠣᠭᠲᠠᠭᠠᠬᠤ ᠪᠠ ᠨᠡᠶᠢᠭᠡᠮ ᠠᠴᠠ ᠬᠢᠨᠠᠨ ᠲᠣᠭᠲᠠᠭᠠᠬᠤ ᠬᠤᠶᠠᠷ ᠲᠥᠷᠥᠯ ᠤᠨ

ᠴᠢᠳᠠᠪᠤᠷᠢᠲᠠᠨ ᠢ ᠵᠦᠪᠰᠢᠶᠡᠷᠡᠵᠦ᠂ ᠪᠠᠶᠢᠩᠭᠤ ᠶᠢᠨ ᠠᠵᠢᠯ ᠤᠨ ᠪᠠᠶᠢᠷᠢ ᠳᠤ ᠬᠡᠷᠡᠭᠯᠡᠨ ᠳᠡᠰ ᠳᠡᠪᠰᠢᠭᠦᠯᠵᠦ ᠪᠣᠯᠬᠤ

ᠮᠥᠷᠲᠡᠭᠡᠨ ᠪᠠᠰᠠ ︽ᠬᠠᠨᠳᠤᠯᠭᠠᠲᠠᠢ ᠠᠵᠢᠯ ᠤᠨ ᠪᠠᠶᠢᠷᠢ︾ ᠳᠤ ᠬᠡᠷᠡᠭᠯᠡᠨ ᠳᠡᠰ ᠳᠡᠪᠰᠢᠭᠦᠯᠵᠦ ᠪᠣᠯᠤᠨ᠎ᠠ᠃ 2023

ᠣᠨ ᠳᠤ ᠬᠥᠳᠡᠭᠡ ᠲᠣᠰᠬᠤᠨ ᠤ ᠰᠤᠷᠭᠠᠭᠤᠯᠢ ᠶᠢᠨ ᠬᠠᠨᠳᠤᠯᠭᠠᠲᠠᠢ ᠠᠵᠢᠯ ᠤᠨ ᠪᠠᠶᠢᠷᠢ ᠶᠢᠨ ᠬᠠᠷᠢᠴᠠᠯ ᠢ ᠳᠠᠬᠢᠨᠲᠠ

15% ᠬᠦᠷᠲᠡᠯ᠎ᠡ ᠳᠡᠭᠡᠭᠰᠢᠯᠡᠭᠦᠯᠵᠦ᠂ ᠬᠠᠨᠳᠤᠯᠭᠠᠲᠠᠢ ᠠᠵᠢᠯ ᠤᠨ ᠪᠠᠶᠢᠷᠢ ᠶᠢ ᠬᠠᠷᠢᠴᠠᠩᠭᠤᠢ ᠳᠦᠭᠦᠷᠭᠡᠵᠦ᠂

ᠤᠳᠠᠭᠠᠨ ᠵᠢᠯ ᠦᠨᠳᠦᠰᠦᠨ ᠱᠠᠲᠤᠨ ᠳᠤ ᠠᠵᠢᠯᠯᠠᠬᠤ ᠰᠢᠯᠢᠳᠡᠭ ᠪᠠᠭᠰᠢ ᠳᠤ ︽ᠠᠵᠢᠯ ᠤᠨ ᠪᠠᠶᠢᠷᠢ ᠳᠤ ᠬᠥᠮᠦᠨ

ᠦᠯᠡᠳᠡᠭᠡᠬᠦ︾ ᠥᠰᠦᠨ ᠪᠤᠶᠢᠵᠢᠬᠤ ᠣᠷᠣᠨ ᠵᠠᠢ ᠶᠢ ᠪᠣᠢ ᠪᠣᠯᠭᠠᠵᠤ ᠥᠭᠪᠡ᠃

      ᠳᠥᠷᠪᠡ ᠳᠤ᠂ ᠳᠤᠰᠢᠶᠠᠯ ᠤᠨ ᠴᠣᠯᠠ ᠶᠢ ᠬᠢᠨᠠᠨ ᠳᠣᠭᠲᠠᠭᠠᠬᠤ ᠶᠢ ᠦᠨᠳᠦᠰᠦᠨ ᠱᠠᠲᠤᠨ ᠤ ᠰᠢᠯᠢᠳᠡᠭ

ᠪᠠᠭᠰᠢ ᠲᠡᠶᠢᠰᠢ ᠬᠡᠯᠪᠡᠶᠢᠯᠭᠡᠪᠡ᠃ ᠪᠢᠳᠡ ᠪᠠᠭᠰᠢ ᠶᠢᠨ  ᠳᠤᠰᠢᠶᠠᠯ ᠤᠨ ᠴᠣᠯᠠ  ᠶᠢ ᠬᠢᠨᠠᠨ ᠲᠣᠭᠲᠠᠭᠠᠬᠤ ᠲᠥᠷᠥ ᠶᠢᠨ

ᠪᠣᠳᠣᠯᠭ᠎ᠠ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠵᠢᠭᠠᠨ ᠰᠤᠷᠭᠠᠯᠲᠠ ᠶᠢᠨ ᠨᠢᠭᠡᠳᠦᠭᠡᠷ ᠹᠷᠣᠨᠲ ᠪᠠ ᠵᠢᠭᠠᠨ

ᠰᠤᠷᠭᠠᠯᠲᠠ ᠶᠢᠨ ᠠᠵᠢᠯ ᠤᠨ ᠬᠢᠷᠢ ᠪᠦᠲᠦᠮᠵᠢ ᠪᠠᠷ ᠲᠣᠪᠤᠶᠢᠮ᠎ᠠ ᠪᠠᠭᠰᠢ ᠲᠡᠶᠢᠰᠢ ᠬᠡᠯᠪᠠᠶᠢᠯᠭᠡᠬᠦ ᠤᠷᠮᠠᠰᠢᠭᠤᠯᠬᠤ

ᠲᠣᠭᠲᠠᠴᠠ ᠶᠢ ᠪᠠᠶᠢᠭᠤᠯᠵᠤ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠤᠨ ᠰᠢᠯᠢᠳᠡᠭ ᠪᠠᠭᠰᠢ ᠳᠤ ᠴᠢᠭᠯᠡᠭᠦᠯᠦᠨ᠂

ᠥᠭᠦᠯᠡᠯ ᠤᠨ ᠱᠠᠭᠠᠷᠳᠠᠯᠭ᠎ᠠ ᠶᠢ ᠰᠤᠯᠠᠷᠠᠭᠤᠯᠬᠤ ᠪᠤᠶᠤ ᠱᠠᠭᠠᠷᠳᠠᠯᠭ᠎ᠠ ᠭᠠᠷᠭᠠᠬᠤ ᠦᠭᠡᠢ ᠪᠠᠶᠢᠵᠤ᠂ ᠬᠤᠰᠢᠭᠤ

ᠰᠢᠶᠠᠨ ᠵᠢᠴᠢ ᠲᠡᠭᠦᠨ ᠠᠴᠠ ᠳᠣᠷᠣᠭᠰᠢᠬᠢ ᠳᠤᠮᠳᠠᠳᠤ ᠪᠠᠭ᠎ᠠ ᠰᠤᠷᠭᠠᠭᠤᠯᠢ  ᠳᠤ ︽ᠬᠠᠨᠳᠤᠯᠭ᠎ᠠ ᠲᠠᠢ ᠦᠨᠡᠯᠡᠬᠦ᠂

ᠬᠠᠨᠳᠤᠯᠭ᠎ᠠ ᠲᠠᠢ ᠬᠡᠷᠡᠭᠯᠡᠬᠦ︾ ᠬᠢᠨᠠᠨ ᠲᠣᠭᠲᠠᠭᠠᠬᠤ ᠰᠢᠨ᠎ᠡ ᠠᠷᠭ᠎ᠠ ᠶᠢ  ᠳᠣᠭᠲᠠᠭᠠᠭᠰᠠᠨ ᠢᠶᠠᠷ ᠪᠠᠷᠠᠬᠤ ᠦᠭᠡᠢ᠂

ᠪᠠᠰᠠ ᠣᠳᠣ ᠶᠢᠨ ᠪᠠᠶᠢᠭ᠎ᠠ ᠳᠡᠭᠡᠳᠦ ᠳᠡᠰ ᠤᠨ ᠳᠤᠰᠢᠶᠠᠯ ᠤᠨ ᠴᠣᠯᠠ ᠶᠢᠨ10% ᠶᠢᠨ ᠳᠣᠲᠣᠷ᠎ᠠ᠂ ᠠᠵᠢᠯ ᠢᠶᠠᠨ

ᠤᠷᠳᠤᠳᠬᠠᠭᠰᠠᠨ ᠳᠡᠭᠡᠳᠦ ᠳᠡᠰ ᠤᠨ ᠳᠤᠰᠢᠶᠠᠯ ᠤᠨ ᠴᠣᠯᠠ ᠮᠡᠳᠡᠭᠦᠯᠬᠦ ᠶᠢ ᠵᠥᠪᠰᠢᠶᠡᠷᠡᠪᠡ᠃

      ᠲᠠᠪᠤ ᠳᠤ᠂ ᠶᠡᠭᠡ ᠳᠡᠭᠡᠳᠦ ᠰᠤᠷᠭᠠᠭᠤᠯᠢ ᠶᠢᠨ ᠬᠥᠮᠦᠨ ᠬᠡᠷᠡᠭᠯᠡᠬᠦ ᠭᠤᠣᠯ ᠴᠣᠭᠴᠠ ᠳᠤ ᠳᠤᠰᠢᠶᠠᠯ ᠤᠨ

ᠴᠣᠯᠠ ᠲᠣᠭᠲᠠᠭᠠᠨ ᠤᠷᠢᠬᠤ ᠡᠷᠬᠡ ᠶᠢ ᠭᠦᠢᠴᠡᠳ ᠪᠠᠭᠤᠯᠭᠠᠪᠠ ᠃ ᠪᠢᠳᠡ ᠶᠡᠭᠡ ᠳᠡᠭᠡᠳᠦ ᠰᠤᠷᠭᠠᠭᠤᠯᠢ ᠳᠤ

ᠪᠠᠭᠰᠢ ᠶᠢᠨ ᠳᠤᠰᠢᠶᠠᠯ ᠤᠨ ᠴᠣᠯᠠ ᠶᠢ ᠬᠢᠨᠠᠨ ᠲᠣᠭᠲᠠᠭᠠᠬᠤ ᠪᠠ ᠠᠵᠢᠯ ᠤᠨ ᠪᠠᠶᠢᠷᠢ ᠳᠤ ᠤᠷᠢᠨ ᠬᠡᠷᠡᠭᠯᠡᠬᠦ ᠶᠢ ᠡᠵᠡᠨ

ᠮᠡᠳᠡᠬᠦ ᠡᠷᠬᠡ ᠶᠢ ᠭᠦᠢᠴᠡᠳ ᠪᠠᠭᠤᠯᠭᠠᠪᠠ᠂ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ

︽ᠵᠢᠷᠭᠤᠭ᠎ᠠ ᠶᠢ ᠡᠵᠡᠨ ᠮᠡᠳᠡᠬᠦ︾ ᠶᠢ ᠪᠡᠶᠡᠯᠡᠭᠦᠯᠪᠡ᠂ ᠲᠤᠬᠠᠶᠢᠯᠠᠪᠠᠯ᠂ ᠶᠡᠭᠡ ᠳᠡᠭᠡᠳᠦ ᠰᠤᠷᠭᠠᠭᠤᠯᠢ ᠶᠢᠨ ᠳᠤᠰᠢᠶᠠᠯ ᠤᠨ

ᠴᠣᠯᠠ ᠶᠢ ᠡᠵᠡᠨ ᠮᠡᠳᠡᠨ ᠬᠢᠨᠠᠨ ᠲᠣᠭᠲᠠᠭᠠᠵᠤ᠂ ᠰᠤᠷᠭᠠᠭᠤᠯᠢ ᠶᠢᠨ ᠳᠣᠲᠣᠭᠠᠳᠤ ᠶᠢᠨ ᠠᠵᠢᠯ ᠤᠨ ᠪᠠᠶᠢᠷᠢ ᠶᠢᠨ

ᠲᠣᠬᠢᠷᠠᠭᠤᠯᠤᠯᠲᠠ ᠶᠢ ᠡᠵᠡᠨ ᠮᠡᠳᠡᠨ ᠬᠠᠮᠢᠶᠠᠷᠴᠤ᠂ ᠡᠯ᠎ᠡ ᠲᠥᠷᠥᠯ ᠤᠨ ᠠᠵᠢᠯ ᠤᠨ ᠪᠠᠶᠢᠷᠢ ᠶᠢ ᠡᠵᠡᠨ ᠮᠡᠳᠡᠨ

ᠲᠣᠬᠢᠷᠠᠭᠤᠯᠵᠤ᠂ ᠲᠤᠰᠬᠠᠢ ᠮᠡᠷᠭᠡᠵᠢᠯ ᠤᠨ ᠠᠵᠢᠯ ᠤᠨ ᠪᠠᠶᠢᠷᠢ ᠳᠤ ᠤᠷᠢᠨ ᠬᠡᠷᠡᠭᠯᠡᠬᠦ ᠨᠥᠬᠦᠴᠡᠯ ᠢ ᠡᠵᠡᠨ ᠮᠡᠳᠡᠨ

ᠲᠣᠭᠲᠠᠭᠠᠵᠤ᠂ ᠠᠵᠢᠯ ᠤᠨ ᠪᠠᠶᠢᠷᠢ ᠶᠢᠨ ᠬᠤᠭᠤᠰᠣᠨ ᠣᠷᠣᠨ ᠢ ᠦᠨᠳᠦᠰᠦᠯᠡᠨ ᠤᠷᠢᠨ ᠬᠡᠷᠡᠭᠯᠡᠬᠦ ᠵᠢᠱᠢᠭᠳᠡᠭᠴᠢ ᠶᠢ

ᠳᠣᠭᠲᠠᠭᠠᠬᠤ ᠪᠣᠯᠤᠨ᠎ᠠ᠂ ᠮᠠᠰᠲ᠋ᠧᠷ ᠠᠴᠠ ᠳᠡᠭᠡᠭᠰᠢᠬᠢ ᠡᠷᠳᠡᠮ ᠤᠨ ᠴᠣᠯᠠ ᠣᠯᠭᠤᠬᠤ ᠡᠷᠬᠡ ᠲᠠᠢ ᠶᠡᠭᠡ ᠳᠡᠭᠡᠳᠦ

ᠰᠤᠷᠭᠠᠭᠤᠯᠢ ᠪᠠᠰᠠ ᠲᠤᠰᠬᠠᠢ ᠮᠡᠷᠭᠡᠵᠢᠯ ᠤᠨ ᠬᠤᠶᠠᠳᠤᠭᠠᠷ ᠳᠡᠰ ᠤᠨ ᠠᠵᠢᠯ ᠤᠨ ᠪᠠᠶᠢᠷᠢ ᠳᠤ ᠬᠢᠨᠠᠨ ᠵᠥᠪᠰᠢᠶᠡᠷᠡᠵᠦ

ᠤᠷᠢᠨ ᠬᠡᠷᠡᠭᠯᠡᠬᠦ ᠠᠵᠢᠯ ᠢ ᠡᠵᠡᠨ ᠮᠡᠳᠡᠨ ᠥᠷᠨᠢᠭᠦᠯᠵᠦ ᠪᠣᠯᠤᠨ᠎ᠠ᠃

      ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ

ᠨᠡᠶᠢᠭᠡᠮ ᠤᠨ ᠪᠠᠲᠤᠯᠠᠭ᠎ᠠ ᠶᠢᠨ ᠲᠢᠩᠬᠢᠮ ︽ᠬᠥᠮᠦᠨ ᠢᠶᠠᠷ ᠦᠨᠳᠦᠰᠦ ᠪᠣᠯᠭᠠᠵᠤ᠂ ᠰᠤᠷᠭᠠᠨ ᠬᠥᠮᠦᠵᠢᠯ ᠢ

ᠲᠡᠷᠢᠭᠦᠨ ᠳᠤ ᠲᠠᠯᠪᠢᠬᠤ︾ ᠰᠡᠳᠬᠢᠮᠵᠢ ᠪᠠᠷ᠂ ᠪᠠᠭᠰᠢ ᠨᠠᠷ ᠤᠨ ᠠᠩᠬᠠᠷᠤᠯ ᠬᠠᠨᠳᠤᠭᠤᠯᠵᠤ ᠪᠠᠶᠢᠭ᠎ᠠ  ᠳᠤᠰᠢᠶᠠᠯ ᠤᠨ

ᠴᠣᠯᠠ ᠶᠢ ᠬᠢᠨᠠᠨ ᠲᠣᠭᠲᠠᠭᠠᠬᠤ᠂ ᠠᠵᠢᠯ ᠤᠨ ᠪᠠᠶᠢᠷᠢ ᠳᠤ ᠤᠷᠢᠨ ᠬᠡᠷᠡᠭᠯᠡᠬᠦ ᠵᠡᠷᠭᠡ ᠲᠠᠯ᠎ᠠ ᠪᠠᠷ ᠲᠥᠷᠥ ᠶᠢᠨ

ᠪᠣᠳᠣᠯᠭ᠎ᠠ ᠶᠢ ᠦᠷᠭᠦᠯᠵᠢᠯᠡᠨ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠪᠠᠭᠰᠢ ᠶᠢᠨ ᠬᠥᠭᠵᠢᠯᠲᠡ ᠶᠢᠨ ᠵᠠᠮ ᠢ

ᠰᠠᠭᠠᠳ ᠦᠭᠡᠢ ᠨᠡᠪᠲᠡᠷᠡᠭᠦᠯᠵᠦ᠂ ᠪᠦᠬᠦ ᠣᠷᠣᠨ ᠤ ᠰᠤᠷᠭᠠᠨ ᠬᠥᠮᠦᠵᠢᠯ ᠤᠨ ᠦᠢᠯᠡᠰ ᠤᠨ ᠴᠢᠨᠠᠷᠯᠢᠭ

ᠬᠥᠭᠵᠢᠯᠲᠡ ᠶᠢ ᠠᠬᠢᠭᠤᠯᠬᠤ ᠪᠣᠯᠤᠨ᠎ᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map