ᠪᠥᠬᠦ ᠣᠷᠣᠨ ᠤ ᠬᠠᠭᠤᠴᠢᠨ ᠪᠠᠷᠢᠯᠭ᠎ᠠ ᠶᠢᠨ ᠠᠮᠤᠷ ᠲᠦᠪᠰᠢᠨ ᠤ ᠵᠢᠭᠰᠠᠭᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2020/12/10
ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ︵ᠵᠥᠪᠯᠡᠯ︶᠂ ᠬᠡᠷ ᠪᠠᠶᠢᠰᠢᠩ ᠤᠨ ᠬᠠᠮᠢᠶᠠᠷᠤᠯᠲᠠ ᠶᠢᠨ ᠲᠣᠪᠴᠢᠶ᠎ᠠ᠄      ᠳᠡᠳ᠋ ᠶᠡᠷᠦᠩᠬᠡᠶ ᠰᠠᠶᠢᠳ ᠵᠠᠩ ᠭᠤᠤ ᠯᠢ ᠶᠢᠨ ᠭᠦᠢᠵᠸᠦ ᠮᠤᠵᠢ᠂ ᠲᠢᠶᠠᠨᠵᠢᠨ ᠬᠤᠲᠠ ᠳᠤ ᠠᠰᠠᠷ ᠨᠤᠷᠠᠭᠰᠠᠨ ᠠᠳᠡᠯ ᠭᠠᠷᠤᠭᠰᠠᠨ ᠤ ᠳᠠᠷᠠᠭᠠᠬᠢ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ 2015 ᠣᠨ ᠤ 6 ᠳ᠋ᠤᠭᠠᠷ ᠰᠠᠷ᠎ᠠ ᠶᠢᠨ 17 ᠤ ᠡᠳᠦᠷ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠪᠥᠬᠦ ᠤᠯᠤᠰ ᠤᠨ ᠬᠠᠭᠤᠴᠢᠨ ᠠᠰᠠᠷ ᠤᠨ ᠨᠤᠷᠠᠬᠤ ᠠᠶᠤᠯᠲᠠᠶ ᠠᠰᠠᠷ ᠤᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠬᠤ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠣᠷᠣᠨ ᠤ ᠬᠠᠭᠤᠴᠢᠨ ᠪᠠᠷᠢᠯᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠂ ᠠᠷᠠᠳ ᠣᠯᠠᠨ ᠤ ᠠᠮᠢ ᠨᠠᠰᠤ᠂ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠵᠤ᠂ ᠬᠠᠭᠤᠴᠢᠨ ᠪᠠᠷᠢᠯᠭ᠎ᠠ ᠶᠢᠨ ᠠᠮᠤᠷ ᠲᠦᠪᠰᠢᠨ ᠤ ᠠᠳᠡᠯ ᠭᠠᠷᠬᠤ ᠶᠢ ᠰᠡᠷᠭᠡᠶᠢᠯᠡᠬᠦ ᠶᠢᠨ ᠲᠤᠰᠠᠳᠠ᠂ ᠰᠤᠳᠤᠯᠬᠤ ᠪᠠᠷ ᠳᠠᠮᠵᠢᠨ᠂ ᠮᠠᠨ ᠤ ᠲᠢᠩᠬᠢᠮ ᠪᠦᠬᠦ ᠣᠷᠣᠨ ᠤ ᠬᠠᠭᠤᠴᠢᠨ ᠪᠠᠷᠢᠯᠭ᠎ᠠ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠬᠦ ᠪᠠᠷ ᠲᠣᠭᠲᠠᠪᠠ᠃ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄      ᠨᠢᠭᠡ᠂ ᠵᠠᠰᠠᠵᠦ ᠴᠡᠭᠴᠡᠯᠡᠬᠦ᠂ ᠵᠢᠭᠰᠠᠭᠠᠨ ᠪᠠᠶᠢᠴᠠᠭᠠᠬᠤ ᠬᠡᠪᠴᠢᠶ᠎ᠡ      ᠪᠦᠬᠦ ᠣᠷᠣᠨ ᠤ ᠬᠡᠪᠴᠢᠶᠡᠨ ᠳᠣᠲᠣᠷᠠᠬᠢ ᠡᠯ᠎ᠡ ᠬᠤᠲᠠ᠂ ᠰᠢᠶᠠᠩ ᠪᠠᠯᠭᠠᠰᠤ ᠶᠢᠨ ᠪᠠᠷᠢᠯᠭ᠎ᠠ ᠶᠢᠨ ᠣᠨ ᠵᠢᠯ ᠨᠢ ᠨᠡᠯᠢᠶᠡᠳ ᠤᠷᠲᠤ᠂ ᠪᠦᠲᠦᠭᠡᠨ ᠪᠠᠶᠢᠭᠤᠯᠤᠭᠰᠠᠨ ᠪᠠᠷᠢᠮᠵᠢᠶ᠎ᠠ ᠳᠣᠣᠷ᠎ᠠ᠂ ᠵᠠᠰᠠᠵᠤ ᠰᠡᠯᠪᠢᠭᠰᠡᠨ ᠦᠭᠡᠶ ᠵᠢᠴᠢ ᠪᠤᠶ ᠪᠦᠬᠦᠢ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠪᠣᠯᠤᠨ ᠳᠥᠭᠦᠮ ᠪᠦᠳᠦᠴᠡᠳᠦ ᠣᠷᠣᠨ ᠰᠠᠭᠤᠴᠠᠲᠤ ᠲᠣᠭᠤᠷᠢᠭ ᠵᠡᠷᠭᠡ ᠨᠢ ᠥᠭᠡᠷᠡᠴᠢᠯᠡᠵᠦ ᠲᠥᠪᠬᠢᠨᠡᠭᠦᠯᠬᠦ ᠬᠡᠪᠴᠢᠶᠡᠨ ᠳᠤ ᠪᠠᠭᠳᠠᠨ᠎ᠠ᠃       ᠬᠤᠶᠠᠷ᠂ ᠵᠠᠰᠠᠵᠦ ᠴᠡᠭᠴᠡᠯᠡᠬᠦ᠂ ᠵᠢᠭᠰᠠᠭᠠᠨ ᠪᠠᠶᠢᠴᠠᠭᠠᠬᠤ ᠠᠭᠤᠯᠭ᠎ᠠ      ︵ᠨᠢᠭᠡ︶ ᠬᠠᠭᠤᠴᠢᠨ ᠪᠠ ᠬᠠᠭᠤᠴᠢᠷᠠᠭᠰᠠᠨ ᠪᠠᠷᠢᠯᠭ᠎ᠠ ᠶᠢᠨ ᠠᠶᠤᠯᠭᠦᠢ ᠪᠠᠶᠢᠳᠠᠯ      1᠂ 2014 ᠣᠨ ᠳᠤ ᠪᠦᠬᠦ ᠣᠷᠣᠨ ᠤ ᠵᠣᠬᠢᠶᠠᠨ ᠪᠠᠶᠢᠭᠤᠯᠤᠨ ᠥᠷᠨᠢᠭᠦᠯᠦᠭᠰᠡᠨ ᠬᠠᠭᠤᠴᠢᠨ ᠪᠠᠷᠢᠯᠭ᠎ᠠ ᠶᠢᠨ ᠠᠮᠤᠷ ᠲᠦᠪᠰᠢᠨ ᠤ ᠵᠢᠭᠰᠠᠭᠠᠨ ᠪᠠᠶᠢᠴᠠᠭᠠᠯᠲᠠ ᠳᠤᠮᠳᠠ᠂ ᠨᠢᠭᠡᠨᠲᠡ ᠪᠠᠶᠢᠴᠠᠭᠠᠨ ᠭᠠᠷᠭᠠᠭᠰᠠᠨ ᠠᠶᠤᠯᠲᠠᠶ ᠴᠡᠭ ᠪᠤᠶᠤ ᠬᠡᠰᠡᠭ ᠭᠠᠵᠠᠷ ᠤᠨ ᠠᠶᠤᠯᠲᠠᠶ ᠭᠡᠷ ᠪᠠᠶᠢᠰᠢᠩ ᠳᠤ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠲᠦᠭᠰᠢᠭᠦᠷᠢ ᠶᠢ ᠠᠷᠢᠯᠭᠠᠭᠰᠠᠨ ᠡᠰᠡᠬᠦ︔      2᠂ ᠬᠠᠭᠤᠴᠢᠨ ᠪᠠᠷᠢᠯᠭ᠎ᠠ ᠳᠤ ᠳᠦᠷᠰᠦ ᠬᠤᠪᠢᠷᠠᠭᠠᠭᠰᠠᠨ ᠦᠵᠡᠭᠳᠡᠯ ᠣᠷᠣᠰᠢᠵᠤ ᠪᠠᠶᠢᠬᠤ ᠡᠰᠡᠬᠦ︔ ᠨᠤᠷᠠᠭᠠᠭᠰᠠᠨ ᠦᠭᠡᠢ ᠨᠤᠷᠠᠬᠤ ᠠᠶᠤᠯᠲᠠᠶ ᠠᠰᠠᠷ ᠢ ᠪᠠᠬᠢᠯᠡᠬᠦ ᠵᠡᠷᠭᠡ ᠴᠢᠬᠤᠯᠠ ᠪᠦᠬᠦᠢ ᠠᠷᠭ᠎ᠠ ᠬᠡᠮᠵᠢᠶ᠎ᠡ ᠠᠪᠤᠭᠰᠠᠨ ᠡᠰᠡᠬᠦ︔      3᠂ ᠵᠠᠰᠠᠵᠤ ᠴᠢᠮᠡᠭᠯᠡᠬᠦ ᠳᠤ ᠬᠤᠯᠪᠣᠭᠳᠠᠭᠰᠠᠨ ᠭᠤᠣᠯ ᠪᠦᠲᠦᠴᠡ ᠪᠤᠶᠤ ᠠᠴᠢᠶ᠎ᠠ ᠶᠢ ᠢᠯᠡᠷᠬᠡᠢ ᠶᠡᠬᠡᠰᠬᠡᠭᠰᠡᠨ ᠬᠠᠭᠤᠴᠢᠨ ᠪᠠᠷᠢᠯᠭ᠎ᠠ ᠳᠤ ᠠᠮᠤᠷ ᠲᠦᠪᠰᠢᠨ ᠤ ᠲᠠᠯᠳᠠ ᠭᠡᠮ ᠣᠷᠣᠰᠢᠵᠤ ᠪᠠᠶᠢᠬᠤ ᠡᠰᠡᠬᠦ︔      4᠂ ᠬᠠᠭᠤᠴᠢᠨ ᠪᠠᠷᠢᠯᠭ᠎ᠠ ᠶᠢ ᠬᠠᠮᠢᠶᠠᠷᠴᠤ ᠬᠠᠮᠠᠭᠠᠯᠠᠭᠰᠠᠨ ᠪᠠᠶᠢᠳᠠᠯ᠃      ︵ᠬᠤᠶᠠᠷ︶ ᠬᠠᠭᠤᠴᠢᠨ ᠪᠠ ᠬᠠᠭᠤᠴᠢᠷᠬᠠᠰᠠᠨ ᠪᠠᠷᠢᠯᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠵᠢᠴᠢ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠭᠰᠡᠨ ᠪᠠ ᠨᠠᠶᠢᠳᠠᠪᠤᠷᠢᠵᠢᠭᠤᠯᠤᠭᠰᠠᠨ ᠡᠰᠡᠬᠦ      ᠭᠡᠷ ᠪᠠᠶᠢᠰᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠪᠠᠷᠢᠮᠵᠢᠶ᠎ᠠ ᠶᠢᠨ ᠵᠢᠷᠤᠮᠵᠢᠯ ᠵᠢᠴᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ᠃ ᠳᠠᠩᠰᠠ ᠡᠪᠬᠡᠮᠡᠯ ᠤᠨ ᠪᠦᠷᠢᠨ ᠪᠦᠲᠦᠨ ᠪᠠᠶᠢᠬᠤ ᠡᠰᠡᠬᠦ᠂ ᠬᠠᠮᠢᠶᠠᠷᠤᠯᠲᠠ ᠶᠢᠨ ᠳᠦᠷᠢᠮ ᠪᠣᠯᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢᠨ ᠲᠡᠭᠦᠯᠳᠡᠷᠵᠢᠭᠰᠡᠨ ᠪᠠ ᠨᠠᠶᠢᠳᠠᠪᠤᠷᠢᠵᠢᠭᠤᠯᠤᠭᠳᠠᠭᠰᠠᠨ ᠡᠰᠡᠬᠦ᠂ ᠡᠳᠦᠷ ᠲᠤᠲᠤᠮ ᠤᠨ ᠬᠠᠮᠢᠶᠠᠷᠤᠯᠲᠠ ᠶᠢᠨ ᠴᠠᠭ ᠲᠤᠬᠠᠶ ᠳᠤᠨᠢ ᠪᠣᠳᠠᠲᠠᠶᠢᠵᠢᠭᠤᠯᠤᠭᠳᠠᠭᠰᠠᠨ ᠡᠰᠡᠬᠦ ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠨ᠎ᠠ᠃       ︵ᠭᠤᠷᠪᠠ︶ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ᠂ ᠳᠥᠭᠦᠮ ᠪᠦᠳᠦᠴᠡᠳᠦ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠨ ᠵᠠᠰᠠᠵᠤ ᠲᠥᠪᠬᠢᠨᠡᠭᠦᠯᠬᠦ ᠣᠷᠣᠨ ᠰᠠᠭᠤᠴᠠ ᠶᠢᠨ ᠶᠠᠰᠤ ᠴᠢᠨᠠᠷ ᠬᠢᠭᠡᠳ ᠠᠶᠦᠯᠭᠦᠢ ᠪᠠᠶᠢᠳᠠᠯ ᠳᠤ ᠤᠷᠤᠭᠰᠠᠨ      ᠭᠤᠷᠪᠠ᠂  ᠵᠠᠰᠠᠵᠦ ᠴᠡᠭᠴᠡᠯᠡᠬᠦ᠂ ᠵᠢᠭᠰᠠᠭᠠᠨ ᠪᠠᠶᠢᠴᠠᠭᠠᠬᠤ ᠠᠷᠭ᠎ᠠ       ︵ᠨᠢᠭᠡ︶ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠠᠭᠤᠴᠢᠨ ᠪᠠᠷᠢᠯᠭ᠎ᠠ ᠶᠢᠨ ᠠᠶᠦᠯᠭᠦᠢ ᠶᠢ ᠵᠢᠭᠰᠠᠭᠠᠨ ᠪᠠᠶᠢᠴᠠᠭᠠᠬᠤ ᠬᠡᠷᠡᠭᠵᠢᠭᠦᠯᠬᠦ ᠲᠥᠰᠦᠯ ᠲᠣᠭᠲᠠᠭᠠᠵᠤ᠂ ᠬᠤᠰᠢᠭᠤ ᠰᠢᠶᠠᠨ ᠬᠤᠲᠠ ᠲᠣᠭᠤᠷᠢᠭ ᠤᠨ ᠵᠣᠬᠢᠶᠠᠨ ᠪᠠᠶᠢᠭᠤᠯᠤᠯᠲᠠ ᠶᠢᠨ ᠬᠠᠭᠤᠴᠢᠨ ᠪᠠᠷᠢᠯᠭ᠎ᠠ ᠪᠣᠯᠤᠨ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ᠂ ᠳᠥᠭᠦᠮ ᠪᠦᠳᠦᠴᠡᠳᠦ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠨ ᠵᠠᠰᠠᠵᠤ ᠲᠥᠪᠬᠢᠨᠡᠭᠦᠯᠬᠦ ᠳᠤ  ᠵᠢᠭᠰᠠᠭᠠᠭᠰᠠᠨ ᠣᠷᠣᠨ ᠰᠠᠭᠤᠴᠠ ᠶᠢᠨ ᠥᠮᠴᠢᠯᠡᠬᠦ ᠡᠷᠬᠡᠲᠦ ᠬᠥᠮᠦᠨ ᠪᠤᠶᠤ ᠬᠡᠷᠡᠭᠯᠡᠭᠴᠢ ᠵᠢᠴᠢ ᠪᠠᠶᠢᠭᠤᠯᠵᠤ ᠪᠠᠶᠢᠭ᠎ᠠ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠪᠣᠯᠤᠨ ᠳᠥᠭᠦᠮ ᠪᠦᠳᠦᠴᠡᠳᠦ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠨ ᠵᠠᠰᠠᠵᠤ ᠲᠥᠪᠬᠢᠨᠡᠭᠦᠯᠬᠦ ᠳᠤ ᠣᠷᠣᠨ ᠰᠠᠭᠤᠴᠠ ᠶᠢᠨ ᠡᠯ᠎ᠡ ᠲᠠᠯ᠎ᠠ ᠶᠢᠨ ᠬᠠᠷᠢᠭᠤᠴᠠᠯᠭ᠎ᠠ ᠶᠢᠨ ᠭᠤᠣᠯ ᠴᠣᠭᠴᠠ ᠶᠢ ᠪᠠᠶᠢᠷᠢᠯᠠᠭᠤᠯᠤᠨ᠂ ᠥᠪᠡᠷᠲᠡᠭᠡᠨ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠦᠷᠨᠢᠭᠦᠯᠦᠨ᠎ᠡ᠃      ︵ᠬᠤᠶᠠᠷ︶ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠬᠤᠰᠢᠭᠤ ᠰᠢᠶᠠᠨ ᠬᠤᠲᠠ ᠲᠣᠭᠤᠷᠢᠭ ᠤᠨ ᠥᠪᠡᠷ ᠢ ᠪᠠᠨ ᠪᠠᠶᠢᠴᠠᠭᠠᠭᠰᠠᠨ ᠰᠠᠭᠤᠷᠢᠨ ᠳᠡᠭᠡᠷ᠎ᠡ᠂ ᠲᠤᠰᠬᠠᠶ ᠠᠵᠢᠯᠲᠠᠨ ᠢ ᠵᠣᠬᠢᠶᠠᠨ ᠪᠠᠶᠢᠭᠤᠯᠤᠨ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠭ᠎ᠠ ᠬᠠᠭᠤᠴᠢᠨ ᠪᠠᠷᠢᠯᠭ᠎ᠠ ᠶᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠬᠤ ᠶᠢᠨ ᠬᠠᠮᠲᠤ᠂ ᠵᠢᠭᠰᠠᠭᠠᠨ ᠪᠠᠶᠢᠴᠠᠭᠠᠬᠤ ᠳᠤᠮᠳᠠ ᠣᠷᠣᠰᠢᠵᠤ ᠪᠠᠶᠢᠭ᠎ᠠ ᠠᠮᠤᠷ ᠲᠦᠪᠰᠢᠨ ᠤ ᠳᠠᠯᠳᠠ ᠭᠡᠮ ᠤᠨ ᠠᠰᠠᠭᠤᠳᠠᠯ ᠢ ᠨᠢᠭᠡᠳ ᠨᠢᠭᠡ ᠪᠠᠷ ᠳᠦᠷᠢᠮ ᠤᠨ ᠬᠦᠰᠦᠨᠦᠭᠲᠦ ᠵᠣᠬᠢᠶᠠᠵᠤ ᠨᠠᠷᠢᠨ ᠬᠠᠭᠤᠳᠠᠰᠤ ᠭᠠᠷᠭᠠᠨ᠂ ᠡᠬᠡ ᠳᠠᠩᠰᠠ ᠪᠠᠶᠢᠭᠤᠯᠵᠤ᠂ ᠳᠠᠩᠰᠠ ᠡᠪᠬᠡᠮᠡᠯ ᠤᠨ ᠬᠠᠮᠢᠶᠠᠷᠤᠯᠲᠠ ᠶᠢ ᠪᠡᠶᠡᠯᠡᠭᠦᠯᠬᠦ ᠬᠡᠷᠡᠭᠲᠡᠶ᠃ ᠣᠯᠠᠨ ᠲᠦᠮᠡᠨ ᠤ ᠲᠤᠰᠬᠠᠯ ᠴᠢᠩᠭ᠎ᠠ᠂ ᠠᠮᠤᠷ ᠲᠦᠪᠰᠢᠨ ᠤ ᠳᠠᠯᠳᠠ ᠭᠡᠮ ᠦᠨᠡᠨᠬᠦ ᠣᠷᠣᠰᠢᠵᠤ ᠪᠠᠶᠢᠭ᠎ᠠ ᠬᠠᠭᠤᠴᠢᠨ ᠪᠠᠷᠢᠯᠭ᠎ᠠ ᠳᠤ ᠭᠤᠣᠯᠳᠠᠯᠭ᠎ᠠ ᠲᠠᠢ ᠪᠠᠶᠢᠴᠠᠭᠠᠯᠲᠠ ᠬᠢᠨ᠎ᠡ᠃      ︵ᠭᠤᠷᠪᠠ︶ ᠵᠢᠭᠰᠠᠭᠠᠨ ᠪᠠᠶᠢᠴᠠᠭᠠᠬᠤ ᠶᠢᠨ ᠳᠠᠭᠠᠤ ᠴᠡᠭᠴᠡᠯᠡᠨ ᠰᠠᠶᠢᠵᠢᠷᠠᠭᠤᠯᠵᠤ᠂ ᠵᠢᠭᠰᠠᠭᠠᠨ ᠪᠠᠶᠢᠴᠠᠭᠠᠬᠤ ᠪᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠶᠢ ᠪᠠᠷᠢᠮᠳᠠᠯᠠᠨ᠎ᠠ᠃ ᠵᠢᠭᠰᠠᠭᠠᠨ ᠪᠠᠶᠢᠴᠠᠭᠠᠵᠤ ᠭᠠᠷᠭᠠᠭᠰᠠᠨ ᠠᠮᠤᠷ ᠲᠦᠪᠰᠢᠨ ᠤ ᠳᠠᠯᠳᠠ ᠭᠡᠮ ᠪᠣᠯᠤᠨ ᠣᠷᠣᠰᠢᠵᠤ ᠪᠠᠶᠢᠭ᠎ᠠ ᠠᠰᠠᠭᠤᠳᠠᠯ ᠳᠤ᠂ ᠪᠣᠳᠠᠲᠠᠶ ᠰᠢᠢᠳᠪᠦᠷᠢᠯᠡᠬᠦ ᠲᠥᠰᠦᠯ ᠢ ᠰᠤᠳᠤᠯᠤᠨ ᠲᠣᠭᠲᠠᠭᠠᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠠᠮᠤᠷ ᠲᠦᠪᠰᠢᠨ ᠤ ᠳᠠᠯᠳᠠ ᠭᠡᠮ ᠢ ᠴᠠᠭ ᠲᠤᠬᠠᠶ ᠳᠤᠨᠢ ᠠᠷᠢᠯᠭᠠᠬᠤ ᠬᠡᠷᠡᠭᠲᠡᠶ᠃      ︵ᠳᠥᠷᠪᠡ︶ ᠥᠪᠡᠷᠲᠡᠭᠡᠨ ᠵᠠᠰᠠᠬᠤ ᠣᠷᠣᠨ ᠠᠴᠠ ᠲᠤᠰᠬᠠᠶ ᠮᠡᠷᠭᠡᠵᠢᠯ ᠤᠨ ᠠᠵᠢᠯᠲᠠᠨ ᠢ ᠰᠢᠯᠵᠢᠭᠦᠯᠦᠨ ᠲᠠᠲᠠᠵᠤ ᠲᠣᠭᠤᠷᠢᠨ ᠪᠠᠶᠢᠴᠠᠭᠠᠬᠤ ᠳᠤᠭᠤᠶᠢᠯᠠᠩ ᠪᠦᠷᠢᠯᠳᠦᠭᠦᠯᠵᠦ᠂ ᠡᠯ᠎ᠡ ᠭᠠᠵᠠᠷ ᠤᠨ ᠬᠠᠭᠤᠴᠢᠨ ᠪᠠᠷᠢᠯᠭ᠎ᠠ ᠶᠢᠨ ᠠᠮᠤᠷ ᠲᠦᠪᠰᠢᠨ ᠤ ᠵᠢᠭᠰᠠᠭᠠᠨ ᠪᠠᠶᠢᠴᠠᠭᠠᠬᠤ ᠠᠵᠢᠯ ᠤᠨ ᠪᠠᠶᠢᠳᠠᠯ ᠢ ᠰᠢᠮᠳᠠᠭᠤᠯᠤᠨ ᠪᠠᠶᠢᠴᠠᠭᠠᠵᠤ᠂ ᠭᠤᠣᠯᠳᠠᠯᠭ᠎ᠠ ᠲᠠᠢ ᠭᠠᠵᠠᠷ ᠣᠷᠣᠨ ᠳᠤ ᠭᠤᠣᠯᠳᠠᠯᠭ᠎ᠠ ᠲᠠᠢ ᠲᠣᠭᠤᠷᠢᠨ ᠪᠠᠶᠢᠴᠠᠭᠠᠬᠤ ᠶᠢᠨ ᠬᠠᠮᠲᠤ ᠰᠢᠮᠳᠠᠭᠤᠯᠤᠨ ᠪᠠᠶᠢᠴᠠᠭᠠᠭᠰᠠᠨ ᠦᠷ᠎ᠡ ᠳ᠋ᠦᠩ ᠢ ᠲᠤᠩᠬᠠᠭᠯᠠᠨ᠎ᠠ      ᠳᠥᠷᠪᠡ᠂ ᠵᠠᠰᠠᠵᠦ ᠴᠡᠭᠴᠡᠯᠡᠬᠦ᠂ ᠵᠢᠭᠰᠠᠭᠠᠨ ᠪᠠᠶᠢᠴᠠᠭᠠᠬᠤ ᠴᠠᠭ      ᠪᠥᠬᠦ ᠣᠷᠣᠨ ᠤ ᠬᠠᠭᠤᠴᠢᠨ ᠪᠠᠷᠢᠯᠭ᠎ᠠ ᠶᠢᠨ ᠠᠮᠤᠷ ᠲᠦᠪᠰᠢᠨ ᠤ ᠵᠢᠭᠰᠠᠭᠠᠨ ᠪᠠᠶᠢᠴᠠᠭᠠᠬᠤ ᠠᠵᠢᠯ ᠨᠢ ᠲᠣᠰ ᠮᠡᠳᠡᠭᠳᠡᠯ ᠢ ᠳᠣᠷᠣᠭᠰᠢ ᠪᠠᠭᠤᠯᠭᠠᠭᠰᠠᠨ ᠡᠳᠦᠷ ᠠᠴᠠ ᠡᠬᠢᠯᠡᠨ 7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ ᠥᠪᠡᠰᠦᠪᠡᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠱᠠᠲᠤ ᠦᠶ᠎ᠡ ᠪᠣᠯᠤᠨ᠎ᠠ᠂ 8 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ ᠡᠯ᠎ᠡ ᠠᠶᠢᠮᠠᠭ ᠬᠤᠲᠠ ᠶᠢᠨ ᠰᠤᠭᠤᠴᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠱᠠᠲᠤ ᠦᠶ᠎ᠡ ᠪᠣᠯᠤᠨ᠎ᠠ᠂ 9 ᠳ᠋ᠤᠭᠡᠷ ᠰᠠᠷ᠎ᠠ ᠪᠣᠯ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠲᠣᠭᠤᠷᠢᠨ ᠪᠠᠶᠢᠴᠠᠭᠠᠬᠤ ᠱᠠᠲᠤ ᠦᠶ᠎ᠡ ᠪᠣᠯᠤᠨ᠎ᠠ᠂ 10 ᠳ᠋ᠤᠭᠠᠷ ᠰᠠᠷ᠎ᠠ ᠶᠢᠨ ᠡᠬᠢᠨ ᠢᠶᠠᠷ ᠪᠥᠬᠦ ᠲᠠᠯ᠎ᠠ ᠪᠠᠷ ᠳ᠋ᠦᠩᠨᠡᠬᠦ ᠱᠠᠲᠤ ᠦᠶ᠎ᠡ ᠪᠣᠯᠤᠨ᠎ᠠ᠃      ᠲᠠᠪᠤ᠂ ᠵᠠᠰᠠᠵᠦ ᠴᠡᠭᠴᠡᠯᠡᠬᠦ᠂ ᠵᠢᠭᠰᠠᠭᠠᠨ ᠪᠠᠶᠢᠴᠠᠭᠠᠬᠤ ᠱᠠᠭᠠᠷᠳᠠᠯᠭ᠎ᠠ        ︵ᠨᠢᠭᠡ︶ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠡᠷᠬᠡᠪᠰᠢ ᠪᠦᠬᠦ ᠣᠷᠣᠨ ᠤ ᠬᠠᠭᠤᠴᠢᠨ ᠪᠠᠷᠢᠯᠭ᠎ᠠ ᠶᠢᠨ ᠠᠮᠤᠷ ᠲᠦᠪᠰᠢᠨ ᠤ ᠵᠢᠭᠰᠠᠭᠠᠨ ᠪᠠᠶᠢᠴᠠᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠨ᠂ ᠲᠤᠰ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠪᠣᠳᠠᠲᠠᠶ ᠵᠢᠭᠰᠠᠭᠠᠨ ᠪᠠᠶᠢᠴᠠᠭᠠᠬᠤ ᠲᠥᠰᠦᠯ ᠲᠣᠭᠲᠠᠭᠠᠵᠤ᠂ ᠪᠦᠬᠦ ᠣᠷᠣᠨ ᠤ ᠬᠠᠭᠤᠴᠢᠨ ᠪᠠᠷᠢᠯᠭ᠎ᠠ ᠶᠢᠨ ᠠᠮᠤᠷ ᠲᠦᠪᠰᠢᠨ ᠤ ᠵᠢᠭᠰᠠᠭᠠᠨ ᠪᠠᠶᠢᠴᠠᠭᠠᠯᠲᠠ ᠶᠢᠨ ᠵᠣᠬᠢᠶᠠᠨ ᠪᠠᠶᠢᠭᠤᠯᠤᠨ ᠶᠠᠪᠤᠭᠳᠠᠭᠤᠯᠬᠤ ᠠᠵᠢᠯ ᠢ ᠬᠢᠨᠠᠮᠠᠭᠠᠶ ᠰᠠᠶᠢᠲᠤᠷ ᠬᠢᠬᠦ ᠬᠡᠷᠡᠭᠲᠡᠶ᠃      ︵ᠬᠤᠶᠠᠷ︶ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠪᠣᠶ ᠪᠣᠯᠭᠠᠵᠤ᠂ ᠠᠯᠢᠪᠠ ᠪᠦᠬᠦᠨ ᠳᠤ ᠠᠷᠠᠳ ᠲᠦᠮᠡᠨ ᠤ ᠠᠰᠢᠭ ᠲᠤᠰᠠ ᠠᠴᠠ ᠡᠭᠦᠰᠬᠦ ᠶᠢ ᠪᠠᠷᠢᠮᠲᠠᠯᠠᠨ᠂ ᠪᠦᠬᠦ ᠣᠷᠣᠨ ᠤ ᠬᠠᠭᠤᠴᠢᠨ ᠪᠠᠷᠢᠯᠭ᠎ᠠ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠬᠤ ᠠᠵᠢᠯ ᠢ ᠦᠷᠨᠢᠭᠦᠯᠦᠨ᠎ᠡ ᠃ ᠢᠳᠡᠪᠬᠢᠲᠡᠶ ᠪᠠᠷ ᠠᠷᠭ᠎ᠠ ᠬᠡᠮᠵᠢᠶ᠎ᠡ ᠠᠪᠴᠤ᠂ ᠣᠷᠣᠨ ᠰᠠᠭᠤᠴᠠ ᠶᠢᠨ ᠠᠮᠤᠷ ᠲᠦᠪᠰᠢᠨ ᠤ ᠡᠯ᠎ᠡ ᠲᠥᠷᠥᠯ ᠤᠨ ᠳᠠᠯᠳᠠ ᠭᠡᠮ ᠢ ᠠᠷᠢᠯᠭᠠᠨ᠂ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠭ᠎ᠠ ᠬᠠᠭᠤᠴᠢᠨ ᠪᠠᠷᠢᠯᠭ᠎ᠠ ᠪᠦᠬᠦᠨ ᠢ ᠴᠥᠮ ᠮᠥᠷᠳᠡᠨ ᠬᠢᠨᠠᠨ ᠬᠠᠮᠢᠶᠠᠷᠴᠤ᠂ ᠪᠦᠬᠦᠯᠢ ᠴᠣᠭᠴᠠ ᠶᠢᠨ ᠠᠶᠤᠯ ᠪᠣᠯᠤᠨ ᠬᠡᠰᠡᠭ ᠲᠠᠯ᠎ᠠ ᠶᠢᠨ ᠠᠶᠤᠯ ᠲᠦᠭᠰᠢᠭᠦᠷᠢ ᠲᠠᠢ ᠬᠠᠭᠤᠴᠢᠨ ᠪᠠᠷᠢᠯᠭ᠎ᠠ ᠳᠤ ᠡᠷᠡᠰ ᠰᠢᠭᠤᠷᠬᠠᠶ ᠠᠷᠭ᠎ᠠ ᠬᠡᠮᠵᠢᠶ᠎ᠡ ᠠᠪᠴᠤ᠂ ᠬᠡᠷᠡᠭᠯᠡᠬᠦ ᠶᠢ ᠨᠢ ᠵᠣᠭᠰᠣᠭᠠᠬᠤ ᠴᠢᠬᠤᠯᠠ ᠲᠠᠢ ᠶᠢ ᠨᠢ ᠡᠷᠡᠰ ᠵᠣᠭᠰᠣᠭᠠᠵᠤ᠂ ᠨᠤᠷᠠᠭᠠᠬᠤ ᠴᠢᠬᠤᠯᠠ ᠲᠠᠢ ᠶᠢ ᠨᠢ ᠡᠷᠡᠰ ᠨᠤᠷᠠᠭᠠᠵᠤ᠂ ᠭᠡᠷ ᠪᠠᠶᠢᠰᠢᠩ ᠤᠨ ᠠᠮᠤᠷ ᠲᠦᠪᠰᠢᠨ ᠤ ᠬᠦᠨᠳᠦ ᠶᠡᠭᠡ ᠠᠳᠡᠯ ᠭᠠᠷᠬᠤ ᠶᠢ ᠦᠨᠳᠦᠰᠦᠨ ᠠᠴᠠ ᠨᠢ ᠬᠤᠷᠢᠭᠯᠠᠨ᠂ ᠠᠷᠠᠳ ᠣᠯᠠᠨ ᠤ ᠠᠮᠢ ᠨᠠᠰᠤ᠂ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠬᠠᠮᠠᠭᠠᠯᠠᠵᠤ᠂ ᠨᠡᠶᠢᠭᠡᠮ ᠤᠨ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠪᠠᠶᠢᠬᠤ ᠶᠢ ᠬᠠᠮᠠᠭᠠᠯᠠᠨ᠎ᠠ᠃      ︵ᠭᠤᠷᠪᠠ︶ ᠬᠠᠭᠤᠴᠢᠨ ᠪᠠᠷᠢᠯᠭ᠎ᠠ ᠶᠢᠨ ᠠᠶᠦᠯᠭᠦᠢ ᠶᠢᠨ ᠬᠠᠮᠢᠶᠠᠷᠤᠯᠲᠠ ᠶᠢᠨ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠠᠭᠤᠴᠢᠨ ᠪᠠᠷᠢᠯᠭ᠎ᠠ ᠶᠢᠨ ᠠᠶᠦᠯᠭᠦᠢ ᠶᠢᠨ ᠬᠠᠮᠢᠶᠠᠷᠤᠯᠲᠠ ᠶᠢ ᠪᠠᠶᠢᠩᠭᠤᠵᠢᠭᠤᠯᠬᠤ ᠶᠢ ᠲᠠᠰᠤᠷᠠᠯᠲᠠ ᠤᠢᠭᠡᠢ ᠪᠡᠶᠡᠯᠡᠭᠦᠯᠦᠨ᠂ ᠬᠠᠭᠤᠴᠢᠨ ᠪᠠᠷᠢᠯᠭ᠎ᠠ ᠶᠢᠨ ᠠᠶᠦᠯᠭᠦᠢ ᠶᠢᠨ ᠬᠠᠮᠢᠶᠠᠷᠤᠯᠲᠠ ᠶᠢᠨ ᠦᠵᠡᠯ ᠤᠬᠠᠮᠰᠠᠷ ᠪᠣᠯᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠎ᠡ᠃ ᠡᠯ᠎ᠡ ᠭᠠᠵᠠᠷ ᠤᠳ ᠬᠠᠭᠤᠴᠢᠨ ᠪᠠᠷᠢᠯᠭ᠎ᠠ ᠶᠢᠨ ᠠᠶᠦᠯᠭᠦᠢ ᠶᠢᠨ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ᠂ ᠬᠠᠭᠤᠴᠢᠨ ᠪᠠᠷᠢᠯᠭ᠎ᠠ ᠶᠢᠨ ᠠᠶᠦᠯᠭᠦᠢ ᠶᠢᠨ ᠬᠠᠮᠢᠶᠠᠷᠤᠯᠲᠠ ᠶᠢᠨ ᠡᠬᠡ ᠳᠠᠩᠰᠠ ᠪᠣᠯᠤᠨ ᠳᠠᠩᠰᠠ ᠡᠪᠬᠡᠮᠡᠯ ᠪᠠᠶᠢᠭᠤᠯᠵᠤ᠂ ᠬᠠᠭᠤᠴᠢᠨ ᠪᠠᠷᠢᠯᠭ᠎ᠠ ᠬᠡᠷᠡᠭᠯᠡᠵᠦ ᠪᠠᠶᠢᠭ᠎ᠠ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠡᠵᠡᠮᠳᠡᠵᠦ᠂ ᠡᠯ᠎ᠡ ᠲᠥᠷᠥᠯ ᠤᠨ ᠭᠡᠷ ᠪᠠᠶᠢᠰᠢᠩ ᠤᠨ ᠣᠯᠠᠨ ᠨᠡᠶᠢᠲᠡ ᠶᠢᠨ ᠰᠡᠯᠪᠢᠨ ᠵᠠᠰᠠᠬᠤ ᠪᠠ ᠠᠷᠠᠴᠢᠯᠠᠨ ᠬᠠᠮᠠᠭᠠᠯᠠᠬᠤ ᠶᠢ ᠴᠢᠩᠭᠠᠳᠬᠠᠨ᠂ ᠭᠡᠷ ᠪᠠᠶᠢᠰᠢᠩ ᠤᠨ ᠠᠶᠦᠯᠭᠦᠢ ᠬᠡᠷᠡᠭᠯᠡᠬᠦ ᠶᠢ ᠦᠨᠡᠨᠬᠦ  ᠪᠠᠳᠤᠯᠠᠨ᠎ᠠ᠃      ︵ᠳᠥᠷᠪᠡ︶ ᠬᠠᠭᠤᠴᠢᠨ ᠪᠠᠷᠢᠯᠭ᠎ᠠ ᠶᠢᠨ ᠠᠶᠦᠯᠭᠦᠢ ᠶᠢᠨ ᠬᠠᠮᠢᠶᠠᠷᠤᠯᠲᠠ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠨ᠎ᠠ᠃ ᠬᠠᠭᠤᠴᠢᠨ ᠪᠠᠷᠢᠯᠭ᠎ᠠ ᠶᠢᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠨᠡᠮᠡᠭᠳᠡᠭᠦᠯᠵᠦ᠂ ᠦᠨᠳᠦᠰᠦᠨ ᠱᠠᠲᠤᠨ ᠤ ᠣᠯᠠᠨ ᠨᠡᠶᠢᠲᠡ ᠶᠢᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮᠵᠢ ᠶᠢ ᠪᠠᠶᠢᠭᠤᠯᠬᠤ ᠶᠢᠨ ᠴᠢᠬᠤᠯᠠ ᠠᠭᠤᠯᠭ᠎ᠠ ᠪᠣᠯᠭᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠳᠤᠯᠠᠨ᠎ᠠ᠃       ︵ᠲᠠᠪᠤ︶ ᠬᠠᠭᠤᠴᠢᠨ ᠪᠠᠷᠢᠯᠭ᠎ᠠ ᠶᠢ ᠥᠭᠡᠷᠡᠴᠢᠯᠡᠬᠦ ᠠᠵᠢᠯ ᠢ ᠲᠦᠷᠭᠡᠳᠭᠡᠨ᠎ᠡ᠃ ᠡᠯ᠎ᠡ ᠭᠠᠵᠠᠷ ᠤᠳ ︽ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠲᠥᠷᠥᠯ ᠬᠤᠪᠢᠶᠠᠨ ᠵᠢᠯᠣᠭᠤᠳᠬᠤ᠂ ᠨᠢᠭᠡᠳᠦᠯᠲᠡᠶ ᠲᠥᠯᠥᠪᠵᠢᠭᠦᠯᠬᠦ᠂ ᠵᠢᠯ ᠳᠠᠷᠠᠭᠠᠯᠠᠨ ᠥᠭᠡᠷᠡᠴᠢᠯᠡᠬᠦ︾ ᠵᠠᠷᠴᠢᠮ ᠤᠨ ᠶᠣᠰᠣᠭᠠᠷ᠂ ᠬᠠᠭᠤᠴᠢᠨ ᠪᠠᠷᠢᠯᠭ᠎ᠠ ᠶᠢᠨ ᠪᠣᠳᠠᠲᠤ ᠪᠠᠶᠢᠳᠠᠯ ᠪᠣᠯᠤᠨ ᠠᠶᠦᠯᠭᠦᠢ ᠶᠢᠨ ᠬᠢᠨᠠᠨ ᠲᠣᠭᠲᠠᠭᠠᠯᠲᠠ ᠬᠢᠭᠰᠡᠨ ᠪᠠᠶᠢᠳᠠᠯ ᠢ ᠦᠨᠳᠦᠰᠦᠯᠡᠨ᠂ ᠪᠠᠲᠤᠯᠠᠭ᠎ᠠ ᠶᠢᠨ ᠴᠢᠨᠠᠷᠲᠠᠶ ᠪᠦᠭᠡᠳ ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠵᠤ᠂ ᠬᠠᠭᠤᠴᠢᠨ ᠪᠠᠷᠢᠯᠭ᠎ᠠ ᠶᠢ ᠥᠭᠡᠷᠡᠴᠢᠯᠡᠬᠦ ᠶᠠᠪᠤᠳᠠᠯ ᠢ ᠤᠯᠤᠰ ᠤᠨ ᠬᠠᠭᠤᠴᠢᠨ ᠲᠣᠭᠤᠷᠢᠭ ᠪᠣᠯᠤᠨ ᠳᠥᠭᠦᠮ ᠪᠦᠳᠦᠴᠡᠳᠦ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠬᠦ ᠬᠡᠪᠴᠢᠶᠡᠨ ᠳᠤ ᠵᠢᠭᠰᠠᠭᠠᠵᠤ᠂ ᠬᠠᠭᠤᠴᠢᠨ ᠪᠠᠷᠢᠯᠭ᠎ᠠ ᠶᠢ ᠥᠭᠡᠷᠡᠴᠢᠯᠡᠬᠦ ᠠᠯᠬᠤᠴᠠ ᠶᠢ ᠲᠦᠷᠭᠡᠳᠬᠡᠨ ᠠᠬᠢᠭᠤᠯᠤᠨ᠎ᠠ᠃      ︵ᠵᠢᠷᠭᠤᠭ᠎ᠠ︶ ᠡᠯ᠎ᠡ ᠱᠠᠲᠤᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠤᠰ ᠭᠠᠵᠠᠷ ᠣᠷᠣᠨ ᠤ ᠬᠠᠭᠤᠴᠢᠨ ᠪᠠᠷᠢᠯᠭ᠎ᠠ ᠶᠢᠨ ᠠᠮᠤᠷ ᠲᠦᠪᠰᠢᠨ ᠤ ᠵᠢᠭᠰᠠᠭᠠᠨ ᠪᠠᠶᠢᠴᠠᠭᠠᠭᠰᠠᠨ ᠪᠠᠶᠢᠳᠠᠯ᠂ ᠰᠢᠢᠳᠪᠦᠷᠢᠯᠡᠬᠦ ᠴᠢᠬᠤᠯᠠᠲᠠᠶ ᠠᠰᠠᠭᠤᠳᠠᠯ ᠢ ᠴᠠᠭ ᠲᠤᠬᠠᠶ ᠳᠤᠨᠢ ᠲᠤᠬᠠᠶ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ᠂ ᠬᠠᠭᠤᠴᠢᠨ ᠪᠠᠷᠢᠯᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ᠶᠢ ᠨᠡᠶᠢᠲᠡᠯᠡᠬᠦ ᠪᠠᠷ ᠴᠢᠷᠮᠠᠶᠢᠬᠤ ᠶᠢᠨ ᠬᠠᠮᠲᠤ ᠪᠡᠯᠡ ᠮᠥᠩᠭᠦ ᠪᠠᠷ ᠲᠡᠳᠬᠦᠬᠦ ᠲᠥᠷᠥ ᠶᠢᠨ ᠪᠣᠳᠣᠯᠭ᠎ᠠ ᠶᠢ ᠴᠢᠷᠮᠠᠶᠢᠨ ᠣᠯᠵᠤ᠂ ᠬᠠᠭᠤᠴᠢᠨ ᠪᠠᠷᠢᠯᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠡᠷᠴᠢᠮ ᠢ ᠴᠢᠩᠭᠠᠳᠬᠠᠨ᠂ ᠠᠷᠠᠳ ᠣᠯᠠᠨ ᠤ ᠠᠮᠢ ᠨᠠᠰᠤ᠂ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠳᠤᠯᠠᠨ᠎ᠠ᠃      ︵ᠳᠣᠯᠤᠭ᠎ᠠ︶ ᠡᠯ᠎ᠡ ᠠᠶᠢᠮᠠᠭ ᠬᠤᠲᠠ ᠨᠢ 2015 ᠣᠨ ᠤ 10 ᠳ᠋ᠤᠭᠠᠷ ᠰᠠᠷ᠎ᠠ ᠶᠢᠨ 15 ᠤ ᠡᠳᠦᠷ ᠠᠴᠠ ᠡᠮᠦᠨ᠎ᠡ ᠲᠤᠰ ᠭᠠᠵᠠᠷ ᠣᠷᠣᠨ ᠤ ᠬᠠᠭᠤᠴᠢᠨ ᠪᠠᠷᠢᠯᠭ᠎ᠠ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠭᠰᠠᠨ ᠦᠷ᠎ᠡ ᠳ᠋ᠦᠩ ᠪᠠ ᠠᠵᠢᠯ ᠢᠶᠠᠨ ᠥᠷᠨᠢᠭᠦᠯᠦᠭᠰᠡᠨ ᠪᠠᠶᠢᠳᠠᠯ ᠢᠶᠠᠨ ᠮᠠᠨ ᠤ ᠲᠢᠩᠬᠢᠮ ᠤᠨ ᠣᠷᠣᠨ ᠰᠠᠭᠤᠴᠠ ᠪᠠ ᠭᠡᠷ ᠪᠠᠶᠢᠰᠢᠩ ᠭᠠᠵᠠᠷ ᠬᠥᠷᠥᠩᠭᠡ ᠶᠢᠨ ᠭᠠᠵᠠᠷ ᠲᠤ ᠪᠢᠴᠢᠭ ᠢᠶᠠᠷ ᠮᠡᠳᠡᠭᠦᠯᠬᠦ ᠬᠡᠷᠡᠭᠲᠡᠶ᠃      ᠬᠠᠷᠢᠯᠴᠠᠬᠤ ᠬᠥᠮᠦᠨ᠄ ᠬᠥ᠋ ᠹᠧᠩ ᠮᠢᠨ  ᠵᠣᠣ ᠸᠧᠨ ᠽᠦᠩ      ᠤᠲᠠᠰᠤ᠄ 04716610525      ᠰᠢᠦᠳᠠᠨ ᠬᠠᠶᠢᠷᠴᠠᠭ᠄ nmgjstfccc @ 163 . com      ᠳᠠᠭᠠᠯᠳᠤᠭᠤᠯᠤᠯ᠄ ᠬᠠᠭᠤᠴᠢᠨ ᠪᠠᠷᠢᠯᠭ᠎ᠠ ᠶᠢ ᠵᠢᠭᠰᠠᠭᠠᠨ ᠪᠠᠶᠢᠴᠠᠭᠠᠭᠰᠠᠨ ᠪᠠᠶᠢᠳᠠᠯ ᠤᠨ ᠬᠤᠷᠢᠶᠠᠩᠭᠤᠶᠢᠯᠠᠭᠰᠠᠨ ᠬᠦᠰᠦᠨᠦᠭᠲᠦ                                                                        2015 ᠣᠨ ᠤ 6 ᠳ᠋ᠤᠭᠠᠷ ᠰᠠᠷ᠎ᠠ ᠶᠢᠨ 19 ᠤ ᠡᠳᠦᠷ
ᠢᠷᠡᠯᠲᠡ᠄ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ ᠶᠢᠨ ᠲᠢᠩᠬᠢᠮ
Baidu
map