ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠥᠪᠡᠷᠲᠡᠭᠡᠨ | ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠳᠤᠮᠳᠠᠳᠤ ᠤᠯᠤᠰ ᠤᠨ ᠪᠠᠩᠬᠢ ᠶᠢᠨ ᠳᠠᠭᠠᠳᠬᠠᠯ ᠤᠨ | ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠯᠤᠭ᠎ᠠ ᠬᠠᠮᠲᠤᠷᠠᠨ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠴᠠᠯᠢᠩ ᠤᠨ ᠪᠠᠲᠤᠯᠠᠭ᠎ᠠ ᠶᠢᠨ ᠮᠥᠩᠭᠦ ᠶᠢᠨ ᠪᠠᠩᠬᠢ ᠶᠢᠨ ᠪᠠᠲᠤᠯᠠᠯᠲᠠ ᠶᠢᠨ | ᠪᠢᠴᠢᠭ ᠪᠠ ᠪᠠᠲᠤᠯᠠᠭ᠎ᠠ ᠶᠢᠨ ᠳᠠᠭᠠᠳᠬᠠᠯ ᠤᠨ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠲᠣᠭᠲᠠᠭᠠᠨ ᠳᠠᠷᠤᠮᠠᠯᠯᠠᠨ ᠲᠠᠷᠬᠠᠭᠠᠪᠠ᠃ | ︽ᠠᠷᠭ᠎ᠠ︾ ᠳᠤ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠪᠠᠩᠬᠢ ᠶᠢᠨ ᠪᠠᠲᠤᠯᠠᠯᠲᠠ ᠶᠢᠨ ᠪᠢᠴᠢᠭ ᠢ ᠭᠦᠢᠴᠡᠳᠭᠡᠬᠦ ᠪᠠ ᠳᠠᠭᠠᠳᠬᠠᠯ ᠤᠨ | ᠪᠠᠲᠤᠯᠠᠭ᠎ᠠ ᠶᠢᠨ ᠮᠥᠩᠭᠦ ᠶᠢ ᠣᠷᠣᠯᠠᠭᠤᠯᠬᠤ ᠶᠠᠪᠤᠴᠠ ᠶᠢ ᠪᠠᠲᠤᠯᠠᠬᠤ ᠪᠠ ᠡᠯ᠎ᠡ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠶᠢ ᠲᠣᠭᠲᠠᠭᠠᠵᠤ᠂ ᠲᠣᠰ | ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤ ᠳᠠᠭᠠᠭᠠᠴᠢᠯᠠᠨ ᠪᠠᠶᠢᠭᠤᠯᠤᠭᠰᠠᠨ ᠦᠨᠡᠨ ᠨᠡᠷ᠎ᠡ ᠶᠢᠨ | ᠲᠦᠷᠢᠮ ᠤᠨ ᠮᠡᠳᠡᠭᠡ ᠵᠠᠩᠭᠢ ᠶᠢᠨ ᠲᠠᠪᠴᠠᠩ ᠳᠤ ᠬᠡᠷᠡᠭᠵᠢᠭᠦᠯᠦᠨ ᠬᠠᠮᠢᠶᠠᠷᠬᠤ ᠪᠣᠶ ᠪᠥᠬᠦᠶ ᠢᠨᠵᠧᠨᠧᠷᠢᠩ ᠢ ᠨᠢᠭᠡ ᠬᠤᠪᠢ ᠳᠠᠭᠠᠭᠠᠯᠲᠠ ᠶᠢᠨ ᠵᠠᠬᠢᠳᠠᠯ ᠢᠶᠠᠷ | ᠪᠥᠷᠬᠦᠭᠦᠯᠬᠦ ᠶᠢ ᠲᠣᠳᠣᠷᠬᠠᠶᠢᠯᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠠᠵᠢᠯᠴᠢᠨ ᠤ ᠦᠨᠡᠨ ᠨᠡᠷ᠎ᠡ ᠶᠢᠨ ᠲᠦᠷᠢᠮ ᠤᠨ | ᠲᠠᠪᠴᠠᠩ ᠢᠶᠠᠷ ᠳᠠᠮᠵᠢᠭᠤᠯᠤᠨ ᠳᠠᠭᠠᠳᠬᠠᠯ ᠤᠨ ᠬᠠᠭᠤᠳᠠᠰᠤ ᠶᠢᠨ ᠲᠠᠪᠴᠠᠩ ᠤᠨ ᠦᠨᠡᠨ ᠪᠠᠶᠢᠳᠠᠯ ᠢ ᠰᠢᠯᠭᠠᠬᠤ ᠪᠠ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ | ᠪᠠᠲᠤᠯᠠᠨ᠎ᠠ᠃ | ᠠᠵᠤ ᠠᠬᠤᠶᠢᠯᠠᠯ ᠤᠨ ᠴᠠᠯᠢᠩ ᠤᠨ ᠪᠠᠲᠤᠯᠠᠭ᠎ᠠ ᠶᠢᠨ ᠮᠥᠩᠭᠦ ᠶᠢᠨ ᠪᠠᠩᠬᠢ ᠶᠢᠨ ᠪᠠᠳᠤᠯᠠᠭ᠎ᠠ ᠪᠠ ᠳᠠᠭᠠᠳᠬᠠᠯ ᠤᠨ ᠨᠡᠶᠢᠭᠡᠮ ᠤᠨ ᠢᠲᠡᠭᠡᠮᠵᠢ᠂ ᠪᠠᠷᠢᠯᠭ᠎ᠠ ᠶᠢᠨ | ᠳᠠᠭᠠᠭᠠᠯᠲᠠ᠂ ᠳᠠᠭᠠᠳᠬᠠᠯ ᠵᠡᠷᠭᠡ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠶᠡᠷᠦᠩᠬᠡᠶᠢᠯᠡᠨ ᠪᠠᠳᠠᠷᠠᠭᠤᠯᠬᠤ ᠶᠢ ᠪᠠᠲᠤᠯᠠᠵᠤ᠂ ︽ᠵᠢᠷᠭᠤᠭ᠎ᠠ ᠶᠢ | ᠲᠣᠭᠲᠠᠪᠤᠷᠢᠵᠢᠭᠤᠯᠬᠤ︾᠂ ︽ᠵᠢᠷᠭᠤᠭ᠎ᠠ ᠶᠢ ᠪᠠᠲᠤᠯᠠᠬᠤ︾ ᠠᠵᠢᠯ ᠤᠨ ᠡᠭᠦᠷᠭᠡ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠵᠤ ᠠᠬᠤᠶᠢᠯᠠᠯ ᠤᠨ ᠠᠵᠢᠯ | ᠦᠢᠯᠡᠳᠪᠦᠷᠢᠯᠡᠯ ᠢᠶᠠᠨ ᠰᠡᠷᠭᠦᠭᠡᠬᠦ ᠳᠤ ᠬᠦᠴᠦᠨ ᠨᠡᠮᠡᠷᠢᠯᠡᠵᠦ᠂ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠪᠠᠯᠠ ᠮᠥᠩᠭᠦ ᠶᠢᠨ ᠥᠪᠡᠷ ᠤᠨ ᠥᠷᠲᠡᠭ ᠢ | ᠪᠦᠲᠦᠮᠵᠢᠲᠡᠶ ᠪᠠᠭᠤᠷᠠᠭᠤᠯᠤᠨ᠂ ᠪᠠᠷᠢᠯᠭ᠎ᠠ ᠶᠢᠨ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠪᠠ᠃ |