ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠠᠴᠠ ︽ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠳᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠲᠣᠭᠲᠠᠭᠠᠯ︾ ᠢ ᠨᠡᠶᠢᠲᠡᠯᠡᠪᠡ
ᠨᠡᠶᠢᠲᠡᠯᠡᠭᠰᠡᠨ ᠴᠠᠭ᠄
2020/12/20
     ᠲᠦᠷᠦᠭᠦᠬᠡᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠠᠴᠠ ︽ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠳᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠲᠣᠭᠲᠠᠭᠠᠯ︾ ᠢ ᠨᠡᠶᠢᠲᠡᠯᠡᠪᠡ᠃ ᠲᠣᠭᠲᠠᠭᠠᠯ ᠢ ᠤᠨᠴᠠᠭᠠᠢ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠳᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ᠂ ᠭᠠᠯ ᠤᠨᠳᠠᠷᠠᠭᠠᠬᠤ ᠶᠢ ᠰᠢᠯᠭᠠᠨ ᠠᠪᠬᠤ ᠵᠢᠴᠢ ᠪᠤᠰᠤᠳ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠳᠠᠷᠠᠭᠠᠬᠤ ᠶᠢ ᠰᠢᠯᠭᠠᠨ ᠠᠪᠬᠤ ᠶᠢ ᠳᠠᠩᠰᠠᠯᠠᠬᠤ᠂ ᠰᠤᠭᠤᠴᠢᠨ ᠪᠠᠶᠢᠴᠠᠭᠠᠬᠤ ᠳᠤ ᠬᠡᠷᠡᠭᠯᠡᠨ᠎ᠡ᠂ 2020 ᠣᠨ ᠤ 6 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃      ︽ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠳᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠲᠣᠭᠲᠠᠭᠠᠯ︾ ᠤᠨ ᠪᠥᠬᠦ ᠠᠭᠤᠯᠭ᠎ᠠ ᠨᠢ ᠳᠣᠤᠷᠠᠬᠢ ᠮᠡᠲᠦ᠄                    ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠳᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠲᠣᠭᠲᠠᠭᠠᠯ            ᠨᠢᠭᠡᠳᠦᠭᠡᠷ ᠪᠦᠯᠦᠭ   ᠶᠡᠷᠦᠩᠬᠡᠢ ᠳᠦᠷᠢᠮ      ᠨᠢᠭᠡᠳᠦᠭᠡᠷ ᠵᠦᠢᠯ  ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠳᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠬᠠᠮᠢᠶᠠᠷᠤᠯᠲᠠ ᠶᠢ ᠴᠢᠩᠭᠠᠳᠬᠠᠨ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠰᠡᠷᠭᠡᠶᠢᠯᠡᠬᠦ ᠵᠢᠷᠤᠭ ᠲᠥᠯᠥᠪᠯᠡᠭᠡ᠂ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠷᠢᠯᠭ᠎ᠠ ᠶᠢᠨ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠤᠨᠲᠠᠷᠠᠭᠠᠬᠤ ᠬᠠᠤᠯᠢ︾ ︽ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠳᠦᠷᠢᠮ︾ ᠵᠡᠷᠭᠡ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ ᠦᠨᠳᠦᠰᠦᠯᠡᠨ᠂ ᠲᠤᠰ ᠲᠣᠭᠲᠠᠭᠠᠯ ᠢ ᠲᠣᠭᠲᠠᠭᠠᠪᠠ᠃      ᠬᠤᠶᠠᠳᠤᠭᠠᠷ ᠵᠦᠢᠯ  ᠤᠨᠴᠠᠭᠠᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ᠂ ᠭᠠᠯ ᠤᠨᠲᠠᠷᠠᠭᠠᠬᠤ ᠶᠢ ᠰᠢᠯᠭᠠᠨ ᠠᠪᠬᠤ ᠵᠢᠴᠢ ᠪᠤᠰᠤᠳ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠶᠢ ᠰᠢᠯᠭᠠᠨ ᠠᠪᠬᠤ ᠶᠢ ᠳᠠᠩᠰᠠᠯᠠᠬᠤ ︵ᠳᠣᠷᠣᠭᠰᠢ ᠳᠠᠩᠰᠠᠯᠠᠭᠤᠯᠬᠤ ᠭᠡᠵᠦ ᠲᠣᠪᠴᠢᠯᠠᠨ᠎ᠠ︶ ᠳᠤ᠂ ᠰᠤᠭᠤᠴᠢᠨ ᠪᠠᠶᠢᠴᠠᠭᠠᠬᠤ ᠳᠤ ᠲᠤᠰ ᠲᠣᠭᠲᠠᠭᠠᠯ ᠲᠣᠬᠢᠷᠠᠨ᠎ᠠ᠃      ᠲᠤᠰ ᠲᠣᠭᠲᠠᠭᠠᠯ ᠳᠤ ᠬᠡᠯᠡᠵᠦ ᠪᠠᠶᠢᠭ᠎ᠠ ᠣᠨᠴᠠᠭᠠᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠭᠡᠳᠡᠭ ᠨᠢ ᠲᠤᠰ ᠲᠣᠭᠲᠠᠭᠠᠯ ᠤᠨ ᠠᠷᠪᠠᠨ ᠳᠥᠷᠪᠡᠳᠦᠭᠡᠷ ᠵᠦᠢᠯ ᠳᠤ ᠵᠢᠭᠰᠠᠭᠠᠭᠰᠠᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢ ᠵᠢᠭᠠᠵᠤ ᠪᠠᠶᠢᠨ᠎ᠠ᠃       ᠲᠤᠰ ᠲᠣᠭᠲᠠᠭᠠᠯ ᠳᠤ ᠬᠡᠯᠡᠵᠦ ᠪᠠᠶᠢᠭ᠎ᠠ ᠪᠤᠰᠤᠳ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠭᠡᠳᠡᠭ ᠨᠢ ᠤᠨᠴᠠᠭᠠᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠠᠴᠠ ᠭᠠᠳᠠᠨᠠᠬᠢ ᠤᠯᠤᠰ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠯ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠶᠣᠰᠣᠭᠠᠷ ᠭᠠᠯ ᠤᠨᠲᠠᠷᠠᠭᠠᠬᠤ ᠵᠢᠷᠤᠭ ᠲᠥᠯᠥᠪᠯᠡᠭᠡ ᠬᠢᠬᠦ ᠴᠢᠬᠤᠯᠠ ᠲᠠᠢ ᠪᠤᠰᠤᠳ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢ ᠵᠢᠭᠠᠵᠤ ᠪᠤᠶ᠃      ᠭᠤᠷᠪᠠᠳᠤᠭᠠᠷ ᠵᠦᠢᠯ  ᠲᠥᠷᠥ ᠶᠢᠨ ᠶᠠᠪᠤᠳᠠᠯ ᠤᠨ ᠬᠤᠷᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠦᠬᠦ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠠᠵᠢᠯ ᠢ ᠬᠠᠷᠢᠭᠤᠴᠠᠨ ᠬᠢᠨᠠᠯᠳᠠ ᠲᠠᠯᠪᠢᠨ ᠵᠢᠯᠤᠭᠤᠳᠤᠨ᠎ᠠ᠃      ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ︵ᠳᠣᠷᠣᠭᠰᠢ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠭᠡᠵᠦ ᠲᠣᠪᠴᠢᠯᠠᠨ᠎ᠠ︶ ᠨᠢ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠲᠤᠰ ᠵᠠᠰᠠᠭ ᠵᠠᠬᠢᠷᠭᠠᠨ ᠤ ᠣᠷᠣᠨ ᠤ ᠬᠡᠪᠴᠢᠶᠡᠨ ᠳᠣᠲᠣᠷᠠᠬᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ᠂ ᠭᠠᠯ ᠤᠨᠲᠠᠷᠠᠭᠠᠬᠤ ᠶᠢ ᠰᠢᠯᠭᠠᠨ ᠠᠪᠬᠤ᠂ ᠳᠠᠩᠰᠠᠯᠠᠭᠤᠯᠬᠤ ᠪᠠ ᠰᠤᠭᠤᠴᠢᠨ ᠪᠠᠶᠢᠴᠠᠭᠠᠬᠤ ᠠᠵᠢᠯ ᠢ ᠡᠭᠦᠷᠭᠡᠯᠡᠨ᠎ᠡ᠃      ᠵᠠᠰᠠᠭ ᠵᠠᠬᠢᠷᠭᠠᠨ ᠤ ᠣᠷᠣᠨ ᠠᠯᠤᠰᠯᠠᠭᠰᠠᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ᠂ ᠭᠠᠯ ᠤᠨᠲᠠᠷᠠᠭᠠᠬᠤ ᠶᠢ ᠰᠢᠯᠭᠠᠨ ᠠᠪᠬᠤ᠂ ᠳᠠᠩᠰᠠᠯᠠᠬᠤ ᠪᠠ ᠰᠤᠭᠤᠴᠢᠨ ᠪᠠᠶᠢᠴᠠᠭᠠᠬᠤ ᠠᠵᠢᠯ ᠢ ᠲᠤᠰ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠪᠠᠶᠢᠭ᠎ᠠ ᠭᠠᠵᠠᠷ ᠤᠨ ᠵᠠᠰᠠᠭ ᠵᠠᠬᠢᠷᠭᠠᠨ ᠤ ᠣᠷᠣᠨ ᠤ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠳᠤᠪᠡᠷ ᠳᠡᠭᠡᠷ᠎ᠡ ᠨᠢᠭᠡ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠢᠭᠠᠨ ᠲᠣᠭᠲᠠᠭᠠᠵᠤ ᠬᠠᠷᠢᠭᠤᠴᠠᠭᠤᠯᠤᠨ᠎ᠠ᠃      ᠳᠥᠷᠪᠡᠳᠦᠭᠡᠷ ᠵᠦᠢᠯ  ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠢᠨᠲ᠋ᠧᠷ ᠰᠦᠯᠵᠢᠶᠡᠨ ᠤ ᠮᠡᠷᠭᠡᠵᠢᠯ ᠵᠡᠷᠭᠡ ᠮᠡᠳᠡᠭᠡ ᠵᠠᠩᠬᠢᠵᠢᠯᠲᠠ ᠶᠢᠨ ᠠᠷᠭ᠎ᠠ ᠪᠠᠷᠢᠯ ᠢ ᠬᠡᠷᠡᠭᠯᠡᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ᠂ ᠭᠠᠯ ᠤᠨᠲᠠᠷᠠᠭᠠᠬᠤ ᠶᠢ ᠰᠢᠯᠭᠠᠨ ᠠᠪᠬᠤ᠂ ᠳᠠᠩᠰᠠᠯᠠᠬᠤ ᠪᠠ ᠰᠤᠭᠤᠴᠢᠨ ᠪᠠᠶᠢᠴᠠᠭᠠᠬᠤ ᠠᠵᠢᠯ ᠢ ᠥᠷᠨᠢᠭᠦᠯᠵᠦ᠂ ᠬᠤᠯᠪᠣᠭᠳᠠᠯ ᠪᠦᠬᠦᠢ ᠨᠢᠭᠡᠴᠡ ᠪᠣᠯᠤᠨ ᠠᠵᠢᠯᠯᠠᠭᠰᠠᠳ ᠤᠨ ᠢᠲᠡᠭᠡᠮᠵᠢ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠲᠠᠰᠤᠷᠠᠯᠲᠠ ᠤᠢᠭᠡᠢ ᠲᠡᠭᠡᠭᠰᠢᠯᠡᠭᠦᠯᠦᠨ᠎ᠡ᠃      ᠲᠠᠪᠤᠳᠤᠭᠠᠷ ᠵᠦᠢᠯ  ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ᠂ ᠭᠠᠯ ᠤᠨᠲᠠᠷᠠᠭᠠᠬᠤ ᠶᠢ ᠰᠢᠯᠭᠠᠨ ᠠᠪᠬᠤ᠂ ᠳᠠᠩᠰᠠᠯᠠᠭᠤᠯᠬᠤ ᠪᠠ ᠰᠤᠭᠤᠴᠢᠨ ᠪᠠᠶᠢᠴᠠᠭᠠᠬᠤ ᠠᠵᠢᠯ ᠢ ᠬᠡᠷᠡᠭᠵᠢᠭᠦᠯᠬᠦ ᠳᠤ ᠬᠡᠷᠡᠭᠰᠡᠬᠦ ᠵᠠᠷᠤᠳᠠᠯ ᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃      ᠵᠢᠷᠭᠤᠳᠤᠭᠠᠷ ᠵᠦᠢᠯ  ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠭᠠᠯ ᠤᠨᠲᠠᠷᠠᠭᠠᠬᠤ ᠶᠢ ᠰᠢᠯᠭᠠᠨ ᠠᠪᠤᠭᠰᠠᠨ᠂ ᠳᠠᠩᠰᠠᠯᠠᠭᠤᠯᠤᠭᠰᠠᠨ ᠪᠠ ᠰᠤᠭᠤᠴᠢᠨ ᠪᠠᠶᠢᠴᠠᠭᠠᠭᠰᠠᠨ ᠪᠠᠶᠢᠳᠠᠯ ᠢᠶᠠᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠪᠠᠶᠢᠭᠤᠯᠤᠮᠵᠢ ᠳᠤ ᠴᠠᠭ ᠲᠤᠬᠠᠶ ᠳᠤᠨᠢ ᠮᠡᠳᠡᠭᠳᠡᠬᠦ ᠶᠢᠨ ᠬᠠᠮᠲᠤ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠪᠠᠶᠢᠭᠤᠯᠤᠮᠵᠢ ᠯᠤᠭ᠎ᠠ ᠪᠠᠷᠢᠯᠭ᠎ᠠ ᠶᠢᠨ ᠬᠠᠪᠲᠠᠭᠠᠶ ᠵᠢᠷᠤᠭ ᠂ ᠭᠠᠯ ᠤᠨᠲᠠᠷᠠᠭᠠᠬᠤ ᠲᠦᠭᠦᠭᠡᠷᠦᠮᠵᠢ ᠶᠢᠨ ᠪᠠᠶᠢᠷᠢᠯᠠᠭᠤᠯᠤᠯᠲᠠ ᠶᠢᠨ ᠬᠠᠪᠲᠠᠭᠠᠶ ᠵᠢᠷᠤᠭ᠂ ᠭᠠᠯ ᠤᠨᠲᠠᠷᠠᠭᠠᠬᠤ ᠲᠦᠭᠦᠭᠡᠷᠦᠮᠵᠢ ᠶᠢᠨ ᠰᠢᠰᠲ᠋ᠧᠮ ᠤᠨ ᠵᠢᠷᠤᠭ ᠵᠡᠷᠭᠡ ᠮᠠᠲ᠋ᠧᠷᠢᠶᠠᠯ ᠢ ᠬᠠᠮᠲᠤ ᠳᠠᠭᠠᠨ ᠡᠳ᠋ᠯᠡᠨ᠎ᠡ᠃      ᠳᠣᠯᠣᠳᠤᠭᠠᠷ ᠵᠦᠢᠯ  ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠠᠵᠢᠯ ᠢ ᠬᠢᠵᠦ ᠪᠠᠶᠢᠭ᠎ᠠ ᠠᠵᠢᠯᠲᠠᠨ ᠵᠢᠴᠢ ᠪᠦᠲᠦᠭᠡᠨ ᠪᠠᠶᠢᠭᠤᠯᠤᠯᠲᠠ᠂ ᠵᠢᠷᠤᠭ ᠲᠥᠯᠥᠪᠯᠡᠭᠡ᠂ ᠪᠠᠷᠢᠯᠭ᠎ᠠ ᠪᠠᠷᠢᠬᠤ᠂ ᠪᠠᠷᠢᠯᠭ᠎ᠠ ᠶᠢᠨ ᠬᠢᠨᠠᠯᠲᠠ ᠬᠠᠮᠢᠶᠠᠷᠤᠯᠲᠠ᠂ ᠮᠡᠷᠭᠡᠵᠢᠯ ᠤᠨ ᠦᠢᠯᠡᠴᠢᠯᠡᠭᠡᠨ ᠵᠡᠷᠭᠡ ᠨᠢᠭᠡᠴᠡ ᠳᠤ ᠠᠵᠢᠯᠯᠠᠭᠰᠠᠳ  ᠬᠠᠷᠠᠭᠠᠯᠵᠠᠭᠰᠠᠨ ᠲᠤᠰᠬᠠᠶ ᠮᠡᠷᠭᠡᠵᠢᠯ ᠤᠨ ᠴᠢᠳᠠᠪᠤᠷᠢ ᠶᠢ ᠪᠦᠷᠢᠯᠳᠦᠭᠦᠯᠵᠦ᠂ ᠡᠷᠬᠢᠯᠡᠭᠰᠡᠨ ᠠᠵᠢᠯ ᠤᠨ ᠪᠣᠯᠪᠠᠰᠤᠷᠠᠭᠤᠯᠤᠯ ᠳᠤ ᠲᠣᠭᠲᠠᠮᠠᠯ ᠬᠤᠭᠤᠴᠠᠭ᠎ᠠ ᠲᠠᠢ ᠪᠠᠷ ᠤᠷᠤᠯᠴᠠᠨ᠎ᠠ᠃      ᠬᠤᠶᠠᠳᠤᠭᠠᠷ ᠪᠦᠯᠦᠭ   ᠬᠤᠯᠪᠣᠭᠳᠠᠯ ᠪᠦᠬᠦᠢ ᠨᠢᠭᠡᠴᠡ ᠶᠢᠨ ᠭᠠᠯ ᠰᠡᠷᠭᠡᠶᠢᠯᠡᠨ ᠤᠨᠲᠠᠷᠠᠭᠠᠬᠤ ᠵᠢᠷᠤᠭ ᠲᠥᠯᠥᠪᠯᠡᠭᠡ᠂ ᠪᠠᠷᠢᠯᠭ᠎ᠠ ᠶᠢᠨ ᠠᠵᠢᠯ ᠤᠨ ᠶᠠᠰᠤ ᠴᠢᠨᠠᠷ ᠤᠨ ᠬᠠᠷᠢᠭᠤᠴᠠᠯᠭ᠎ᠠ ᠪᠠ ᠡᠭᠦᠷᠭᠡ      ᠨᠠᠢᠮᠠᠳᠤᠭᠠᠷ ᠵᠦᠢᠯ  ᠪᠦᠲᠦᠭᠡᠨ ᠪᠠᠶᠢᠭᠤᠯᠤᠯᠲᠠ ᠶᠢᠨ ᠨᠢᠭᠡᠴᠡ ᠨᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ᠂ ᠪᠠᠷᠢᠯᠭ᠎ᠠ ᠶᠢᠨ ᠶᠠᠰᠤ ᠴᠢᠨᠠᠷ ᠲᠤ ᠬᠠᠤᠯᠢ ᠶᠣᠰᠣᠭᠠᠷ ᠲᠡᠷᠢᠭᠦᠨ ᠴᠢᠬᠤᠯᠠ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠶ᠃ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ ᠂ ᠪᠠᠷᠢᠯᠭ᠎ᠠ ᠬᠢᠨᠠᠬᠤ᠂ ᠮᠡᠷᠭᠡᠵᠢᠯ ᠤᠨ ᠦᠢᠯᠡᠴᠢᠯᠡᠭᠡ ᠵᠡᠷᠭᠡ ᠨᠢᠭᠡᠴᠡ ᠨᠦᠭᠦᠳ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ᠂ ᠪᠠᠷᠢᠯᠭ᠎ᠠ ᠪᠠᠷᠢᠬᠤ ᠶᠠᠰᠤ ᠴᠢᠨᠠᠷ ᠲᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠡᠭᠦᠷᠭᠡᠯᠡᠬᠦ ᠬᠡᠷᠡᠭᠲᠡᠶ᠃ ᠪᠦᠲᠦᠭᠡᠨ ᠪᠠᠶᠢᠭᠤᠯᠤᠯᠲᠠ᠂ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠪᠠᠷᠢᠯᠭ᠎ᠠ ᠶᠢ ᠬᠢᠨᠠᠨ ᠬᠠᠮᠢᠶᠠᠷᠬᠤ᠂ ᠮᠡᠷᠭᠡᠵᠢᠯ ᠤᠨ ᠦᠢᠯᠡᠴᠢᠯᠡᠭᠡᠨ ᠵᠡᠷᠭᠡ ᠨᠢᠭᠡᠴᠡ ᠶᠢᠨ ᠠᠵᠢᠯᠯᠠᠭᠰᠠᠳ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ᠂ ᠪᠠᠷᠢᠯᠭ᠎ᠠ ᠶᠢᠨ ᠶᠠᠰᠤ ᠴᠢᠨᠠᠷ ᠲᠤ ᠬᠠᠷᠠᠭᠠᠯᠵᠠᠭᠰᠠᠨ ᠬᠤᠪᠢ ᠬᠥᠮᠦᠨ ᠤ ᠬᠠᠷᠢᠭᠤᠴᠠᠯᠭ᠎ᠠ ᠶᠢ ᠬᠠᠤᠯᠢ ᠶᠣᠰᠣᠭᠠᠷ ᠡᠭᠦᠷᠭᠡᠯᠡᠬᠦ ᠬᠡᠷᠡᠭᠲᠡᠶ᠃       ᠶᠢᠰᠦᠳᠦᠭᠡᠷ ᠵᠦᠢᠯ  ᠪᠦᠲᠦᠭᠡᠨ ᠪᠠᠶᠢᠭᠤᠯᠤᠯᠲᠠ ᠶᠢᠨ ᠨᠢᠭᠡᠴᠡ ᠨᠢ ᠳᠣᠣᠷᠠᠬᠢ ᠮᠡᠲᠦ ᠭᠠᠯ ᠤᠨᠲᠠᠷᠠᠭᠠᠬᠤ ᠵᠢᠷᠤᠭ ᠲᠥᠯᠥᠪᠯᠡᠭᠡ᠂ ᠪᠠᠷᠢᠯᠭ᠎ᠠ ᠶᠢᠨ ᠶᠠᠰᠤ ᠴᠢᠨᠠᠷ ᠤᠨ ᠬᠠᠷᠢᠭᠤᠴᠠᠯᠭ᠎ᠠ ᠪᠣᠯᠤᠨ ᠡᠭᠦᠷᠭᠡ ᠶᠢ ᠭᠦᠢᠴᠡᠳᠬᠡᠬᠦ ᠬᠡᠷᠡᠭᠲᠡᠶ᠄      ︵ᠨᠢᠭᠡ︶ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠪᠠᠷᠢᠯᠭ᠎ᠠ ᠶᠢ ᠬᠢᠨᠠᠨ ᠬᠠᠮᠢᠶᠠᠷᠬᠤ᠂ ᠮᠡᠷᠭᠡᠵᠢᠯ ᠤᠨ ᠦᠢᠯᠡᠴᠢᠯᠡᠭᠡᠨ ᠬᠢᠬᠦ ᠵᠡᠷᠭᠡ ᠨᠢᠭᠡᠴᠡ ᠬᠢᠭᠡᠳ ᠲᠡᠭᠦᠨ ᠤ ᠠᠵᠢᠯᠯᠠᠭᠰᠠᠳ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠤᠯᠤᠰ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠯ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠶᠢ ᠵᠥᠷᠢᠴᠡᠵᠦ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ᠂ ᠪᠠᠷᠢᠯᠭ᠎ᠠ ᠶᠢᠨ ᠶᠠᠰᠤ ᠴᠢᠨᠠᠷ ᠢ ᠪᠠᠭᠤᠷᠠᠭᠤᠯᠵᠤ ᠪᠣᠯᠬᠤ ᠦᠭᠡᠶ︔        ︵ᠬᠤᠶᠠᠷ︶ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ᠂ ᠭᠠᠯ ᠤᠨᠲᠠᠷᠠᠭᠠᠬᠤ ᠶᠢ ᠰᠢᠯᠭᠠᠨ ᠠᠪᠬᠤ ᠶᠢ ᠬᠠᠤᠯᠢ ᠶᠣᠰᠣᠭᠠᠷ ᠭᠤᠶᠤᠴᠢᠯᠠᠵᠤ᠂ ᠳᠠᠩᠰᠠᠯᠠᠭᠤᠯᠬᠤ ᠶᠢᠨ ᠬᠠᠮᠲᠤ  ᠰᠤᠭᠤᠴᠢᠨ ᠪᠠᠶᠢᠴᠠᠭᠠᠬᠤ ᠶᠢ ᠬᠦᠯᠢᠶᠡᠬᠦ ᠬᠡᠷᠡᠭᠲᠡᠶ︔      ︵ᠭᠤᠷᠪᠠ︶ ᠪᠠᠷᠢᠯᠭ᠎ᠠ ᠶᠢᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠳᠤ ᠭᠠᠯ ᠤᠨᠲᠠᠷᠠᠭᠠᠬᠤ ᠪᠠᠷᠢᠯᠭ᠎ᠠ ᠶᠢᠨ ᠶᠠᠰᠤ ᠴᠢᠨᠠᠷ ᠢ ᠬᠠᠤᠯᠢ ᠶᠣᠰᠣᠭᠠᠷ ᠨᠠᠶᠢᠳᠠᠵᠤ ᠬᠢᠨᠠᠨ ᠬᠠᠮᠢᠶᠠᠷᠤᠭᠤᠯᠬᠤ ᠬᠡᠷᠡᠭᠲᠡᠶ︔      ︵ᠳᠥᠷᠪᠡ︶ ᠵᠣᠬᠢᠴᠠᠩᠭᠤᠶ ᠬᠢᠷᠢ ᠬᠡᠮ ᠲᠠᠢ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠪᠠᠷᠢᠯᠭ᠎ᠠ ᠶᠢ ᠬᠢᠨᠠᠨ ᠬᠠᠮᠢᠶᠠᠷᠬᠤ ᠨᠢᠭᠡᠴᠡ ᠳᠤ ᠨᠠᠶᠢᠳᠠᠬᠤ︔       ︵ᠲᠠᠪᠤ︶ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢᠨ ᠱᠠᠭᠠᠷᠳᠠᠯᠭ᠎ᠠ ᠪᠣᠯᠤᠨ ᠭᠡᠷ᠎ᠡ ᠶᠢᠨ ᠪᠣᠯᠵᠤᠭ᠎ᠠ ᠶᠣᠰᠣᠭᠠᠷ᠂ ᠬᠢᠷᠢ ᠲᠡᠩᠴᠡᠭᠰᠡᠨ ᠭᠠᠯ ᠤᠨᠲᠠᠷᠠᠭᠠᠬᠤ ᠦᠢᠯᠡᠳᠬᠦᠨ ᠪᠣᠯᠤᠨ ᠭᠠᠯ ᠰᠡᠷᠭᠡᠶᠢᠯᠡᠬᠦ ᠴᠢᠳᠠᠪᠬᠢ ᠶᠢᠨ ᠱᠠᠭᠠᠷᠳᠠᠯᠭ᠎ᠠ ᠶᠢ ᠬᠠᠩᠭᠠᠭᠰᠠᠨ ᠪᠠᠷᠢᠯᠭ᠎ᠠ ᠶᠢᠨ ᠮᠠᠲ᠋ᠧᠷᠢᠶᠠᠯ᠂ ᠪᠠᠷᠢᠯᠭ᠎ᠠ ᠶᠢᠨ ᠲᠣᠨᠣᠭᠯᠠᠭᠠᠰᠤ ᠰᠡᠯᠪᠢᠭᠡᠰᠦ ᠪᠣᠯᠤᠨ ᠲᠥᠬᠦᠭᠡᠷᠦᠮᠵᠢ ᠶᠢ ᠰᠣᠩᠭᠤᠨ  ᠬᠡᠷᠡᠭᠯᠡᠨ᠎ᠡ︔      ︵ᠵᠢᠷᠭᠤᠭ᠎ᠠ︶ ᠬᠤᠯᠪᠣᠭᠳᠠᠯ ᠪᠦᠬᠦᠢ ᠪᠠᠶᠢᠭᠤᠯᠭ᠎ᠠ ᠨᠢᠭᠡᠴᠡ ᠶᠢ ᠵᠣᠬᠢᠶᠠᠨ ᠪᠠᠶᠢᠭᠤᠯᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠠᠪᠬᠤ ᠳᠠᠭᠠᠨ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠱᠠᠭᠠᠷᠳᠠᠯᠭ᠎ᠠ ᠳᠤ ᠨᠡᠶᠢᠴᠡᠬᠦ ᠡᠰᠡᠬᠦ ᠶᠢ ᠪᠠᠶᠢᠴᠠᠭᠠᠨ ᠰᠢᠯᠭᠠᠨ᠎ᠠ︔      ︵ᠳᠣᠯᠤᠭ᠎ᠠ︶ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠬᠤᠯᠪᠣᠭᠳᠠᠯ ᠪᠦᠬᠦᠢ ᠳᠠᠩᠰᠠ ᠡᠪᠬᠡᠮᠡᠯ ᠢ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠬᠠᠤᠯᠢ ᠶᠣᠰᠣᠭᠠᠷ ᠴᠠᠭ ᠲᠤᠬᠠᠶ ᠳᠤᠨᠢ ᠰᠢᠯᠵᠢᠭᠦᠯᠦᠨ ᠲᠤᠰᠢᠶᠠᠬᠤ ᠬᠡᠷᠡᠭᠲᠡᠶ᠃      ᠠᠷᠪᠠᠳᠤᠭᠠᠷ ᠵᠦᠢᠯ  ᠵᠢᠷᠤᠵᠤ ᠲᠦᠯᠦᠪᠯᠡᠬᠦ ᠨᠢᠭᠡᠴᠡ ᠳᠣᠣᠷ᠎ᠠ ᠵᠢᠭᠰᠠᠭᠠᠭᠰᠠᠨ ᠭᠠᠯ ᠰᠡᠷᠭᠡᠶᠢᠯᠡᠨ ᠤᠨᠲᠠᠷᠠᠭᠠᠬᠤ ᠵᠢᠷᠤᠭ ᠲᠥᠯᠥᠪᠯᠡᠭᠡ᠂ ᠪᠠᠷᠢᠯᠭ᠎ᠠ ᠶᠢᠨ ᠠᠵᠢᠯ ᠤᠨ ᠶᠠᠰᠤ ᠴᠢᠨᠠᠷ ᠤᠨ ᠬᠠᠷᠢᠭᠤᠴᠠᠯᠭ᠎ᠠ ᠪᠠ ᠡᠭᠦᠷᠭᠡ ᠶᠢ ᠭᠦᠢᠴᠡᠳᠬᠡᠬᠦ ᠬᠡᠷᠡᠭᠲᠡᠢ᠄      ︵ᠨᠢᠭᠡ︶ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠯ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠶᠣᠰᠣᠭᠠᠷ ᠵᠢᠷᠤᠭᠯᠠᠨ ᠲᠥᠯᠥᠪᠯᠡᠵᠦ᠂ ᠱᠠᠭᠠᠷᠳᠠᠯᠭ᠎ᠠ ᠳᠤ ᠨᠡᠶᠢᠴᠡᠭᠰᠡᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ ᠳᠠᠭᠠᠨ᠂ ᠤᠯᠤᠰ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠯ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠶᠢᠨ ᠠᠯᠪᠠᠳᠠᠯᠭ᠎ᠠ ᠶᠢᠨ ᠴᠢᠨᠠᠷᠲᠠᠶ ᠵᠦᠢᠯ ᠵᠤᠷᠪᠤᠰ ᠢ ᠵᠥᠷᠢᠴᠡᠵᠦ ᠪᠣᠯᠬᠤ ᠦᠭᠡᠶ︔        ︵ᠬᠤᠶᠠᠷ︶ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠳᠤ ᠰᠣᠩᠭᠤᠨ ᠬᠡᠷᠡᠭᠯᠡᠭᠰᠡᠨ ᠭᠠᠯ ᠤᠨᠲᠠᠷᠠᠭᠠᠬᠤ ᠦᠢᠯᠡᠳᠬᠦᠨ ᠪᠣᠯᠤᠨ ᠭᠠᠯ ᠰᠡᠷᠭᠡᠶᠢᠯᠡᠬᠦ ᠴᠢᠳᠠᠪᠬᠢ ᠶᠢᠨ ᠱᠠᠭᠠᠷᠳᠠᠯᠭ᠎ᠠ ᠲᠠᠢ ᠪᠠᠷᠢᠯᠭ᠎ᠠ ᠶᠢᠨ ᠮᠠᠲ᠋ᠧᠷᠢᠶᠠᠯ᠂ ᠪᠠᠷᠢᠯᠭ᠎ᠠ ᠶᠢᠨ ᠲᠣᠨᠣᠭᠯᠠᠭᠠᠰᠤ ᠰᠡᠯᠪᠢᠭᠡᠰᠦ ᠪᠣᠯᠤᠨ ᠲᠥᠬᠦᠭᠡᠷᠦᠮᠵᠢ ᠳᠤ ᠬᠡᠪ ᠪᠠᠷᠢᠮᠵᠢᠶ᠎ᠠ᠂ ᠴᠢᠳᠠᠪᠬᠢ ᠵᠡᠷᠭᠡ ᠮᠡᠷᠭᠡᠵᠢᠯ ᠤᠨ ᠭᠦᠢᠴᠡᠳᠬᠡᠬᠦ ᠲᠤᠭ᠎ᠠ ᠶᠢ ᠲᠣᠳᠣᠷᠬᠠᠶᠢᠯᠠᠵᠤ᠂ ᠤᠯᠤᠰ ᠤᠨ ᠲᠣᠭᠲᠠᠭᠠᠭᠰᠠᠨ ᠪᠠᠷᠢᠮᠵᠢᠶ᠎ᠠ ᠳᠤ ᠨᠡᠶᠢᠴᠡᠭᠦᠯᠬᠦ ᠬᠡᠷᠡᠭᠲᠡᠶ︔      ︵ᠭᠤᠷᠪᠠ︶ ᠪᠠᠷᠢᠯᠭ᠎ᠠ ᠪᠠᠷᠢᠭᠤᠯᠤᠭᠰᠠᠨ ᠨᠢᠭᠡᠴᠡ ᠶᠢᠨ ᠵᠣᠬᠢᠶᠠᠨ ᠪᠠᠶᠢᠭᠤᠯᠤᠭᠰᠠᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠠᠪᠬᠤ ᠳᠤ ᠣᠷᠣᠯᠴᠠᠵᠤ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠲᠠᠮᠠᠭ᠎ᠠ ᠳᠠᠷᠤᠵᠤ ᠨᠤᠲᠠᠯᠠᠬᠤ ᠶᠢᠨ ᠬᠠᠮᠲᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢᠨ ᠶᠠᠰᠤ ᠴᠢᠨᠠᠷ ᠲᠤ ᠬᠠᠷᠢᠭᠤᠴᠠᠬᠤ ᠬᠡᠷᠡᠭᠲᠡᠶ᠃      ᠠᠷᠪᠠᠨ ᠨᠢᠭᠡᠳᠦᠭᠡᠷ ᠵᠦᠢᠯ  ᠪᠠᠷᠢᠯᠭ᠎ᠠ ᠪᠠᠷᠢᠬᠤ ᠨᠢᠭᠡᠴᠡ ᠨᠢ ᠳᠣᠣᠷ᠎ᠠ ᠵᠢᠭᠰᠠᠭᠠᠭᠰᠠᠨ ᠭᠠᠯ ᠰᠡᠷᠭᠡᠶᠢᠯᠡᠨ ᠤᠨᠲᠠᠷᠠᠭᠠᠬᠤ ᠵᠢᠷᠤᠭ ᠲᠥᠯᠥᠪᠯᠡᠭᠡ᠂ ᠪᠠᠷᠢᠯᠭ᠎ᠠ ᠪᠠᠷᠢᠬᠤ ᠶᠠᠰᠤ ᠴᠢᠨᠠᠷ ᠤᠨ ᠬᠠᠷᠢᠭᠤᠴᠠᠯᠭ᠎ᠠ ᠪᠠ ᠡᠭᠦᠷᠭᠡ ᠶᠢ ᠭᠦᠢᠴᠡᠳᠬᠡᠬᠦ ᠬᠡᠷᠡᠭᠲᠡᠢ᠄      ︵ᠨᠢᠭᠡ︶ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ᠂ ᠤᠯᠤᠰ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠯ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠵᠢᠴᠢ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢᠨ ᠬᠢᠨᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠪᠤᠶᠤ ᠪᠠᠷᠢᠯᠭ᠎ᠠ ᠶᠢᠨ ᠬᠡᠷᠡᠭᠴᠡᠭᠡ ᠶᠢ ᠬᠠᠩᠭᠠᠭᠰᠠᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠤᠨ ᠶᠣᠰᠣᠭᠠᠷ ᠪᠠᠷᠢᠯᠭ᠎ᠠ ᠶᠢᠨ ᠠᠵᠢᠯ ᠢ ᠵᠣᠬᠢᠶᠠᠨ ᠪᠠᠶᠢᠭᠤᠯᠬᠤ ᠬᠡᠷᠡᠭᠲᠡᠶ᠂ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠳᠤᠷ᠎ᠠ ᠪᠠᠷ ᠢᠶᠠᠨ ᠬᠤᠪᠢᠷᠠᠭᠤᠯᠤᠨ ᠪᠠᠷᠢᠯᠭ᠎ᠠ ᠪᠠᠷᠢᠵᠤ᠂ ᠭᠠᠯ ᠤᠨᠲᠠᠷᠠᠭᠠᠬᠤ ᠪᠠᠷᠢᠯᠭ᠎ᠠ ᠶᠢᠨ ᠶᠠᠰᠤ ᠴᠢᠨᠠᠷ ᠢ ᠪᠠᠭᠤᠷᠠᠭᠤᠯᠵᠤ ᠪᠣᠯᠬᠤ ᠦᠭᠡᠶ︔      ︵ᠬᠤᠶᠠᠷ︶ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢᠨ ᠱᠠᠭᠠᠷᠳᠠᠯᠭ᠎ᠠ᠂ ᠪᠠᠷᠢᠯᠭ᠎ᠠ ᠪᠠᠷᠢᠬᠤ ᠮᠡᠷᠭᠡᠵᠢᠯ ᠤᠨ ᠪᠠᠷᠢᠮᠵᠢᠶ᠎ᠠ ᠪᠣᠯᠤᠨ ᠭᠡᠷ᠎ᠡ ᠳᠤ ᠪᠣᠯᠵᠣᠨ ᠲᠣᠭᠲᠠᠭᠰᠠᠨ ᠲᠤᠭᠳᠠᠭᠠᠯ ᠶᠣᠰᠣᠭᠠᠷ ᠭᠠᠯ ᠤᠨᠲᠠᠷᠠᠭᠠᠬᠤ ᠦᠢᠯᠡᠳᠬᠦᠨ ᠪᠣᠯᠤᠨ ᠭᠠᠯ ᠰᠡᠷᠭᠡᠶᠢᠯᠡᠬᠦ ᠴᠢᠳᠠᠪᠬᠢ ᠶᠢᠨ ᠱᠠᠭᠠᠷᠳᠠᠯᠭ᠎ᠠ ᠪᠦᠬᠦᠢ ᠪᠠᠷᠢᠯᠭ᠎ᠠ ᠶᠢᠨ ᠮᠠᠲ᠋ᠧᠷᠢᠶᠠᠯ ᠂ ᠪᠠᠷᠢᠯᠭ᠎ᠠ ᠶᠢᠨ ᠲᠣᠨᠣᠭᠯᠠᠭᠠᠰᠤ ᠰᠡᠯᠪᠢᠭᠡᠰᠦ ᠪᠣᠯᠤᠨ ᠲᠥᠬᠦᠭᠡᠷᠦᠮᠵᠢ ᠶᠢᠨ ᠶᠠᠰᠤ ᠴᠢᠨᠠᠷ ᠢ ᠰᠢᠯᠭᠠᠨ ᠪᠠᠶᠢᠴᠠᠭᠠᠵᠤ᠂ ᠬᠢᠷᠢ ᠲᠡᠩᠴᠡᠭᠰᠡᠨ ᠦᠢᠯᠡᠳᠬᠦᠨ ᠢ ᠬᠡᠷᠡᠭᠯᠡᠨ᠂ ᠭᠠᠯ ᠤᠨᠲᠠᠷᠠᠭᠠᠬᠤ ᠪᠠᠷᠢᠯᠭ᠎ᠠ ᠪᠠᠷᠢᠬᠤ ᠶᠠᠰᠤ ᠴᠢᠨᠠᠷ ᠢ ᠪᠠᠲᠤᠯᠠᠬᠤ ᠬᠡᠷᠡᠭᠲᠡᠶ︔      ︵ᠭᠤᠷᠪᠠ︶ ᠪᠦᠳᠦᠭᠡᠨ ᠪᠠᠶᠢᠭᠤᠯᠤᠯᠳᠠ ᠶᠢᠨ ᠨᠢᠭᠡᠴᠡ ᠶᠢᠨ ᠵᠣᠬᠢᠶᠠᠨ ᠪᠠᠶᠢᠭᠤᠯᠤᠭᠰᠠᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠠᠪᠬᠤ ᠳᠤ ᠣᠷᠣᠯᠴᠠᠵᠤ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠪᠠᠷᠢᠯᠭ᠎ᠠ ᠶᠢᠨ ᠶᠠᠰᠤ ᠴᠢᠨᠠᠷ ᠲᠤ ᠲᠠᠮᠠᠭ᠎ᠠ ᠳᠠᠷᠤᠵᠤ ᠨᠤᠲᠠᠯᠠᠬᠤ ᠶᠢᠨ ᠬᠠᠮᠲᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠪᠠᠷᠢᠯᠭ᠎ᠠ ᠶᠢᠨ ᠶᠠᠰᠤ ᠴᠢᠨᠠᠷ ᠲᠤ ᠬᠠᠷᠢᠭᠤᠴᠠᠬᠤ ᠬᠡᠷᠡᠭᠲᠡᠶ᠃      ᠠᠷᠪᠠᠨ ᠬᠤᠶᠠᠳᠤᠭᠠᠷ ᠵᠦᠢᠯ  ᠪᠠᠷᠢᠯᠭ᠎ᠠ ᠬᠢᠨᠠᠵᠤ ᠬᠠᠮᠢᠶᠠᠷᠬᠤ ᠨᠢᠭᠡᠴᠡ ᠨᠢ ᠳᠣᠣᠷ᠎ᠠ ᠵᠢᠭᠰᠠᠭᠠᠭᠰᠠᠨ ᠭᠠᠯ ᠰᠡᠷᠭᠡᠶᠢᠯᠡᠨ ᠤᠨᠲᠠᠷᠠᠭᠠᠬᠤ ᠵᠢᠷᠤᠭ ᠲᠥᠯᠥᠪᠯᠡᠭᠡ᠂ ᠪᠠᠷᠢᠯᠭ᠎ᠠ ᠶᠢᠨ ᠠᠵᠢᠯ ᠤᠨ ᠶᠠᠰᠤ ᠴᠢᠨᠠᠷ ᠤᠨ ᠬᠠᠷᠢᠭᠤᠴᠠᠯᠭ᠎ᠠ ᠪᠠ ᠡᠭᠦᠷᠭᠡ ᠶᠢ ᠭᠦᠢᠴᠡᠳᠬᠡᠬᠦ ᠬᠡᠷᠡᠭᠲᠡᠢ᠄      ︵ᠨᠢᠭᠡ︶ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ᠂ ᠤᠯᠤᠰ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠯ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠵᠢᠴᠢ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢᠨ ᠬᠢᠨᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠪᠤᠶᠤ ᠪᠠᠷᠢᠯᠭ᠎ᠠ ᠶᠢᠨ ᠬᠡᠷᠡᠭᠴᠡᠭᠡ ᠶᠢ ᠬᠠᠩᠭᠠᠭᠰᠠᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠤᠨ ᠶᠣᠰᠣᠭᠠᠷ ᠪᠠᠷᠢᠯᠭ᠎ᠠ ᠶᠢᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ︔      ︵ᠬᠤᠶᠠᠷ︶ ᠭᠠᠯ ᠤᠨᠲᠠᠷᠠᠭᠠᠬᠤ ᠦᠢᠯᠡᠳᠬᠦᠨ ᠪᠣᠯᠤᠨ ᠭᠠᠯ ᠰᠡᠷᠭᠡᠶᠢᠯᠡᠬᠦ ᠴᠢᠳᠠᠪᠬᠢ ᠶᠢᠨ ᠱᠠᠭᠠᠷᠳᠠᠯᠭ᠎ᠠ ᠲᠠᠢ ᠪᠠᠷᠢᠯᠭ᠎ᠠ ᠶᠢᠨ  ᠮᠠᠲ᠋ᠧᠷᠢᠶᠠᠯ᠂ ᠪᠠᠷᠢᠯᠭ᠎ᠠ ᠶᠢᠨ ᠲᠣᠨᠣᠭᠯᠠᠭᠠᠰᠤ ᠰᠡᠯᠪᠢᠭᠡᠰᠦ ᠪᠣᠯᠤᠨ ᠲᠥᠬᠦᠭᠡᠷᠦᠮᠵᠢ ᠶᠢ ᠬᠡᠷᠡᠭᠯᠡᠬᠦ᠂ ᠤᠭᠰᠠᠷᠠᠬᠤ ᠠᠴᠠ ᠡᠮᠦᠨ᠎ᠡ ᠵᠠᠪᠠᠯ ᠦᠢᠯᠡᠳᠬᠦᠨ ᠤ ᠶᠠᠰᠤ ᠴᠢᠨᠠᠷ ᠢ ᠭᠡᠷᠡᠴᠢᠯᠡᠬᠦ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠬᠤ ᠬᠡᠷᠡᠭᠲᠡᠶ᠂ ᠭᠠᠯ ᠤᠨᠲᠠᠷᠠᠭᠠᠬᠤ ᠬᠢᠷᠢ ᠲᠡᠩᠴᠡᠬᠦ ᠦᠭᠡᠶ ᠦᠢᠯᠡᠳᠬᠦᠨ ᠪᠣᠯᠤᠨ ᠭᠠᠯ ᠰᠡᠷᠭᠡᠶᠢᠯᠡᠬᠦ ᠴᠢᠳᠠᠪᠬᠢ ᠨᠢ ᠱᠠᠭᠠᠷᠳᠠᠯᠭ᠎ᠠ ᠳᠤ ᠨᠡᠶᠢᠴᠡᠬᠦ ᠦᠭᠡᠶ ᠪᠠᠷᠢᠯᠭ᠎ᠠ ᠶᠢᠨ ᠮᠠᠲ᠋ᠧᠷᠢᠶᠠᠯ᠂ ᠪᠠᠷᠢᠯᠭ᠎ᠠ ᠶᠢᠨ ᠲᠣᠨᠣᠭᠯᠠᠭᠠᠰᠤ ᠰᠡᠯᠪᠢᠭᠡᠰᠦ ᠪᠣᠯᠤᠨ ᠲᠥᠬᠦᠭᠡᠷᠦᠮᠵᠢ ᠶᠢ ᠬᠡᠷᠡᠭᠯᠡᠬᠦ ᠪᠤᠶᠤ ᠤᠭᠰᠠᠷᠠᠵᠤ ᠪᠣᠯᠬᠤ ᠦᠭᠡᠶ︔      ︵ᠭᠤᠷᠪᠠ︶ ᠪᠦᠳᠦᠭᠡᠨ ᠪᠠᠶᠢᠭᠤᠯᠤᠯᠳᠠ ᠶᠢᠨ ᠨᠢᠭᠡᠴᠡ ᠶᠢᠨ ᠵᠣᠬᠢᠶᠠᠨ ᠪᠠᠶᠢᠭᠤᠯᠤᠭᠰᠠᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠠᠪᠬᠤ ᠳᠤ ᠣᠷᠣᠯᠴᠠᠵᠤ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠪᠠᠷᠢᠯᠭ᠎ᠠ ᠶᠢᠨ ᠶᠠᠰᠤ ᠴᠢᠨᠠᠷ ᠲᠤ ᠲᠠᠮᠠᠭ᠎ᠠ ᠳᠠᠷᠤᠵᠤ ᠨᠤᠲᠠᠯᠠᠬᠤ ᠶᠢᠨ ᠬᠠᠮᠲᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠪᠠᠷᠢᠯᠭ᠎ᠠ ᠶᠢᠨ ᠶᠠᠰᠤ ᠴᠢᠨᠠᠷ ᠲᠤ ᠬᠢᠨᠠᠨ ᠬᠠᠮᠢᠶᠠᠷᠬᠤ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃      ᠭᠤᠷᠪᠠᠳᠤᠭᠠᠷ ᠪᠦᠯᠦᠭ  ᠣᠨᠴᠠᠭᠠᠢ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠰᠡᠷᠭᠡᠶᠢᠯᠡᠨ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ      ᠠᠷᠪᠠᠨ ᠳᠥᠷᠪᠡᠳᠦᠭᠡᠷ ᠵᠦᠢᠯ  ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠳᠤᠨᠢ ᠪᠠᠶᠢᠬᠤ ᠪᠦᠳᠦᠭᠡᠠ ᠪᠠᠶᠢᠭᠤᠯᠤᠯᠲᠠ ᠶᠢᠨ ᠪᠠᠷᠢᠯᠭ᠎ᠠ ᠪᠣᠯ ᠣᠨᠴᠠᠭᠠᠢ ᠪᠦᠳᠦᠭᠡᠠ ᠪᠠᠶᠢᠭᠤᠯᠤᠯᠲᠠ ᠶᠢᠨ ᠪᠠᠷᠢᠯᠭ᠎ᠠ ᠮᠥᠨ᠄      ︵ᠨᠢᠭᠡ︶ ᠶᠡᠷᠦᠩᠬᠡᠶ ᠪᠠᠷᠢᠯᠭ᠎ᠠ ᠶᠢᠨ ᠲᠠᠯᠠᠪᠠᠶ ᠨᠢ ᠬᠤᠶᠠᠷ ᠲᠦᠮᠡᠨ ᠲᠡᠭᠰᠢ ᠳᠥᠷᠪᠡᠯᠵᠢᠨ ᠮᠧᠲᠷ ᠠᠴᠠ ᠶᠡᠭᠡ ᠪᠡᠶ᠎ᠡ ᠶᠢᠨ ᠲᠠᠮᠢᠷ ᠤᠨ ᠲᠠᠯᠠᠪᠠᠶ᠂ ᠬᠤᠷᠠᠯ ᠤᠨ ᠲᠢᠩᠬᠢᠮ᠂ ᠣᠯᠠᠨ ᠨᠡᠶᠢᠲᠡ ᠶᠢᠨ ᠦᠵᠡᠰᠬᠦᠯᠡᠩ ᠤᠨ ᠣᠷᠳᠣᠨ᠂ ᠮᠦᠽᠧᠶ ᠶᠢᠨ ᠦᠵᠡᠭᠦᠯᠦᠯᠭᠡ ᠶᠢᠨ ᠲᠢᠩᠬᠢᠮ︔      ︵ᠬᠤᠶᠠᠷ︶ ᠶᠡᠷᠦᠩᠬᠡᠢ ᠪᠠᠷᠢᠯᠭ᠎ᠠ ᠶᠢᠨ ᠲᠠᠯᠠᠪᠠᠢ ᠨᠢ ᠲᠦᠮᠡ ᠲᠠᠪᠤᠨ ᠮᠢᠩᠭᠠᠨ ᠲᠡᠭᠰᠢ ᠳᠥᠷᠪᠡᠯᠵᠢᠨ ᠮᠧᠲᠷ ᠠᠴᠠ ᠶᠡᠭᠡ ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠠᠶᠠᠯᠠᠯ ᠤᠨ ᠥᠷᠲᠡᠭᠡᠨ ᠤ ᠠᠰᠠᠷ᠂ ᠠᠶᠠᠨᠴᠢᠳ ᠤᠨ ᠲᠡᠭᠡᠭᠡᠪᠦᠷᠢ ᠶᠢᠨ ᠲᠡᠷᠭᠡᠨ ᠥᠷᠲᠡᠭᠡᠨ ᠤ ᠲᠡᠷᠭᠡ ᠬᠦᠯᠢᠶᠡᠬᠦ ᠲᠢᠩᠬᠢᠮ᠂ ᠠᠶᠠᠨᠴᠢᠳ ᠤᠨ ᠲᠡᠭᠡᠭᠡᠪᠦᠷᠢ ᠶᠢᠨ ᠭᠠᠷᠠᠮ ᠤᠨ ᠣᠩᠭᠤᠴᠠ ᠬᠦᠯᠢᠶᠡᠬᠦ ᠲᠢᠩᠬᠢᠮ︔      ︵ᠭᠤᠷᠪᠠ︶ ᠶᠡᠷᠦᠩᠬᠡᠢ ᠪᠠᠷᠢᠯᠭ᠎ᠠ ᠶᠢᠨ ᠲᠠᠯᠠᠪᠠᠢ ᠨᠢ ᠲᠦᠮᠡᠨ ᠲᠡᠭᠰᠢ ᠳᠥᠷᠪᠡᠯᠵᠢᠨ ᠮᠧᠲᠷ ᠠᠴᠠ ᠶᠡᠭᠡ ᠵᠣᠴᠢᠳ ᠤᠨ ᠪᠠᠭᠤᠳᠠᠯ᠂ ᠬᠤᠭᠤᠯᠠᠨ ᠭᠡᠷ᠂ ᠬᠤᠳᠠᠯᠳᠤᠭᠠᠨ ᠤ ᠲᠠᠯᠠᠪᠤᠷ᠂ ᠵᠠᠬ᠎ᠠ ᠳᠡᠯᠭᠡᠭᠦᠷ︔      ︵ᠳᠥᠷᠪᠡ︶ ᠶᠡᠷᠦᠩᠬᠡᠶ ᠪᠠᠷᠢᠯᠭ᠎ᠠ ᠶᠢᠨ ᠲᠠᠯᠠᠪᠠᠶ ᠨᠢ ᠬᠤᠶᠠᠷ ᠮᠢᠩᠭ᠎ᠠ ᠲᠠᠪᠤᠨ ᠵᠠᠭᠤᠨ ᠲᠡᠭᠰᠢ ᠳᠥᠷᠪᠡᠯᠵᠢᠨ ᠮᠧᠲᠷ ᠠᠴᠠ ᠶᠡᠭᠡ ᠺᠢᠨᠤ᠋ ᠵᠦᠴᠦᠭᠡ ᠶᠢᠨ ᠬᠦᠷᠢᠶᠡᠯᠡᠩ᠂ ᠣᠯᠠᠨ ᠨᠡᠶᠢᠲᠡ ᠶᠢᠨ ᠨᠣᠮ ᠤᠨ ᠰᠠᠩ ᠤᠨ ᠤᠩᠰᠢᠯᠭ᠎ᠠ ᠶᠢᠨ ᠲᠠᠰᠤᠭ᠂ ᠡᠵᠡᠩᠨᠡᠯᠲᠡ ᠶᠢᠨ ᠴᠢᠨᠠᠷᠲᠠᠶ ᠭᠡᠷ ᠳᠣᠲᠣᠷᠠᠬᠢ ᠪᠡᠶ᠎ᠡ ᠴᠢᠭᠢᠷᠠᠭᠵᠢᠭᠤᠯᠬᠤ᠂ ᠰᠡᠯᠡᠭᠦᠴᠡᠯ ᠤᠨ ᠲᠠᠯᠠᠪᠤᠷ᠂ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠠᠰᠠᠷ᠂ ᠶᠡᠭᠡ ᠰᠤᠷᠭᠠᠭᠤᠯᠢ ᠶᠢᠨ ᠵᠢᠭᠠᠨ ᠰᠤᠷᠭᠠᠬᠤ ᠠᠰᠠᠷ᠂ ᠨᠣᠮ ᠤᠨ ᠰᠠᠩ᠂ ᠬᠤᠭᠤᠯᠠᠨ ᠭᠡᠷ᠂ ᠬᠥᠳᠡᠯᠮᠦᠷᠢ ᠨᠢᠭᠲᠠᠷᠬᠠᠰᠠᠨ ᠠᠵᠤ ᠠᠬᠤᠶᠢᠯᠠᠯ ᠤᠨ ᠦᠢᠯᠡᠳᠪᠦᠷᠢᠯᠡᠯ᠂ ᠪᠤᠯᠪᠠᠰᠤᠷᠠᠭᠤᠯᠤᠯ ᠤᠨ ᠲᠠᠰᠤᠭ᠂ ᠰᠦᠮ᠎ᠡ᠂ ᠳᠤᠭᠠᠩ︔        ︵ᠲᠠᠪᠤ︶ ᠶᠡᠷᠦᠩᠬᠡᠶ ᠪᠠᠷᠢᠯᠭ᠎ᠠ ᠶᠢᠨ ᠲᠠᠯᠠᠪᠠᠶ ᠨᠢ ᠮᠢᠩᠭᠠᠨ ᠲᠡᠭᠰᠢ ᠳᠥᠷᠪᠡᠯᠵᠢᠨ ᠮᠧᠲᠷ ᠠᠴᠠ ᠶᠡᠭᠡ ᠬᠡᠦᠬᠡᠳ ᠰᠠᠭᠠᠲᠠᠭᠤᠯᠬᠤ ᠭᠠᠵᠠᠷ᠂ ᠬᠡᠦᠬᠡᠳ ᠤᠨ ᠴᠡᠴᠡᠷᠯᠢᠭ᠂ ᠬᠡᠦᠬᠡᠳ ᠤᠨ ᠨᠠᠭᠠᠳᠤᠮ ᠤᠨ ᠭᠠᠵᠠᠷ ᠵᠡᠷᠭᠡ ᠭᠡᠷ ᠳᠣᠲᠣᠷᠠᠬᠢ ᠬᠡᠦᠬᠡᠳ ᠤᠨ ᠠᠵᠢᠯᠯᠠᠭᠠᠨ ᠤ ᠭᠠᠵᠠᠷ᠂ ᠠᠰᠠᠷᠠᠮᠵᠢ ᠶᠢᠨ ᠬᠦᠷᠢᠶᠡᠯᠡᠩ᠂ ᠡᠮᠨᠡᠯᠭᠡ ᠶᠢᠨ ᠬᠤᠷᠢᠶ᠎ᠠ᠂ ᠰᠤᠪᠢᠯᠠᠯᠲᠠ ᠶᠢᠨ ᠭᠠᠵᠠᠷ ᠤᠨ ᠡᠪᠡᠳᠴᠢᠲᠡᠨ ᠤ ᠥᠷᠥᠭᠡ ᠶᠢᠨ ᠠᠰᠠᠷ᠂ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠨ ᠰᠤᠷᠭᠠᠬᠤ ᠠᠰᠠᠷ᠂ ᠨᠣᠮ ᠤᠨ ᠰᠠᠩ᠂ ᠬᠤᠭᠤᠯᠠᠨ ᠭᠡᠷ᠂ ᠰᠤᠷᠭᠠᠭᠤᠯᠢ ᠶᠢᠨ ᠨᠡᠶᠢᠲᠡ ᠶᠢᠨ ᠪᠠᠶᠢᠷᠢ᠂ ᠬᠥᠳᠡᠯᠮᠦᠷᠢ ᠨᠢᠭᠲᠠᠷᠬᠠᠰᠠᠨ ᠠᠵᠤ ᠠᠬᠤᠶᠢᠯᠠᠯ ᠤᠨ ᠠᠵᠢᠯᠲᠠᠨ ᠤ ᠨᠡᠶᠢᠲᠡ ᠶᠢᠨ ᠪᠠᠶᠢᠷᠢ︔      ︵ᠵᠢᠷᠭᠤᠭ᠎ᠠ︶ ᠶᠡᠷᠦᠩᠬᠡᠶ ᠪᠠᠷᠢᠯᠭ᠎ᠠ ᠶᠢᠨ ᠲᠠᠯᠠᠪᠠᠶ ᠨᠢ ᠲᠠᠪᠤᠨ ᠵᠠᠭᠤᠨ ᠲᠡᠭᠰᠢ ᠳᠥᠷᠪᠡᠯᠵᠢᠨ ᠮᠧᠲᠷ ᠠᠴᠠ ᠶᠡᠭᠡ ᠳᠠᠭᠤᠤ ᠪᠥᠵᠢᠭ ᠤᠨ ᠲᠢᠩᠬᠢᠮ᠂ ᠳᠦᠷᠰᠦ ᠰᠢᠩᠭᠡᠭᠡᠯᠲᠡ ᠶᠢᠨ ᠲᠢᠩᠬᠢᠮ᠂ ᠺᠢᠨᠤ᠋ ᠶᠢᠨ ᠲᠢᠩᠬᠢᠮ᠂ ᠺᠠᠷᠠ OK ᠲᠢᠩᠬᠢᠮ᠂ ᠰᠥᠨᠢ ᠶᠢᠨ ᠨᠠᠶᠢᠷ ᠤᠨ ᠭᠠᠵᠠᠷ᠂ ᠨᠠᠶᠢᠷ ᠨᠠᠭᠠᠳᠤᠮ ᠤᠨ ᠲᠢᠩᠬᠢᠮ᠂ ᠤᠬᠢᠶᠠᠯᠭ᠎ᠠ ᠶᠢᠨ ᠭᠡᠷ᠂ ᠰᠦᠯᠵᠢᠶᠡᠨ ᠤ ᠪᠠᠭᠠᠷ᠂ ᠠᠷᠢᠬᠢᠨ ᠮᠤᠬᠤᠯᠠᠭ᠂ ᠨᠠᠶᠢᠷ ᠨᠠᠭᠠᠳᠤᠮ ᠤᠨ ᠴᠢᠳᠠᠮᠵᠢ ᠲᠠᠢ ᠬᠤᠭᠤᠯᠠᠨ ᠭᠡᠷ᠂ ᠴᠠᠢ ᠶᠢᠨ ᠮᠤᠬᠤᠯᠠᠭ᠂ ᠺᠣᠹᠧ ᠶᠢᠨ ᠮᠤᠬᠤᠯᠠᠭ︔      ︵ᠳᠣᠯᠤᠭ᠎ᠠ︶ ᠤᠯᠤᠰ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠯ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠳᠤ ᠲᠣᠭᠲᠠᠭᠠᠭᠰᠠᠨ ᠨᠢᠭᠡᠳᠦᠭᠡᠷ ᠲᠥᠷᠥᠯ ᠤᠨ ᠥᠨᠳᠥᠷ ᠳᠠᠪᠬᠤᠷᠭᠠᠲᠤ ᠣᠷᠣᠨ ᠰᠠᠭᠤᠴᠠ ᠶᠢᠨ ᠪᠠᠷᠢᠯᠭ᠎ᠠ︔      ︵ᠨᠠᠢᠮᠠ︶ ᠬᠤᠲᠠ ᠶᠢᠨ ᠵᠢᠮᠲᠦ ᠵᠠᠮ ᠬᠠᠷᠢᠯᠴᠠᠭ᠎ᠠ᠂ ᠨᠦᠬᠡᠨ ᠵᠠᠮ ᠤᠨ ᠪᠠᠷᠢᠯᠭ᠎ᠠ᠂ ᠲᠣᠮᠣ ᠬᠡᠯᠪᠡᠷᠢ ᠶᠢᠨ ᠴᠠᠬᠢᠯᠭᠠᠨ ᠭᠠᠷᠭᠠᠬᠤ᠂ ᠬᠦᠴᠦᠳᠡᠯ ᠥᠭᠡᠷᠡᠴᠢᠯᠡᠵᠦ ᠴᠠᠬᠢᠯᠭᠠᠨ ᠲᠦᠭᠡᠭᠡᠬᠦ ᠪᠠᠷᠢᠯᠭ᠎ᠠ︔      ︵ᠶᠢᠰᠦ︶ ᠨᠣᠴᠣᠮᠠᠲᠠᠭᠠᠶ ᠳᠡᠯᠪᠡᠷᠡᠮᠡᠲᠡᠭᠡᠶ ᠠᠶᠤᠯᠲᠠᠶ ᠡᠳ᠋ ᠦᠢᠯᠡᠳᠪᠦᠷᠢᠯᠡᠬᠦ᠂ ᠬᠠᠳᠠᠭᠠᠯᠠᠬᠤ᠂ ᠠᠴᠢᠶᠠᠯᠠᠵᠤ ᠪᠠᠭᠤᠯᠭᠠᠬᠤ ᠦᠢᠯᠡᠳᠪᠦᠷᠢ᠂ ᠬᠥᠮᠥᠷᠭᠡ ᠪᠣᠯᠤᠨ ᠲᠤᠰᠬᠠᠶ ᠲᠡᠷᠭᠡᠨ ᠥᠷᠲᠡᠭᠡ᠂ ᠭᠠᠷᠠᠮ᠂ ᠨᠣᠴᠣᠮᠠᠲᠠᠭᠠᠶ ᠳᠡᠯᠪᠡᠷᠡᠮᠡᠲᠡᠭᠡᠶ ᠬᠡᠢ ᠪᠡᠶᠡᠲᠦ ᠪᠣᠯᠤᠨ ᠰᠢᠩᠭᠡᠨ ᠪᠡᠶᠡᠲᠦ ᠶᠢ ᠰᠠᠪᠠᠯᠠᠬᠤ ᠥᠷᠲᠡᠭᠡ᠂ ᠬᠠᠩᠭᠠᠬᠤ ᠥᠷᠲᠡᠭᠡ᠂ ᠳᠠᠷᠤᠯᠲᠠ ᠲᠣᠬᠢᠷᠠᠭᠤᠯᠬᠤ ᠥᠷᠲᠡᠭᠡ︔      ︵ᠠᠷᠪᠠ︶ ᠲᠥᠷᠥ ᠶᠢᠨ ᠪᠠᠶᠢᠭᠤᠯᠭ᠎ᠠ ᠶᠢᠨ ᠠᠯᠪᠠᠨ ᠠᠰᠠᠷ᠂ ᠴᠠᠬᠢᠯᠭᠠᠨ ᠬᠦᠴᠦᠨ ᠲᠣᠬᠢᠷᠠᠭᠤᠯᠬᠤ ᠠᠰᠠᠷ᠂ ᠴᠠᠬᠢᠯᠭᠠᠨ ᠬᠤᠯᠪᠣᠭᠠᠨ ᠤ ᠠᠰᠠᠷ᠂ ᠰᠢᠦᠳᠠᠨ ᠤ ᠠᠰᠠᠷ᠂ ᠭᠠᠮᠰᠢᠭ ᠢ ᠰᠡᠷᠭᠡᠶᠢᠯᠡᠨ ᠵᠢᠯᠣᠭᠤᠳᠤᠨ ᠲᠣᠬᠢᠷᠠᠭᠤᠯᠬᠤ ᠠᠰᠠᠷ᠂ ᠷᠠᠳᠢᠤ᠋ ᠨᠡᠪᠲᠡᠷᠡᠭᠦᠯᠭᠡ ᠲᠧᠯᠸᠢᠰ ᠤᠨ ᠠᠰᠠᠷ᠂ ᠳᠠᠩᠰᠠ ᠡᠪᠬᠡᠮᠡᠯ ᠤᠨ ᠠᠰᠠᠷ︔      ︵ᠠᠷᠪᠠᠨ ᠨᠢᠭᠡ︶ ᠲᠤᠰ ᠵᠦᠢᠯ ᠤᠨ ᠨᠢᠭᠡᠳᠦᠭᠡᠷ ᠵᠤᠷᠪᠤᠰ ᠠᠴᠠ ᠵᠢᠷᠭᠤᠳᠤᠭᠠᠷ ᠵᠤᠷᠪᠤᠰ ᠲᠤ ᠵᠢᠭᠰᠠᠭᠠᠭᠰᠠᠨ ᠪᠠᠶᠢᠳᠠᠯ ᠪᠦᠬᠦᠢ ᠪᠦᠳᠦᠭᠡᠠ ᠪᠠᠶᠢᠭᠤᠯᠤᠯᠲᠠ ᠶᠢᠨ ᠪᠠᠷᠢᠯᠭ᠎ᠠ︔      ︵ᠠᠷᠪᠠᠨ ᠬᠤᠶᠠᠷ︶ ᠲᠤᠰ ᠵᠦᠢᠯ ᠤᠨ ᠠᠷᠪᠠᠳᠤᠭᠠᠷ ᠵᠤᠷᠪᠤᠰ᠂ ᠠᠷᠪᠠᠨ ᠨᠢᠭᠡᠳᠦᠭᠡᠷ ᠵᠤᠷᠪᠤᠰ ᠤᠨ ᠲᠣᠭᠲᠠᠭᠠᠯ ᠠᠴᠠ ᠭᠠᠳᠠᠨᠠᠬᠢ ᠳᠠᠩ ᠪᠡᠶᠡᠲᠦ ᠪᠠᠷᠢᠯᠭ᠎ᠠ ᠶᠢᠨ ᠲᠠᠯᠠᠪᠠᠶ ᠨᠢ ᠳᠥᠷᠪᠡᠨ ᠲᠦᠮᠡᠨ ᠲᠡᠭᠰᠢ ᠳᠥᠷᠪᠡᠯᠵᠢᠨ ᠮᠧᠲᠷ ᠠᠴᠠ ᠶᠡᠭᠡ ᠪᠤᠶᠤ ᠪᠠᠷᠢᠯᠭ᠎ᠠ ᠶᠢᠨ ᠥᠨᠳᠥᠷ ᠤᠨ ᠬᠡᠮᠵᠢᠶ᠎ᠡ ᠨᠢ ᠲᠠᠪᠢᠨ ᠮᠧᠲᠷ ᠠᠴᠠ ᠬᠡᠲᠦᠷᠡᠭᠰᠡᠨ ᠣᠯᠠᠨ ᠨᠡᠶᠢᠲᠡ ᠶᠢᠨ ᠪᠠᠷᠢᠯᠭ᠎ᠠ᠃      ᠠᠷᠪᠠᠨ ᠲᠠᠪᠤᠳᠤᠭᠠᠷ ᠵᠦᠢᠯ  ᠤᠨᠴᠠᠭᠠᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠳᠤ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ ᠳᠦᠷᠢᠮ ᠢ ᠬᠡᠷᠡᠭᠵᠢᠭᠦᠯᠦᠨ᠎ᠡ᠃       ᠤᠨᠴᠠᠭᠠᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠪᠦᠳᠦᠭᠡᠨ ᠪᠠᠶᠢᠭᠤᠯᠤᠯᠳᠠ ᠶᠢᠨ ᠨᠢᠭᠡᠴᠡ ᠨᠢ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠯᠭᠠᠬᠤ ᠪᠠᠷ ᠭᠤᠶᠤᠴᠢᠯᠠᠵᠤ᠂ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠢᠨᠠᠨ ᠪᠠᠶᠢᠴᠠᠭᠠᠭᠰᠠᠨ ᠦᠷ᠎ᠡ ᠳ᠋ᠦᠩ ᠳᠤ ᠬᠠᠤᠯᠢ ᠶᠣᠰᠣᠭᠠᠷ ᠬᠠᠷᠢᠭᠤᠴᠠᠬᠤ ᠬᠡᠷᠡᠭᠲᠡᠶ᠃      ᠤᠨᠴᠠᠭᠠᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠨᠢ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢᠨ ᠬᠢᠨᠠᠨ ᠪᠠᠶᠢᠴᠠᠭᠠᠯᠲᠠ ᠶᠢ ᠳᠠᠮᠵᠢᠭᠰᠠᠨ ᠦᠭᠡᠶ ᠪᠤᠶᠤ ᠬᠢᠨᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠶ ᠪᠣᠯ ᠪᠦᠲᠦᠭᠡᠨ ᠪᠠᠶᠢᠭᠤᠯᠤᠯᠲᠠ ᠶᠢᠨ ᠨᠢᠭᠡᠴᠡ ᠪᠤᠯᠤᠨ ᠪᠠᠷᠢᠯᠭ᠎ᠠ ᠪᠠᠷᠢᠬᠤ ᠨᠢᠭᠡᠴᠡ ᠠᠴᠠ ᠪᠠᠷᠢᠯᠭ᠎ᠠ ᠪᠠᠷᠢᠵᠤ ᠪᠣᠯᠬᠤ ᠦᠭᠡᠶ᠃      ᠠᠷᠪᠠᠨ ᠵᠢᠷᠭᠤᠳᠤᠭᠠᠷ ᠵᠦᠢᠯ  ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠳᠤ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ ᠳᠤ ᠲᠤᠤᠷᠠᠬᠢ ᠮᠡᠳᠦ ᠪᠢᠴᠢᠭ ᠮᠠᠲ᠋ᠧᠷᠢᠶᠠᠯ ᠢ ᠲᠤᠰᠢᠶᠠᠬᠤ ᠴᠢᠬᠤᠯᠠᠳᠠᠢ  ᠄      ︵ᠨᠢᠭᠡ︶ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠯᠭᠠᠬᠤ ᠭᠤᠶᠤᠴᠢᠯᠠᠯ ᠤᠨ ᠬᠦᠰᠦᠨᠦᠭᠲᠦ︔      ︵ᠬᠤᠶᠠᠷ︶ ᠭᠠᠯ ᠤᠨᠲᠠᠷᠠᠭᠠᠬᠤ ᠵᠢᠷᠤᠭ ᠲᠥᠯᠥᠪᠯᠡᠭᠡᠨ ᠤ ᠪᠢᠴᠢᠭ ᠮᠠᠲ᠋ᠧᠷᠢᠶᠠᠯ︔      ︵ᠭᠤᠷᠪᠠ︶ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠢ ᠬᠠᠤᠯᠢ ᠶᠣᠰᠣᠭᠠᠷ ᠭᠦᠢᠴᠡᠳᠬᠡᠬᠦ ᠴᠢᠬᠤᠯᠠᠲᠠᠢ ᠪᠠᠶᠢᠪᠠᠯ ᠂ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠪᠢᠴᠢᠭ ᠮᠠᠲ᠋ᠧᠷᠢᠶᠠᠯ ᠢ ᠲᠤᠰᠢᠶᠠᠬᠤ ᠬᠡᠷᠡᠭᠲᠡᠢ︔      ︵ᠳᠥᠷᠪᠡ︶ ᠬᠠᠤᠯᠢ ᠶᠣᠰᠣᠭᠠᠷ ᠵᠥᠪᠰᠢᠶᠡᠷᠡᠬᠦ ᠴᠢᠬᠤᠯᠠ ᠲᠠᠢ ᠲᠦᠷ ᠴᠠᠭ ᠤᠨ ᠴᠢᠨᠠᠷᠲᠠᠶ ᠪᠠᠷᠢᠯᠭ᠎ᠠ ᠪᠣᠯ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠢᠶᠠᠨ ᠲᠤᠰᠢᠶᠠᠬᠤ ᠬᠡᠷᠡᠭᠲᠡᠶ᠃      ᠠᠷᠪᠠᠨ ᠲᠤᠯᠤᠳᠤᠭᠠᠷ ᠵᠦᠢᠯ  ᠤᠨᠴᠠᠭᠠᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠳᠤ ᠲᠤᠤᠷᠠᠬᠢ ᠪᠠᠶᠢᠳᠠᠯ ᠤᠨ ᠨᠢᠭᠡ ᠵᠦᠢᠯ ᠳᠤ ᠪᠠᠭᠳᠠᠪᠠᠯ ᠪᠦᠲᠦᠭᠡᠨ ᠪᠠᠶᠢᠭᠤᠯᠤᠯᠲᠠ ᠠᠴᠠ ᠠᠷᠪᠠᠨ ᠵᠢᠷᠭᠤᠳᠤᠭᠠᠷ ᠵᠦᠢᠯ ᠳᠤ ᠲᠤᠭᠳᠠᠭᠠᠭᠰᠠᠨ ᠮᠠᠲ᠋ᠧᠷᠢᠶᠠᠯ ᠢ ᠲᠤᠰᠢᠶᠠᠬᠤ ᠠᠴᠠ ᠭᠠᠳᠠᠨ᠎ᠠ᠂ ᠬᠠᠮᠳᠦ ᠲᠤᠨᠢ ᠤᠨᠴᠠᠭᠠᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠳᠤ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢᠨ ᠮᠡᠷᠭᠡᠵᠢᠯ ᠤᠨ ᠮᠠᠲ᠋ᠧᠷᠢᠶᠠᠯ ᠲᠤᠰᠢᠶᠠᠬᠤ ᠬᠡᠷᠡᠭᠳᠡᠢ       ︵ᠨᠢᠭᠡ︶ ᠤᠯᠤᠰ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠯ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠳᠤ ᠡᠷᠬᠡᠪᠰᠢ ᠣᠯᠠᠨ ᠤᠯᠤᠰ ᠤᠨ ᠪᠠᠷᠢᠮᠵᠢᠶ᠎ᠠ ᠪᠤᠶᠤ ᠬᠢᠯᠢ ᠶᠢᠨ ᠭᠠᠳᠠᠨᠠᠬᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠯ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠶᠢ ᠬᠡᠷᠡᠭᠯᠡᠬᠦ ᠲᠣᠭᠲᠠᠭᠠᠯ ᠪᠠᠶᠢᠬᠤ ᠦᠭᠡᠶ  ︔      ︵ᠬᠤᠶᠠᠷ︶ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠤᠨ ᠬᠡᠷᠡᠭᠯᠡᠬᠦ ᠪᠠᠷ ᠪᠠᠶᠢᠭ᠎ᠠ ᠰᠢᠨ᠎ᠡ ᠮᠡᠷᠭᠡᠵᠢᠯ᠂ ᠰᠢᠨ᠎ᠡ ᠰᠢᠨᠵᠢᠯᠡᠬᠦ ᠤᠬᠠᠭᠠᠨ ᠮᠡᠷᠭᠡᠵᠢᠯ᠂ ᠰᠢᠨ᠎ᠡ ᠮᠠᠲ᠋ᠧᠷᠢᠶᠠᠯ ᠨᠢ ᠤᠯᠤᠰ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠯ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠶᠢᠨ ᠲᠣᠭᠲᠠᠭᠠᠯ ᠳᠤ ᠨᠡᠶᠢᠴᠡᠬᠦ ᠦᠭᠡᠶ ᠪᠠᠶᠢᠬᠤ᠃      ᠡᠮᠦᠨᠡᠬᠢ ᠪᠠᠳᠠᠭ ᠲᠤ ᠬᠡᠯᠡᠵᠦ ᠪᠠᠶᠢᠭ᠎ᠠ ᠭᠠᠯ ᠤᠨᠲᠠᠷᠠᠭᠠᠬᠤ ᠣᠨᠴᠠᠭᠠᠢ ᠵᠢᠷᠤᠭ ᠲᠥᠯᠥᠪᠯᠡᠭᠡᠨ ᠤ ᠮᠡᠷᠭᠡᠵᠢᠯ ᠤᠨ ᠮᠠᠲ᠋ᠧᠷᠢᠶᠠᠯ ᠳᠤ ᠭᠠᠯ ᠤᠨᠲᠠᠷᠠᠭᠠᠬᠤ ᠣᠨᠴᠠᠭᠠᠢ ᠵᠢᠷᠤᠭ ᠲᠥᠯᠥᠪᠯᠡᠭᠡᠨ ᠤ ᠪᠢᠴᠢᠭ ᠮᠠᠲ᠋ᠧᠷᠢᠶᠠᠯ᠂ ᠵᠢᠷᠤᠭ ᠲᠥᠯᠥᠪᠯᠡᠭᠡ ᠳᠤ ᠬᠡᠷᠡᠭᠯᠡᠭᠰᠡᠨ ᠤᠯᠠᠨ ᠤᠯᠤᠰ ᠤᠨ ᠪᠠᠷᠢᠮᠵᠢᠶ᠎ᠠ᠂ ᠬᠢᠯᠢ ᠶᠢᠨ ᠭᠠᠳᠠᠨᠠᠬᠢ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠭᠠᠯ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠶᠢᠨ ᠬᠢᠲᠠᠳ ᠬᠡᠯᠡᠨ ᠤ ᠲᠣᠪᠬᠢᠮᠠᠯ ᠵᠢᠴᠢ ᠬᠤᠯᠪᠣᠭᠳᠠᠯ ᠪᠦᠬᠦᠢ ᠬᠡᠷᠡᠭᠯᠡᠭᠡᠨ ᠤ ᠪᠣᠳᠠᠲᠤ ᠵᠢᠱᠢᠶ᠎ᠡ᠂ ᠦᠢᠯᠡᠳᠬᠦᠨ ᠤ ᠲᠣᠳᠣᠷᠬᠠᠶᠢᠯᠠᠯᠲᠠ ᠵᠡᠷᠭᠡ ᠮᠠᠲ᠋ᠧᠷᠢᠶᠠᠯ ᠢ ᠪᠠᠭᠲᠠᠭᠠᠭᠰᠠᠨ ᠪᠠᠶᠢᠬᠤ ᠬᠡᠷᠡᠭᠲᠡᠢ᠃      ᠠᠷᠪᠠᠨ ᠨᠠᠢᠮᠠᠳᠤᠭᠠᠷ ᠵᠦᠢᠯ  ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ  ᠪᠦᠳᠦᠭᠡᠨ ᠪᠠᠶᠢᠭᠤᠯᠤᠯᠳᠠ ᠶᠢᠨ ᠨᠢᠭᠡᠴᠡ ᠶᠢᠨ ᠲᠤᠰᠢᠶᠠᠭᠰᠠᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠯᠭᠠᠬᠤ ᠭᠤᠶᠤᠴᠢᠯᠠᠯ ᠢ ᠭᠠᠷᠳᠠᠭᠰᠠᠨ ᠤ ᠳᠠᠷᠠᠭ᠎ᠠ ᠭᠤᠶᠤᠴᠢᠯᠠᠭᠰᠠᠨ ᠮᠠᠲ᠋ᠧᠷᠢᠶᠠᠯ ᠨᠢ ᠪᠦᠷᠢᠨ ᠭᠦᠢᠴᠡᠳ ᠪᠣᠯ ᠬᠦᠯᠢᠶᠡᠨ ᠠᠪᠤᠭᠰᠠᠨ ᠭᠡᠷᠡᠴᠢ ᠪᠠᠷᠢᠮᠲᠠ ᠬᠢᠵᠦ ᠥᠭᠬᠦ ᠬᠡᠷᠡᠭᠲᠡᠶ︔ ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ ᠪᠤᠰᠤ ᠪᠠᠶᠢᠪᠠᠯ᠂ ᠨᠥᠬᠦᠪᠥᠷᠢᠯᠡᠨ ᠵᠠᠯᠠᠷᠠᠭᠤᠯᠬᠤ ᠴᠢᠬᠤᠯᠠᠲᠠᠢ ᠪᠦᠬᠦ ᠠᠭᠤᠯᠭ᠎ᠠ ᠶᠢ ᠨᠢᠭᠡ ᠯᠡ ᠤᠳᠠᠭ᠎ᠠ ᠳᠡᠭᠡᠷ᠎ᠡ ᠮᠡᠳᠡᠭᠳᠡᠬᠦ ᠬᠡᠷᠡᠭᠲᠡᠢ᠃      ᠠᠷᠪᠠ ᠶᠢᠰᠦᠳᠦᠭᠡᠷ ᠵᠦᠢᠯ  ᠲᠤᠰ ᠲᠣᠭᠲᠠᠭᠠᠯ ᠤᠨ ᠠᠷᠪᠠᠨ ᠳᠣᠯᠣᠳᠤᠭᠠᠷ ᠵᠦᠢᠯ ᠤᠨ ᠪᠠᠶᠢᠳᠠᠯ ᠤᠨ ᠨᠢᠭᠡ ᠳᠤᠨᠢ ᠪᠠᠭᠲᠠᠬᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠳᠤ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠯᠭᠠᠬᠤ ᠭᠤᠶᠤᠴᠢᠯᠠᠯ ᠢ ᠬᠦᠯᠢᠶᠡᠨ ᠠᠪᠤᠭᠰᠠᠨ ᠡᠳᠦᠷ ᠠᠴᠠ ᠡᠬᠢᠯᠡᠨ ᠲᠠᠪᠤᠨ ᠠᠵᠢᠯᠯᠠᠬᠤ ᠡᠳᠦᠷ ᠤᠨ ᠳᠣᠲᠣᠷ᠎ᠠ ᠭᠤᠶᠤᠴᠢᠯᠠᠭᠰᠠᠨ ᠮᠠᠲ᠋ᠧᠷᠢᠶᠠᠯ ᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠵᠦ ᠲᠤᠰᠬᠠᠶ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠬᠢᠨᠠᠨ ᠲᠣᠭᠲᠠᠭᠠᠯᠭᠠᠬᠤ ᠬᠡᠷᠡᠭᠲᠡᠶ᠃      ᠬᠤᠷᠢᠳᠤᠭᠠᠷ ᠵᠦᠢᠯ  ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠪᠠᠷᠢᠯᠭ᠎ᠠ ᠶᠢᠨ ᠭᠠᠯ ᠰᠡᠷᠭᠡᠶᠢᠯᠡᠨ ᠤᠨᠲᠠᠷᠠᠭᠠᠬᠤ᠂ ᠪᠠᠷᠢᠯᠭ᠎ᠠ ᠵᠡᠷᠭᠡ ᠲᠤᠰᠬᠠᠢ ᠮᠡᠷᠭᠡᠵᠢᠯ ᠤᠨ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠲᠠᠢ ᠬᠥᠮᠦᠰ ᠢᠶᠠᠷ ᠪᠦᠷᠢᠯᠳᠦᠭᠰᠡᠨ ᠲᠤᠰᠬᠠᠢ ᠮᠡᠷᠭᠡᠵᠢᠯᠲᠡᠨ ᠤ ᠬᠥᠮᠥᠷᠭᠡ ᠶᠢ ᠪᠠᠶᠢᠭᠤᠯᠵᠤ᠂ ᠲᠤᠰᠬᠠᠢ ᠮᠡᠷᠭᠡᠵᠢᠯᠲᠡᠨ ᠤ ᠬᠥᠮᠥᠷᠭᠡ ᠶᠢᠨ ᠬᠠᠮᠢᠶᠠᠷᠤᠯᠲᠠ ᠶᠢᠨ ᠳᠦᠷᠢᠮ ᠢ ᠲᠣᠭᠲᠠᠭᠠᠬᠤ ᠬᠡᠷᠡᠭᠲᠡᠢ᠃      ᠬᠤᠷᠢᠨ ᠨᠢᠭᠡᠳᠦᠭᠡᠷ ᠵᠦᠢᠯ  ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠭᠤᠶᠤᠴᠢᠯᠠᠯ ᠤᠨ ᠮᠠᠲ᠋ᠧᠷᠢᠶᠠᠯ ᠢ ᠬᠦᠯᠢᠶᠡᠨ ᠠᠪᠤᠭᠰᠠᠨ ᠡᠳᠦᠷ ᠠᠴᠠ ᠡᠬᠢᠯᠡᠨ ᠠᠷᠪᠠᠨ ᠠᠵᠢᠯᠯᠠᠬᠤ ᠡᠳᠦᠷ ᠤᠨ ᠳᠣᠲᠣᠷ᠎ᠠ ᠲᠤᠰᠬᠠᠶ ᠮᠡᠷᠭᠡᠵᠢᠯᠲᠡᠨ ᠤ ᠬᠢᠨᠠᠨ ᠲᠣᠭᠲᠠᠭᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂  ᠪᠦᠳᠦᠭᠡᠨ ᠪᠠᠶᠢᠭᠤᠯᠤᠯᠳᠠ ᠶᠢᠨ ᠨᠢᠭᠡᠴᠡ ᠶᠢᠨ ᠲᠤᠰᠢᠶᠠᠭᠰᠠᠨ ᠤᠨᠴᠠᠭᠠᠢ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢᠨ ᠮᠡᠷᠭᠡᠵᠢᠯ ᠤᠨ ᠮᠠᠲ᠋ᠧᠷᠢᠶᠠᠯ ᠢ ᠬᠢᠨᠠᠨ ᠲᠣᠭᠲᠠᠭᠠᠬᠤ ᠬᠡᠷᠡᠭᠲᠡᠶ᠃      ᠦᠨᠡᠯᠡᠨ ᠬᠢᠨᠠᠬᠤ ᠲᠤᠰᠬᠠᠶ ᠮᠡᠷᠭᠡᠵᠢᠯᠲᠡᠨ ᠢ ᠲᠤᠰᠬᠠᠶ ᠮᠡᠷᠭᠡᠵᠢᠯᠲᠡᠨ ᠤ ᠬᠥᠮᠥᠷᠭᠡ ᠠᠴᠠ ᠲᠠᠰᠢᠷᠠᠮ ᠢᠶᠠᠷ ᠰᠤᠭᠤᠯᠵᠤ᠂ ᠮᠡᠷᠭᠡᠵᠢᠯ ᠨᠢ ᠪᠤᠳᠤᠯᠢᠶᠠᠨᠲᠠᠶ᠂ ᠲᠤᠰᠬᠠᠶ ᠮᠡᠷᠭᠡᠵᠢᠯ ᠤᠨ ᠴᠢᠨᠠᠷ ᠢᠶᠠᠷ ᠴᠢᠩᠭ᠎ᠠ ᠪᠤᠶᠤ ᠤᠯᠤᠰ ᠠᠴᠠ ᠤᠨᠴᠠᠭᠠᠢ ᠱᠠᠭᠠᠷᠳᠠᠯᠭ᠎ᠠ ᠲᠠᠢ ᠲᠥᠷᠥᠯ ᠵᠦᠢᠯ ᠳᠤ ᠬᠠᠷᠠᠭᠠᠯᠵᠠᠭᠰᠠᠨ ᠲᠤᠰᠬᠠᠶ ᠮᠡᠷᠭᠡᠵᠢᠯ ᠤᠨ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ ᠪᠦᠬᠦ ᠤᠯᠤᠰ ᠤᠨ ᠢᠨᠵᠧᠨᠧᠷᠢᠩ ᠤᠨ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠮᠠᠰᠲ᠋ᠧᠷ ᠵᠢᠴᠢ ᠬᠢᠯᠢ ᠶᠢᠨ ᠭᠠᠳᠠᠨᠠᠬᠢ ᠬᠠᠷᠠᠭᠠᠯᠵᠠᠭᠰᠠᠨ ᠬᠢᠷᠢ ᠬᠡᠮ ᠲᠠᠢ ᠲᠤᠰᠬᠠᠶ ᠮᠡᠷᠭᠡᠵᠢᠯᠲᠡᠨ ᠢ ᠰᠢᠭᠤᠳ ᠤᠷᠢᠵᠤ ᠦᠨᠡᠯᠡᠨ ᠬᠢᠨᠠᠬᠤ ᠳᠤ ᠣᠷᠣᠯᠴᠠᠭᠤᠯᠵᠤ ᠪᠣᠯᠤᠨ᠎ᠠ︔ ᠤᠨᠴᠠᠭᠠᠢ ᠪᠦᠳᠦᠭᠡᠠ ᠪᠠᠶᠢᠭᠤᠯᠤᠯᠲᠠ ᠶᠢᠨ ᠪᠠᠷᠢᠯᠭ᠎ᠠ ᠶᠢᠨ ᠵᠢᠷᠤᠭ ᠲᠥᠯᠥᠪᠯᠡᠭᠡᠨ ᠤ ᠨᠢᠭᠡᠴᠡ ᠯᠦᠭᠡ ᠠᠰᠢᠭ ᠬᠤᠣᠷ ᠤᠨ ᠬᠠᠷᠢᠴᠠᠭ᠎ᠠ ᠲᠠᠢ ᠲᠤᠰᠬᠠᠢ ᠮᠡᠷᠭᠡᠵᠢᠯᠲᠡᠨ ᠬᠢᠨᠠᠨ ᠲᠣᠭᠲᠠᠭᠠᠬᠤ ᠳᠤ ᠣᠷᠣᠯᠴᠠᠵᠤ ᠪᠣᠯᠬᠤ ᠤᠢᠭᠡᠢ᠃      ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠨᠢ ᠬᠤᠯᠪᠣᠭᠳᠠᠯ ᠪᠦᠬᠦᠢ ᠲᠤᠰᠬᠠᠶ ᠮᠡᠷᠭᠡᠵᠢᠯ ᠤᠨ ᠱᠠᠭᠠᠷᠳᠠᠯᠭ᠎ᠠ ᠳᠤ ᠨᠡᠶᠢᠴᠡᠵᠦ᠂ ᠶᠡᠷᠦᠩᠬᠡᠶ ᠲᠤᠭ᠎ᠠ ᠨᠢ ᠳᠣᠯᠣᠭᠠᠨ ᠬᠥᠮᠦᠨ ᠠᠴᠠ ᠳᠤᠲᠠᠭᠤ ᠪᠠᠶᠢᠵᠤ ᠪᠣᠯᠬᠤ ᠦᠭᠡᠶ ᠪᠥᠭᠡᠳ ᠬᠢᠨᠠᠨ ᠲᠣᠭᠲᠠᠭᠠᠭᠰᠠᠨ ᠰᠠᠨᠠᠯ ᠢᠶᠠᠨ ᠲᠤᠰᠠᠭᠠᠷ ᠭᠠᠷᠭᠠᠬᠤ ᠬᠡᠷᠡᠭᠲᠡᠶ᠃ ᠤᠨᠴᠠᠭᠠᠢ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢᠨ ᠮᠡᠷᠭᠡᠵᠢᠯ ᠤᠨ ᠮᠠᠲ᠋ᠧᠷᠢᠶᠠᠯ ᠤᠨ ᠳᠥᠷᠪᠡᠨ ᠤ ᠭᠤᠷᠪᠠ ᠠᠴᠠ ᠳᠡᠭᠡᠭᠰᠢᠬᠢ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠢᠶᠠᠷ ᠵᠥᠪᠰᠢᠶᠡᠷᠡᠭᠦᠯᠪᠡᠯ ᠳᠠᠷᠤᠶ ᠬᠢᠨᠠᠨ ᠲᠣᠭᠲᠠᠭᠠᠵᠤ ᠪᠠᠲᠤᠯᠠᠭᠰᠠᠨ ᠳᠤ ᠲᠣᠭᠠᠴᠠᠭᠳᠠᠨ᠎ᠠ᠂ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠠᠳᠠᠯᠢ ᠪᠤᠰᠤ ᠰᠠᠨᠠᠯ ᠲᠠᠢ ᠪᠠᠶᠢᠪᠠᠯ ᠲᠣᠳᠣᠷᠬᠠᠶᠢᠯᠠᠬᠤ ᠬᠡᠷᠡᠭᠲᠡᠶ᠃ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰᠬᠠᠶ ᠮᠡᠷᠭᠡᠵᠢᠯᠲᠡᠨ ᠤ ᠬᠢᠨᠠᠨ ᠲᠣᠭᠲᠠᠭᠠᠭᠰᠠᠨ ᠰᠠᠨᠠᠯ ᠢ ᠬᠢᠨᠠᠨ ᠲᠣᠭᠲᠠᠭᠠᠯᠭᠠᠬᠤ ᠪᠠᠷ ᠮᠡᠳᠡᠭᠦᠯᠦᠭᠰᠡᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠪᠢᠴᠢᠭ ᠢᠶᠠᠷ ᠮᠡᠳᠡᠭᠳᠡᠬᠦ ᠶᠢᠨ ᠬᠠᠮᠲᠤ ᠲᠥᠷᠥ ᠶᠢᠨ ᠶᠠᠪᠤᠳᠠᠯ ᠤᠨ ᠬᠤᠷᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃      ᠬᠤᠷᠢᠨ ᠬᠤᠶᠠᠳᠤᠭᠠᠷ ᠵᠦᠢᠯ  ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠯᠭᠠᠬᠤ ᠭᠤᠶᠤᠴᠢᠯᠠᠯ ᠢ ᠬᠦᠯᠢᠶᠡᠨ ᠠᠪᠤᠭᠰᠠᠨ ᠡᠳᠦᠷ ᠠᠴᠠ ᠡᠬᠢᠯᠡᠨ ᠠᠷᠪᠠᠨ ᠲᠠᠪᠤᠨ ᠠᠵᠢᠯᠯᠠᠬᠤ ᠡᠳᠦᠷ ᠤᠨ ᠳᠣᠲᠣᠷ᠎ᠠ ᠬᠢᠨᠠᠨ ᠪᠠᠶᠢᠴᠠᠭᠠᠭᠰᠠᠨ ᠰᠠᠨᠠᠯ ᠢᠶᠠᠨ ᠪᠢᠴᠢᠭ ᠢᠶᠠᠷ ᠭᠠᠷᠭᠠᠵᠤ ᠥᠭᠬᠦ ᠬᠡᠷᠡᠭᠲᠡᠶ᠃ ᠲᠤᠰ ᠲᠣᠭᠲᠠᠭᠠᠯ ᠤᠨ ᠶᠣᠰᠣᠭᠠᠷ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠬᠢᠨᠠᠨ ᠲᠣᠭᠲᠠᠭᠠᠯᠭᠠᠬᠤ ᠴᠢᠬᠤᠯᠠᠲᠠᠢ ᠪᠠᠶᠢᠪᠠᠯ᠂ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠴᠠᠭ ᠢ ᠬᠤᠷᠢᠨ ᠠᠵᠢᠯ ᠤᠨ ᠡᠳᠦᠷ ᠠᠴᠠ ᠬᠡᠲᠦᠷᠡᠭᠦᠯᠵᠦ ᠪᠣᠯᠬᠤ ᠦᠭᠡᠢ᠃      ᠬᠤᠷᠢᠨ ᠭᠤᠷᠪᠠᠳᠤᠭᠠᠷ ᠵᠦᠢᠯ  ᠳᠣᠣᠷ᠎ᠠ ᠵᠢᠭᠰᠠᠭᠠᠭᠰᠠᠨ ᠨᠥᠬᠦᠴᠡᠯ ᠳᠤ ᠨᠡᠶᠢᠴᠡᠭᠰᠡᠨ ᠪᠠᠶᠢᠪᠠᠯ᠂ ᠭᠠᠯ ᠰᠡᠷᠭᠡᠶᠢᠯᠡᠨ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠠᠵᠢᠯ ᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠭᠠᠯ ᠰᠡᠷᠭᠡᠶᠢᠯᠡᠨ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ ᠰᠠᠨᠠᠯ ᠭᠠᠷᠭᠠᠵᠤ ᠥᠭᠬᠦ ᠬᠡᠷᠡᠭᠲᠡᠢ᠃      ︵ᠨᠢᠭᠡ︶ ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ ᠭᠦᠢᠴᠡᠳ᠂ ᠬᠠᠤᠯᠢ ᠪᠠᠷ ᠲᠣᠭᠲᠠᠭᠠᠭᠰᠠᠨ ᠬᠡᠯᠪᠡᠷᠢ ᠳᠤ ᠨᠡᠶᠢᠴᠡᠭᠰᠡᠨ ᠪᠠᠶᠢᠬᠤ︔      ︵ᠬᠤᠶᠠᠷ︶ ᠵᠢᠷᠤᠵᠤ ᠲᠥᠯᠥᠪᠯᠡᠬᠦ ᠨᠢᠭᠡᠴᠡ ᠨᠢ ᠵᠣᠬᠢᠴᠠᠩᠭᠤᠢ ᠬᠢᠷᠢ ᠬᠡᠮ ᠲᠠᠢ ᠪᠠᠶᠢᠬᠤ︔      ︵ᠭᠤᠷᠪᠠ︶ ᠭᠠᠯ ᠰᠡᠷᠭᠡᠶᠢᠯᠡᠨ ᠤᠨᠲᠠᠷᠠᠭᠠᠬᠤ ᠵᠢᠷᠤᠭ ᠲᠥᠯᠥᠪᠯᠡᠭᠡᠨ ᠤ ᠪᠢᠴᠢᠭ ᠮᠠᠲ᠋ᠧᠷᠢᠶᠠᠯ ᠨᠢ ᠤᠯᠤᠰ ᠤᠨ ᠪᠠᠷᠢᠯᠭ᠎ᠠ ᠶᠢᠨ ᠪᠦᠳᠦᠭᠡᠠ ᠪᠠᠶᠢᠭᠤᠯᠤᠯᠲᠠ ᠶᠢᠨ ᠭᠠᠯ ᠰᠡᠷᠭᠡᠶᠢᠯᠡᠨ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠳᠤ ᠨᠡᠶᠢᠴᠡᠭᠰᠡᠨ ︵ᠲᠤᠰ ᠲᠣᠭᠲᠠᠭᠠᠯ ᠤᠨ ᠠᠷᠪᠠᠨ ᠳᠣᠯᠣᠳᠤᠭᠠᠷ ᠵᠦᠢᠯ ᠤᠨ ᠪᠠᠶᠢᠳᠠᠯ ᠤᠨ ᠨᠢᠭᠡ ᠨᠢ ᠪᠠᠶᠢᠬᠤ ᠣᠨᠴᠠᠭᠠᠢ ᠪᠦᠳᠦᠭᠡᠠ ᠪᠠᠶᠢᠭᠤᠯᠤᠯᠲᠠ ᠶᠢᠨ ᠪᠠᠷᠢᠯᠭ᠎ᠠ᠂ ᠭᠠᠯ ᠰᠡᠷᠭᠡᠶᠢᠯᠡᠨ ᠤᠨᠲᠠᠷᠠᠭᠠᠬᠤ ᠣᠨᠴᠠᠭᠠᠢ ᠵᠢᠷᠤᠭ ᠲᠥᠯᠥᠪᠯᠡᠭᠡᠨ ᠤ ᠮᠡᠷᠭᠡᠵᠢᠯ ᠤᠨ ᠮᠠᠲ᠋ᠧᠷᠢᠶᠠᠯ ᠢ ᠲᠤᠰᠬᠠᠢ ᠮᠡᠷᠭᠡᠵᠢᠯᠲᠡᠨ ᠬᠢᠨᠠᠨ ᠰᠢᠯᠭᠠᠷᠠᠭᠤᠯᠬᠤ ᠳᠤ ᠬᠢᠷᠢ ᠲᠡᠩᠴᠡᠭᠰᠡᠨ︶᠃      ᠡᠮᠦᠨᠡᠬᠢ ᠵᠤᠷᠪᠤᠰ ᠲᠤ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠦᠭᠡᠶ ᠪᠤᠯ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ ᠦᠭᠡᠶ ᠰᠠᠨᠠᠯ ᠢ ᠭᠠᠷᠭᠠᠵᠤ ᠥᠭᠬᠦ ᠶᠢᠨ ᠬᠠᠮᠲᠤ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠶ᠃      ᠬᠤᠷᠢᠨ ᠳᠥᠷᠪᠡᠳᠦᠭᠡᠷ ᠵᠦᠢᠯ  ᠪᠠᠷᠢᠯᠭ᠎ᠠ ᠶᠢᠨ ᠵᠢᠷᠤᠭ ᠲᠥᠯᠥᠪᠯᠡᠭᠡᠨ ᠤ ᠪᠢᠴᠢᠭ ᠮᠠᠲ᠋ᠧᠷᠢᠶᠠᠯ ᠢ ᠬᠠᠮᠲᠤᠷᠠᠨ ᠬᠢᠨᠠᠨ ᠪᠠᠶᠢᠴᠠᠭᠠᠬᠤ ᠳᠤ᠂ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠰᠡᠷᠭᠡᠶᠢᠯᠡᠨ ᠤᠨᠲᠠᠷᠠᠭᠠᠬᠤ ᠵᠢᠷᠤᠭ ᠲᠥᠯᠥᠪᠯᠡᠭᠡᠨ ᠤ ᠮᠡᠷᠭᠡᠵᠢᠯ ᠤᠨ ᠬᠢᠨᠠᠨ ᠪᠠᠶᠢᠴᠠᠭᠠᠯᠲᠠ ᠶᠢ ᠬᠠᠮᠲᠤᠷᠠᠨ ᠬᠢᠨᠠᠨ ᠪᠠᠶᠢᠴᠠᠭᠠᠬᠤ ᠳᠤ ᠣᠷᠣᠭᠤᠯᠬᠤ ᠬᠡᠷᠡᠭᠲᠡᠢ᠃      ᠬᠤᠷᠢᠨ ᠲᠠᠪᠤᠳᠤᠭᠠᠷ ᠵᠦᠢᠯ  ᠪᠦᠳᠦᠭᠡᠠ ᠪᠠᠶᠢᠭᠤᠯᠬᠤ᠂ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ ᠨᠢᠭᠡᠴᠡ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ ᠭᠠᠯ ᠰᠡᠷᠭᠡᠶᠢᠯᠡᠨ ᠤᠨᠲᠠᠷᠠᠭᠠᠬᠤ ᠵᠢᠷᠤᠭ ᠲᠥᠯᠥᠪᠯᠡᠭᠡᠨ ᠤ ᠪᠢᠴᠢᠭ ᠮᠠᠲ᠋ᠧᠷᠢᠶᠠᠯ ᠢ ᠳᠤᠷ᠎ᠠ ᠪᠠᠷ ᠢᠶᠠᠨ ᠵᠠᠰᠠᠵᠤ ᠪᠣᠯᠬᠤ ᠤᠢᠭᠡᠢ᠃ ᠦᠨᠡᠬᠡᠷ ᠵᠠᠰᠠᠪᠤᠷᠢ ᠣᠷᠣᠭᠤᠯᠬᠤ ᠴᠢᠬᠤᠯᠠᠲᠠᠢ ᠪᠠᠶᠢᠪᠠᠯ᠂ ᠪᠦᠳᠦᠭᠡᠨ ᠪᠠᠶᠢᠭᠤᠯᠬᠤ  ᠨᠢᠭᠡᠴᠡ ᠨᠢ ᠲᠤᠰ ᠲᠣᠭᠲᠠᠭᠠᠯ ᠶᠣᠰᠣᠭᠠᠷ ᠭᠠᠯ ᠰᠡᠷᠭᠡᠶᠢᠯᠡᠨ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠯᠭᠠᠬᠤ ᠪᠠᠷ ᠲᠠᠬᠢᠨ ᠭᠤᠶᠤᠴᠢᠯᠠᠬᠤ ᠬᠡᠷᠡᠭᠲᠡᠢ᠃      ᠳᠥᠷᠪᠡᠳᠦᠭᠡᠷ ᠪᠦᠯᠦᠭ  ᠤᠨᠴᠠᠭᠠᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠶᠢ ᠰᠢᠯᠭᠠᠨ ᠠᠪᠬᠤ      ᠬᠤᠷᠢᠨ ᠵᠢᠷᠭᠤᠳᠤᠭᠠᠷ ᠵᠦᠢᠯ  ᠤᠨᠴᠠᠭᠠᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠳᠤ ᠭᠠᠯ ᠤᠨᠲᠠᠷᠠᠭᠠᠬᠤ ᠶᠢ ᠰᠢᠯᠭᠠᠨ ᠠᠪᠬᠤ ᠳᠦᠷᠢᠮ ᠢ ᠬᠡᠷᠡᠭᠵᠢᠭᠦᠯᠦᠨ᠎ᠡ᠃      ᠤᠨᠴᠠᠭᠠᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠳᠠᠭᠤᠰᠴᠤ ᠰᠢᠯᠭᠠᠨ ᠠᠪᠤᠭᠰᠠᠨ ᠤ ᠳᠠᠷᠠᠭ᠎ᠠ᠂ ᠪᠠᠷᠢᠯᠭ᠎ᠠ ᠪᠠᠷᠢᠭᠤᠯᠬᠤ ᠨᠢᠭᠡᠴᠡ ᠨᠢ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠭᠠᠯ ᠤᠨᠲᠠᠷᠠᠭᠠᠬᠤ ᠶᠢ ᠰᠢᠯᠭᠠᠨ ᠠᠪᠤᠭᠤᠯᠬᠤ ᠪᠠᠷ ᠭᠤᠶᠤᠴᠢᠯᠠᠬᠤ ᠬᠡᠷᠡᠭᠲᠡᠶ︔ ᠭᠠᠯ ᠰᠡᠷᠭᠡᠶᠢᠯᠡᠨ ᠤᠨᠲᠠᠷᠠᠭᠠᠬᠤ ᠲᠤᠬᠠᠢ ᠰᠢᠯᠭᠠᠯᠲᠠ ᠬᠢᠯᠭᠡᠭᠰᠡᠨ ᠤᠢᠭᠡᠢ ᠪᠤᠶᠤ ᠭᠠᠯ ᠰᠡᠷᠭᠡᠶᠢᠯᠡᠨ ᠤᠨᠲᠠᠷᠠᠭᠠᠬᠤ ᠲᠤᠬᠠᠢ ᠰᠢᠯᠭᠠᠯᠲᠠ ᠨᠢ ᠬᠢᠷᠢ ᠲᠡᠩᠴᠡᠭᠰᠡᠨ ᠤᠢᠭᠡᠢ ᠪᠠᠶᠢᠪᠠᠯ᠂ ᠠᠰᠢᠭᠯᠠᠯᠲᠠ ᠳᠤ ᠣᠷᠣᠭᠤᠯᠬᠤ ᠶᠢ ᠴᠠᠭᠠᠵᠠᠯᠠᠨ᠎ᠠ᠃      ᠬᠤᠷᠢᠨ ᠳᠣᠯᠣᠳᠤᠭᠠᠷ ᠵᠦᠢᠯ ᠪᠥᠳᠥᠭᠡᠨ ᠪᠠᠶᠢᠭᠤᠯᠤᠯᠳᠠ ᠶᠢᠨ ᠨᠢᠭᠡᠴᠡ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠶᠢ ᠵᠣᠬᠢᠶᠠᠨ ᠪᠠᠶᠢᠭᠤᠯᠬᠤ ᠲᠠᠭᠠᠨ᠂ ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ᠨᠢ ᠳᠣᠣᠷᠠᠬᠢ ᠱᠠᠭᠠᠷᠳᠠᠯᠭ᠎ᠠ ᠲᠤ ᠨᠡᠶᠢᠴᠡᠬᠦ ᠡᠰᠡᠬᠦ ᠶᠢ ᠪᠠᠶᠢᠴᠠᠭᠠᠨ ᠰᠢᠯᠭᠠᠬᠤ ᠬᠡᠷᠡᠭᠲᠡᠢ᠃      ︵ᠨᠢᠭᠡ︶ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠪᠣᠯᠤᠨ ᠭᠡᠷ᠎ᠡ ᠳᠤ ᠪᠣᠯᠵᠣᠨ ᠲᠣᠭᠲᠠᠭᠰᠠᠨ ᠭᠠᠯ ᠤᠨᠲᠠᠷᠠᠭᠠᠬᠤ ᠡᠯ᠎ᠡ ᠵᠦᠢᠯ ᠤᠨ ᠠᠭᠤᠯᠭ᠎ᠠ ᠶᠢ ᠪᠡᠶᠡᠯᠡᠭᠦᠯᠬᠦ ᠬᠡᠷᠡᠭᠲᠡᠶ︔      ︵ᠬᠤᠶᠠᠷ︶ ᠪᠠᠷᠢᠯᠭ᠎ᠠ ᠶᠢᠨ ᠭᠠᠯ ᠤᠨᠲᠠᠷᠠᠭᠠᠬᠤ ᠮᠡᠷᠭᠡᠵᠢᠯ ᠤᠨ ᠪᠦᠷᠢᠨ ᠪᠦᠲᠦᠨ ᠳᠠᠩᠰᠠ ᠡᠪᠬᠡᠮᠡᠯ ᠪᠣᠯᠤᠨ ᠪᠠᠷᠢᠯᠭ᠎ᠠ ᠶᠢᠨ ᠠᠵᠢᠯ ᠤᠨ ᠬᠠᠮᠢᠶᠠᠷᠤᠯᠲᠠ ᠶᠢᠨ ᠮᠠᠲ᠋ᠧᠷᠢᠶᠠᠯ ︵ᠭᠠᠯ ᠤᠨᠲᠠᠷᠠᠭᠠᠬᠤ ᠳᠤ ᠬᠤᠯᠪᠣᠭᠳᠠᠬᠤ ᠪᠠᠷᠢᠯᠭ᠎ᠠ ᠶᠢᠨ ᠮᠠᠲ᠋ᠧᠷᠢᠶᠠᠯ᠂ ᠪᠠᠷᠢᠯᠭ᠎ᠠ ᠶᠢᠨ ᠲᠣᠨᠣᠭᠯᠠᠭᠠᠰᠤ ᠰᠡᠯᠪᠢᠭᠡᠰᠦ ᠪᠣᠯᠤᠨ ᠲᠥᠬᠦᠭᠡᠷᠦᠮᠵᠢ ᠶᠢᠨ ᠲᠠᠯᠠᠪᠠᠶ ᠳᠤ ᠣᠷᠣᠬᠤ ᠲᠤᠷᠰᠢᠯᠲᠠ ᠶᠢᠨ ᠮᠡᠳᠡᠭᠦᠯᠦᠯᠲᠡ ᠪᠠᠭᠲᠠᠨ᠎ᠠ︶ ᠲᠠᠢ ᠪᠠᠶᠢᠬᠤ︔      ︵ᠭᠤᠷᠪᠠ  ︶ ᠪᠦᠳᠦᠭᠡᠨ ᠪᠠᠶᠢᠭᠤᠯᠤᠯᠳᠠ ᠶᠢᠨ ᠨᠢᠭᠡᠴᠡ ᠨᠢ ᠪᠠᠷᠢᠯᠭ᠎ᠠ ᠳᠠᠭᠠᠨ ᠭᠠᠯ ᠤᠨᠲᠠᠷᠠᠭᠠᠬᠤ ᠳᠤ ᠬᠤᠯᠪᠣᠭᠳᠠᠬᠤ ᠡᠯ᠎ᠡ ᠬᠡᠰᠡᠭ ᠤᠨ ᠲᠥᠷᠥᠯ ᠵᠦᠢᠯ ᠤᠨ ᠪᠠᠷᠢᠯᠭ᠎ᠠ ᠶᠢ ᠰᠢᠯᠭᠠᠨ ᠠᠪᠬᠤ ᠳᠤ ᠬᠢᠷᠢ ᠲᠡᠩᠴᠡᠭᠰᠡᠨ ᠪᠠᠶᠢᠬᠤ︔ ᠪᠠᠷᠢᠯᠭ᠎ᠠ ᠪᠠᠷᠢᠬᠤ᠂ ᠵᠢᠷᠤᠭᠯᠠᠨ ᠲᠥᠯᠥᠪᠯᠡᠬᠦ᠂ ᠪᠠᠷᠢᠯᠭ᠎ᠠ ᠶᠢᠨ ᠬᠢᠨᠠᠨ ᠬᠠᠮᠢᠶᠠᠷᠤᠯᠳᠠ᠂ ᠮᠡᠷᠭᠡᠵᠢᠯ ᠤᠨ ᠦᠢᠯᠡᠴᠢᠯᠡᠭᠡᠨ ᠬᠢᠬᠦ ᠵᠡᠷᠭᠡ ᠨᠢᠭᠡᠴᠡ ᠤᠳ ᠪᠠᠷᠢᠯᠭ᠎ᠠ ᠶᠢᠨ ᠭᠠᠯ ᠤᠨᠲᠠᠷᠠᠭᠠᠬᠤ ᠶᠠᠰᠤ ᠴᠢᠨᠠᠷ ᠢ ᠬᠤᠯᠪᠣᠭᠳᠠᠯ ᠪᠦᠬᠦᠢ ᠪᠠᠷᠢᠮᠵᠢᠶ᠎ᠠ ᠳᠤ ᠨᠡᠶᠢᠴᠡᠭᠦᠯᠬᠦ ᠪᠠᠷ ᠨᠤᠲᠠᠯᠠᠨ ᠲᠣᠭᠲᠠᠭᠠᠬᠤ ᠬᠡᠷᠡᠭᠲᠡᠶ︔      ︵ᠳᠥᠷᠪᠡ︶ ᠭᠠᠯ ᠤᠨᠲᠠᠷᠠᠭᠠᠬᠤ ᠲᠦᠭᠦᠭᠡᠷᠦᠮᠵᠢ ᠶᠢᠨ ᠴᠢᠨᠠᠷ ᠴᠢᠳᠠᠯ᠂ ᠰᠢᠰᠲ᠋ᠧᠮ ᠤᠨ ᠴᠢᠳᠠᠮᠵᠢ ᠶᠢ ᠬᠠᠮᠲᠤᠷᠠᠨ ᠲᠣᠬᠢᠷᠠᠭᠤᠯᠵᠤ ᠬᠠᠮᠲᠤᠷᠠᠨ ᠲᠤᠷᠰᠢᠬᠤ ᠵᠡᠷᠭᠡ ᠠᠭᠤᠯᠭ᠎ᠠ ᠶᠢ ᠪᠠᠶᠢᠴᠠᠭᠠᠨ ᠬᠡᠮᠵᠢᠵᠦ ᠬᠢᠷᠢ ᠲᠡᠩᠴᠡᠭᠰᠡᠨ ᠪᠠᠶᠢᠬᠤ᠃       ᠪᠠᠶᠢᠴᠠᠭᠠᠨ ᠰᠢᠯᠭᠠᠭᠠᠳ ᠡᠮᠦᠨᠡᠬᠢ ᠪᠠᠳᠠᠭ ᠤᠨ ᠲᠣᠭᠲᠠᠭᠠᠯ ᠳᠤ ᠨᠡᠶᠢᠴᠡᠬᠦ ᠤᠢᠭᠡᠢ ᠪᠦᠳᠦᠭᠡᠠ ᠪᠠᠶᠢᠭᠤᠯᠤᠯᠲᠠ ᠶᠢᠨ ᠪᠠᠷᠢᠯᠭ᠎ᠠ ᠪᠠᠶᠢᠪᠠᠯ᠂ ᠪᠦᠳᠦᠭᠡᠠ ᠪᠠᠶᠢᠭᠤᠯᠤᠯᠳᠠ ᠶᠢᠨ ᠨᠢᠭᠡᠴᠡ ᠨᠢ ᠪᠠᠷᠢᠯᠭ᠎ᠠ ᠳᠠᠭᠤᠰᠤᠭᠰᠠᠨ ᠢ ᠰᠢᠯᠭᠠᠨ ᠠᠪᠤᠭᠰᠠᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠵᠤ ᠪᠣᠯᠬᠤ ᠤᠢᠭᠡᠢ᠃      ᠬᠤᠷᠢᠨ ᠨᠠᠢᠮᠠᠳᠤᠭᠠᠷ ᠵᠦᠢᠯ  ᠪᠦᠳᠦᠭᠡᠠ ᠪᠠᠶᠢᠭᠤᠯᠤᠯᠳᠠ ᠶᠢᠨ ᠨᠢᠭᠡᠴᠡ ᠨᠢ ᠭᠠᠯ ᠤᠨᠲᠠᠷᠠᠭᠠᠬᠤ ᠶᠢ ᠰᠢᠯᠭᠠᠨ ᠠᠪᠤᠭᠤᠯᠬᠤ ᠪᠠᠷ ᠭᠤᠶᠤᠴᠢᠯᠠᠬᠤ ᠳᠤ᠂ ᠳᠣᠣᠷᠠᠬᠢ ᠮᠡᠲᠦ  ᠮᠠᠲ᠋ᠧᠷᠢᠶᠠᠯ ᠢ ᠲᠤᠰᠢᠶᠠᠬᠤ ᠬᠡᠷᠡᠭᠲᠡᠶ᠄      ︵ᠨᠢᠭᠡ︶ ᠭᠠᠯ ᠤᠨᠲᠠᠷᠠᠭᠠᠬᠤ ᠶᠢ ᠰᠢᠯᠭᠠᠨ ᠠᠪᠤᠭᠤᠯᠬᠤ ᠭᠤᠶᠤᠴᠢᠯᠠᠯ ᠤᠨ ᠬᠦᠰᠦᠨᠦᠭᠲᠦ︔      ︵ᠬᠤᠶᠠᠷ︶ ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠠᠪᠤᠭᠰᠠᠨ ᠮᠡᠳᠡᠭᠦᠯᠦᠯᠲᠡ︔      ︵ᠭᠤᠷᠪᠠ︶ ᠭᠠᠯ ᠤᠨᠲᠠᠷᠠᠭᠠᠬᠤ ᠳᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠳᠠᠭᠤᠰᠤᠭᠰᠠᠨ ᠵᠢᠷᠤᠭ᠃      ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠪᠦᠳᠦᠭᠡᠠ ᠪᠠᠶᠢᠭᠤᠯᠤᠯᠳᠠ ᠶᠢᠨ ᠨᠢᠭᠡᠴᠡ ᠶᠢᠨ ᠲᠤᠰᠢᠶᠠᠭᠰᠠᠨ ᠭᠠᠯ ᠤᠨᠲᠠᠷᠠᠭᠠᠬᠤ ᠶᠢ ᠰᠢᠯᠭᠠᠨ ᠠᠪᠤᠭᠤᠯᠬᠤ ᠭᠤᠶᠤᠴᠢᠯᠠᠯ ᠢ ᠭᠠᠷᠳᠠᠭᠰᠠᠨ ᠤ ᠳᠠᠷᠠᠭ᠎ᠠ ᠭᠤᠶᠤᠴᠢᠯᠠᠭᠰᠠᠨ ᠮᠠᠲ᠋ᠧᠷᠢᠶᠠᠯ ᠨᠢ ᠪᠦᠷᠢᠨ ᠭᠦᠢᠴᠡᠳ ᠪᠠᠶᠢᠪᠠᠯ᠂ ᠬᠦᠯᠢᠶᠡᠨ ᠠᠪᠤᠭᠰᠠᠨ ᠭᠡᠷᠡᠴᠢ ᠪᠠᠷᠢᠮᠲᠠ ᠬᠢᠵᠦ ᠥᠭᠬᠦ ᠬᠡᠷᠡᠭᠲᠡᠶ︔ ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ ᠭᠦᠢᠴᠡᠳ ᠪᠤᠰᠤ ᠪᠠᠶᠢᠪᠠᠯ᠂ ᠨᠥᠬᠦᠪᠥᠷᠢᠯᠡᠨ ᠵᠠᠯᠠᠷᠠᠭᠤᠯᠬᠤ ᠴᠢᠬᠤᠯᠠᠲᠠᠢ ᠪᠦᠬᠦ ᠠᠭᠤᠯᠭ᠎ᠠ ᠶᠢ ᠨᠢᠭᠡ ᠯᠡ ᠤᠳᠠᠭ᠎ᠠ ᠳᠡᠭᠡᠷ᠎ᠡ ᠮᠡᠳᠡᠭᠳᠡᠬᠦ ᠬᠡᠷᠡᠭᠲᠡᠢ᠃      ᠬᠤᠷᠢ ᠶᠢᠰᠦᠳᠦᠭᠡᠷ ᠵᠦᠢᠯ  ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠭᠠᠯ ᠤᠨᠲᠠᠷᠠᠭᠠᠬᠤ ᠶᠢ ᠰᠢᠯᠭᠠᠨ ᠠᠪᠤᠭᠤᠯᠬᠤ ᠭᠤᠶᠤᠴᠢᠯᠠᠯ ᠢ ᠬᠦᠯᠢᠶᠡᠨ ᠠᠪᠤᠭᠰᠠᠨ ᠤ ᠳᠠᠷᠠᠭ᠎ᠠ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠤᠨᠴᠠᠭᠠᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠳᠤ ᠲᠤᠬᠠᠶ ᠶᠢᠨ ᠭᠠᠵᠠᠷ ᠤᠨ ᠬᠢᠨᠠᠨ ᠲᠣᠭᠲᠠᠭᠠᠯᠲᠠ ᠬᠢᠬᠦ ᠬᠡᠷᠡᠭᠲᠡᠶ᠃ ᠲᠤᠬᠠᠶ ᠶᠢᠨ ᠲᠠᠯᠠᠪᠠᠶ ᠶᠢᠨ ᠦᠨᠡᠯᠡᠨ ᠲᠣᠭᠲᠠᠭᠠᠯᠲᠠ ᠳᠤ ᠪᠠᠷᠢᠯᠭ᠎ᠠ ᠶᠢᠨ ᠭᠠᠯ ᠢ ᠰᠡᠷᠭᠡᠶᠢᠯᠡᠬᠦ ︵ᠤᠨᠲᠠᠷᠠᠭᠠᠬᠤ︶ ᠲᠦᠭᠦᠭᠡᠷᠦᠮᠵᠢ ᠶᠢᠨ ᠭᠠᠳᠠᠷ ᠪᠠᠶᠢᠳᠠᠯ ᠢ ᠲᠤᠬᠠᠶ ᠶᠢᠨ ᠲᠠᠯᠠᠪᠠᠶ ᠳᠤ ᠥᠯᠢᠭᠡᠷ ᠠᠪᠴᠤ ᠦᠵᠡᠬᠦ ᠶᠢ ᠪᠠᠭᠲᠠᠭᠠᠨ᠎ᠠ︔ ᠲᠤᠰᠬᠠᠶ ᠬᠡᠮᠵᠢᠭᠦᠷᠯᠢᠭ ᠲᠥᠬᠦᠭᠡᠷᠦᠮᠵᠢ ᠪᠠᠷ ᠳᠠᠮᠵᠢᠭᠤᠯᠤᠨ ᠬᠤᠯᠪᠣᠭᠳᠠᠬᠤ ᠵᠠᠶ᠂ ᠥᠨᠳᠥᠷ᠂ ᠥᠷᠭᠡᠨ᠂ ᠤᠷᠲᠤ᠂ ᠲᠠᠯᠠᠪᠠᠶ᠂ ᠵᠤᠵᠠᠭᠠᠨ ᠤ ᠬᠡᠮᠵᠢᠶ᠎ᠡ ᠵᠡᠷᠭᠡ ᠬᠡᠮᠵᠢᠵᠦ ᠪᠣᠯᠬᠤ ᠭᠦᠢᠴᠡᠳᠬᠡᠬᠦ ᠲᠤᠭ᠎ᠠ ᠳᠤ ᠲᠤᠬᠠᠶ ᠶᠢᠨ ᠭᠠᠵᠠᠷ ᠲᠤᠨᠢ ᠦᠯᠢᠭᠡᠷ ᠠᠪᠴᠤ ᠬᠡᠮᠵᠢᠯᠲᠡ ᠬᠢᠨ᠎ᠡ︔ ᠭᠠᠯ ᠤᠨᠲᠠᠷᠠᠭᠠᠬᠤ ᠲᠥᠬᠦᠭᠡᠷᠦᠮᠵᠢ ᠶᠢᠨ ᠴᠢᠳᠠᠮᠵᠢ ᠶᠢ ᠦᠯᠢᠭᠡᠷ ᠠᠪᠴᠤ ᠰᠢᠯᠭᠠᠬᠤ᠂ ᠭᠠᠯ ᠤᠨᠲᠠᠷᠠᠭᠠᠬᠤ ᠲᠥᠬᠦᠭᠡᠷᠦᠮᠵᠢ ᠶᠢᠨ ᠰᠢᠰᠲ᠋ᠧᠮ ᠤᠨ ᠴᠢᠳᠠᠮᠵᠢ ᠶᠢ ᠬᠤᠯᠪᠣᠭᠠᠯᠠᠨ ᠲᠣᠬᠢᠷᠠᠭᠤᠯᠵᠤ ᠬᠤᠯᠪᠣᠭᠠᠯᠠᠨ ᠲᠤᠷᠰᠢᠬᠤ ᠵᠡᠷᠭᠡ ᠠᠭᠤᠯᠭ᠎ᠠ ᠪᠠᠭᠲᠠᠨ᠎ᠠ᠃      ᠭᠤᠴᠢᠳᠤᠭᠠᠷ ᠵᠦᠢᠯ  ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠭᠠᠯ ᠤᠨᠲᠠᠷᠠᠭᠠᠬᠤ ᠶᠢ ᠰᠢᠯᠭᠠᠨ ᠠᠪᠤᠭᠤᠯᠬᠤ ᠭᠤᠶᠤᠴᠢᠯᠠᠯ ᠢ ᠬᠦᠯᠢᠶᠡᠨ ᠠᠪᠤᠭᠰᠠᠨ ᠡᠳᠦᠷ ᠠᠴᠠ ᠡᠬᠢᠯᠡᠨ ᠠᠷᠪᠠᠨ ᠲᠠᠪᠤᠨ ᠡᠳᠦᠷ ᠤᠨ ᠳᠣᠲᠣᠷ᠎ᠠ ᠭᠠᠯ ᠤᠨᠲᠠᠷᠠᠭᠠᠬᠤ ᠶᠢ ᠰᠢᠯᠭᠠᠨ ᠠᠪᠤᠭᠰᠠᠨ ᠰᠠᠨᠠᠯ ᠢᠶᠠᠨ ᠭᠠᠷᠭᠠᠬᠤ ᠬᠡᠷᠡᠭᠲᠡᠶ᠃      ᠳᠣᠣᠷᠠᠬᠢ ᠨᠥᠬᠦᠴᠡᠯ ᠳᠤ ᠨᠡᠶᠢᠴᠡᠬᠦ ᠳᠤᠨᠢ ᠭᠠᠯ ᠤᠨᠲᠠᠷᠠᠭᠠᠬᠤ ᠶᠢ ᠰᠢᠯᠭᠠᠨ ᠠᠪᠬᠤ ᠳᠤ ᠬᠢᠷᠢ ᠲᠡᠩᠴᠡᠭᠰᠡᠨ ᠰᠠᠨᠠᠯ ᠭᠠᠷᠭᠠᠵᠤ ᠥᠭᠬᠦ ᠬᠡᠷᠡᠭᠲᠡᠶ᠄      ︵ᠨᠢᠭᠡ︶ ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ ᠭᠦᠢᠴᠡᠳ᠂ ᠬᠠᠤᠯᠢ ᠪᠠᠷ ᠲᠣᠭᠲᠠᠭᠠᠭᠰᠠᠨ ᠬᠡᠯᠪᠡᠷᠢ ᠳᠤ ᠨᠡᠶᠢᠴᠡᠭᠰᠡᠨ ᠪᠠᠶᠢᠬᠤ︔      ︵ᠬᠤᠶᠠᠷ︶ ᠪᠠᠷᠢᠯᠭ᠎ᠠ ᠳᠠᠭᠤᠰᠤᠭᠰᠠᠨ ᠢ ᠰᠢᠯᠭᠠᠨ ᠠᠪᠤᠭᠰᠠᠨ ᠮᠡᠳᠡᠭᠦᠯᠦᠯᠲᠡ ᠶᠢᠨ ᠠᠭᠤᠯᠭ᠎ᠠ ᠨᠢ ᠪᠦᠷᠢᠨ ᠲᠡᠭᠦᠯᠳᠡᠷ ᠪᠠᠶᠢᠬᠤ︔      ︵ᠭᠤᠷᠪᠠ︶ ᠭᠠᠯ ᠤᠨᠲᠠᠷᠠᠭᠠᠬᠤ ᠳᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠳᠠᠭᠤᠰᠤᠭᠰᠠᠨ ᠵᠢᠷᠤᠭ ᠨᠢ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ ᠭᠠᠯ ᠤᠨᠲᠠᠷᠠᠭᠠᠬᠤ ᠵᠢᠷᠤᠭ ᠲᠥᠯᠥᠪᠯᠡᠭᠡᠨ ᠤ ᠪᠢᠴᠢᠭ ᠮᠠᠲ᠋ᠧᠷᠢᠶᠠᠯ ᠯᠤᠭ᠎ᠠ ᠨᠡᠶᠢᠴᠡᠭᠰᠡᠨ ᠪᠠᠶᠢᠬᠤ︔      ︵ᠲᠦᠷᠪᠡ︶ ᠲᠤᠬᠠᠢ ᠶᠢᠨ ᠲᠠᠯᠠᠪᠤᠷ ᠤᠨ ᠦᠨᠡᠯᠡᠨ ᠲᠣᠭᠲᠠᠭᠠᠭᠰᠠᠨ ᠳ᠋ᠦᠩᠨᠡᠯᠲᠡ ᠨᠢ ᠬᠢᠷᠢ ᠲᠡᠩᠴᠡᠭᠰᠡᠨ ᠪᠠᠶᠢᠬᠤ᠃      ᠡᠮᠦᠨᠡᠬᠢ ᠵᠤᠷᠪᠤᠰ ᠲᠤ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠦᠭᠡᠶ ᠪᠣᠯ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠭᠠᠯ ᠤᠨᠲᠠᠷᠠᠭᠠᠬᠤ ᠶᠢ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠶ ᠰᠠᠨᠠᠯ ᠢ ᠭᠠᠷᠭᠠᠵᠤ ᠥᠭᠬᠦ ᠶᠢᠨ ᠬᠠᠮᠲᠤ ᠰᠢᠯᠲᠠᠭᠠᠨ ᠢ ᠨᠢ ᠲᠣᠳᠣᠷᠬᠠᠶᠢᠯᠠᠬᠤ ᠬᠡᠷᠡᠭᠲᠡᠶ᠃      ᠭᠤᠴᠢᠨ ᠨᠢᠭᠡᠳᠦᠭᠡᠷ ᠵᠦᠢᠯ  ᠲᠥᠯᠥᠪᠵᠢᠭᠦᠯᠭᠡ ᠬᠢᠬᠦ᠂ ᠭᠠᠵᠠᠷ ᠰᠢᠷᠣᠢ᠂ ᠭᠠᠯ ᠰᠡᠷᠭᠡᠶᠢᠯᠡᠨ ᠤᠨᠲᠠᠷᠠᠭᠠᠬᠤ᠂ ᠠᠷᠠᠳ ᠤᠨ ᠠᠭᠠᠷ ᠤᠨ ᠰᠡᠷᠭᠡᠶᠢᠯᠡᠯᠲᠡ᠂ ᠲᠠᠩᠰᠠ ᠡᠪᠬᠡᠮᠡᠯ ᠵᠡᠷᠭᠡ ᠵᠦᠢᠯᠡᠰ ᠢ ᠬᠠᠮᠲᠤᠷᠠᠨ ᠰᠢᠯᠭᠠᠨ ᠠᠪᠬᠤ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠰᠡᠷᠭᠡᠶᠢᠯᠡᠨ ᠤᠨᠲᠠᠷᠠᠭᠠᠬᠤ ᠲᠤᠬᠠᠢ ᠰᠢᠯᠭᠠᠨ ᠠᠪᠤᠭᠰᠠᠨ ᠰᠠᠨᠠᠯ ᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠠᠴᠠ ᠨᠢᠭᠡᠳᠦᠯᠲᠡᠢ ᠭᠠᠷᠭᠠᠨ᠎ᠠ᠃      ᠲᠠᠪᠤᠳᠤᠭᠠᠷ ᠪᠦᠯᠦᠭ   ᠪᠤᠰᠤᠳ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ᠂ ᠳᠠᠩᠰᠠᠯᠠᠭᠤᠯᠬᠤ ᠬᠢᠭᠡᠳ ᠰᠤᠭᠤᠴᠢᠨ ᠪᠠᠶᠢᠴᠠᠭᠠᠬᠤ        ᠭᠤᠴᠢᠨ ᠬᠤᠶᠠᠳᠤᠭᠠᠷ ᠵᠦᠢᠯ  ᠪᠦᠲᠦᠭᠡᠨ ᠪᠠᠶᠢᠭᠤᠯᠤᠯᠲᠠ ᠶᠢᠨ ᠪᠤᠰᠤᠳ ᠪᠠᠷᠢᠯᠭ᠎ᠠ ᠳᠤ ᠪᠦᠳᠦᠭᠡᠨ ᠪᠠᠶᠢᠭᠤᠯᠤᠯᠳᠠ ᠶᠢᠨ ᠨᠢᠭᠡᠴᠡ ᠨᠢ ᠪᠠᠷᠢᠯᠭ᠎ᠠ ᠪᠠᠷᠢᠬᠤ ᠵᠥᠪᠰᠢᠶᠡᠷᠡᠯ ᠭᠤᠶᠤᠴᠢᠯᠠᠬᠤ ᠪᠤᠶᠤ ᠠᠵᠢᠯ ᠡᠬᠢᠯᠡᠭᠦᠯᠬᠦ ᠮᠡᠳᠡᠭᠦᠯᠦᠯᠲᠡ ᠶᠢ ᠵᠥᠪᠰᠢᠶᠡᠷᠡᠭᠦᠯᠬᠦ ᠪᠠᠷ ᠭᠤᠶᠤᠴᠢᠯᠠᠬᠤ ᠳᠤ᠂ ᠪᠠᠷᠢᠯᠭ᠎ᠠ ᠪᠠᠷᠢᠬᠤ ᠬᠡᠷᠡᠭᠴᠡᠭᠡ ᠶᠢ ᠬᠠᠩᠭᠠᠬᠤ ᠭᠠᠯ ᠤᠨᠲᠠᠷᠠᠭᠠᠬᠤ ᠵᠢᠷᠤᠭ ᠲᠥᠯᠥᠪᠯᠡᠭᠡ ᠵᠢᠴᠢ ᠮᠡᠷᠭᠡᠵᠢᠯ ᠤᠨ  ᠮᠠᠲ᠋ᠧᠷᠢᠶᠠᠯ ᠢᠶᠠᠨ ᠬᠠᠩᠭᠠᠬᠤ ᠬᠡᠷᠡᠭᠲᠡᠶ᠃      ᠪᠠᠷᠢᠯᠭ᠎ᠠ ᠪᠠᠷᠢᠬᠤ ᠬᠡᠷᠡᠭᠴᠡᠭᠡ ᠶᠢ ᠬᠠᠩᠭᠠᠭᠰᠠᠨ ᠦᠭᠡᠢ ᠭᠠᠯ ᠰᠡᠷᠭᠡᠶᠢᠯᠡᠨ ᠤᠨᠲᠠᠷᠠᠭᠠᠬᠤ ᠵᠢᠷᠤᠭ ᠲᠥᠯᠥᠪᠯᠡᠭᠡ ᠵᠢᠴᠢ ᠮᠡᠷᠭᠡᠵᠢᠯ ᠤᠨ ᠮᠠᠲ᠋ᠧᠷᠢᠶᠠᠯ ᠢ ᠬᠠᠩᠭᠠᠭᠰᠠᠨ ᠦᠭᠡᠢ ᠪᠠᠶᠢᠪᠠᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠪᠤᠶᠤ ᠠᠵᠢᠯ ᠡᠬᠢᠯᠡᠭᠦᠯᠬᠦ ᠶᠢ ᠵᠥᠪᠰᠢᠶᠡᠷᠡᠭᠰᠡᠨ ᠮᠡᠳᠡᠭᠦᠯᠦᠯᠲᠡ ᠣᠯᠭᠤᠵᠤ ᠪᠣᠯᠬᠤ ᠦᠭᠡᠢ᠃      ᠭᠤᠴᠢᠨ ᠭᠤᠷᠪᠠᠳᠤᠭᠠᠷ ᠵᠦᠢᠯ  ᠪᠤᠰᠤᠳ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠳᠤ ᠳᠠᠩᠰᠠᠯᠠᠨ ᠰᠤᠭᠤᠴᠢᠨ ᠪᠠᠶᠢᠴᠠᠭᠠᠬᠤ ᠳᠦᠷᠢᠮ ᠢ ᠬᠡᠷᠡᠭᠵᠢᠭᠦᠯᠦᠨ᠎ᠡ      ᠪᠤᠰᠤᠳ ᠪᠦᠳᠦᠭᠡᠠ ᠪᠠᠶᠢᠭᠤᠯᠤᠯᠲᠠ ᠶᠢᠨ ᠪᠠᠷᠢᠯᠭ᠎ᠠ ᠶᠢ ᠬᠠᠤᠯᠢ ᠶᠣᠰᠣᠭᠠᠷ ᠰᠣᠩᠭᠤᠨ ᠪᠠᠶᠢᠴᠠᠭᠠᠭᠠᠳ ᠬᠢᠷᠢ ᠲᠡᠩᠴᠡᠭᠰᠡᠨ ᠤᠢᠭᠡᠢ ᠪᠠᠶᠢᠪᠠᠯ ᠬᠡᠷᠡᠭᠯᠡᠬᠦ ᠶᠢ ᠨᠢ ᠵᠣᠭᠰᠣᠭᠠᠬᠤ ᠬᠡᠷᠡᠭᠲᠡᠢ᠃      ᠭᠤᠴᠢᠨ ᠳᠥᠷᠪᠡᠳᠦᠭᠡᠷ ᠵᠦᠢᠯ  ᠪᠤᠰᠤᠳ ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ᠳᠠᠭᠤᠰᠴᠤ ᠰᠢᠯᠭᠠᠨ ᠠᠪᠬᠤ ᠳᠤ ᠬᠢᠷᠢ ᠲᠡᠩᠴᠡᠭᠰᠡᠨ ᠡᠳᠦᠷ ᠠᠴᠠ ᠡᠬᠢᠯᠡᠨ ᠲᠠᠪᠤᠨ ᠠᠵᠢᠯᠯᠠᠬᠤ ᠡᠳᠦᠷ ᠤᠨ ᠳᠣᠲᠣᠷ᠎ᠠ᠂ ᠪᠦᠳᠦᠭᠡᠠ ᠪᠠᠶᠢᠭᠤᠯᠤᠯᠳᠠ ᠶᠢᠨ ᠨᠢᠭᠡᠴᠡ ᠨᠢ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃      ᠪᠦᠳᠦᠭᠡᠠ ᠪᠠᠶᠢᠭᠤᠯᠤᠯᠳᠠ ᠶᠢᠨ ᠨᠢᠭᠡᠴᠡ ᠳᠠᠩᠰᠠᠯᠠᠭᠤᠯᠬᠤ ᠳᠤ ᠳᠣᠤᠷᠠᠬᠢ ᠮᠡᠲᠦ ᠮᠠᠲ᠋ᠧᠷᠢᠶᠠᠯ ᠢ ᠲᠤᠰᠢᠶᠠᠬᠤ ᠬᠡᠷᠡᠭᠲᠡᠶ᠄      ︵ᠨᠢᠭᠡ︶ ᠭᠠᠯ ᠤᠨᠲᠠᠷᠠᠭᠠᠬᠤ ᠶᠢ ᠰᠢᠯᠭᠠᠨ ᠠᠪᠬᠤ ᠶᠢᠨ ᠳᠠᠩᠰᠠᠯᠠᠭᠤᠯᠬᠤ ᠬᠦᠰᠦᠨᠦᠭᠲᠦ︔      ︵ᠬᠤᠶᠠᠷ︶ ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠠᠪᠤᠭᠰᠠᠨ ᠮᠡᠳᠡᠭᠦᠯᠦᠯᠲᠡ︔      ︵ᠭᠤᠷᠪᠠ︶ ᠭᠠᠯ ᠤᠨᠲᠠᠷᠠᠭᠠᠬᠤ ᠳᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠳᠠᠭᠤᠰᠤᠭᠰᠠᠨ ᠵᠢᠷᠤᠭ᠃      ᠲᠤᠰ ᠲᠣᠭᠲᠠᠭᠠᠯ ᠤᠨ ᠬᠤᠷᠢᠨ ᠳᠣᠯᠣᠳᠤᠭᠠᠷ ᠵᠦᠢᠯ ᠳᠤ ᠪᠦᠳᠦᠭᠡᠠ ᠪᠠᠶᠢᠭᠤᠯᠤᠯᠳᠠ ᠶᠢᠨ ᠨᠢᠭᠡᠴᠡ ᠶᠢᠨ ᠪᠠᠷᠢᠯᠭ᠎ᠠ ᠳᠠᠭᠤᠰᠴᠤ ᠭᠠᠯ ᠰᠡᠷᠭᠡᠶᠢᠯᠡᠨ ᠤᠨᠲᠠᠷᠠᠭᠠᠬᠤ ᠲᠤᠬᠠᠢ ᠪᠠᠶᠢᠴᠠᠭᠠᠨ ᠰᠢᠯᠭᠠᠬᠤ ᠬᠤᠯᠪᠣᠭᠳᠠᠯ ᠪᠦᠬᠦᠢ ᠲᠣᠭᠲᠠᠭᠠᠯ ᠢ ᠪᠤᠰᠤᠳ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠳᠤ ᠬᠡᠷᠡᠭᠯᠡᠨ᠎ᠡ᠃      ᠭᠤᠴᠢᠨ ᠲᠠᠪᠤᠳᠤᠭᠠᠷ ᠵᠦᠢᠯ  ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠪᠦᠳᠦᠭᠡᠠ ᠪᠠᠶᠢᠭᠤᠯᠤᠯᠳᠠ ᠶᠢᠨ ᠨᠢᠭᠡᠴᠡ ᠶᠢᠨ ᠳᠠᠩᠰᠠᠯᠠᠭᠤᠯᠤᠭᠰᠠᠨ ᠮᠠᠲ᠋ᠧᠷᠢᠶᠠᠯ ᠢ ᠬᠦᠯᠢᠶᠡᠨ ᠠᠪᠤᠭᠰᠠᠨ ᠤ ᠳᠠᠷᠠᠭ᠎ᠠ᠂ ᠳᠠᠩᠰᠠᠯᠠᠭᠤᠯᠤᠭᠰᠠᠨ ᠮᠠᠲ᠋ᠧᠷᠢᠶᠠᠯ ᠨᠢ ᠪᠦᠷᠢᠨ ᠭᠦᠢᠴᠡᠳ ᠪᠠᠶᠢᠪᠠᠯ ᠳᠠᠩᠰᠠᠯᠠᠭᠤᠯᠤᠭᠰᠠᠨ ᠭᠡᠷᠡᠴᠢ ᠬᠢᠵᠦ ᠥᠭᠬᠦ ᠬᠡᠷᠡᠭᠲᠡᠶ︔ ᠳᠠᠩᠰᠠᠯᠠᠭᠤᠯᠤᠭᠰᠠᠨ ᠮᠠᠲ᠋ᠧᠷᠢᠶᠠᠯ ᠨᠢ ᠬᠡᠷᠪᠡ ᠪᠦᠷᠢᠨ ᠦᠭᠡᠶ ᠪᠣᠯ ᠨᠥᠬᠦᠪᠥᠷᠢᠯᠡᠵᠦ ᠵᠠᠯᠠᠷᠠᠭᠤᠯᠬᠤ ᠴᠢᠬᠤᠯᠠ ᠲᠠᠢ ᠪᠦᠬᠦ ᠠᠭᠤᠯᠭ᠎ᠠ ᠶᠢ ᠨᠢᠭᠡ ᠯᠡ ᠤᠳᠠᠭ᠎ᠠ ᠳᠤ ᠮᠡᠳᠡᠭᠳᠡᠬᠦ ᠬᠡᠷᠡᠭᠲᠡᠶ᠃      ᠭᠤᠴᠢᠨ ᠵᠢᠷᠭᠤᠳᠤᠭᠠᠷ ᠵᠦᠢᠯ  ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠳᠠᠩᠰᠠᠯᠠᠭᠤᠯᠤᠭᠰᠠᠨ ᠪᠤᠰᠤᠳ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠳᠤ ᠰᠤᠭᠤᠴᠢᠨ ᠪᠠᠶᠢᠴᠠᠭᠠᠯᠲᠠ ᠬᠢᠬᠦ ᠬᠡᠷᠡᠭᠲᠡᠶ᠃ ᠰᠤᠭᠤᠴᠢᠨ ᠪᠠᠶᠢᠴᠠᠭᠠᠬᠤ ᠠᠵᠢᠯ ᠳᠤ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠲᠦᠷᠢᠮ ᠢ ᠬᠡᠷᠡᠭᠵᠢᠭᠦᠯᠵᠦ᠂ ᠪᠠᠶᠢᠴᠠᠭᠠᠭᠳᠠᠬᠤ ᠡᠲᠡᠭᠡᠳ ᠢ ᠰᠤᠭᠤᠴᠢᠨ ᠪᠠᠶᠢᠴᠠᠭᠠᠵᠤ᠂ ᠪᠠᠶᠢᠴᠠᠭᠠᠬᠤ ᠠᠵᠢᠯᠲᠠᠨ ᠢ ᠰᠤᠭᠤᠴᠢᠨ ᠲᠣᠮᠢᠯᠠᠨ᠎ᠠ᠃  ᠰᠤᠭᠤᠴᠢᠨ ᠠᠪᠬᠤ ᠬᠠᠷᠢᠴᠠᠯ ᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠷᠢᠶ᠎ᠠ ᠣᠷᠣᠨ ᠤ ᠪᠠᠨ ᠳᠣᠲᠣᠷᠠᠬᠢ ᠭᠠᠯ ᠤᠨᠲᠠᠷᠠᠭᠠᠬᠤ ᠵᠢᠷᠤᠭ ᠲᠥᠯᠥᠪᠯᠡᠭᠡ᠂ ᠪᠠᠷᠢᠯᠭ᠎ᠠ ᠶᠢᠨ ᠠᠵᠢᠯ ᠤᠨ ᠶᠠᠰᠤ ᠴᠢᠨᠠᠷ ᠤᠨ ᠪᠠᠶᠢᠳᠠᠯ ᠲᠠᠢ ᠤᠶᠠᠯᠳᠤᠭᠤᠯᠤᠨ ᠲᠣᠭᠲᠠᠭᠠᠬᠤ ᠶᠢᠨ ᠬᠠᠮᠲᠤ ᠨᠡᠶᠢᠭᠡᠮ ᠳᠤ ᠨᠡᠶᠢᠲᠡᠯᠡᠬᠦ ᠬᠡᠷᠡᠭᠲᠡᠶ᠃      ᠭᠠᠯ ᠰᠡᠷᠭᠡᠶᠢᠯᠡᠨ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠠᠵᠢᠯ ᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠪᠤᠰᠤᠳ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠪᠠᠶᠢᠴᠠᠭᠠᠭᠳᠠᠬᠤ ᠡᠲᠡᠭᠡᠳ ᠢᠶᠠᠷ ᠲᠤᠬᠳᠠᠭᠠᠬᠳᠠᠬᠰᠠᠨ ᠡᠳᠦᠷ ᠠᠴᠠ ᠡᠬᠢᠯᠡᠨ ᠠᠷᠪᠠᠨ ᠲᠠᠪᠤᠨ ᠠᠵᠢᠯ ᠤᠨ ᠡᠳᠦᠷ ᠤᠨ ᠳᠣᠲᠣᠷ᠎ᠠ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠰᠢᠯᠭᠠᠨ ᠠᠪᠬᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠠᠶᠢᠴᠠᠭᠠᠵᠤ᠂ ᠪᠠᠶᠢᠴᠠᠭᠠᠭᠰᠠᠨ ᠲᠡᠮᠳᠡᠭᠯᠡᠯ ᠬᠢᠬᠦ ᠬᠡᠷᠡᠭᠲᠡᠢ᠃ ᠪᠠᠶᠢᠴᠠᠭᠠᠭᠰᠠᠨ ᠦᠷ᠎ᠡ ᠳ᠋ᠦᠩ ᠢᠶᠠᠨ ᠪᠦᠳᠦᠭᠡᠠ ᠪᠠᠶᠢᠭᠤᠯᠤᠯᠳᠠ ᠶᠢᠨ ᠨᠢᠭᠡᠴᠡ ᠳᠤ ᠮᠡᠳᠡᠭᠳᠡᠬᠦ ᠶᠢᠨ ᠬᠠᠮᠲᠤ ᠨᠡᠶᠢᠭᠡᠮ ᠳᠤ ᠵᠠᠷᠯᠠᠨ ᠨᠡᠶᠢᠲᠡᠯᠡᠬᠦ ᠬᠡᠷᠡᠭᠲᠡᠢ᠃      ᠭᠤᠴᠢᠨ ᠳᠣᠯᠣᠳᠤᠭᠠᠷ ᠵᠦᠢᠯ  ᠪᠦᠳᠦᠭᠡᠠ ᠪᠠᠶᠢᠭᠤᠯᠤᠯᠳᠠ ᠶᠢᠨ ᠨᠢᠭᠡᠴᠡ ᠪᠠᠶᠢᠴᠠᠭᠠᠭᠠᠳ ᠬᠢᠷᠢ ᠲᠡᠩᠴᠡᠭᠰᠡᠨ ᠦᠭᠡᠶ ᠪᠤᠯ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠢ ᠣᠯᠤᠭᠰᠠᠨ ᠤ ᠳᠠᠷᠠᠭ᠎ᠠ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠬᠡᠷᠡᠭᠯᠡᠬᠦ ᠶᠢ ᠨᠢ ᠵᠣᠭᠰᠣᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠂ ᠴᠡᠭᠴᠡᠯᠡᠨ ᠰᠠᠶᠢᠵᠢᠷᠠᠭᠤᠯᠵᠤ ᠳᠠᠭᠤᠰᠤᠭᠰᠠᠨ ᠤ ᠳᠠᠷᠠᠭ᠎ᠠ᠂ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠳᠠᠪᠲᠠᠨ ᠪᠠᠶᠢᠴᠠᠭᠠᠯᠭᠠᠬᠤ ᠪᠠᠷ ᠭᠤᠶᠤᠴᠢᠯᠠᠬᠤ ᠬᠡᠷᠡᠭᠲᠡᠶ᠃      ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠢᠴᠢᠭ ᠤᠨ ᠭᠤᠶᠤᠴᠢᠯᠠᠯ ᠢ ᠣᠯᠤᠭᠰᠠᠨ ᠡᠳᠦᠷ ᠠᠴᠠ ᠡᠬᠢᠯᠡᠨ ᠳᠣᠯᠣᠭᠠᠨ ᠠᠵᠢᠯᠯᠠᠬᠤ ᠡᠳᠦᠷ ᠤᠨ ᠳᠣᠲᠣᠷ᠎ᠠ ᠳᠠᠪᠲᠠᠨ ᠪᠠᠶᠢᠴᠠᠭᠠᠬᠤ ᠶᠢᠨ ᠬᠠᠮᠲᠤ ᠳᠠᠪᠲᠠᠨ ᠪᠠᠶᠢᠴᠠᠭᠠᠭᠰᠠᠨ ᠰᠠᠨᠠᠯ ᠢᠶᠠᠨ ᠭᠠᠷᠭᠠᠬᠤ ᠬᠡᠷᠡᠭᠲᠡᠶ᠃ ᠳᠠᠬᠢᠨ ᠪᠠᠶᠢᠴᠠᠭᠠᠭᠠᠳ ᠬᠢᠷᠢ ᠲᠡᠩᠴᠡᠭᠰᠡᠨ ᠤ ᠳᠠᠷᠠᠭ᠎ᠠ ᠰᠠᠶ᠋ᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢ ᠬᠡᠷᠡᠭᠯᠡᠵᠦ ᠪᠣᠯᠤᠨ᠎ᠠ      ᠵᠢᠷᠭᠤᠳᠤᠭᠠᠷ ᠪᠦᠯᠦᠭ   ᠳᠠᠭᠠᠯᠳᠤᠭᠤᠯᠤᠭᠰᠠᠨ ᠳᠦᠷᠢᠮ      ᠭᠤᠴᠢᠨ ᠨᠠᠢᠮᠠᠳᠤᠭᠠᠷ ᠵᠦᠢᠯ  ᠲᠤᠰ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠷᠢᠯᠭ᠎ᠠ ᠶᠢᠨ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠤᠨᠲᠠᠷᠠᠭᠠᠬᠤ ᠬᠠᠤᠯᠢ︾ ︽ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠰᠢᠢᠳᠬᠡᠨ ᠲᠣᠷᠭᠠᠨ᠎ᠠ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠪᠦᠳᠦᠭᠡᠨ ᠪᠠᠶᠢᠭᠤᠯᠬᠤ᠂ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠪᠠᠷᠢᠯᠭ᠎ᠠ ᠶᠢᠨ ᠠᠵᠢᠯ ᠢ ᠬᠢᠨᠠᠵᠤ ᠬᠠᠮᠢᠶᠠᠷᠬᠤ᠂ ᠮᠡᠷᠭᠡᠵᠢᠯ ᠤᠨ ᠦᠢᠯᠡᠴᠢᠯᠡᠭᠡ ᠬᠠᠩᠭᠠᠬᠤ ᠵᠡᠷᠭᠡ ᠨᠢᠭᠡᠴᠡ ᠵᠢᠴᠢ ᠲᠡᠭᠦᠨ ᠤ ᠠᠵᠢᠯᠳᠠᠨ ᠬᠤᠯᠪᠣᠭᠳᠠᠯ ᠪᠦᠬᠦᠢ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠪᠠ ᠤᠯᠤᠰ ᠤᠨ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠭᠠᠯ ᠰᠡᠷᠭᠡᠶᠢᠯᠡᠨ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠶᠢ ᠵᠥᠷᠢᠴᠡᠭᠰᠡᠨ ᠪᠠᠶᠢᠪᠠᠯ᠂ ᠬᠠᠤᠯᠢ ᠶᠣᠰᠣᠭᠠᠷ  ᠰᠢᠢᠳᠬᠡᠬᠦ ᠪᠤᠶᠤ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠠᠴᠠ ᠭᠠᠳᠠᠨ᠎ᠠ ᠪᠠᠰᠠ ᠬᠠᠷᠠᠭᠠᠯᠵᠠᠭᠰᠠᠨ ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠬᠠᠤᠯᠢ ᠶᠣᠰᠣᠭᠠᠷ ᠡᠭᠦᠷᠭᠡᠯᠡᠬᠦ ᠬᠡᠷᠡᠭᠲᠡᠢ᠃        ᠭᠤᠴᠢ ᠶᠢᠰᠦᠳᠦᠭᠡᠷ ᠵᠦᠢᠯ  ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠰᠡᠷᠭᠡᠶᠢᠯᠡᠨ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠲᠥᠷᠢᠮ ᠪᠠ ᠲᠣᠰ ᠲᠣᠭᠲᠠᠭᠠᠯ ᠢ ᠬᠡᠷᠡᠭᠵᠢᠭᠦᠯᠬᠦ ᠳᠤ ᠱᠠᠭᠠᠷᠳᠠᠭᠳᠠᠬᠤ ᠪᠢᠴᠢᠭ ᠮᠠᠲ᠋ᠧᠷᠢᠶᠠᠯ ᠤᠨ ᠶᠠᠩᠵᠤ ᠬᠡᠯᠪᠡᠷᠢ ᠶᠢ ᠲᠥᠷᠥ ᠶᠢᠨ ᠶᠠᠪᠤᠳᠠᠯ ᠤᠨ ᠬᠤᠷᠢᠶᠠᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠣᠭᠲᠠᠭᠠᠨ᠎ᠠ᠃      ᠳᠥᠴᠢᠳᠦᠭᠡᠷ ᠵᠦᠢᠯ  ᠰᠢᠨ᠎ᠡ ᠪᠠᠷ ᠨᠡᠶᠢᠲᠡᠯᠡᠭᠰᠡᠨ ᠤᠯᠤᠰ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠯ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠶᠢ ᠬᠡᠷᠡᠭᠵᠢᠭᠦᠯᠬᠦ ᠠᠴᠠ ᠡᠮᠦᠨ᠎ᠡ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠨᠢᠭᠡᠨᠲᠡ ᠬᠠᠤᠯᠢ ᠶᠣᠰᠣᠭᠠᠷ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ ᠪᠣᠯ ᠤᠤᠯ ᠤᠨ ᠬᠢᠨᠠᠨ ᠪᠠᠶᠢᠴᠠᠭᠠᠭᠰᠠᠨ ᠰᠠᠨᠠᠯ ᠤᠨ ᠪᠠᠷᠢᠮᠵᠢᠶ᠎ᠠ ᠶᠣᠰᠣᠭᠠᠷ ᠬᠡᠷᠡᠭᠵᠢᠭᠦᠯᠦᠨ᠎ᠡ᠃      ᠳᠥᠴᠢᠨ ᠨᠢᠭᠡᠳᠦᠭᠡᠷ ᠵᠦᠢᠯ  ᠣᠷᠣᠨ ᠰᠠᠭᠤᠴᠠ ᠶᠢᠨ ᠭᠡᠷ ᠳᠣᠲᠣᠷᠠᠬᠢ ᠵᠠᠰᠠᠯ ᠴᠢᠮᠡᠭᠯᠡᠯ᠂ ᠭᠠᠴᠠᠭᠠᠨ ᠤ ᠠᠷᠠᠳ ᠤᠨ ᠥᠪᠡᠷ ᠢᠶᠠᠨ ᠪᠠᠷᠢᠭᠰᠠᠨ ᠣᠷᠣᠨ ᠰᠠᠭᠤᠴᠠ᠂ ᠭᠠᠮᠰᠢᠭ ᠠᠴᠠ ᠠᠪᠤᠷᠠᠬᠤ ᠪᠠ ᠬᠥᠮᠦᠨ ᠦᠯᠦ ᠣᠯᠠᠨ ᠴᠤᠭᠯᠠᠷᠠᠬᠤ ᠲᠠᠯᠠᠪᠤᠷ ᠤᠨ ᠲᠥᠷ ᠴᠠᠭ ᠤᠨ ᠴᠢᠨᠠᠷᠲᠠᠢ ᠪᠠᠷᠢᠯᠭ᠎ᠠ ᠶᠢ ᠪᠥᠳᠥᠭᠡᠨ ᠪᠠᠶᠢᠭᠤᠯᠬᠤ ᠠᠵᠢᠯᠯᠠᠭ᠎ᠠ ᠳᠤ ᠲᠣᠰ ᠲᠣᠭᠲᠠᠭᠠᠯ ᠢ ᠬᠡᠷᠡᠭᠯᠡᠬᠦ ᠥᠭᠡᠢ᠃      ᠳᠥᠴᠢᠨ ᠬᠤᠶᠠᠳᠤᠭᠠᠷ ᠵᠦᠢᠯ  ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠤᠯᠴᠢᠠᠯᠨ ᠬᠠᠮᠢᠶᠠᠷᠬᠤ ᠰᠠᠯᠠᠭ᠎ᠠ ᠮᠥᠴᠢᠷ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠲᠤᠰ ᠲᠣᠭᠲᠠᠭᠠᠯ ᠢ ᠦᠨᠳᠦᠰᠦᠯᠡᠨ᠂ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠬᠡᠷᠡᠭᠵᠢᠭᠦᠯᠬᠦ ᠨᠠᠷᠢᠨ ᠳᠦᠷᠢᠮ ᠢ ᠲᠣᠭᠲᠠᠭᠠᠵᠤ ᠪᠣᠯᠤᠨ᠎ᠠ᠃      ᠳᠥᠴᠢᠨ ᠭᠤᠷᠪᠠᠳᠤᠭᠠᠷ ᠵᠦᠢᠯ  ᠲᠣᠰ ᠲᠣᠭᠲᠠᠭᠠᠯ ᠢ 2020 ᠣᠨ ᠤ 6 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃
ᠢᠷᠡᠯᠲᠡ᠄ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ ᠶᠢᠨ ᠲᠢᠩᠬᠢᠮ
Baidu
map