︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠰᠣᠶᠣᠯ ᠤᠨ ᠨᠠᠷᠠᠲᠤ ᠬᠤᠲᠠ ᠨᠠᠷᠠᠲᠤ ᠪᠠᠯᠭᠠᠰᠤ ᠨᠠᠷᠠᠲᠤ ᠲᠣᠰᠬᠤᠨ ᠵᠡᠭᠡᠯᠢ ᠲᠤᠭᠤᠷᠢᠭ ᠤᠨ ᠲᠡᠦᠬᠡᠳᠦ ᠪᠠᠷᠢᠯᠭ᠎ᠠ ᠶᠢᠨ ᠬᠠᠮᠠᠭᠠᠯᠠᠯᠳᠠ ᠶᠢᠨ ᠠᠷᠭ᠎ᠠ︾ ᠶᠢ ᠲᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2020/12/28
                 ᠦᠪᠦᠷ ᠪᠠᠶᠢᠭᠤᠯᠤᠯᠳᠠ ᠬᠤᠳᠠ ﹇2020﹈  42 ᠳ᠋ᠤᠭᠠᠷ ᠲᠤᠭᠠᠳᠦᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠂ ᠬᠤᠷᠢᠨᠭᠡᠷ ᠰᠢᠨ᠎ᠡ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠄      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠰᠣᠶᠣᠯ ᠤᠨ ᠨᠡᠷᠡᠲᠦ ᠬᠤᠲᠠ ᠨᠡᠷᠡᠲᠦ ᠪᠠᠯᠭᠠᠰᠤ ᠨᠡᠷᠡᠲᠦ ᠲᠣᠰᠬᠤᠨ ᠵᠡᠭᠡᠯᠢ ᠲᠣᠭᠤᠷᠢᠭ ᠤᠨ ᠲᠡᠦᠬᠡᠳᠦ ᠪᠠᠷᠢᠯᠭ᠎ᠠ ᠶᠢᠨ ᠬᠠᠮᠠᠭᠠᠯᠠᠯᠳᠠ ᠶᠢᠨ ᠠᠷᠭ᠎ᠠ︾ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃             ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ                                                                      2020 ᠤᠨ ᠤ 2 ᠳ᠋ᠤᠭᠠᠷ ᠰᠠᠷ᠎ᠠ ᠶᠢᠨ 24 ᠤ ᠡᠳᠤᠷ    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠰᠣᠶᠣᠯ ᠤᠨ ᠨᠠᠷᠠᠲᠤ ᠬᠤᠲᠠ ᠨᠠᠷᠠᠲᠤ ᠪᠠᠯᠭᠠᠰᠤ ᠨᠠᠷᠠᠲᠤ ᠲᠣᠰᠬᠤᠨ ᠵᠡᠭᠡᠯᠢ ᠲᠤᠭᠤᠷᠢᠭ ᠤᠨ ᠲᠡᠦᠬᠡᠳᠦ ᠪᠠᠷᠢᠯᠭ᠎ᠠ ᠶᠢᠨ ᠬᠠᠮᠠᠭᠠᠯᠠᠯᠳᠠ ᠶᠢᠨ ᠠᠷᠭ᠎ᠠ            ᠨᠢᠭᠡᠳᠦᠭᠡᠷ ᠪᠦᠯᠦᠭ   ᠶᠡᠷᠦᠩᠬᠡᠢ ᠳᠦᠷᠢᠮ      ᠨᠢᠭᠡᠳᠦᠭᠡᠷ ᠵᠦᠢᠯ  ᠲᠡᠦᠬᠡ ᠰᠣᠶᠣᠯ ᠤᠨ ᠨᠡᠷᠡᠲᠦ ᠬᠤᠲᠠ᠂ ᠨᠡᠷᠡᠲᠦ ᠪᠠᠯᠭᠠᠰᠤ᠂ ᠨᠡᠷᠡᠲᠦ ᠲᠣᠰᠬᠤᠨ᠂ ᠵᠡᠭᠡᠯᠢ ᠲᠣᠭᠤᠷᠢᠭ ᠤᠨ ᠲᠡᠦᠬᠡᠳᠦ ᠪᠠᠷᠢᠯᠭ᠎ᠠ ᠶᠢ ᠬᠠᠮᠠᠭᠠᠯᠠᠬᠤ ᠪᠠ ᠬᠠᠮᠢᠶᠠᠷᠤᠯᠳᠠ ᠶᠢ ᠴᠢᠩᠭᠠᠳᠬᠠᠬᠤ ᠶᠢᠨ ᠲᠤᠰᠠᠳᠠ᠂ ︽ᠲᠡᠦᠬᠡ ᠰᠣᠶᠣᠯ ᠤᠨ ᠨᠡᠷᠡᠲᠦ ᠬᠤᠲᠠ ᠨᠡᠷᠡᠲᠦ ᠪᠠᠯᠭᠠᠰᠤ ᠨᠡᠷᠡᠲᠦ ᠲᠣᠰᠬᠤᠨ ᠤ ᠬᠠᠮᠠᠭᠠᠯᠠᠯᠳᠠ ᠶᠢᠨ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ  ᠲᠤᠰ ᠠᠷᠭ᠎ᠠ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠲᠡᠦᠬᠡ ᠰᠣᠶᠣᠯ ᠤᠨ ᠨᠡᠷᠡᠲᠦ ᠬᠤᠲᠠ ᠂ ᠨᠡᠷᠡᠲᠦ ᠪᠠᠯᠭᠠᠰᠤ᠂ ᠨᠡᠷᠡᠲᠦ ᠲᠣᠰᠬᠤᠨ᠂ ᠵᠡᠭᠡᠯᠢ ᠲᠣᠭᠤᠷᠢᠭ ᠤᠨ ᠲᠡᠦᠬᠡᠳᠦ ᠪᠠᠷᠢᠯᠭ᠎ᠠ ᠶᠢ ᠬᠠᠮᠠᠭᠠᠯᠠᠬᠤ ᠪᠠ ᠬᠠᠮᠢᠶᠠᠷᠤᠯᠳᠠ ᠳᠤ ᠲᠣᠬᠢᠷᠠᠨ᠎ᠠ᠃      ᠥᠪᠡᠷᠲᠡᠭᠡᠨ ᠵᠠᠰᠠᠬᠤ ᠣᠷᠣᠨ ᠤ ᠲᠡᠦᠬᠡ ᠰᠣᠶᠣᠯ ᠤᠨ ᠨᠡᠷᠡᠲᠦ ᠬᠤᠲᠠ᠂ ᠨᠡᠷᠡᠲᠦ ᠪᠠᠯᠭᠠᠰᠤ᠂ ᠨᠡᠷᠡᠲᠦ ᠲᠣᠰᠬᠤᠨ᠂ ᠵᠡᠭᠡᠯᠢ ᠲᠣᠭᠤᠷᠢᠭ ᠭᠡᠳᠡᠭ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠨᠡᠶᠢᠲᠡᠯᠡᠭᠰᠡᠨ ᠨᠡᠷᠡᠲᠦ ᠬᠤᠲᠠ᠂ ᠨᠡᠷᠡᠲᠦ ᠪᠠᠯᠭᠠᠰᠤ᠂ ᠨᠡᠷᠡᠲᠦ ᠲᠣᠰᠬᠤᠨ᠂ ᠵᠡᠭᠡᠯᠢ ᠲᠣᠭᠤᠷᠢᠭ ᠢ ᠵᠢᠭᠠᠵᠤ ᠪᠤᠶ᠃      ᠲᠡᠦᠬᠡᠳᠦ ᠪᠠᠷᠢᠯᠭ᠎ᠠ ᠭᠡᠳᠡᠭ ᠨᠢ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠢᠶᠠᠷ ᠲᠣᠭᠲᠠᠭᠠᠯᠭᠠᠵᠤ ᠨᠡᠶᠢᠲᠡᠯᠡᠭᠦᠯᠦᠭᠰᠡᠨ ᠵᠣᠬᠢᠬᠤ ᠬᠠᠮᠠᠭᠠᠯᠠᠬᠤ ᠥᠷᠲᠡᠭ ᠲᠠᠢ᠂ ᠲᠡᠦᠬᠡ ᠶᠢᠨ ᠳᠦᠷᠰᠦ ᠪᠠᠶᠢᠳᠠᠯ ᠪᠣᠯᠤᠨ ᠣᠷᠣᠨ ᠨᠤᠲᠤᠭ ᠤᠨ ᠣᠨᠴᠠᠯᠢᠭ ᠢ ᠲᠤᠰᠬᠠᠵᠤ ᠳᠡᠶᠢᠯᠬᠦ᠂ ᠲᠡᠦᠬᠡ ᠶᠢᠨ ᠳᠤᠷᠠᠰᠬᠠᠯᠲᠤ ᠵᠦᠢᠯ ᠢᠶᠠᠷ ᠬᠠᠮᠠᠭᠠᠯᠠᠭᠳᠠᠬᠤ ᠨᠢᠭᠡᠴᠡ ᠪᠠᠷ ᠨᠡᠶᠢᠲᠡᠯᠡᠭᠡᠳᠦᠶ᠂ ᠪᠠᠰᠠ ᠰᠢᠯᠵᠢᠭᠦᠯᠵᠦ ᠪᠣᠯᠤᠰᠢ ᠦᠭᠡᠶ ᠲᠡᠦᠬᠡ ᠶᠢᠨ ᠳᠤᠷᠠᠰᠬᠠᠯᠲᠤ ᠵᠦᠢᠯ ᠢᠶᠠᠷ ᠳᠠᠩᠰᠠᠯᠠᠭᠤᠯᠤᠭᠰᠠᠨ ᠦᠭᠡᠶ ᠪᠠᠷᠢᠯᠭ᠎ᠠ᠂ ︵ᠤᠷᠤᠨ ᠰᠠᠭᠤᠴᠠ ᠶᠢᠨ ᠪᠤᠰᠦ︶ ᠪᠠᠷᠢᠮᠠᠯ ᠤᠨ ᠵᠦᠢᠯ ᠢ ᠵᠢᠭᠠᠵᠤ ᠪᠤᠶ᠃      ᠭᠤᠷᠪᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠥᠪᠡᠷᠲᠡᠭᠡᠨ ᠵᠠᠰᠠᠬᠤ ᠣᠷᠣᠨ ᠤ ᠲᠡᠦᠬᠡ ᠰᠣᠶᠣᠯ ᠤᠨ ᠨᠡᠷᠡᠲᠦ ᠬᠤᠲᠠ᠂ ᠨᠡᠷᠡᠲᠦ ᠪᠠᠯᠭᠠᠰᠤ᠂ ᠨᠡᠷᠡᠲᠦ ᠲᠣᠰᠬᠤᠨ᠂ ᠵᠡᠭᠡᠯᠢ ᠲᠣᠭᠤᠷᠢᠭ ᠤᠨ ᠬᠠᠮᠠᠭᠠᠯᠠᠯᠲᠠ ᠪᠠ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠲᠡᠦᠬᠡᠳᠦ ᠪᠠᠷᠢᠯᠭ᠎ᠠ ᠶᠢ ᠲᠣᠭᠲᠠᠭᠠᠬᠤ᠂ ᠬᠠᠮᠠᠭᠠᠯᠠᠬᠤ᠂ ᠬᠡᠷᠡᠭᠵᠢᠭᠦᠯᠬᠦ ᠵᠡᠷᠭᠡ ᠠᠵᠢᠯ ᠳᠤ ᠬᠢᠨᠠᠯᠲᠠ ᠲᠠᠯᠪᠢᠵᠤ ᠵᠢᠯᠣᠭᠤᠳᠬᠤ ᠶᠢ ᠬᠠᠷᠢᠭᠤᠴᠠᠨ᠎ᠠ᠃      ᠳᠥᠷᠪᠡᠳᠦᠭᠡᠷ ᠵᠦᠢᠯ  ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠲᠤᠰ ᠵᠠᠰᠠᠭ ᠵᠠᠬᠢᠷᠭᠠᠨ ᠤ ᠣᠷᠣᠨ ᠤ ᠪᠠᠨ ᠲᠡᠦᠬᠡ ᠰᠣᠶᠣᠯ ᠤᠨ ᠨᠡᠷᠡᠳᠦ ᠬᠤᠳᠠ᠂ ᠨᠡᠷᠡᠳᠦ ᠪᠠᠯᠭᠠᠰᠤ᠂ ᠨᠡᠷᠡᠳᠦ ᠲᠣᠰᠬᠤᠨ᠂ ᠵᠡᠭᠡᠯᠢ ᠲᠣᠭᠤᠷᠢᠭ ᠤᠨ ᠲᠡᠦᠬᠡᠳᠦ ᠪᠠᠷᠢᠯᠭ᠎ᠠ ᠶᠢ ᠬᠠᠮᠠᠭᠠᠯᠠᠬᠤ ᠪᠠ ᠬᠢᠨᠠᠨ ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ᠃      ᠲᠠᠪᠤᠳᠤᠭᠠᠷ ᠵᠦᠢᠯ  ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠳᠠᠯᠢ ᠱᠠᠲᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ᠂ ᠲᠣᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠲᠡᠦᠬᠡ ᠰᠣᠶᠣᠯ ᠤᠨ ᠨᠠᠷᠠᠲᠤ ᠬᠤᠲᠠ᠂ ᠨᠠᠷᠠᠲᠤ ᠪᠠᠯᠭᠠᠰᠤ᠂ ᠨᠠᠷᠠᠲᠤ ᠲᠣᠰᠬᠤᠨ᠂ ᠵᠡᠭᠡᠯᠢ ᠲᠣᠭᠤᠷᠢᠭ ᠤᠨ ᠮᠡᠳᠡᠭᠦᠯᠬᠦ᠂ ᠬᠠᠮᠠᠭᠠᠯᠠᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ ᠵᠢᠴᠢ ᠬᠠᠮᠠᠭᠠᠯᠠᠬᠤ ᠲᠥᠯᠥᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠳᠤ ᠬᠠᠷᠢᠭᠤᠴᠠᠨ᠎ᠠ᠃      ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠲᠡᠦᠬᠡ ᠰᠣᠶᠣᠯ ᠤᠨ ᠨᠡᠷᠡᠲᠦ ᠬᠤᠲᠠ᠂ ᠨᠡᠷᠡᠲᠦ ᠪᠠᠯᠭᠠᠰᠤ᠂ ᠨᠡᠷᠡᠲᠦ ᠲᠣᠰᠬᠤᠨ᠂ ᠵᠡᠭᠡᠯᠢ ᠲᠣᠭᠤᠷᠢᠭ ᠤᠨ ᠬᠠᠮᠠᠭᠠᠯᠠᠯᠲᠠ ᠬᠢᠭᠡᠳ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃      ᠲᠣᠰᠬᠤᠨ ︵ᠰᠠᠭᠤᠭᠠᠯᠢ︶ ᠤ ᠠᠷᠠᠳ ᠤᠨ ᠵᠥᠪᠯᠡᠯ ᠨᠢ ᠲᠣᠰᠬᠤᠨ ᠤ ᠳᠦᠷᠢᠮ᠂ ᠠᠷᠠᠳ ᠤᠨ ᠭᠡᠷ᠎ᠡ ᠲᠣᠭᠲᠠᠭᠠᠬᠤ ᠪᠠᠷ ᠳᠠᠮᠵᠢᠨ ᠲᠡᠦᠬᠡ ᠰᠣᠶᠣᠯ ᠤᠨ ᠨᠡᠷᠡᠲᠦ ᠲᠣᠰᠬᠤᠨ ᠢ ᠬᠠᠮᠠᠭᠠᠯᠠᠬᠤ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃      ᠵᠢᠷᠭᠤᠳᠤᠭᠠᠷ ᠵᠦᠢᠯ  ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠲᠡᠦᠬᠡ ᠰᠣᠶᠣᠯ ᠤᠨ ᠨᠡᠷᠡᠲᠦ ᠬᠤᠲᠠ᠂ ᠨᠡᠷᠡᠲᠦ ᠪᠠᠯᠭᠠᠰᠤ᠂ ᠨᠡᠷᠡᠲᠦ ᠲᠣᠰᠬᠤᠨ᠂ ᠵᠡᠭᠡᠯᠢ ᠲᠣᠭᠤᠷᠢᠭ ᠤᠨ ᠲᠡᠦᠬᠡᠳᠦ ᠪᠠᠷᠢᠯᠭ᠎ᠠ ᠶᠢᠨ ᠬᠠᠮᠠᠭᠠᠯᠠᠯᠲᠠ ᠶᠢ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠬᠤ ᠶᠢᠨ ᠬᠠᠮᠲᠤ ᠲᠣᠰ ᠭᠠᠵᠠᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠬᠠᠮᠠᠭᠠᠯᠠᠯᠲᠠ ᠶᠢᠨ ᠪᠡᠯᠡ ᠮᠥᠩᠭᠦ ᠲᠣᠬᠢᠷᠠᠭᠤᠯᠵᠤ᠂ ᠲᠣᠰ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠤᠷᠤᠭᠤᠯᠤᠨ᠎ᠠ᠃      ᠳᠣᠯᠣᠳᠤᠭᠠᠷ ᠵᠦᠢᠯ  ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠡᠦᠬᠡ ᠰᠣᠶᠣᠯ ᠤᠨ ᠨᠡᠷᠡᠳᠤ ᠬᠤᠳᠠ᠂ ᠨᠡᠷᠡᠳᠤ ᠪᠠᠯᠭᠠᠰᠤ᠂ ᠨᠡᠷᠡᠳᠤ ᠲᠣᠰᠬᠤᠨ᠂ ᠵᠡᠭᠡᠯᠢ ᠲᠣᠭᠤᠷᠢᠭ ᠤᠨ ᠲᠡᠦᠬᠡᠳᠦ ᠪᠠᠷᠢᠯᠭ᠎ᠠ ᠶᠢ ᠬᠠᠮᠠᠭᠠᠯᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠮᠠᠭᠠᠯᠠᠯᠳᠠ ᠶᠢᠨ ᠮᠡᠳᠡᠯᠭᠡ ᠶᠢ ᠲᠦᠭᠡᠮᠡᠯᠵᠢᠭᠦᠯᠦᠨ᠂ ᠨᠡᠶᠢᠭᠡᠮ ᠳᠠᠶᠠᠭᠠᠷ ᠤᠨ ᠬᠠᠮᠠᠭᠠᠯᠠᠯᠳᠠ ᠶᠢᠨ ᠤᠬᠠᠮᠰᠠᠷ ᠢ ᠲᠡᠭᠡᠭᠰᠢᠯᠡᠭᠦᠯᠦᠨ᠎ᠡ᠃      ᠨᠠᠢᠮᠠᠳᠤᠭᠠᠷ ᠵᠦᠢᠯ  ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠪᠦᠯᠬᠦᠮ ᠪᠣᠯᠤᠨ ᠬᠤᠪᠢ ᠬᠥᠮᠦᠨ ᠲᠤᠰᠠᠯᠠᠨ ᠬᠦᠷᠭᠡᠬᠦ᠂ ᠮᠥᠩᠭᠦ ᠪᠠᠷ ᠲᠤᠰᠠᠯᠠᠬᠤ᠂ ᠰᠠᠶᠢᠨ ᠳᠤᠷ᠎ᠠ ᠶᠢᠨ ᠦᠢᠯᠡᠴᠢᠯᠡᠭᠡ ᠬᠠᠩᠭᠠᠬᠤ ᠵᠡᠷᠭᠡ ᠠᠷᠭ᠎ᠠ ᠪᠠᠷ ᠲᠡᠦᠬᠡ ᠰᠣᠶᠣᠯ ᠤᠨ ᠨᠡᠷᠡᠲᠦ ᠬᠤᠲᠠ᠂ ᠨᠡᠷᠡᠲᠦ ᠪᠠᠯᠭᠠᠰᠤ᠂ ᠨᠡᠷᠡᠲᠦ ᠲᠣᠰᠬᠤᠨ᠂ ᠵᠡᠭᠡᠯᠢ ᠲᠣᠭᠤᠷᠢᠭ ᠤᠨ ᠲᠡᠦᠬᠡᠳᠦ ᠪᠠᠷᠢᠯᠭ᠎ᠠ ᠶᠢ ᠬᠠᠮᠠᠭᠠᠯᠠᠬᠤ ᠠᠵᠢᠯ ᠳᠤ ᠣᠷᠣᠯᠴᠠᠬᠤ ᠶᠢ ᠵᠣᠷᠢᠭᠵᠢᠭᠤᠯᠤᠨ᠎ᠠ᠃      ᠬᠤᠶᠠᠳᠤᠭᠠᠷ ᠪᠦᠯᠦᠭ  ᠮᠡᠳᠡᠭᠦᠯᠬᠦ ᠪᠠ ᠵᠥᠪᠰᠢᠶᠡᠷᠡᠬᠦ      ᠶᠢᠰᠦᠳᠦᠭᠡᠷ ᠵᠦᠢᠯ  ᠳᠣᠣᠷᠠᠬᠢ ᠨᠥᠬᠦᠴᠡᠯ ᠢ ᠪᠦᠷᠢᠯᠳᠦᠭᠦᠯᠦᠭᠰᠡᠨ ᠬᠤᠲᠠ᠂ ᠪᠠᠯᠭᠠᠰᠤ᠂ ᠲᠣᠰᠬᠤᠨ ᠨᠢ ᠥᠪᠡᠷᠲᠡᠭᠡᠨ ᠵᠠᠰᠠᠬᠤ ᠣᠷᠣᠨ ᠤ ᠲᠡᠦᠬᠡ ᠰᠣᠶᠣᠯ ᠤᠨ ᠨᠡᠷᠡᠲᠦ ᠬᠤᠲᠠ᠂ ᠨᠡᠷᠡᠲᠦ ᠪᠠᠯᠭᠠᠰᠤ᠂ ᠨᠡᠷᠡᠲᠦ ᠲᠣᠰᠬᠤᠨ ᠢᠶᠠᠷ ᠮᠡᠳᠡᠭᠦᠯᠵᠦ ᠪᠣᠯᠤᠨ᠎ᠠ᠄      ︵ᠨᠢᠭᠡ︶ ᠲᠡᠦᠬᠡ ᠶᠢᠨ ᠳᠤᠷᠠᠰᠬᠠᠯᠲᠤ ᠵᠦᠢᠯ ᠢ ᠣᠨᠴᠠᠭᠠᠢ ᠡᠯᠪᠡᠭ ᠬᠠᠳᠠᠭᠠᠯᠠᠵᠤ ᠪᠠᠶᠢᠭ᠎ᠠ︔      ︵ᠬᠤᠶᠠᠷ︶ ᠲᠡᠦᠬᠡᠳᠦ ᠪᠠᠷᠢᠯᠭ᠎ᠠ ᠲᠥᠪᠯᠡᠷᠡᠨ ᠵᠠᠯᠭᠠᠯᠳᠤᠭᠰᠠᠨ︔      ︵ᠭᠤᠷᠪᠠ︶ ᠤᠯᠠᠮᠵᠢᠯᠠᠯᠲᠤ ᠪᠠᠶᠢᠷᠢᠰᠢᠯ ᠪᠠ ᠲᠡᠦᠬᠡ ᠶᠢᠨ ᠳᠦᠷᠰᠦ ᠪᠠᠶᠢᠳᠠᠯ ᠢ ᠬᠠᠳᠠᠭᠠᠯᠠᠵᠤ ᠪᠠᠶᠢᠭ᠎ᠠ︔      ︵ᠲᠦᠷᠪᠡ︶ ᠲᠡᠦᠬᠡᠨ ᠳᠡᠭᠡᠷ᠎ᠡ ᠤᠯᠤᠰ ᠲᠦᠷᠦ᠂ ᠠᠵᠤ ᠠᠬᠤᠢ᠂ ᠰᠣᠶᠣᠯ᠂ ᠵᠠᠮ ᠬᠠᠷᠢᠯᠴᠠᠭᠠᠨ ᠤ ᠲᠥᠪ ᠪᠤᠶᠤ ᠴᠡᠷᠢᠭ ᠤᠨ ᠶᠠᠪᠤᠳᠠᠯ ᠤᠨ ᠴᠢᠬᠤᠯᠠ ᠭᠠᠵᠠᠷ ᠪᠠᠶᠢᠭᠰᠠᠨ᠂ ᠡᠰᠡᠬᠦᠯ᠎ᠡ ᠴᠢᠬᠤᠯᠠ ᠲᠡᠦᠬᠡᠨ ᠬᠡᠷᠡᠭ ᠶᠠᠪᠤᠳᠠᠯ ᠭᠠᠷᠴᠤ ᠥᠩᠭᠡᠷᠡᠭᠰᠡᠨ᠂ ᠡᠰᠡᠬᠦᠯ᠎ᠡ ᠲᠡᠭᠦᠨ ᠤ ᠤᠯᠠᠮᠵᠢᠯᠠᠯᠲᠤ ᠠᠵᠤ ᠦᠢᠯᠡᠰ᠂ ᠲᠡᠦᠬᠡᠨ ᠳᠡᠭᠡᠷ᠎ᠡ ᠪᠠᠶᠢᠭᠤᠯᠤᠭᠰᠠᠨ ᠴᠢᠬᠤᠯᠠ ᠶᠡᠭᠡ ᠢᠨᠵᠧᠨᠧᠷᠢᠩ ᠨᠢ ᠲᠤᠰ ᠭᠠᠵᠠᠷ ᠣᠷᠣᠨ ᠤ ᠬᠥᠭᠵᠢᠯᠲᠡ ᠳᠤ ᠴᠢᠬᠤᠯᠠ ᠨᠥᠯᠥᠭᠡ ᠦᠵᠡᠭᠦᠯᠦᠭᠰᠡᠨ᠂ ᠡᠰᠡᠬᠦᠯ᠎ᠡ ᠲᠤᠰ ᠭᠠᠵᠠᠷ ᠣᠷᠣᠨ ᠤ ᠪᠠᠷᠢᠯᠭ᠎ᠠ ᠰᠣᠶᠣᠯ ᠤᠨ ᠣᠨᠴᠠᠯᠢᠭ᠂ ᠦᠨᠳᠦᠰᠦᠲᠡᠨ ᠤ ᠣᠨᠴᠠᠯᠢᠭ ᠢ ᠲᠥᠪᠯᠡᠷᠡᠩᠭᠦᠢ ᠲᠤᠰᠬᠠᠵᠤ ᠴᠢᠳᠠᠭᠰᠠᠨ︔      ᠥᠪᠡᠷᠲᠡᠭᠡᠨ ᠵᠠᠰᠠᠬᠤ ᠣᠷᠣᠨ ᠤ ᠲᠡᠦᠬᠡ ᠰᠣᠶᠣᠯ ᠤᠨ ᠨᠡᠷᠡᠲᠦ ᠬᠤᠲᠠ ᠶᠢ ᠭᠤᠶᠤᠴᠢᠯᠠᠨ ᠮᠡᠳᠡᠭᠦᠯᠬᠦ ᠳᠤ ᠭᠤᠶᠤᠴᠢᠯᠠᠨ ᠮᠡᠳᠡᠭᠦᠯᠦᠭᠰᠡᠨ ᠲᠡᠦᠬᠡ ᠰᠣᠶᠣᠯ ᠤᠨ ᠨᠡᠷᠡᠲᠦ ᠬᠤᠲᠠ ᠶᠢᠨ ᠬᠠᠮᠠᠭᠠᠯᠠᠯᠲᠠ ᠶᠢᠨ ᠬᠡᠪᠴᠢᠶᠡᠨ ᠳᠣᠲᠣᠷ᠎ᠠ ᠪᠠᠰᠠ ᠨᠢᠭᠡ ᠬᠡᠰᠡᠭ ᠠᠴᠠ ᠳᠡᠭᠡᠭᠰᠢ ᠲᠡᠦᠬᠡ ᠰᠣᠶᠣᠯ ᠤᠨ ᠵᠡᠭᠡᠯᠢ ᠲᠣᠭᠤᠷᠢᠭ ᠲᠠᠢ ᠪᠠᠶᠢᠬᠤ᠃      ᠠᠷᠪᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠲᠡᠦᠬᠡ ᠰᠣᠶᠣᠯ ᠤᠨ ᠨᠡᠷᠡᠲᠦ ᠬᠤᠲᠠ᠂ ᠨᠡᠷᠡᠲᠦ ᠪᠠᠯᠭᠠᠰᠤ᠂ ᠨᠡᠷᠡᠲᠦ ᠲᠣᠰᠬᠤᠨ ᠢᠶᠠᠷ ᠮᠡᠳᠡᠭᠦᠯᠬᠦ ᠳᠤ ᠳᠣᠣᠷᠠᠬᠢ ᠮᠠᠲ᠋ᠧᠷᠢᠶᠠᠯ ᠤᠳ ᠢ ᠲᠤᠰᠢᠶᠠᠬᠤ ᠬᠡᠷᠡᠭᠲᠡᠶ᠄      ︵ᠨᠢᠭᠡ︶ ᠲᠡᠦᠬᠡ ᠶᠢᠨ ᠤᠯᠠᠷᠢᠯ ᠬᠤᠪᠢᠰᠤᠯ᠂ ᠣᠷᠣᠨ ᠨᠤᠲᠤᠭ ᠤᠨ ᠣᠨᠴᠠᠯᠢᠭ ᠪᠠ ᠲᠡᠦᠬᠡ ᠰᠣᠶᠣᠯ ᠤᠨ ᠦᠷᠳᠡᠭ ᠤᠨ ᠲᠤᠬᠠᠢ ᠲᠣᠳᠣᠷᠬᠠᠶᠢᠯᠠᠯᠲᠠ︔      ︵ᠬᠤᠶᠠᠷ︶ ᠤᠯᠠᠮᠵᠢᠯᠠᠯᠲᠤ ᠪᠠᠶᠢᠷᠢᠰᠢᠯ ᠪᠠ ᠲᠡᠦᠬᠡ ᠶᠢᠨ ᠳᠦᠷᠰᠦ ᠪᠠᠶᠢᠳᠠᠯ ᠤᠨ ᠣᠳᠣᠬᠢ ᠪᠠᠶᠢᠳᠠᠯ︔      ︵ᠭᠤᠷᠪᠠ︶ ᠬᠠᠮᠠᠭᠠᠯᠠᠯᠳᠠ ᠶᠢᠨ ᠬᠦᠷᠢᠶ᠎ᠡ ᠬᠡᠪᠴᠢᠶ᠎ᠡ ᠵᠢᠴᠢ ᠵᠣᠬᠢᠬᠤ ᠲᠣᠳᠣᠷᠬᠠᠶᠢᠯᠠᠯᠲᠠ︔      ︵ᠲᠦᠷᠪᠡ︶ ᠲᠡᠦᠬᠡ ᠶᠢᠨ ᠳᠤᠷᠠᠰᠬᠠᠯᠲᠤ ᠵᠦᠢᠯ ᠢᠶᠠᠷ ᠬᠠᠮᠠᠭᠠᠯᠠᠭᠳᠠᠬᠤ ᠨᠢᠭᠡᠴᠡ᠂ ᠰᠢᠯᠵᠢᠭᠦᠯᠵᠦ ᠪᠣᠯᠤᠰᠢ ᠤᠢᠭᠡᠢ ᠲᠡᠦᠬᠡ ᠶᠢᠨ ᠳᠤᠷᠠᠰᠬᠠᠯᠲᠤ ᠵᠦᠢᠯ᠂ ᠲᠡᠦᠬᠡ ᠶᠢᠨ ᠪᠠᠷᠢᠯᠭ᠎ᠠ᠂ ᠤᠯᠠᠮᠵᠢᠯᠠᠯᠲᠤ ᠳᠦᠷᠰᠦ ᠪᠠᠶᠢᠳᠠᠯ ᠲᠠᠢ ᠪᠠᠷᠢᠯᠭ᠎ᠠ ᠶᠢᠨ ᠦᠯᠡᠳᠡᠭᠳᠡᠯ ᠤᠨ ᠪᠠᠶᠢᠳᠠᠯ ᠢ ᠲᠠᠩᠰᠠᠯᠠᠭᠤᠯᠤᠭᠰᠠᠨ ᠲᠣᠳᠣᠷᠬᠠᠶᠢᠯᠠᠯᠲᠠ ᠵᠢᠴᠢ ᠲᠡᠦᠬᠡ ᠰᠣᠶᠣᠯ ᠤᠨ ᠵᠡᠭᠡᠯᠢ ᠲᠣᠭᠤᠷᠢᠭ ᠤᠨ ᠪᠠᠶᠢᠳᠠᠯ︔      ︵ᠲᠠᠪᠤ︶ ᠬᠠᠮᠠᠭᠠᠯᠠᠯᠲᠠ ᠶᠢᠨ ᠠᠵᠢᠯ ᠤᠨ ᠪᠠᠶᠢᠳᠠᠯ᠂ ᠬᠠᠮᠠᠭᠠᠯᠠᠯᠳᠠ ᠶᠢᠨ ᠬᠠᠷᠠᠯᠲᠠ ᠪᠠ ᠬᠠᠮᠠᠭᠠᠯᠠᠯᠳᠠ ᠶᠢᠨ ᠱᠠᠭᠠᠷᠳᠠᠯᠭ᠎ᠠ︔      ︵ᠵᠢᠷᠭᠤᠭ᠎ᠠ︶ ᠬᠠᠮᠢᠶ᠎ᠠ ᠪᠦᠬᠦᠢ ᠳᠠᠭᠠᠯᠳᠤᠭᠤᠯᠤᠯ ᠬᠦᠰᠦᠨᠦᠭᠲᠦ᠂ ᠵᠢᠷᠤᠭ ᠲᠦᠰᠦᠯ ᠵᠢᠴᠢ ᠭᠡᠷᠡᠯ ᠵᠢᠷᠤᠭ᠃      ᠠᠷᠪᠠᠨ ᠨᠢᠭᠡᠳᠦᠭᠡᠷ ᠵᠦᠢᠯ  ᠳᠣᠣᠷᠠᠬᠢ ᠨᠥᠬᠦᠴᠡᠯ ᠢ ᠪᠦᠷᠢᠯᠳᠦᠭᠦᠯᠦᠭᠰᠡᠨ ᠵᠡᠭᠡᠯᠢ ᠲᠣᠭᠤᠷᠢᠭ ᠢ ᠥᠪᠡᠷᠲᠡᠭᠡᠨ ᠵᠠᠰᠠᠬᠤ ᠣᠷᠣᠨ ᠤ ᠲᠡᠦᠬᠡ ᠰᠣᠶᠣᠯ ᠤᠨ ᠵᠡᠭᠡᠯᠢ ᠲᠣᠭᠤᠷᠢᠭ ᠢᠶᠠᠷ ᠮᠡᠳᠡᠭᠦᠯᠵᠦ ᠪᠣᠯᠤᠨ᠎ᠠ᠄      ︵ᠨᠢᠭᠡ︶ ᠵᠡᠭᠡᠯᠢ ᠭᠤᠳᠤᠮᠵᠢ ᠨᠢ ᠨᠡᠯᠢᠶᠡᠳ ᠪᠦᠷᠢᠨ ᠪᠦᠲᠦᠨ ᠲᠡᠦᠬᠡ ᠶᠢᠨ ᠪᠦᠳᠦᠴᠡ ᠪᠠ ᠳᠦᠷᠰᠦ ᠪᠠᠶᠢᠳᠠᠯ ᠲᠠᠢ ᠪᠠᠶᠢᠵᠤ᠂ ᠭᠤᠣᠯ ᠬᠠᠮᠠᠭᠠᠯᠠᠯᠲᠠ ᠶᠢᠨ ᠬᠡᠪᠴᠢᠶ᠎ᠡ ᠨᠢ ᠨᠢᠭᠡ ᠾᠧᠺᠲ᠋ᠠᠷ ᠠᠴᠠ ᠪᠠᠭ᠎ᠠ ᠪᠠᠶᠢᠵᠤ ᠪᠣᠯᠬᠤ ᠦᠭᠡᠢ︔      ︵ᠬᠤᠶᠠᠷ︶ ᠭᠤᠤᠯ ᠪᠣᠯᠬᠤ ᠬᠠᠮᠠᠭᠠᠯᠠᠯᠲᠠ ᠶᠢᠨ ᠬᠡᠪᠴᠢᠶᠡᠨ ᠳᠠᠬᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠨᠢ ᠰᠢᠯᠵᠢᠭᠦᠯᠵᠦ ᠪᠣᠯᠤᠰᠢ ᠥᠬᠡᠶ ᠲᠡᠦᠬᠡ ᠶᠢᠨ ᠳᠤᠷᠠᠰᠬᠠᠯᠲᠤ ᠵᠦᠢᠯᠡᠰ᠂ ᠲᠡᠦᠬᠡᠳᠦ ᠪᠠᠷᠢᠯᠭ᠎ᠠ᠂ ᠤᠯᠠᠮᠵᠢᠯᠠᠯᠲᠤ ᠥᠩᠭᠡ ᠦᠵᠡᠮᠵᠢ ᠲᠠᠢ ᠪᠠᠷᠢᠯᠭ᠎ᠠ ᠶᠢᠨ ᠶᠡᠷᠦᠩᠬᠡᠶ ᠬᠡᠷᠡᠭᠯᠡᠬᠦ ᠭᠠᠵᠠᠷ ᠤᠨ ᠲᠠᠯᠠᠪᠠᠶ ᠶᠢᠨ ᠭᠤᠤᠯ ᠪᠣᠯᠬᠤ ᠬᠠᠮᠠᠭᠠᠯᠠᠯᠲᠠ ᠶᠢᠨ ᠬᠡᠪᠴᠢᠶᠡᠨ ᠳᠣᠲᠣᠷᠠᠬᠢ ᠪᠠᠷᠢᠯᠭ᠎ᠠ ᠶᠢᠨ ᠶᠡᠷᠦᠩᠬᠡᠶ ᠬᠡᠷᠡᠭᠯᠡᠬᠦ ᠭᠠᠵᠠᠷ ᠤᠨ ᠲᠠᠯᠠᠪᠠᠶ ᠶᠢᠨ ᠡᠵᠡᠯᠡᠬᠦ ᠬᠠᠷᠢᠴᠠᠯ ᠢ 60 % ᠠᠴᠠ ᠳᠣᠤᠷ᠎ᠠ ᠪᠠᠶᠢᠯᠭᠠᠬᠤ ᠥᠬᠡᠶ ᠬᠤᠲᠠ᠂ ᠪᠠᠯᠭᠠᠰᠤ ᠲᠣᠰᠬᠤᠨ ︵ᠭᠠᠴᠠᠭ᠎ᠠ︶ ᠤ ᠵᠡᠭᠡᠯᠢ ᠲᠣᠭᠤᠷᠢᠭ ᠢ ᠳᠡᠩᠰᠡᠯᠡᠨ᠎ᠡ᠃      ᠠᠷᠪᠠᠨ ᠬᠤᠶᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠲᠡᠦᠬᠡ ᠰᠣᠶᠣᠯ ᠤᠨ ᠵᠡᠭᠡᠯᠢ ᠲᠣᠭᠤᠷᠢᠭ ᠢᠶᠠᠷ ᠮᠡᠳᠡᠭᠦᠯᠬᠦ ᠳᠤ ᠲᠤᠤᠷᠠᠬᠢ ᠮᠠᠲ᠋ᠧᠷᠢᠶᠠᠯ ᠢ ᠬᠠᠩᠭᠠᠨ᠎ᠠ      ︵ᠨᠢᠭᠡ︶ ᠲᠡᠦᠬᠡ ᠰᠣᠶᠣᠯ ᠤᠨ ᠵᠡᠭᠡᠯᠢ ᠲᠣᠭᠤᠷᠢᠭ ᠤᠨ ᠭᠤᠶᠤᠴᠢᠯᠠᠯ ᠤᠨ ᠮᠡᠳᠡᠭᠦᠯᠦᠯᠲᠡ᠂ ᠮᠡᠳᠡᠭᠦᠯᠦᠯᠲᠡ ᠶᠢᠨ ᠬᠦᠰᠦᠨᠦᠭᠲᠦ ᠪᠠ ᠰᠠᠭᠤᠷᠢ ᠲᠤᠭ᠎ᠠ ᠪᠠᠷᠢᠮᠲᠠ ᠶᠢᠨ ᠬᠦᠰᠦᠨᠦᠭᠲᠦ︔      ︵ᠬᠤᠶᠠᠷ︶ ᠲᠡᠦᠬᠡ ᠰᠣᠶᠣᠯ ᠤᠨ ᠵᠡᠭᠡᠯᠢ ᠲᠣᠭᠤᠷᠢᠭ ᠤᠨ ᠥᠷᠲᠡᠭ ᠢ ᠦᠨᠡᠯᠡᠨ ᠵᠢᠱᠢᠭᠰᠡᠨ ᠰᠤᠳᠤᠯᠭᠠᠨ ᠤ ᠮᠡᠳᠡᠭᠦᠯᠦᠯᠲᠡ ᠪᠠ ᠦᠷᠭᠦᠯᠵᠢᠯᠡᠯᠳᠦ ᠴᠢᠨᠠᠷ ᠢ ᠦᠨᠡᠯᠡᠨ ᠵᠢᠱᠢᠭᠰᠡᠨ ᠮᠡᠳᠡᠭᠦᠯᠦᠯᠲᠡ︔      ︵ᠭᠤᠷᠪᠠ︶ ᠲᠡᠦᠬᠡ ᠰᠣᠶᠣᠯ ᠤᠨ ᠵᠡᠭᠡᠯᠢ ᠲᠣᠭᠤᠷᠢᠭ ᠢ ᠬᠠᠮᠠᠭᠠᠯᠠᠬᠤ ᠠᠵᠢᠯ ᠤᠨ ᠲᠥᠰᠦᠯ︔      ᠠᠷᠪᠠᠨ ᠭᠤᠷᠪᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠲᠡᠦᠬᠡ ᠰᠣᠶᠣᠯ ᠤᠨ ᠨᠡᠷᠡᠲᠦ ᠬᠤᠲᠠ᠂ ᠨᠡᠷᠡᠲᠦ ᠪᠠᠯᠭᠠᠰᠤ᠂ ᠨᠡᠷᠡᠲᠦ ᠲᠣᠰᠬᠤᠨ᠂ ᠵᠡᠭᠡᠯᠢ ᠲᠣᠭᠤᠷᠢᠭ ᠢᠶᠠᠷ ᠮᠡᠳᠡᠭᠦᠯᠬᠦ ᠳᠤ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠭᠤᠶᠤᠴᠢᠯᠠᠯ ᠭᠠᠷᠭᠠᠵᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ᠎ᠡ᠃ ᠬᠤᠰᠢᠭᠤ ᠰᠢᠶᠠᠨ ᠤ ᠭᠤᠶᠤᠴᠢᠯᠠᠯ ᠢ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠡᠦᠬᠡ ᠶᠢᠨ ᠳᠤᠷᠠᠰᠬᠠᠯᠲᠤ ᠵᠦᠢᠯᠡᠰ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠠᠩᠬ᠎ᠠ ᠬᠢᠨᠠᠵᠤ ᠵᠦᠪᠰᠢᠶᠡᠷᠡᠨ᠎ᠡ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠲᠤᠰᠬᠠᠶ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠲᠤᠬᠠᠶ ᠶᠢᠨ ᠭᠠᠵᠠᠷ ᠲᠤᠨᠢ ᠬᠢᠨᠠᠨ ᠰᠢᠯᠭᠠᠯᠲᠠ ᠪᠠ ᠨᠤᠲᠠᠯᠠᠯᠲᠠ ᠬᠢᠵᠦ᠂ ᠬᠢᠨᠠᠨ ᠪᠠᠶᠢᠴᠠᠭᠠᠭᠰᠠᠨ ᠰᠠᠨᠠᠯ ᠢᠶᠠᠨ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠡᠳ ᠨᠡᠶᠢᠲᠡᠯᠡᠨ᠎ᠡ᠃      ᠠᠷᠪᠠᠨ ᠳᠥᠷᠪᠡᠳᠦᠭᠡᠷ ᠵᠦᠢᠯ  ᠨᠢᠭᠡᠨᠲᠡ ᠵᠥᠪᠰᠢᠶᠡᠷᠡᠨ ᠨᠡᠶᠢᠲᠡᠯᠡᠭᠰᠡᠨ ᠥᠪᠡᠷᠲᠡᠭᠡᠨ ᠵᠠᠰᠠᠬᠤ ᠣᠷᠣᠨ ᠤ ᠲᠡᠦᠬᠡ ᠰᠣᠶᠣᠯ ᠤᠨ ᠨᠡᠷᠡᠲᠦ ᠬᠤᠲᠠ᠂ ᠨᠡᠷᠡᠲᠦ ᠪᠠᠯᠭᠠᠰᠤ᠂ ᠨᠡᠷᠡᠲᠦ ᠲᠣᠰᠬᠤᠨ᠂ ᠵᠡᠭᠡᠯᠢ ᠲᠣᠭᠤᠷᠢᠭ ᠢ ᠰᠠᠶᠢᠲᠤᠷ ᠬᠠᠮᠠᠭᠠᠯᠠᠭᠰᠠᠨ ᠦᠭᠡᠶ ᠠᠴᠠ ᠪᠣᠯᠵᠤ ᠲᠡᠦᠬᠡ ᠰᠣᠶᠣᠯ ᠤᠨ ᠦᠨ᠎ᠡ ᠥᠷᠲᠡᠭ ᠢ ᠨᠢ ᠬᠦᠨᠳᠦ ᠨᠣᠴᠢᠲᠠᠶ ᠨᠥᠯᠥᠭᠡᠯᠡᠭᠰᠡᠨ ᠪᠣᠯ ᠵᠥᠪᠰᠢᠶᠡᠷᠡᠭᠰᠡᠨ  ᠪᠠᠶᠢᠭᠤᠯᠭ᠎ᠠ ᠨᠢ ᠲᠡᠭᠦᠨ ᠢ ᠲᠦᠭᠰᠢᠭᠦᠷᠢ ᠲᠠᠢ ᠪᠣᠯᠤᠭᠰᠠᠨ ᠨᠡᠷᠡᠰ ᠲᠤ ᠵᠢᠭᠰᠠᠭᠠᠨ ᠣᠷᠣᠭᠤᠯᠵᠤ ᠨᠡᠶᠢᠲᠡᠯᠡᠬᠦ ᠶᠢᠨ ᠬᠠᠮᠲᠤ ᠪᠠᠶᠢᠭ᠎ᠠ ᠭᠠᠵᠠᠷ ᠤᠨ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠢ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠨᠥᠬᠦᠵᠦ ᠵᠠᠰᠠᠭᠤᠯᠬᠤ ᠠᠷᠭ᠎ᠠ ᠬᠡᠮᠵᠢᠶ᠎ᠡ ᠠᠪᠤᠭᠤᠯᠵᠤ᠂ ᠪᠠᠶᠢᠳᠠᠯ ᠨᠢ ᠦᠷᠭᠦᠯᠵᠢᠯᠡᠨ ᠮᠠᠭᠤᠳᠠᠬᠤ ᠶᠢ ᠰᠡᠷᠭᠡᠶᠢᠯᠡᠬᠦ ᠶᠢᠨ ᠬᠠᠮᠲᠤ ᠬᠠᠮᠠᠭᠠᠯᠠᠯᠳᠠ ᠶᠢᠨ ᠳᠦᠷᠢᠮ ᠢ ᠲᠡᠭᠦᠯᠳᠡᠷᠵᠢᠭᠦᠯᠦᠨ᠂ ᠬᠠᠮᠠᠭᠠᠯᠠᠯᠳᠠ ᠶᠢᠨ ᠠᠵᠢᠯ ᠢ ᠴᠢᠩᠭᠠᠳᠬᠠᠬᠤ ᠬᠡᠷᠡᠭᠲᠡᠶ᠃      ᠠᠷᠪᠠᠨ ᠲᠠᠪᠤᠳᠤᠭᠠᠷ ᠵᠦᠢᠯ  ᠲᠡᠦᠬᠡ ᠶᠢᠨ ᠪᠠᠷᠢᠯᠭ᠎ᠠ ᠶᠢ ᠲᠣᠭᠲᠠᠭᠠᠬᠤ ᠪᠠᠷᠢᠮᠵᠢᠶ᠎ᠠ ᠶᠢ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠤᠨ ᠲᠣᠭᠲᠠᠭᠠᠨ᠎ᠠ᠃      ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠳᠠᠯᠢ ᠱᠠᠲᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠲᠣᠭᠲᠠᠭᠠᠬᠤ ᠪᠠᠷ ᠪᠠᠶᠢᠭ᠎ᠠ ᠲᠡᠦᠬᠡᠳᠦ ᠪᠠᠷᠢᠯᠭ᠎ᠠ ᠶᠢ ᠬᠢᠨᠠᠨ ᠪᠠᠶᠢᠴᠠᠭᠠᠭᠰᠠᠨ ᠰᠠᠨᠠᠯ ᠢᠶᠠᠨ ᠳᠤᠷᠠᠳᠴᠤ᠂ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠲᠣᠭᠲᠠᠭᠠᠯᠭᠠᠬᠤ ᠶᠢᠨ ᠬᠠᠮᠲᠤ ᠨᠡᠶᠢᠳᠡᠯᠡᠨ᠎ᠡ᠃ ᠲᠡᠦᠬᠡᠳᠦ ᠪᠠᠷᠢᠯᠭ᠎ᠠ ᠶᠢ ᠨᠡᠶᠢᠲᠡᠯᠡᠭᠰᠡᠨ ᠤ ᠳᠠᠷᠠᠭ᠎ᠠ 30 ᠡᠳᠦᠷ ᠤᠨ ᠳᠣᠲᠣᠷ᠎ᠠ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠱᠠᠲᠤ ᠳᠠᠷᠠᠭᠠᠯᠠᠨ ᠳᠡᠭᠡᠭᠰᠢ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠲᠠᠩᠰᠠᠯᠠᠭᠤᠯᠤᠨ᠎ᠠ᠃      ᠠᠷᠪᠠᠨ ᠵᠢᠷᠭᠤᠳᠤᠭᠠᠷ ᠵᠦᠢᠯ  ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠲᠡᠦᠬᠡ ᠰᠣᠶᠣᠯ ᠤᠨ ᠵᠡᠭᠡᠯᠢ ᠲᠣᠭᠤᠷᠢᠭ᠂ ᠲᠡᠦᠬᠡᠲᠦ ᠪᠠᠷᠢᠯᠭ᠎ᠠ ᠶᠢᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ︽ᠲᠡᠦᠬᠡ ᠰᠣᠶᠣᠯ ᠤᠨ ᠵᠡᠭᠡᠯᠢ ᠲᠣᠭᠤᠷᠢᠭ ᠪᠠ ᠲᠡᠦᠬᠡᠲᠦ ᠪᠠᠷᠢᠯᠭ᠎ᠠ ᠶᠢᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢᠨ ᠲᠠᠪᠴᠠᠩ︾ ᠳᠤ ᠤᠷᠤᠭᠤᠯᠤᠨ᠎ᠠ᠃      ᠭᠤᠷᠪᠠᠳᠤᠭᠠᠷ ᠪᠦᠯᠦᠭ   ᠬᠠᠮᠠᠭᠠᠯᠠᠯᠲᠠ ᠶᠢᠨ ᠲᠥᠯᠥᠪᠵᠢᠭᠦᠯᠭᠡ      ᠬᠠᠮᠠᠭᠠᠯᠠᠯᠲᠠ ᠶᠢᠨ ᠲᠥᠯᠥᠪᠵᠢᠭᠦᠯᠭᠡ ᠶᠢ ᠲᠡᠦᠬᠡ ᠰᠣᠶᠣᠯ ᠤᠨ ᠨᠡᠷᠡᠳᠤ ᠬᠤᠳᠠ᠂ ᠨᠡᠷᠡᠳᠤ ᠪᠠᠯᠭᠠᠰᠤ᠂ ᠨᠡᠷᠡᠳᠤ ᠲᠣᠰᠬᠤᠨ᠂ ᠵᠡᠭᠡᠯᠢ ᠲᠣᠭᠤᠷᠢᠭ ᠤᠨ ᠵᠥᠪᠰᠢᠶᠡᠷᠡᠨ ᠨᠡᠶᠢᠲᠡᠯᠡᠭᠰᠡᠨ ᠡᠳᠦᠷ ᠠᠴᠠ ᠡᠬᠢᠯᠡᠨ ᠨᠢᠭᠡ ᠵᠢᠯ ᠤᠨ ᠳᠣᠲᠣᠷ᠎ᠠ ᠨᠠᠶᠢᠷᠠᠭᠤᠯᠤᠨ ᠵᠣᠬᠢᠶᠠᠵᠤ ᠲᠠᠭᠤᠰᠬᠠᠨ᠎ᠠ᠃      ᠠᠷᠪᠠᠨ ᠨᠠᠢᠮᠠᠳᠤᠭᠠᠷ ᠵᠦᠢᠯ  ᠬᠠᠮᠠᠭᠠᠯᠠᠯᠲᠠ ᠶᠢᠨ ᠲᠥᠯᠥᠪᠵᠢᠭᠦᠯᠭᠡ ᠳᠤ ᠳᠣᠣᠷ᠎ᠠ ᠵᠢᠭᠰᠠᠭᠠᠭᠰᠠᠨ ᠭᠤᠣᠯ ᠠᠭᠤᠯᠭ᠎ᠠ ᠨᠤᠭᠤᠳ ᠢ ᠪᠠᠭᠳᠠᠭᠠᠨ᠎ᠠ᠄      ︵ᠨᠢᠭᠡ︶ ᠬᠠᠮᠠᠭᠠᠯᠠᠯᠲᠠ ᠶᠢᠨ ᠵᠠᠷᠴᠢᠮ᠂ ᠬᠠᠮᠠᠭᠠᠯᠠᠯᠲᠠ ᠶᠢᠨ ᠠᠭᠤᠯᠭ᠎ᠠ ᠪᠠ ᠬᠠᠮᠠᠭᠠᠯᠠᠯᠲᠠ ᠶᠢᠨ ᠬᠦᠷᠢᠶ᠎ᠡ ᠬᠡᠪᠴᠢᠶ᠎ᠡ︔      ︵ᠬᠤᠶᠠᠷ︶ ᠬᠠᠮᠠᠭᠠᠯᠠᠯᠲᠠ ᠶᠢᠨ ᠠᠷᠭ᠎ᠠ ᠬᠡᠮᠵᠢᠶ᠎ᠡ᠂ ᠨᠡᠭᠡᠭᠡᠨ ᠬᠥᠭᠵᠢᠭᠦᠯᠬᠦ ᠬᠦᠴᠦᠯᠡᠴᠡ ᠪᠠ ᠪᠦᠲᠦᠭᠡᠨ ᠪᠠᠶᠢᠭᠤᠯᠤᠯᠲᠠ ᠶᠢᠨ ᠬᠢᠵᠠᠭᠠᠷᠯᠠᠬᠤ ᠱᠠᠭᠠᠷᠳᠠᠯᠭ᠎ᠠ︔      ︵ᠭᠤᠷᠪᠠ︶ ᠤᠯᠠᠮᠵᠢᠯᠠᠯᠲᠤ ᠪᠠᠶᠢᠷᠢᠰᠢᠯ ᠪᠠ ᠲᠡᠦᠬᠡ ᠶᠢᠨ ᠳᠦᠷᠰᠦ ᠪᠠᠶᠢᠳᠠᠯ ᠤᠨ ᠬᠠᠮᠠᠭᠠᠯᠠᠯᠲᠠ ᠶᠢᠨ ᠱᠠᠭᠠᠷᠳᠠᠯᠭ᠎ᠠ︔      ︵ᠲᠦᠷᠪᠡ︶ ᠲᠡᠦᠬᠡ ᠰᠣᠶᠣᠯ ᠤᠨ ᠵᠡᠭᠡᠯᠢ ᠲᠣᠭᠤᠷᠢᠭ᠂ ᠨᠡᠷᠡᠳᠤ ᠪᠠᠯᠭᠠᠰᠤ᠂ ᠨᠡᠷᠡᠳᠤ ᠲᠣᠰᠬᠤᠨ ᠤ ᠭᠤᠣᠯ ᠬᠠᠮᠠᠭᠠᠯᠠᠯᠲᠠ ᠶᠢᠨ ᠬᠡᠪᠴᠢᠶ᠎ᠡ ᠪᠠ ᠪᠦᠳᠦᠭᠡᠨ ᠪᠠᠶᠢᠭᠤᠯᠤᠯᠲᠠ ᠶᠢ ᠬᠢᠵᠠᠭᠠᠷᠯᠠᠬᠤ ᠣᠷᠣᠨ ᠪᠦᠰᠡ︔      ︵ᠲᠠᠪᠤ︶ ᠬᠠᠮᠠᠭᠠᠯᠠᠯᠲᠠ ᠶᠢᠨ ᠬᠡᠪᠴᠢᠶᠡᠨ ᠳᠣᠲᠣᠷᠠᠬᠢ ᠲᠡᠦᠬᠡ ᠶᠢᠨ ᠳᠤᠷᠠᠰᠬᠠᠯᠲᠤ ᠵᠦᠢᠯ᠂ ᠲᠡᠤᠬᠡᠳᠦ ᠪᠠᠷᠢᠯᠭ᠎ᠠ᠂ ᠪᠤᠰᠤᠳ ᠪᠠᠷᠢᠯᠭ᠎ᠠ᠂ ᠪᠠᠷᠢᠯᠭ᠎ᠠ ᠶᠢᠨ ᠵᠦᠢᠯ ᠪᠠ ᠣᠷᠴᠢᠨ ᠠᠬᠤᠢ ᠶᠢᠨ ᠡᠯᠧᠮᠧᠨ᠋ᠲ ᠢ ᠲᠦᠷᠦᠯ ᠬᠤᠪᠢᠶᠠᠨ ᠬᠠᠮᠠᠭᠠᠯᠠᠬᠤ᠂ ᠴᠡᠭᠴᠡᠯᠡᠨ ᠵᠠᠰᠠᠬᠤ᠂ ᠠᠰᠢᠭᠯᠠᠬᠤ ᠠᠭᠤᠯᠭ᠎ᠠ ᠪᠠ ᠱᠠᠭᠠᠷᠳᠠᠯᠭ᠎ᠠ ᠶᠢ ᠳᠤᠷᠠᠳᠤᠨ ᠭᠠᠷᠭᠠᠨ᠎ᠠ︔      ︵ᠵᠢᠷᠭᠤᠭ᠎ᠠ︶ ᠬᠠᠮᠠᠭᠠᠯᠠᠯᠲᠠ ᠶᠢᠨ ᠲᠥᠯᠥᠪᠵᠢᠭᠦᠯᠭᠡ ᠶᠢ ᠬᠤᠭᠤᠴᠠᠭ᠎ᠠ ᠬᠤᠪᠢᠶᠠᠨ ᠬᠡᠷᠡᠭᠵᠢᠭᠦᠯᠬᠦ ᠲᠥᠰᠦᠯ᠃      ᠠᠷᠪᠠ ᠶᠢᠰᠦᠳᠦᠭᠡᠷ ᠵᠦᠢᠯ  ᠲᠡᠦᠬᠡ ᠰᠣᠶᠣᠯ ᠤᠨ ᠨᠠᠷᠠᠲᠤ ᠬᠤᠲᠠ᠂ ᠨᠠᠷᠠᠲᠤ ᠪᠠᠯᠭᠠᠰᠤ᠂ ᠨᠠᠷᠠᠲᠤ ᠲᠣᠰᠬᠤᠨ᠂ ᠵᠡᠭᠡᠯᠢ ᠲᠣᠭᠤᠷᠢᠭ ᠤᠨ ᠬᠠᠮᠠᠭᠠᠯᠠᠯᠲᠠ ᠶᠢᠨ ᠲᠥᠯᠥᠪᠵᠢᠭᠦᠯᠭᠡ ᠶᠢᠨ ᠲᠥᠯᠥᠪᠵᠢᠭᠦᠯᠭᠡ ᠶᠢᠨ ᠬᠤᠭᠤᠴᠠᠭ᠎ᠠ ᠬᠢᠵᠠᠭᠠᠷ ᠨᠢ ᠪᠠᠶᠢᠭ᠎ᠠ ᠬᠤᠲᠠ᠂ ᠪᠠᠯᠭᠠᠰᠤᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠶᠢᠨ ᠬᠤᠭᠤᠴᠠᠭ᠎ᠠ ᠬᠢᠵᠠᠭᠠᠷ ᠪᠤᠶᠤ ᠪᠠᠶᠢᠭ᠎ᠠ ᠲᠣᠰᠬᠤᠨ ᠤ ᠲᠥᠯᠥᠪᠵᠢᠭᠦᠯᠭᠡ ᠶᠢᠨ ᠬᠤᠭᠤᠴᠠᠭ᠎ᠠ ᠬᠢᠵᠠᠭᠠᠷ ᠯᠤᠭ᠎ᠠ ᠨᠢᠭᠡᠳᠦᠯᠲᠡᠶ ᠪᠠᠶᠢᠬᠤ ᠬᠡᠷᠡᠭᠲᠡᠶ᠃      ᠬᠤᠷᠢᠳᠤᠭᠠᠷ ᠵᠦᠢᠯ  ᠬᠠᠮᠠᠭᠠᠯᠠᠯᠲᠠ ᠶᠢᠨ ᠲᠥᠯᠥᠪᠵᠢᠭᠦᠯᠭᠡ ᠶᠢ ᠮᠡᠳᠡᠭᠦᠯᠦᠨ ᠬᠦᠷᠭᠡᠵᠦ ᠬᠢᠨᠠᠨ ᠵᠥᠪᠰᠢᠶᠡᠷᠡᠭᠦᠯᠬᠦ ᠠᠴᠠ ᠡᠮᠦᠨ᠎ᠡ᠂ ᠵᠣᠬᠢᠶᠠᠨ ᠪᠠᠶᠢᠭᠤᠯᠵᠤ ᠨᠠᠶᠢᠷᠠᠭᠤᠯᠤᠨ ᠵᠤᠬᠢᠶᠠᠭᠰᠠᠨ ᠪᠠᠶᠢᠭᠤᠯᠭ᠎ᠠ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠲᠤᠰᠬᠠᠢ ᠮᠡᠷᠭᠡᠵᠢᠯᠲᠡᠨ ᠪᠠ ᠤᠯᠠᠨ ᠨᠡᠶᠢᠲᠡ ᠶᠢᠨ ᠰᠠᠨᠠᠯ ᠢ ᠥᠷᠭᠡᠨ ᠢᠶᠠᠷ ᠬᠤᠷᠢᠶᠠᠬᠤ ᠬᠡᠷᠡᠭᠲᠡᠢ︔ ᠴᠢᠬᠤᠯᠠᠲᠠᠢ ᠦᠶ᠎ᠡ ᠳᠤ ᠭᠡᠷᠡᠴᠢᠯᠡᠭᠡ ᠰᠣᠨᠣᠰᠴᠤ ᠪᠣᠯᠤᠨ᠎ᠠ᠃      ᠬᠠᠮᠠᠭᠠᠯᠠᠯᠲᠠ ᠶᠢᠨ ᠲᠥᠯᠥᠪᠵᠢᠭᠦᠯᠭᠡ ᠶᠢ ᠬᠢᠨᠠᠨ ᠵᠥᠪᠰᠢᠶᠡᠷᠡᠭᠦᠯᠬᠦ ᠪᠠᠷ ᠮᠡᠳᠡᠭᠦᠯᠦᠨ ᠬᠦᠷᠭᠡᠬᠦ ᠪᠢᠴᠢᠭ ᠮᠠᠲ᠋ᠧᠷᠢᠶᠠᠯ ᠳᠤ ᠰᠠᠨᠠᠯ ᠢ ᠬᠦᠯᠢᠶᠡᠨ ᠠᠪᠤᠭᠰᠠᠨ ᠪᠠᠶᠢᠳᠠᠯ ᠵᠢᠴᠢ ᠰᠢᠯᠲᠠᠭᠠᠨ ᠢ ᠲᠠᠭᠠᠯᠳᠤᠭᠤᠯᠤᠨ᠎ᠠ︔ ᠭᠡᠷᠡᠴᠢᠯᠡᠭᠡ ᠰᠣᠨᠣᠰᠤᠭᠰᠠᠨ ᠪᠣᠯ ᠭᠡᠷᠡᠴᠢᠯᠡᠭᠡ ᠰᠣᠨᠣᠰᠤᠭᠰᠠᠨ ᠲᠡᠮᠳᠡᠭᠯᠡᠯ ᠢ ᠲᠠᠭᠠᠯᠳᠤᠭᠤᠯᠤᠨ᠎ᠠ᠃      ᠬᠤᠷᠢᠨ ᠨᠢᠭᠡᠳᠦᠭᠡᠷ ᠵᠦᠢᠯ  ᠥᠪᠡᠷᠲᠡᠭᠡᠨ ᠵᠠᠰᠠᠬᠤ ᠣᠷᠣᠨ ᠤ ᠲᠡᠦᠬᠡ ᠰᠣᠶᠣᠯ ᠤᠨ ᠨᠠᠷᠠᠲᠤ ᠬᠤᠲᠠ᠂ ᠨᠠᠷᠠᠲᠤ ᠪᠠᠯᠭᠠᠰᠤ᠂ ᠨᠠᠷᠠᠲᠤ ᠲᠣᠰᠬᠤᠨ ᠤ ᠬᠠᠮᠠᠭᠠᠯᠠᠯᠲᠠ ᠶᠢᠨ ᠲᠥᠯᠥᠪᠵᠢᠭᠦᠯᠭᠡ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠬᠢᠨᠠᠨ ᠵᠥᠪᠰᠢᠶᠡᠷᠡᠨ᠎ᠡ᠃ ᠥᠪᠡᠷᠲᠡᠭᠡᠨ ᠵᠠᠰᠠᠬᠤ ᠣᠷᠣᠨ ᠤ ᠲᠡᠦᠬᠡ ᠰᠣᠶᠣᠯ ᠤᠨ ᠵᠡᠭᠡᠯᠢ ᠲᠣᠭᠤᠷᠢᠭ ᠤᠨ ᠬᠠᠮᠠᠭᠠᠯᠠᠯᠲᠠ ᠶᠢᠨ ᠲᠥᠯᠥᠪᠵᠢᠭᠦᠯᠭᠡ ᠶᠢ ᠵᠡᠭᠡᠯᠢ ᠲᠣᠭᠤᠷᠢᠭ ᠤᠨ ᠪᠠᠶᠢᠭ᠎ᠠ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠵᠤ ᠨᠡᠶᠢᠲᠡᠯᠡᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠤᠨ᠎ᠠ᠃      ᠬᠤᠷᠢᠨ ᠬᠤᠶᠠᠳᠤᠭᠠᠷ ᠵᠦᠢᠯ  ᠬᠠᠮᠠᠭᠠᠯᠠᠯᠲᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠤᠬᠢᠶᠠᠭᠰᠠᠨ ᠪᠠᠶᠢᠭᠤᠯᠭ᠎ᠠ ᠪᠠᠷ ᠵᠥᠪᠰᠢᠶᠡᠷᠡᠭᠦᠯᠦᠭᠰᠡᠨ ᠬᠠᠮᠠᠭᠠᠯᠠᠯᠲᠠ ᠶᠢᠨ ᠲᠥᠯᠥᠪᠵᠢᠭᠦᠯᠭᠡ ᠪᠠᠨ ᠴᠠᠭ ᠲᠤᠬᠠᠢ ᠳᠤᠨᠢ ᠨᠡᠶᠢᠳᠡᠯᠡᠨ᠎ᠡ᠃      ᠬᠤᠷᠢᠨ ᠭᠤᠷᠪᠠᠳᠤᠭᠠᠷ ᠵᠦᠢᠯ  ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠬᠠᠮᠠᠭᠠᠯᠠᠯᠲᠠ ᠶᠢᠨ ᠲᠥᠯᠥᠪᠵᠢᠭᠦᠯᠭᠡ ᠳᠤ ᠳᠤᠷ᠎ᠠ ᠪᠠᠷ ᠢᠶᠠᠨ ᠵᠠᠰᠠᠪᠤᠷᠢ ᠣᠷᠣᠭᠤᠯᠵᠤ ᠪᠣᠯᠬᠤ ᠦᠭᠡᠢ︔ ᠦᠨᠡᠬᠡᠷ ᠵᠠᠰᠠᠪᠤᠷᠢ ᠣᠷᠣᠭᠤᠯᠬᠤ ᠴᠢᠬᠤᠯᠠᠲᠠᠢ ᠪᠠᠶᠢᠪᠠᠯ᠂ ᠬᠠᠮᠠᠭᠠᠯᠠᠯᠲᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠤᠬᠢᠶᠠᠭᠰᠠᠨ ᠪᠠᠶᠢᠭᠤᠯᠭ᠎ᠠ ᠨᠢ ᠤᠤᠯ ᠤᠨ ᠬᠢᠨᠠᠨ ᠵᠥᠪᠰᠢᠶᠡᠷᠡᠭᠰᠡᠨ ᠪᠠᠶᠢᠭᠤᠯᠭ᠎ᠠ ᠳᠤ ᠲᠤᠰᠬᠠᠢ ᠰᠡᠳᠦᠪᠲᠦ ᠮᠡᠳᠡᠭᠦᠯᠦᠯᠲᠡ ᠳᠤᠷᠠᠳᠴᠤ᠂ ᠵᠥᠪᠰᠢᠶᠡᠷᠡᠭᠦᠯᠦᠭᠰᠡᠨ ᠤ ᠲᠠᠷᠠᠭ᠎ᠠ ᠰᠠᠶ᠋ᠢ ᠵᠠᠰᠠᠪᠤᠷᠢ ᠣᠷᠣᠭᠤᠯᠬᠤ ᠲᠥᠰᠦᠯ ᠢ ᠨᠠᠶᠢᠷᠠᠭᠤᠯᠤᠨ ᠵᠣᠬᠢᠶᠠᠵᠤ ᠪᠣᠯᠤᠨ᠎ᠠ᠃ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠬᠠᠮᠠᠭᠠᠯᠠᠯᠲᠠ ᠶᠢᠨ ᠲᠥᠯᠥᠪᠵᠢᠭᠦᠯᠭᠡ ᠶᠢ ᠤᠤᠯ ᠤᠨ ᠬᠢᠨᠠᠨ ᠵᠥᠪᠰᠢᠶᠡᠷᠡᠭᠦᠯᠬᠦ ᠵᠢᠷᠤᠮ ᠶᠣᠰᠣᠭᠠᠷ ᠮᠡᠳᠡᠭᠦᠯᠦᠨ ᠬᠦᠷᠭᠡᠵᠦ ᠬᠢᠨᠠᠨ  ᠵᠦᠪᠰᠢᠶᠡᠷᠡᠭᠦᠯᠦᠨ᠎ᠡ᠃      ᠬᠤᠷᠢᠨ ᠳᠥᠷᠪᠡᠳᠦᠭᠡᠷ ᠵᠦᠢᠯ  ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠬᠠᠮᠠᠭᠠᠯᠠᠯᠲᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠤᠬᠢᠶᠠᠭᠰᠠᠨ ᠪᠠᠶᠢᠭᠤᠯᠭ᠎ᠠ ᠲᠣᠭᠲᠠᠭᠠᠭᠰᠠᠨ ᠡᠷᠬᠡ ᠶᠢᠨ ᠬᠡᠪᠴᠢᠶ᠎ᠡ ᠪᠠ ᠵᠢᠷᠤᠮ ᠤᠨ ᠶᠣᠰᠣᠭᠠᠷ ᠬᠠᠮᠠᠭᠠᠯᠠᠯᠲᠠ ᠶᠢᠨ ᠲᠥᠯᠥᠪᠵᠢᠭᠦᠯᠭᠡ ᠳᠤ ᠵᠠᠰᠠᠪᠤᠷᠢ ᠣᠷᠣᠭᠤᠯᠵᠤ ᠪᠣᠯᠤᠨ᠎ᠠ᠄      ︵ᠨᠢᠭᠡ︶  ᠲᠡᠤᠬᠡᠨ ᠪᠠᠭᠤᠷᠢ ᠵᠡᠷᠭᠡ ᠴᠢᠬᠤᠯᠠ ᠲᠡᠦᠬᠡ ᠰᠣᠶᠣᠯ ᠤᠨ ᠦᠯᠡᠳᠡᠭᠳᠡᠯ ᠢ ᠰᠢᠨ᠎ᠡ ᠪᠠᠷ ᠢᠯᠡᠷᠡᠭᠦᠯᠦᠭᠰᠡᠨ᠂ ᠡᠰᠡᠬᠦᠯ᠎ᠡ ᠲᠡᠦᠬᠡ ᠰᠣᠶᠣᠯ ᠤᠨ ᠦᠯᠡᠳᠡᠭᠳᠡᠯ ᠬᠢᠭᠡᠳ ᠣᠷᠴᠢᠨ ᠲᠣᠭᠤᠷᠢᠨ ᠳᠤ ᠴᠢᠬᠤᠯᠠ ᠶᠡᠭᠡ ᠬᠤᠪᠢᠷᠠᠯᠲᠠ ᠭᠠᠷᠴᠤ᠂ ᠦᠨᠡᠯᠡᠨ ᠵᠢᠱᠢᠯᠲᠡ ᠪᠠᠷ ᠳᠠᠮᠵᠢᠭᠠᠳ ᠬᠠᠮᠠᠭᠠᠯᠠᠬᠤ ᠲᠥᠯᠥᠪᠵᠢᠭᠦᠯᠭᠡ ᠳᠤ ᠦᠨᠡᠨᠬᠦ ᠵᠠᠰᠠᠪᠤᠷᠢ ᠣᠷᠣᠭᠤᠯᠬᠤ ᠴᠢᠬᠤᠯᠠᠲᠠᠶ ᠪᠣᠯᠤᠭᠰᠠᠨ︔      ︵ᠬᠤᠶᠠᠷ︶ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠲᠤᠬᠢᠷᠠᠭᠤᠯᠤᠯᠳᠡ ᠠᠴᠠ ᠪᠤᠯᠵᠤ ᠬᠠᠮᠠᠭᠠᠯᠠᠯᠲᠠ ᠶᠢᠨ ᠲᠥᠯᠥᠪᠵᠢᠭᠦᠯᠭᠡ ᠳᠤ ᠦᠨᠡᠬᠡᠷ ᠵᠠᠰᠠᠪᠤᠷᠢ ᠣᠷᠣᠭᠤᠯᠬᠤ ᠴᠢᠬᠤᠯᠠᠲᠠᠢ ᠪᠣᠯᠤᠭᠰᠠᠨ︔      ︵ᠭᠤᠷᠪᠠ︶ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠵᠥᠪᠰᠢᠶᠡᠷᠡᠭᠰᠡᠨ ᠴᠢᠬᠤᠯᠠ ᠶᠡᠭᠡ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠳᠤ ᠬᠠᠮᠠᠭᠠᠯᠠᠯᠲᠠ ᠶᠢᠨ ᠲᠥᠯᠥᠪᠵᠢᠭᠦᠯᠭᠡ ᠳᠤ ᠦᠨᠡᠨᠬᠦ ᠵᠠᠰᠠᠪᠤᠷᠢ ᠣᠷᠣᠭᠤᠯᠬᠤ ᠴᠢᠬᠤᠯᠠᠲᠠᠶ ᠪᠣᠯᠤᠭᠰᠠᠨ︔      ︵ᠲᠦᠷᠪᠡ︶ ᠬᠠᠮᠠᠭᠠᠯᠠᠯᠲᠠ ᠶᠢᠨ ᠲᠥᠯᠥᠪᠵᠢᠭᠦᠯᠭᠡ ᠳᠤ ᠬᠠᠤᠯᠢ ᠶᠣᠰᠣᠭᠠᠷ ᠵᠠᠰᠠᠪᠤᠷᠢ ᠣᠷᠣᠭᠤᠯᠬᠤ ᠶᠣᠰᠣᠲᠠᠢ ᠪᠤᠰᠤᠳ ᠪᠠᠶᠢᠳᠠᠯ᠃      ᠬᠤᠷᠢᠨ ᠲᠠᠪᠤᠳᠤᠭᠠᠷ ᠵᠦᠢᠯ  ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠥᠪᠵᠢᠭᠦᠯᠭᠡ ᠵᠡᠷᠭᠡ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠤᠶᠤ ᠲᠡᠭᠦᠨ ᠳᠤ ᠵᠠᠰᠠᠪᠤᠷᠢ ᠣᠷᠣᠭᠤᠯᠬᠤ ᠳᠠᠭᠠᠨ ᠲᠡᠦᠬᠡ ᠰᠣᠶᠣᠯ ᠤᠨ ᠨᠡᠷᠡᠳᠤ ᠬᠤᠳᠠ᠂ ᠨᠡᠷᠡᠳᠤ ᠪᠠᠯᠭᠠᠰᠤ᠂ ᠨᠡᠷᠡᠳᠤ ᠲᠣᠰᠬᠤᠨ᠂ ᠵᠡᠭᠡᠯᠢ ᠲᠣᠭᠤᠷᠢᠭ ᠤᠨ ᠬᠠᠮᠠᠭᠠᠯᠠᠯᠲᠠ ᠶᠢᠨ ᠱᠠᠭᠠᠷᠳᠠᠯᠭ᠎ᠠ ᠶᠢ ᠪᠤᠳᠠᠳᠠᠶᠢᠵᠢᠭᠤᠯᠤᠨ᠎ᠠ᠃      ᠬᠤᠷᠢᠨ ᠵᠢᠷᠭᠤᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠬᠠᠮᠠᠭᠠᠯᠠᠯᠲᠠ ᠶᠢᠨ ᠲᠥᠯᠥᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠬᠤ ᠬᠡᠷᠡᠭᠳᠡᠢ᠃      ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠨᠤᠭᠤᠳ ᠲᠤᠰ ᠵᠠᠰᠠᠭ ᠵᠠᠬᠢᠷᠭᠠᠨ ᠤ ᠣᠷᠣᠨ ᠤ ᠪᠠᠨ ᠬᠠᠮᠠᠭᠠᠯᠠᠯᠲᠠ ᠶᠢᠨ ᠲᠥᠯᠥᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠲᠡᠦᠬᠡ ᠰᠣᠶᠣᠯ ᠤᠨ ᠨᠡᠷᠡᠲᠦ ᠬᠤᠲᠠ᠂ ᠨᠡᠷᠡᠲᠦ ᠪᠠᠯᠭᠠᠰᠤ᠂ ᠨᠡᠷᠡᠲᠦ ᠲᠣᠰᠬᠤᠨ᠂ ᠵᠡᠭᠡᠯᠢ ᠲᠣᠭᠤᠷᠢᠭ ᠤᠨ ᠬᠠᠮᠠᠭᠠᠯᠠᠯᠲᠠ ᠶᠢᠨ ᠪᠠᠶᠢᠳᠠᠯ ᠳᠤ ᠦᠨᠡᠯᠡᠨ ᠵᠢᠱᠢᠯᠲᠡ ᠬᠢᠨ᠎ᠡ︔ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠢ ᠳᠤᠨᠢ ᠵᠠᠯᠠᠷᠠᠭᠤᠯᠤᠨ ᠰᠢᠢᠳᠪᠦᠷᠢᠯᠡᠬᠦ ᠬᠡᠷᠡᠭᠲᠡᠢ᠃      ᠳᠥᠷᠪᠡᠳᠦᠭᠡᠷ ᠪᠦᠯᠦᠭ   ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠬᠢᠭᠡᠳ ᠬᠠᠮᠢᠶᠠᠷᠤᠯᠲᠠ      ᠬᠤᠷᠢᠨ ᠳᠣᠯᠣᠳᠤᠭᠠᠷ ᠵᠦᠢᠯ  ᠲᠡᠦᠬᠡ ᠰᠣᠶᠣᠯ ᠤᠨ ᠨᠡᠷᠡᠳᠦ ᠬᠤᠳᠠ᠂ ᠨᠡᠷᠡᠳᠦ ᠪᠠᠯᠭᠠᠰᠤ᠂ ᠨᠡᠷᠡᠳᠦ ᠲᠣᠰᠬᠤᠨ᠂ ᠵᠡᠭᠡᠯᠢ ᠲᠣᠭᠤᠷᠢᠭ ᠢ ᠪᠦᠬᠦᠯᠢ ᠴᠣᠭᠴᠠ ᠪᠠᠷ ᠨᠢ ᠬᠠᠮᠠᠭᠠᠯᠠᠵᠤ᠂ ᠤᠯᠠᠮᠵᠢᠯᠠᠯᠲᠤ ᠪᠠᠶᠢᠷᠢᠰᠢᠯ᠂ ᠲᠡᠦᠬᠡ ᠶᠢᠨ ᠳᠦᠷᠰᠦ ᠪᠠᠶᠢᠳᠠᠯ ᠪᠠ ᠣᠷᠣᠨ ᠵᠠᠢ ᠶᠢᠨ ᠬᠡᠮᠵᠢᠶ᠎ᠡ ᠶᠢ ᠪᠠᠳᠤᠯᠠᠨ᠎ᠠ᠂ ᠲᠡᠭᠦᠨ ᠯᠦᠭᠡ ᠬᠠᠷᠢᠯᠴᠠᠨ ᠲᠦᠰᠢᠯᠴᠡᠨ ᠣᠷᠣᠰᠢᠬᠤ ᠪᠠᠶᠢᠭᠠᠯᠢ ᠶᠢᠨ ᠦᠵᠡᠮᠵᠢ ᠪᠠ ᠣᠷᠴᠢᠨ ᠨᠥᠬᠦᠴᠡᠯ ᠢ ᠬᠤᠪᠢᠷᠠᠭᠤᠯᠵᠤ ᠪᠣᠯᠬᠤ ᠦᠭᠡᠢ᠃      ᠬᠤᠷᠢᠨ ᠨᠠᠢᠮᠠᠳᠤᠭᠠᠷ ᠵᠦᠢᠯ  ᠲᠡᠦᠬᠡ ᠰᠣᠶᠣᠯ ᠤᠨ ᠨᠡᠷᠡᠲᠦ ᠬᠤᠲᠠ᠂ ᠨᠡᠷᠡᠲᠦ ᠪᠠᠯᠭᠠᠰᠤ᠂ ᠨᠡᠷᠡᠲᠦ ᠲᠣᠰᠬᠤᠨ᠂ ᠵᠡᠭᠡᠯᠢ ᠲᠣᠭᠤᠷᠢᠭ ᠤᠨ ᠪᠠᠶᠢᠭ᠎ᠠ ᠭᠠᠵᠠᠷ ᠤᠨ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠨᠤᠭᠤᠳ ᠲᠤᠬᠠᠶ ᠶᠢᠨ ᠭᠠᠵᠠᠷ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠪᠠᠨ ᠦᠨᠳᠦᠰᠦᠯᠡᠨ᠂ ᠬᠠᠮᠠᠭᠠᠯᠠᠯᠲᠠ ᠶᠢᠨ ᠲᠥᠯᠥᠪᠵᠢᠭᠦᠯᠭᠡ ᠶᠣᠰᠣᠭᠠᠷ ᠲᠡᠦᠬᠡ ᠰᠣᠶᠣᠯ ᠤᠨ ᠨᠡᠷᠡᠲᠦ ᠬᠤᠲᠠ᠂ ᠨᠡᠷᠡᠲᠦ ᠪᠠᠯᠭᠠᠰᠤ᠂ ᠨᠡᠷᠡᠲᠦ ᠲᠣᠰᠬᠤᠨ᠂ ᠵᠡᠭᠡᠯᠢ ᠲᠣᠭᠤᠷᠢᠭ ᠤᠨ ᠬᠥᠮᠦᠨ ᠠᠮᠠ ᠶᠢᠨ ᠲᠤᠭ᠎ᠠ ᠬᠡᠮᠵᠢᠶ᠎ᠡ ᠶᠢ ᠬᠢᠵᠠᠭᠠᠷᠯᠠᠵᠤ᠂ ᠲᠡᠦᠬᠡ ᠰᠣᠶᠣᠯ ᠤᠨ ᠨᠡᠷᠡᠲᠦ ᠬᠤᠲᠠ᠂ ᠨᠡᠷᠡᠲᠦ ᠪᠠᠯᠭᠠᠰᠤ᠂ ᠨᠡᠷᠡᠲᠦ ᠲᠣᠰᠬᠤᠨ᠂ ᠵᠡᠭᠡᠯᠢ ᠲᠣᠭᠤᠷᠢᠭ ᠤᠨ ᠰᠠᠭᠤᠷᠢ ᠪᠡᠯᠡᠳᠬᠡᠮᠵᠢ᠂ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠪᠣᠯᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠬᠡᠷᠡᠭᠲᠡᠶ᠃      ᠬᠤᠷᠢ ᠶᠢᠰᠦᠳᠦᠭᠡᠷ ᠵᠦᠢᠯ  ᠲᠡᠦᠬᠡ ᠰᠣᠶᠣᠯ ᠤᠨ ᠨᠡᠷᠡᠳᠤ ᠬᠤᠳᠠ᠂ ᠨᠡᠷᠡᠳᠤ ᠪᠠᠯᠭᠠᠰᠤ᠂ ᠨᠡᠷᠡᠳᠤ ᠲᠣᠰᠬᠤᠨ᠂ ᠵᠡᠭᠡᠯᠢ ᠲᠣᠭᠤᠷᠢᠭ ᠤᠨ ᠬᠠᠮᠠᠭᠠᠯᠠᠯᠲᠠ ᠶᠢᠨ ᠬᠡᠪᠴᠢᠶᠡᠨ ᠳᠤ ᠪᠦᠳᠦᠭᠡᠨ ᠪᠠᠶᠢᠭᠤᠯᠤᠯᠲᠠ ᠶᠢᠨ ᠠᠵᠢᠯᠯᠠᠭ᠎ᠠ ᠬᠢᠬᠦ ᠳᠤ᠂ ᠬᠠᠮᠠᠭᠠᠯᠠᠯᠲᠠ ᠶᠢᠨ ᠲᠥᠯᠥᠪᠵᠢᠭᠦᠯᠭᠡ ᠶᠢᠨ ᠱᠠᠭᠠᠷᠳᠠᠯᠭ᠎ᠠ ᠳᠤ ᠨᠡᠶᠢᠴᠡᠭᠦᠯᠬᠦ ᠬᠡᠷᠡᠭᠲᠡᠢ᠂ ᠲᠡᠦᠬᠡ ᠰᠣᠶᠣᠯ ᠤᠨ ᠥᠪ ᠤᠨ ᠦᠨᠡᠨ ᠪᠣᠳᠠᠲᠤ ᠴᠢᠨᠠᠷ ᠪᠠ ᠪᠦᠷᠢᠨ ᠪᠦᠲᠦᠨ ᠴᠢᠨᠠᠷ ᠢ ᠬᠤᠬᠢᠷᠠᠭᠤᠯᠵᠤ ᠪᠣᠯᠬᠤ ᠦᠭᠡᠢ᠂ ᠲᠡᠭᠦᠨ ᠤ ᠤᠯᠠᠮᠵᠢᠯᠠᠯᠲᠤ ᠪᠠᠶᠢᠷᠢᠰᠢᠯ ᠪᠠ ᠲᠡᠦᠬᠡ ᠶᠢᠨ ᠳᠦᠷᠰᠦ ᠪᠠᠶᠢᠳᠠᠯ ᠳᠤ ᠡᠪᠳᠡᠯᠡᠭᠡ ᠶᠢᠨ ᠴᠢᠨᠠᠷᠲᠠᠢ ᠨᠥᠯᠥᠭᠡ ᠦᠵᠡᠭᠦᠯᠵᠦ ᠪᠣᠯᠬᠤ ᠦᠭᠡᠢ᠃      ᠲᠡᠦᠬᠡ ᠰᠣᠶᠣᠯ ᠤᠨ ᠨᠡᠷᠡᠲᠦ ᠬᠤᠲᠠ᠂ ᠨᠡᠷᠡᠲᠦ ᠪᠠᠯᠭᠠᠰᠤ᠂ ᠨᠡᠷᠡᠲᠦ ᠲᠣᠰᠬᠤᠨ᠂ ᠵᠡᠭᠡᠯᠢ ᠲᠣᠭᠤᠷᠢᠭ ᠤᠨ ᠬᠠᠮᠠᠭᠠᠯᠠᠯᠲᠠ ᠶᠢᠨ ᠬᠡᠪᠴᠢᠶᠡᠨ ᠳᠣᠲᠣᠷ᠎ᠠ ᠰᠣᠶᠣᠯ ᠤᠨ ᠥᠪ ᠬᠥᠷᠥᠩᠭᠡ ᠶᠢ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠠᠮᠠᠭᠠᠯᠠᠵᠤ᠂ ᠰᠡᠯᠪᠢᠨ ᠵᠠᠰᠠᠬᠤ᠂ ᠠᠷᠠᠴᠢᠯᠠᠬᠤ ᠳᠠᠭᠠᠨ ᠰᠣᠶᠣᠯ ᠤᠨ ᠥᠪ ᠬᠥᠷᠥᠩᠭᠡ ᠶᠢᠨ ᠤᠤᠯ ᠪᠠᠶᠢᠳᠠᠯ ᠢ ᠬᠤᠪᠢᠷᠠᠭᠤᠯᠬᠤ ᠦᠭᠡᠶ ᠪᠠᠶᠢᠬᠤ ᠵᠠᠷᠴᠢᠮ ᠢ ᠵᠢᠷᠤᠮᠯᠠᠵᠤ᠂ ᠰᠣᠶᠣᠯ ᠤᠨ ᠥᠪ ᠬᠥᠷᠥᠩᠭᠡ ᠶᠢ ᠡᠪᠳᠡᠬᠦ ᠦᠭᠡᠶ ᠪᠠᠶᠢᠬᠤ ᠬᠡᠷᠡᠭᠲᠡᠶ᠃      ᠭᠤᠴᠢᠳᠤᠭᠠᠷ ᠵᠦᠢᠯ  ᠲᠡᠦᠬᠡ ᠰᠣᠶᠣᠯ ᠤᠨ ᠵᠡᠭᠡᠯᠢ ᠲᠣᠭᠤᠷᠢᠭ᠂ ᠨᠡᠷᠡᠲᠦ ᠪᠠᠯᠭᠠᠰᠤ᠂ ᠨᠡᠷᠡᠲᠦ ᠲᠣᠰᠬᠤᠨ ᠤ ᠭᠤᠣᠯ ᠬᠠᠮᠠᠭᠠᠯᠠᠯᠲᠠ ᠶᠢᠨ ᠬᠡᠪᠴᠢᠶᠡᠨ ᠳᠣᠲᠣᠷ᠎ᠠ᠂ ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ ᠠᠵᠢᠯᠯᠠᠭ᠎ᠠ ᠬᠢᠵᠦ ᠪᠣᠯᠬᠤ ᠦᠭᠡᠢ᠃ ᠭᠡᠪᠡᠴᠦ ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ ᠴᠢᠬᠤᠯᠠ ᠪᠦᠬᠦᠢ ᠰᠠᠭᠤᠷᠢ ᠲᠥᠬᠦᠭᠡᠷᠦᠮᠵᠢ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠡᠭᠦᠨ ᠳᠤ ᠪᠠᠭᠲᠠᠬᠤ ᠦᠭᠡᠢ᠃      ᠭᠤᠴᠢᠨ ᠨᠢᠭᠡᠳᠦᠭᠡᠷ ᠵᠦᠢᠯ  ᠲᠡᠦᠬᠡ ᠰᠣᠶᠣᠯ ᠤᠨ ᠨᠡᠷᠡᠳᠥ ᠪᠠᠯᠭᠠᠰᠤ᠂ ᠨᠡᠷᠡᠳᠥ ᠲᠣᠰᠬᠤᠨ᠂ ᠵᠡᠭᠡᠯᠢ ᠲᠣᠭᠤᠷᠢᠭ ᠤᠨ ᠭᠤᠣᠯ ᠬᠠᠮᠠᠭᠠᠯᠠᠯᠲᠠ ᠶᠢᠨ ᠬᠡᠪᠴᠢᠶᠡᠨ ᠳᠠᠬᠢ ᠬᠤᠯᠪᠣᠭᠳᠠᠯ ᠪᠥᠬᠦᠢ ᠪᠥᠳᠥᠭᠡᠨ ᠪᠠᠶᠢᠭᠤᠯᠤᠯᠲᠠ᠂ ᠬᠢᠨᠠᠨ ᠵᠥᠪᠰᠢᠶᠡᠷᠡᠬᠦ ᠪᠠᠶᠢᠭᠤᠯᠭ᠎ᠠ ᠠᠴᠠ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠨᠤᠲᠠᠯᠠᠭᠤᠯᠬᠤ ᠬᠡᠷᠡᠭᠲᠡᠢ ᠪᠥᠭᠡᠳ ᠬᠢᠨᠠᠨ ᠵᠥᠪᠰᠢᠶᠡᠷᠡᠬᠦ ᠵᠦᠢᠯᠡᠰ ᠢ ᠵᠠᠷᠯᠠᠨ ᠨᠡᠶᠢᠲᠡᠯᠡᠵᠦ᠂ ᠣᠯᠠᠨ ᠨᠡᠶᠢᠲᠡ ᠶᠢᠨ ᠰᠠᠨᠠᠯ ᠢ ᠬᠤᠷᠢᠶᠠᠵᠤ᠂ ᠠᠰᠢᠭ ᠬᠤᠣᠷ ᠤᠨ ᠬᠠᠷᠢᠴᠠᠭ᠎ᠠ ᠲᠠᠢ ᠬᠥᠮᠦᠨ ᠳᠤ ᠭᠡᠷᠡᠴᠢᠯᠡᠭᠡ ᠰᠤᠨᠤᠰᠬᠤ ᠪᠠᠷ ᠱᠠᠭᠠᠷᠳᠠᠬᠤ ᠡᠷᠬᠡ ᠲᠠᠢ ᠭᠡᠵᠦ ᠮᠡᠳᠡᠭᠳᠡᠬᠦ ᠬᠡᠷᠡᠭᠲᠡᠢ᠃ ᠨᠡᠶᠢᠲᠡᠯᠡᠬᠦ ᠴᠠᠭ ᠢ 20 ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠶ᠃      ᠠᠰᠢᠭ ᠬᠤᠣᠷ ᠤᠨ ᠬᠠᠷᠢᠴᠠᠭ᠎ᠠ ᠲᠠᠢ ᠬᠥᠮᠦᠨ ᠭᠡᠷᠡᠴᠢᠯᠡᠭᠡ ᠰᠣᠨᠣᠰᠬᠤ ᠭᠡᠪᠡᠯ ᠵᠠᠷᠯᠠᠨ ᠨᠡᠶᠢᠲᠡᠯᠡᠬᠦ ᠬᠤᠭᠤᠴᠠᠭᠠᠨ ᠳᠤ ᠳᠤᠷᠠᠳᠬᠤ ᠬᠡᠷᠡᠭᠲᠡᠢ᠂ ᠬᠢᠨᠠᠨ ᠵᠥᠪᠰᠢᠶᠡᠷᠡᠬᠦ ᠪᠠᠶᠢᠭᠤᠯᠭ᠎ᠠ ᠵᠠᠷᠯᠠᠨ ᠨᠡᠶᠢᠲᠡᠯᠡᠬᠦ ᠬᠤᠭᠤᠴᠠᠭ᠎ᠠ ᠲᠠᠭᠤᠰᠤᠭᠰᠠᠨ ᠤ ᠳᠠᠷᠠᠭ᠎ᠠ ᠴᠠᠭ ᠲᠤᠬᠠᠢ ᠳᠤᠨᠢ ᠭᠡᠷᠡᠴᠢᠯᠡᠭᠡ ᠰᠣᠨᠣᠰᠬᠤ ᠬᠡᠷᠡᠭᠲᠡᠢ᠃      ᠭᠤᠴᠢᠨ ᠬᠤᠶᠠᠳᠤᠭᠠᠷ ᠵᠦᠢᠯ  ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠳᠤᠮᠳᠠ ᠢᠯᠡᠷᠡᠭᠦᠯᠦᠭᠰᠡᠨ ᠬᠠᠮᠠᠭᠠᠯᠠᠬᠤ ᠦᠨ᠎ᠡ ᠥᠷᠲᠡᠭ ᠲᠠᠢ ᠪᠣᠯᠪᠠᠴᠤ ᠲᠡᠦᠬᠡ ᠶᠢᠨ ᠪᠠᠷᠢᠯᠭ᠎ᠠ ᠭᠡᠵᠦ ᠬᠠᠷᠠᠬᠠᠨ ᠲᠣᠭᠲᠠᠭᠠᠭᠠᠳᠤᠶ ᠪᠠᠷᠢᠯᠭ᠎ᠠ᠂ ︵ᠤᠷᠤᠨ ᠰᠠᠭᠤᠴᠠ ᠶᠢᠨ ᠪᠤᠰᠦ︶ ᠪᠠᠷᠢᠯᠭ᠎ᠠ᠂ ᠪᠦᠳᠦᠭᠡᠨ ᠪᠠᠶᠢᠭᠤᠯᠤᠭᠰᠠᠨ ᠨᠢᠭᠡᠴᠡ ᠪᠤᠶᠤ ᠪᠠᠷᠢᠯᠭ᠎ᠠ ᠶᠢᠨ ᠥᠮᠴᠢᠯᠡᠭᠴᠢ᠂ ᠬᠡᠷᠡᠭᠯᠡᠭᠴᠢ ᠨᠢ ᠨᠤᠷᠠᠭᠠᠬᠤ ᠪᠤᠶᠤ ᠪᠠᠷᠢᠯᠭ᠎ᠠ ᠪᠠᠷᠢᠬᠤ ᠪᠠᠨ ᠲᠦᠷ ᠴᠠᠭ ᠵᠣᠭᠰᠣᠭᠠᠵᠤ᠂ ᠲᠦᠷ ᠴᠠᠭ ᠤᠨ ᠬᠠᠮᠠᠭᠠᠯᠠᠬᠤ ᠠᠷᠭ᠎ᠠ ᠬᠡᠮᠵᠢᠶ᠎ᠡ ᠠᠪᠬᠤ ᠶᠢᠨ ᠬᠠᠮᠲᠤ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠳᠠᠷᠦ᠋ᠢᠬᠠᠨ ᠮᠡᠳᠡᠭᠦᠯᠬᠦ ᠬᠡᠷᠡᠭᠲᠡᠶ᠃      ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠳᠠᠯᠢ ᠱᠠᠲᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠴᠠᠭ ᠲᠤᠬᠠᠶ ᠳᠤᠨᠢ ᠦᠨᠡᠯᠡᠨ ᠵᠢᠱᠢᠵᠦ ᠨᠤᠲᠠᠯᠠᠯᠲᠠ ᠬᠢᠵᠦ᠂ ᠰᠢᠢᠳᠪᠦᠷᠢᠯᠡᠬᠦ ᠰᠠᠨᠠᠯ ᠢᠶᠠᠨ ᠲᠤᠷᠠᠳᠤᠨ᠎ᠠ᠃ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠳᠤᠨᠢ ᠤᠷᠢᠳᠠᠪᠠᠷ ᠬᠠᠮᠠᠭᠠᠯᠠᠬᠤ ᠠᠷᠭ᠎ᠠ ᠬᠡᠮᠵᠢᠶ᠎ᠡ ᠠᠪᠬᠤ ᠶᠢᠨ ᠬᠠᠮᠲᠤ ᠲᠣᠭᠲᠠᠭᠠᠭᠰᠠᠨ ᠳᠡᠰ ᠳᠠᠷᠠᠭᠠᠯᠠᠯ ᠢ ᠲᠤᠰ ᠠᠷᠭ᠎ᠠ ᠶᠢᠨ ᠠᠷᠪᠠᠨ ᠲᠠᠪᠤᠳᠤᠭᠠᠷ ᠵᠦᠢᠯ ᠤᠨ ᠲᠣᠭᠲᠠᠭᠠᠯ ᠶᠣᠰᠣᠭᠠᠷ ᠭᠦᠢᠴᠡᠳᠭᠡᠨ᠎ᠡ᠃      ᠭᠤᠴᠢᠨ ᠭᠤᠷᠪᠠᠳᠤᠭᠠᠷ ᠵᠦᠢᠯ  ᠨᠡᠶᠢᠲᠡᠯᠡᠬᠦ ᠪᠠᠷ ᠲᠣᠭᠲᠠᠭᠠᠭᠰᠠᠨ ᠲᠡᠦᠬᠡ ᠶᠢᠨ ᠪᠠᠷᠢᠯᠭ᠎ᠠ ᠶᠢ ᠳᠤᠷ᠎ᠠ ᠪᠠᠷ ᠢᠶᠠᠨ ᠲᠣᠬᠢᠷᠠᠭᠤᠯᠵᠤ ᠬᠠᠰᠤᠵᠤ ᠪᠣᠯᠬᠤ ᠦᠭᠡᠶ᠃ ᠲᠡᠪᠴᠢᠬᠦ ᠶᠢᠨ ᠠᠷᠭ᠎ᠠ ᠦᠭᠡᠶ ᠬᠦᠴᠦᠨ ᠠᠴᠠ ᠪᠣᠯᠵᠤ ᠲᠡᠦᠬᠡᠨ ᠪᠠᠷᠢᠯᠭ᠎ᠠ ᠤᠰᠠᠳᠤᠭᠰᠠᠨ ᠪᠤᠶᠤ ᠡᠪᠳᠡᠭᠳᠡᠵᠦ᠂ ᠦᠨᠡᠨᠬᠦ ᠬᠠᠮᠠᠭᠠᠯᠠᠬᠤ ᠠᠴᠢ ᠬᠤᠯᠪᠣᠭᠳᠠᠯ ᠢᠶᠠᠨ ᠠᠯᠳᠠᠭᠰᠠᠨ ᠪᠤᠶᠤ ᠪᠠᠶᠢᠳᠠᠯ ᠨᠢ ᠴᠢᠬᠤᠯᠠ ᠶᠡᠭᠡ ᠬᠤᠪᠢᠷᠠᠯᠲᠠ ᠭᠠᠷᠤᠭᠰᠠᠨ ᠠᠴᠠ ᠪᠣᠯᠣᠭᠠᠳ ᠲᠣᠬᠢᠷᠠᠭᠤᠯᠬᠤ᠂ ᠦᠭᠡᠶᠢᠰᠬᠡᠬᠦ ᠴᠢᠬᠤᠯᠠ ᠲᠠᠢ ᠪᠣᠯ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠠᠳᠠᠯᠢ ᠱᠠᠲᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠰᠠᠨᠠᠯ ᠢᠶᠠᠨ ᠳᠤᠷᠠᠳᠴᠤ᠂ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠦᠪᠰᠢᠶᠡᠷᠡᠭᠦᠯᠦᠨ᠎ᠡ᠃      ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠵᠥᠪᠰᠢᠶᠡᠷᠡᠬᠦ ᠠᠴᠠ ᠡᠮᠦᠨ᠎ᠡ ᠨᠡᠶᠢᠲᠡ ᠳᠤ ᠵᠠᠷᠯᠠᠬᠤ ᠬᠡᠷᠡᠭᠲᠡᠶ᠃ ᠵᠥᠪᠰᠢᠶᠡᠷᠡᠭᠰᠡᠨ ᠤ ᠳᠠᠷᠠᠭᠠᠬᠢ 30 ᠡᠳᠦᠷ ᠤᠨ ᠳᠣᠲᠣᠷ᠎ᠠ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠱᠠᠲᠤ ᠳᠠᠷᠠᠭᠠᠯᠠᠨ ᠳᠡᠭᠡᠭᠰᠢ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃      ᠭᠤᠴᠢᠨ ᠳᠥᠷᠪᠡᠳᠦᠭᠡᠷ ᠵᠦᠢᠯ  ᠲᠡᠦᠬᠡ ᠰᠣᠶᠣᠯ ᠤᠨ ᠨᠡᠷᠡᠳᠦ ᠬᠤᠲᠠ᠂ ᠨᠡᠷᠡᠲᠦ ᠪᠠᠯᠭᠠᠰᠤ᠂ ᠨᠡᠷᠡᠲᠦ ᠲᠣᠰᠬᠤᠨ᠂ ᠵᠡᠭᠡᠯᠢ ᠲᠣᠭᠤᠷᠢᠭ ᠤᠨ ᠬᠠᠮᠠᠭᠠᠯᠠᠯᠲᠠ ᠶᠢᠨ ᠬᠡᠪᠴᠢᠶᠡᠨ ᠳᠣᠲᠣᠷ᠎ᠠ ᠬᠠᠤᠯᠢ ᠶᠣᠰᠣᠭᠠᠷ ᠲᠣᠭᠲᠠᠭᠠᠭᠰᠠᠨ ᠲᠡᠦᠬᠡ ᠰᠣᠶᠣᠯ ᠤᠨ ᠠᠯᠳᠠᠷᠲᠤ ᠬᠤᠲᠠ᠂ ᠨᠡᠷᠡᠲᠦ ᠪᠠᠯᠭᠠᠰᠤ᠂ ᠨᠡᠷᠡᠲᠦ ᠲᠣᠰᠬᠤᠨ᠂ ᠵᠡᠭᠡᠯᠢ ᠲᠣᠭᠤᠷᠢᠭ ᠤᠨ ᠬᠠᠮᠠᠭᠠᠯᠠᠯᠲᠠ ᠶᠢᠨ ᠲᠥᠯᠥᠪᠵᠢᠭᠦᠯᠭᠡ ᠶᠣᠰᠣᠭᠠᠷ ᠬᠡᠷᠡᠭᠵᠢᠭᠦᠯᠦᠨ᠎ᠡ᠃       ᠲᠡᠦᠬᠡ ᠰᠣᠶᠣᠯ ᠤᠨ ᠨᠡᠷᠡᠲᠦ ᠬᠤᠲᠠ᠂ ᠨᠡᠷᠡᠲᠦ ᠪᠠᠯᠭᠠᠰᠤ᠂ ᠨᠡᠷᠡᠲᠦ ᠲᠣᠰᠬᠤᠨ᠂ ᠵᠡᠭᠡᠯᠢ ᠲᠣᠭᠤᠷᠢᠭ ᠤᠨ ᠬᠠᠮᠠᠭᠠᠯᠠᠯᠲᠠ ᠶᠢᠨ ᠬᠡᠪᠴᠢᠶᠡᠨ ᠠᠴᠠ ᠭᠠᠳᠠᠨ᠎ᠠ ᠬᠠᠤᠯᠢ ᠶᠣᠰᠣᠭᠠᠷ ᠲᠣᠭᠲᠠᠭᠠᠭᠰᠠᠨ ᠲᠡᠤᠬᠡᠳᠦ ᠪᠠᠷᠢᠯᠭ᠎ᠠ ᠶᠢ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠳᠠᠯᠢ ᠱᠠᠲᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠬᠠᠮᠠᠭᠠᠯᠠᠯᠲᠠ ᠶᠢᠨ ᠬᠡᠷᠡᠭᠴᠡᠭᠡ ᠪᠠᠨ ᠦᠨᠳᠦᠰᠦᠯᠡᠨ ᠬᠠᠮᠠᠭᠠᠯᠠᠯᠲᠠ ᠶᠢᠨ ᠬᠡᠪᠴᠢᠶ᠎ᠡ ᠪᠠ ᠪᠦᠲᠦᠭᠡᠨ ᠪᠠᠶᠢᠭᠤᠯᠤᠯᠲᠠ ᠶᠢ ᠬᠢᠵᠠᠭᠠᠷᠯᠠᠬᠤ ᠭᠠᠵᠠᠷ ᠣᠷᠣᠨ ᠢ ᠬᠤᠪᠢᠶᠠᠷᠢᠯᠠᠨ ᠲᠣᠭᠲᠠᠭᠠᠬᠤ ᠶᠢᠨ ᠬᠠᠮᠲᠤ ᠬᠤᠯᠪᠣᠭᠳᠠᠯ ᠪᠦᠬᠦᠢ ᠲᠥᠯᠥᠪᠵᠢᠭᠦᠯᠭᠡ ᠳᠤ ᠤᠷᠤᠭᠤᠯᠤᠨ᠎ᠠ᠃      ᠭᠤᠴᠢᠨ ᠲᠠᠪᠤᠳᠤᠭᠠᠷ ᠵᠦᠢᠯ  ᠲᠡᠤᠬᠡᠳᠦ ᠪᠠᠷᠢᠯᠭ᠎ᠠ ᠳᠤ ᠪᠦᠬᠦᠯᠢ ᠴᠣᠭᠴᠠ ᠶᠢᠨ ᠴᠢᠨᠠᠷᠲᠠᠢ ᠬᠠᠮᠠᠭᠠᠯᠠᠯᠲᠠ ᠬᠢᠵᠦ᠂ ᠪᠠᠷᠢᠯᠭ᠎ᠠ ᠵᠢᠨ‌‍ᠲ᠋ᠤᠰ ᠪᠡᠶ᠎ᠡ ᠶᠢ ᠬᠠᠮᠠᠭᠠᠯᠠᠬᠤ ᠠᠴᠠ ᠭᠠᠳᠠᠨ᠎ᠠ ᠪᠠᠰᠠ ᠪᠠᠷᠢᠯᠭ᠎ᠠ ᠶᠢᠨ ᠡᠷᠬᠢᠨ ᠲᠣᠭᠤᠷᠢᠨ ᠤ ᠪᠠᠶᠢᠭᠠᠯᠢ ᠶᠢᠨ ᠣᠷᠴᠢᠨ ᠲᠣᠭᠤᠷᠢᠨ ᠪᠠ ᠲᠡᠦᠬᠡ ᠶᠢᠨ ᠳᠦᠷᠰᠦ ᠪᠠᠶᠢᠳᠠᠯ ᠢ ᠬᠠᠮᠠᠭᠠᠯᠠᠨ᠎ᠠ᠃      ᠭᠤᠴᠢᠨ ᠵᠢᠷᠭᠤᠳᠤᠭᠠᠷ ᠵᠦᠢᠯ  ᠬᠤᠳᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠠᠮᠠᠭᠠᠯᠠᠯᠳᠠ ᠶᠢᠨ ᠱᠠᠭᠠᠷᠳᠠᠯᠭ᠎ᠠ ᠶᠢ ᠲᠡᠤᠬᠡᠳᠦ ᠪᠠᠷᠢᠯᠭ᠎ᠠ ᠶᠢᠨ ᠬᠠᠮᠠᠭᠠᠯᠠᠯᠲᠠ ᠶᠢᠨ ᠬᠠᠷᠢᠭᠤᠴᠠᠯᠭ᠎ᠠ ᠡᠭᠦᠷᠭᠡᠯᠡᠭᠴᠢ ᠲᠤ ᠪᠢᠴᠢᠭ ᠢᠶᠠᠷ ᠮᠡᠳᠡᠭᠳᠡᠬᠦ ᠬᠡᠷᠡᠭᠲᠡᠢ᠃ ᠥᠮᠴᠢᠯᠡᠯ ᠤᠨ ᠡᠷᠬᠡᠲᠦ ᠬᠥᠮᠦᠨ ᠲᠡᠤᠬᠡᠳᠦ ᠪᠠᠷᠢᠯᠭ᠎ᠠ ᠶᠢ ᠰᠢᠯᠵᠢᠭᠦᠯᠦᠨ ᠥᠭᠭᠦᠭᠰᠡᠨ ᠪᠤᠶᠤ ᠲᠦᠷᠢᠶᠡᠰᠦᠯᠡᠭᠦᠯᠦᠭᠰᠡᠨ ᠪᠠᠶᠢᠪᠠᠯ᠂ ᠬᠠᠮᠠᠭᠠᠯᠠᠯᠲᠠ ᠶᠢᠨ ᠱᠠᠭᠠᠷᠳᠠᠯᠭ᠎ᠠ ᠶᠢ ᠰᠢᠯᠵᠢᠭᠦᠯᠦᠨ ᠠᠪᠤᠭᠴᠢ ᠪᠤᠶᠤ ᠲᠦᠷᠢᠶᠡᠰᠦᠯᠡᠭᠴᠢ ᠳᠤ ᠮᠡᠳᠡᠭᠳᠡᠬᠦ ᠬᠡᠷᠡᠭᠲᠡᠢ᠃      ᠣᠯᠠᠨ ᠨᠡᠶᠢᠲᠡ ᠶᠢᠨ ᠠᠰᠢᠭ ᠲᠤᠰᠠ ᠶᠢᠨ ᠬᠡᠷᠡᠭᠴᠡᠭᠡ ᠠᠴᠠ ᠪᠣᠯᠵᠤ ᠪᠦᠲᠦᠭᠡᠨ ᠪᠠᠶᠢᠭᠤᠯᠬᠤ ᠠᠵᠢᠯᠯᠠᠭ᠎ᠠ ᠬᠢᠵᠦ᠂ ᠲᠡᠤᠬᠡᠳᠦ ᠪᠠᠷᠢᠯᠭ᠎ᠠ ᠶᠢ ᠤᠭ ᠭᠠᠵᠠᠷ ᠲᠤᠨᠢ ᠬᠠᠮᠠᠭᠠᠯᠠᠬᠤ ᠶᠢᠨ ᠠᠷᠭ᠎ᠠ ᠦᠭᠡᠶ ᠪᠣᠯᠣᠭᠠᠳ ᠡᠷᠬᠡᠪᠰᠢ ᠣᠨᠳᠣᠤ ᠭᠠᠵᠠᠷ ᠨᠡᠭᠦᠯᠭᠡᠨ ᠬᠠᠮᠠᠭᠠᠯᠠᠬᠤ ᠪᠤᠶᠤ ᠨᠤᠷᠠᠭᠠᠬᠤ ᠴᠢᠬᠤᠯᠠ ᠲᠠᠢ ᠪᠣᠯ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠣᠷᠣᠨ ᠰᠠᠭᠤᠴᠠ  ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠠᠳᠠᠯᠢ ᠱᠠᠲᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠮᠳᠦ ᠶᠢᠨ ᠵᠦᠪᠰᠢᠶᠡᠷᠡᠯ ᠢ ᠤᠯᠬᠤ ᠬᠡᠷᠡᠭᠲᠡᠶ᠃      ᠪᠦᠳᠦᠭᠡᠨ ᠪᠠᠶᠢᠭᠤᠯᠤᠯᠳᠠ ᠶᠢᠨ ᠨᠢᠭᠡᠴᠡ ᠬᠡᠷᠡᠭᠵᠢᠭᠦᠯᠬᠦ ᠶᠠᠪᠤᠴᠠ ᠳᠤᠮᠳᠠ ᠲᠡᠤᠬᠡᠳᠦ ᠪᠠᠷᠢᠯᠭ᠎ᠠ ᠶᠢᠨ ᠨᠠᠷᠢᠨ ᠲᠣᠳᠣᠷᠬᠠᠶ ᠬᠡᠮᠵᠢᠨ ᠵᠢᠷᠤᠭᠯᠠᠯᠲᠠ᠂ ᠮᠡᠳᠡᠭᠡ ᠵᠠᠩᠭᠢ ᠶᠢᠨ ᠲᠡᠮᠳᠡᠭᠯᠡᠯ ᠪᠣᠯᠤᠨ ᠳᠠᠩᠰᠠ ᠡᠪᠬᠡᠮᠡᠯ ᠤᠨ ᠮᠠᠲ᠋ᠧᠷᠢᠶᠠᠯ ᠢ ᠬᠠᠳᠠᠭᠠᠯᠠᠬᠤ ᠠᠵᠢᠯ ᠢ ᠰᠠᠶᠢᠲᠤᠷ ᠬᠢᠬᠦ ᠶᠢᠨ ᠬᠠᠮᠲᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠳᠠᠩᠰᠠ ᠡᠪᠬᠡᠮᠡᠯ ᠤᠨ ᠮᠠᠲ᠋ᠧᠷᠢᠶᠠᠯ ᠢ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠴᠠᠭ ᠲᠤᠬᠠᠶ ᠳᠤᠨᠢ ᠮᠡᠳᠡᠭᠦᠯᠦᠨ ᠬᠦᠷᠭᠡᠵᠦ ᠳᠠᠩᠰᠠ ᠡᠪᠬᠡᠮᠡᠯ ᠳᠤ ᠬᠠᠳᠠᠭᠠᠯᠠᠬᠤ ᠬᠡᠷᠡᠭᠲᠡᠶ᠃        ᠲᠤᠰ ᠵᠦᠢᠯ ᠳᠤ ᠲᠣᠭᠲᠠᠭᠠᠭᠰᠠᠨ ᠲᠡᠤᠬᠡᠳᠦ ᠪᠠᠷᠢᠯᠭ᠎ᠠ ᠶᠢ ᠣᠨᠳᠣᠣ ᠭᠠᠵᠠᠷ ᠲᠤ ᠨᠡᠭᠦᠯᠭᠡᠨ ᠰᠢᠯᠵᠢᠭᠦᠯᠬᠦ ᠳᠤ ᠬᠡᠷᠡᠭᠯᠡᠬᠦ ᠪᠤᠶᠤ ᠨᠤᠷᠠᠭᠠᠬᠤ ᠳᠤ ᠬᠡᠷᠡᠭᠰᠡᠬᠦ ᠵᠠᠷᠤᠳᠠᠯ ᠢ ᠪᠦᠳᠦᠭᠡᠨ ᠪᠠᠶᠢᠭᠤᠯᠤᠯᠳᠠ ᠶᠢᠨ ᠨᠢᠭᠡᠴᠡ ᠠᠴᠠ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠰᠦᠪ ᠲᠤ ᠵᠢᠭᠰᠠᠭᠠᠨ ᠣᠷᠣᠭᠤᠯᠤᠨ᠎ᠠ᠃      ᠭᠤᠴᠢᠨ ᠳᠣᠯᠣᠳᠤᠭᠠᠷ ᠵᠦᠢᠯ  ᠲᠡᠤᠬᠡᠳᠦ ᠪᠠᠷᠢᠯᠭ᠎ᠠ ᠶᠢ ᠥᠮᠴᠢᠯᠡᠬᠦ ᠡᠷᠬᠡᠲᠦ ᠬᠥᠮᠦᠨ ᠬᠠᠮᠠᠭᠠᠯᠠᠯᠳᠠ ᠶᠢᠨ ᠲᠥᠯᠥᠪᠵᠢᠭᠦᠯᠭᠡ ᠶᠢᠨ ᠱᠠᠭᠠᠷᠳᠠᠯᠭ᠎ᠠ ᠶᠣᠰᠣᠭᠠᠷ ᠲᠡᠤᠬᠡᠳᠦ ᠪᠠᠷᠢᠯᠭ᠎ᠠ ᠶᠢ ᠬᠠᠮᠠᠭᠠᠯᠠᠬᠤ ᠪᠠ ᠰᠡᠯᠪᠢᠨ ᠵᠠᠰᠠᠬᠤ ᠶᠢ ᠬᠠᠷᠢᠭᠤᠴᠠᠨ᠎ᠠ᠃       ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠨᠤᠭᠤᠳ ᠬᠠᠮᠠᠭᠠᠯᠠᠯᠲᠠ ᠶᠢᠨ ᠪᠡᠯᠡ ᠮᠥᠩᠭᠦ ᠶᠢᠨ ᠳᠣᠲᠣᠷ᠎ᠠ ᠠᠴᠠ ᠲᠡᠤᠬᠡᠳᠦ ᠪᠠᠷᠢᠯᠭ᠎ᠠ ᠶᠢ ᠬᠠᠮᠠᠭᠠᠯᠠᠬᠤ ᠪᠠ ᠰᠡᠯᠪᠢᠨ ᠵᠠᠰᠠᠬᠤ ᠳᠤ ᠲᠤᠰᠠᠯᠠᠮᠵᠢ ᠣᠯᠭᠤᠵᠤ ᠪᠣᠯᠤᠨ᠎ᠠ᠃      ᠲᠡᠤᠬᠡᠳᠦ ᠪᠠᠷᠢᠯᠭ᠎ᠠ ᠡᠪᠳᠡᠭᠳᠡᠨ ᠰᠦᠢᠳᠬᠡᠭᠳᠡᠬᠦ ᠠᠶᠤᠯ ᠲᠠᠢ ᠪᠣᠯ ᠲᠡᠤᠬᠡᠳᠦ ᠪᠠᠷᠢᠯᠭ᠎ᠠ ᠶᠢ ᠬᠠᠮᠠᠭᠠᠯᠠᠬᠤ ᠬᠠᠷᠢᠭᠤᠴᠠᠯᠭ᠎ᠠ ᠡᠭᠦᠷᠭᠡᠯᠡᠭᠴᠢ ᠨᠢ ᠳᠠᠷᠦ᠋ᠢᠬᠠᠨ ᠠᠶᠤᠯ ᠠᠴᠠ ᠠᠪᠤᠷᠠᠵᠤ ᠬᠠᠮᠠᠭᠠᠯᠠᠬᠤ ᠶᠢ ᠵᠣᠬᠢᠶᠠᠨ ᠪᠠᠶᠢᠭᠤᠯᠬᠤ ᠶᠢᠨ ᠬᠠᠮᠲᠤ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ᠂ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠲᠡᠦᠬᠡ ᠶᠢᠨ ᠳᠤᠷᠠᠰᠬᠠᠯᠲᠤ ᠵᠦᠢᠯᠡᠰ ᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠡᠤᠬᠡᠳᠦ ᠪᠠᠷᠢᠯᠭ᠎ᠠ ᠶᠢ ᠬᠠᠮᠠᠭᠠᠯᠠᠬᠤ ᠬᠠᠷᠢᠭᠤᠴᠠᠯᠭ᠎ᠠ ᠡᠭᠦᠷᠭᠡᠯᠡᠭᠴᠢ ᠶᠢ ᠬᠠᠪᠰᠤᠷᠤᠨ ᠠᠶᠤᠯ ᠠᠴᠠ ᠠᠪᠤᠷᠠᠵᠤ ᠬᠠᠮᠠᠭᠠᠯᠠᠨ᠎ᠠ᠃      ᠭᠤᠴᠢᠨ ᠨᠠᠢᠮᠠᠳᠤᠭᠠᠷ ᠵᠦᠢᠯ  ᠬᠠᠮᠠᠭᠠᠯᠠᠯᠲᠠ ᠶᠢᠨ ᠱᠠᠭᠠᠷᠳᠠᠯᠭ᠎ᠠ ᠳᠤ ᠨᠡᠶᠢᠴᠡᠭᠰᠡᠨ ᠤᠷᠢᠲᠠᠯ ᠳᠣᠣᠷ᠎ᠠ᠂ ᠲᠡᠤᠬᠡᠳᠦ ᠪᠠᠷᠢᠯᠭ᠎ᠠ ᠶᠢᠨ ᠵᠦᠢ ᠵᠣᠬᠢᠰᠲᠠᠢ ᠬᠠᠮᠠᠭᠠᠯᠠᠬᠤ ᠴᠢᠨᠠᠷ ᠢ ᠠᠰᠢᠭᠯᠠᠬᠤ ᠶᠢ ᠵᠣᠷᠢᠭᠵᠢᠭᠤᠯᠤᠨ᠎ᠠ᠃      ᠭᠤᠴᠢ ᠶᠢᠰᠦᠳᠦᠭᠡᠷ ᠵᠦᠢᠯ  ᠵᠥᠪᠰᠢᠶᠡᠷᠡᠭᠦᠯᠦᠭᠡᠳ ᠨᠡᠶᠢᠲᠡᠯᠡᠭᠰᠡᠨ ᠲᠡᠤᠬᠡᠳᠦ ᠪᠠᠷᠢᠯᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ 60 ᠡᠳᠦᠷ ᠤᠨ ᠳᠣᠲᠣᠷ᠎ᠠ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠡᠷ᠎ᠡ ᠪᠠᠷ ᠬᠠᠮᠠᠭᠠᠯᠠᠯᠲᠠ ᠶᠢᠨ ᠲᠡᠮᠳᠡᠭ ᠢ ᠨᠢᠭᠡᠳᠦᠯᠲᠡᠶ ᠪᠠᠶᠢᠭᠤᠯᠤᠨ᠎ᠠ᠃ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠡᠤᠬᠡᠳᠦ ᠪᠠᠷᠢᠯᠭ᠎ᠠ ᠶᠢᠨ ᠬᠠᠮᠠᠭᠠᠯᠠᠯᠲᠠ ᠶᠢᠨ ᠲᠡᠮᠳᠡᠭ ᠪᠠᠶᠢᠭᠤᠯᠬᠤ ᠶᠢ ᠪᠣᠳᠠᠲᠠᠶ ᠵᠣᠬᠢᠶᠠᠨ ᠪᠠᠶᠢᠭᠤᠯᠤᠨ᠎ᠠ᠃      ᠶᠠᠮᠠᠷᠪᠠ ᠨᠢᠭᠡᠴᠡ ᠪᠣᠯᠤᠨ ᠬᠤᠪᠢ ᠬᠥᠮᠦᠨ ᠲᠡᠤᠬᠡᠳᠦ ᠪᠠᠷᠢᠯᠭ᠎ᠠ ᠶᠢᠨ ᠬᠠᠮᠠᠭᠠᠯᠠᠯᠲᠠ ᠶᠢᠨ ᠲᠡᠮᠳᠡᠭ ᠫᠠᠶᠢᠰᠠ ᠶᠢ ᠳᠤᠷ᠎ᠠ ᠪᠠᠷ ᠢᠶᠠᠨ ᠪᠠᠶᠢᠷᠢᠯᠠᠭᠤᠯᠬᠤ᠂ ᠰᠢᠯᠵᠢᠭᠦᠯᠬᠦ᠂ ᠪᠠᠯᠠᠯᠤᠨ ᠥᠭᠡᠷᠡᠴᠢᠯᠡᠬᠦ ᠪᠤᠶᠤ ᠡᠪᠳᠡᠵᠦ ᠪᠣᠯᠬᠤ ᠦᠭᠡᠶ᠃      ᠳᠥᠴᠢᠳᠦᠭᠡᠷ ᠵᠦᠢᠯ  ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠢ ︽ᠲᠡᠦᠬᠡ ᠰᠣᠶᠣᠯ ᠤᠨ ᠨᠡᠷᠡᠲᠦ ᠬᠤᠲᠠ ᠨᠡᠷᠡᠲᠦ ᠪᠠᠯᠭᠠᠰᠤ ᠨᠡᠷᠡᠲᠦ ᠲᠣᠰᠬᠤᠨ ᠤ ᠬᠠᠮᠠᠭᠠᠯᠠᠯᠲᠠ ᠶᠢᠨ ᠲᠤᠭᠳᠠᠭᠠᠯ︾ ᠵᠡᠷᠭᠡ ᠬᠤᠯᠪᠣᠭᠳᠠᠯ ᠪᠦᠬᠦᠢ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠰᠢᠢᠳᠬᠡᠨ ᠲᠣᠷᠭᠠᠨ᠎ᠠ᠃      ᠲᠠᠪᠤᠳᠤᠭᠠᠷ ᠪᠦᠯᠦᠭ   ᠳᠠᠭᠠᠯᠳᠤᠭᠤᠯᠤᠭᠰᠠᠨ ᠳᠦᠷᠢᠮ      ᠳᠥᠴᠢᠨ ᠨᠢᠭᠡᠳᠦᠭᠡᠷ ᠵᠦᠢᠯ  ᠲᠣᠰ ᠠᠷᠭ᠎ᠠ ᠶᠢ 2020 ᠣᠨ ᠤ 3 ᠳ᠋ᠤᠭᠠᠷ ᠰᠠᠷ᠎ᠠ ᠶᠢᠨ 30 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃
ᠢᠷᠡᠯᠲᠡ᠄ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ ᠶᠢᠨ ᠲᠢᠩᠬᠢᠮ
Baidu
map