︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠶᠢ ᠬᠠᠪᠰᠤᠷᠤᠨ ᠬᠠᠮᠢᠶᠠᠷᠬᠤ ᠠᠵᠢᠯᠲᠠᠨ ᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢᠨ ᠲᠤᠬᠠᠶ ᠢᠯᠡ ᠪᠠᠷ ᠰᠠᠨᠠᠯ ᠬᠤᠷᠢᠶᠠᠬᠤ ᠲᠤᠬᠠᠢ ᠠᠯᠪᠠᠨ ᠨᠡᠶᠢᠲᠡᠯᠡᠯ
ᠨᠡᠶᠢᠲᠡᠯᠡᠭᠰᠡᠨ ᠴᠠᠭ᠄
2020/12/29
     ︽ᠬᠤᠲᠠ ᠶᠢᠨ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ ᠬᠤᠲᠠ ᠶᠢᠨ ᠬᠠᠮᠢᠶᠠᠷᠤᠯᠲᠠ ᠶᠢᠨ ᠠᠵᠢᠯ ᠢ ᠰᠠᠶᠢᠵᠢᠷᠠᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠢᠯᠣᠭᠤᠳᠬᠤ ᠰᠠᠨᠠᠯ︾ ︵ᠲᠥᠪ ᠲᠠᠷᠬᠠᠭᠠᠭᠰᠠᠨ 〔2015〕37 ᠳ᠋ᠤᠭᠠᠷ ᠲᠣᠭᠠᠲᠤ︶ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽︿ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2015—2020 ᠣᠨ︶﹀ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠦᠯ︾ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠣᠷᠣᠨ ᠤ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠶᠢ ᠬᠠᠪᠰᠤᠷᠤᠨ ᠬᠠᠮᠢᠶᠠᠷᠬᠤ ᠠᠵᠢᠯᠲᠠᠨ ᠤ ᠬᠠᠮᠢᠶᠠᠷᠤᠯᠲᠠ ᠶᠢ ᠴᠢᠩᠭᠠᠳᠬᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠶᠢ ᠬᠠᠪᠰᠤᠷᠤᠨ ᠬᠠᠮᠢᠶᠠᠷᠬᠤ ᠠᠵᠢᠯᠲᠠᠨ ᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︵ᠳᠠᠭᠠᠯᠳᠤᠭᠤᠯᠤᠯ ᠢ ᠦᠵᠡ︶  ᠶᠢ ᠲᠤᠭᠤᠷᠪᠢᠪᠠ᠂ ᠣᠳᠣ ᠨᠡᠶᠢᠭᠡᠮ ᠳᠤ ᠢᠯᠡ ᠢᠶᠠᠷ ᠨᠡᠶᠢᠲᠡᠯᠡᠵᠤ ᠰᠠᠨᠠᠯ ᠬᠤᠷᠢᠶᠠᠵᠤ ᠪᠣᠢ᠂ ᠬᠤᠯᠪᠣᠭᠳᠠᠯ ᠪᠥᠬᠦᠶ ᠨᠢᠭᠡᠴᠡ ᠪᠠ ᠣᠯᠠᠨ ᠲᠦᠮᠡᠨ ᠳᠣᠤᠷᠠᠬᠢ ᠠᠷᠭ᠎ᠠ ᠵᠠᠮ ᠪᠠ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠷᠢᠭᠤ ᠲᠤᠰᠬᠠᠬᠤ ᠰᠠᠨᠠᠯ ᠳᠤᠷᠠᠳᠴᠤ ᠪᠣᠯᠤᠨ᠎ᠠ᠂ ᠰᠠᠨᠠᠯ ᠤᠨ ᠬᠠᠷᠢᠭᠤ ᠲᠤᠰᠬᠠᠬᠤ ᠴᠠᠭ ᠨᠢ 2020 ᠣᠨ ᠤ 6 ᠰᠠᠷ᠎ᠠ ᠶᠢᠨ 26 ᠤ ᠡᠳᠦᠷ ᠪᠤᠯᠲᠠᠯ᠎ᠠ᠂ ᠬᠤᠭᠤᠴᠠᠭ᠎ᠠ ᠬᠡᠲᠦᠷᠡᠪᠡᠯ ᠰᠠᠨᠠᠯ ᠥᠬᠡᠶ ᠭᠡᠵᠦ ᠦᠵᠡᠨ᠎ᠡ᠃ 1.ᠬᠠᠷᠢᠯᠴᠠᠬᠤ ᠤᠲᠠᠰᠤ᠄ 0471 - 6577566      ᠹᠠᠺᠰ᠄ 0471 - 6945046 2. ᠢᠮᠧᠯ᠄ nmgcszf @ 163 . com 3. ᠴᠢᠮᠡᠭᠡ ᠬᠤᠯᠪᠤᠭᠠᠨ ᠤ ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠴᠢᠩᠭᠢᠰ ᠬᠠᠭᠠᠨ ᠵᠡᠭᠦᠨ ᠵᠡᠭᠡᠯᠢ ᠶᠢᠨ 15 ᠳ᠋ᠤᠭᠠᠷ ᠨᠣᠮᠧᠷ ᠤᠨ ᠪᠥᠲᠦᠭᠡᠨ ᠪᠠᠶᠢᠭᠤᠯᠤᠯᠲᠠ ᠶᠢᠨ ᠲᠣᠮᠣ ᠠᠰᠠᠷ 4. ᠰᠢᠦᠳᠠᠨ ᠳ᠋ᠤᠭᠠᠷ᠄ 010060
ᠢᠷᠡᠯᠲᠡ᠄ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ ᠶᠢᠨ ᠲᠢᠩᠬᠢᠮ
Baidu
map