ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠣᠷᠣᠨ ᠨᠤᠲᠤᠭ ᠤᠨ ᠪᠠᠷᠢᠮᠵᠢᠶ᠎ᠠ ᠶᠢᠨ ︽ᠣᠷᠣᠨ ᠰᠠᠭᠤᠴᠠ ᠶᠢᠨ ᠥᠷᠥᠭᠡᠨ ᠤ ᠪᠥᠬᠦ ᠵᠠᠰᠠᠯ ᠴᠢᠮᠡᠭᠯᠡᠯ ᠤᠨ ᠵᠢᠷᠤᠭ ᠲᠥᠯᠥᠪᠯᠡᠭᠡ ᠶᠢᠨ ᠪᠠᠷᠢᠮᠵᠢᠶ᠎ᠠ︾ ᠶᠢ ᠢᠯᠡ ᠨᠡᠶᠢᠲᠡᠯᠡᠵᠤ ᠰᠠᠨᠠᠯ ᠬᠤᠷᠢᠶᠠᠬᠤ ᠲᠤᠬᠠᠢ ᠠᠯᠪᠠᠨ ᠨᠡᠶᠢᠲᠡᠯᠡᠯ
ᠨᠡᠶᠢᠲᠡᠯᠡᠭᠰᠡᠨ ᠴᠠᠭ᠄
2020/12/30
     ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ︽ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ︿ᠤᠭᠰᠠᠷᠠᠮᠠᠯ ᠮᠠᠶ᠋ᠢᠭ ᠤᠨ ᠪᠠᠷᠢᠯᠭ᠎ᠠ ᠶᠢ ᠦᠨᠡᠯᠡᠬᠦ ᠪᠠᠷᠢᠮᠵᠢᠶ᠎ᠠ﹀ ᠪᠠ ︿ᠣᠷᠣᠨ ᠰᠠᠭᠤᠴᠠ ᠶᠢᠨ ᠥᠷᠥᠭᠡᠨ ᠤ ᠪᠥᠬᠦ ᠵᠠᠰᠠᠯ ᠴᠢᠮᠡᠭᠯᠡᠯ ᠤᠨ ᠵᠢᠷᠤᠵᠤ ᠲᠥᠯᠥᠪᠯᠡᠬᠦ ᠪᠠᠷᠢᠮᠵᠢᠶ᠎ᠠ﹀ ᠶᠢ ᠨᠠᠶᠢᠷᠠᠭᠤᠯᠤᠨ ᠵᠣᠬᠢᠶᠠᠬᠤ ᠶᠢ ᠵᠥᠪᠰᠢᠶᠡᠷᠡᠬᠦ ᠲᠤᠬᠠᠶ ᠬᠠᠷᠢᠭᠤ ᠵᠠᠬᠢᠳᠠᠯ︾ ︵ᠥᠪᠥᠷ ᠪᠠᠶᠢᠭᠤᠯᠤᠯᠲᠠ ᠪᠠᠷᠢᠮᠵᠢᠶ᠎ᠠ ᠵᠠᠬᠢᠳᠠᠯ 〔2019〕913 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠲᠢᠩᠬᠢᠮ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠥᠷᠥᠭᠡᠨ ᠤ ᠵᠠᠰᠠᠯ ᠴᠢᠮᠡᠭᠯᠡᠯ ᠤᠨ ᠪᠠᠷᠢᠯᠭ᠎ᠠ ᠶᠢᠨ ᠶᠠᠰᠤ ᠴᠢᠨᠠᠷ ᠢ ᠬᠢᠨᠠᠨ ᠬᠠᠮᠢᠶᠠᠷᠬᠤ ᠭᠠᠵᠠᠷ ᠵᠡᠷᠭᠡ ᠨᠢᠭᠡᠴᠡ ᠶᠢ ᠵᠣᠬᠢᠶᠠᠨ ᠪᠠᠶᠢᠭᠤᠯᠵᠤ ︽ᠣᠷᠣᠨ ᠰᠠᠭᠤᠴᠠ ᠶᠢᠨ ᠥᠷᠥᠭᠡᠨ ᠤ ᠳᠣᠲᠣᠷᠠᠬᠢ ᠪᠥᠬᠦ ᠵᠠᠰᠠᠯ ᠴᠢᠮᠡᠭᠯᠡᠯ ᠤᠨ ᠵᠢᠷᠤᠵᠤ ᠲᠥᠯᠥᠪᠯᠡᠬᠦ ᠪᠠᠷᠢᠮᠵᠢᠶ᠎ᠠ ︵ᠰᠠᠨᠠᠯ ᠬᠤᠷᠢᠶᠠᠬᠤ ᠨᠣᠤᠷᠠᠭ︶︾ ︵ᠳᠠᠭᠠᠯᠳᠤᠭᠤᠯᠤᠯ ᠢ ᠦᠵᠡ︶ ᠶᠢ ᠲᠤᠭᠤᠷᠪᠢᠵᠤ᠂ ᠡᠳᠦᠭᠡ ᠨᠡᠶᠢᠭᠡᠮ ᠨᠡᠶᠢᠲᠡ ᠠᠴᠠ ᠢᠯᠡ ᠪᠠᠷ ᠰᠠᠨᠠᠯ ᠬᠤᠷᠢᠶᠠᠵᠤ ᠪᠣᠢ᠃ ᠬᠤᠯᠪᠣᠭᠳᠠᠯ ᠪᠥᠬᠦᠶ ᠨᠢᠭᠡᠴᠡ ᠪᠠ ᠣᠯᠠᠨ ᠲᠦᠮᠡᠨ ᠳᠣᠤᠷᠠᠬᠢ ᠠᠷᠭ᠎ᠠ ᠵᠠᠮ ᠪᠠ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠷᠢᠭᠤ ᠲᠤᠰᠬᠠᠬᠤ ᠰᠠᠨᠠᠯ ᠳᠤᠷᠠᠳᠴᠤ ᠪᠣᠯᠤᠨ᠎ᠠ᠂ ᠰᠠᠨᠠᠯ ᠳᠤ ᠬᠠᠷᠢᠭᠤ ᠲᠤᠰᠬᠠᠬᠤ ᠴᠠᠭ ᠨᠢ 2020 ᠣᠨ ᠤ 6 ᠰᠠᠷ᠎ᠠ ᠶᠢᠨ 19 ᠤ ᠡᠳᠦᠷ ᠪᠤᠯᠲᠠᠯ᠎ᠠ᠂ ᠬᠤᠭᠤᠴᠠᠭ᠎ᠠ ᠬᠡᠲᠦᠷᠡᠪᠡᠯ ᠰᠠᠨᠠᠯ ᠥᠬᠡᠶ ᠭᠡᠵᠦ ᠦᠵᠡᠨ᠎ᠡ᠃ 1.ᠢᠮᠧᠯ᠄ 845936388 @ qq . com2.ᠴᠢᠮᠡᠭᠡ ᠬᠤᠯᠪᠤᠭᠠᠨ ᠤ ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠬᠥᠯᠥᠨ ᠬᠤᠶᠢᠲᠤ ᠵᠠᠮ ᠤᠨ ᠨᠠᠶᠠ ᠶᠢᠰᠦᠳᠦᠭᠡᠷ ᠵᠠᠰᠠᠭ ᠤᠨ ᠣᠷᠳᠣᠨ ᠤ ᠬᠤᠶᠠᠳᠤᠭᠠᠷ ᠠᠰᠠᠷ ᠤᠨ ᠨᠢᠭᠡᠳᠦᠭᠡᠷ ᠳᠠᠪᠬᠤᠷᠯᠢᠭ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠥᠷᠦᠭᠡᠨ ᠤ ᠵᠠᠰᠠᠯ ᠴᠢᠮᠡᠭᠯᠡᠯ ᠤᠨ ᠢᠨᠵᠧᠨᠧᠷᠢᠩ ᠤᠨ ᠶᠠᠰᠤ ᠴᠢᠨᠠᠷ ᠢ ᠬᠢᠨᠠᠨ ᠬᠠᠮᠢᠶᠠᠷᠬᠤ ᠭᠠᠵᠠᠷ 3.ᠰᠢᠦᠳᠠᠨ ᠨᠣᠮᠧᠷ᠄ ᠰᠢᠦᠳᠠᠨ ᠨᠣᠮᠧᠷ᠄ ᠰᠢᠦᠳᠠᠨ ᠨᠣᠮᠧᠷ᠄ 010010
ᠢᠷᠡᠯᠲᠡ᠄ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ ᠶᠢᠨ ᠲᠢᠩᠬᠢᠮ
Baidu
map