ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠣᠷᠣᠨ ᠨᠤᠲᠤᠭ ᠤᠨ ᠪᠠᠷᠢᠮᠵᠢᠶ᠎ᠠ ᠶᠢᠨ ︽ᠣᠷᠭᠠᠨᠢᠭ ᠪᠤᠰᠤ ᠴᠢᠨᠠᠷ ᠬᠤᠪᠢᠷᠠᠮᠠᠯ ᠪᠧᠨ᠋ᠽᠧᠨ ᠬᠠᠪᠲᠠᠰᠤᠨ ᠤ ᠭᠠᠳᠠᠷ ᠬᠡᠷᠡᠮ ᠤᠨ ᠭᠠᠳᠠᠨᠠᠬᠢ ᠳᠤᠯᠠᠭᠠᠨ ᠢ ᠬᠠᠳᠠᠭᠠᠯᠠᠬᠤ ᠰᠢᠰᠲ᠋ᠧᠮ ᠤᠨ ᠪᠠᠷᠢᠯᠭ᠎ᠠ ᠶᠢᠨ ᠪᠦᠲᠦᠴᠡ︾ ᠶᠢ ᠢᠯᠡ ᠪᠠᠷ ᠨᠡᠶᠢᠲᠡᠯᠡᠵᠤ ᠰᠠᠨᠠᠯ ᠬᠤᠷᠢᠶᠠᠬᠤ ᠲᠤᠬᠠᠢ ᠠᠯᠪᠠᠨ ᠨᠡᠶᠢᠲᠡᠯᠡᠯ
ᠨᠡᠶᠢᠲᠡᠯᠡᠭᠰᠡᠨ ᠴᠠᠭ᠄
2020/12/30
     ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ︽2019 ᠣᠨ ᠤ ᠳᠡᠭᠡᠷ᠎ᠡ ᠬᠠᠭᠠᠰ ᠵᠢᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠬᠤ ᠲᠥᠷᠥᠯ ᠵᠦᠢᠯ ᠤᠨ ᠨᠡᠷᠡᠰ ᠢ ᠨᠡᠶᠢᠲᠡᠯᠡᠬᠦ ᠲᠤᠬᠠᠶ ᠮᠡᠳᠡᠭᠳᠡᠯ︾ ︵ᠥᠪᠥᠷ ᠪᠠᠶᠢᠭᠤᠯᠤᠯᠲᠠ ᠪᠠᠷᠢᠮᠵᠢᠶ᠎ᠠ ᠵᠠᠬᠢᠳᠠᠯ 〔2019〕124 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠲᠢᠩᠬᠢᠮ ᠥᠪᠥᠷ ᠮᠣᠩᠭᠤᠯ ᠤᠨ ᠪᠠᠷᠢᠯᠭ᠎ᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠬᠢᠵᠠᠭᠠᠷᠲᠤ ᠺᠣᠮᠫᠠᠨᠢ ᠵᠡᠷᠭᠡ ᠨᠢᠭᠡᠴᠡ ᠶᠢ ᠵᠣᠬᠢᠶᠠᠨ ᠪᠠᠶᠢᠭᠤᠯᠵᠤ ᠪᠠᠷᠢᠮᠵᠢᠶ᠎ᠠ ᠵᠢᠷᠤᠭ ᠤᠨ ᠡᠮᠬᠢᠳᠬᠡᠯ ︽ᠣᠷᠭᠠᠨᠢᠭ ᠪᠤᠰᠤ ᠴᠢᠨᠠᠷ ᠬᠤᠪᠢᠷᠠᠮᠠᠯ ᠪᠧᠨ᠋ᠽᠧᠨ ᠬᠠᠪᠲᠠᠰᠤᠨ ᠤ ᠭᠠᠳᠠᠷ ᠬᠡᠷᠡᠮ ᠤᠨ ᠭᠠᠳᠠᠨᠠᠬᠢ ᠳᠤᠯᠠᠭᠠᠨ ᠢ ᠬᠠᠳᠠᠭᠠᠯᠠᠬᠤ ᠰᠢᠰᠲ᠋ᠧᠮ ᠤᠨ ᠪᠠᠷᠢᠯᠭ᠎ᠠ ᠶᠢᠨ ᠪᠦᠲᠦᠴᠡ ︵ᠰᠠᠨᠠᠯ ᠬᠤᠷᠢᠶᠠᠬᠤ ᠨᠣᠤᠷᠠᠭ︶︾ ︵ᠳᠠᠭᠠᠯᠳᠤᠭᠤᠯᠤᠯ ᠢ ᠦᠵᠡ︶ ᠶᠢ ᠲᠤᠭᠤᠷᠪᠢᠵᠤ᠂ ᠡᠳᠦᠭᠡ ᠨᠡᠶᠢᠭᠡᠮ ᠨᠡᠶᠢᠲᠡ ᠠᠴᠠ ᠢᠯᠡ ᠪᠠᠷ ᠰᠠᠨᠠᠯ ᠬᠤᠷᠢᠶᠠᠪᠠ᠃ ᠬᠤᠯᠪᠣᠭᠳᠠᠯ ᠪᠥᠬᠦᠶ  ᠨᠢᠭᠡᠴᠡ ᠪᠠ ᠣᠯᠠᠨ ᠲᠦᠮᠡᠨ ᠳᠣᠤᠷᠠᠬᠢ ᠠᠷᠭ᠎ᠠ ᠵᠠᠮ ᠪᠠ ᠠᠷᠭ᠎ᠠ ᠮᠠᠶ᠋ᠢᠭ ᠢᠶᠠᠷ ᠳᠠᠮᠵᠢᠭᠤᠯᠤᠨ 2020 ᠣᠨ ᠤ 6 ᠰᠠᠷ᠎ᠠ ᠶᠢᠨ 13 ᠤ ᠡᠳᠦᠷ ᠠᠴᠠ ᠡᠮᠦᠨ᠎ᠡ ᠬᠠᠷᠢᠭᠤ ᠲᠤᠰᠬᠠᠭᠰᠠᠨ ᠰᠠᠨᠠᠯ ᠳᠤᠷᠠᠳᠴᠤ ᠪᠣᠯᠤᠨ᠎ᠠ᠂ ᠬᠤᠭᠤᠴᠠᠭ᠎ᠠ ᠬᠡᠲᠦᠷᠡᠪᠡᠯ ᠰᠠᠨᠠᠯ ᠥᠬᠡᠶ ᠭᠡᠵᠦ ᠦᠵᠡᠨ᠎ᠡ᠃ 1.ᠢᠮᠧᠯ᠄ 13947108223 @ 163 . com 2.ᠴᠢᠮᠡᠭᠡ ᠬᠤᠯᠪᠣᠭᠠᠨ ᠤ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠰᠢᠨ᠎ᠡ ᠪᠠᠷ ᠪᠠᠶᠢᠭᠤᠯᠤᠭᠰᠠᠨ ᠪᠠᠷᠠᠭᠤᠨ ᠵᠡᠭᠡᠯᠢ ᠶᠢᠨ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠣᠷᠣᠨ ᠰᠠᠭᠤᠴᠠ ᠶᠢᠨ ᠳᠤᠮᠳᠠ ᠲᠣᠭᠤᠷᠢᠭ ᠤᠨ 2 ᠳ᠋ᠤᠭᠠᠷ ᠨᠣᠮᠧᠷᠲᠤ ᠠᠰᠠᠷ ᠤᠨ 2 ᠳ᠋ᠤᠭᠠᠷ ᠨᠢᠭᠡᠴᠢ ᠶᠢᠨ 6 ᠳ᠋ᠤᠭᠠᠷ ᠨᠣᠮᠧᠷ 3.ᠰᠢᠦᠳᠠᠨ ᠳ᠋ᠤᠭᠠᠷ᠄ 010022  
ᠢᠷᠡᠯᠲᠡ᠄ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ ᠶᠢᠨ ᠲᠢᠩᠬᠢᠮ
Baidu
map