ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠣᠷᠣᠨ ᠨᠤᠲᠤᠭ ᠤᠨ ᠪᠠᠷᠢᠮᠵᠢᠶ᠎ᠠ ᠶᠢᠨ  ︽ᠬᠠᠭᠤᠴᠢᠨ ᠰᠠᠭᠤᠭᠠᠯᠢ ᠲᠣᠭᠤᠷᠢᠭ ᠢ ᠴᠡᠭᠴᠡᠯᠡᠨ ᠥᠭᠡᠷᠡᠴᠢᠯᠡᠬᠦ ᠮᠡᠷᠭᠡᠵᠢᠯ ᠤᠨ ᠵᠢᠯᠣᠭᠤᠳᠬᠤ ᠲᠦᠷᠢᠮ︾ ᠢ ᠢᠯᠡ ᠪᠠᠷ ᠨᠡᠶᠢᠲᠡᠯᠡᠵᠤ ᠰᠠᠨᠠᠯ ᠬᠤᠷᠢᠶᠠᠬᠤ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2020/12/30
    ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ︽2018ᠣᠨ ᠤ ᠳᠡᠭᠡᠷ᠎ᠡ ᠬᠠᠭᠠᠰ ᠵᠢᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠬᠤ ᠵᠠᠰᠠᠪᠤᠷᠢ ᠣᠷᠣᠭᠤᠯᠤᠭᠰᠠᠨ ᠲᠥᠷᠥᠯ ᠵᠦᠢᠯ ᠤᠨ ᠨᠡᠷᠡᠰ ᠢ ᠨᠡᠶᠢᠲᠡᠯᠡᠬᠦ ᠲᠤᠬᠠᠶ ᠮᠡᠳᠡᠭᠳᠡᠯ︾ ︵ᠥᠪᠥᠷ ᠪᠠᠶᠢᠭᠤᠯᠤᠯᠲᠠ ᠪᠠᠷᠢᠮᠵᠢᠶ᠎ᠠ ᠵᠠᠬᠢᠳᠠᠯ〔2018〕126 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠲᠢᠩᠬᠢᠮ ᠥᠪᠥᠷ ᠮᠣᠩᠭᠤᠯ ᠤᠨ ᠬᠤᠲᠠ ᠶᠢᠨ ᠲᠥᠯᠥᠪᠵᠢᠭᠦᠯᠭᠡ ᠬᠤᠲᠠ ᠶᠢᠨ ᠶᠠᠪᠤᠳᠠᠯ ᠤᠨ ᠵᠢᠷᠤᠭ ᠲᠥᠯᠥᠪᠯᠡᠭᠡ ᠶᠢᠨ ᠰᠤᠳᠤᠯᠭᠠᠨ ᠤ ᠬᠦᠷᠢᠶᠡᠯᠡᠩ ᠤᠨ ᠬᠢᠵᠠᠭᠠᠷᠲᠤ ᠺᠣᠮᠫᠠᠨᠢ ᠶᠢ ᠵᠣᠬᠢᠶᠠᠨ ᠪᠠᠶᠢᠭᠤᠯᠵᠤ ᠣᠷᠣᠨ ᠨᠤᠲᠤᠭ ᠤᠨ ᠪᠠᠷᠢᠮᠵᠢᠶ᠎ᠠ ᠶᠢᠨ ︽ᠬᠠᠭᠤᠴᠢᠨ ᠰᠠᠭᠤᠭᠠᠯᠢ ᠲᠣᠭᠤᠷᠢᠭ ᠢ ᠴᠡᠭᠴᠡᠯᠡᠨ ᠥᠭᠡᠷᠡᠴᠢᠯᠡᠬᠦ ᠮᠡᠷᠭᠡᠵᠢᠯ ᠤᠨ ᠵᠢᠯᠣᠭᠤᠳᠬᠤ ᠲᠦᠷᠢᠮ  ︵ᠰᠠᠨᠠᠯ ᠬᠤᠷᠢᠶᠠᠬᠤ ᠨᠣᠤᠷᠠᠭ︶︾ ︵ᠳᠠᠭᠠᠯᠳᠤᠭᠤᠯᠤᠯ ᠢ ᠦᠵᠡ︶ ᠢ ᠲᠤᠭᠤᠷᠪᠢᠵᠤ᠂ ᠡᠳᠦᠭᠡ ᠨᠡᠶᠢᠭᠡᠮ ᠨᠡᠶᠢᠲᠡ ᠠᠴᠠ ᠢᠯᠡ ᠪᠠᠷ ᠰᠠᠨᠠᠯ ᠬᠤᠷᠢᠶᠠᠵᠤ ᠪᠠᠶᠢᠨ᠎ᠠ᠃ ᠬᠤᠯᠪᠣᠭᠳᠠᠯ ᠪᠦᠬᠦᠢ  ᠨᠢᠭᠡᠴᠡ ᠪᠠ ᠤᠯᠠᠨ ᠲᠦᠮᠡᠨ ᠳᠣᠣᠷᠠᠬᠢ ᠠᠷᠭ᠎ᠠ ᠵᠠᠮ ᠪᠠ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠷᠢᠭᠤ ᠲᠤᠰᠬᠠᠬᠤ ᠰᠠᠨᠠᠯ ᠢᠶᠠᠨ ᠳᠤᠷᠠᠳᠴᠤ ᠪᠣᠯᠤᠨ᠎ᠠ᠂ ᠬᠤᠭᠤᠴᠠᠭ᠎ᠠ ᠬᠡᠲᠦᠷᠡᠭᠰᠡᠨ ᠪᠠᠶᠢᠪᠠᠯ ᠰᠠᠨᠠᠯ ᠦᠭᠡᠢ ᠭᠡᠵᠦ ᠦᠵᠡᠨ᠎ᠡ᠃1.ᠢᠮᠧᠯ᠄ 84705906@qq.com 2.ᠴᠢᠮᠡᠭᠡ ᠬᠤᠯᠪᠤᠭᠠᠨ ᠤ ᠬᠠᠶ᠋ᠢᠭ᠄ ᠬᠦᠬᠡᠬᠤᠲᠠ ᠶᠢᠨ ᠷᠦ ᠢ ᠨᠡᠭᠡᠭᠡᠯᠳᠡ ᠶᠢᠨ ᠲᠣᠭᠤᠷᠢᠭ ᠤᠨ ᠷᠦ ᠢ ᠾᠧ ᠶᠡᠭᠡ ᠵᠡᠭᠡᠯᠢ ᠶᠢᠨ ᠪᠠᠷᠠᠭᠤᠨᠳᠠᠬᠢ ᠮᠧᠩ ᠨᠠᠶ ᠯᠦᠨ ᠠᠭᠤᠳᠠᠮ ᠲᠠᠯᠠᠪᠠᠶ ᠶᠢᠨ4 ᠨᠣᠮᠧᠷᠲᠤ ᠠᠰᠠᠷ  ᠥᠪᠥᠷ ᠮᠣᠩᠭᠤᠯ ᠤᠨ ᠬᠤᠲᠠ ᠶᠢᠨ ᠲᠥᠯᠥᠪᠵᠢᠭᠦᠯᠭᠡ ᠬᠤᠲᠠ ᠶᠢᠨ ᠶᠠᠪᠤᠳᠠᠯ ᠤᠨ ᠵᠢᠷᠤᠭ ᠲᠥᠯᠥᠪᠯᠡᠭᠡ ᠶᠢᠨ ᠰᠤᠳᠤᠯᠭᠠᠨ ᠤ ᠬᠦ᠋ᠶ᠋ᠷᠢᠶᠠᠯᠠᠩ ᠤᠨ ᠬᠢᠵᠠᠭᠠᠷᠲᠤ ᠺᠣᠮᠫᠠᠨᠢ3.ᠰᠢᠤᠳᠠᠨ ᠳ᠋ᠤᠭᠠᠷ᠄01000
ᠢᠷᠡᠯᠲᠡ᠄ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ ᠶᠢᠨ ᠲᠢᠩᠬᠢᠮ
Baidu
map