︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ ᠵᠢᠷᠤᠮᠵᠢᠭᠤᠯᠬᠤ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2020/12/31
ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄        ᠡᠳᠦᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ ᠵᠢᠷᠤᠮᠵᠢᠭᠤᠯᠬᠤ ᠠᠷᠭ᠎ᠠ︾ ᠶᠢ ᠳᠠᠷᠤᠮᠠᠯᠯᠠᠨ ᠶᠠᠪᠤᠭᠤᠯᠤᠯ᠎ᠠ᠂ ᠲᠠᠨᠠᠷ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃                                                                             2017 ᠣᠨ ᠤ 3 ᠳ᠋ᠤᠭᠠᠷ ᠰᠠᠷ᠎ᠠ ᠶᠢᠨ 7   ᠤ ᠡᠳᠦᠷ                         ︵ᠲᠤᠰ ᠪᠢᠴᠢᠭ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ ᠵᠢᠷᠤᠮᠵᠢᠭᠤᠯᠬᠤ ᠠᠷᠭ᠎ᠠ            ᠨᠢᠭᠡᠳᠦᠭᠡᠷ ᠵᠦᠶᠯ  ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠣᠰᠣᠭᠠᠷ ᠡᠷᠬᠡ ᠲᠤᠰᠢᠶᠠᠯ ᠢᠶᠠᠨ ᠬᠡᠷᠡᠭᠵᠢᠭᠦᠯᠬᠦ ᠶᠢ ᠬᠢᠨᠠᠯᠲᠠ ᠲᠠᠯᠪᠢᠬᠤ ᠪᠠ ᠪᠠᠲᠤᠯᠠᠵᠤ᠂ ᠠᠷᠠᠳ ᠢᠷᠭᠡᠳ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠬᠠᠤᠯᠢ︾ ᠵᠢᠴᠢ ᠬᠤᠯᠪᠣᠭᠳᠠᠯ ᠪᠥᠬᠦᠶ ᠬᠠᠤᠯᠢ ᠴᠠᠭᠠᠵᠠ ᠂ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠶᠯ  ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ ᠵᠢᠷᠤᠮᠵᠢᠭᠤᠯᠬᠤ ᠳᠤ ᠲᠣᠰ ᠠᠷᠭ᠎ᠠ ᠬᠡᠷᠡᠭᠯᠡᠨ᠎ᠡ᠃      ᠭᠤᠷᠪᠠᠳᠤᠭᠠᠷ ᠵᠦᠶᠯ  ᠲᠣᠰ ᠠᠷᠭ᠎ᠠ ᠳᠤ ᠬᠡᠯᠡᠵᠦ ᠪᠠᠶᠢᠭ᠎ᠠ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠭᠡᠳᠡᠭ ᠨᠢ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢ ᠬᠡᠷᠡᠭᠵᠢᠭᠦᠯᠬᠦ ᠪᠠᠶᠢᠭᠤᠯᠭ᠎ᠠ ᠨᠢ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠳᠤ ᠲᠣᠭᠲᠠᠭᠠᠭᠰᠠᠨ ᠲᠠᠰᠤᠯᠤᠯᠲᠠ ᠶᠢᠨ ᠬᠡᠪᠴᠢᠶᠡᠨ ᠳᠣᠲᠣᠷ᠎ᠠ᠂ ᠠᠷᠠᠳ ᠢᠷᠭᠡᠳ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ  ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠮᠬᠢ ᠵᠢᠷᠤᠮ ᠢ ᠵᠥᠷᠢᠴᠡᠭᠰᠡᠨ ᠦᠶᠯᠡ ᠠᠵᠢᠯᠯᠠᠭ᠎ᠠ ᠳᠤ᠂ ᠰᠢᠢᠳᠭᠡᠯ ᠲᠣᠷᠭᠠᠭᠤᠯᠢ ᠥᠭᠬᠦ ᠡᠰᠡᠬᠦ ᠶᠢ ᠲᠣᠭᠲᠠᠭᠠᠬᠤ ᠵᠢᠴᠢ ᠶᠠᠮᠠᠷ ᠲᠥᠷᠥᠯ ᠢᠯᠭᠠᠯ᠂ ᠶᠠᠮᠠᠷ ᠬᠡᠮᠵᠢᠶ᠎ᠡ ᠪᠠᠷ ᠰᠢᠢᠳᠭᠡᠯ ᠲᠣᠷᠭᠠᠭᠤᠯᠢ ᠥᠭᠬᠦ ᠶᠢ ᠲᠣᠭᠲᠠᠭᠠᠬᠤ ᠵᠢᠴᠢ ᠪᠣᠳᠠᠲᠠᠶ ᠳᠣᠭᠢᠷᠠᠬᠤ ᠪᠠᠶᠢᠳᠠᠯ ᠤᠨ ᠨᠠᠷᠢᠯᠢᠬᠵᠢᠭᠤᠯᠤᠭᠰᠠᠨ ᠪᠠ ᠪᠣᠳᠠᠲᠠᠶᠢᠵᠢᠭᠤᠯᠤᠭᠰᠠᠨ ᠪᠠᠷᠢᠮᠵᠢᠶ᠎ᠠ ᠶᠢ ᠵᠢᠭᠠᠵᠤ ᠪᠣᠶ᠃      ᠳᠥᠷᠪᠡᠳᠦᠭᠡᠷ ᠵᠦᠶᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ ᠵᠢᠷᠤᠮᠵᠢᠭᠤᠯᠬᠤ ᠠᠵᠢᠯ ᠢ ᠤᠳᠤᠷᠢᠳᠤᠨ᠎ᠠ᠃      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠠᠤᠯᠢ ᠳᠦᠷᠢᠮ ᠤᠨ ᠠᠵᠢᠯ ᠤᠨ ᠪᠠᠶᠢᠭᠤᠯᠤᠮᠵᠢ ᠨᠢ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ ᠵᠢᠷᠤᠮᠵᠢᠭᠤᠯᠬᠤ ᠶᠢ ᠵᠣᠬᠢᠶᠠᠨ ᠪᠠᠶᠢᠭᠤᠯᠬᠤ᠂ ᠵᠢᠯᠣᠭᠤᠳᠬᠤ᠂ ᠵᠣᠬᠢᠴᠠᠭᠤᠯᠬᠤ ᠪᠠ ᠬᠢᠨᠠᠯᠲᠠ ᠲᠠᠯᠪᠢᠬᠤ ᠶᠢ ᠬᠠᠷᠢᠭᠤᠴᠠᠨ᠎ᠠ᠃      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠠᠷᠢᠶ᠎ᠠ ᠠᠵᠢᠯ ᠤᠨ ᠰᠠᠯᠠᠭ᠎ᠠ ᠮᠥᠴᠢᠷ ᠨᠢ ᠳᠣᠣᠷᠠᠳᠤ ᠱᠠᠲᠤᠨ ᠤ ᠠᠵᠢᠯ ᠤᠨ ᠰᠠᠯᠠᠭ᠎ᠠ ᠮᠥᠴᠢᠷ ᠤᠨ ᠬᠡᠷᠡᠭᠯᠡᠬᠦ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢᠨ ᠠᠵᠢᠯ ᠢ ᠬᠠᠤᠯᠢ ᠶᠣᠰᠣᠭᠠᠷ ᠵᠢᠯᠣᠭᠤᠳᠬᠤ ᠶᠢᠨ ᠬᠠᠮᠲᠤ ᠬᠢᠨᠠᠯᠲᠠ ᠲᠠᠯᠪᠢᠨ᠎ᠠ᠃      ᠲᠠᠪᠤᠳᠤᠭᠠᠷ ᠵᠦᠶᠯ  ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ ᠲᠣᠭᠲᠠᠭᠠᠬᠤ ᠪᠠ ᠬᠡᠷᠡᠭᠯᠡᠬᠦ  ᠳᠤ ᠬᠠᠤᠯᠢ ᠶᠣᠰᠣᠨ ᠤ᠂ ᠵᠦᠶ ᠵᠣᠬᠢᠰᠲᠠᠶ᠂ ᠢᠯᠡ ᠲᠣᠳᠣ᠂ ᠲᠥᠪ ᠭᠤᠤᠯᠴᠢ ᠪᠠᠶᠢᠬᠤ ᠵᠠᠷᠴᠢᠮ ᠢ ᠵᠢᠷᠤᠮᠯᠠᠨ᠎ᠠ᠃      ᠵᠢᠷᠭᠤᠳᠤᠭᠠᠷ ᠵᠦᠶᠯ  ᠥᠪᠡᠷᠲᠡᠭᠡᠨ ᠵᠠᠰᠠᠬᠤ ᠣᠷᠣᠨ ᠤ ᠱᠠᠲᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠣᠰ ᠰᠠᠯᠠᠭ᠎ᠠ ᠮᠥᠴᠢᠷ᠂ ᠲᠣᠰ ᠰᠢᠰᠲ᠋ᠧᠮ ᠤᠨ ᠢᠶᠠᠨ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ ᠲᠣᠭᠲᠠᠭᠠᠬᠤ  ᠶᠢᠨ ᠬᠠᠮᠲᠤ ᠨᠡᠶᠢᠭᠡᠮ ᠨᠡᠶᠢᠲᠡ ᠳᠤ ᠨᠡᠶᠢᠳᠡᠯᠡᠨ᠎ᠡ᠃ ᠤᠯᠤᠰ ᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢ ᠲᠣᠰ ᠰᠢᠰᠲ᠋ᠧᠮ ᠤᠨ ᠢᠶᠠᠨ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ ᠲᠣᠭᠲᠠᠭᠠᠭᠰᠠᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠳᠠᠭᠢᠵᠤ ᠲᠣᠭᠲᠠᠭᠠᠬᠤ ᠥᠬᠡᠶ ᠪᠠᠶᠢᠵᠤ ᠪᠣᠯᠤᠨ᠎ᠠ᠂ ᠭᠡᠪᠡᠴᠦ ᠲᠡᠭᠦᠨ ᠤ ᠲᠣᠭᠲᠠᠭᠠᠭᠰᠠᠨ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢᠨ ᠬᠡᠪᠴᠢᠶᠡᠨ ᠳᠣᠲᠣᠷ᠎ᠠ ᠵᠦᠶ ᠵᠣᠬᠢᠰᠲᠠᠶ ᠨᠠᠷᠢᠯᠢᠬᠵᠢᠭᠤᠯᠬᠤ ᠪᠠ ᠬᠡᠮᠵᠢᠶᠡᠵᠢᠭᠦᠯᠵᠦ ᠪᠣᠯᠤᠨ᠎ᠠ᠃      ᠳᠣᠤᠷᠠᠳᠤ ᠱᠠᠲᠤᠨ ᠤ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢ ᠬᠡᠷᠡᠭᠵᠢᠭᠦᠯᠬᠦ ᠪᠠᠶᠢᠭᠤᠯᠭ᠎ᠠ ᠨᠢ ᠲᠣᠰ ᠰᠢᠰᠲ᠋ᠧᠮ ᠤᠨ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ ᠬᠡᠷᠡᠭᠵᠢᠭᠦᠯᠦᠨ᠎ᠡ᠃      ᠳᠣᠯᠣᠳᠤᠭᠠᠷ ᠵᠦᠶᠯ  ᠥᠪᠡᠷᠲᠡᠭᠡᠨ ᠵᠠᠰᠠᠬᠤ ᠣᠷᠣᠨ ᠤ ᠱᠠᠲᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠠᠤᠯᠢ ᠴᠠᠭᠠᠵᠠ ᠂ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠳᠤ ᠵᠠᠰᠠᠪᠤᠷᠢ ᠣᠷᠣᠭᠤᠯᠤᠭᠰᠠᠨ ᠪᠠᠶᠢᠳᠠᠯ ᠪᠤᠶᠤ ᠬᠠᠤᠯᠢ ᠬᠡᠷᠡᠭᠵᠢᠭᠦᠯᠬᠦ ᠠᠵᠢᠯ ᠤᠨ ᠪᠤᠳᠠᠳᠦ ᠪᠠᠶᠢᠳᠠᠯ ᠢ ᠦᠨᠳᠦᠰᠦᠯᠡᠨ᠂ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ ᠴᠠᠭ ᠲᠤᠬᠠᠶ ᠳᠤᠨᠢ ᠲᠤᠬᠢᠷᠠᠭᠤᠯᠤᠨ᠎ᠠ᠃      ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ ᠬᠡᠷᠡᠭᠯᠡᠬᠦ ᠳᠤᠮᠳᠠ ᠵᠠᠭᠠᠭ ᠱᠤᠭᠤᠮ ᠢ ᠤᠯᠠᠮ ᠨᠢᠭᠡ ᠠᠯᠬᠤᠮ ᠲᠣᠳᠣᠷᠬᠠᠶᠢᠯᠠᠬᠤ ᠪᠤᠶᠤ ᠨᠥᠬᠦᠪᠥᠷᠢᠯᠡᠨ ᠲᠣᠭᠲᠠᠭᠠᠯ ᠭᠠᠷᠭᠠᠬᠤ ᠴᠢᠬᠤᠯᠠᠲᠠᠶ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠷᠢᠭᠤᠴᠠᠨ᠎ᠠ᠃      ᠨᠠᠶᠮᠠᠳᠤᠭᠠᠷ ᠵᠦᠶᠯ  ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ ᠲᠣᠭᠲᠠᠭᠠᠬᠤ᠂ ᠵᠠᠰᠠᠪᠤᠷᠢ ᠣᠷᠣᠭᠤᠯᠬᠤ᠂ ᠨᠡᠶᠢᠲᠡᠯᠡᠬᠦ᠂ ᠪᠦᠷᠢᠳᠬᠡᠨ ᠳᠠᠩᠰᠠᠯᠠᠬᠤ ᠵᠡᠷᠭᠡ ᠪᠣᠳᠠᠲᠠᠶ ᠲᠠᠰ ᠳᠠᠷᠠᠭᠠᠯᠠᠯ ᠪᠠ ᠱᠠᠭᠠᠷᠳᠠᠯᠭ᠎ᠠ ᠨᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃      ᠶᠢᠰᠦᠳᠦᠭᠡᠷ ᠵᠦᠶᠯ  ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠳᠤ ᠬᠠᠤᠯᠢ ᠴᠠᠭᠠᠵᠠ ᠶᠢᠨ ᠦᠨᠳᠦᠰᠦ ᠪᠠᠷᠢᠮᠲᠠ᠂ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ᠂ ᠬᠠᠤᠯᠢ ᠠᠴᠠ ᠵᠥᠷᠢᠴᠡᠭᠰᠡᠨ ᠦᠶᠯᠡ ᠪᠠᠶᠢᠳᠠᠯ ᠪᠠ ᠰᠢᠢᠳᠭᠡᠯ ᠲᠣᠷᠭᠠᠭᠤᠯᠢ ᠶᠢᠨ ᠲᠥᠷᠥᠯ ᠵᠦᠶᠯ᠂ ᠬᠡᠮᠵᠢᠶ᠎ᠡ ᠶᠢ ᠪᠠᠭᠲᠠᠭᠠᠵᠤ᠂ ᠳᠣᠤᠷᠠᠬᠢ ᠮᠡᠲᠦ ᠠᠭᠤᠯᠭ᠎ᠠ ᠳᠤ ᠨᠠᠷᠢᠯᠢᠬᠵᠢᠭᠤᠯᠤᠭᠰᠠᠨ᠂ ᠬᠡᠮᠵᠢᠶᠡᠵᠢᠭᠦᠯᠦᠭᠰᠡᠨ ᠲᠣᠭᠲᠠᠭᠠᠯ ᠭᠠᠷᠭᠠᠬᠤ ᠴᠢᠬᠤᠯᠠᠳᠠᠢ ᠄        ︵ᠨᠢᠭᠡ︶ ᠰᠢᠢᠳᠬᠡᠯ ᠲᠣᠷᠭᠠᠭᠤᠯᠢ ᠶᠢᠨ ᠲᠥᠷᠥᠯ ᠵᠦᠶᠯ ᠢ ᠰᠣᠩᠭᠤᠵᠤ ᠪᠣᠯᠪᠠᠯ᠂ ᠰᠢᠢᠳᠬᠡᠯ ᠲᠣᠷᠭᠠᠭᠤᠯᠢ ᠶᠢᠨ ᠲᠥᠷᠥᠯ ᠵᠦᠶᠯ ᠢ ᠰᠣᠩᠭᠤᠭᠰᠠᠨ ᠲᠠᠰᠤᠯᠤᠯᠲᠠ ᠶᠢᠨ ᠪᠠᠶᠢᠳᠠᠯ ᠢ ᠵᠢᠭᠰᠠᠭᠠᠨ᠎ᠠ︔        ︵ᠬᠤᠶᠠᠷ︶ ᠰᠢᠢᠳᠭᠡᠯ ᠲᠣᠷᠭᠠᠭᠤᠯᠢ ᠶᠢᠨ ᠬᠡᠯᠪᠡᠯᠵᠡᠯ ᠲᠠᠢ ᠪᠠᠶᠢᠪᠠᠯ᠂ ᠬᠤᠶᠠᠷ ᠠᠴᠠ ᠭᠤᠷᠪᠠᠨ ᠲᠠᠰᠤᠯᠤᠯᠲᠠ ᠶᠢᠨ ᠱᠠᠲᠤ ᠲᠠᠰ ᠭᠠᠷᠭᠠᠵᠤ᠂ ᠰᠢᠢᠳᠭᠡᠯ ᠲᠣᠷᠭᠠᠭᠤᠯᠢ ᠶᠢᠨ ᠬᠡᠯᠪᠡᠯᠵᠡᠯ ᠨᠢ ᠨᠡᠯᠢᠶᠡᠳ ᠶᠡᠭᠡ ᠪᠠᠶᠢᠪᠠᠯ᠂ ᠭᠤᠷᠪᠠ ᠠᠴᠠ ᠳᠡᠭᠡᠭᠰᠢ ᠲᠠᠰᠤᠯᠤᠯᠲᠠ ᠶᠢᠨ ᠱᠠᠲᠤ ᠲᠠᠰ ᠭᠠᠷᠭᠠᠵᠤ ᠪᠣᠯᠤᠨ᠎ᠠ︔        ︵ᠭᠤᠷᠪᠠ︶ ︽ᠦᠶᠯᠡ ᠪᠠᠶᠢᠳᠠᠯ ᠨᠢ ᠨᠡᠯᠢᠶᠡᠳ ᠬᠥᠩᠭᠡᠨ︾᠂ ︽ᠦᠶᠯᠡ ᠪᠠᠶᠢᠳᠠᠯ ᠨᠢ ᠨᠡᠯᠢᠶᠡᠳ ᠬᠦᠨᠳᠦ︾᠂ ︽ᠦᠶᠯᠡ ᠪᠠᠶᠢᠳᠠᠯ ᠨᠢ ᠬᠦᠨᠳᠦ ᠨᠣᠴᠢᠲᠠᠶ︾ ᠵᠡᠷᠭᠡ ᠬᠠᠤᠯᠢ ᠠᠴᠠ ᠵᠥᠷᠢᠴᠡᠭᠰᠡᠨ ᠦᠶᠯᠡ ᠪᠠᠶᠢᠳᠠᠯ ᠳᠤ ᠵᠥᠪᠬᠡᠨ ᠵᠠᠷᠴᠢᠮ ᠤᠨ ᠴᠢᠨᠠᠷᠲᠠᠶ ᠪᠠᠷ ᠲᠣᠭᠲᠠᠭᠠᠭᠰᠠᠨ ᠪᠠᠶᠢᠪᠠᠯ᠂ ᠲᠠᠰᠤᠯᠤᠯᠲᠠ ᠶᠢᠨ ᠪᠠᠶᠢᠳᠠᠯ ᠢ ᠲᠣᠳᠣᠷᠬᠠᠶᠢᠯᠠᠨ᠎ᠠ︔      ︵ᠳᠥᠷᠪᠡ︶ ᠰᠢᠢᠳᠭᠡᠯ ᠲᠣᠷᠭᠠᠭᠤᠯᠢ ᠶᠢ ᠲᠤᠰᠠᠭᠠᠷ ᠰᠢᠢᠳᠬᠡᠬᠦ ᠪᠤᠶᠤ ᠨᠡᠶᠢᠯᠡᠭᠦᠯᠦᠨ ᠰᠢᠢᠳᠭᠡᠵᠦ ᠪᠣᠯᠪᠠᠯ᠂ ᠲᠤᠰᠠᠭᠠᠷ ᠰᠢᠢᠳᠭᠡᠬᠦ ᠪᠤᠶᠤ ᠨᠡᠶᠢᠯᠡᠭᠦᠯᠦᠨ ᠰᠢᠢᠳᠭᠡᠬᠦ ᠲᠠᠰᠤᠯᠤᠯᠲᠠ ᠶᠢᠨ ᠪᠠᠶᠢᠳᠠᠯ ᠢ ᠲᠣᠳᠣᠷᠬᠠᠶᠢᠯᠠᠨ᠎ᠠ︔        ︵ᠲᠠᠪᠤ︶ ᠬᠠᠤᠯᠢ ᠶᠣᠰᠣᠭᠠᠷ ᠲᠣᠳᠣᠷᠬᠠᠶᠢᠯᠠᠬᠤ ᠶᠣᠰᠣᠲᠠᠢ ᠪᠤᠰᠤᠳ ᠪᠠᠶᠢᠳᠠᠯ      ᠠᠷᠪᠠᠳᠤᠭᠠᠷ ᠵᠦᠶᠯ  ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢ ᠬᠡᠷᠡᠭᠵᠢᠭᠦᠯᠬᠦ ᠪᠠᠶᠢᠭᠤᠯᠭ᠎ᠠ ᠨᠢ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠣᠭᠲᠠᠭᠠᠯ ᠭᠠᠷᠭᠠᠬᠤ ᠠᠴᠠ ᠡᠮᠦᠨ᠎ᠡ᠂ ᠲᠤᠬᠠᠢ ᠶᠢᠨ ᠬᠥᠮᠦᠨ ᠳᠤ ᠰᠢᠢᠳᠭᠡᠯ ᠲᠣᠷᠭᠠᠭᠤᠯᠢ ᠶᠢᠨ ᠦᠨᠳᠦᠰᠦ ᠪᠠᠷᠢᠮᠲᠠ᠂ ᠪᠣᠳᠠᠲᠤ ᠬᠡᠷᠡᠭ᠂ ᠤᠴᠢᠷ ᠰᠢᠯᠲᠠᠭᠠᠨ᠂ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠵᠡᠷᠭᠡ ᠶᠢ ᠮᠡᠳᠡᠭᠳᠡᠬᠦ ᠶᠢᠨ ᠬᠠᠮᠲᠤ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠣᠭᠲᠠᠭᠠᠯ ᠤᠨ ᠪᠢᠴᠢᠭ  ᠲᠡᠭᠡᠨ ᠲᠤᠳᠤᠷᠬᠠᠶᠢᠯᠠᠨ᠎ᠠ᠃      ᠠᠷᠪᠠᠨ ᠨᠢᠭᠡᠳᠦᠭᠡᠷ ᠵᠦᠶᠯ  ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠨᠢ ᠬᠠᠤᠯᠢ ᠠᠴᠠ ᠵᠥᠷᠢᠴᠡᠭᠰᠡᠨ ᠪᠤᠶᠤ ᠵᠣᠬᠢᠰ ᠥᠬᠡᠶ ᠨᠢ ᠢᠯᠡᠷᠬᠡᠶ ᠪᠠᠶᠢᠪᠠᠯ᠂ ᠡᠷᠬᠡᠲᠦ ᠪᠠᠶᠢᠭᠤᠯᠭ᠎ᠠ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠵᠠᠯᠠᠷᠠᠭᠤᠯᠬᠤ᠂ ᠬᠤᠪᠢᠷᠠᠭᠤᠯᠬᠤ ᠪᠤᠶᠤ ᠬᠦᠴᠦᠨ ᠥᠬᠡᠶ ᠪᠣᠯᠭᠠᠬᠤ ᠡᠷᠬᠡ ᠲᠠᠢ᠃      ᠠᠷᠪᠠᠨ ᠬᠤᠶᠠᠳᠤᠭᠠᠷ ᠵᠦᠶᠯ  ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢ ᠬᠡᠷᠡᠭᠵᠢᠭᠦᠯᠬᠦ ᠪᠠᠶᠢᠭᠤᠯᠭ᠎ᠠ ᠨᠢ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ  ᠶᠢᠨ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ ᠲᠣᠭᠲᠠᠭᠠᠯ ᠶᠣᠰᠣᠭᠠᠷ ᠬᠡᠷᠡᠭᠯᠡᠭᠰᠡᠨ ᠥᠬᠡᠶ ᠪᠠᠶᠢᠪᠠᠯ᠂ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠲᠦᠷᠢᠮ ᠤᠨ ᠠᠵᠢᠯ ᠤᠨ ᠪᠠᠶᠢᠭᠤᠯᠤᠮᠵᠢ ᠪᠤᠶᠤ ᠳᠡᠭᠡᠳᠦ ᠨᠢᠭᠡ ᠱᠠᠲᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ  ᠠᠴᠠ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠪᠠᠷ ᠵᠠᠷᠯᠢᠭᠳᠠᠨ᠎ᠠ︔ ᠴᠢᠬᠤᠯᠠᠲᠠᠢ ᠦᠶ᠎ᠡ ᠳᠤ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠪᠤᠶᠤ ᠳᠡᠭᠡᠷ᠎ᠡ ᠨᠢᠭᠡ ᠱᠠᠲᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠡᠷᠬᠡ ᠲᠤᠰᠢᠶᠠᠯ ᠤᠨ ᠢᠶᠠᠨ ᠶᠣᠰᠣᠭᠠᠷ ᠬᠤᠪᠢᠷᠠᠭᠤᠯᠬᠤ ᠪᠤᠶᠤ ᠬᠦᠴᠦᠨ ᠦᠭᠡᠢ ᠪᠣᠯᠭᠠᠨ᠎ᠠ᠃      ᠠᠷᠪᠠᠨ ᠭᠤᠷᠪᠠᠳᠤᠭᠠᠷ ᠵᠦᠶᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠠᠤᠯᠢ ᠲᠦᠷᠢᠮ ᠤᠨ ᠠᠵᠢᠯ ᠤᠨ ᠪᠠᠶᠢᠭᠤᠯᠤᠮᠵᠢ ᠨᠢ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ ᠵᠢᠷᠤᠮᠵᠢᠭᠤᠯᠬᠤ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠲᠠᠩᠰᠠ ᠡᠪᠬᠡᠮᠡᠯ ᠢ ᠦᠨᠡᠯᠡᠨ ᠪᠠᠶᠢᠴᠠᠭᠠᠬᠤ᠂ ᠬᠠᠤᠯᠢ ᠬᠡᠷᠡᠭᠵᠢᠭᠦᠯᠦᠯᠲᠡ ᠶᠢ ᠦᠨᠡᠯᠡᠨ ᠰᠢᠯᠭᠠᠨ ᠬᠢᠨᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠠᠰᠤᠯᠤᠯᠲᠠ  ᠶᠢᠨ ᠡᠷᠬᠡ ᠶᠢᠨ ᠰᠠᠭᠤᠷᠢ ᠪᠠᠷᠢᠮᠵᠢᠶ᠎ᠠ ᠳᠤ ᠬᠢᠨᠠᠯᠲᠠ ᠲᠠᠯᠪᠢᠨ᠎ᠠ᠃      ᠠᠷᠪᠠᠨ ᠳᠥᠷᠪᠡᠳᠦᠭᠡᠷ ᠵᠦᠶᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ ᠵᠢᠷᠤᠮᠵᠢᠭᠤᠯᠵᠤ᠂ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠭᠦᠶᠴᠡᠳᠬᠡᠯ ᠲᠤᠭ᠎ᠠ ᠶᠢᠨ ᠰᠢᠰᠲ᠋ᠧᠮᠵᠢ ᠳᠤ ᠤᠷᠤᠭᠤᠯᠤᠨ᠎ᠠ      ᠠᠷᠪᠠᠨ ᠲᠠᠪᠤᠳᠤᠭᠠᠷ ᠵᠦᠶᠯ  ᠲᠣᠰ ᠠᠷᠭ᠎ᠠ ᠶᠢ 2017 ᠣᠨ ᠤ 4 ᠳ᠋ᠦ᠋ᠭᠡᠷ ᠰᠠᠷ᠎ᠠ ᠶᠢᠨ 15   ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
ᠢᠷᠡᠯᠲᠡ᠄ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ ᠶᠢᠨ ᠲᠢᠩᠬᠢᠮ
Baidu
map