ᠣᠷᠳᠣᠰ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠠᠩᠬᠠᠳᠤᠭᠠᠷ ᠤᠳᠠᠭᠠᠨ ᠤ ᠵᠠᠰᠠᠭ ᠵᠠᠬᠢᠷᠭᠠᠨ  ᠤ ᠰᠢᠶᠳᠬᠡᠯ ᠲᠣᠷᠭᠠᠭᠤᠯᠢ ᠶᠢᠨ ᠰᠠᠨᠠᠯ ᠰᠣᠨᠣᠰᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/12/31
     ᠣᠶᠢᠷ᠎ᠠ ᠳᠤ᠂ ᠵᠠᠰᠠᠭ ᠵᠠᠬᠢᠷᠭᠠᠨ ᠤ ᠬᠠᠷᠢᠴᠠᠩᠭᠤᠶ ᠬᠦᠮᠦᠰ ᠤᠨ ᠭᠤᠶᠤᠴᠢᠯᠠᠯ ᠢᠶᠠᠷ ᠣᠷᠳᠣᠰ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠠᠩᠬᠠᠳᠤᠭᠠᠷ ᠤᠳᠠᠭᠠᠨ ᠤ ᠵᠠᠰᠠᠭ ᠵᠠᠬᠢᠷᠭᠠᠨ ᠤ ᠰᠢᠶᠳᠬᠡᠯ ᠲᠣᠷᠭᠠᠭᠤᠯᠢ ᠶᠢᠨ ᠬᠡᠷᠡᠭ ᠤᠨ ᠰᠠᠨᠠᠯ ᠰᠣᠨᠣᠰᠬᠤ ᠬᠤᠷᠠᠯ ᠬᠢᠵᠦ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠳᠡᠳ᠋ ᠪᠠᠶᠢᠴᠠᠭᠠᠨ ᠰᠤᠳᠤᠯᠤᠭᠴᠢ᠂ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠳᠠᠷᠤᠭ᠎ᠠ ᠸᠠᠩ ᠵᠢᠩ ᠲᠤᠤ ᠬᠤᠷᠠᠯ ᠢ ᠡᠷᠬᠢᠯᠡᠵᠦ᠂ ᠬᠠᠤᠯᠢ ᠲᠦᠷᠢᠮ ᠤᠨ ᠪᠠᠶᠢᠭᠤᠯᠤᠮᠵᠢ ᠶᠢᠨ ᠭᠤᠷᠪᠠᠨ ᠠᠵᠢᠯᠲᠠᠨ ᠲᠣᠰ ᠲᠣᠰ ᠰᠠᠨᠠᠯ ᠰᠣᠨᠣᠰᠬᠤ ᠠᠵᠢᠯᠲᠠᠨ ᠪᠠ ᠪᠢᠴᠢᠭᠡᠴᠢ ᠶᠢ ᠬᠠᠷᠢᠭᠤᠴᠠᠵᠤ᠂ ᠬᠡᠷᠡᠭ ᠳᠠᠭᠠᠭᠠᠨ ᠭᠦᠶᠴᠡᠳᠬᠡᠭᠴᠢ ᠭᠤᠷᠪᠠᠨ ᠬᠦᠮᠦᠨ᠂ ᠵᠠᠰᠠᠭ ᠵᠠᠬᠢᠷᠭᠠᠨ ᠤ ᠬᠠᠷᠢᠴᠠᠩᠭᠤᠶ ᠬᠥᠮᠦᠨ ᠨᠢᠭᠡ ᠵᠢᠴᠢ ᠰᠤᠯᠠ ᠰᠣᠨᠣᠰᠤᠭᠴᠢ ᠠᠷᠪᠠ ᠭᠠᠷᠤᠢ ᠬᠦᠮᠦᠨ ᠰᠠᠨᠠᠯ ᠰᠣᠨᠣᠰᠬᠤ ᠬᠤᠷᠠᠯ ᠳᠤ ᠣᠷᠣᠯᠴᠠᠪᠠ᠃      ᠰᠠᠨᠠᠯ ᠰᠣᠨᠣᠰᠬᠤ ᠬᠤᠷᠠᠯ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠰᠠᠨᠠᠯ ᠰᠣᠨᠣᠰᠬᠤ ᠵᠢᠷᠷᠦᠮ ᠤᠨ ᠲᠣᠭᠲᠠᠭᠠᠯ︾ ᠢ ᠴᠢᠩᠭ᠎ᠠ ᠵᠢᠷᠤᠮᠯᠠᠨ ᠶᠠᠪᠤᠭᠳᠠᠵᠤ᠂ ᠰᠠᠨᠠᠯ ᠰᠣᠨᠣᠰᠬᠤ ᠶᠠᠪᠤᠴᠠ ᠳᠤ᠂ ᠬᠡᠷᠡᠭ ᠳᠠᠭᠠᠭᠠᠨ ᠭᠦᠶᠴᠡᠳᠬᠡᠭᠴᠢ ᠠᠴᠠ ᠬᠡᠷᠡᠭ  ᠤᠨ ᠬᠠᠤᠯᠢ ᠠᠴᠠ ᠵᠥᠷᠢᠴᠡᠭᠰᠡᠨ ᠪᠣᠳᠠᠲᠤ ᠶᠠᠪᠤᠳᠠᠯ᠂ ᠭᠡᠷᠡᠴᠢ ᠪᠠᠷᠢᠮᠲᠠ᠂ ᠰᠢᠶᠳᠬᠡᠯ ᠲᠣᠷᠭᠠᠭᠤᠯᠢ ᠶᠢᠨ ᠦᠨᠳᠦᠰᠦ ᠪᠠᠷᠢᠮᠲᠠ ᠵᠢᠴᠢ ᠵᠠᠰᠠᠭ ᠵᠠᠬᠢᠷᠭᠠᠨ ᠤ ᠰᠢᠶᠳᠬᠡᠯ ᠲᠣᠷᠭᠠᠭᠤᠯᠢ ᠶᠢᠨ ᠰᠠᠨᠠᠭᠤᠯᠭ᠎ᠠ ᠳᠤ ᠲᠣᠭᠠᠴᠢᠯᠲᠠ ᠬᠢᠵᠦ᠂ ᠵᠠᠰᠠᠭ ᠵᠠᠬᠢᠷᠭᠠᠨ ᠤ ᠬᠠᠷᠢᠴᠠᠩᠭᠤᠶ ᠬᠥᠮᠦᠨ ᠠᠴᠠ ᠬᠠᠤᠯᠢ ᠠᠴᠠ ᠵᠥᠷᠢᠴᠡᠭᠰᠡᠨ ᠤᠴᠢᠷ ᠰᠢᠯᠲᠠᠭᠠᠨ᠂ ᠬᠡᠷᠡᠭ ᠤᠨ ᠭᠡᠷᠡᠴᠢ ᠪᠠᠷᠢᠮᠲᠠ ᠶᠢᠨ ᠮᠠᠲ᠋ᠧᠷᠢᠶᠠᠯ ᠳᠤ ᠭᠦᠶᠴᠡᠳ ᠵᠥᠪᠲᠦᠭᠡᠨ ᠲᠣᠳᠣᠷᠬᠠᠶᠢᠯᠠᠬᠤ ᠪᠠ ᠲᠤᠯᠭᠠᠨ ᠭᠡᠷᠡᠴᠢᠯᠡᠪᠡ᠃ ᠰᠠᠨᠠᠯ ᠰᠣᠨᠣᠰᠬᠤ ᠬᠤᠷᠠᠯ ᠤᠨ ᠪᠦᠬᠦ ᠶᠠᠪᠤᠴᠠ ᠳᠤ ᠳᠠᠭᠤ ᠳᠦᠷᠰᠦ ᠰᠢᠩᠭᠡᠭᠡᠯᠲᠡ ᠬᠢᠵᠦ᠂ ᠠᠵᠢᠯᠲᠠᠨ ᠠᠴᠠ ᠰᠠᠨᠠᠯ ᠰᠣᠨᠣᠰᠬᠤ ᠠᠭᠤᠯᠭ᠎ᠠ ᠶᠢ ᠦᠨᠳᠦᠰᠦᠯᠡᠨ ᠰᠠᠨᠠᠯ ᠰᠣᠨᠣᠰᠤᠭᠰᠠᠨ ᠲᠡᠮᠳᠡᠭᠯᠡᠯ ᠬᠢᠪᠡ᠃      ᠲᠣᠰ ᠤᠳᠠᠭ᠎ᠠ ᠶᠢᠨ ᠰᠠᠨᠠᠯ ᠰᠣᠨᠣᠰᠬᠤ ᠬᠤᠷᠠᠯ ᠪᠣᠯ ᠣᠷᠳᠣᠰ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠪᠠᠶᠢᠭᠤᠯᠤᠭᠳᠠᠭᠰᠠᠨ ᠠᠴᠠ ᠨᠠᠰᠢ ᠬᠤᠷᠠᠯᠳᠤᠭᠤᠯᠤᠭᠰᠠᠨ ᠠᠩᠬᠠᠳᠠᠭᠴᠢ ᠵᠠᠰᠠᠭ ᠵᠠᠬᠢᠷᠭᠠᠨ ᠤ ᠰᠢᠶᠳᠬᠡᠯ ᠲᠣᠷᠭᠠᠭᠤᠯᠢ ᠶᠢᠨ ᠰᠠᠨᠠᠯ ᠰᠣᠨᠣᠰᠬᠤ ᠬᠤᠷᠠᠯ ᠪᠣᠯᠤᠨ᠎ᠠ᠂ ᠰᠠᠨᠠᠯ ᠰᠣᠨᠣᠰᠬᠤ ᠬᠤᠷᠠᠯ ᠨᠢ ᠵᠠᠰᠠᠭ ᠵᠠᠬᠢᠷᠭᠠᠨ ᠤ ᠬᠠᠷᠢᠴᠠᠩᠭᠤᠶ ᠬᠥᠮᠦᠨ ᠤ ᠡᠷᠬᠡ ᠶᠢ ᠭᠦᠶᠴᠡᠳ ᠪᠠᠲᠤᠯᠠᠵᠤ᠂ ᠰᠠᠨᠠᠯ ᠰᠣᠨᠣᠰᠬᠤ ᠬᠤᠷᠠᠯ ᠤᠨ ᠠᠭᠤᠷ ᠠᠮᠢᠰᠬᠤᠯ ᠲᠥᠪ ᠴᠢᠩᠭ᠎ᠠ᠂ ᠡᠮᠬᠢ ᠳᠢᠭᠯᠢᠮ ᠡᠮᠬᠢ ᠵᠢᠷᠤᠮ ᠲᠠᠢ᠂ ᠲᠤᠯᠭᠠᠨ ᠮᠠᠷᠭᠤᠯᠲᠠ ᠭᠦᠶᠴᠡᠳ ᠪᠣᠯᠪᠠ᠃ ᠵᠠᠰᠠᠭ ᠵᠠᠬᠢᠷᠭᠠᠨ ᠤ ᠰᠢᠢᠳᠬᠡᠯ ᠤᠨ ᠰᠠᠨᠠᠯ ᠰᠣᠨᠣᠰᠬᠤ ᠬᠤᠷᠠᠯ ᠬᠢᠬᠦ ᠪᠣᠯ ᠬᠠᠤᠯᠢ ᠶᠣᠰᠣᠭᠠᠷ ᠵᠠᠰᠠᠭ ᠶᠠᠪᠤᠭᠤᠯᠬᠤ᠂ ᠵᠦᠢ ᠵᠣᠬᠢᠰᠲᠠᠢ ᠪᠠᠷ ᠵᠠᠰᠠᠭ ᠶᠠᠪᠤᠭᠤᠯᠬᠤ᠂ ᠶᠠᠪᠤᠴᠠ ᠨᠢ ᠵᠦᠢ ᠶᠣᠰᠣᠨ ᠳᠤ ᠨᠡᠶᠢᠴᠡᠬᠦ ᠦᠨᠳᠦᠰᠦᠨ ᠱᠠᠭᠠᠷᠳᠠᠯᠭ᠎ᠠ ᠮᠥᠨ᠂ ᠪᠠᠰᠠ ᠴᠤ ᠰᠢᠨ᠎ᠡ ᠴᠠᠭ ᠦᠶ᠎ᠡ ᠳᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ᠂ ᠵᠠᠰᠠᠭ ᠵᠠᠬᠢᠷᠭᠠᠨ ᠤ ᠡᠭᠦᠷᠭᠡ ᠴᠢᠳᠠᠪᠤᠷᠢ ᠪᠠᠨ ᠬᠠᠤᠯᠢ ᠶᠣᠰᠣᠭᠠᠷ ᠪᠦᠬᠦ ᠲᠠᠯ᠎ᠠ ᠪᠠᠷ ᠭᠦᠢᠴᠡᠳᠬᠡᠬᠦ ᠶᠢᠨ ᠪᠦᠲᠦᠮᠵᠢᠲᠡᠢ ᠦᠢᠯᠡᠳᠦᠯᠭᠡ ᠮᠥᠨ᠃      ᠣᠷᠳᠣᠰ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠲᠣᠰ ᠤᠳᠠᠭᠠᠨ ᠤ ᠵᠠᠰᠠᠭ ᠵᠠᠬᠢᠷᠭᠠᠨ ᠤ ᠰᠢᠶᠳᠬᠡᠯ ᠲᠣᠷᠭᠠᠭᠤᠯᠢ ᠶᠢᠨ ᠰᠠᠨᠠᠯ ᠰᠣᠨᠣᠰᠬᠤ ᠬᠤᠷᠠᠯ ᠢᠶᠠᠷ ᠠᠵᠠ ᠲᠣᠬᠢᠶᠠᠯ ᠪᠣᠯᠭᠠᠨ᠂ ᠬᠠᠤᠯᠢ ᠶᠣᠰᠣᠭᠠᠷ ᠵᠠᠰᠠᠭ ᠶᠠᠪᠤᠭᠤᠯᠬᠤ ᠣᠨᠣᠯᠵᠢᠬᠤᠨ ᠢ ᠤᠯᠠᠮ ᠨᠢᠭᠡ ᠠᠯᠬᠤᠮ ᠦᠶᠯᠡᠳᠦᠯᠭᠡᠵᠢᠭᠦᠯᠵᠦ᠂ ᠬᠠᠤᠯᠢ ᠬᠡᠷᠡᠭᠵᠢᠭᠦᠯᠬᠦ ᠬᠢᠷᠢ  ᠲᠦᠪᠰᠢᠨ ᠢ ᠳᠡᠭᠡᠭᠰᠢᠯᠡᠭᠦᠯᠦᠨ᠂ ᠬᠡᠷᠡᠭ ᠰᠢᠶᠳᠪᠦᠷᠢᠯᠡᠬᠦ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠵᠢᠷᠤᠮᠵᠢᠭᠤᠨ ᠲᠥᠪ ᠭᠤᠤᠯᠴᠢ ᠪᠣᠯᠪᠠᠰᠤᠨ ᠢᠶᠠᠷ ᠬᠠᠤᠯᠢ ᠶᠢ ᠦᠨᠡᠨᠬᠦ ᠴᠢᠩᠭ᠎ᠠ ᠬᠡᠷᠡᠭᠵᠢᠭᠦᠯᠬᠦ ᠶᠢ ᠪᠡᠶᠡᠯᠡᠭᠦᠯᠪᠡ᠃
ᠢᠷᠡᠯᠲᠡ᠄ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ ᠶᠢᠨ ᠲᠢᠩᠬᠢᠮ
Baidu
map