ᠵᠠᠰᠠᠭ ᠵᠠᠬᠢᠷᠭᠠᠨ ᠤ ᠰᠢᠶᠳᠬᠡᠯ ᠲᠤᠷᠭᠠᠭᠤᠯᠢ ᠶᠢ ᠵᠢᠷᠤᠮᠵᠢᠭᠤᠯᠤᠨ  ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠳᠥᠯᠭᠢᠨ  ᠠᠬᠢᠭᠤᠯᠤᠶ᠎ᠠ — ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠰᠢᠶᠳᠬᠡᠯ ᠲᠤᠷᠭᠠᠭᠤᠯᠢ ᠶᠢᠨ ᠲᠠᠰᠤᠯᠤᠯᠲᠠ ᠶᠢᠨ ᠡᠷᠬᠡ ᠶᠢᠨ ᠬᠡᠷᠡᠭᠵᠢᠭᠦᠯᠬᠦ ᠠᠷᠭ᠎ᠠ ᠪᠠ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠰᠢᠶᠳᠬᠡᠯ ᠲᠤᠷᠭᠠᠭᠤᠯᠢ ᠶᠢᠨ ᠲᠠᠰᠤᠯᠤᠯᠲᠠ ᠶᠢᠨ ᠰᠠᠭᠤᠷᠢ ᠪᠠᠷᠢᠮᠵᠢᠶ᠎ᠠ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2020/12/31
     ︽ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2015 — 2020 ᠣᠨ︶︾   ᠶᠢ ᠲᠤᠤᠱᠯᠠᠭᠤᠯᠤᠨ ᠨᠠᠶᠢᠳᠠᠪᠦᠷᠢᠵᠢᠭᠤᠯᠵᠦ᠂ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ ᠨᠡᠶᠢᠲᠡᠯᠡᠬᠦ ᠲᠦᠷᠢᠮ ᠤᠨ ᠬᠠᠤᠯᠢ ᠬᠡᠷᠡᠭᠵᠢᠭᠦᠯᠬᠦ ᠪᠥᠬᠦ ᠶᠠᠪᠤᠴᠠ ᠶᠢ ᠲᠡᠮᠳᠡᠭᠯᠡᠬᠦ ᠲᠦᠷᠢᠮ ᠤᠨ ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠤᠨ ᠬᠠᠤᠯᠢ ᠲᠦᠷᠢᠮ ᠤᠨ ᠬᠢᠨᠠᠨ ᠬᠠᠷᠭᠤᠭᠤᠯᠬᠤ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠵᠢᠯᠣᠭᠤᠳᠬᠤ ᠰᠠᠨᠠᠯ︾  ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠢᠶᠠᠷ ᠰᠢᠢᠳᠭᠡᠨ ᠲᠤᠷᠭᠠᠭᠤᠬᠤ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠲᠦᠯᠬᠢᠨ ᠠᠬᠢᠭᠤᠯᠬᠤ ᠶᠢᠨ ᠲᠤᠰᠠᠳᠠ᠂ ᠣᠶᠢᠷ᠎ᠠ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ  ︽ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ  ᠤ ᠰᠢᠢᠳᠭᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢ ᠵᠢᠷᠤᠮᠵᠢᠭᠤᠯᠬᠤ ᠬᠡᠷᠡᠭᠵᠢᠭᠦᠯᠬᠦ ᠠᠷᠭ᠎ᠠ︾ ᠪᠣᠯᠤᠨ ︽ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠠᠰᠤᠯᠤᠯᠲᠠ ᠶᠢᠨ ᠰᠠᠭᠤᠷᠢ ᠪᠠᠷᠢᠮᠵᠢᠶ᠎ᠠ︾ ᠶᠢ ᠲᠣᠭᠲᠠᠭᠠᠨ ᠨᠡᠶᠢᠲᠡᠯᠡᠪᠡ᠂ 2019 ᠣᠨ ᠤ 11 ᠳ᠋ᠦ᠋ᠭᠡᠷ ᠰᠠᠷ᠎ᠠ ᠶᠢᠨ 1   ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃      ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠬᠦ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ︽ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠪᠦᠬᠦ ᠲᠠᠯ᠎ᠠ ᠪᠠᠷ ᠳᠦᠯᠬᠢᠨ ᠠᠬᠢᠭᠤᠯᠬᠤ ᠴᠢᠬᠤᠯᠠ ᠶᠡᠭᠡ ᠠᠰᠠᠭᠤᠳᠠᠯ ᠤᠳ ᠤᠨ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾᠂ ︽ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠲᠣᠪᠴᠢ ︵2015 — 2020 ᠣᠨ︶︾ ᠳᠤ᠂ ᠵᠠᠰᠠᠭ ᠵᠠᠬᠢᠷᠭᠠᠨ ᠤ ᠲᠠᠰᠤᠯᠤᠯᠳᠡ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠲᠠᠰᠤᠯᠤᠯᠳᠡ ᠶᠢᠨ ᠪᠠᠷᠢᠮᠵᠢᠶ᠎ᠠ ᠶᠢ ᠨᠠᠷᠢᠯᠢᠬᠵᠢᠭᠤᠯᠤᠨ ᠬᠡᠮᠵᠢᠶᠡᠵᠢᠭᠦᠯᠵᠦ᠂ ᠲᠠᠰᠤᠯᠤᠯᠳᠡ ᠶᠢᠨ ᠬᠡᠪᠴᠢᠶ᠎ᠡ᠂ ᠲᠦᠷᠤᠯ ᠵᠦᠢᠯ᠂ ᠬᠡᠮᠵᠢᠶ᠎ᠡ ᠶᠢ ᠵᠢᠷᠤᠮᠵᠢᠭᠤᠯᠤᠨ᠎ᠠ ᠭᠡᠵᠦ ᠲᠣᠳᠣᠷᠬᠠᠢ ᠱᠠᠭᠠᠷᠳᠠᠪᠠ᠃ ︽ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠦᠷᠢᠮ︾   ᠤᠨ ᠵᠢᠷᠠᠳᠤᠭᠠᠷ ᠵᠦᠶᠯ ᠳᠤ᠂ ᠤᠯᠤᠰ ᠠᠴᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠯᠥᠭᠡᠲᠦ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶᠠᠲᠤ ᠲᠦᠷᠢᠮ ᠢ ᠪᠦᠷᠢᠨᠰᠢᠭᠦᠯᠵᠦ᠂ ᠲᠠᠰᠤᠯᠤᠯᠲᠠ ᠶᠢᠨ ᠬᠡᠪᠴᠢᠶ᠎ᠡ᠂ ᠲᠥᠷᠥᠯ ᠵᠦᠶᠯ ᠪᠠ ᠬᠡᠮᠵᠢᠶ᠎ᠡ ᠶᠢ ᠵᠦᠶ ᠵᠣᠬᠢᠰᠲᠠᠶ ᠲᠣᠭᠲᠠᠭᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠯᠥᠭᠡᠲᠦ ᠲᠠᠰᠤᠯᠤᠯᠲᠠ ᠶᠢᠨ ᠡᠷᠬᠡ ᠶᠢᠨ ᠬᠡᠷᠡᠭᠵᠢᠭᠦᠯᠦᠯᠲᠡ ᠶᠢ ᠵᠢᠷᠤᠮᠵᠢᠭᠤᠯᠤᠨ᠎ᠠ ᠭᠡᠵᠦ ᠲᠣᠭᠲᠠᠭᠠᠪᠠ᠃      ᠶᠠᠰᠤ ᠴᠢᠨᠠᠷ ᠤᠨ ᠪᠠᠲᠤᠯᠠᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠬᠦ᠂ ᠠᠶᠦᠯᠭᠦᠢ ᠦᠢᠯᠡᠳᠪᠦᠷᠢᠯᠡᠯ ᠤᠨ ᠠᠵᠢᠯ ᠢ ᠴᠢᠩᠭᠠᠳᠬᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠨᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠢᠶᠠᠷ ᠰᠢᠢᠳᠭᠡᠨ ᠲᠤᠷᠭᠠᠭᠤᠬᠤ ᠠᠵᠢᠯ ᠢ ᠰᠠᠶᠢᠲᠤᠷ ᠬᠢᠬᠦ ᠳᠤ ᠲᠣᠳᠣᠷᠬᠠᠶ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ 2019 ᠣᠨ ᠤ 9  ᠳ᠋ᠤᠭᠡᠷ ᠰᠠᠷ᠎ᠠ ᠳᠤ᠂ ︽ᠶᠠᠰᠤ ᠴᠢᠨᠠᠷ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ ᠪᠠᠷᠢᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠲᠤᠬᠠᠶ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ  ᠶᠢᠨ ᠶᠠᠮᠤᠨ ᠤ ᠵᠢᠯᠣᠭᠤᠳᠬᠤ ᠰᠠᠨᠠᠯ ᠢ ᠤᠯᠠᠮᠵᠢᠯᠠᠨ ᠲᠠᠷᠬᠠᠭᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾   ᠳᠤ᠂ ᠪᠠᠷᠢᠯᠭ᠎ᠠ ᠶᠢᠨ ᠶᠠᠰᠤ ᠴᠢᠨᠠᠷ ᠤᠨ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢ ᠴᠢᠩᠭᠠᠷᠠᠭᠤᠯᠵᠤ᠂ ᠪᠠᠷᠢᠯᠭ᠎ᠠ ᠶᠢᠨ ᠶᠠᠰᠤ ᠴᠢᠨᠠᠷ ᠤᠨ ᠨᠠᠰᠤᠨ ᠲᠤᠷᠰᠢᠳᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠨ᠂ ᠬᠤᠯᠪᠣᠭᠳᠠᠯ ᠪᠥᠬᠦᠶ ᠲᠣᠭᠲᠠᠭᠠᠯ ᠢ ᠵᠥᠷᠢᠴᠡᠵᠦ᠂ ᠪᠠᠷᠢᠯᠭ᠎ᠠ ᠶᠢᠨ ᠶᠠᠰᠤ ᠴᠢᠨᠠᠷ ᠤᠨ ᠠᠳᠡᠯ ᠭᠠᠷᠭᠠᠭᠰᠠᠨ ᠪᠠ ᠶᠠᠰᠤ ᠴᠢᠨᠠᠷ ᠤᠨ ᠬᠦᠨᠳᠦ ᠨᠣᠴᠢᠲᠠᠶ ᠠᠰᠠᠭᠤᠳᠠᠯ ᠭᠠᠷᠭᠠᠭᠰᠠᠨ ᠨᠢᠭᠡᠴᠡ ᠪᠣᠯᠤᠨ ᠬᠤᠪᠢ ᠬᠥᠮᠦᠨ ᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠶᠳᠪᠦᠷᠢᠯᠡᠵᠦ ᠢᠯᠡᠴᠢᠯᠡᠨ᠂ ᠬᠢᠷᠢ ᠬᠡᠮ᠂ ᠠᠵᠢᠯ ᠡᠷᠭᠢᠯᠡᠬᠦ ᠬᠢᠵᠠᠭᠠᠷᠯᠠᠯ ᠵᠡᠷᠭᠡ ᠲᠠᠯ᠎ᠠ ᠪᠠᠷ ᠰᠢᠢᠳᠭᠡᠨ ᠲᠤᠷᠭᠠᠭᠤᠬᠤ ᠡᠷᠴᠢᠮ ᠢ ᠴᠢᠩᠭᠠᠷᠠᠭᠤᠯᠤᠨ᠎ᠠ ᠭᠡᠵᠦ ᠲᠣᠳᠣᠷᠬᠠᠶ ᠳᠤᠷᠠᠳᠤᠨ ᠭᠠᠷᠭᠠᠵᠠᠶ᠃ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ︽ᠪᠠᠷᠢᠯᠭ᠎ᠠ ᠶᠢᠨ ᠠᠮᠤᠷ ᠲᠦᠪᠰᠢᠨ ᠤ ᠲᠤᠰᠬᠠᠶ ᠵᠠᠰᠠᠯᠲᠠ ᠶᠢᠨ ᠠᠵᠢᠯᠯᠠᠭ᠎ᠠ ᠥᠷᠨᠢᠭᠦᠯᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠪᠠᠷᠢᠯᠭ᠎ᠠ ᠶᠢᠨ ᠬᠠᠤᠯᠢ᠂ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠶᠤᠯᠭᠦᠶ ᠦᠶᠯᠡᠳᠪᠦᠷᠢᠯᠡᠯ ᠤᠨ ᠬᠠᠮᠢᠶᠠᠷᠤᠯᠲᠠ ᠶᠢᠨ ᠲᠦᠷᠢᠮ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠳᠠᠬᠢ ᠠᠳᠡᠯ ᠤᠨ ᠬᠠᠷᠢᠭᠤᠴᠠᠯᠭ᠎ᠠ ᠶᠢᠨ ᠠᠵᠤ ᠠᠬᠤᠶᠢᠯᠠᠯ ᠪᠠ ᠠᠵᠢᠯᠲᠠᠨ ᠤ ᠬᠢᠷᠢ ᠬᠡᠮ ᠳᠤ ᠥᠭᠬᠦ ᠰᠢᠢᠳᠭᠡᠯ ᠤᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠠᠵᠤ ᠠᠬᠤᠶᠢᠯᠠᠯ  ᠢ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ ᠴᠡᠭᠴᠡᠯᠡᠭᠦᠯᠬᠦ᠂ ᠬᠢᠷᠢ ᠬᠡᠮ ᠤᠨ ᠵᠡᠷᠭᠡ ᠳᠡᠰ ᠢ ᠨᠢ ᠪᠠᠭᠤᠷᠠᠭᠤᠯᠬᠤ ᠪᠤᠶᠤ ᠬᠢᠷᠢ ᠬᠡᠮ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠥᠬᠡᠶ ᠪᠣᠯᠭᠠᠬᠤ᠂ ᠳᠠᠩᠰᠠᠯᠠᠭᠤᠯᠤᠭᠰᠠᠨ ᠠᠵᠢᠯ ᠡᠷᠭᠢᠯᠡᠭᠰᠡᠳ ᠢ ᠵᠠᠷᠯᠢᠭᠳᠠᠵᠤ ᠪᠠᠶᠢᠭᠠᠳ ᠠᠵᠢᠯ ᠡᠷᠭᠢᠯᠡᠬᠦ ᠶᠢ ᠨᠢ ᠵᠣᠭᠰᠣᠭᠠᠬᠤ ᠪᠤᠶᠤ ᠠᠵᠢᠯ ᠡᠷᠭᠢᠯᠡᠬᠦ ᠬᠢᠷᠢ ᠬᠡᠮ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠥᠬᠡᠶ ᠪᠣᠯᠭᠠᠬᠤ ᠵᠡᠷᠭᠡ ᠰᠢᠢᠳᠭᠡᠬᠦ ᠠᠷᠭ᠎ᠠ ᠬᠡᠮᠵᠢᠶ᠎ᠡ ᠶᠢ ᠬᠠᠤᠯᠢ ᠶᠣᠰᠣᠭᠠᠷ ᠠᠪᠬᠤ ᠬᠡᠷᠡᠭᠲᠡᠶ ᠭᠡᠵᠦ ᠴᠢᠬᠤᠯᠠᠴᠢᠯᠠᠪᠠ᠃      ᠡᠭᠦᠨ ᠠᠴᠠ ᠡᠮᠦᠨ᠎ᠡ᠂ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠳᠤ ᠬᠡᠰᠡᠭ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠰᠢᠢᠳᠭᠡᠯ ᠤᠨ ᠲᠤᠬᠠᠶ ᠲᠣᠳᠣᠷᠬᠠᠶ ᠲᠣᠭᠲᠠᠭᠠᠯ ᠭᠠᠷᠭᠠᠭᠰᠠᠨ ᠥᠬᠡᠶ᠂ ᠦᠶᠯᠡᠳᠦᠯᠭᠡ ᠶᠢᠨ ᠳᠤᠮᠳᠠ ᠡᠯ᠎ᠡ ᠭᠠᠵᠠᠷ ᠤᠨ ᠬᠢᠭᠰᠡᠨ ᠠᠷᠭ᠎ᠠ ᠨᠢ ᠠᠳᠠᠯᠢ ᠥᠬᠡᠶ ᠪᠠᠶᠢᠵᠤ᠂ ᠬᠠᠤᠯᠢ ᠴᠠᠭᠠᠵᠠ ᠶᠢᠨ ᠲᠣᠭᠲᠠᠭᠠᠯ ᠢ ᠬᠡᠷᠡᠭᠵᠢᠭᠦᠯᠬᠦ ᠦᠷ᠎ᠡ ᠪᠦᠲᠦᠮᠵᠢ ᠶᠢ ᠨᠥᠯᠥᠭᠡᠯᠡᠵᠦ ᠪᠠᠶᠢᠪᠠ᠃ ᠵᠢᠱᠢᠶᠡᠯᠡᠪᠡᠯ᠂ ᠪᠠᠷᠢᠯᠭ᠎ᠠ ᠶᠢᠨ ᠬᠠᠤᠯᠢ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠳᠤ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ ᠴᠡᠭᠴᠡᠯᠡᠬᠦ ᠬᠤᠭᠤᠴᠠᠭ᠎ᠠ ᠪᠠ ᠬᠡᠪᠴᠢᠶ᠎ᠡ ᠶᠢᠨ ᠲᠤᠬᠠᠢ ᠲᠣᠭᠲᠠᠭᠠᠯ ᠭᠠᠷᠭᠠᠭᠰᠠᠨ ᠦᠭᠡᠢ᠂ ᠵᠠᠷᠢᠮ ᠠᠵᠤ ᠠᠬᠤᠶᠢᠯᠠᠯ ᠨᠢ ᠶᠡᠷᠦ ᠨᠢ ᠤᠯᠠᠨ ᠲᠦᠷᠦᠯ ᠵᠦᠢᠯ ᠢ ᠵᠡᠷᠭᠡ ᠳᠤᠨᠢ ᠳᠠᠭᠠᠭᠠᠨ ᠠᠪᠴᠤ᠂ ᠤᠯᠠᠨ ᠬᠢᠷᠢ ᠬᠡᠮ ᠢ ᠡᠵᠡᠮᠰᠢᠵᠦ᠂ ᠵᠠᠰᠠᠭ ᠵᠠᠬᠢᠷᠭᠠᠨ ᠤ ᠪᠠᠶᠢᠭᠤᠯᠭ᠎ᠠ ᠨᠢ ᠠᠵᠤ ᠠᠬᠤᠶᠢᠯᠠᠯ ᠢ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ ᠴᠡᠭᠴᠡᠯᠡᠭᠦᠯᠬᠦ ᠰᠢᠢᠳᠬᠡᠯ ᠥᠭᠴᠦ᠂ ᠲᠤᠰ ᠠᠵᠤ ᠠᠬᠤᠶᠢᠯᠠᠯ ᠤᠨ ᠪᠤᠢ ᠪᠦᠬᠦᠢ ᠪᠠᠶᠢᠭᠤᠯᠵᠤ ᠪᠠᠶᠢᠭ᠎ᠠ ᠲᠦᠷᠦᠯ ᠵᠦᠢᠯ ᠢ ᠵᠣᠭᠰᠣᠭᠠᠬᠤ ᠶᠤᠮ ᠤᠤ︖ ᠡᠰᠡᠬᠦᠯ᠎ᠡ ᠲᠤᠰ ᠠᠵᠤ ᠠᠬᠤᠶᠢᠯᠠᠯ ᠤᠨ ᠰᠢᠨ᠎ᠡ ᠲᠦᠷᠦᠯ ᠵᠦᠢᠯ ᠢ ᠳᠠᠭᠠᠭᠠᠨ ᠠᠪᠬᠤ ᠶᠢ ᠴᠠᠭᠠᠵᠠᠯᠠᠬᠤ ᠶᠤᠮ ᠤᠤ︖ ᠭᠡᠳᠡᠭ ᠲᠤ ᠠᠳᠠᠯᠢ ᠪᠤᠰᠤ ᠲᠠᠨᠢᠯᠲᠠ ᠲᠠᠢ ᠪᠠᠶᠢᠪᠠ᠃ ᠠᠵᠤ ᠠᠬᠤᠶᠢᠯᠠᠯ ᠤᠨ ᠬᠢᠷᠢ ᠬᠡᠮ ᠤᠨ ᠵᠡᠷᠭᠡ ᠳᠡᠰ ᠢ ᠪᠠᠭᠤᠷᠠᠭᠤᠯᠬᠤ᠂ ᠠᠵᠤ ᠠᠬᠤᠶᠢᠯᠠᠯ ᠤᠨ ᠬᠢᠷᠢ ᠬᠡᠮ ᠤᠨ ᠦᠨᠡᠮᠯᠡᠯ ᠢ ᠬᠤᠷᠢᠶᠠᠨ ᠠᠪᠴᠤ ᠬᠦᠴᠦᠨ ᠥᠬᠡᠶ ᠪᠣᠯᠭᠠᠬᠤ ᠨᠢ ᠠᠵᠤ ᠠᠬᠤᠶᠢᠯᠠᠯ ᠤᠨ ᠪᠣᠶ ᠪᠥᠬᠦᠶ ᠬᠢᠷᠢ ᠬᠡᠮ ᠳᠤ ᠠᠪᠴᠤ ᠬᠡᠯᠡᠭᠰᠡᠨ ᠴᠦ ᠲᠡᠷᠡ᠂ ᠠᠵᠤ ᠠᠬᠤᠶᠢᠯᠠᠯ ᠤᠨ ᠬᠠᠤᠯᠢ ᠵᠥᠷᠢᠴᠡᠭᠰᠡᠨ ᠦᠶᠯᠡ ᠠᠵᠢᠯᠯᠠᠭ᠎ᠠ ᠭᠠᠷᠭᠠᠭᠰᠠᠨ ᠲᠥᠷᠥᠯ ᠵᠦᠶᠯ ᠢ ᠵᠠᠯᠭᠠᠵᠤ ᠠᠪᠬᠤ ᠳᠤ ᠬᠡᠷᠡᠭᠯᠡᠬᠦ ᠬᠢᠷᠢ ᠬᠡᠮ ᠳᠤ ᠠᠪᠴᠤ ᠬᠡᠯᠡᠭᠰᠡᠨ ᠴᠦ ᠲᠡᠷᠡ᠂ ᠠᠳᠠᠯᠢ ᠪᠤᠰᠤ ᠦᠵᠡᠯᠲᠡ ᠲᠠᠢ ᠪᠠᠶᠢᠪᠠ᠃      ︽ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢ ᠵᠢᠷᠤᠮᠵᠢᠭᠤᠯᠬᠤ ᠶᠢ ᠬᠡᠷᠡᠭᠵᠢᠭᠦᠯᠬᠦ ᠠᠷᠭ᠎ᠠ︾ ᠨᠢ ᠨᠡᠶᠢᠲᠡ 18 ᠵᠦᠶᠯ ᠪᠠᠶᠢᠵᠤ᠂ ᠭᠤᠤᠯᠳᠠᠭᠤ ᠳᠣᠤᠷᠠᠬᠢ ᠠᠭᠤᠯᠭ᠎ᠠ ᠶᠢ ᠲᠣᠭᠲᠠᠭᠠᠪᠠ᠄      ᠨᠢᠭᠡ ᠳᠤ᠂ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠬᠡᠷᠡᠭᠵᠢᠭᠦᠯᠬᠦ ᠡᠷᠬᠡ ᠶᠢᠨ ᠬᠢᠵᠠᠭᠠᠷ ᠢ ᠲᠤᠳᠤᠷᠬᠠᠶᠢᠯᠠᠪᠠ᠃      ᠬᠤᠶᠠᠷ ᠲᠤ᠂ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠵᠣᠯᠭᠠᠯᠲᠠ ᠶᠢ ᠴᠢᠩᠭᠠᠳᠬᠠᠵᠤ᠂ ᠣᠷᠣᠨ ᠨᠤᠲᠤᠭ ᠤᠨ ᠡᠯ᠎ᠡ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠢᠭᠡᠳ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠠᠵᠢᠯ  ᠤᠨ ᠲᠣᠭᠲᠠᠴᠠ ᠶᠢ ᠲᠤᠳᠤᠷᠬᠠᠶᠢᠯᠠᠪᠠ᠃      ᠭᠤᠷᠪᠠ ᠳᠤ᠂ ᠬᠠᠤᠯᠢ ᠲᠣᠭᠲᠠᠭᠠᠬᠤ ᠪᠠᠶᠢᠭᠤᠯᠭ᠎ᠠ ᠶᠢᠨ ᠡᠷᠬᠡ ᠣᠯᠭᠤᠯᠲᠠ ᠶᠢ ᠦᠨᠳᠦᠰᠦᠯᠡᠨ᠂ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ ᠴᠡᠭᠴᠡᠯᠡᠭᠦᠯᠬᠦ᠂ ᠬᠢᠷᠢ ᠴᠢᠳᠠᠯ ᠤᠨ ᠵᠡᠷᠭᠡ ᠳᠡᠰ ᠢ ᠨᠢ ᠪᠠᠭᠤᠷᠠᠭᠤᠯᠬᠤ᠂ ᠬᠢᠷᠢ ᠴᠢᠳᠠᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠬᠤ ᠵᠡᠷᠭᠡ ᠵᠠᠰᠠᠭ ᠵᠠᠬᠢᠷᠭᠠᠨ ᠤ ᠰᠢᠢᠳᠬᠡᠯ ᠢ ᠬᠡᠷᠡᠭᠵᠢᠭᠦᠯᠬᠦ ᠠᠷᠭ᠎ᠠ ᠮᠠᠶ᠋ᠢᠭ ᠢ ᠲᠣᠳᠣᠷᠬᠠᠢ ᠲᠣᠭᠲᠠᠭᠠᠪᠠ᠃      ᠳᠥᠷᠪᠡ ᠳᠤ᠂ ᠣᠰᠣᠯ ᠲᠣᠷᠭᠠᠭᠤᠯᠢ ᠶᠢ ᠲᠣᠬᠢᠷᠠᠯᠴᠠᠭᠤᠯᠬᠤ ᠵᠠᠷᠴᠢᠮ ᠶᠣᠰᠣᠭᠠᠷ᠂ ᠬᠥᠩᠭᠡᠨ ᠢᠶᠠᠷ ᠰᠢᠶᠳᠬᠡᠬᠦ᠂ ᠬᠥᠩᠭᠡᠷᠡᠭᠦᠯᠦᠨ ᠰᠢᠶᠳᠬᠡᠬᠦ᠂ ᠬᠦᠨᠳᠦ ᠪᠠᠷ ᠰᠢᠶᠳᠬᠡᠬᠦ ᠪᠠᠶᠢᠳᠠᠯ ᠢ ᠲᠣᠳᠣᠷᠬᠠᠶᠢᠯᠠᠵᠤ᠂ ᠰᠢᠶᠳᠬᠡᠬᠦ ᠠᠷᠭ᠎ᠠ ᠬᠡᠮᠵᠢᠶ᠎ᠡ ᠶᠢᠨ ᠬᠠᠨᠳᠤᠯᠭᠠᠲᠤ ᠴᠢᠨᠠᠷ ᠪᠠ ᠣᠨᠣᠪᠴᠢ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠲᠡᠭᠡᠭᠰᠢᠯᠡᠭᠦᠯᠪᠡ᠃      ᠲᠠᠪᠤ ᠳᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠵᠦᠢᠯ ᠤᠨ ᠳᠦᠷᠢᠮ︾ ᠢ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠢᠶᠠᠷ ᠰᠢᠢᠳᠬᠡᠨ ᠲᠤᠷᠭᠠᠭᠤᠬᠤ ᠲᠣᠭᠲᠠᠭᠠᠯ ᠢ ᠢᠯᠡ ᠨᠡᠶᠢᠲᠡᠯᠡᠬᠦ ᠬᠤᠭᠤᠴᠠᠭ᠎ᠠ ᠬᠢᠵᠠᠭᠠᠷ ᠪᠣᠯᠤᠨ ᠠᠷᠭ᠎ᠠ ᠮᠠᠶ᠋ᠢᠭ ᠢ  ᠲᠤᠳᠤᠷᠬᠠᠶᠢᠯᠠᠪᠠ᠃        ︽ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠠᠰᠤᠯᠤᠯᠲᠠ ᠶᠢᠨ ᠰᠠᠭᠤᠷᠢ ᠪᠠᠷᠢᠮᠵᠢᠶ᠎ᠠ︾ ᠨᠢ ᠨᠡᠶᠢᠲᠡ 5 ᠬᠡᠰᠡᠭ 59 ᠵᠦᠶᠯ ᠪᠠᠶᠢᠵᠤ᠂ ᠬᠠᠶᠢᠨ ᠪᠠᠶᠢᠴᠠᠭᠠᠬᠤ ᠠᠵᠤ ᠠᠬᠤᠶᠢᠯᠠᠯ᠂ ᠵᠢᠷᠤᠵᠤ ᠲᠥᠯᠥᠪᠯᠡᠬᠦ ᠠᠵᠤ ᠠᠬᠤᠶᠢᠯᠠᠯ᠂ ᠪᠠᠷᠢᠯᠭ᠎ᠠ ᠶᠢᠨ ᠦᠶᠯᠡᠰ ᠤᠨ ᠠᠵᠤ ᠠᠬᠤᠶᠢᠯᠠᠯ᠂ ᠬᠢᠨᠠᠨ ᠬᠠᠮᠢᠶᠠᠷᠤᠯᠳᠠ ᠶᠢᠨ ᠠᠵᠤ ᠠᠬᠤᠶᠢᠯᠠᠯ ᠵᠢᠴᠢ ᠳᠠᠩᠰᠠᠯᠠᠭᠤᠯᠤᠭᠰᠠᠨ ᠠᠵᠢᠯ ᠡᠷᠭᠢᠯᠡᠭᠰᠡᠳ᠂ ᠪᠠᠷᠢᠯᠭ᠎ᠠ ᠶᠢᠨ ᠬᠠᠤᠯᠢ᠂ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠲᠦᠷᠢᠮ᠂ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠶᠤᠯᠭᠦᠶ ᠦᠶᠯᠡᠳᠪᠦᠷᠢᠯᠡᠯ ᠤᠨ ᠬᠠᠮᠢᠶᠠᠷᠤᠯᠲᠠ ᠶᠢᠨ ᠲᠦᠷᠢᠮ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠵᠥᠷᠢᠴᠡᠭᠰᠡᠨ ᠦᠶᠯᠡ ᠠᠵᠢᠯᠯᠠᠭ᠎ᠠ ᠳᠤ ᠴᠢᠭᠯᠡᠭᠦᠯᠦᠨ᠂ ᠬᠠᠤᠯᠢ ᠵᠥᠷᠢᠴᠡᠭᠰᠡᠨ ᠦᠶᠯᠡ ᠪᠠᠶᠢᠳᠠᠯ ᠪᠠ ᠦᠷ᠎ᠡ ᠳ᠋ᠦᠩ ᠢ ᠦᠨᠳᠦᠰᠦᠯᠡᠨ᠂ ᠬᠠᠤᠯᠢ ᠪᠠᠷ ᠲᠣᠭᠲᠠᠭᠠᠭᠰᠠᠨ ᠰᠢᠢᠳᠭᠡᠯ ᠤᠨ ᠲᠥᠷᠥᠯ ᠵᠦᠶᠯ ᠪᠠ ᠬᠡᠪᠴᠢᠶᠡᠨ ᠳᠣᠲᠣᠷ᠎ᠠ᠂ ᠠᠳᠠᠯᠢ ᠪᠤᠰᠤ ᠰᠢᠢᠳᠭᠡᠯ ᠤᠨ ᠪᠠᠷᠢᠮᠵᠢᠶ᠎ᠠ ᠶᠢ ᠬᠤᠪᠢᠶᠠᠷᠢᠯᠠᠪᠠ᠃
ᠢᠷᠡᠯᠲᠡ᠄ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ ᠶᠢᠨ ᠲᠢᠩᠬᠢᠮ
Baidu
map