2018 ᠣᠨ ᠤ ᠪᠥᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠰᠢᠮᠳᠠᠭᠤᠯᠤᠨ ᠪᠠᠶᠢᠴᠠᠭᠠᠬᠤ ᠲᠤᠰᠬᠠᠶ ᠠᠵᠢᠯᠯᠠᠭ᠎ᠠ ᠶᠢ ᠲᠡᠭᠦᠰ ᠠᠮᠵᠢᠯᠲᠠ ᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2020/12/31
ᠲᠤᠪᠴᠢᠯᠠᠯ᠄ 2018 ᠣᠨ ᠤ 5 ᠳ᠋ᠤᠭᠠᠷ ᠰᠠᠷ᠎ᠠ ᠶᠢᠨ 21   ᠤ ᠡᠳᠦᠷ ᠠᠴᠠ 11 ᠳ᠋ᠦ᠋ᠭᠡᠷ ᠰᠠᠷ᠎ᠠ ᠶᠢᠨ 21   ᠤ ᠡᠳᠦᠷ ᠪᠣᠯᠲᠠᠯ᠎ᠠ ᠮᠠᠨ ᠤ ᠲᠢᠩᠬᠢᠮ 2018 ᠣᠨ ᠤ ᠪᠥᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠰᠢᠮᠳᠠᠭᠤᠯᠤᠨ ᠪᠠᠶᠢᠴᠠᠭᠠᠬᠤ ᠶᠢ ᠵᠢᠷᠤᠮᠵᠢᠭᠤᠯᠬᠤ ᠲᠤᠰᠬᠠᠶ ᠠᠵᠢᠯᠯᠠᠭ᠎ᠠ ᠥᠷᠨᠢᠭᠦᠯᠪᠡ᠃      2018 ᠣᠨ ᠤ 5 ᠳ᠋ᠤᠭᠠᠷ ᠰᠠᠷ᠎ᠠ ᠶᠢᠨ 21   ᠤ ᠡᠳᠦᠷ ᠠᠴᠠ 11 ᠳ᠋ᠦ᠋ᠭᠡᠷ ᠰᠠᠷ᠎ᠠ ᠶᠢᠨ 21   ᠤ ᠡᠳᠦᠷ ᠪᠣᠯᠲᠠᠯ᠎ᠠ ᠮᠠᠨ ᠤ ᠲᠢᠩᠬᠢᠮ 2018 ᠣᠨ ᠤ ᠪᠥᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ  ᠶᠢᠨ ᠰᠢᠮᠳᠠᠭᠤᠯᠤᠨ ᠪᠠᠶᠢᠴᠠᠭᠠᠬᠤ ᠶᠢ ᠵᠢᠷᠤᠮᠵᠢᠭᠤᠯᠬᠤ ᠲᠤᠰᠬᠠᠶ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ᠲᠤᠰᠬᠠᠶ ᠠᠵᠢᠯᠯᠠᠭ᠎ᠠ ᠨᠢ ᠪᠥᠬᠦ ᠣᠷᠣᠨ ᠤ ᠠᠶᠢᠮᠠᠭ ᠬᠤᠲᠠ ᠶᠢᠨ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠲᠡᠭᠦᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ 2017 ᠣᠨ ᠤ 1 ᠳ᠋ᠦ᠋ᠭᠡᠷ ᠰᠠᠷ᠎ᠠ ᠶᠢᠨ 1   ᠤ ᠡᠳᠦᠷ ᠠᠴᠠ 2018 ᠣᠨ ᠤ 5 ᠳ᠋ᠤᠭᠠᠷ ᠰᠠᠷ᠎ᠠ ᠶᠢᠨ 30   ᠤ ᠡᠳᠦᠷ ᠪᠣᠯᠲᠠᠯ᠎ᠠ ᠨᠢᠭᠡᠨᠲᠡ ᠰᠢᠶᠳᠪᠦᠷᠢᠯᠡᠵᠦ ᠲᠠᠭᠤᠰᠬᠠᠭᠰᠨ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠠᠩᠰᠠ ᠡᠪᠬᠡᠮᠡᠯ ᠢ ᠦᠨᠡᠯᠡᠨ ᠪᠠᠶᠢᠴᠠᠭᠠᠵᠤ᠂ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠠᠩᠰᠠ ᠡᠪᠬᠡᠮᠡᠯ ᠢ ᠰᠤᠭᠤᠴᠢᠨ ᠪᠠᠶᠢᠴᠠᠭᠠᠬᠤ ᠪᠠᠷ ᠳᠠᠮᠵᠢᠭᠤᠯᠤᠨ᠂ ᠵᠠᠰᠠᠭ ᠵᠠᠬᠢᠷᠭᠠᠨ  ᠤ ᠬᠠᠤᠯᠢ ᠬᠡᠷᠡᠭᠵᠢᠭᠦᠯᠬᠦ ᠭᠤᠤᠯ ᠴᠣᠭᠴᠠ᠂ ᠰᠢᠢᠳᠭᠡᠯ ᠲᠣᠷᠭᠠᠭᠤᠯᠢ ᠶᠢᠨ ᠲᠠᠰ ᠳᠠᠷᠠᠭᠠᠯᠠᠯ᠂ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠣᠭᠲᠠᠭᠠᠯ ᠢ ᠬᠢᠨᠠᠨ ᠬᠠᠷᠭᠤᠭᠤᠯᠬᠤ᠂ ᠲᠤᠷᠭᠠᠭᠤᠬᠤ ᠪᠠ ᠲᠤᠰᠢᠶᠠᠬᠤ ᠶᠢ ᠰᠠᠯᠭᠠᠬᠤ᠂ ᠬᠦᠨᠳᠦ ᠶᠡᠭᠡ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢ ᠮᠡᠳᠡᠭᠦᠯᠦᠨ ᠳᠠᠩᠰᠠᠯᠠᠭᠤᠯᠬᠤ᠂ ᠲᠠᠩᠰᠠ ᠡᠪᠬᠡᠮᠡᠯ ᠢ ᠡᠮᠬᠢᠯᠡᠨ ᠲᠠᠩᠰᠠ ᠡᠪᠬᠡᠮᠡᠯ ᠳᠤ ᠣᠷᠣᠭᠤᠯᠬᠤ ᠵᠡᠷᠭᠡ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠲᠤᠰᠬᠠᠶ ᠰᠢᠮᠳᠠᠭᠤᠯᠤᠨ ᠪᠠᠶᠢᠴᠠᠭᠠᠯᠲᠠ ᠬᠢᠪᠠ᠃      ᠲᠣᠰ ᠤᠳᠠᠭᠠᠨ ᠤ ᠳᠠᠩᠰᠠ ᠡᠪᠬᠡᠮᠡᠯ ᠢ ᠦᠨᠡᠯᠡᠨ ᠪᠠᠶᠢᠴᠠᠭᠠᠬᠤ ᠠᠵᠢᠯ ᠢ ᠤᠷᠤᠭᠰᠢᠲᠠᠶ ᠪᠡᠶᠡᠯᠡᠭᠦᠯᠬᠦ ᠶᠢᠨ ᠲᠥᠯᠥᠭᠡ᠂ ᠮᠠᠨ ᠤ ᠲᠢᠩᠬᠢᠮ  ︽2018 ᠣᠨ ᠤ ᠪᠥᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠰᠢᠮᠳᠠᠭᠤᠯᠤᠨ ᠪᠠᠶᠢᠴᠠᠭᠠᠬᠤ ᠲᠤᠰᠬᠠᠶ ᠠᠵᠢᠯᠯᠠᠭ᠎ᠠ ᠶᠢ ᠵᠢᠷᠤᠮᠵᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ︾ ︵ᠥᠪᠥᠷ ᠪᠠᠶᠢᠭᠤᠯᠤᠯᠲᠠ ᠬᠠᠤᠯᠢ  ﹇2018﹈  250 ᠳ᠋ᠤᠭᠠᠷ ᠲᠣᠭᠠᠲᠤ︶ ᠢ ᠲᠤᠰᠬᠠᠶᠢᠯᠠᠨ ᠳᠠᠷᠤᠮᠠᠯᠯᠠᠨ ᠲᠠᠷᠬᠠᠭᠠᠵᠤ᠂ ᠲᠢᠩᠬᠢᠮ ᠤᠨ ᠳᠡᠳ᠋ ᠲᠣᠭᠤᠷᠢᠨ ᠪᠠᠶᠢᠴᠠᠭᠠᠭᠴᠢ ᠸᠠᠩ ᠭᠧᠨ ᠰᠢᠶᠤᠤ ᠳᠤᠭᠤᠶᠢᠯᠠᠩ ᠤᠨ ᠳᠠᠷᠤᠭ᠎ᠠ ᠶᠢ ᠬᠠᠷᠢᠭᠤᠴᠠᠵᠤ᠂ ᠲᠢᠩᠬᠢᠮ ᠤᠨ ᠬᠠᠤᠯᠢ ᠲᠣᠭᠲᠠᠭᠠᠯ ᠤᠨ ᠭᠠᠵᠠᠷ ᠤᠨ ᠬᠠᠷᠢᠭᠤᠴᠠᠯᠭᠠᠲᠠᠨ᠂ ᠲᠢᠩᠬᠢᠮ ᠤᠨ ᠬᠤᠲᠠ ᠶᠢᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠭᠠᠵᠠᠷ ᠤᠨ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠳᠠᠷᠤᠭ᠎ᠠ ᠢᠶᠠᠷ ᠪᠦᠷᠢᠯᠳᠦᠭᠰᠡᠨ ᠲᠤᠰᠬᠠᠶ ᠰᠢᠮᠳᠠᠭᠤᠯᠤᠨ ᠪᠠᠶᠢᠴᠠᠭᠠᠬᠤ ᠤᠳᠤᠷᠢᠳᠬᠤ ᠳᠤᠭᠤᠶᠢᠯᠠᠩ ᠢ ᠪᠠᠶᠢᠭᠤᠯᠪᠠ᠃ ᠡᠭᠦᠨ ᠠᠴᠠ ᠭᠠᠳᠠᠨ᠎ᠠ᠂ ᠲᠣᠰ ᠤᠳᠠᠭᠠᠨ ᠤ ᠲᠤᠰᠬᠠᠶ ᠰᠢᠮᠳᠠᠭᠤᠯᠤᠨ ᠪᠠᠶᠢᠴᠠᠭᠠᠬᠤ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠶᠢ ᠦᠨᠡᠨ ᠬᠦ ᠪᠠᠲᠤᠯᠠᠬᠤ ᠶᠢᠨ ᠲᠥᠯᠥᠭᠡ᠂ ᠲᠤᠰᠬᠠᠶᠢᠯᠠᠨ ᠠᠵᠢᠯᠯᠠᠬᠤ ᠳᠤᠭᠤᠶᠢᠯᠠᠩ ᠪᠠᠶᠢᠭᠤᠯᠵᠤ᠂ ᠠᠵᠢᠯᠯᠠᠬᠤ ᠳᠤᠭᠤᠶᠢᠯᠠᠩ ᠤᠨ ᠪᠦᠷᠢᠯᠳᠦᠬᠦᠨ ᠢ ᠲᠢᠩᠬᠢᠮ ᠤᠨ ᠬᠠᠤᠯᠢ ᠲᠣᠭᠲᠠᠭᠠᠯ ᠤᠨ ᠭᠠᠵᠠᠷ᠂ ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠬᠥᠬᠡᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠵᠥᠪᠯᠡᠯ ᠤᠨ ᠬᠠᠤᠯᠢ ᠲᠣᠭᠲᠠᠭᠠᠯ ᠤᠨ ᠰᠠᠯᠠᠭ᠎ᠠ ᠠᠴᠠ ᠰᠢᠯᠵᠢᠭᠦᠯᠦᠨ ᠠᠪᠴᠢᠷᠠᠭᠰᠠᠨ ᠪᠥᠭᠡᠳ ᠬᠤᠯᠪᠣᠭᠳᠠᠯ ᠪᠥᠬᠦᠶ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ 42 ᠬᠤᠪᠢ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠠᠩᠰᠠ ᠡᠪᠬᠡᠮᠡᠯ ᠢ ᠨᠠᠷᠢᠨ ᠬᠢᠨᠠᠮᠠᠭᠠᠶ ᠦᠨᠡᠯᠡᠨ ᠪᠠᠶᠢᠴᠠᠭᠠᠪᠠ᠃      ᠲᠣᠰ ᠤᠳᠠᠭᠠᠨ ᠤ ᠰᠢᠮᠳᠠᠭᠤᠯᠤᠨ ᠪᠠᠶᠢᠴᠠᠭᠠᠬᠤ ᠲᠤᠰᠬᠠᠶ ᠠᠵᠢᠯᠯᠠᠭ᠎ᠠ ᠶᠢᠨ ᠲᠡᠷᠢᠭᠦᠨ ᠤ ᠨᠢᠭᠡᠴᠡ ᠪᠣᠯ ᠬᠥᠬᠡᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠵᠥᠪᠯᠡᠯ᠂ ᠲᠦᠩᠯᠢᠶᠣᠤ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠵᠥᠪᠯᠡᠯ᠂ ᠣᠷᠳᠣᠰ ᠬᠤᠲᠠ ᠶᠢᠨ ᠬᠤᠲᠠ  ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠪᠤᠭᠤᠲᠤ ᠬᠤᠲᠠ ᠶᠢᠨ ᠣᠷᠣᠨ ᠰᠠᠭᠤᠴᠠ ᠶᠢᠨ ᠪᠠᠲᠤᠯᠠᠭ᠎ᠠ ᠪᠠ ᠬᠡᠷ ᠪᠠᠶᠢᠰᠢᠩ  ᠤᠨ ᠬᠠᠮᠢᠶᠠᠷᠤᠯᠲᠠ ᠶᠢᠨ ᠲᠣᠪᠴᠢᠶ᠎ᠠ᠂ ᠪᠤᠭᠤᠲᠤ ᠬᠤᠲᠠ ᠶᠢᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠵᠥᠪᠯᠡᠯ᠂ ᠬᠥᠬᠡᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠬᠢᠩᠭᠠᠨ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠪᠣᠯᠤᠨ᠎ᠠ᠃ ᠬᠥᠬᠡᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠵᠥᠪᠯᠡᠯ ᠤᠨ ᠰᠢᠶᠳᠪᠦᠷᠢᠯᠡᠭᠰᠡᠨ ᠬᠤᠶᠠᠷ ᠡᠪᠬᠡᠮᠡᠯ᠂ ᠣᠷᠳᠣᠰ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠰᠢᠶᠳᠪᠦᠷᠢᠯᠡᠭᠰᠡᠨ ᠨᠢᠭᠡ ᠡᠪᠬᠡᠮᠡᠯ᠂ ᠪᠤᠭᠤᠲᠤ ᠬᠤᠲᠠ ᠶᠢᠨ ᠣᠷᠣᠨ ᠰᠠᠭᠤᠴᠠ ᠶᠢᠨ ᠪᠠᠲᠤᠯᠠᠭ᠎ᠠ ᠪᠠ ᠬᠡᠷ ᠪᠠᠶᠢᠰᠢᠩ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠰᠢᠶᠳᠪᠦᠷᠢᠯᠡᠭᠰᠡᠨ ᠨᠢᠭᠡ ᠡᠪᠬᠡᠮᠡᠯ ᠨᠢ ᠰᠢᠯᠢᠳᠡᠭ ᠡᠪᠬᠡᠮᠡᠯ ᠢᠶᠠᠷ ᠦᠨᠡᠯᠡᠭᠳᠡᠪᠡ᠃ ᠲᠡᠷᠢᠭᠦᠨ ᠤ ᠨᠢᠭᠡᠴᠡ ᠪᠣᠯᠤᠨ ᠰᠢᠯᠢᠳᠡᠭ ᠲᠠᠩᠰᠠ ᠡᠪᠬᠡᠮᠡᠯ ᠢ ᠮᠠᠨ ᠤ ᠲᠢᠩᠬᠢᠮ ᠠᠴᠠ ᠵᠠᠷᠯᠠᠨ ᠬᠦᠬᠢᠭᠦᠯᠪᠡ᠃        2018 ᠣᠨ ᠤ 11 ᠳ᠋ᠤᠭᠡᠷ ᠰᠠᠷ᠎ᠠ ᠶᠢᠨ 21   ᠤ ᠡᠳᠦᠷ᠂ ᠲᠤᠰᠬᠠᠢ ᠰᠢᠮᠳᠠᠭᠤᠯᠤᠨ ᠪᠠᠶᠢᠴᠠᠭᠠᠬᠤ ᠤᠳᠤᠷᠢᠳᠬᠤ ᠳᠤᠭᠤᠶᠢᠯᠠᠩ ᠠᠵᠢᠯᠯᠠᠬᠤ ᠳᠤᠭᠤᠶᠢᠯᠠᠩ ᠤᠨ ᠲᠤᠰᠬᠠᠢ ᠰᠡᠳᠦᠪᠲᠦ ᠬᠠᠷᠢᠭᠤ ᠮᠡᠳᠡᠭᠦᠯᠦᠯᠲᠡ ᠶᠢ ᠰᠣᠨᠣᠰᠪᠠ᠃ ᠲᠢᠩᠬᠢᠮ ᠤᠨ ᠳᠡᠳ᠋ ᠲᠣᠭᠤᠷᠢᠨ ᠪᠠᠶᠢᠴᠠᠭᠠᠭᠴᠢ ᠸᠠᠩ ᠭᠧᠨ ᠰᠢᠶᠤᠤ ᠨᠥᠬᠦᠷ ᠵᠢᠭᠠᠵᠤ ᠭᠠᠷᠭᠠᠭᠰᠠᠨ ᠨᠢ᠂ ᠪᠥᠬᠦ ᠣᠷᠣᠨ ᠤ ᠡᠯ᠎ᠡ ᠱᠠᠲᠤᠨ ᠤ ᠣᠷᠣᠨ ᠰᠠᠭᠤᠴᠠ ᠬᠤᠲᠠ ᠪᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠠᠤᠯᠢ ᠬᠡᠷᠡᠭᠵᠢᠭᠦᠯᠬᠦ ᠪᠠᠶᠢᠭᠤᠯᠤᠮᠵᠢ ᠨᠤᠭᠤᠳ ᠲᠣᠰ ᠤᠳᠠᠭᠠᠨ ᠤ ᠰᠢᠮᠳᠠᠭᠤᠯᠤᠨ ᠪᠠᠶᠢᠴᠠᠭᠠᠬᠤ ᠲᠤᠰᠬᠠᠶ ᠠᠵᠢᠯᠯᠠᠭ᠎ᠠ ᠪᠠᠷ ᠠᠵᠠ ᠲᠣᠬᠢᠶᠠᠯ ᠪᠣᠯᠭᠠᠨ᠂ ᠲᠦᠷᠢᠮ  ᠢᠶᠠᠨ ᠴᠢᠷᠮᠠᠶᠢᠨ ᠲᠡᠭᠦᠯᠳᠡᠷᠵᠢᠭᠦᠯᠵᠦ᠂ ᠬᠠᠷᠢᠭᠤᠴᠠᠯᠭ᠎ᠠ ᠪᠠᠨ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠴᠢᠩᠭ᠎ᠠ ᠴᠡᠭᠴᠡᠯᠡᠨ ᠰᠠᠶᠢᠵᠢᠷᠠᠭᠤᠯᠵᠤ᠂ ᠰᠤᠷᠤᠯᠴᠠᠯᠭ᠎ᠠ ᠪᠠᠨ ᠴᠢᠩᠭᠠᠳᠬᠠᠨ᠂ ᠪᠣᠯᠪᠠᠰᠤᠷᠠᠭᠤᠯᠤᠯ ᠢ ᠴᠢᠬᠤᠯᠠᠴᠢᠯᠠᠵᠤ᠂ ᠪᠠᠶᠢᠭᠤᠯᠤᠮᠵᠢ ᠶᠢᠨ ᠪᠠᠶᠢᠭᠤᠯᠤᠯᠲᠠ ᠶᠢ ᠵᠢᠷᠤᠮᠵᠢᠭᠤᠯᠤᠨ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠᠨ  ᠴᠢᠩᠭᠠᠳᠬᠠᠵᠦ᠂ ᠪᠥᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠡᠯ᠎ᠡ ᠱᠠᠲᠤᠨ ᠤ ᠬᠠᠤᠯᠢ ᠬᠡᠷᠡᠭᠵᠢᠭᠦᠯᠬᠦ ᠡᠩᠨᠡᠭᠡ ᠶᠢᠨ ᠬᠡᠪ ᠴᠢᠨᠠᠷ ᠪᠠ ᠴᠢᠳᠠᠪᠤᠷᠢ ᠶᠢ ᠪᠥᠬᠦ ᠲᠠᠯ᠎ᠠ  ᠪᠠᠷ ᠲᠡᠭᠡᠭᠰᠢᠯᠡᠭᠦᠯᠬᠦ ᠬᠡᠷᠡᠭᠳᠡᠢ ᠭᠡᠪᠡ᠃
ᠢᠷᠡᠯᠲᠡ᠄ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ ᠶᠢᠨ ᠲᠢᠩᠬᠢᠮ
Baidu
map