︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ | 2018 ᠣᠨ ᠤ ᠪᠥᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠵᠠᠰᠠᠭ ᠵᠠᠬᠢᠷᠭᠠᠨ ᠤ ᠰᠢᠢᠳᠭᠡᠯ | ᠲᠣᠷᠭᠠᠭᠤᠯᠢ ᠶᠢᠨ ᠰᠢᠮᠳᠠᠭᠤᠯᠤᠨ ᠪᠠᠶᠢᠴᠠᠭᠠᠬᠤ ᠲᠤᠰᠬᠠᠶ ᠠᠵᠢᠯᠯᠠᠭ᠎ᠠ ᠶᠢ ᠵᠢᠷᠤᠮᠵᠢᠭᠤᠯᠬᠤ ᠲᠤᠬᠠᠶ ᠮᠡᠳᠡᠭᠳᠡᠯ︾ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ 9 ᠳ᠋ᠦ᠋ᠭᠡᠷ ᠰᠠᠷ᠎ᠠ ᠶᠢᠨ ᠬᠤᠷᠢᠳ ᠢᠶᠠᠷ᠂ ᠬᠢᠩᠭᠠᠨ ᠠᠶᠢᠮᠠᠭ ᠤᠨ ᠬᠤᠲᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠲᠤᠰᠬᠠᠶ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠳᠡᠳ᠋ ᠳᠠᠷᠤᠭ᠎ᠠ ᠪᠤᠤ ᠯᠢᠨ ᠵᠡᠷᠭᠡ ᠳᠦᠷᠪᠡᠨ | ᠬᠥᠮᠦᠨ ᠤᠯᠠᠭᠠᠨᠬᠤᠲᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠲᠦᠴᠢᠦᠸᠠᠨ ᠰᠢᠶᠠᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ | ᠬᠦᠷᠴᠦ᠂ ︽2018 ᠣᠨ ᠤ ᠪᠥᠬᠦ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠪᠥᠲᠥᠭᠡᠨ ᠪᠠᠶᠢᠭᠤᠯᠤᠯᠲᠠ ᠶᠢᠨ | ᠬᠦᠷᠢᠶᠡᠨ ᠳᠠᠬᠢ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠤᠰᠬᠠᠶ ᠰᠢᠮᠳᠠᠭᠤᠯᠤᠨ ᠪᠠᠶᠢᠴᠠᠭᠠᠬᠤ︾ ᠠᠵᠢᠯ ᠢ ᠥᠷᠨᠢᠭᠦᠯᠪᠡ᠃ ᠡᠯ᠎ᠡ ᠬᠤᠰᠢᠭᠤ ᠰᠢᠶᠠᠨ | ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠠᠮᠢᠶ᠎ᠠ ᠪᠦᠬᠦᠢ ᠬᠥᠮᠦᠰ ᠪᠠᠷ᠎ᠠ ᠪᠣᠯᠵᠤ | ᠪᠠᠶᠢᠴᠠᠭᠠᠯᠳᠠ ᠳᠤ ᠤᠷᠤᠯᠴᠠᠪᠠ᠃ | ᠲᠣᠰ ᠤᠳᠠᠭᠠᠨ ᠤ ᠲᠤᠰᠬᠠᠶ ᠰᠢᠮᠳᠠᠭᠤᠯᠤᠨ ᠪᠠᠶᠢᠴᠠᠭᠠᠬᠤ ᠠᠵᠢᠯᠯᠠᠭ᠎ᠠ ᠳᠤ᠂ 2017 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 2018 ᠣᠨ | ᠤ 7 ᠳ᠋ᠤᠭᠠᠷ ᠰᠠᠷ᠎ᠠ ᠶᠢᠨ 1 ᠤ ᠡᠳᠦᠷ ᠪᠣᠯᠲᠠᠯ᠎ᠠ ᠨᠢᠭᠡᠨᠲᠡ ᠲᠠᠰᠤᠯᠤᠨ ᠰᠢᠢᠳᠬᠡᠭᠰᠡᠨ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠠᠩᠰᠠ ᠡᠪᠬᠡᠮᠡᠯ ᠢ | ᠰᠤᠭᠤᠴᠢᠨ ᠪᠠᠶᠢᠴᠠᠭᠠᠭᠰᠠᠨ ᠪᠥᠭᠡᠳ ᠲᠠᠩᠰᠠ ᠡᠪᠬᠡᠮᠡᠯ ᠤᠨ ᠠᠭᠤᠯᠭ᠎ᠠ᠂ ᠰᠢᠢᠳᠭᠡᠯ ᠲᠣᠷᠭᠠᠭᠤᠯᠢ ᠶᠢᠨ ᠵᠦᠶᠯ ᠵᠤᠷᠪᠤᠰ᠂ ᠲᠤᠬᠠᠶ ᠶᠢᠨ ᠲᠠᠯᠠᠪᠠᠶ ᠶᠢᠨ ᠲᠡᠮᠳᠡᠭᠯᠡᠯ | ᠬᠢᠬᠦ ᠵᠢᠴᠢ ᠬᠠᠤᠯᠢ ᠬᠡᠷᠡᠭᠵᠢᠭᠦᠯᠬᠦ ᠪᠢᠴᠢᠭ ᠮᠠᠲ᠋ᠧᠷᠢᠶᠠᠯ ᠬᠦᠷᠭᠡᠬᠦ ᠪᠠ ᠲᠠᠩᠰᠠ ᠡᠪᠬᠡᠮᠡᠯ ᠳᠤ ᠣᠷᠣᠭᠤᠯᠬᠤ ᠲᠤᠬᠠᠶ ᠨᠠᠷᠢᠨ ᠬᠢᠨᠠᠮᠠᠭᠠᠶ ᠪᠠᠶᠢᠴᠠᠭᠠᠯᠲᠠ ᠥᠷᠨᠢᠭᠦᠯᠪᠡ᠃ | ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠨᠢ ᠪᠥᠬᠦ ᠠᠶᠢᠮᠠᠭ ᠤᠨ ᠬᠤᠲᠠ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠠᠵᠢᠯᠲᠠᠳ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠪᠤᠴᠠ ᠳᠤ ᠣᠷᠣᠰᠢᠵᠤ ᠪᠠᠶᠢᠭ᠎ᠠ ᠬᠠᠤᠯᠢ ᠬᠡᠷᠡᠭᠵᠢᠭᠦᠯᠬᠦ ᠨᠢ ᠴᠢᠩᠭ᠎ᠠ ᠪᠤᠰᠤ᠂ ᠭᠤᠤᠯᠴᠢ ᠪᠤᠰᠤ | ᠵᠢᠴᠢ ᠡᠰᠡ ᠬᠢᠬᠦ᠂ ᠳᠤᠷ᠎ᠠ ᠪᠠᠷ ᠢᠶᠠᠨ ᠦᠶᠯᠡᠳᠴᠦ ᠪᠠᠶᠢᠭ᠎ᠠ ᠪᠠᠶᠢᠳᠠᠯ ᠢ ᠭᠤᠤᠯᠳᠠᠯᠭ᠎ᠠ ᠲᠠᠢ ᠣᠶᠢᠯᠠᠭᠠᠬᠤ ᠶᠢᠨ ᠬᠠᠮᠲᠤ ᠡᠯ᠎ᠡ ᠬᠤᠰᠢᠭᠤ ᠰᠢᠶᠠᠨ ᠬᠤᠲᠠ ᠶᠢ | ᠰᠢᠮᠳᠠᠭᠤᠯᠤᠨ ᠥᠪᠡᠷᠲᠡᠭᠡᠨ ᠪᠠᠶᠢᠴᠠᠭᠠᠬᠤ ᠪᠠᠷ ᠳᠠᠮᠵᠢᠭᠤᠯᠤᠨ᠂ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠠᠵᠢᠯ ᠤᠨ ᠳᠤᠮᠳᠠ ᠣᠷᠣᠰᠢᠵᠤ ᠪᠠᠶᠢᠭ᠎ᠠ | ᠲᠣᠪᠣᠶᠢᠮ᠎ᠠ ᠠᠰᠠᠭᠤᠳᠠᠯ ᠢ ᠪᠥᠬᠦ ᠲᠠᠯ᠎ᠠ ᠪᠠᠷ ᠪᠠᠶᠢᠴᠠᠭᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠪᠣᠳᠠᠲᠠᠶ ᠳᠤ ᠰᠠᠭᠤᠷᠢᠯᠠᠨ᠂ ᠰᠢᠮᠳᠠᠭᠤᠯᠤᠨ | ᠴᠡᠭᠴᠡᠯᠡᠨ ᠰᠠᠶᠢᠵᠢᠷᠠᠭᠤᠯᠵᠤ᠂ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ᠂ ᠵᠠᠰᠠᠭ ᠵᠠᠬᠢᠷᠭᠠᠨ ᠤ ᠵᠥᠪᠰᠢᠶᠡᠷᠡᠯ ᠵᠢᠴᠢ ᠬᠦᠨᠳᠦ ᠶᠡᠭᠡ ᠵᠠᠰᠠᠭ ᠵᠠᠬᠢᠷᠭᠠᠨ ᠤ | ᠰᠢᠢᠳᠭᠡᠯ ᠲᠣᠷᠭᠠᠭᠤᠯᠢ ᠶᠢᠨ ᠬᠠᠮᠢᠶ᠎ᠠ ᠪᠥᠬᠦᠶ ᠲᠦᠷᠢᠮ ᠢ ᠪᠣᠳᠠᠲᠠᠶ ᠳᠤ ᠨᠠᠶᠢᠳᠠᠪᠤᠷᠢᠵᠢᠭᠤᠯᠪᠠ᠃ |