ᠬᠢᠩᠭᠠᠨ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ︽ᠰᠢᠮᠳᠠᠭᠤᠯᠤᠨ ᠪᠠᠶᠢᠴᠠᠭᠠᠬᠤ︾ ᠶᠢ ᠴᠢᠩᠭᠠᠳᠬᠠᠵᠤ᠂ ︽ᠨᠠᠶᠢᠳᠠᠪᠤᠷᠢᠵᠢᠭᠤᠯᠬᠤ ︾ ᠶᠢ ᠴᠢᠬᠤᠯᠠᠴᠢᠯᠠᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠵᠠᠰᠠᠭ ᠵᠠᠬᠢᠷᠭᠠᠨ ᠤ ᠰᠢᠶᠳᠬᠡᠯ ᠲᠣᠷᠭᠠᠭᠤᠯᠢ ᠶᠢ ᠵᠢᠷᠤᠮᠵᠢᠭᠤᠯᠬᠤ ᠲᠤᠰᠬᠠᠶ ᠠᠵᠢᠯᠯᠠᠭ᠎ᠠ ᠶᠢ ᠲᠡᠭᠦᠰ ᠠᠮᠵᠢᠯᠲᠠ ᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2020/12/31
     ᠬᠢᠩᠭᠠᠨ ᠠᠶᠢᠮᠠᠭ ᠤᠨ ᠡᠯ᠎ᠡ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠶᠢᠨ ᠬᠡᠷᠡᠭ ᠰᠢᠶᠳᠪᠦᠷᠢᠯᠡᠬᠦ ᠶᠠᠰᠤ ᠴᠢᠨᠠᠷ ᠢ ᠠᠬᠢᠭᠤᠯᠬᠤ ᠶᠢᠨ ᠲᠤᠰᠠᠳᠠ᠂ ︽2018 ᠣᠨ ᠤ ᠪᠥᠬᠦ ᠣᠷᠣᠨ ᠤ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠰᠢᠮᠳᠠᠭᠤᠯᠤᠨ ᠪᠠᠶᠢᠴᠠᠭᠠᠬᠤ ᠲᠤᠰᠬᠠᠶ ᠠᠵᠢᠯᠯᠠᠭ᠎ᠠ ᠶᠢ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ︾ ︵ᠥᠪᠥᠷ ᠪᠠᠶᠢᠭᠤᠯᠤᠯᠲᠠ ᠬᠠᠤᠯᠢ  ﹇2018﹈  250 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠬᠢᠩᠭᠠᠨ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠲᠤᠰᠬᠠᠶ ᠠᠵᠢᠯᠯᠠᠭ᠎ᠠ ᠶᠢᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠪᠥᠬᠦ ᠠᠶᠢᠮᠠᠭ ᠤᠨ 2017 ᠣᠨ ᠠᠴᠠ ᠨᠠᠰᠢᠬᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠠᠩᠰᠠ ᠡᠪᠬᠡᠮᠡᠯ ᠢ ᠰᠢᠮᠳᠠᠭᠤᠯᠤᠨ ᠪᠠᠶᠢᠴᠠᠭᠠᠪᠠ᠃      ᠨᠢᠭᠡ᠂ ᠴᠢᠳᠠᠪᠦᠷᠢᠳᠡᠨ ᠢ ᠰᠣᠩᠭᠤᠨ᠂ ᠰᠢᠯᠢᠳᠡᠭ   ᠢ ᠲᠣᠬᠢᠷᠠᠭᠤᠯᠵᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠪᠠ᠃ ᠬᠢᠩᠭᠠᠨ ᠠᠶᠢᠮᠠᠭ  ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠲᠣᠰ ᠤᠳᠠᠭᠠᠨ ᠤ ᠲᠤᠰᠬᠠᠶ ᠰᠢᠮᠳᠠᠭᠤᠯᠤᠨ ᠪᠠᠶᠢᠴᠠᠭᠠᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠪᠠ᠃ ᠤᠳᠤᠷᠢᠳᠬᠤ ᠪᠠᠭ ᠤᠨ ᠬᠤᠷᠠᠯ ᠬᠤᠷᠠᠯᠳᠤᠭᠤᠯᠵᠤ ᠲᠣᠰ ᠤᠳᠠᠭᠠᠨ ᠤ ᠲᠤᠰᠬᠠᠶ ᠰᠢᠮᠳᠠᠭᠤᠯᠤᠨ ᠪᠠᠶᠢᠴᠠᠭᠠᠬᠤ ᠠᠵᠢᠯ ᠢ ᠲᠤᠰᠬᠠᠶᠢᠯᠠᠨ ᠰᠤᠳᠤᠯᠵᠤ᠂ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠪᠠᠶᠢᠭᠤᠯᠤᠨ᠂ ᠰᠢᠮᠳᠠᠭᠤᠯᠤᠨ ᠪᠠᠶᠢᠴᠠᠭᠠᠬᠤ ᠠᠯᠪᠠᠨ ᠬᠡᠷ ᠲᠤᠬᠢᠷᠠᠭᠤᠯᠪᠠ᠃ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠸᠠᠩ ᠹᠦ᠋ ᠱᠦᠨ ᠢᠶᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠳᠡᠳ᠋ ᠪᠠᠶᠢᠴᠠᠭᠠᠨ ᠰᠤᠳᠤᠯᠤᠭᠴᠢ ᠪᠤᠤ ᠯᠢᠨ ᠢᠶᠠᠷ ᠳᠤᠭᠤᠶᠢᠯᠠᠩ ᠤᠨ ᠳᠡᠳ᠋ ᠳᠠᠷᠤᠭ᠎ᠠ ᠪᠣᠯᠭᠠᠵᠤ᠂ ᠬᠠᠤᠯᠢ ᠲᠤᠭᠳᠠᠭᠠᠯ ᠪᠠᠶᠢᠴᠠᠭᠠᠬᠤ ᠰᠠᠯᠠᠭ᠎ᠠ ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠰᠠᠯᠠᠭ᠎ᠠ᠂ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠪᠥᠲᠥᠭᠡᠨ ᠪᠠᠶᠢᠭᠤᠯᠤᠯᠲᠠ ᠶᠢᠨ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠬᠠᠷᠢᠭᠤᠴᠠᠯᠭᠠᠲᠠᠨ ᠢᠶᠠᠷ ᠪᠦᠷᠢᠯᠳᠦᠭᠰᠡᠨ ᠲᠤᠰᠬᠠᠶ ᠠᠵᠢᠯᠯᠠᠭ᠎ᠠ ᠶᠢᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠪᠠᠶᠢᠭᠤᠯᠵᠦ᠂ ᠰᠢᠮᠳᠠᠭᠤᠯᠤᠨ ᠪᠠᠶᠢᠴᠠᠭᠠᠬᠤ ᠠᠯᠪᠠᠨ ᠬᠡᠷ ᠢ ᠬᠠᠤᠯᠢ ᠲᠣᠭᠲᠠᠭᠠᠯ ᠪᠠᠶᠢᠴᠠᠭᠠᠬᠤ ᠰᠠᠯᠠᠭ᠎ᠠ ᠳᠤ ᠲᠣᠬᠢᠷᠠᠭᠤᠯᠪᠠ᠃ ᠲᠡᠷᠡᠴᠢᠯᠡᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠪᠦᠷᠢᠯᠳᠦᠬᠦᠨ ᠢ ᠵᠣᠬᠢᠶᠠᠨ ᠪᠠᠶᠢᠭᠤᠯᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ  ᠶᠢᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠳᠦᠷᠢᠮ︾  ᠢ ᠲᠥᠪᠯᠡᠷᠡᠭᠦᠯᠦᠨ ᠰᠤᠷᠤᠯᠴᠠᠭᠤᠯᠵᠤ᠂ ᠠᠵᠢᠯ ᠤᠨ ᠲᠤᠷᠰᠢᠯᠭ᠎ᠠ ᠲᠠᠢ ᠪᠠᠨ ᠤᠶᠠᠯᠳᠤᠭᠤᠯᠤᠨ ᠲᠤᠰ ᠤᠳᠠᠭᠠᠨ ᠤ ᠰᠢᠮᠳᠠᠭᠤᠯᠤᠨ ᠪᠠᠶᠢᠴᠠᠭᠠᠬᠤ ᠠᠵᠢᠯ ᠳᠤ ᠰᠢᠮᠳᠠᠭᠤᠯᠤᠨ ᠪᠠᠶᠢᠴᠠᠭᠠᠬᠤ ᠭᠤᠤᠯᠳᠠᠯᠭ᠎ᠠ ᠶᠢ ᠲᠤᠷᠠᠳᠪᠠ᠃      ᠬᠤᠶᠠᠷ᠂ ᠪᠣᠳᠠᠲᠤ ᠠᠮᠵᠢᠯᠲᠠ ᠶᠢ ᠴᠢᠬᠤᠯᠠᠴᠢᠯᠠᠨ᠂ ᠳᠠᠩᠰᠠ ᠡᠪᠬᠡᠮᠡᠯ ᠢ ᠪᠠᠶᠢᠴᠠᠭᠠᠵᠤ᠂ ᠰᠢᠮᠳᠠᠭᠤᠯᠤᠨ ᠪᠠᠶᠢᠴᠠᠭᠠᠬᠤ ᠠᠵᠢᠯ ᠢ ᠪᠦᠲᠦᠮᠵᠢᠲᠡᠶ ᠦᠷᠨᠢᠭᠦᠯᠪᠡ ᠃ 2018 ᠣᠨ ᠤ 9 ᠳ᠋ᠦ᠋ᠭᠡᠷ ᠰᠠᠷ᠎ᠠ ᠶᠢᠨ 1 ᠤ ᠡᠳᠦᠷ ᠠᠴᠠ 21 ᠤ ᠡᠳᠦᠷ ᠪᠣᠯᠲᠠᠯ᠎ᠠ᠂ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠨᠢ ᠲᠤᠬᠠᠢ ᠶᠢᠨ ᠭᠠᠵᠠᠷ  ᠲᠤ ᠨᠢ ᠭᠦᠨᠵᠡᠭᠡᠶᠢᠷᠡᠨ᠂ ᠬᠢᠩᠭᠠᠨ ᠠᠶᠢᠮᠠᠭ ᠤᠨ ᠡᠯ᠎ᠡ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠠᠩᠰᠠ ᠡᠪᠬᠡᠮᠡᠯ᠂ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠭᠤᠤᠯ ᠴᠣᠭᠴᠠ᠂ ᠰᠢᠢᠳᠭᠡᠯ ᠲᠣᠷᠭᠠᠭᠤᠯᠢ ᠶᠢᠨ ᠲᠠᠰ ᠳᠠᠷᠠᠭᠠᠯᠠᠯ᠂ ᠬᠠᠤᠯᠢ ᠲᠦᠷᠢᠮ ᠤᠨ ᠬᠢᠨᠠᠨ ᠬᠠᠷᠭᠤᠭᠤᠯᠬᠤ᠂ ᠲᠤᠷᠭᠠᠭᠤᠵᠦ ᠲᠤᠰᠢᠶᠠᠬᠤ ᠶᠢ ᠰᠠᠯᠭᠠᠬᠤ᠂ ᠬᠦᠨᠳᠦ ᠶᠡᠭᠡ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢ ᠮᠡᠳᠡᠭᠦᠯᠦᠨ ᠳᠠᠩᠰᠠᠯᠠᠭᠤᠯᠬᠤ᠂ ᠲᠠᠩᠰᠠ ᠡᠪᠬᠡᠮᠡᠯ ᠢ ᠲᠠᠩᠰᠠᠨ ᠳᠤ ᠣᠷᠣᠭᠤᠯᠬᠤ ᠵᠡᠷᠭᠡ ᠪᠠᠶᠢᠳᠠᠯ ᠳᠤ ᠰᠢᠮᠳᠠᠭᠤᠯᠤᠨ ᠪᠠᠶᠢᠴᠠᠭᠠᠯᠲᠠ ᠬᠢᠪᠡ᠃ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠠᠩᠰᠠ ᠡᠪᠬᠡᠮᠡᠯ ᠢ ᠨᠡᠶᠢᠲᠡ 38 ᠡᠪᠬᠡᠮᠡᠯ ᠰᠣᠩᠭᠤᠨ ᠪᠠᠶᠢᠴᠠᠭᠠᠵᠤ᠂ ᠪᠥᠬᠦ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠠᠩᠰᠠ ᠡᠪᠬᠡᠮᠡᠯ ᠤᠨ 15 . 8 %   ᠶᠢ ᠡᠵᠡᠯᠡᠪᠡ᠃      ᠭᠤᠷᠪᠠ᠂ ᠬᠢᠷᠢ ᠪᠦᠲᠦᠮᠵᠢ ᠶᠢ ᠪᠦᠷᠢᠳᠬᠡᠨ᠂ ᠠᠰᠠᠭᠤᠳᠠᠯ ᠢ ᠪᠠᠶᠢᠴᠠᠭᠠᠵᠤ᠂ ᠵᠠᠰᠠᠭ ᠵᠠᠬᠢᠷᠭᠠᠨ ᠤ ᠰᠢᠶᠳᠬᠡᠯ ᠢ ᠵᠢᠷᠤᠮᠵᠢᠭᠤᠯᠪᠠ᠃ ᠰᠢᠮᠳᠠᠭᠤᠯᠤᠨ ᠪᠠᠶᠢᠴᠠᠭᠠᠬᠤ ᠪᠠᠷ ᠳᠡᠮᠵᠢᠨ᠂ ᠬᠢᠩᠭᠠᠨ ᠠᠶᠢᠮᠠᠭ ᠤᠨ ᠡᠯ᠎ᠡ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ  ᠳᠠᠬᠢ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠨᠢᠭᠡᠴᠡ ᠨᠢ ᠬᠠᠤᠯᠢ ᠬᠡᠷᠡᠭᠵᠢᠭᠦᠯᠬᠦ ᠶᠠᠪᠤᠴᠠ ᠳᠤ᠂ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ  ᠢᠶᠠᠷ ᠦᠨᠳᠦᠰᠦᠯᠡᠯ ᠪᠣᠯᠭᠠᠬᠤ ᠶᠢᠨ ᠬᠠᠮᠲᠤ ᠪᠥᠲᠥᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠲᠣᠭᠲᠠᠭᠠᠭᠰᠠᠨ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠠᠰᠤᠯᠤᠯᠲᠠ ᠶᠢᠨ ᠪᠠᠷᠢᠮᠵᠢᠶ᠎ᠠ ᠲᠠᠢ ᠤᠶᠠᠯᠳᠤᠭᠤᠯᠤᠨ ᠬᠠᠤᠯᠢ ᠬᠡᠷᠡᠭᠵᠢᠭᠦᠯᠵᠦ᠂ ᠵᠣᠷᠢᠭᠤᠳᠠ ᠪᠠ ᠪᠡᠶᠡᠴᠢ ᠬᠦᠴᠦᠨ ᠵᠦᠶᠯ ᠢ ᠡᠷᠡᠰ ᠬᠤᠷᠢᠭᠯᠠᠵᠤ᠂ ᠰᠢᠢᠳᠭᠡᠯ ᠲᠣᠷᠭᠠᠭᠤᠯᠢ ᠶᠢᠨ ᠦᠨᠳᠦᠰᠦᠯᠡᠯ ᠨᠢ ᠭᠦᠶᠴᠡᠳ᠂ ᠲᠠᠰ ᠳᠠᠷᠠᠭᠠᠯᠠᠯ ᠨᠢ ᠬᠠᠤᠯᠢ ᠳᠤ ᠨᠡᠶᠢᠴᠡᠬᠦ᠂ ᠬᠠᠤᠯᠢ ᠴᠠᠭᠠᠵᠠ ᠶᠢ ᠬᠡᠷᠡᠭᠯᠡᠭᠰᠡᠨ ᠨᠢ ᠣᠨᠣᠪᠴᠢᠲᠠᠶ᠂ ᠰᠢᠢᠳᠭᠡᠯ ᠲᠣᠷᠭᠠᠭᠤᠯᠢ ᠶᠢᠨ ᠲᠠᠰᠤᠯᠤᠯᠲᠠ ᠨᠢ ᠵᠣᠬᠢᠰᠲᠠᠶ ᠪᠠᠶᠢᠬᠤ ᠶᠢ ᠪᠡᠶᠡᠯᠡᠭᠦᠯᠪᠡ᠃ ᠰᠢᠢᠳᠭᠡᠬᠦ ᠵᠢᠷᠤᠮ ᠨᠢ ᠬᠠᠤᠯᠢ ᠴᠠᠭᠠᠵᠠ ᠶᠢᠨ ᠲᠣᠭᠲᠠᠭᠠᠯ  ᠳᠤ ᠨᠡᠶᠢᠴᠡᠨ᠎ᠡ︔ ᠦᠰᠦᠭ ᠪᠢᠴᠢᠭ ᠢᠶᠠᠷ ᠢᠯᠡᠳᠬᠡᠭᠰᠡᠨ ᠨᠢ ᠲᠣᠳᠣᠷᠬᠠᠶ᠂ ᠪᠢᠴᠢᠭ ᠮᠠᠲ᠋ᠧᠷᠢᠶᠠᠯ᠂ ᠲᠠᠮᠠᠭ᠎ᠠ ᠶᠢ ᠬᠡᠷᠡᠭᠯᠡᠭᠰᠡᠨ ᠨᠢ ᠵᠥᠪ᠃ ᠪᠤᠶ ᠪᠦᠬᠦᠢ ᠬᠡᠷᠡᠭ ᠢ ᠰᠢᠶᠳᠪᠦᠷᠢᠯᠡᠬᠦ ᠳᠤ ᠴᠥᠮ ︽ᠤᠷᠢᠳᠠᠪᠠᠷ ᠬᠡᠷᠡᠭ ᠪᠣᠯᠭᠠᠨ ᠳᠠᠩᠰᠠᠯᠠᠵᠤ᠂ ᠳᠠᠷᠠᠭ᠎ᠠ ᠨᠢ ᠪᠠᠶᠢᠴᠠᠭᠠᠨ ᠰᠢᠶᠳᠪᠦᠷᠢᠯᠡᠬᠦ︾ ᠵᠠᠷᠴᠢᠮ ᠢ ᠵᠢᠷᠤᠮᠯᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠬᠡᠷᠡᠭ ᠪᠦᠬᠦᠨ ᠨᠢ ᠱᠠᠭᠠᠷᠳᠠᠯᠭ᠎ᠠ ᠳᠤ ᠨᠡᠶᠢᠴᠡᠭᠰᠡᠨ ᠪᠠᠶᠢᠨ᠎ᠠ᠃ ᠡᠭᠦᠨ ᠤ ᠬᠠᠮᠲᠤ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠡᠯ᠎ᠡ ᠭᠠᠵᠠᠷ ᠲᠤ ᠣᠷᠣᠰᠢᠵᠤ ᠪᠠᠶᠢᠭ᠎ᠠ ᠠᠰᠠᠭᠤᠳᠠᠯ ᠳᠤ ᠴᠡᠭᠴᠡᠯᠡᠨ ᠥᠭᠡᠷᠡᠴᠢᠯᠡᠬᠦ ᠱᠠᠭᠠᠷᠳᠠᠯᠭ᠎ᠠ ᠲᠠᠯᠪᠢᠪᠠ᠃      ᠳᠥᠷᠪᠡ᠂ ᠨᠠᠶᠢᠳᠠᠪᠤᠷᠢᠵᠢᠭᠤᠯᠬᠤ ᠶᠢ ᠴᠢᠬᠤᠯᠠᠴᠢᠯᠠᠬᠤ᠂ ᠳᠠᠷᠤᠶᠢᠬᠠᠨ ᠴᠡᠭᠴᠡᠯᠡᠨ ᠰᠠᠶᠢᠵᠢᠷᠠᠭᠤᠯᠵᠤ᠂ ᠪᠥᠬᠦ ᠲᠠᠯ᠎ᠠ ᠪᠠᠷ ᠠᠰᠠᠭᠤᠳᠠᠯ ᠢ ᠴᠡᠭᠴᠡᠯᠡᠨ ᠰᠠᠶᠢᠵᠢᠷᠠᠭᠤᠯᠪᠠ᠃ ᠰᠢᠮᠳᠠᠭᠤᠯᠤᠨ ᠪᠠᠶᠢᠴᠠᠭᠠᠬᠤ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠠᠴᠠ ᠬᠠᠮᠢᠶ᠎ᠠ ᠪᠥᠬᠦᠶ ᠰᠠᠯᠠᠭ᠎ᠠ ᠮᠥᠴᠢᠷ ᠢ ᠳᠠᠷᠤᠶᠢᠬᠠᠨ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ᠂ ᠳᠥᠷᠪᠡᠨ ᠲᠠᠯ᠎ᠠ ᠠᠴᠠ ᠱᠠᠭᠠᠷᠳᠠᠯᠭ᠎ᠠ ᠳᠤᠷᠠᠳᠪᠠ᠄ ᠨᠢᠭᠡ ᠳᠤ᠂ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠠᠩᠰᠠ ᠡᠪᠬᠡᠮᠡᠯ ᠢ ᠡᠮᠬᠢᠳᠭᠡᠨ ᠲᠠᠩᠰᠠ ᠡᠪᠬᠡᠮᠡᠯ ᠳᠤ ᠣᠷᠣᠭᠤᠯᠬᠤ ᠡᠳᠦᠷ ᠲᠤᠲᠤᠮ ᠤᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ ᠲᠠᠩᠰᠠ ᠡᠪᠬᠡᠮᠡᠯ ᠢ ᠡᠮᠬᠢᠳᠭᠡᠨ ᠲᠠᠩᠰᠠ ᠡᠪᠬᠡᠮᠡᠯ ᠳᠤ ᠤᠷᠤᠭᠤᠯᠤᠨ ᠲᠠᠩᠰᠠ ᠡᠪᠬᠢᠮᠡᠯ ᠪᠠᠶᠢᠭᠤᠯᠬᠤ ᠶᠠᠪᠤᠳᠠᠯ ᠢ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠰᠠᠭᠤᠷᠢ ᠴᠢᠨᠠᠷᠲᠠᠶ ᠠᠵᠢᠯ ᠪᠣᠯᠭᠠᠨ ᠠᠳᠬᠤᠵᠤ᠂ ᠲᠠᠩᠰᠠ ᠡᠪᠬᠡᠮᠡᠯ ᠤᠨ ᠶᠠᠰᠤ ᠴᠢᠨᠠᠷ ᠢ ᠤᠯᠠᠮ ᠨᠢᠭᠡ ᠠᠯᠬᠤᠮ ᠲᠡᠭᠡᠭᠰᠢᠯᠡᠭᠦᠯᠪᠡ᠃ ᠬᠤᠶᠠᠷ ᠲᠤ᠂ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠳᠠᠩᠰᠠ ᠡᠪᠬᠡᠮᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠷᠠᠭᠤᠯᠵᠤ᠂ ᠬᠠᠤᠯᠢ ᠬᠡᠷᠡᠭᠵᠢᠭᠦᠯᠬᠦ ᠳᠠᠩᠰᠠ ᠡᠪᠬᠡᠮᠡᠯ ᠤᠨ ᠶᠠᠰᠤ ᠴᠢᠨᠠᠷ ᠢ ᠪᠠᠷᠢᠮᠵᠢᠶ᠎ᠠ ᠳᠤ ᠬᠦᠷᠦᠭᠦᠯᠬᠦ ᠶᠢ ᠦᠨᠡᠨᠬᠦ ᠪᠠᠳᠤᠯᠠᠪᠠ᠃ ᠭᠤᠷᠪᠠ ᠳᠤ᠂ ᠭᠤᠣᠯᠳᠠᠯᠭ᠎ᠠ ᠶᠢ ᠠᠳᠬᠤᠵᠤ᠂ ᠵᠠᠰᠠᠭ ᠵᠠᠬᠢᠷᠭᠠᠨ ᠤ ᠰᠢᠢᠳᠬᠡᠯ ᠤᠨ ᠴᠢᠯᠥᠭᠡᠲᠦ ᠲᠠᠰᠤᠯᠤᠯᠲᠠ ᠶᠢᠨ ᠡᠷᠬᠡ ᠶᠢ ᠵᠢᠷᠤᠮᠵᠢᠭᠤᠯᠬᠤ ᠪᠠ ᠬᠡᠷᠡᠭᠯᠡᠬᠦ ᠶᠢᠨ ᠬᠢᠨᠠᠨ ᠬᠠᠷᠭᠤᠭᠤᠯᠬᠤ ᠠᠵᠢᠯ ᠢ ᠲᠣᠪᠤᠶᠢᠮ᠎ᠠ ᠰᠠᠶᠢᠲᠤᠷ ᠠᠳᠬᠤᠵᠤ᠂ ᠵᠠᠰᠠᠭ ᠵᠠᠬᠢᠷᠭᠠᠨ ᠤ ᠰᠢᠢᠳᠬᠡᠯ ᠤᠨ ᠴᠢᠯᠥᠭᠡᠲᠦ ᠲᠠᠰᠤᠯᠤᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠵᠢᠷᠤᠮᠵᠢᠯ ᠳᠤ ᠨᠡᠶᠢᠴᠡᠭᠦᠯᠵᠦ᠂ ᠬᠡᠷᠡᠭ ᠰᠢᠢᠳᠪᠦᠷᠢᠯᠡᠬᠦ ᠬᠢᠷᠢ ᠲᠦᠪᠰᠢᠨ ᠢᠶᠠᠨ ᠲᠠᠰᠤᠷᠠᠯᠲᠠ ᠦᠭᠡᠢ ᠲᠡᠭᠡᠭᠰᠢᠯᠡᠭᠦᠯᠪᠡ᠃ ᠳᠥᠷᠪᠡ ᠳᠤ᠂ ᠠᠵᠢᠯ ᠲᠥᠷᠥᠯ ᠤᠨ ᠬᠠᠤᠯᠢ ᠬᠡᠷᠡᠭᠵᠢᠭᠦᠯᠬᠦ ᠠᠵᠢᠯᠲᠠᠨ ᠤ ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠠᠵᠢᠯᠲᠠᠨ ᠤ ᠠᠵᠢᠯ ᠲᠥᠷᠥᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠪᠣᠯᠪᠠᠰᠤᠷᠠᠭᠤᠯᠤᠯ ᠤᠨ ᠠᠵᠢᠯ ᠢ ᠰᠠᠶᠢᠲᠤᠷ ᠬᠢᠵᠦ᠂ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠨᠢ ᠲᠠᠰᠤᠷᠠᠯᠲᠠ ᠤᠢᠭᠡᠢ ᠲᠡᠭᠡᠭᠰᠢᠯᠡᠭᠦᠯᠪᠡ᠃
ᠢᠷᠡᠯᠲᠡ᠄ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ ᠶᠢᠨ ᠲᠢᠩᠬᠢᠮ
Baidu
map