ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠰᠠᠨᠠᠯ ᠰᠣᠨᠣᠰᠬᠤ ᠶᠠᠪᠤᠴᠠ ᠶᠢᠨ ᠲᠣᠭᠲᠠᠭᠠᠯ
ᠨᠡᠶᠢᠲᠡᠯᠡᠭᠰᠡᠨ ᠴᠠᠭ᠄
2020/12/31
                    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ                     ᠵᠠᠰᠠᠭ ᠤᠨ ᠣᠷᠳᠣᠨ ᠤ ᠵᠠᠷᠯᠢᠭ 90 ᠳ᠋ᠦ᠋ᠭᠡᠷ ᠲᠣᠭᠠᠲᠤ            1998 ᠣᠨ ᠤ 10 ᠳ᠋ᠤᠭᠠᠷ ᠰᠠᠷ᠎ᠠ ᠶᠢᠨ 19   ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 14 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠪᠠᠲᠤᠯᠠᠵᠤ᠂ 1998 ᠣᠨ ᠤ 10 ᠳ᠋ᠤᠭᠠᠷ ᠰᠠᠷ᠎ᠠ ᠶᠢᠨ 29   ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 90 ᠳ᠋ᠦ᠋ᠭᠡᠷ ᠲᠣᠭᠠᠲᠤ ᠪᠠᠷ ᠨᠡᠶᠢᠲᠡᠯᠡᠪᠡ᠃      ᠨᠢᠭᠡᠳᠦᠭᠡᠷ ᠪᠦᠯᠦᠭ   ᠶᠡᠷᠦᠩᠬᠡᠶ ᠳᠦᠷᠢᠮ      ᠨᠢᠭᠡᠳᠦᠭᠡᠷ ᠵᠦᠶᠯ  ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠰᠠᠨᠠᠯ ᠰᠣᠨᠣᠰᠬᠤ ᠶᠠᠪᠤᠴᠠ ᠶᠢ ᠵᠢᠷᠤᠮᠵᠢᠭᠤᠯᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠬᠠᠤᠯᠢ︾ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠵᠤ᠂ ᠲᠤᠰ ᠲᠣᠭᠲᠠᠭᠠᠯ ᠢ ᠲᠣᠭᠲᠠᠭᠠᠪᠠ᠃      ᠬᠤᠶᠠᠳᠤᠭᠠᠷ ᠵᠦᠶᠯ  ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ ᠠᠴᠠ ᠦᠶᠯᠡᠳᠪᠦᠷᠢᠯᠡᠯ ᠠᠵᠢᠯ ᠢ ᠨᠢ ᠵᠠᠷᠯᠢᠭᠳᠠᠨ ᠵᠣᠭᠰᠣᠭᠠᠬᠤ᠂ ᠵᠥᠪᠰᠢᠶᠡᠷᠡᠯ ᠤᠨ ᠦᠨᠡᠮᠯᠡᠯ ᠪᠤᠶᠤ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠶ ᠪᠣᠯᠭᠠᠬᠤ᠂ ᠨᠡᠯᠢᠶᠡᠳ ᠶᠡᠭᠡ ᠲᠣᠭᠠᠨ ᠤ ᠵᠣᠭᠤᠰ ᠲᠤᠷᠭᠠᠭᠤᠬᠤ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠭᠠᠷᠭᠠᠬᠤ ᠪᠠᠷ ᠲᠥᠯᠥᠪᠯᠡᠵᠦ᠂  ᠲᠤᠬᠠᠢ ᠶᠢᠨ ᠬᠥᠮᠦᠨ ᠨᠢ ᠰᠠᠨᠠᠯ ᠰᠣᠨᠣᠰᠬᠤ ᠪᠠᠷ ᠱᠠᠭᠠᠷᠳᠠᠭᠰᠠᠨ ᠪᠣᠯ ᠲᠤᠰ ᠲᠣᠭᠲᠠᠭᠠᠯ ᠢ ᠬᠡᠷᠡᠭᠯᠡᠨ᠎ᠡ᠃      ᠡᠮᠦᠨᠡᠬᠢ ᠪᠠᠳᠠᠭ ᠲᠤ ᠳᠤᠷᠠᠳᠤᠭᠰᠠᠨ ᠨᠡᠯᠢᠶᠡᠳ ᠶᠡᠭᠡ ᠲᠣᠭᠠᠨ ᠤ ᠵᠣᠭᠤᠰ ᠢᠶᠠᠷ ᠲᠤᠷᠭᠠᠭᠤᠬᠤ ᠭᠡᠳᠡᠭ ᠨᠢ ᠡᠷᠬᠡᠳᠦ ᠠᠷᠠᠳ ᠢ 2000 ᠲᠥᠭᠦᠷᠢᠭ ᠠᠴᠠ ᠳᠡᠭᠡᠭᠰᠢ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢ 30000 ᠲᠥᠭᠦᠷᠢᠭ ᠠᠴᠠ ᠳᠡᠭᠡᠭᠰᠢ ᠵᠣᠭᠤᠰ ᠢᠶᠠᠷ ᠲᠤᠷᠭᠠᠭᠤᠬᠤ ᠶᠢ ᠵᠢᠭᠠᠵᠤ ᠪᠠᠶᠢᠨ᠎ᠠ᠃ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ ᠨᠤᠭᠤᠳ ᠲᠤᠰ ᠰᠢᠰᠲ᠋ᠧᠮ ᠤᠨ ᠢᠶᠠᠨ ᠪᠣᠳᠠᠲᠤ ᠪᠠᠶᠢᠳᠠᠯ ᠢ ᠦᠨᠳᠦᠰᠦᠯᠡᠨ᠂ ᠲᠤᠰ ᠲᠣᠭᠲᠠᠭᠠᠯ ᠤᠨ ᠵᠣᠭᠤᠰ ᠢᠶᠠᠷ ᠲᠤᠷᠭᠠᠭᠤᠬᠤ ᠲᠤᠭ᠎ᠠ ᠶᠢᠨ ᠪᠠᠷᠢᠮᠵᠢᠶ᠎ᠠ ᠠᠴᠠ ᠥᠨᠳᠥᠷ ᠪᠤᠶᠤ ᠳᠣᠣᠷ᠎ᠠ ᠪᠠᠶᠢᠯᠭᠠᠬᠤ ᠴᠢᠬᠤᠯᠠ ᠲᠠᠢ ᠪᠣᠯ ᠲᠣᠭᠲᠠᠭᠠᠬᠤ ᠭᠡᠵᠦ ᠪᠠᠶᠢᠭ᠎ᠠ ᠵᠣᠭᠤᠰ ᠢᠶᠠᠷ ᠲᠤᠷᠭᠠᠭᠤᠬᠤ ᠲᠤᠭ᠎ᠠ ᠬᠡᠮᠵᠢᠶ᠎ᠡ ᠪᠠᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠳᠦᠷᠢᠮ ᠤᠨ ᠪᠠᠶᠢᠭᠤᠯᠤᠮᠵᠢ ᠳᠤ ᠮᠡᠳᠡᠭᠦᠯᠦᠨ ᠵᠥᠪᠰᠢᠶᠡᠷᠡᠭᠦᠯᠦᠭᠡᠳ ᠨᠡᠶᠢᠳᠡᠯᠡᠨ᠎ᠡ᠃      ᠲᠥᠷᠥ ᠶᠢᠨ ᠶᠠᠪᠤᠳᠠᠯ ᠤᠨ ᠬᠤᠷᠢᠶᠠᠨ ᠤ ᠰᠢᠭᠤᠳ ᠤᠳᠤᠷᠢᠳᠤᠯᠭ᠎ᠠ ᠶᠢ ᠬᠡᠷᠡᠭᠵᠢᠭᠦᠯᠵᠦ ᠪᠠᠶᠢᠭ᠎ᠠ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠨᠡᠯᠢᠶᠡᠳ ᠶᠡᠭᠡ ᠲᠣᠭᠠᠨ ᠤ ᠵᠣᠭᠤᠰ ᠢᠶᠠᠷ ᠲᠤᠷᠭᠠᠭᠤᠬᠤ ᠳᠤ ᠪᠣᠳᠠᠲᠠᠶ ᠲᠣᠭᠲᠠᠭᠠᠯ ᠭᠠᠷᠭᠠᠭᠰᠠᠨ ᠪᠣᠯ ᠲᠡᠷᠡ ᠲᠣᠭᠲᠠᠭᠠᠯ ᠢ ᠨᠢ  ᠵᠢᠷᠦᠮᠯᠠᠨ᠎ᠠ᠃      ᠭᠤᠷᠪᠠᠳᠤᠭᠠᠷ ᠵᠦᠢᠯ  ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ ᠪᠤᠶᠤ ᠬᠤᠪᠢ ᠬᠥᠮᠦᠨ ᠤ ᠨᠢᠭᠤᠴᠠ ᠳᠤ ᠬᠤᠯᠪᠣᠭᠳᠠᠬᠤ ᠠᠴᠠ ᠭᠠᠳᠠᠨ᠎ᠠ᠂ ᠰᠠᠨᠠᠯ ᠰᠣᠨᠣᠰᠬᠤ ᠶᠢ ᠢᠯᠡ ᠪᠠᠷ ᠶᠠᠪᠤᠭᠳᠠᠭᠤᠯᠤᠨ᠎ᠠ᠃      ᠳᠥᠷᠪᠡᠳᠦᠭᠡᠷ ᠵᠦᠢᠯ  ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠵᠤ ᠪᠠᠶᠢᠭ᠎ᠠ ᠪᠤᠶᠤ ᠤᠯᠠᠨ ᠦᠨᠳᠦᠰᠦᠲᠡᠨ ᠬᠠᠮᠲᠤ ᠪᠠᠷ ᠣᠷᠣᠰᠢᠨ ᠰᠠᠭᠤᠵᠤ ᠪᠠᠶᠢᠭ᠎ᠠ ᠭᠠᠵᠠᠷ ᠣᠷᠣᠨ ᠳᠤ ᠰᠠᠨᠠᠯ ᠰᠣᠨᠣᠰᠬᠤ ᠪᠠ ᠬᠦᠷᠭᠡᠬᠦ ᠬᠤᠯᠪᠣᠭᠳᠠᠯ ᠪᠦᠬᠦᠢ ᠰᠠᠨᠠᠯ ᠰᠣᠨᠣᠰᠬᠤ ᠪᠢᠴᠢᠭ ᠮᠠᠲ᠋ᠧᠷᠢᠶᠠᠯ ᠢ ᠲᠤᠬᠠᠢ ᠶᠢᠨ ᠭᠠᠵᠠᠷ ᠤᠨ ᠦᠨᠳᠦᠰᠦᠲᠡᠨ ᠤ ᠨᠡᠶᠢᠳᠡᠮ ᠬᠡᠷᠡᠭᠯᠡᠵᠦ ᠪᠠᠶᠢᠭ᠎ᠠ ᠦᠭᠡ ᠬᠡᠯᠡ᠂ ᠦᠰᠦᠭ ᠪᠢᠴᠢᠭ ᠢ ᠬᠡᠷᠡᠭᠯᠡᠨ᠎ᠡ᠃      ᠲᠠᠪᠤᠳᠤᠭᠠᠷ ᠵᠦᠶᠯ  ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠳᠦᠷᠢᠮ ᠤᠨ ᠪᠠᠶᠢᠭᠤᠯᠤᠮᠵᠢ ᠨᠢ ᠰᠠᠨᠠᠯ  ᠰᠣᠨᠣᠰᠬᠤ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠬᠤ ᠪᠠᠨ ᠴᠢᠩᠭᠠᠳᠬᠠᠨ᠎ᠠ᠃      ᠬᠤᠶᠠᠳᠤᠭᠠᠷ ᠪᠦᠯᠦᠭ  ᠰᠠᠨᠠᠯ ᠰᠣᠨᠣᠰᠬᠤ ᠪᠠᠶᠢᠭᠤᠯᠭ᠎ᠠ ᠪᠠ ᠰᠠᠨᠠᠯ ᠰᠣᠨᠣᠰᠬᠤ ᠬᠥᠮᠦᠰ      ᠵᠢᠷᠭᠤᠳᠤᠭᠠᠷ ᠵᠦᠢᠯ  ᠵᠠᠰᠠᠭ ᠵᠠᠬᠢᠷᠭᠠᠨ ᠤ ᠪᠠᠶᠢᠭᠤᠯᠭ᠎ᠠ ᠲᠤᠰ ᠲᠣᠭᠲᠠᠭᠠᠯ ᠤᠨ ᠬᠤᠶᠠᠳᠤᠭᠠᠷ ᠵᠦᠢᠯ ᠳᠤ ᠵᠢᠭᠰᠠᠭᠠᠭᠰᠠᠨ ᠵᠠᠰᠠᠭ ᠵᠠᠬᠢᠷᠭᠠᠨ ᠤ ᠰᠢᠢᠳᠬᠡᠯ ᠢ ᠭᠠᠷᠭᠠᠬᠤ ᠭᠡᠵᠦ ᠪᠠᠶᠢᠬᠤ ᠳᠤ᠂ ᠲᠤᠬᠠᠢ ᠶᠢᠨ ᠬᠥᠮᠦᠨ ᠰᠠᠨᠠᠯ ᠰᠣᠨᠣᠰᠬᠤ ᠪᠠᠷ ᠱᠠᠭᠠᠷᠳᠠᠭᠰᠠᠨ ᠪᠠᠶᠢᠪᠠᠯ᠂ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠰᠠᠨᠠᠯ ᠰᠣᠨᠣᠰᠬᠤ  ᠶᠢ ᠵᠣᠬᠢᠶᠠᠨ ᠪᠠᠶᠢᠭᠤᠯᠤᠨ᠎ᠠ᠃      ᠬᠠᠤᠯᠢ ᠴᠠᠭᠠᠵᠠ᠂ ᠬᠠᠤᠯᠢ ᠲᠣᠭᠲᠠᠭᠠᠯ ᠤᠨ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ ᠲᠤᠰ ᠲᠣᠭᠲᠠᠭᠠᠯ ᠤᠨ ᠬᠤᠶᠠᠳᠤᠭᠠᠷ ᠵᠦᠢᠯ ᠳᠤ ᠵᠢᠭᠰᠠᠭᠠᠭᠰᠠᠨ ᠵᠠᠰᠠᠭ ᠵᠠᠬᠢᠷᠭᠠᠨ ᠤ ᠰᠢᠢᠳᠭᠡᠯ ᠢ ᠭᠠᠷᠭᠠᠬᠤ ᠪᠠᠷ ᠲᠥᠯᠥᠪᠯᠡᠵᠦ ᠪᠠᠶᠢᠬᠤ ᠳᠤ᠂ ᠲᠤᠬᠠᠢ ᠶᠢᠨ ᠬᠥᠮᠦᠨ ᠨᠢ ᠰᠠᠨᠠᠯ ᠰᠣᠨᠣᠰᠬᠤ ᠪᠠᠷ ᠱᠠᠭᠠᠷᠳᠠᠭᠰᠠᠨ ᠪᠠᠶᠢᠪᠠᠯ᠂ ᠲᠤᠰ ᠵᠣᠬᠢᠶᠠᠨ ᠪᠠᠶᠢᠭᠤᠯᠤᠯᠲᠠ ᠠᠴᠠ ᠰᠠᠨᠠᠯ ᠰᠣᠨᠣᠰᠬᠤ ᠶᠢ ᠵᠣᠬᠢᠶᠠᠨ ᠪᠠᠶᠢᠭᠤᠯᠤᠨ᠎ᠠ᠃      ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠨᠠᠶᠢᠳᠠᠯᠭ᠎ᠠ ᠶᠢ ᠬᠦᠯᠢᠶᠡᠭᠰᠡᠨ ᠵᠣᠬᠢᠶᠠᠨ ᠪᠠᠶᠢᠭᠤᠯᠤᠯᠲᠠ ᠲᠤᠰ ᠲᠣᠭᠲᠠᠭᠠᠯ ᠤᠨ ᠬᠤᠶᠠᠳᠤᠭᠠᠷ ᠵᠦᠢᠯ ᠳᠤ ᠵᠢᠭᠰᠠᠭᠠᠭᠰᠠᠨ ᠵᠠᠰᠠᠭ ᠵᠠᠬᠢᠷᠭᠠᠨ ᠤ ᠰᠢᠢᠳᠬᠡᠯ ᠢ ᠭᠠᠷᠭᠠᠬᠤ ᠪᠠᠷ ᠲᠥᠯᠥᠪᠯᠡᠵᠦ ᠪᠠᠶᠢᠬᠤ ᠳᠤ᠂ ᠲᠤᠬᠠᠢ ᠶᠢᠨ ᠬᠥᠮᠦᠨ ᠰᠠᠨᠠᠯ ᠰᠣᠨᠣᠰᠬᠤ ᠪᠠᠷ ᠱᠠᠭᠠᠷᠳᠠᠭᠰᠠᠨ ᠪᠠᠶᠢᠪᠠᠯ᠂ ᠨᠠᠶᠢᠳᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠰᠠᠨᠠᠯ ᠰᠣᠨᠣᠰᠬᠤ ᠶᠢ ᠵᠣᠬᠢᠶᠠᠨ ᠪᠠᠶᠢᠭᠤᠯᠤᠨ᠎ᠠ᠃      ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ ᠪᠤᠰᠤᠳ ᠪᠠᠶᠢᠭᠤᠯᠭ᠎ᠠ ᠪᠤᠶᠤ ᠵᠣᠬᠢᠶᠠᠨ ᠪᠠᠶᠢᠭᠤᠯᠤᠯᠲᠠ ᠳᠤ ᠨᠠᠶᠢᠳᠠᠵᠤ ᠰᠠᠨᠠᠯ ᠰᠤᠨᠤᠰᠬᠤ ᠬᠤᠷᠠᠯ ᠡᠷᠬᠢᠯᠡᠵᠦ ᠪᠣᠯᠬᠤ ᠦᠭᠡᠢ᠃      ᠳᠣᠯᠣᠳᠤᠭᠠᠷ ᠵᠦᠢᠯ  ᠰᠠᠨᠠᠯ ᠰᠣᠨᠣᠰᠤᠭᠴᠢᠳ ᠲᠤ ᠰᠠᠨᠠᠯ ᠰᠣᠨᠣᠰᠤᠯᠲᠠ ᠶᠢᠨ ᠡᠷᠬᠢᠯᠡᠭᠴᠢ᠂ ᠰᠠᠨᠠᠯ ᠰᠣᠨᠣᠰᠤᠭᠴᠢ ᠪᠠ ᠪᠢᠴᠢᠭᠡᠴᠢ ᠪᠠᠭᠲᠠᠨ᠎ᠠ᠃      ᠰᠠᠨᠠᠯ ᠰᠣᠨᠣᠰᠤᠯᠲᠠ ᠶᠢᠨ ᠡᠷᠬᠢᠯᠡᠭᠴᠢ ᠶᠢ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠠᠴᠠ ᠲᠤᠰ ᠪᠠᠶᠢᠭᠤᠯᠭ᠎ᠠ ᠪᠤᠶᠤ ᠲᠤᠰ ᠵᠣᠬᠢᠶᠠᠨ ᠪᠠᠶᠢᠭᠤᠯᠤᠯᠲᠠ ᠶᠢᠨ ᠬᠠᠤᠯᠢ ᠳᠦᠷᠢᠮ ᠤᠨ ᠠᠵᠢᠯ ᠤᠨ ᠪᠠᠶᠢᠭᠤᠯᠤᠮᠵᠢ ᠶᠢᠨ ᠠᠵᠢᠯᠲᠠᠨ ᠪᠤᠶᠤ ᠲᠤᠰ ᠬᠡᠷᠡᠭ ᠤᠨ ᠪᠤᠰᠤ ᠪᠤᠰᠤᠳ ᠪᠠᠶᠢᠴᠠᠭᠠᠬᠤ ᠠᠵᠢᠯᠲᠠᠨ ᠢ ᠵᠢᠭᠠᠨ ᠲᠣᠭᠲᠠᠭᠠᠵᠤ ᠡᠭᠦᠷᠭᠡᠯᠡᠭᠦᠯᠦᠨ᠎ᠡ᠃      ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ ᠬᠡᠷᠡᠭ ᠤᠨ ᠪᠠᠶᠢᠳᠠᠯ  ᠢ ᠦᠨᠳᠦᠰᠦᠯᠡᠨ᠂ ᠰᠠᠨᠠᠯ ᠰᠣᠨᠣᠰᠤᠯᠲᠠ ᠶᠢᠨ ᠡᠷᠬᠢᠯᠡᠭᠴᠢ ᠨᠢᠭᠡ ᠬᠥᠮᠦᠨ ᠢ ᠵᠢᠭᠠᠨ ᠲᠣᠭᠲᠠᠭᠠᠵᠤ ᠰᠠᠨᠠᠯ ᠰᠣᠨᠣᠰᠤᠯᠲᠠ ᠶᠢ ᠵᠣᠬᠢᠶᠠᠨ ᠪᠠᠶᠢᠭᠤᠯᠵᠤ ᠪᠣᠯᠤᠨ᠎ᠠ᠂ ᠲᠤᠰ ᠪᠠᠶᠢᠭᠤᠯᠭ᠎ᠠ ᠪᠤᠶᠤ ᠲᠤᠰ ᠵᠣᠬᠢᠶᠠᠨ ᠪᠠᠶᠢᠭᠤᠯᠤᠯᠲᠠ ᠶᠢᠨ ᠲᠤᠰ ᠬᠡᠷᠡᠭ ᠤᠨ ᠪᠤᠰᠤ ᠨᠢᠭᠡ ᠠᠴᠠ ᠭᠤᠷᠪᠠᠨ ᠬᠥᠮᠦᠨ ᠢ ᠵᠢᠭᠠᠨ ᠲᠣᠭᠲᠠᠭᠠᠵᠤ ᠰᠠᠨᠠᠯ ᠰᠣᠨᠣᠰᠤᠭᠴᠢ ᠪᠣᠯᠭᠠᠵᠤ᠂ ᠰᠠᠨᠠᠯ ᠰᠣᠨᠣᠰᠤᠯᠲᠠ ᠶᠢᠨ ᠡᠷᠬᠢᠯᠡᠭᠴᠢ ᠶᠢᠨ ᠠᠵᠢᠯ ᠳᠤ ᠬᠠᠮᠵᠢᠭᠤᠯᠵᠤ ᠪᠣᠯᠤᠨ᠎ᠠ᠃      ᠰᠠᠨᠠᠯ ᠰᠣᠨᠣᠰᠬᠤ ᠳᠤ ᠨᠢᠭᠡ ᠪᠢᠴᠢᠭᠡᠴᠢ ᠲᠣᠬᠢᠷᠠᠭᠤᠯᠵᠤ᠂ᠰᠠᠨᠠᠯ ᠰᠣᠨᠣᠰᠤᠭᠰᠠᠨ ᠲᠡᠮᠳᠡᠭᠯᠡᠯ ᠵᠣᠬᠢᠶᠠᠬᠤ ᠪᠠ ᠬᠤᠯᠪᠣᠭᠳᠠᠯ ᠪᠦᠬᠦᠢ ᠤᠴᠢᠷ ᠶᠠᠪᠤᠳᠠᠯ ᠢ ᠬᠠᠷᠢᠭᠤᠴᠠᠭᠤᠯᠤᠨ᠎ᠠ᠃       ᠰᠠᠨᠠᠯ ᠰᠣᠨᠣᠰᠬᠤ ᠬᠥᠮᠦᠰ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠳᠦᠷᠢᠮ ᠤᠨ ᠪᠠᠶᠢᠭᠤᠯᠤᠮᠵᠢ ᠪᠠᠷ ᠨᠢᠭᠡᠳᠦᠯᠲᠡᠶ ᠪᠣᠯᠪᠠᠰᠤᠷᠠᠭᠤᠯᠵᠤ᠂ ᠬᠢᠨᠠᠨ‌‍ᠰᠢᠯᠭᠠᠨ᠎ᠠ᠃      ᠨᠠᠶᠮᠠᠳᠤᠭᠠᠷ ᠵᠦᠶᠯ   ᠰᠠᠨᠠᠯ ᠰᠣᠨᠣᠰᠤᠯᠲᠠ ᠶᠢᠨ ᠡᠷᠬᠢᠯᠡᠭᠴᠢ᠂ ᠰᠠᠨᠠᠯ ᠰᠣᠨᠣᠰᠤᠭᠴᠢ᠂ ᠪᠢᠴᠢᠭᠡᠴᠢ ᠳᠤ ᠳᠣᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠤᠷᠤᠯᠴᠠᠵᠦ ᠪᠤᠯᠬᠤ ᠦᠭᠡᠢ᠂ ᠲᠤᠬᠠᠶ ᠶᠢᠨ ᠬᠥᠮᠦᠨ ᠨᠢ ᠲᠡᠭᠦᠨ ᠢ ᠦᠯᠦ ᠤᠷᠤᠯᠴᠠᠭᠤᠯᠬᠤ ᠪᠠᠷ ᠠᠮᠠ ᠪᠠᠷ ᠪᠤᠶᠤ ᠪᠢᠴᠢᠭ ᠤᠨ ᠬᠡᠯᠪᠡᠷᠢ ᠪᠠᠷ ᠭᠤᠶᠤᠴᠢᠯᠠᠬᠤ ᠡᠷᠬᠡ ᠲᠠᠢ᠄      ︵ᠨᠢᠭᠡ︶ ᠲᠤᠰ ᠬᠡᠷᠡᠭ ᠤᠨ ᠪᠠᠶᠢᠴᠠᠭᠠᠬᠤ ᠠᠵᠢᠯᠳᠡᠠ︔        ︵ᠬᠤᠶᠠᠷ︶ ᠲᠤᠰ ᠬᠡᠷᠡᠭ ᠤᠨ ᠲᠤᠬᠠᠢ ᠶᠢᠨ ᠬᠥᠮᠦᠨ ᠪᠤᠶᠤ ᠲᠤᠰ ᠬᠡᠷᠡᠭ ᠤᠨ ᠪᠠᠶᠢᠴᠠᠭᠠᠭᠴᠢ ᠶᠢᠨ ᠤᠢᠢᠷ᠎ᠠ ᠲᠦᠷᠦᠯ ᠰᠡᠳᠦᠠ︔        ︵ᠭᠤᠷᠪᠠ︶ ᠲᠤᠰ ᠬᠡᠷᠡᠭ ᠢ ᠰᠢᠢᠳᠪᠦᠷᠢᠯᠡᠭᠰᠡᠨ ᠦᠷ᠎ᠡ ᠳ᠋ᠦᠩ ᠲᠠᠢ ᠪᠤᠰᠤᠳ ᠰᠢᠭᠤᠳ ᠠᠰᠢᠭ ᠬᠤᠣᠷ ᠤᠨ ᠬᠠᠷᠢᠴᠠᠭ᠎ᠠ ᠲᠠᠢ ᠪᠠᠶᠢᠬᠤ᠃ ᠰᠠᠨᠠᠯ ᠰᠣᠨᠣᠰᠤᠭᠴᠢ᠂ ᠪᠢᠴᠢᠭᠡᠴᠢ ᠶᠢ ᠦᠯᠦ ᠤᠷᠤᠯᠴᠠᠭᠤᠯᠬᠤ ᠶᠠᠪᠤᠳᠠᠯ ᠢ ᠰᠠᠨᠠᠯ ᠰᠣᠨᠣᠰᠤᠯᠲᠠ ᠶᠢᠨ ᠡᠷᠬᠢᠯᠡᠭᠴᠢ ᠲᠣᠭᠲᠠᠭᠠᠨ᠎ᠠ︔ ᠰᠠᠨᠠᠯ ᠰᠣᠨᠣᠰᠤᠯᠲᠠ ᠶᠢᠨ ᠡᠷᠬᠢᠯᠡᠭᠴᠢ ᠶᠢ ᠦᠯᠦ ᠤᠷᠤᠯᠴᠠᠭᠤᠯᠬᠤ ᠶᠢ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠣᠯᠭᠤᠨ᠎ᠠ᠃      ᠶᠢᠰᠦᠳᠦᠭᠡᠷ ᠵᠦᠢᠯ  ᠰᠠᠨᠠᠯ ᠰᠣᠨᠣᠰᠤᠯᠲᠠ ᠶᠢᠨ ᠡᠷᠬᠢᠯᠡᠭᠴᠢ ᠳᠣᠣᠷ᠎ᠠ ᠵᠢᠭᠰᠠᠭᠠᠭᠰᠠᠨ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠨ᠎ᠡ᠄        ︵ᠨᠢᠭᠡ︶ ᠰᠠᠨᠠᠯ ᠰᠣᠨᠣᠰᠬᠤ ᠮᠡᠳᠡᠭᠳᠡᠯ ᠤᠨ ᠪᠢᠴᠢᠭ ᠢ ᠰᠠᠨᠠᠯ ᠰᠣᠨᠣᠰᠬᠤ ᠳᠤ ᠣᠷᠣᠯᠴᠠᠬᠤ ᠬᠥᠮᠦᠰ ᠲᠤ ᠴᠠᠭ ᠲᠤᠨᠢ ᠬᠦᠷᠭᠡᠵᠦ ᠥᠭᠬᠦ ᠶᠢ ᠬᠠᠷᠢᠭᠤᠴᠠᠨ᠎ᠠ      ︵ᠬᠤᠶᠠᠷ︶ ᠲᠤᠭᠳᠠᠭᠠᠬᠤ ᠭᠡᠵᠦ ᠪᠠᠶᠢᠭ᠎ᠠ ᠵᠠᠰᠠᠭ ᠵᠠᠬᠢᠷᠭᠠᠨ ᠤ ᠰᠢᠢᠳᠭᠡᠯ ᠥᠭᠬᠦ ᠲᠣᠭᠲᠠᠭᠠᠯ ᠤᠨ ᠪᠣᠳᠠᠲᠤ ᠶᠠᠪᠤᠳᠠᠯ᠂ ᠤᠴᠢᠷ ᠰᠢᠯᠲᠠᠭᠠᠨ ᠪᠠ ᠦᠨᠳᠦᠰᠦ ᠪᠠᠷᠢᠮᠲᠠ ᠶᠢ ᠯᠠᠪᠯᠠᠨ ᠠᠰᠠᠭᠤᠬᠤ︔        ︵ᠭᠤᠷᠪᠠ︶ ᠰᠠᠨᠠᠯ ᠰᠣᠨᠣᠰᠬᠤ ᠳᠤ ᠣᠷᠣᠯᠴᠠᠭᠰᠠᠳ ᠢ ᠭᠡᠷᠡᠴᠢ ᠪᠠᠷᠢᠮᠲᠠ ᠬᠠᠩᠭᠠᠬᠤ ᠪᠤᠶᠤ ᠨᠥᠬᠦᠪᠥᠷᠢᠯᠡᠭᠦᠯᠬᠦ ᠪᠠᠷ ᠱᠠᠭᠠᠷᠳᠠᠬᠤ︔      ︵ᠲᠦᠷᠪᠡ︶ ᠰᠠᠨᠠᠯ ᠰᠣᠨᠣᠰᠤᠭᠰᠠᠨ ᠲᠡᠮᠳᠡᠭᠯᠡᠯ ᠢ ᠬᠢᠨᠠᠨ ᠦᠵᠡᠵᠦ᠂ ᠬᠢᠨᠠᠨ ᠬᠠᠷᠭᠤᠭᠤᠯᠤᠭᠰᠠᠨ ᠰᠠᠨᠠᠯ ᠪᠠ ᠰᠢᠢᠳᠪᠦᠷᠢᠯᠡᠬᠦ ᠰᠠᠨᠠᠭᠤᠯᠭ᠎ᠠ ᠳᠤᠷᠠᠳᠤᠨ᠎ᠠ︔      ︵ᠲᠠᠪᠤ︶ ᠰᠠᠨᠠᠯ ᠰᠣᠨᠣᠰᠤᠯᠲᠠ ᠶᠢ ᠵᠣᠭᠰᠣᠭᠠᠬᠤ ᠰᠢᠢᠳᠪᠦᠷᠢ ᠭᠠᠷᠭᠠᠬᠤ︔      ︵ᠵᠢᠷᠭᠤᠭ᠎ᠠ︶ ᠰᠠᠨᠠᠯ ᠰᠣᠨᠣᠰᠬᠤ ᠰᠠᠬᠢᠯᠭ᠎ᠠ ᠪᠠᠲᠤ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠬᠤᠷᠢᠭᠯᠠᠨ ᠵᠣᠭᠰᠣᠭᠠᠵᠤ᠂ ᠰᠠᠨᠠᠯ ᠰᠣᠨᠣᠰᠬᠤ ᠬᠤᠷᠠᠯ ᠤᠨ ᠲᠠᠯᠠᠪᠠᠢ ᠶᠢᠨ ᠡᠮᠬᠢ ᠵᠢᠷᠤᠮ ᠢ ᠬᠠᠮᠠᠭᠠᠯᠠᠨ᠎ᠠ      ᠭᠤᠷᠪᠠᠳᠤᠭᠠᠷ ᠪᠦᠯᠦᠭ   ᠰᠠᠨᠠᠯ ᠰᠣᠨᠣᠰᠬᠤ ᠳᠤ ᠣᠷᠣᠯᠴᠠᠭᠰᠠᠳ      ᠠᠷᠪᠠᠳᠤᠭᠠᠷ ᠵᠦᠢᠯ  ᠰᠠᠨᠠᠯ ᠰᠣᠨᠣᠰᠤᠯᠲᠠ ᠳᠤ ᠣᠷᠣᠯᠴᠠᠭᠰᠠᠳ ᠲᠤ ᠲᠤᠬᠠᠢ ᠶᠢᠨ ᠬᠥᠮᠦᠨ᠂ ᠭᠤᠷᠪᠠᠳᠠᠬᠢ ᠬᠥᠮᠦᠨ᠂ ᠣᠷᠣᠯᠠᠭᠴᠢ᠂ ᠬᠡᠷᠡᠭ ᠢ ᠪᠠᠶᠢᠴᠠᠭᠠᠬᠤ ᠠᠵᠢᠯᠳᠠᠨ᠂ ᠭᠡᠷᠡᠴᠢᠯᠡᠭᠴᠢ᠂ ᠰᠢᠯᠭᠠᠨ ᠲᠣᠭᠲᠠᠭᠠᠭᠴᠢ᠂ ᠣᠷᠴᠢᠭᠤᠯᠤᠭᠴᠢ ᠪᠠᠭᠲᠠᠨ᠎ᠠ᠃      ᠲᠤᠬᠠᠢ ᠶᠢᠨ ᠬᠥᠮᠦᠨ ᠭᠡᠳᠡᠭ ᠨᠢ ᠵᠠᠰᠠᠭ ᠵᠠᠬᠢᠷᠭᠠᠨ ᠤ ᠰᠢᠢᠳᠭᠡᠯ ᠤᠯᠭᠤᠨ᠎ᠠ ᠭᠡᠵᠦ ᠮᠡᠳᠡᠭᠳᠡᠭᠰᠡᠨ᠂ ᠰᠠᠨᠠᠯ ᠰᠣᠨᠣᠰᠬᠤ ᠪᠠᠷ ᠱᠠᠭᠠᠷᠳᠠᠭᠰᠠᠨ ᠡᠷᠬᠡᠳᠦ ᠠᠷᠠᠳ ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢ ᠵᠢᠭᠠᠵᠤ ᠪᠠᠶᠢᠨ᠎ᠠ᠃      ᠭᠤᠷᠪᠠᠳᠠᠬᠢ ᠬᠥᠮᠦᠨ ᠭᠡᠳᠡᠭ ᠨᠢ ᠬᠡᠷᠡᠭ ᠢ ᠰᠢᠢᠳᠪᠦᠷᠢᠯᠡᠭᠰᠡᠨ ᠦᠷ᠎ᠡ ᠳ᠋ᠦᠩ ᠲᠠᠢ ᠰᠢᠭᠤᠳ ᠠᠰᠢᠭ ᠬᠤᠣᠷ ᠤᠨ ᠬᠠᠷᠢᠴᠠᠭ᠎ᠠ ᠲᠠᠢ ᠡᠷᠬᠡᠳᠦ ᠠᠷᠠᠳ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢ ᠵᠢᠭᠠᠵᠤ ᠪᠠᠶᠢᠨ᠎ᠠ᠃      ᠠᠷᠪᠠᠨ ᠨᠢᠭᠡᠳᠦᠭᠡᠷ ᠵᠦᠶᠯ  ᠲᠤᠬᠠᠶ ᠶᠢᠨ ᠬᠥᠮᠦᠨ ᠰᠠᠨᠠᠯ ᠰᠣᠨᠣᠰᠬᠤ ᠳᠤ ᠳᠣᠤᠷ᠎ᠠ ᠵᠢᠭᠰᠠᠭᠠᠭᠰᠠᠨ ᠡᠷᠬᠡ ᠪᠠ ᠡᠭᠦᠷᠭᠡ ᠲᠠᠢ᠄        ︵ᠨᠢᠭᠡ︶ ᠬᠡᠷᠡᠭ ᠲᠤ ᠬᠤᠯᠪᠣᠭᠳᠠᠭᠰᠠᠨ ᠪᠣᠳᠠᠲᠤ ᠶᠠᠪᠤᠳᠠᠯ᠂ ᠬᠠᠤᠯᠢ ᠴᠠᠭᠠᠵᠠ ᠶᠢ ᠬᠡᠷᠡᠭᠯᠡᠭᠰᠡᠨ ᠵᠢᠴᠢ ᠬᠤᠯᠪᠣᠭᠳᠠᠯ ᠪᠦᠬᠦᠢ ᠪᠠᠶᠢᠳᠠᠯ ᠢ ᠲᠣᠭᠠᠴᠢᠬᠤ ᠪᠠ ᠵᠥᠪᠲᠦᠭᠡᠬᠦ ᠡᠷᠬᠡ ᠲᠠᠢ︔      ︵ᠬᠤᠶᠠᠷ︶ ᠬᠡᠷᠡᠭ ᠪᠠᠶᠢᠴᠠᠭᠠᠬᠤ ᠠᠵᠢᠯᠲᠠᠨ ᠤ ᠳᠤᠷᠠᠳᠤᠭᠰᠠᠨ ᠭᠡᠷᠡᠴᠢ ᠪᠠᠷᠢᠮᠲᠠ ᠶᠢ ᠲᠤᠯᠭᠠᠨ ᠭᠡᠷᠡᠴᠢᠯᠡᠬᠦ ᠶᠢᠨ ᠬᠠᠮᠲᠤ ᠰᠢᠨ᠎ᠡ ᠭᠡᠷᠡᠴᠢ ᠪᠠᠷᠢᠮᠲᠠ ᠳᠤᠷᠠᠳᠬᠤ ᠡᠷᠬᠡ ᠲᠠᠢ︔      ︵ᠭᠤᠷᠪᠠ︶ ᠬᠡᠷᠡᠭ ᠤᠨ ᠪᠣᠳᠠᠲᠤ ᠶᠠᠪᠤᠳᠠᠯ ᠢ ᠦᠨᠡᠨ ᠮᠥᠨ ᠢᠶᠠᠷ ᠨᠢ ᠲᠣᠭᠠᠴᠢᠬᠤ ᠪᠠ ᠰᠠᠨᠠᠯ ᠰᠣᠨᠣᠰᠤᠯᠲᠠ ᠶᠢᠨ ᠡᠷᠬᠢᠯᠡᠭᠴᠢ ᠶᠢᠨ ᠠᠰᠠᠭᠤᠯᠲᠠ ᠶᠢ ᠬᠠᠷᠢᠭᠤᠯᠤᠨ᠎ᠠ︔      ︵ᠲᠦᠷᠪᠡ︶ ᠰᠠᠨᠠᠯ ᠰᠣᠨᠣᠰᠬᠤ ᠬᠤᠷᠠᠯ ᠤᠨ ᠲᠠᠯᠠᠪᠠᠢ ᠶᠢᠨ ᠰᠠᠬᠢᠯᠭ᠎ᠠ ᠪᠠᠲᠤ ᠶᠢ ᠵᠢᠷᠤᠮᠯᠠᠵᠤ᠂ᠰᠠᠨᠠᠯ ᠰᠣᠨᠣᠰᠬᠤ ᠬᠤᠷᠠᠯ ᠡᠷᠬᠢᠯᠡᠭᠴᠢ ᠶᠢᠨ ᠵᠢᠯᠤᠭᠤᠳᠤᠯᠭ᠎ᠠ  ᠶᠢ ᠲᠠᠭᠠᠨ᠎ᠠ᠃      ᠠᠷᠪᠠᠨ ᠬᠤᠶᠠᠳᠤᠭᠠᠷ ᠵᠦᠢᠯ  ᠲᠤᠬᠠᠢ ᠶᠢᠨ ᠬᠥᠮᠦᠨ ᠰᠠᠨᠠᠯ ᠰᠣᠨᠣᠰᠬᠤ ᠳᠤ ᠪᠡᠶ᠎ᠡ ᠪᠠᠷ ᠢᠶᠠᠨ ᠣᠷᠣᠯᠴᠠᠵᠤ ᠪᠣᠯᠤᠨ᠎ᠠ᠂ ᠪᠠᠰᠠ ᠨᠢᠭᠡ ᠠᠴᠠ ᠬᠤᠶᠠᠷ ᠣᠷᠣᠯᠠᠭᠴᠢ ᠳᠤ ᠨᠠᠶᠢᠳᠠᠵᠤ ᠰᠠᠨᠠᠯ ᠰᠣᠨᠣᠰᠬᠤ ᠳᠤ ᠣᠷᠣᠯᠴᠠᠭᠤᠯᠵᠤ ᠪᠣᠯᠤᠨ᠎ᠠ᠃      ᠲᠤᠬᠠᠢ ᠶᠢᠨ ᠬᠥᠮᠦᠨ ᠨᠢ ᠣᠷᠣᠯᠠᠭᠴᠢ ᠳᠤ ᠨᠠᠶᠢᠳᠠᠵᠤ ᠰᠠᠨᠠᠯ ᠰᠣᠨᠣᠰᠬᠤ ᠳᠤ ᠣᠷᠣᠯᠴᠠᠭᠤᠯᠤᠭᠰᠠᠨ ᠪᠠᠶᠢᠪᠠᠯ᠂ ᠨᠠᠶᠢᠳᠠᠭᠴᠢ ᠶᠢᠨ ᠭᠠᠷ ᠤᠨ ᠦᠰᠦᠭ ᠵᠢᠷᠤᠭᠰᠠᠨ ᠪᠤᠶᠤ ᠲᠠᠮᠠᠭ᠎ᠠ ᠳᠠᠷᠤᠭᠰᠠᠨ ᠡᠷᠬᠡ ᠣᠯᠭᠤᠬᠤ ᠨᠠᠶᠢᠳᠠᠯᠭ᠎ᠠ ᠶᠢᠨ ᠪᠢᠴᠢᠭ ᠢ ᠲᠤᠰᠢᠶᠠᠬᠤ ᠶᠢᠨ ᠬᠠᠮᠲᠤ ᠣᠷᠣᠯᠠᠬᠤ ᠡᠷᠬᠡ ᠶᠢᠨ ᠬᠡᠪᠴᠢᠶ᠎ᠡ ᠶᠢ ᠲᠤᠳᠤᠷᠬᠠᠶᠢᠯᠠᠨ᠎ᠠ᠃      ᠳᠥᠷᠪᠡᠳᠦᠭᠡᠷ ᠪᠦᠯᠦᠭ   ᠰᠠᠨᠠᠯ ᠰᠣᠨᠣᠰᠬᠤ ᠶᠢ ᠮᠡᠳᠡᠭᠳᠡᠬᠦ᠂ ᠳᠤᠷᠠᠳᠬᠤ ᠪᠠ ᠬᠦᠯᠢᠶᠡᠨ ᠠᠪᠴᠤ ᠰᠢᠶᠳᠪᠦᠷᠢᠯᠡᠬᠦ      ᠠᠷᠪᠠᠨ ᠭᠤᠷᠪᠠᠳᠤᠭᠠᠷ ᠵᠦᠶᠯ  ᠵᠠᠰᠠᠭ ᠵᠠᠬᠢᠷᠭᠠᠨ ᠤ ᠪᠠᠶᠢᠭᠤᠯᠭ᠎ᠠ᠂ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ ᠪᠠ ᠨᠠᠶᠢᠳᠠᠯᠭ᠎ᠠ ᠬᠦᠯᠢᠶᠡᠭᠰᠡᠨ ᠵᠣᠬᠢᠶᠠᠨ ᠪᠠᠶᠢᠭᠤᠯᠤᠯᠲᠠ ᠨᠤᠭᠤᠳ ᠲᠤᠰ ᠲᠣᠭᠲᠠᠭᠠᠯ ᠤᠨ ᠬᠤᠶᠠᠳᠤᠭᠠᠷ ᠵᠦᠶᠯ ᠳᠤ ᠵᠢᠭᠰᠠᠭᠠᠭᠰᠠᠨ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠣᠭᠲᠠᠭᠠᠯ ᠭᠠᠷᠭᠠᠬᠤ ᠠᠴᠠ ᠪᠠᠨ ᠡᠮᠦᠨ᠎ᠡ᠂ ᠰᠠᠨᠠᠯ ᠰᠣᠨᠣᠰᠬᠤ ᠡᠷᠬᠡ ᠲᠠᠢ ᠭᠡᠳᠡᠭ ᠢ ᠲᠤᠬᠠᠶᠢᠲᠠᠶ ᠬᠥᠮᠦᠨ ᠳᠤ ᠪᠢᠴᠢᠭ  ᠤᠨ ᠬᠡᠯᠪᠡᠷᠢ ᠪᠠᠷ ᠮᠡᠳᠡᠭᠳᠡᠬᠦ ᠬᠡᠷᠡᠭᠲᠡᠶ᠃      ᠰᠠᠨᠠᠯ ᠰᠣᠨᠣᠰᠬᠤ ᠮᠡᠳᠡᠭᠳᠡᠯ ᠤᠨ ᠪᠢᠴᠢᠭ ᠲᠤ ᠳᠣᠣᠷ᠎ᠠ ᠵᠢᠭᠰᠠᠭᠠᠭᠰᠠᠨ ᠠᠭᠤᠯᠭ᠎ᠠ ᠶᠢ ᠲᠣᠳᠣᠷᠬᠠᠢ ᠪᠢᠴᠢᠬᠦ ᠬᠡᠷᠡᠭᠲᠡᠢ᠄          ︵ᠨᠢᠭᠡ︶ ᠲᠤᠬᠠᠢ ᠶᠢᠨ ᠬᠥᠮᠦᠨ ᠤ ᠤᠪᠤᠭ ᠨᠡᠷ᠎ᠡ ᠪᠤᠶᠤ ᠨᠡᠷᠡᠶᠢᠳᠦᠯ︔      ︵ᠬᠤᠶᠠᠷ︶ ᠲᠤᠬᠠᠢ ᠶᠢᠨ ᠬᠥᠮᠦᠨ ᠤ ᠬᠠᠤᠯᠢ ᠶᠢ ᠵᠥᠷᠢᠴᠡᠭᠰᠡᠨ ᠪᠣᠳᠠᠲᠤ ᠶᠠᠪᠤᠳᠠᠯ᠂ ᠭᠠᠷᠭᠠᠬᠤ ᠪᠠᠷ ᠵᠢᠱᠢᠭᠰᠡᠨ ᠵᠠᠰᠠᠭ ᠵᠠᠬᠢᠷᠭᠠᠨ ᠤ ᠰᠢᠢᠳᠭᠡᠯ ᠵᠢᠴᠢ ᠰᠢᠢᠳᠭᠡᠯ ᠥᠭᠬᠦ ᠰᠢᠯᠲᠠᠭᠠᠨ ᠪᠠ ᠦᠨᠳᠦᠰᠦᠯᠡᠯ︔      ︵ᠭᠤᠷᠪᠠ︶ ᠲᠤᠬᠠᠢ ᠶᠢᠨ ᠬᠥᠮᠦᠨ ᠤ ᠰᠠᠨᠠᠯ ᠰᠣᠨᠣᠰᠬᠤ ᠡᠷᠬᠡ᠂ ᠰᠠᠨᠠᠯ ᠰᠣᠨᠣᠰᠬᠤ ᠱᠠᠭᠠᠷᠳᠠᠯᠭ᠎ᠠ ᠳᠤᠷᠠᠳᠬᠤ ᠬᠤᠭᠤᠴᠠᠭ᠎ᠠ ᠪᠠ ᠰᠠᠨᠠᠯ ᠰᠣᠨᠣᠰᠬᠤ ᠪᠠᠶᠢᠭᠤᠯᠭ᠎ᠠ ᠪᠤᠶᠤ ᠵᠣᠬᠢᠶᠠᠨ ᠪᠠᠶᠢᠭᠤᠯᠤᠯᠲᠠ᠃      ᠰᠠᠨᠠᠯ ᠰᠣᠨᠣᠰᠬᠤ ᠮᠡᠳᠡᠭᠳᠡᠯ ᠤᠨ ᠪᠢᠴᠢᠭ ᠲᠤ ᠡᠷᠬᠡᠪᠰᠢ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ ᠶᠢᠨ ᠲᠠᠮᠠᠭ᠎ᠠ ᠶᠢ ᠳᠠᠷᠤᠭᠰᠠᠨ ᠪᠠᠶᠢᠬᠤ ᠬᠡᠷᠡᠭᠲᠡᠢ᠃      ᠰᠠᠨᠠᠯ ᠰᠣᠨᠣᠰᠬᠤ ᠮᠡᠳᠡᠭᠳᠡᠯ ᠤᠨ ᠪᠢᠴᠢᠭ ᠢ ᠢᠷᠭᠡᠨ ᠤ ᠵᠠᠷᠭᠤ ᠶᠢᠨ ᠬᠠᠤᠯᠢ ᠳᠤ ᠲᠣᠭᠲᠠᠭᠠᠭᠰᠠᠨ ᠬᠦᠷᠭᠡᠬᠦ ᠠᠷᠭ᠎ᠠ ᠮᠠᠶ᠋ᠢᠭ ᠢᠶᠠᠷ ᠬᠦᠷᠭᠡᠨ᠎ᠡ᠃      ᠠᠷᠪᠠᠨ ᠳᠥᠷᠪᠡᠳᠦᠭᠡᠷ ᠵᠦᠢᠯ  ᠲᠤᠬᠠᠢ ᠶᠢᠨ ᠬᠥᠮᠦᠨ ᠨᠢ ᠰᠠᠨᠠᠯ ᠰᠣᠨᠣᠰᠬᠤ ᠪᠠᠷ ᠱᠠᠭᠠᠷᠳᠠᠪᠠᠯ᠂ ᠰᠠᠨᠠᠯ ᠰᠣᠨᠣᠰᠬᠤ ᠮᠡᠳᠡᠭᠳᠡᠯ ᠤᠨ ᠪᠢᠴᠢᠭ ᠢ ᠣᠯᠤᠭᠰᠠᠨ ᠡᠳᠦᠷ ᠠᠴᠠ ᠡᠬᠢᠯᠡᠨ ᠭᠤᠷᠪᠠᠨ ᠡᠳᠦᠷ ᠤᠨ ᠳᠣᠲᠣᠷ᠎ᠠ ᠪᠢᠴᠢᠭ ᠤᠨ ᠬᠡᠯᠪᠡᠷᠢ ᠪᠠᠷ ᠳᠤᠷᠠᠳᠬᠤ ᠬᠡᠷᠡᠭᠲᠡᠢ᠂ ᠰᠠᠨᠠᠯ ᠰᠣᠨᠣᠰᠬᠤ ᠮᠡᠳᠡᠭᠳᠡᠯ ᠤᠨ ᠪᠢᠴᠢᠭ ᠢ ᠬᠦᠷᠭᠡᠭᠰᠡᠨ ᠬᠠᠷᠢᠭᠤ ᠪᠠᠷᠢᠮᠲᠠ ᠳᠡᠭᠡᠷ᠎ᠡ ᠰᠠᠨᠠᠯ ᠰᠣᠨᠣᠰᠬᠤ ᠪᠠᠷ ᠱᠠᠭᠠᠷᠳᠠᠭᠰᠠᠨ ᠰᠠᠨᠠᠯ ᠳᠤ ᠭᠠᠷ ᠤᠨ ᠦᠰᠦᠭ ᠵᠢᠷᠤᠭᠰᠠᠨ ᠴᠤ ᠪᠣᠯᠤᠨ᠎ᠠ᠃      ᠡᠰᠡᠷᠭᠦᠴᠡᠰᠢ ᠦᠭᠡᠢ ᠬᠦᠴᠦᠨ ᠪᠤᠶᠤ ᠪᠤᠰᠤᠳ ᠣᠨᠴᠠᠭᠠᠢ ᠪᠠᠶᠢᠳᠠᠯ ᠠᠴᠠ ᠪᠤᠯᠵᠤ ᠡᠮᠦᠨᠡᠬᠢ ᠪᠠᠳᠠᠭ ᠲᠤ ᠲᠣᠭᠲᠠᠭᠠᠭᠰᠠᠨ ᠬᠤᠭᠤᠴᠠᠭ᠎ᠠ ᠶᠢ ᠰᠠᠭᠠᠲᠠᠭᠠᠭᠰᠠᠨ ᠪᠠᠶᠢᠪᠠᠯ᠂ ᠲᠤᠬᠠᠢ ᠶᠢᠨ ᠬᠥᠮᠦᠨ ᠨᠢ ᠬᠠᠷᠰᠢ ᠰᠠᠭᠠᠳ ᠠᠷᠢᠯᠤᠭᠰᠠᠨ ᠤ ᠲᠠᠷᠠᠭ᠎ᠠ ᠭᠤᠷᠪᠠᠨ ᠡᠳᠦᠷ ᠤᠨ ᠳᠣᠲᠣᠷ᠎ᠠ ᠬᠤᠭᠤᠴᠠᠭ᠎ᠠ ᠶᠢ ᠤᠷᠲᠤᠳᠬᠠᠬᠤ ᠪᠠᠷ ᠭᠤᠶᠤᠴᠢᠯᠠᠵᠤ ᠪᠣᠯᠤᠨ᠎ᠠ᠃ ᠵᠥᠪᠰᠢᠶᠡᠷᠡᠬᠦ ᠡᠰᠡᠬᠦ ᠶᠢ ᠰᠠᠨᠠᠯ ᠰᠣᠨᠣᠰᠬᠤ ᠢ ᠵᠤᠬᠢᠶᠠᠨ ᠪᠠᠶᠢᠭᠤᠯᠤᠭᠰᠠᠨ ᠪᠠᠶᠢᠭᠤᠯᠭ᠎ᠠ ᠲᠣᠭᠲᠠᠭᠠᠨ᠎ᠠ᠃      ᠲᠤᠬᠠᠢ ᠶᠢᠨ ᠬᠥᠮᠦᠨ ᠬᠤᠭᠤᠴᠠᠭ᠎ᠠ ᠬᠡᠲᠦᠷᠡᠲᠡᠯ᠎ᠡ ᠰᠠᠨᠠᠯ ᠰᠤᠨᠤᠰᠬᠤ ᠪᠠᠷ ᠱᠠᠭᠠᠷᠳᠠᠭᠰᠠᠨ ᠦᠭᠡᠢ ᠪᠠᠶᠢᠪᠠᠯ᠂ ᠰᠠᠨᠠᠯ ᠰᠣᠨᠣᠰᠬᠤ ᠡᠷᠬᠡ ᠪᠠᠨ ᠬᠠᠶᠠᠭᠰᠠᠨ ᠢᠶᠠᠷ ᠦᠵᠡᠨ᠎ᠡ᠃      ᠠᠷᠪᠠᠨ ᠲᠠᠪᠤᠳᠤᠭᠠᠷ ᠵᠦᠢᠯ  ᠲᠤᠬᠠᠢ ᠶᠢᠨ ᠬᠥᠮᠦᠨ ᠬᠠᠤᠯᠢ ᠶᠣᠰᠣᠭᠠᠷ ᠰᠠᠨᠠᠯ ᠰᠣᠨᠣᠰᠬᠤ ᠱᠠᠭᠠᠷᠳᠠᠯᠭ᠎ᠠ ᠳᠤᠷᠠᠳᠤᠭᠰᠠᠨ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ ᠬᠦᠯᠢᠶᠡᠨ ᠠᠪᠴᠤ ᠰᠢᠢᠳᠪᠦᠷᠢᠯᠡᠨ᠎ᠡ᠃      ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ ᠲᠤᠬᠠᠢ ᠶᠢᠨ ᠬᠥᠮᠦᠨ  ᠤ ᠳᠤᠷᠠᠳᠤᠭᠰᠠᠨ ᠰᠠᠨᠠᠯ ᠰᠣᠨᠣᠰᠬᠤ ᠱᠠᠭᠠᠷᠳᠠᠯᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠦᠭᠡᠢ ᠪᠠᠶᠢᠪᠠᠯ᠂ ᠴᠠᠭ ᠲᠤᠬᠠᠢ ᠳᠤᠨᠢ ᠪᠢᠴᠢᠭ ᠤᠨ ᠬᠠᠷᠢᠭᠤᠯᠲᠠ ᠥᠭᠬᠦ  ᠶᠢᠨ ᠬᠠᠮᠲᠤ ᠰᠢᠯᠲᠠᠭᠠᠨ ᠢᠶᠠᠨ ᠲᠤᠳᠤᠷᠬᠠᠶᠢᠯᠠᠨ᠎ᠠ᠃      ᠲᠠᠪᠤᠳᠤᠭᠠᠷ ᠪᠦᠯᠦᠭ   ᠰᠠᠨᠠᠯ ᠰᠣᠨᠣᠰᠬᠤ      ᠠᠷᠪᠠᠨ ᠵᠢᠷᠭᠤᠳᠤᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ ᠠᠴᠠ ᠰᠠᠨᠠᠯ ᠰᠣᠨᠣᠰᠬᠤ ᠪᠠᠷ ᠲᠣᠭᠲᠠᠭᠠᠬᠤ ᠳᠤ ᠬᠦᠷᠪᠡᠯ᠂ ᠰᠠᠨᠠᠯ ᠰᠣᠨᠣᠰᠬᠤ ᠠᠴᠠ ᠲᠤᠯᠤᠭᠠᠨ ᠡᠳᠦᠷ ᠤᠨ ᠡᠮᠦᠨ᠎ᠡ ᠲᠤᠬᠠᠢ ᠶᠢᠨ ᠬᠥᠮᠦᠨ ᠳᠤ ᠪᠢᠴᠢᠭ ᠢᠶᠠᠷ ᠮᠡᠳᠡᠭᠳᠡᠨ᠎ᠡ᠃      ᠰᠠᠨᠠᠯ ᠰᠣᠨᠣᠰᠬᠤ ᠮᠡᠳᠡᠭᠳᠡᠯ ᠤᠨ ᠪᠢᠴᠢᠭ ᠲᠤ ᠳᠣᠣᠷ᠎ᠠ ᠵᠢᠭᠰᠠᠭᠠᠭᠰᠠᠨ ᠵᠦᠢᠯᠡᠰ ᠢ ᠲᠣᠳᠣᠷᠬᠠᠢ ᠪᠢᠴᠢᠭᠰᠡᠨ ᠪᠠᠶᠢᠬᠤ ᠬᠡᠷᠡᠭᠲᠡᠢ᠄        ︵ᠨᠢᠭᠡ︶ ᠲᠤᠬᠠᠢ ᠶᠢᠨ ᠬᠥᠮᠦᠨ ᠤ ᠤᠪᠤᠭ ᠨᠡᠷ᠎ᠡ ᠪᠤᠶᠤ ᠨᠡᠷᠡᠶᠢᠳᠦᠯ︔      ︵ᠬᠤᠶᠠᠷ︶ ᠰᠠᠨᠠᠯ ᠰᠣᠨᠣᠰᠬᠤ ᠴᠠᠭ᠂ ᠭᠠᠵᠠᠷ ᠪᠠ ᠠᠷᠭ᠎ᠠ ᠮᠠᠶ᠋ᠢᠭ︔      ︵ᠭᠤᠷᠪᠠ︶ ᠰᠠᠨᠠᠯ ᠰᠣᠨᠣᠰᠤᠯᠲᠠ ᠶᠢᠨ ᠡᠷᠬᠢᠯᠡᠭᠴᠢ᠂ ᠰᠠᠨᠠᠯ ᠰᠣᠨᠣᠰᠤᠭᠴᠢ᠂ ᠪᠢᠴᠢᠭᠡᠴᠢ ᠶᠢᠨ ᠤᠪᠤᠭ ᠨᠡᠷ᠎ᠡ︔        ︵ᠲᠦᠷᠪᠡ︶ ᠲᠤᠬᠠᠢ ᠶᠢᠨ ᠬᠥᠮᠦᠨ ᠦᠯᠦ ᠤᠷᠤᠯᠴᠠᠬᠤ ᠶᠢ ᠭᠤᠶᠤᠴᠢᠯᠠᠬᠤ ᠡᠷᠬᠡ᠃      ᠠᠷᠪᠠᠨ ᠳᠣᠯᠣᠳᠤᠭᠠᠷ ᠵᠦᠢᠯ  ᠲᠤᠬᠠᠢ ᠶᠢᠨ ᠬᠥᠮᠦᠨ ᠰᠠᠨᠠᠯ ᠰᠣᠨᠣᠰᠬᠤ ᠳᠤ ᠴᠠᠭ ᠲᠠᠭᠠᠨ ᠣᠷᠣᠯᠴᠠᠬᠤ ᠬᠡᠷᠡᠭᠲᠡᠢ᠃      ᠲᠤᠬᠠᠢ ᠶᠢᠨ ᠬᠥᠮᠦᠨ ᠵᠦᠢ ᠶᠣᠰᠣᠨ ᠤ ᠰᠢᠯᠲᠠᠭᠠᠨ ᠢᠶᠠᠷ ᠬᠤᠭᠤᠴᠠᠭ᠎ᠠ ᠤᠷᠲᠤᠳᠬᠠᠬᠤ ᠪᠠᠷ ᠱᠠᠭᠠᠷᠳᠠᠪᠠᠯ᠂ ᠰᠠᠨᠠᠯ ᠰᠣᠨᠣᠰᠬᠤ ᠠᠴᠠ ᠭᠤᠷᠪᠠᠨ ᠡᠳᠦᠷ ᠤᠨ ᠡᠮᠦᠨ᠎ᠡ ᠳᠤᠷᠠᠳᠬᠤ ᠬᠡᠷᠡᠭᠲᠡᠢ᠃ ᠵᠥᠪᠰᠢᠶᠡᠷᠡᠬᠦ ᠡᠰᠡᠬᠦ ᠶᠢ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ ᠠᠴᠠ ᠲᠣᠭᠲᠠᠭᠠᠨ᠎ᠠ᠃      ᠲᠤᠬᠠᠢ ᠶᠢᠨ ᠬᠥᠮᠦᠨ ᠰᠠᠨᠠᠯ ᠰᠣᠨᠣᠰᠬᠤ ᠳᠤ ᠴᠠᠭ ᠲᠠᠭᠠᠨ ᠣᠷᠣᠯᠴᠠᠭᠰᠠᠨ ᠦᠭᠡᠢ ᠪᠥᠭᠡᠳ ᠤᠷᠢᠳ ᠢᠶᠠᠷ ᠰᠢᠯᠲᠠᠭᠠᠨ ᠢᠶᠠᠨ ᠲᠣᠳᠣᠷᠬᠠᠶᠢᠯᠠᠭᠰᠠᠨ ᠦᠭᠡᠢ᠂ ᠡᠰᠡᠬᠦᠯ᠎ᠡ ᠰᠠᠨᠠᠯ ᠰᠤᠨᠤᠰᠤᠯᠳᠠ ᠶᠢᠨ ᠡᠷᠬᠢᠯᠡᠭᠴᠢ ᠪᠠᠷ ᠵᠥᠪᠰᠢᠶᠡᠷᠡᠭᠦᠯᠦᠭᠰᠡᠨ ᠦᠭᠡᠢ ᠪᠠᠷ ᠰᠠᠨᠠᠯ ᠰᠣᠨᠣᠰᠬᠤ ᠬᠤᠷᠠᠯ ᠤᠨ ᠲᠠᠯᠠᠪᠠᠢ ᠠᠴᠠ ᠳᠤᠮᠳᠠ ᠠᠴᠠ ᠨᠢ ᠭᠠᠷᠤᠭᠰᠠᠨ ᠪᠠᠶᠢᠪᠠᠯ᠂ ᠰᠠᠨᠠᠯ ᠰᠣᠨᠣᠰᠬᠤ ᠡᠷᠬᠡ ᠪᠠᠨ ᠬᠠᠶᠠᠭᠰᠠᠨ ᠢᠶᠠᠷ ᠦᠵᠡᠨ᠎ᠡ᠃      ᠠᠷᠪᠠᠨ ᠨᠠᠶᠮᠠᠳᠤᠭᠠᠷ ᠵᠦᠶᠯ  ᠰᠠᠨᠠᠯ ᠰᠣᠨᠣᠰᠬᠤ ᠳᠤ ᠳᠣᠤᠷ᠎ᠠ ᠵᠢᠭᠰᠠᠭᠠᠭᠰᠠᠨ ᠵᠢᠷᠤᠮ ᠶᠣᠰᠣᠭᠠᠷ ᠶᠠᠪᠤᠭᠤᠯᠬᠤ ᠬᠡᠷᠡᠭᠲᠡᠶ᠄        ︵ᠨᠢᠭᠡ︶ ᠪᠢᠴᠢᠭᠡᠴᠢ ᠠᠴᠠ ᠰᠠᠨᠠᠯ ᠰᠣᠨᠣᠰᠬᠤ ᠳᠤ ᠣᠷᠣᠯᠴᠠᠭᠰᠠᠳ ᠤᠨ ᠲᠤᠬᠠᠢ ᠶᠢᠨ ᠲᠠᠯᠠᠪᠤᠷ ᠲᠤ ᠢᠷᠡᠭᠰᠡᠨ ᠡᠰᠡᠬᠦ ᠶᠢ ᠪᠠᠶᠢᠴᠠᠭᠠᠨ ᠲᠤᠳᠤᠯᠠᠵᠤ᠂ ᠰᠠᠨᠠᠯ ᠰᠣᠨᠣᠰᠬᠤ ᠬᠤᠷᠠᠯ ᠤᠨ ᠲᠠᠯᠠᠪᠠᠢ ᠶᠢᠨ ᠰᠠᠬᠢᠯᠭ᠎ᠠ ᠪᠠᠲᠤ ᠶᠢ ᠨᠡᠶᠢᠲᠡᠯᠡᠨ᠎ᠡ      ︵ᠬᠤᠶᠠᠷ︶ ᠰᠠᠨᠠᠯ ᠰᠣᠨᠣᠰᠤᠯᠲᠠ ᠶᠢᠨ ᠡᠷᠬᠢᠯᠡᠭᠴᠢ ᠨᠢ ᠭᠡᠷᠡᠴᠢᠯᠡᠭᠡ ᠰᠣᠨᠣᠰᠤᠯᠲᠠ ᠳᠤ ᠣᠷᠣᠯᠴᠠᠭᠰᠠᠳ ᠢ ᠬᠠᠷᠭᠤᠭᠤᠯᠤᠨ ᠦᠵᠡᠬᠦ᠂ ᠬᠡᠷᠡᠭ ᠤᠨ ᠰᠢᠯᠲᠠᠭᠠᠨ ᠢ ᠨᠡᠶᠢᠲᠡᠯᠡᠬᠦ᠂ ᠰᠠᠨᠠᠯ ᠰᠣᠨᠣᠰᠤᠯᠲᠠ ᠶᠢᠨ ᠠᠵᠢᠯᠳᠠᠨ ᠤ ᠨᠡᠷᠡᠰ ᠢ ᠨᠡᠶᠢᠲᠡᠯᠡᠬᠦ᠂ ᠲᠤᠬᠠᠢ ᠶᠢᠨ ᠬᠥᠮᠦᠨ ᠳᠤ ᠬᠤᠯᠪᠣᠭᠳᠠᠯ ᠪᠦᠬᠦᠢ ᠰᠠᠨᠠᠯ ᠰᠣᠨᠣᠰᠤᠯᠲᠠ  ᠶᠢᠨ ᠡᠷᠬᠡ ᠪᠠ ᠡᠭᠦᠷᠭᠡ ᠶᠢ ᠮᠡᠳᠡᠭᠳᠡᠬᠦ᠂ ᠲᠤᠬᠠᠢ ᠶᠢᠨ ᠬᠥᠮᠦᠨ ᠠᠴᠠ ᠦᠯᠦ ᠤᠷᠤᠯᠴᠠᠬᠤ ᠭᠤᠶᠤᠴᠢᠯᠠᠯ ᠭᠠᠷᠭᠠᠬᠤ ᠡᠰᠡᠬᠦ ᠶᠢ ᠯᠠᠪᠯᠠᠨ ᠠᠰᠠᠭᠤᠬᠤ᠂ ᠰᠠᠨᠠᠯ ᠰᠣᠨᠣᠰᠤᠯᠲᠠ ᠡᠬᠢᠯᠡᠭᠰᠡᠨ ᠢ ᠵᠠᠷᠯᠠᠬᠤ︔      ︵ᠭᠤᠷᠪᠠ︶ ᠬᠡᠷᠡᠭ ᠢ ᠪᠠᠶᠢᠴᠠᠭᠠᠬᠤ ᠠᠵᠢᠯᠲᠠᠨ ᠲᠤᠬᠠᠢ ᠶᠢᠨ ᠬᠥᠮᠦᠨ ᠤ ᠬᠠᠤᠯᠢ ᠠᠴᠠ ᠵᠥᠷᠢᠴᠡᠭᠰᠡᠨ ᠪᠣᠳᠠᠲᠤ ᠶᠠᠪᠤᠳᠠᠯ᠂ ᠭᠡᠷᠡᠴᠢ ᠪᠠᠷᠢᠮᠲᠠ᠂ ᠵᠠᠰᠠᠭ ᠵᠠᠬᠢᠷᠭᠠᠨ ᠤ ᠰᠢᠢᠳᠬᠡᠯ ᠥᠭᠬᠦ ᠰᠠᠨᠠᠭᠤᠯᠭ᠎ᠠ ᠵᠢᠴᠢ ᠰᠢᠢᠳᠬᠡᠯ ᠥᠭᠬᠦ ᠦᠨᠳᠦᠰᠦ ᠪᠠᠷᠢᠮᠲᠠ ᠳᠤᠷᠠᠳᠤᠭᠰᠠᠨ︔      ︵ᠳᠦᠷᠪᠡ︶ ᠲᠤᠬᠠᠢ ᠶᠢᠨ ᠬᠥᠮᠦᠨ ᠬᠡᠷᠡᠭ ᠤᠨ ᠪᠣᠳᠠᠲᠤ ᠶᠠᠪᠤᠳᠠᠯ ᠤᠨ ᠲᠤᠬᠠᠢ ᠲᠣᠭᠠᠴᠢᠯᠲᠠ ᠪᠠ ᠵᠥᠪᠲᠦᠭᠡᠯᠲᠡ ᠬᠢᠵᠦ᠂ ᠬᠤᠯᠪᠣᠭᠳᠠᠯ ᠪᠦᠬᠦᠢ ᠭᠡᠷᠡᠴᠢ ᠪᠠᠷᠢᠮᠲᠠ ᠳᠤᠷᠠᠳᠴᠤ᠂ ᠪᠠᠶᠢᠴᠠᠭᠠᠬᠤ ᠠᠵᠢᠯᠲᠠᠨ ᠤ ᠳᠤᠷᠠᠳᠤᠭᠰᠠᠨ ᠭᠡᠷᠡᠴᠢ ᠪᠠᠷᠢᠮᠲᠠ ᠶᠢ ᠲᠤᠯᠭᠠᠨ ᠭᠡᠷᠡᠴᠢᠯᠡᠨ᠎ᠡ︔      ︵ᠲᠠᠪᠤ︶ ᠲᠤᠬᠠᠢ ᠶᠢᠨ ᠬᠥᠮᠦᠨ ᠤ ᠡᠴᠦᠰ ᠤᠨ ᠲᠣᠭᠠᠴᠢᠯᠲᠠ︔      ︵ᠵᠢᠷᠭᠤᠭ᠎ᠠ︶ ᠰᠠᠨᠠᠯ ᠰᠣᠨᠣᠰᠤᠯᠲᠠ ᠶᠢᠨ ᠡᠷᠬᠢᠯᠡᠭᠴᠢ ᠠᠴᠠ ᠰᠠᠨᠠᠯ ᠰᠣᠨᠣᠰᠤᠯᠲᠠ ᠳᠠᠭᠤᠰᠤᠭᠰᠠᠨ ᠢ ᠵᠠᠷᠯᠠᠨ᠎ᠠ᠃      ᠠᠷᠪᠠ ᠶᠢᠰᠦᠳᠦᠭᠡᠷ ᠵᠦᠢᠯ  ᠰᠠᠨᠠᠯ ᠰᠣᠨᠣᠰᠤᠭᠰᠠᠨ ᠲᠡᠮᠳᠡᠭᠯᠡᠯ ᠢ ᠰᠠᠨᠠᠯ ᠰᠣᠨᠣᠰᠬᠤ ᠳᠤ ᠣᠷᠣᠯᠴᠠᠭᠰᠠᠳ ᠲᠤ ᠥᠭᠴᠦ ᠬᠠᠷᠭᠤᠭᠤᠯᠤᠨ ᠦᠵᠡᠭᠦᠯᠦᠨ᠎ᠡ᠃ ᠲᠠᠰᠢᠶ᠎ᠠ ᠤᠢᠭᠡᠢ ᠭᠡᠵᠦ ᠦᠵᠡᠪᠡᠯ ᠭᠠᠷ ᠤᠨ ᠤᠢᠰᠦᠭ ᠵᠢᠷᠤᠬᠤ ᠪᠤᠶᠤ ᠲᠠᠮᠠᠭᠠᠯᠠᠨ᠎ᠠ︔ ᠪᠤᠷᠤᠭᠤ ᠲᠠᠢ ᠭᠡᠵᠦ ᠦᠵᠡᠪᠡᠯ ᠵᠠᠰᠠᠬᠤ ᠬᠡᠷᠡᠭᠲᠡᠢ᠃ ᠰᠠᠨᠠᠯ ᠰᠣᠨᠣᠰᠬᠤ ᠳᠤ ᠣᠷᠣᠯᠴᠠᠭᠰᠠᠳ ᠭᠠᠷ ᠤᠨ ᠦᠰᠦᠭ ᠵᠢᠷᠤᠬᠤ ᠶᠢ ᠲᠡᠪᠴᠢᠪᠡᠯ᠂ ᠪᠢᠴᠢᠭᠡᠴᠢ ᠠᠴᠠ ᠰᠠᠨᠠᠯ ᠰᠣᠨᠣᠰᠤᠭᠰᠠᠨ ᠲᠡᠮᠳᠡᠭᠯᠡᠯ ᠳᠡᠭᠡᠷ᠎ᠡ ᠲᠡᠮᠳᠡᠭᠯᠡᠨ ᠲᠣᠳᠣᠷᠬᠠᠶᠢᠯᠠᠨ᠎ᠠ᠃      ᠬᠤᠷᠢᠳᠤᠭᠠᠷ ᠵᠦᠶᠯ  ᠰᠠᠨᠠᠯ ᠰᠣᠨᠣᠰᠴᠤ ᠳᠠᠭᠤᠰᠤᠭᠰᠠᠨ ᠤ ᠳᠠᠷᠠᠭ᠎ᠠ᠂ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠬᠠᠤᠯᠢ ᠴᠠᠭᠠᠵᠠ᠂ ᠬᠠᠤᠯᠢ ᠲᠣᠭᠲᠠᠭᠠᠯ  ᠠᠴᠠ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ  ᠶᠢᠨ ᠬᠠᠤᠯᠢ︾ ᠶᠢᠨ ᠭᠤᠴᠢᠨ ᠨᠠᠶᠮᠠᠳᠤᠭᠠᠷ ᠵᠦᠶᠯ ᠤᠨ ᠲᠣᠭᠲᠠᠭᠠᠯ ᠢ ᠦᠨᠳᠦᠰᠦᠯᠡᠨ ᠴᠠᠭ ᠲᠤᠬᠠᠶ ᠳᠤᠨᠢ ᠲᠣᠭᠲᠠᠭᠠᠯ ᠭᠠᠷᠭᠠᠨ᠎ᠠ᠃      ᠵᠢᠷᠭᠤᠳᠤᠭᠠᠷ ᠪᠦᠯᠦᠭ   ᠳᠠᠭᠠᠯᠳᠤᠭᠤᠯᠤᠭᠰᠠᠨ ᠳᠦᠷᠢᠮ      ᠬᠤᠷᠢᠨ ᠨᠢᠭᠡᠳᠦᠭᠡᠷ ᠵᠦᠶᠯ  ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ ᠰᠠᠨᠠᠯ ᠰᠣᠨᠣᠰᠬᠤ ᠬᠤᠷᠠᠯ ᠬᠢᠬᠦ ᠳᠡᠭᠡᠨ ᠲᠤᠬᠠᠶ ᠶᠢᠨ ᠬᠥᠮᠦᠨ ᠠᠴᠠ ᠰᠦᠶᠳᠬᠡᠯ ᠬᠤᠷᠢᠶᠠᠵᠤ ᠪᠣᠯᠬᠤ ᠦᠭᠡᠢ᠃      ᠬᠤᠷᠢᠨ ᠬᠤᠶᠠᠳᠤᠭᠠᠷ ᠵᠦᠶᠯ  ᠲᠤᠰ ᠲᠣᠭᠲᠠᠭᠠᠯ ᠤᠨ ᠬᠡᠷᠡᠭᠯᠡᠯᠲᠡ ᠳᠠᠬᠢ ᠪᠣᠳᠠᠲᠠᠶ ᠠᠰᠠᠭᠤᠳᠠᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ  ᠤᠨ ᠣᠷᠳᠣᠨ ᠤ ᠬᠠᠤᠯᠢ ᠳᠦᠷᠢᠮ ᠤᠨ ᠪᠠᠶᠢᠭᠤᠯᠤᠮᠵᠢ ᠠᠴᠠ ᠬᠠᠷᠢᠭᠤᠴᠠᠨ ᠲᠠᠶᠢᠯᠪᠤᠷᠢᠯᠠᠨ᠎ᠠ᠃      ᠬᠤᠷᠢᠨ ᠭᠤᠷᠪᠠᠳᠤᠭᠠᠷ ᠵᠦᠢᠯ  ᠲᠤᠰ ᠲᠣᠭᠲᠠᠭᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
ᠢᠷᠡᠯᠲᠡ᠄ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ ᠶᠢᠨ ᠲᠢᠩᠬᠢᠮ
Baidu
map