ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠪᠢᠴᠢᠭ ᠮᠠᠲ᠋ᠧᠷᠢᠶᠠᠯ
ᠨᠡᠶᠢᠲᠡᠯᠡᠭᠰᠡᠨ ᠴᠠᠭ᠄
2020/12/6
        ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠡᠷᠡᠭᠯᠡᠯᠲᠡ        ᠶᠢᠨ ᠨᠣᠷᠮ᠎ᠠ ᠪᠠ ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ        ᠳᠡᠭᠡᠭᠰᠢᠯᠡᠭᠦᠯᠬᠦ ᠲᠤᠬᠠᠶ ᠮᠡᠳᠡᠭᠳᠡᠯ      ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠵᠥᠪᠯᠡᠯ᠂ ᠬᠠᠮᠢᠶᠠᠷᠤᠯᠲᠠ ᠶᠢᠨ ᠲᠥᠪ ︵ᠬᠤᠪᠢᠶᠠᠷᠢ ᠲᠥᠪ᠂ ᠠᠵᠤ ᠠᠬᠤᠶᠢᠯᠠᠯ ᠤᠨ ᠬᠠᠮᠢᠶᠠᠷᠤᠯᠲᠠ ᠶᠢᠨ ᠬᠡᠯᠲᠡᠰ ᠪᠠᠭᠲᠠᠨ᠎ᠠ︶᠄      ᠨᠢᠳᠤᠨᠤᠨ ᠤ ᠵᠢᠯ ᠤᠨ ᠡᠴᠦᠰ ᠲᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠴᠤᠭᠯᠠᠭᠤᠯᠬᠤ᠂ ᠭᠠᠷᠭᠠᠨ ᠠᠪᠬᠤ᠂ ᠵᠢᠭᠡᠯᠡᠯᠭᠡ ᠲᠠᠯᠪᠢᠬᠤ ᠭᠤᠷᠪᠠᠨ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠠᠴᠠ ᠨᠠᠰᠢ᠂ ᠡᠯ᠎ᠡ ᠭᠠᠵᠠᠷ ᠤᠨ ᠬᠢᠨ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠬᠦ ᠶᠢᠨ ᠬᠠᠮᠲᠤ ᠣᠳᠣᠬᠠᠨ ᠤ ᠰᠢᠨ᠎ᠡ ᠪᠠᠶᠢᠳᠠᠯ ᠰᠢᠨ᠎ᠡ ᠡᠭᠦᠷᠭᠡ ᠳᠤ ᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠠᠵᠢᠯ ᠢᠶᠠᠨ ᠰᠠᠶᠢᠵᠢᠷᠠᠭᠤᠯᠬᠤ ᠰᠠᠨᠠᠯ ᠪᠠ ᠰᠠᠨᠠᠭᠤᠯᠭ᠎ᠠ ᠳᠤᠷᠠᠳᠪᠠ᠃ ᠪᠥᠬᠦ ᠤᠯᠤᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠧᠯᠸᠢᠰ  ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠡᠷᠡᠭᠯᠡᠬᠦ ᠨᠣᠷᠮ᠎ᠠ ᠪᠠ ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠤᠰᠠᠳᠠ᠂ ᠭᠦᠢᠴᠡᠳ ᠪᠠᠶᠢᠴᠠᠭᠠᠨ ᠰᠤᠳᠤᠯᠤᠭᠰᠠᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠠᠴᠠ ᠠᠵᠢᠯ ᠤᠨ ᠬᠠᠷᠠᠯᠲᠠ ᠶᠢ ᠲᠣᠭᠲᠠᠭᠠᠬᠤ ᠶᠢᠨ ᠬᠠᠮᠲᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠳᠤ ᠳᠣᠤᠷᠠᠬᠢ ᠮᠡᠲᠦ ᠲᠣᠬᠢᠷᠠᠭᠤᠯᠤᠯᠲᠠ ᠬᠢᠪᠠ᠃      ᠨᠢᠭᠡ᠂ ᠠᠵᠢᠯ ᠤᠨ ᠬᠠᠷᠠᠯᠲᠠ      ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠰᠢᠢᠳᠪᠦᠷᠢ ᠪᠣᠯᠤᠨ ᠪᠥᠬᠦ ᠤᠯᠤᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠥᠷᠭᠡᠨ ᠣᠯᠠᠨ ᠠᠵᠢᠯᠲᠠᠨ ᠠᠵᠢᠯᠴᠢᠨ ᠤ ᠣᠷᠣᠨ ᠰᠠᠭᠤᠴᠠ ᠶᠢᠨ ᠬᠦᠴᠢᠷᠳᠡᠯ ᠢ ᠰᠢᠢᠳᠪᠦᠷᠢᠯᠡᠵᠦ᠂ ᠣᠷᠣᠨ ᠰᠠᠭᠤᠴᠠ ᠶᠢᠨ ᠬᠡᠷᠡᠭᠯᠡᠭᠡ ᠶᠢ ᠠᠬᠢᠭᠤᠯᠤᠨ᠂ ᠠᠵᠤ ᠠᠬᠤᠶ ᠶᠢᠨ ᠨᠡᠮᠡᠭᠳᠡᠯ ᠢ ᠳᠠᠶᠢᠴᠢᠯᠠᠵᠤ᠂ ᠨᠡᠶᠢᠭᠡᠮ ᠤᠨ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠶᠡᠭᠡ ᠲᠠᠯ᠎ᠠ ᠶᠢ ᠳᠠᠭᠠᠬᠤ᠂ ᠠᠷᠠᠳ ᠤᠨ ᠠᠮᠢᠳᠤᠷᠠᠯ ᠳᠤ ᠦᠢᠯᠡᠴᠢᠯᠡᠬᠦ᠂ ᠬᠤᠰᠢᠭᠤᠴᠢᠯᠠᠨ ᠰᠢᠨ᠎ᠡ ᠶᠢ ᠡᠭᠦᠳᠬᠦ᠂ ᠠᠶᠤᠯ ᠲᠦᠭᠰᠢᠭᠦᠷᠢ ᠶᠢ ᠠᠷᠢᠯᠭᠠᠨ ᠬᠦᠴᠢᠷᠳᠡᠯ ᠢ  ᠰᠢᠢᠳᠪᠦᠷᠢᠯᠡᠬᠦ ᠵᠣᠷᠢᠯᠲᠠ ᠠᠴᠠ ᠡᠭᠦᠰᠴᠦ᠂ ᠪᠠᠯᠠ ᠮᠥᠩᠭᠦ ᠶᠢᠨ ᠠᠮᠤᠷ ᠲᠦᠪᠰᠢᠨ ᠢ ᠦᠨᠡᠨᠬᠦ ᠪᠠᠲᠤᠯᠠᠭᠰᠠᠨ ᠤᠷᠢᠲᠠᠯ ᠳᠣᠤᠷ᠎ᠠ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠷᠥ ᠶᠢᠨ ᠪᠣᠳᠣᠯᠭ᠎ᠠ ᠳᠤ ᠤᠯᠠᠮ ᠨᠢᠭᠡ ᠠᠯᠬᠤᠮ ᠲᠣᠬᠢᠷᠠᠭᠤᠯᠤᠯᠲᠠ ᠬᠢᠬᠦ ᠪᠠᠷ ᠳᠠᠮᠵᠢᠭᠤᠯᠤᠨ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠰᠠᠶᠢᠲᠤᠷ ᠬᠠᠮᠢᠶᠠᠷᠴᠤ ᠭᠦᠢᠴᠡᠳ ᠬᠡᠷᠡᠭᠯᠡᠬᠦ ᠬᠠᠷᠠᠯᠲᠠ ᠶᠢ ᠪᠡᠶᠡᠯᠡᠭᠦᠯᠬᠦ ᠪᠤᠯᠤᠨ᠎ᠠ᠃ ᠣᠳᠣᠬᠠᠨ ᠳᠤ᠂ ᠮᠠᠨ ᠤ ᠣᠷᠣᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠨᠣᠷᠮ᠎ᠠ ᠵᠥᠪᠬᠡᠨ 54 . 6 % ᠳᠤ ᠬᠦᠷᠴᠦ᠂ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ ᠳᠣᠤᠷ᠎ᠠ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠨᠣᠷᠮ᠎ᠠ ᠪᠠ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠡᠭᠦᠷᠭᠡ ᠲᠦᠢᠯ ᠤᠨ ᠲᠤᠯᠭᠠᠮ᠎ᠠ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠬᠠᠷᠠᠯᠲᠠ ᠪᠣᠯ᠂ ᠡᠨᠡ ᠵᠢᠯ ᠪᠥᠬᠦ ᠣᠷᠣᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠨᠣᠷᠮ᠎ᠠ ᠶᠢ 64 % ᠳᠤ ᠬᠦᠷᠦᠭᠦᠯᠵᠦ᠂ 5 ᠵᠢᠯ ᠤᠨ ᠳᠣᠲᠣᠷ᠎ᠠ 85 % ᠳᠤ ᠬᠦᠷᠦᠭᠦᠯᠬᠦ ᠪᠠᠷ ᠴᠢᠷᠮᠠᠶᠢᠨ᠎ᠠ᠃      ᠬᠤᠶᠠᠷ᠂ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ      ︵ᠨᠢᠭᠡ︶ ᠭᠠᠷᠭᠠᠨ ᠠᠪᠬᠤ ᠪᠠ ᠵᠢᠭᠡᠯᠡᠯᠭᠡ ᠲᠠᠯᠪᠢᠬᠤ ᠬᠦᠷᠢᠶ᠎ᠡ ᠬᠡᠪᠴᠢᠶ᠎ᠡ ᠶᠢ ᠥᠷᠭᠡᠳᠬᠡᠨ᠎ᠡ      1᠂ ᠬᠡᠷ ᠪᠦᠯᠢ ᠶᠢᠨ ᠬᠢᠨ ᠤ ᠬᠠᠮᠲᠤ ᠪᠠᠷ ᠣᠷᠣᠨ ᠰᠠᠭᠤᠴᠠ ᠶᠢᠨ ᠠᠰᠠᠭᠤᠳᠠᠯ ᠢ ᠰᠢᠢᠳᠪᠦᠷᠢᠯᠡᠬᠦ ᠶᠢ ᠵᠣᠷᠢᠭᠵᠢᠭᠤᠯᠬᠤ ᠶᠢᠨ ᠲᠥᠯᠥᠭᠡ᠂ ᠬᠡᠷ ᠪᠦᠯᠢ ᠶᠢᠨ ᠰᠢᠭᠤᠳ ᠴᠢᠰᠤᠨ ᠲᠥᠷᠥᠯ ᠤᠨ ᠪᠦᠷᠢᠯᠳᠦᠬᠦᠨ ︵ᠲᠣᠰ ᠬᠥᠮᠦᠨ᠂ ᠬᠤᠯᠪᠣᠰᠤ ᠵᠢᠴᠢ ᠬᠤᠶᠠᠷ ᠲᠠᠯ᠎ᠠ ᠶᠢᠨ ᠡᠴᠢᠭᠡ ᠡᠬᠡ ᠵᠢᠴᠢ ᠦᠷ᠎ᠡ ᠬᠡᠤᠬᠡᠳ ᠪᠠᠭᠲᠠᠨ᠎ᠠ︶ ᠪᠦᠬᠦᠨ ᠬᠦᠴᠦᠨ ᠪᠥᠬᠦᠶ ᠭᠡᠷᠡᠴᠢ ᠬᠠᠩᠭᠠᠵᠤ ᠳᠡᠶᠢᠯᠬᠦ ᠳᠤ ᠭᠦᠷᠪᠡᠯ᠂ ᠳᠠᠷᠤᠶ ︽ᠠᠳᠠᠯᠢ ᠡᠷᠦᠬᠡ ᠠᠮᠠ︾ ᠪᠠᠷ ᠦᠵᠡᠵᠦ᠂ ᠲᠣᠰ ᠬᠥᠮᠦᠨ ᠢᠶᠠᠷ ᠵᠥᠪᠰᠢᠶᠡᠷᠡᠭᠦᠯᠦᠭᠡᠳ ᠴᠥᠮ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠷ ᠠᠳᠠᠯᠢ ᠨᠢᠭᠡ ᠢᠵᠢ ᠣᠷᠣᠨ ᠰᠠᠭᠤᠴᠠ ᠶᠢ ᠬᠤᠳᠠᠯᠳᠤᠨ ᠠᠪᠴᠤ ᠪᠣᠯᠤᠨ᠎ᠠ᠃ ᠲᠣᠰ ᠬᠥᠮᠦᠨ᠂ ᠬᠤᠯᠪᠣᠰᠤ ᠵᠢᠴᠢ ᠬᠤᠶᠠᠷ ᠲᠠᠯ᠎ᠠ ᠶᠢᠨ ᠰᠢᠭᠤᠳ ᠴᠢᠰᠤᠨ ᠲᠥᠷᠥᠯ ᠨᠢ ᠨᠢᠭᠡ ᠢᠵᠢ ᠣᠷᠣᠨ ᠰᠠᠭᠤᠴᠠ ᠠᠴᠠ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠭᠠᠷᠭᠠᠨ ᠠᠪᠬᠤ ᠪᠠ ᠨᠢᠭᠡ ᠤᠳᠠᠭ᠎ᠠ ᠵᠢᠭᠡᠯᠡᠯᠭᠡ ᠠᠪᠴᠤ ᠪᠣᠯᠤᠨ᠎ᠠ᠃      2᠂ ᠣᠷᠣᠨ ᠰᠠᠭᠤᠴᠠ ᠶᠢ ︽ᠪᠦᠷᠢᠨ ᠵᠠᠰᠠᠵᠤ ᠴᠢᠮᠡᠭᠯᠡᠬᠦ︾ ᠤᠯᠤᠰ ᠤᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠭᠦᠯᠵᠦ᠂ ᠲᠥᠷᠥ ᠶᠢᠨ ᠪᠣᠳᠣᠯᠭ᠎ᠠ ᠶᠢᠨ ᠲᠥᠪ ᠭᠤᠤᠯᠴᠢ ᠴᠢᠨᠠᠷ ᠢ ᠪᠠᠲᠤᠯᠠᠬᠤ ᠶᠢᠨ ᠲᠤᠰᠠᠳᠠ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠣᠷᠣᠨ ᠰᠠᠭᠤᠴᠠ ᠶᠢ ︽ᠪᠦᠷᠢᠨ ᠵᠠᠰᠠᠵᠤ ᠴᠢᠮᠡᠭᠯᠡᠬᠦ︾ ᠢᠶᠠᠷ ᠨᠢᠭᠡᠳᠦᠯᠲᠡᠶ ᠬᠢᠨᠠᠨ ᠲᠣᠭᠲᠠᠭᠠᠨ᠎ᠠ᠃ ᠵᠠᠰᠠᠵᠤ ᠴᠢᠮᠡᠭᠯᠡᠭᠡᠳᠦᠢ ᠣᠷᠣᠨ ᠰᠠᠭᠤᠴᠠ ᠶᠢ ᠬᠤᠳᠠᠯᠳᠤᠨ ᠠᠪᠤᠭᠰᠠᠨ ᠲᠤᠰᠢᠶᠠᠨ ᠬᠠᠳᠠᠭᠠᠯᠠᠭᠴᠢ ᠨᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠨ ᠭᠠᠷᠭᠠᠨ ᠠᠪᠴᠤ ᠬᠤᠳᠠᠯᠳᠤᠨ ᠠᠪᠤᠭᠰᠠᠨ ᠣᠷᠣᠨ ᠰᠠᠭᠤᠴᠠ ᠶᠢᠨ ᠵᠠᠰᠠᠯ ᠴᠢᠮᠡᠭᠯᠡᠯ ᠪᠠ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠠᠰᠠᠯ ᠴᠢᠮᠡᠭᠯᠡᠯ ᠤᠨ ᠵᠢᠭᠡᠯᠡᠯᠭᠡ ᠭᠤᠶᠤᠴᠢᠯᠠᠬᠤ ᠳᠤ ᠬᠡᠷᠡᠭᠯᠡᠵᠦ ᠪᠣᠯᠤᠨ᠎ᠠ᠂ ᠭᠠᠷᠭᠠᠨ ᠠᠪᠤᠭᠰᠠᠨ ᠪᠠ ᠵᠢᠭᠡᠯᠡᠭᠦᠯᠦᠭᠰᠡᠨ ᠪᠥᠬᠦ ᠲᠤᠭ᠎ᠠ ᠨᠢ ᠬᠤᠳᠠᠯᠳᠤᠨ ᠠᠪᠤᠭᠰᠠᠨ ᠣᠷᠣᠨ ᠰᠠᠭᠤᠴᠠ ᠶᠢᠨ ᠪᠥᠬᠦ ᠦᠨ᠎ᠡ ᠶᠢᠨ  25 % ᠠᠴᠠ ᠬᠡᠲᠦᠷᠡᠵᠦ ᠪᠣᠯᠬᠤ ᠥᠭᠡᠢ᠃ ᠵᠠᠰᠠᠵᠤ ᠴᠢᠮᠡᠭᠯᠡᠬᠦ ᠵᠢᠭᠡᠯᠡᠯᠭᠡ ᠳᠤ ᠵᠥᠪᠬᠡᠨ ᠪᠡᠯᠡᠨ ᠭᠡᠷ ᠢ ᠪᠠᠷᠢᠴᠠᠭᠠᠯᠠᠬᠤ᠂ ᠳᠠᠨᠵᠢᠯᠠᠬᠤ ᠪᠠ ᠪᠠᠲᠤᠯᠠᠭᠴᠢ ᠳᠠᠭᠠᠭᠠᠯᠲᠠ ᠬᠢᠬᠦ ᠠᠷᠭ᠎ᠠ ᠮᠠᠶ᠋ᠢᠭ ᠢ ᠬᠡᠷᠡᠭᠯᠡᠨ᠎ᠡ᠃      3᠂ ᠮᠠᠨ ᠤ ᠣᠷᠣᠨ ᠬᠠᠬᠢᠷ ᠬᠦᠢᠳᠡᠨ ᠭᠠᠵᠠᠷ ᠣᠷᠣᠨ ᠳᠤ ᠣᠷᠣᠰᠢᠵᠤ ᠪᠠᠶᠢᠬᠤ ᠶᠢ ᠦᠨᠳᠦᠰᠦᠯᠡᠨ᠂ ᠬᠡᠷ ᠪᠦᠯᠢ ᠶᠢᠨ ᠲᠡᠷᠭᠡ ᠬᠥᠰᠬᠡ ᠶᠢᠨ ᠡᠪᠦᠯ ᠤᠨ ᠤᠯᠠᠷᠢᠯ ᠳᠤ ᠬᠡᠪ ᠤᠨ ᠬᠡᠷᠡᠭᠯᠡᠯᠲᠡ ᠶᠢ ᠪᠠᠲᠤᠯᠠᠬᠤ ᠶᠢᠨ ᠲᠤᠰᠠᠳᠠ᠂ ᠲᠤᠰᠢᠶᠠᠨ ᠬᠠᠳᠠᠭᠠᠯᠠᠭᠤᠯᠤᠭᠴᠢ ᠠᠴᠠ ᠨᠢᠭᠡ ᠬᠤᠷᠢᠶᠠᠯᠠᠯ ᠠᠴᠠ ᠬᠤᠳᠠᠯᠳᠤᠨ ᠠᠪᠤᠭᠰᠠᠨ ᠲᠡᠷᠭᠡᠨ ᠵᠤᠭᠰᠤᠭᠠᠯ᠂ ᠭᠠᠵᠠᠷ ᠳᠣᠤᠷᠠᠬᠢ ᠲᠡᠷᠭᠡᠨ ᠵᠣᠭᠰᠣᠭᠠᠯ ᠬᠤᠳᠠᠯᠳᠤᠨ ᠠᠪᠬᠤ ᠶᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠲᠤᠭ᠎ᠠ ᠬᠡᠮᠵᠢᠶ᠎ᠡ ᠪᠠ ᠭᠠᠷᠭᠠᠨ ᠠᠪᠬᠤ ᠲᠤᠭ᠎ᠠ ᠬᠡᠮᠵᠢᠶ᠎ᠡ ᠶᠢ ᠬᠢᠨᠠᠨ ᠲᠣᠭᠲᠠᠭᠠᠬᠤ ᠬᠡᠪᠴᠢᠶᠡᠨ ᠳᠤ ᠣᠷᠣᠭᠤᠯᠤᠨ᠎ᠠ᠃      4᠂ ᠣᠨᠳᠣᠤ ᠭᠠᠵᠠᠷ ᠤᠨ ᠬᠡᠷ ᠪᠠᠶᠢᠰᠢᠩ ᠬᠤᠳᠠᠯᠳᠤᠨ ᠠᠪᠬᠤ ᠵᠢᠭᠡᠯᠡᠯᠭᠡ ᠳᠤ ︽ᠤᠷᠢᠳᠠᠪᠠᠷ ᠭᠠᠷᠭᠠᠨ ᠠᠪᠴᠤ ᠳᠠᠷᠠᠭ᠎ᠠ ᠨᠢ ᠵᠢᠭᠡᠯᠡᠯᠭᠡ ᠬᠢᠬᠦ︾ ᠲᠣᠭᠲᠠᠭᠠᠯ ᠢ ᠬᠡᠷᠡᠭᠵᠢᠭᠦᠯᠵᠦ᠂ ᠪᠣᠶ ᠪᠥᠬᠦᠶ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠤᠰᠢᠶᠠᠨ ᠬᠠᠳᠠᠭᠠᠯᠠᠭᠤᠯᠤᠭᠴᠢ ᠲᠤᠰᠢᠶᠠᠨ ᠬᠠᠳᠠᠭᠠᠯᠠᠭᠤᠯᠬᠤ ᠭᠠᠵᠠᠷ ᠪᠤᠶᠤ ᠬᠡᠷ ᠪᠠᠶᠢᠰᠢᠩ ᠬᠤᠳᠠᠯᠳᠤᠨ ᠠᠪᠬᠤ ᠭᠠᠵᠠᠷ ᠠᠴᠠ ᠵᠢᠭᠡᠯᠡᠯᠭᠡ ᠠᠪᠴᠤ ᠪᠣᠯᠤᠨ᠎ᠠ᠃ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠨᠢᠭᠡᠪᠦᠷᠢ ᠨᠢ ᠣᠨᠳᠣᠣ ᠭᠠᠵᠠᠷ ᠭᠡᠷ ᠪᠠᠶᠢᠰᠢᠩ ᠬᠤᠳᠠᠯᠳᠤᠨ ᠠᠪᠬᠤ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠤᠨ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠣᠨᠳᠣᠣ ᠭᠠᠵᠠᠷ ᠭᠡᠷ ᠪᠠᠶᠢᠰᠢᠩ ᠬᠤᠳᠠᠯᠳᠤᠨ ᠠᠪᠬᠤ ᠳᠤ ᠬᠠᠮᠵᠢᠯᠴᠠᠨ ᠪᠠᠶᠢᠴᠠᠭᠠᠬᠤ ᠲᠣᠭᠲᠠᠴᠠ ᠶᠢ ᠪᠠᠶᠢᠭᠤᠯᠤᠨ᠂ ᠰᠦᠯᠵᠢᠶᠡᠨ ᠤ ᠲᠠᠪᠴᠠᠩ ᠢ ᠭᠦᠢᠴᠡᠳ ᠠᠰᠢᠭᠯᠠᠨ ᠬᠠᠮᠢᠶ᠎ᠠ ᠪᠦᠬᠦᠢ ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠪᠠ ᠳᠠᠮᠵᠢᠭᠤᠯᠵᠤ᠂ ᠬᠠᠮᠢᠶ᠎ᠠ ᠪᠦᠬᠦᠢ ᠬᠠᠮᠢᠶᠠᠷᠤᠯᠲᠠ ᠶᠢᠨ ᠪᠠᠶᠢᠭᠤᠯᠤᠮᠵᠢ ᠯᠤᠭ᠎ᠠ ᠶᠢᠨ ᠬᠠᠷᠢᠯᠴᠠᠭ᠎ᠠ ᠪᠠ ᠬᠠᠮᠵᠢᠯᠴᠠᠭ᠎ᠠ ᠪᠠᠨ ᠴᠢᠩᠭᠠᠳᠬᠠᠨ᠂ ᠲᠤᠬᠠᠶᠢᠯᠠᠭᠰᠠᠨ ᠠᠵᠢᠯ ᠤᠨ ᠰᠠᠭᠠᠳ ᠦᠭᠡᠶ ᠨᠡᠪᠲᠡᠷᠡᠬᠦ᠂ ᠦᠢᠯᠡᠴᠢᠯᠡᠭᠡᠨ ᠢ ᠪᠣᠳᠠᠲᠠᠶᠢᠵᠢᠭᠤᠯᠬᠤ ᠶᠢ ᠦᠨᠡᠨᠬᠦ ᠪᠠᠳᠤᠯᠠᠨ᠎ᠠ᠃      5᠂ ᠲᠤᠰᠢᠶᠠᠨ ᠬᠠᠳᠠᠭᠠᠯᠠᠭᠤᠯᠤᠭᠴᠢ ᠰᠦᠯᠵᠢᠶᠡᠨ ᠳᠡᠭᠡᠷ᠎ᠡ ᠪᠣᠷᠣᠯᠠᠭᠤᠯᠬᠤ ᠨᠥᠬᠦᠴᠡᠯ ᠥᠬᠡᠶ ᠣᠷᠣᠨ ᠰᠠᠭᠤᠴᠠ ᠶᠢ ᠬᠤᠳᠠᠯᠳᠤᠨ ᠠᠪᠤᠭᠰᠠᠨ ᠪᠠᠶᠢᠪᠠᠯ᠂ ᠬᠡᠷᠪᠡ ᠬᠡᠷ ᠪᠠᠶᠢᠰᠢᠩ ᠬᠤᠳᠠᠯᠳᠤᠬᠤ ᠨᠢᠭᠡᠴᠡ ᠯᠦᠭᠡ ᠲᠣᠭᠲᠠᠭᠰᠠᠨ ︽ᠲᠠᠸᠠᠷ ᠤᠨ ᠪᠠᠶᠢᠰᠢᠩ ᠢ ᠠᠷᠠᠯᠵᠢᠶᠠᠯᠠᠬᠤ ᠭᠡᠷ᠎ᠡ︾᠂ ᠲᠣᠭᠲᠠᠭᠠᠭᠰᠠᠨ ᠬᠠᠷᠢᠴᠠᠯ ᠠᠴᠠ ᠳᠣᠤᠷ᠎ᠠ ᠥᠬᠡᠶ ᠥᠯᠥ ᠬᠥᠳᠡᠯᠬᠦ ᠬᠥᠷᠥᠩᠭᠡ ᠶᠢ ᠪᠣᠷᠣᠯᠠᠭᠤᠯᠬᠤ ᠲᠤᠰᠬᠠᠶ ᠪᠠᠷᠢᠮᠲᠠ ᠵᠡᠷᠭᠡ ᠬᠠᠮᠢᠶ᠎ᠠ ᠪᠥᠬᠦᠶ ᠮᠠᠲ᠋ᠧᠷᠢᠶᠠᠯ ᠢ ᠬᠠᠩᠭᠠᠵᠤ ᠳᠡᠶᠢᠯᠬᠦ᠂ ᠡᠰᠡᠬᠦᠯ᠎ᠡ ᠬᠠᠮᠲᠤ ᠪᠠᠷ ᠬᠤᠳᠠᠯᠳᠤᠨ ᠠᠪᠬᠤ ᠨᠢᠭᠡᠴᠡ ᠠᠴᠠ ᠱᠠᠲᠤ ᠦᠶ᠎ᠡ ᠶᠢᠨ ᠴᠢᠨᠠᠷᠲᠠᠶ ᠳᠠᠭᠠᠭᠠᠯᠲᠠ ᠬᠠᠩᠭᠠᠵᠤ᠂ ᠪᠠᠶᠢᠴᠠᠭᠠᠯᠲᠠ ᠪᠠᠷ ᠳᠡᠮᠵᠢᠨ ᠬᠡᠷ ᠪᠠᠶᠢᠰᠢᠩ ᠬᠤᠳᠠᠯᠳᠤᠨ ᠠᠪᠤᠭᠰᠠᠨ ᠠᠵᠢᠯᠯᠠᠭ᠎ᠠ ᠨᠢ ᠦᠨᠡᠨ ᠪᠣᠳᠠᠲᠠᠶ ᠪᠣᠯ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠬᠠᠩᠭᠠᠵᠤ ᠪᠣᠯᠤᠨ᠎ᠠ᠂ ᠭᠡᠪᠡᠴᠦ ᠪᠤᠰᠤᠳ ᠪᠡᠯᠡᠨ ᠬᠡᠷ ᠪᠠᠶᠢᠰᠢᠩ ᠢᠶᠠᠷ ᠪᠠᠷᠢᠴᠠᠭᠠᠯᠠᠬᠤ᠂ ᠳᠠᠨᠵᠢᠯᠠᠬᠤ᠂ ᠡᠰᠡᠬᠦᠯ᠎ᠡ ᠪᠠᠲᠤᠯᠠᠭᠴᠢ ᠪᠠᠷ ᠳᠠᠭᠠᠭᠠᠯᠲᠠ ᠬᠢᠯᠭᠡᠬᠦ ᠴᠢᠬᠤᠯᠠᠲᠠᠶ᠃      6᠂ ︽ᠲᠠᠩᠰᠠᠨ ᠠᠴᠠ ᠬᠠᠰᠤᠵᠤ ᠵᠢᠭᠡᠯᠡᠯᠭᠡ ᠪᠤᠴᠠᠭᠠᠬᠤ︾ ᠲᠤᠬᠠᠶᠢᠯᠠᠭᠰᠠᠨ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠲᠤᠯᠭᠠᠨ ᠬᠠᠰᠤᠵᠤ᠂ ᠨᠥᠬᠦᠴᠡᠯ ᠲᠠᠢ ᠬᠠᠮᠢᠶᠠᠷᠤᠯᠲᠠ ᠶᠢᠨ ᠪᠠᠶᠢᠭᠤᠯᠤᠮᠵᠢ ᠨᠤᠭᠤᠳ ᠰᠠᠷ᠎ᠠ ᠪᠦᠷᠢ ᠲᠤᠯᠭᠠᠨ ᠬᠠᠰᠤᠵᠤ ᠵᠢᠭᠡᠯᠡᠯᠭᠡ ᠪᠤᠴᠠᠭᠠᠬᠤ ᠬᠡᠷᠡᠭᠲᠡᠶ᠃      7᠂ ᠪᠠᠶᠢᠭᠤᠯᠵᠦ ᠪᠠᠶᠢᠭ᠎ᠠ ᠪᠠᠶᠢᠰᠢᠩ ᠤᠨ ᠪᠠᠷᠢᠴᠠᠭᠠᠳᠤ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠬᠠᠷᠠᠬᠠᠨ ᠬᠡᠷᠡᠭᠵᠢᠭᠦᠯᠦᠭᠡᠳᠦᠶ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠬᠦᠴᠢᠷᠳᠡᠯ ᠢ ᠢᠯᠡᠨ ᠳᠠᠪᠠᠵᠤ ᠢᠳᠡᠪᠬᠢᠲᠡᠶ ᠪᠠᠷ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ ᠪᠠᠶᠢᠭᠤᠯᠵᠦ ᠪᠠᠶᠢᠭ᠎ᠠ ᠪᠠᠶᠢᠰᠢᠩ ᠤᠨ ᠵᠢᠭᠡᠯᠡᠯᠭᠡ ᠶᠢᠨ ᠪᠠᠲᠤᠯᠠᠭ᠎ᠠ ᠶᠢᠨ ᠮᠥᠩᠭᠦ ᠶᠢᠨ ᠲᠣᠭᠲᠠᠭᠠᠯ ᠢ ᠦᠯᠦ ᠬᠡᠷᠡᠭᠵᠢᠭᠦᠯᠦᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠰᠢᠨ᠎ᠡ ᠪᠠᠲᠤᠯᠠᠭ᠎ᠠ ᠶᠢᠨ ᠠᠷᠭ᠎ᠠ ᠮᠠᠶ᠋ᠢᠭ ᠢᠶᠠᠨ ᠥᠪᠡᠷᠲᠡᠭᠡᠨ ᠵᠠᠰᠠᠬᠤ ᠣᠷᠣᠨ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃      8᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠭᠠᠷᠭᠠᠨ ᠠᠪᠴᠤ ᠬᠡᠷ ᠤᠨ ᠲᠦᠷᠢᠶᠡᠰᠦ ᠳᠥᠯᠥᠬᠦ ᠲᠤᠬᠠᠶᠢᠯᠠᠭᠰᠠᠨ ᠠᠵᠢᠯ ᠢ ᠥᠷᠨᠢᠭᠦᠯᠦᠨ᠎ᠡ᠃ ᠲᠤᠰᠢᠶᠠᠨ ᠬᠠᠳᠠᠭᠠᠯᠠᠭᠤᠯᠤᠭᠴᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠵᠠᠯᠭᠠᠭ᠎ᠠ ᠪᠠᠷ ᠲᠤᠭ᠎ᠠ ᠶᠣᠰᠣᠭᠠᠷ ᠭᠦᠢᠴᠡᠳ ᠲᠤᠰᠢᠶᠠᠨ ᠬᠠᠳᠠᠭᠠᠯᠠᠭᠠᠳ ᠪᠦᠬᠦᠯᠢ 3 ᠰᠠᠷ᠎ᠠ ᠪᠣᠯᠵᠣ᠂ ᠲᠣᠰ ᠬᠥᠮᠦᠨ ᠵᠢᠴᠢ ᠬᠤᠯᠪᠣᠰᠤ ᠨᠢ ᠦᠨᠡᠨ ᠬᠦ ᠲᠤᠰᠢᠶᠠᠨ ᠬᠠᠳᠠᠭᠠᠯᠠᠭᠤᠯᠤᠭᠰᠠᠨ ᠭᠠᠵᠠᠷ᠂ ᠠᠵᠢᠯᠯᠠᠬᠤ ᠭᠠᠵᠠᠷ ᠲᠤ ᠥᠪᠡᠷ ᠤᠨ ᠣᠷᠣᠨ ᠰᠠᠭᠤᠴᠠ ᠥᠬᠡᠶ ᠪᠥᠭᠡᠳ ᠪᠠᠶᠢᠰᠢᠩ ᠲᠦᠷᠢᠶᠡᠰᠦᠯᠡᠵᠦ ᠪᠠᠶᠢᠪᠠᠯ᠂ ᠲᠣᠰ ᠬᠥᠮᠦᠨ ᠵᠢᠴᠢ ᠬᠤᠯᠪᠣᠰᠤ ᠶᠢᠨ ᠢᠶᠠᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠭᠠᠷᠭᠠᠨ ᠠᠪᠴᠤ ᠬᠡᠷ ᠤᠨ ᠲᠦᠷᠢᠶᠡᠰᠦ ᠪᠠᠨ ᠳᠥᠯᠥᠵᠦ ᠪᠣᠯᠤᠨ᠎ᠠ᠃ ᠠᠵᠢᠯᠲᠠᠨ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠲᠦᠷᠢᠶᠡᠰᠦᠯᠡᠬᠦ ᠳᠤ᠂ ᠬᠡᠷ ᠪᠦᠯᠢ ᠶᠢᠨ ᠵᠢᠯ ᠳᠤ  ᠭᠠᠷᠭᠠᠨ ᠠᠪᠬᠤ ᠨᠡᠶᠢᠳᠡ ᠲᠤᠭ᠎ᠠ ᠶᠢ ᠲᠤᠬᠠᠶ ᠶᠢᠨ ᠵᠢᠯ ᠤᠨ ᠪᠣᠳᠠᠲᠠᠶ ᠪᠠᠶᠢᠰᠢᠩ ᠤᠨ ᠲᠦᠷᠢᠶᠡᠰᠦᠨ ᠤ ᠵᠠᠷᠤᠯᠭ᠎ᠠ ᠶᠢᠨ ᠲᠤᠭ᠎ᠠ ᠠᠴᠠ ᠬᠡᠲᠦᠷᠡᠭᠦᠯᠵᠦ ᠪᠣᠯᠬᠤ ᠥᠬᠡᠶ︔ ᠲᠠᠸᠠᠷ ᠤᠨ ᠣᠷᠣᠨ ᠰᠠᠭᠤᠴᠠ ᠲᠦᠷᠢᠶᠡᠰᠦᠯᠡᠨ ᠰᠠᠭᠤᠬᠤ ᠳᠤ ᠡᠷᠦᠬᠡ ᠪᠦᠷᠢ ᠶᠢᠨ ᠵᠢᠯ ᠪᠦᠷᠢ ᠶᠢᠨ ᠭᠠᠷᠭᠠᠵᠤ ᠠᠪᠬᠤ ᠲᠤᠭ᠎ᠠ ᠬᠡᠮᠵᠢᠶ᠎ᠡ ᠶᠢ ᠡᠯ᠎ᠡ ᠭᠠᠵᠠᠷ ᠤᠨ ᠬᠠᠮᠢᠶᠠᠷᠤᠯᠲᠠ ᠶᠢᠨ ᠲᠥᠪ ᠠᠴᠠ ᠲᠤᠬᠠᠶ ᠶᠢᠨ ᠭᠠᠵᠠᠷ ᠤᠨ ᠣᠷᠣᠨ ᠰᠠᠭᠤᠴᠠ ᠶᠢᠨ ᠲᠦᠷᠢᠶᠡᠰᠦᠯᠡᠯ ᠤᠨ ᠵᠠᠬ᠎ᠠ ᠳᠡᠯᠭᠡᠭᠦᠷ ᠤᠨ ᠳᠤᠮᠳᠠᠴᠢ ᠦᠨ᠎ᠡ ᠶᠢ ᠦᠨᠳᠦᠰᠦᠯᠡᠨ ᠲᠣᠭᠲᠠᠭᠠᠨ᠎ᠠ᠃      9᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠥᠬᠡᠶ ᠲᠤᠰᠢᠶᠠᠨ ᠬᠠᠳᠠᠭᠠᠯᠠᠭᠤᠯᠤᠭᠴᠢ ᠠᠴᠠ ᠲᠣᠰ ᠬᠥᠮᠦᠨ ᠪᠤᠶᠤ ᠬᠡᠷ ᠪᠦᠯᠢ ᠶᠢᠨ ᠪᠦᠷᠢᠯᠳᠦᠬᠦᠨ ᠤ ᠡᠪᠡᠳᠴᠢᠨ ᠤ ᠪᠠᠶᠢᠳᠠᠯ ᠢ ᠣᠨᠣᠰᠢᠯᠠᠭᠰᠠᠨ ᠭᠡᠷᠡᠴᠢ ᠬᠠᠩᠭᠠᠵᠤ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠬᠦᠨᠳᠦ ᠡᠪᠡᠳᠴᠢᠨ ᠤ ᠬᠡᠪᠴᠢᠶᠡᠨ ᠳᠤ ᠬᠠᠷᠢᠶᠠᠯᠠᠭᠳᠠᠬᠤ ᠪᠤᠶᠤ ᠲᠤᠬᠠᠶ ᠶᠢᠨ ᠵᠢᠯ ᠳᠤ ᠡᠭᠦᠰᠦᠭᠰᠡᠨ ᠡᠮ ᠡᠮᠨᠡᠯᠭᠡ ᠶᠢᠨ ᠵᠠᠷᠤᠳᠠᠯ ︵ᠡᠭᠦᠳᠡᠨ ᠡᠮᠨᠡᠯᠭᠡ ᠶᠢᠨ ᠵᠠᠷᠤᠳᠠᠯ ᠪᠠᠭᠲᠠᠨ᠎ᠠ︶ ᠤᠨ ᠪᠠᠷᠢᠮᠲᠠ ᠨᠢ 2 ᠲᠦᠮᠡᠨ ᠲᠥᠭᠦᠷᠢᠭ ︵2 ᠲᠦᠮᠡᠨ ᠲᠥᠭᠦᠷᠢᠭ ᠪᠠᠭᠲᠠᠨ᠎ᠠ︶ ᠢ ᠳᠠᠪᠠᠭᠰᠠᠨ ᠪᠠᠶᠢᠪᠠᠯ᠂ ᠫᠢᠶᠣᠣ ᠪᠠᠷᠢᠮᠲᠠ ᠪᠠᠷ ᠵᠶ᠋ᠠᠨ‌ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠨ ᠭᠠᠷᠭᠠᠨ ᠠᠪᠴᠤ ᠪᠣᠯᠤᠨ᠎ᠠ᠂ ᠭᠠᠷᠭᠠᠨ ᠠᠪᠬᠤ ᠲᠤᠭ᠎ᠠ ᠬᠡᠮᠵᠢᠶ᠎ᠡ ᠨᠢ ᠲᠣᠰ ᠵᠢᠯ ᠤᠨ ᠬᠤᠪᠢ ᠬᠥᠮᠦᠨ ᠤ ᠡᠭᠦᠷᠭᠡᠯᠡᠬᠦ ᠡᠮ ᠡᠮᠨᠡᠯᠭᠡ ᠶᠢᠨ ᠵᠠᠷᠤᠳᠠᠯ ᠤᠨ ᠶᠡᠷᠦᠩᠬᠡᠶ ᠲᠤᠭ᠎ᠠ ᠠᠴᠠ ᠬᠡᠲᠦᠷᠡᠵᠦ ᠪᠣᠯᠬᠤ ᠥᠬᠡᠶ᠃      ︵ᠬᠤᠶᠠᠷ︶ ᠵᠢᠭᠡᠯᠡᠯᠭᠡ ᠶᠢᠨ ᠬᠢᠵᠠᠭᠠᠷ ᠲᠤᠭ᠎ᠠ ᠶᠢ ᠳᠡᠭᠡᠭᠰᠢᠯᠡᠭᠦᠯᠦᠨ᠎ᠡ᠃      1᠂ ᠡᠯ᠎ᠡ ᠬᠠᠮᠢᠶᠠᠷᠤᠯᠲᠠ ᠶᠢᠨ ᠲᠥᠪ ᠤᠨ ᠠᠵᠢᠯ ᠲᠥᠷᠥᠯ ᠤᠨ ᠰᠠᠯᠪᠤᠷᠢ ᠪᠠᠶᠢᠭᠤᠯᠤᠮᠵᠢ ᠶᠢᠨ ᠵᠢᠭᠡᠯᠡᠯᠭᠡ ᠶᠢᠨ ᠬᠢᠵᠠᠭᠠᠷᠯᠠᠬᠤ ᠲᠤᠭ᠎ᠠ ᠨᠢ ᠪᠠᠶᠢᠰᠢᠩ ᠬᠤᠳᠠᠯᠳᠤᠨ ᠠᠪᠤᠭᠴᠢ ᠶᠢᠨ ᠲᠤᠬᠠᠶ ᠶᠢᠨ ᠭᠠᠵᠠᠷ ᠤᠨ ᠬᠠᠮᠢᠶᠠᠷᠤᠯᠲᠠ ᠶᠢᠨ ᠲᠥᠪ ᠤᠨ ᠬᠡᠷᠡᠭᠵᠢᠭᠦᠯᠦᠭᠰᠡᠨ ᠲᠤᠭ᠎ᠠ ᠬᠡᠮᠵᠢᠶ᠎ᠡ ᠠᠴᠠ ᠳᠣᠣᠷ᠎ᠠ ᠪᠠᠶᠢᠵᠤ ᠪᠣᠯᠬᠤ ᠦᠭᠡᠶ᠃      2᠂ ᠵᠢᠭᠡᠯᠡᠯᠭᠡ ᠶᠢᠨ ᠬᠢᠵᠠᠭᠠᠷ ᠲᠤᠭ᠎ᠠ ᠶᠢ ᠬᠠᠷᠠᠬᠠᠨ ᠳᠡᠭᠡᠭᠰᠢᠯᠡᠭᠦᠯᠦᠭᠡᠳᠦᠶ ᠬᠠᠮᠢᠶᠠᠷᠤᠯᠲᠠ ᠶᠢᠨ ᠲᠥᠪ ᠲᠤ 6 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ᠲᠣᠬᠢᠷᠠᠭᠤᠯᠤᠯᠲᠠ ᠬᠢᠵᠦ ᠳᠠᠭᠤᠰᠬᠠᠬᠤ ᠬᠡᠷᠡᠭᠲᠡᠶ᠃      ︵ᠭᠤᠷᠪᠠ︶ ᠭᠠᠷᠭᠠᠨ ᠠᠪᠬᠤ ᠪᠠ ᠵᠢᠭᠡᠯᠡᠯᠭᠡ ᠲᠠᠯᠪᠢᠬᠤ ᠪᠠᠷᠢᠮᠵᠢᠶ᠎ᠠ ᠶᠢ ᠪᠠᠭᠤᠷᠠᠭᠤᠯᠤᠨ᠎ᠠ᠃      1᠂ ᠢᠲᠡᠭᠡᠮᠵᠢ ᠶᠢᠨ ᠲᠡᠮᠳᠡᠭᠯᠡᠯ ᠨᠢ ᠰᠠᠶᠢᠨ ᠵᠣᠭᠤᠰ ᠵᠢᠭᠡᠯᠡᠭᠴᠢ ᠶᠢᠨ ᠵᠢᠭᠡᠯᠡᠯᠭᠡ ᠶᠢᠨ ᠬᠤᠭᠤᠴᠠᠭ᠎ᠠ ᠶᠢ ᠠᠵᠢᠯ ᠠᠴᠠ ᠪᠠᠭᠤᠭᠰᠠᠨ ᠤ ᠳᠠᠷᠠᠭᠠᠬᠢ 5 ᠵᠢᠯ ᠬᠦᠷᠲᠡᠯ᠎ᠡ ᠤᠷᠲᠤᠳᠬᠠᠵᠤ ᠪᠣᠯᠤᠨ᠎ᠠ᠃      2᠂ ᠵᠣᠭᠤᠰ ᠵᠢᠭᠡᠯᠡᠭᠴᠢ ᠶᠢᠨ ᠵᠢᠭᠡᠯᠡᠯᠭᠡ ᠪᠠᠨ ᠪᠤᠴᠠᠭᠠᠬᠤ ᠴᠢᠳᠠᠪᠤᠷᠢ ᠶᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠠᠭᠤᠵᠢᠭᠤ ᠲᠠᠯᠪᠢᠨ᠎ᠠ᠃ ᠰᠠᠷ᠎ᠠ ᠪᠦᠷᠢ ᠶᠢᠨ ᠪᠤᠴᠠᠭᠠᠬᠤ ᠵᠣᠭᠤᠰ ᠤᠨ ᠲᠤᠭ᠎ᠠ ᠨᠢ ᠵᠣᠭᠤᠰ ᠵᠢᠭᠡᠯᠡᠭᠴᠢ ᠶᠢᠨ ᠭᠡᠷ ᠪᠦᠯᠢ ᠶᠢᠨ ᠴᠠᠯᠢᠩ ᠤᠨ ᠣᠷᠣᠯᠭ᠎ᠠ ᠶᠢᠨ 60 % ᠠᠴᠠ ᠬᠡᠲᠦᠷᠡᠭᠰᠡᠨ ᠦᠭᠡᠢ ᠪᠠᠶᠢᠪᠠᠯ᠂ ᠬᠤᠪᠢ ᠬᠥᠮᠦᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠲᠠᠯᠪᠢᠬᠤ ᠨᠥᠬᠦᠴᠡᠯ ᠳᠤ ᠨᠡᠶᠢᠴᠡᠭᠰᠡᠨ ᠢᠶᠠᠷ ᠦᠵᠡᠨ᠎ᠡ᠃      3᠂ ᠮᠠᠨ ᠤ ᠣᠷᠣᠨ ᠤ ᠪᠠᠷᠢᠯᠭ᠎ᠠ ᠪᠠᠷᠢᠬᠤ ᠬᠤᠭᠤᠴᠠᠭ᠎ᠠ ᠣᠬᠤᠷ᠂ ᠦᠨᠳᠦᠷ ᠲᠠᠪᠬᠤᠷᠭᠠᠳᠦ ᠣᠷᠣᠨ ᠰᠠᠭᠤᠴᠠ ᠣᠯᠠᠰᠢᠷᠠᠵᠤ ᠪᠠᠶᠢᠭ᠎ᠠ ᠪᠣᠳᠠᠲᠤ ᠪᠠᠶᠢᠳᠠᠯ ᠢ ᠦᠨᠳᠦᠰᠦᠯᠡᠨ᠂ ᠰᠢᠨ᠎ᠡ ᠪᠠᠷ ᠪᠠᠶᠢᠭᠤᠯᠬᠤ ᠣᠷᠣᠨ ᠰᠠᠭᠤᠴᠠ ᠶᠢᠨ ᠵᠢᠭᠡᠯᠡᠯᠭᠡ ᠶᠢᠨ ᠭᠤᠶᠤᠴᠢᠯᠠᠯ ᠤᠨ ᠬᠦᠴᠦᠨ ᠲᠠᠢ ᠬᠤᠭᠤᠴᠠᠭ᠎ᠠ ᠶᠢ ᠬᠡᠷ ᠪᠠᠶᠢᠰᠢᠩ ᠬᠤᠳᠠᠯᠳᠤᠨ ᠠᠪᠬᠤ ᠭᠡᠷ᠎ᠡ ᠲᠣᠭᠲᠠᠭᠰᠠᠨ ᠡᠳᠦᠷ ᠠᠴᠠ ᠡᠬᠢᠯᠡᠬᠦ ᠪᠤᠶᠤ ᠠᠩᠬ᠎ᠠ ᠲᠤᠰᠢᠶᠠᠬᠤ ᠵᠣᠭᠤᠰ ᠢᠶᠠᠨ ᠲᠤᠰᠢᠶᠠᠭᠰᠠᠨ ᠡᠳᠦᠷ ᠠᠴᠠ ᠡᠬᠢᠯᠡᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠭᠤᠶᠤᠴᠢᠯᠠᠬᠤ ᠡᠳᠦᠷ ᠪᠣᠯᠲᠠᠯ᠎ᠠ ᠠᠭᠤᠵᠢᠭᠤ ᠲᠠᠯᠪᠢᠵᠤ᠂ ᠣᠯᠠᠨ ᠳᠠᠪᠬᠤᠷᠭᠠᠲᠤ ᠣᠷᠣᠨ ᠰᠠᠭᠤᠴᠠ ᠶᠢ 3 ᠵᠢᠯ ᠠᠴᠠ ᠬᠡᠲᠦᠷᠡᠭᠦᠯᠵᠦ ᠪᠣᠯᠬᠤ ᠥᠬᠡᠶ᠂ ᠦᠨᠳᠦᠷ ᠳᠠᠪᠬᠤᠷᠭᠠᠲᠤ ᠶᠢᠨ ᠣᠷᠣᠨ ᠰᠠᠭᠤᠴᠠ ᠶᠢ 4 ᠵᠢᠯ ᠠᠴᠠ ᠬᠡᠲᠦᠷᠡᠭᠦᠯᠵᠦ ᠪᠣᠯᠬᠤ ᠥᠬᠡᠶ︔ ᠭᠠᠷ ᠲᠠᠮᠵᠢᠬᠤ ᠣᠷᠣᠨ ᠰᠠᠭᠤᠴᠠ ᠶᠢᠨ ᠵᠢᠭᠡᠯᠡᠯᠭᠡ ᠭᠤᠶᠤᠴᠢᠯᠠᠬᠤ ᠬᠦᠴᠦᠨ ᠲᠠᠢ ᠬᠤᠭᠤᠴᠠᠭ᠎ᠠ ᠶᠢ ᠭᠡᠷ ᠪᠠᠶᠢᠰᠢᠩ ᠤᠨ ᠥᠮᠴᠢᠯᠡᠬᠦ ᠡᠷᠬᠡ ᠶᠢᠨ ᠦᠨᠡᠮᠯᠡᠯ ᠪᠦᠷᠢᠳᠦᠭᠦᠯᠦᠭᠰᠡᠨ ᠤ ᠳᠠᠷᠠᠭᠠᠬᠢ 2 ᠵᠢᠯ ᠤᠨ ᠳᠣᠲᠣᠷ᠎ᠠ ᠪᠣᠯᠭᠠᠨ ᠠᠭᠤᠵᠢᠭᠤ ᠲᠠᠯᠪᠢᠨ᠎ᠠ᠃      4᠂ ᠵᠣᠭᠤᠰ ᠵᠢᠭᠡᠯᠡᠭᠴᠢ ᠵᠢᠭᠡᠯᠡᠯᠭᠡ ᠶᠢᠨ ᠬᠤᠭᠤᠴᠠᠭᠠᠨ ᠳᠤ ᠳᠠᠭᠠᠭᠠᠭᠴᠢ ᠰᠣᠯᠢᠬᠤ ᠶᠢ ᠵᠥᠪᠰᠢᠶᠡᠷᠡᠨ᠎ᠡ᠂ ᠭᠡᠪᠡᠴᠦ ᠰᠣᠯᠢᠭᠰᠠᠨ ᠳᠠᠭᠠᠭᠠᠭᠴᠢ ᠨᠢ ᠡᠷᠬᠡᠪᠰᠢ ᠬᠠᠮᠢᠶ᠎ᠠ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠃      5᠂ ᠣᠨᠳᠣᠤ ᠭᠠᠵᠠᠷ ᠲᠤ ᠲᠤᠰᠢᠶᠠᠨ ᠬᠠᠳᠠᠭᠠᠯᠠᠭᠤᠯᠬᠤ ᠪᠠ ᠬᠠᠷᠢᠯᠴᠠᠨ ᠮᠡᠳᠡᠷᠡᠬᠦ ᠶᠢ ᠥᠷᠨᠢᠭᠦᠯᠦᠨ᠎ᠡ᠃      ᠥᠩᠭᠡᠷᠡᠭᠰᠡᠨ ᠳᠤ ᠣᠨᠳᠣᠤ ᠭᠠᠵᠠᠷ ᠲᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠤᠰᠢᠶᠠᠵᠤ ᠬᠠᠳᠠᠭᠠᠯᠠᠭᠠᠳ᠂ ᠲᠣᠰ ᠬᠤᠲᠠ ᠳᠤ ᠬᠠᠳᠠᠭᠠᠭᠤᠯᠤᠭᠰᠠᠨ ᠴᠠᠭ ᠨᠢ ᠪᠦᠬᠦᠯᠢ 6 ᠰᠠᠷ᠎ᠠ ᠪᠣᠯᠤᠭᠠᠳᠤᠶ ᠪᠠᠶᠢᠪᠠᠯ᠂ ᠲᠤᠰᠢᠶᠠᠵᠤ ᠬᠠᠳᠠᠭᠠᠯᠠᠭᠰᠠᠨ ᠴᠠᠭ ᠢ ᠨᠢ ᠤᠤᠯ ᠤᠨ ᠲᠤᠰᠢᠶᠠᠵᠤ ᠬᠠᠳᠠᠭᠠᠯᠠᠭᠰᠠᠨ ᠭᠠᠵᠠᠷ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠥᠪ ᠠᠴᠠ ᠭᠠᠷᠭᠠᠭᠰᠠᠨ ᠲᠤᠰᠢᠶᠠᠵᠤ ᠬᠠᠳᠠᠭᠠᠯᠠᠭᠰᠠᠨ ᠭᠡᠷᠡᠴᠢ ᠶᠢ ᠦᠨᠳᠦᠰᠦᠯᠡᠨ ᠨᠡᠶᠢᠯᠡᠭᠦᠯᠦᠨ ᠪᠤᠳᠤᠨ᠎ᠠ᠃      6᠂ ᠵᠢᠭᠡᠯᠡᠯᠭᠡ ᠶᠢ ᠬᠢᠨᠠᠨ ᠵᠥᠪᠰᠢᠶᠡᠷᠡᠬᠦ ᠶᠠᠪᠤᠴᠠ ᠶᠢ ᠳᠥᠭᠦᠮᠴᠢᠯᠡᠨ᠎ᠡ᠃      ᠬᠠᠮᠢᠶᠠᠷᠤᠯᠲᠠ ᠶᠢᠨ ᠲᠥᠪ ᠨᠢ ᠵᠢᠭᠡᠯᠡᠯᠭᠡ ᠲᠠᠯᠪᠢᠬᠤ ᠲᠦᠭᠰᠢᠭᠦᠷᠢ ᠶᠢ ᠴᠢᠩᠭ᠎ᠠ ᠬᠢᠵᠠᠭᠠᠷᠯᠠᠵᠤ᠂ ᠪᠡᠯᠡ ᠮᠥᠩᠭᠦ ᠶᠢᠨ ᠠᠮᠤᠷ ᠲᠦᠪᠰᠢᠨ ᠢ ᠪᠠᠲᠤᠯᠠᠭᠰᠠᠨ ᠪᠠᠶᠢᠳᠠᠯ ᠳᠣᠣᠷ᠎ᠠ᠂ ᠮᠡᠳᠡᠭᠡ ᠵᠠᠩᠭᠢ ᠶᠢᠨ ᠰᠢᠰᠲ᠋ᠧᠮ ᠵᠡᠷᠭᠡ ᠠᠷᠭ᠎ᠠ ᠪᠠᠷᠢᠯ ᠢ ᠭᠦᠢᠴᠡᠳ ᠠᠰᠢᠭᠯᠠᠨ᠂ ᠵᠣᠭᠤᠰ ᠵᠢᠭᠡᠯᠡᠭᠴᠢ ᠶᠢᠨ ᠭᠡᠷ ᠪᠠᠶᠢᠰᠢᠩ ᠬᠤᠳᠠᠯᠳᠤᠨ ᠠᠪᠬᠤ ᠦᠢᠯᠡ ᠠᠵᠢᠯᠯᠠᠭ᠎ᠠ ᠶᠢ ᠣᠨᠣᠪᠴᠢᠲᠠᠶ ᠪᠥᠭᠡᠳ ᠦᠨᠡᠨ ᠪᠣᠳᠠᠲᠠᠶ ᠪᠠᠷ ᠮᠠᠭᠠᠳᠯᠠᠨ ᠲᠣᠭᠲᠠᠭᠠᠵᠤ᠂ ᠵᠣᠭᠤᠰ ᠵᠢᠭᠡᠯᠡᠭᠴᠢ ᠶᠢᠨ ᠵᠣᠭᠤᠰ ᠪᠤᠴᠠᠭᠠᠬᠤ ᠴᠢᠳᠠᠪᠤᠷᠢ ᠶᠢ ᠦᠨᠡᠯᠡᠨ ᠵᠢᠱᠢᠵᠦ᠂ ᠵᠢᠭᠡᠯᠡᠯᠭᠡ ᠭᠦᠢᠴᠡᠳᠬᠡᠬᠦ ᠬᠤᠷᠳᠤᠴᠠ ᠶᠢ ᠲᠦᠷᠭᠡᠳᠭᠡᠨ᠎ᠡ᠃      ︵ᠳᠥᠷᠪᠡ︶ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠴᠤᠭᠯᠠᠭᠤᠯᠬᠤ ᠪᠠ ᠳᠣᠭᠢᠷᠠᠭᠤᠯᠬᠤ ᠡᠷᠴᠢᠮ ᠢ ᠴᠢᠩᠭᠠᠷᠠᠭᠤᠯᠤᠨ᠎ᠠ᠃      ᠬᠤᠪᠢ ᠬᠥᠮᠦᠨ ᠤ ᠵᠢᠭᠡᠯᠡᠯᠭᠡ ᠶᠢᠨ ᠪᠠᠯᠠ ᠮᠥᠩᠭᠦ ᠪᠠᠴᠢᠮ ᠪᠠᠶᠢᠭ᠎ᠠ ᠬᠠᠮᠢᠶᠠᠷᠤᠯᠲᠠ ᠶᠢᠨ ᠪᠠᠶᠢᠭᠤᠯᠤᠮᠵᠢ ᠨᠢ ᠥᠪᠡᠷᠲᠡᠭᠡᠨ ᠵᠠᠰᠠᠬᠤ ᠣᠷᠣᠨ ᠠᠴᠠ ᠪᠠᠯᠠ ᠮᠥᠩᠭᠦ ᠰᠢᠯᠵᠢᠭᠦᠯᠦᠨ ᠣᠷᠣᠭᠤᠯᠬᠤ ᠪᠠᠷ ᠭᠤᠶᠤᠴᠢᠯᠠᠵᠤ ᠪᠣᠯᠤᠨ᠎ᠠ᠂ ᠪᠠᠯᠠ ᠮᠥᠩᠭᠦ ᠶᠢᠨ ᠬᠡᠷᠡᠭᠯᠡᠬᠦ ᠨᠣᠷᠮ᠎ᠠ ᠨᠢ 50 % ᠠᠴᠠ ᠳᠣᠷᠣᠭᠰᠢᠬᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠥᠪᠡᠷᠲᠡᠭᠡᠨ ᠵᠠᠰᠠᠬᠤ ᠣᠷᠣᠨ ᠤ ᠰᠢᠯᠵᠢᠭᠦᠯᠦᠨ ᠭᠠᠷᠭᠠᠬᠤ ᠪᠠᠯᠠ ᠮᠥᠩᠭᠦ ᠶᠢᠨ ᠲᠣᠬᠢᠷᠠᠭᠤᠯᠤᠯᠲᠠ ᠶᠢ ᠲᠠᠭᠠᠨ᠎ᠠ᠃       ︵ᠲᠠᠪᠤ︶᠂ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠣᠭᠰᠣᠭᠠᠵᠤ᠂ ᠪᠡᠯᠡ ᠮᠥᠩᠭᠦ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃      1᠂ ᠮᠡᠬᠡᠯᠡᠵᠦ ᠪᠠᠶᠢᠭᠠᠳ ᠵᠢᠭᠡᠯᠡᠯᠭᠡ ᠠᠪᠬᠤ ᠦᠢᠯᠡ ᠠᠵᠢᠯᠯᠠᠭ᠎ᠠ ᠶᠢ ᠡᠷᠡᠰ ᠬᠤᠷᠢᠭᠯᠠᠵᠤ᠂ ᠬᠢᠨᠠᠨ ᠪᠠᠶᠢᠴᠠᠭᠠᠬᠤ ᠳᠡᠰ ᠳᠠᠷᠠᠭᠠᠯᠠᠯ ᠢ ᠴᠢᠩᠳᠠᠯᠠᠬᠤ᠂ ᠮᠡᠳᠡᠭᠡ ᠵᠠᠩᠭᠢ ᠶᠢᠨ ᠨᠡᠪᠲᠡᠷᠡᠯᠴᠡᠬᠦ ᠶᠢ ᠴᠢᠩᠭᠠᠳᠬᠠᠬᠤ᠂ ᠲᠤᠬᠠᠶ ᠶᠢᠨ ᠲᠠᠯᠠᠪᠤᠷ ᠲᠤ ᠪᠠᠶᠢᠴᠠᠭᠠᠯᠲᠠ ᠬᠢᠬᠦ᠂ ᠭᠤᠷᠪᠠᠳᠠᠬᠢ ᠡᠲᠡᠭᠡᠳ ᠠᠴᠠ ᠨᠤᠲᠠᠯᠠᠬᠤ ᠵᠡᠷᠭᠡ ᠠᠷᠭ᠎ᠠ ᠪᠠᠷᠢᠯ ᠢ ᠠᠪᠴᠤ᠂ ᠲᠣᠭᠲᠠᠭᠠᠯ ᠠᠴᠠ ᠵᠥᠷᠢᠴᠡᠭᠰᠡᠨ ᠬᠡᠷᠡᠭ ᠡᠭᠦᠰᠬᠦ ᠶᠢ ᠪᠦᠲᠦᠮᠵᠢᠲᠡᠶ ᠬᠤᠷᠢᠭᠯᠠᠨ᠎ᠠ᠃        2᠂ ᠪᠡᠯᠡ ᠮᠥᠩᠭᠦ ᠣᠯᠭᠤᠬᠤ ᠶᠠᠪᠤᠴᠠ ᠢ ᠴᠢᠩᠳᠠᠯᠠᠵᠤ᠂ ᠣᠯᠭᠤᠬᠤ ᠲᠤᠬᠠᠶᠢᠯᠠᠭᠰᠠᠨ ᠠᠵᠢᠯ ᠨᠢᠭᠡᠪᠦᠷᠢ ᠳᠤ ᠪᠠᠩᠬᠢ ᠠᠴᠠ ᠣᠯᠭᠤᠬᠤ ᠭᠡᠷᠡᠴᠢ ᠪᠠᠷᠢᠮᠲᠠ᠂ ᠪᠠᠶᠢᠴᠠᠭᠠᠬᠤ ᠭᠡᠷᠡᠴᠢ ᠪᠠᠷᠢᠮᠳᠠ ᠲᠠᠢ ᠪᠠᠶᠢᠬᠤ ᠬᠡᠷᠡᠭᠲᠡᠶ᠃ ᠳᠠᠩᠰᠠᠨ ᠳᠤ ᠬᠦᠷᠦᠭᠡᠳᠦᠶ ᠵᠦᠢᠯ ᠢ ᠪᠠᠭᠠᠰᠬᠠᠵᠤ᠂ ᠨᠢᠭᠡᠳ ᠨᠢᠭᠡ ᠪᠠᠷ ᠳᠠᠬᠢᠨ ᠬᠢᠨᠠᠵᠤ᠂ ᠡᠳᠦᠷ ᠪᠦᠷᠢ ᠪᠦᠷᠢᠳᠭᠡᠵᠦ ᠰᠠᠷ᠎ᠠ ᠪᠦᠷᠢ ᠲᠤᠭᠤᠴᠠᠭ᠎ᠠ ᠬᠢᠨ᠎ᠡ᠃      ᠭᠤᠷᠪᠠ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ      1᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠡᠷᠡᠭᠯᠡᠬᠦ ᠨᠣᠷᠮ᠎ᠠ 80% ᠬᠦᠷᠦᠭᠡᠳᠦᠢ ᠬᠠᠮᠢᠶᠠᠷᠤᠯᠳᠠ ᠶᠢᠨ ᠲᠦᠪ ᠡᠷᠬᠡᠪᠡᠰᠢ ᠲᠡᠭᠡᠷᠡᠬᠢ ᠲᠤᠭᠳᠠᠭᠠᠯ ᠢ ᠬᠡᠷᠡᠭᠵᠢᠭᠦᠯᠦᠨ᠎ᠡ᠂ ᠨᠢᠭᠡᠨᠳᠡ 85% ᠠᠴᠠ ᠲᠡᠭᠡᠭᠰᠢ ᠬᠦᠷᠦᠭᠰᠡᠨ ᠬᠠᠮᠢᠶᠠᠷᠤᠯᠳᠠ ᠶᠢᠨ ᠲᠦᠪ ᠨᠢ ᠲᠤᠰ ᠤᠷᠤᠨ ᠤ ᠪᠤᠳᠠᠳᠦ ᠪᠠᠶᠢᠳᠠᠯ ᠢᠶᠠᠨ ᠦᠨᠳᠦᠰᠦᠯᠡᠨ ᠲᠡᠭᠡᠷᠡᠬᠢ ᠲᠤᠭᠳᠠᠭᠠᠯ ᠢ ᠬᠡᠷᠡᠭᠵᠢᠭᠦᠯᠵᠦ ᠪᠤᠯᠤᠨ᠎ᠠ᠃ ᠪᠣᠳᠠᠲᠠᠶ ᠬᠡᠷᠡᠭᠵᠢᠭᠦᠯᠬᠦ ᠨᠠᠷᠢᠨ ᠳᠦᠷᠢᠮ ᠢ ᠡᠯ᠎ᠡ ᠭᠠᠵᠠᠷ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠭᠳᠠᠭᠠᠨ᠎ᠠ᠃       2᠂ ᠰᠢᠯᠭᠠᠨ ᠬᠢᠨᠠᠬᠤ ᠳᠤᠮᠳᠠ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠡᠷᠡᠭᠯᠡᠬᠦ ᠨᠣᠷᠮ᠎ᠠ ᠪᠠ ᠬᠡᠪᠴᠢᠶ᠎ᠡ ᠶᠢ ᠥᠷᠭᠡᠳᠬᠡᠬᠦ ᠠᠵᠢᠯ ᠤᠨ ᠬᠤᠪᠢ ᠶᠢᠨ ᠥᠷᠲᠡᠭ ᠢ ᠨᠡᠮᠡᠭᠳᠡᠭᠦᠯᠵᠦ᠂ ᠳᠡᠭᠡᠷ᠎ᠡ ᠳᠤᠷᠠᠳᠤᠭᠰᠠᠨ ᠲᠣᠭᠲᠠᠭᠠᠯ ᠢ ᠨᠠᠶᠢᠳᠠᠪᠤᠷᠢᠵᠢᠭᠤᠯᠤᠭᠰᠠᠨ ᠪᠠ ᠨᠡᠶᠢᠲᠡ ᠶᠢᠨ ᠪᠤᠰᠤ ᠠᠵᠤ ᠠᠬᠤᠶᠢᠯᠠᠯ᠂ ᠬᠤᠲᠠ ᠪᠠᠯᠭᠠᠰᠤ ᠶᠢᠨ ᠬᠤᠪᠢ ᠶᠢᠨ ᠠᠵᠤ  ᠦᠢᠯᠡᠳᠪᠦᠷᠢ ᠬᠤᠳᠠᠯᠳᠤᠭᠠᠨ ᠤ ᠡᠷᠦᠬᠡ᠂ ᠴᠢᠯᠥᠭᠡᠲᠦ ᠠᠵᠢᠯ ᠬᠢᠭᠰᠡᠳ᠂ ᠬᠤᠲᠠ ᠣᠷᠣᠵᠤ ᠬᠦᠴᠦ ᠶᠠᠪᠤᠭᠰᠠᠳ᠂ ᠨᠥᠬᠦᠴᠡᠯ ᠲᠠᠢ ᠮᠠᠯᠴᠢᠨ ᠲᠠᠷᠢᠶᠠᠴᠢᠳ ᠤᠨ ᠳᠤᠮᠳᠠ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠦᠷᠢᠮ ᠢ  ᠪᠠᠶᠢᠭᠤᠯᠬᠤ ᠳᠤ ᠢᠳᠡᠪᠬᠢᠲᠡᠶ ᠰᠢᠨ᠎ᠡ ᠶᠢ ᠡᠭᠦᠳᠴᠦ ᠦᠨᠡᠨ ᠬᠦ ᠦᠷ᠎ᠡ ᠪᠦᠲᠦᠮᠵᠢ ᠣᠯᠤᠭᠰᠠᠨ ᠪᠠᠶᠢᠪᠠᠯ᠂ ᠬᠤᠪᠢ ᠨᠡᠮᠡᠵᠦ ᠵᠣᠷᠢᠭᠵᠢᠭᠤᠯᠤᠨ᠎ᠠ᠃      3᠂ ᠣᠨᠳᠣᠣ ᠭᠠᠵᠠᠷ ᠭᠡᠷ ᠪᠠᠶᠢᠰᠢᠩ ᠬᠤᠳᠠᠯᠳᠤᠨ ᠠᠪᠬᠤ ᠳᠤ ᠵᠢᠭᠡᠯᠡᠯᠭᠡ ᠲᠠᠯᠪᠢᠬᠤ ᠲᠥᠷᠥ ᠶᠢᠨ ᠪᠣᠳᠣᠯᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠠᠵᠠᠷ ᠣᠷᠣᠨ᠂ ᠠᠵᠢᠯ ᠲᠥᠷᠥᠯ ᠤᠨ ᠪᠠᠬᠢᠯᠡᠯᠲᠡ ᠶᠢ ᠡᠪᠳᠡᠵᠦ᠂ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠬᠤᠭᠤᠷᠣᠨᠳᠣᠬᠢ ᠬᠠᠮᠵᠢᠯᠴᠠᠭ᠎ᠠ ᠶᠢ ᠴᠢᠩᠭᠠᠳᠬᠠᠨ᠂ ᠪᠤᠶ ᠪᠦᠬᠦᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠤᠰᠢᠶᠠᠨ ᠬᠠᠳᠠᠭᠠᠯᠠᠭᠴᠢᠳ ᠢ ᠣᠶᠢᠷ᠎ᠠ ᠬᠠᠪᠢ ᠳᠠᠭᠠᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠯᠭᠡᠵᠦ᠂ ᠦᠢᠯᠡᠴᠢᠯᠡᠭᠡ ᠪᠠ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠶ᠃ ᠣᠨᠳᠣᠣ ᠭᠠᠵᠠᠷ ᠭᠡᠷ ᠪᠠᠶᠢᠰᠢᠩ ᠬᠤᠳᠠᠯᠳᠤᠨ ᠠᠪᠬᠤ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠦᠭᠰᠡᠨ ᠦᠭᠡᠶ ᠪᠦᠬᠦᠨ ᠢ ᠥᠪᠡᠷᠲᠡᠭᠡᠨ ᠵᠠᠰᠠᠬᠤ ᠣᠷᠣᠨ ᠠᠴᠠ ᠮᠡᠳᠡᠭᠡᠯᠡᠨ ᠰᠢᠭᠦᠮᠵᠢᠯᠡᠬᠦ ᠶᠢᠨ ᠬᠠᠮᠲᠤ ᠬᠢᠨᠠᠨ ᠰᠢᠯᠭᠠᠬᠤ ᠦᠶ᠎ᠡ ᠳᠤ ᠬᠤᠪᠢ ᠬᠠᠰᠤᠨ᠎ᠠ᠃      ᠣᠳᠣᠬᠠᠨ ᠳᠤ᠂ ᠮᠠᠨ ᠤ ᠣᠷᠣᠨ ᠤ ᠠᠵᠤ ᠠᠬᠤᠶ ᠪᠠᠭᠤᠷᠠᠬᠤ ᠳᠠᠷᠤᠯᠲᠠ ᠨᠡᠮᠡᠭᠳᠡᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠶᠢᠳᠠᠯ ᠬᠦᠨᠳᠦ ᠬᠡᠴᠡᠭᠦᠦ ᠪᠠᠶᠢᠬᠤ ᠶᠢᠨ ᠬᠠᠮᠲᠤ ᠣᠷᠣᠨ ᠰᠠᠭᠤᠴᠠ ᠨᠢ ᠬᠦᠴᠢᠷᠳᠡᠯᠲᠡᠶ ᠠᠵᠢᠯᠲᠠᠨ ᠶᠡᠭᠡ ᠬᠡᠮᠵᠢᠶ᠎ᠡ ᠪᠠᠷ ᠣᠷᠣᠰᠢᠵᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠨᠤᠮᠠᠯ ᠤᠨ ᠬᠡᠮᠵᠢᠶ᠎ᠡ ᠨᠡᠮᠡᠭᠳᠡᠵᠦ᠂ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠪᠠᠷ ᠳᠠᠮᠵᠢᠭᠤᠯᠤᠨ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠳᠠᠯᠳᠠ ᠬᠦᠴᠦᠨ ᠢ ᠪᠠᠳᠠᠷᠠᠭᠤᠯᠵᠤ᠂ ᠠᠶᠤᠯ ᠲᠦᠭᠰᠢᠭᠦᠷᠢ ᠶᠢ ᠠᠷᠢᠯᠭᠠᠨ ᠬᠦᠴᠢᠷᠳᠡᠯ ᠢ ᠰᠢᠢᠳᠪᠦᠷᠢᠯᠡᠵᠦ᠂ ᠬᠡᠷᠡᠭᠯᠡᠭᠡ ᠶᠢ ᠳᠠᠶᠢᠴᠢᠯᠠᠵᠤ᠂ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢ ᠠᠬᠢᠭᠤᠯᠬᠤ ᠴᠢᠬᠤᠯᠠᠲᠠᠶ ᠪᠠᠶᠢᠨ᠎ᠠ᠃ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠵᠥᠪᠯᠡᠯ ᠪᠣᠯᠤᠨ ᠡᠯ᠎ᠡ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠨᠤᠭᠤᠳ ᠲᠣᠰ ᠮᠡᠳᠡᠭᠳᠡᠯ ᠤᠨ ᠲᠣᠭᠲᠠᠭᠠᠯ ᠶᠣᠰᠣᠭᠠᠷ᠂ ᠬᠡᠷᠡᠭᠵᠢᠭᠦᠯᠬᠦ ᠨᠠᠷᠢᠨ ᠲᠦᠷᠢᠮ ᠢ ᠬᠢᠨᠠᠮᠠᠭᠠᠶ ᠰᠤᠳᠤᠯᠵᠤ᠂ 5 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠠᠯᠪᠠᠨ ᠬᠡᠷ ᠲᠤ ᠮᠡᠳᠡᠭᠦᠯᠦᠨ ᠳᠠᠩᠰᠠᠯᠠᠭᠤᠯᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠦᠨᠡᠨᠬᠦ ᠪᠣᠳᠠᠲᠤ ᠭᠠᠵᠠᠷ ᠲᠤᠨᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠠᠵᠢᠯ ᠤᠨ ᠬᠠᠷᠠᠯᠲᠠ ᠶᠢ ᠪᠡᠶᠡᠯᠡᠭᠦᠯᠬᠦ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ᠃                                                                       2015 ᠣᠨ ᠤ 5 ᠳ᠋ᠤᠭᠠᠷ ᠰᠠᠷ᠎ᠠ ᠶᠢᠨ 4 ᠤ ᠡᠳᠦᠷ
ᠢᠷᠡᠯᠲᠡ᠄ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ ᠶᠢᠨ ᠲᠢᠩᠬᠢᠮ
Baidu
map