ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠲᠠᠢ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠤᠬᠡ ᠰᠣᠶᠣᠯ ᠤᠨ ᠨᠠᠷᠠᠲᠤ ᠪᠠᠯᠭᠠᠰᠤ ᠨᠠᠷᠠᠲᠤ ᠲᠣᠰᠬᠤᠨ ᠢ ᠮᠠᠭᠠᠳᠯᠠᠨ ᠲᠣᠭᠲᠠᠭᠠᠬᠤ ᠠᠷᠭ᠎ᠠ︾ ᠶᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2020/12/7
     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠲᠤᠭᠤᠰᠢᠯᠠᠭᠤᠯᠤᠨ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠲᠡᠦᠬᠡ ᠰᠣᠶᠣᠯ ᠢ ᠵᠠᠯᠭᠠᠮᠵᠢᠯᠠᠨ ᠪᠠᠳᠠᠷᠠᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠰᠣᠶᠣᠯ ᠤᠨ ᠨᠡᠷᠡᠲᠦ ᠪᠠᠯᠭᠠᠰᠤ᠂ ᠨᠡᠷᠡᠲᠦ ᠲᠣᠰᠬᠤᠨ ᠢ ᠮᠠᠭᠠᠳᠯᠠᠨ ᠲᠣᠭᠲᠠᠭᠠᠬᠤ ᠠᠵᠢᠯ ᠢ ᠰᠠᠶᠢᠲᠤᠷ ᠬᠢᠬᠦ ᠶᠢᠨ ᠲᠤᠰᠠᠲᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠲᠠᠢ ᠬᠠᠮᠲᠤᠷᠠᠨ ᠭᠦᠨᠵᠡᠭᠡᠶ ᠪᠠᠶᠢᠴᠠᠭᠠᠨ ᠰᠤᠳᠤᠯᠤᠯᠲᠠ ᠬᠢᠭᠰᠡᠨ ᠰᠠᠭᠤᠷᠢᠨ ᠳᠡᠭᠡᠷ᠎ᠡ᠂ ︽ᠲᠡᠤᠬᠡ ᠰᠣᠶᠣᠯ ᠤᠨ ᠨᠠᠷᠠᠲᠤ ᠬᠤᠲᠠ ᠨᠠᠷᠠᠲᠤ ᠪᠠᠯᠭᠠᠰᠤ ᠨᠠᠷᠠᠲᠤ ᠲᠣᠰᠬᠤᠨ ᠢ ᠬᠠᠮᠠᠭᠠᠯᠠᠬᠤ ᠲᠦᠷᠢᠮ︾ ᠢ ᠦᠨᠳᠦᠰᠦᠯᠡᠨ᠂ ᠣᠶᠢᠷ᠎ᠠ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠤᠬᠡ ᠰᠣᠶᠣᠯ ᠤᠨ ᠨᠠᠷᠠᠲᠤ ᠪᠠᠯᠭᠠᠰᠤ ᠨᠠᠷᠠᠲᠤ ᠲᠣᠰᠬᠤᠨ ᠢ ᠮᠠᠭᠠᠳᠯᠠᠨ ᠲᠣᠭᠲᠠᠭᠠᠬᠤ ᠠᠷᠭ᠎ᠠ︾ ᠳᠤ ᠵᠠᠰᠠᠪᠤᠷᠢ ᠣᠷᠣᠭᠤᠯᠪᠠ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠮᠠᠭᠠᠳᠯᠠᠨ ᠲᠣᠭᠲᠠᠭᠠᠬᠤ ᠠᠷᠭ᠎ᠠ︾ ᠳᠤ ᠮᠡᠳᠡᠭᠦᠯᠬᠦ ᠨᠥᠬᠦᠴᠡᠯ᠂ ᠮᠡᠳᠡᠭᠦᠯᠬᠦ ᠮᠠᠲ᠋ᠧᠷᠢᠶᠠᠯ᠂ ᠮᠡᠳᠡᠭᠦᠯᠬᠦ ᠳᠡᠰ ᠳᠠᠷᠠᠭᠠᠯᠠᠯ ᠵᠡᠷᠭᠡ ᠠᠭᠤᠯᠭ᠎ᠠ ᠪᠠᠭᠲᠠᠨ᠎ᠠ᠂ 2020 ᠣᠨ ᠤ 4 ᠰᠠᠷ᠎ᠠ ᠶᠢᠨ 2 ᠤᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠣᠯᠠᠨ ᠵᠢᠯ ᠤᠨ ᠴᠢᠷᠮᠠᠶᠢᠯᠭ᠎ᠠ ᠪᠠᠷ ᠳᠠᠮᠵᠢᠨ᠂ ᠮᠠᠨ ᠤ ᠣᠷᠣᠨ ᠨᠢᠭᠡᠨᠲᠡ ᠤᠯᠤᠰ ᠤᠨ ᠲᠠᠰ ᠤᠨ ᠲᠡᠤᠬᠡ ᠰᠣᠶᠣᠯ ᠤᠨ ᠨᠠᠷᠠᠲᠤ ᠪᠠᠯᠭᠠᠰᠤ 5᠂ ᠨᠠᠷᠠᠲᠤ ᠲᠣᠰᠬᠤᠨ 2᠂ ᠥᠪᠡᠷᠲᠡᠭᠡᠨ ᠵᠠᠰᠠᠬᠤ ᠣᠷᠣᠨ ᠤ ᠲᠠᠰ ᠤᠨ ᠲᠡᠤᠬᠡ ᠰᠣᠶᠣᠯ ᠤᠨ ᠨᠠᠷᠠᠲᠤ ᠪᠠᠯᠭᠠᠰᠤ 5᠂ ᠨᠠᠷᠠᠲᠤ ᠲᠣᠰᠬᠤᠨ 2 ᠢ ᠪᠠᠶᠢᠭᠤᠯᠪᠠ᠃ ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠲᠠᠢ ᠬᠠᠮᠲᠤᠷᠠᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠮᠠᠭᠠᠳᠯᠠᠨ ᠲᠣᠭᠲᠠᠭᠠᠬᠤ ᠠᠷᠭ᠎ᠠ︾ ᠶᠢᠨ ᠶᠣᠰᠣᠭᠠᠷ ᠥᠪᠡᠷᠲᠡᠭᠡᠨ ᠵᠠᠰᠠᠬᠤ ᠣᠷᠣᠨ ᠤ ᠲᠠᠰ ᠤᠨ ᠲᠡᠤᠬᠡ ᠰᠣᠶᠣᠯ ᠤᠨ ᠨᠡᠷᠡᠲᠦ ᠪᠠᠯᠭᠠᠰᠤ᠂ ᠨᠡᠷᠡᠲᠦ ᠲᠣᠰᠬᠤᠨ ᠢ ᠮᠠᠭᠠᠳᠯᠠᠨ ᠲᠣᠭᠲᠠᠭᠠᠬᠤ ᠠᠵᠢᠯ ᠢ ᠦᠷᠬᠦᠯᠵᠢᠯᠡᠨ ᠥᠷᠨᠢᠭᠦᠯᠦᠨ᠎ᠡ᠂ ᠡᠭᠦᠨ ᠤ ᠬᠠᠮᠲᠤ᠂ ᠨᠥᠬᠦᠴᠡᠯ ᠢ ᠪᠦᠷᠢᠯᠳᠦᠭᠦᠯᠦᠭᠰᠡᠨ ᠭᠠᠵᠠᠷ ᠣᠷᠣᠨ ᠢ ᠵᠣᠬᠢᠶᠠᠨ ᠪᠠᠶᠢᠭᠤᠯᠤᠨ ᠤᠯᠤᠰ ᠤᠨ ᠲᠡᠰ ᠤᠨ ᠲᠡᠤᠬᠡ ᠰᠣᠶᠣᠯ ᠤᠨ ᠨᠡᠷᠡᠲᠦ ᠪᠠᠯᠭᠠᠰᠤ᠂ ᠨᠡᠷᠡᠲᠦ ᠲᠣᠰᠬᠤᠨ ᠢ ᠢᠳᠡᠪᠬᠢᠲᠡᠶ ᠪᠠᠷ ᠭᠤᠶᠤᠴᠢᠯᠠᠨ ᠮᠡᠳᠡᠭᠦᠯᠵᠦ᠂ ᠲᠡᠤᠬᠡ ᠰᠣᠶᠣᠯ ᠤᠨ ᠰᠤᠳᠠᠰᠤ ᠶᠢ ᠤᠯᠠᠮᠵᠢᠯᠠᠨ ᠵᠠᠯᠭᠠᠮᠵᠢᠯᠠᠬᠤ᠂ ᠰᠣᠶᠣᠯ ᠤᠨ ᠢᠲᠡᠭᠡᠯ ᠢ ᠨᠡᠮᠡᠭᠳᠡᠭᠦᠯᠬᠦ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠶ᠃
ᠢᠷᠡᠯᠲᠡ᠄ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ ᠶᠢᠨ ᠲᠢᠩᠬᠢᠮ
Baidu
map