ᠥᠪᠥᠷ ᠮᠣᠩᠭᠤᠯ ᠤᠨ ᠡᠳᠦᠷ ᠤᠨ ᠰᠣᠨᠢᠨ ᠤ 12 ᠰᠠᠷ᠎ᠠ ᠶᠢᠨ 5 ᠤ ᠡᠳᠦᠷ ᠤᠨ ᠮᠡᠳᠡᠭᠡ ︵ ᠰᠤᠷᠪᠤᠯᠵᠢᠯᠠᠭᠴᠢ ᠾᠦᠸᠧ ᠰᠢᠶᠤᠤ ᠴᠢᠩ︶ ᠣᠶᠢᠷ᠎ᠠ ᠳᠤ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠳᠠᠭᠠᠳᠬᠠᠯ ᠳᠠᠬᠢ ᠠᠵᠢᠯ ᠠᠴᠠ ᠪᠣᠯᠤᠭᠰᠠᠨ ᠭᠡᠮᠲᠦᠯ ᠤᠨ ᠨᠦᠭᠦᠪᠦᠷᠢ ᠳᠠᠭᠠᠳᠬᠠᠯ ᠤᠨ | ᠲᠤᠷᠰᠢᠯᠲᠠ ᠶᠢᠨ ᠲᠥᠷᠥᠯ ᠵᠦᠢᠯ ᠪᠤᠭᠤᠲᠤ ᠬᠤᠲᠠ ᠳᠤ ᠠᠵᠢᠯ ᠡᠬᠢᠯᠡᠪᠡ᠃ ᠲᠥᠷᠥᠯ ᠵᠦᠢᠯ ᠳᠤ ᠠᠵᠢᠯ ᠠᠴᠠ ᠪᠣᠯᠤᠭᠰᠠᠨ ᠭᠡᠮᠲᠦᠯ ᠤᠨ ᠨᠥᠬᠦᠪᠥᠷᠢ | ᠳᠠᠭᠠᠳᠬᠠᠯ ᠤᠨ ᠳᠦᠷᠢᠮ ᠢ ᠪᠠᠶᠢᠭᠤᠯᠬᠤ ᠪᠠᠷ ᠳᠠᠮᠵᠢᠭᠤᠯᠤᠨ ᠬᠤᠳᠠᠯᠳᠤᠭᠠᠨ ᠤ ᠳᠠᠭᠠᠳᠬᠠᠯ ᠢ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ | ᠦᠢᠯᠡᠴᠢᠯᠡᠭᠡ ᠳᠤ ᠣᠷᠣᠯᠴᠠᠭᠤᠯᠤᠨ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠤᠯᠠᠨ ᠲᠡᠰ ᠲᠠᠪᠬᠤᠷᠭᠠᠳᠤ ᠰᠢᠰᠲ᠋ᠧᠮ ᠢ ᠤᠯᠠᠮ ᠨᠢᠭᠡ ᠠᠯᠬᠤᠮ | ᠪᠠᠶᠢᠭᠤᠯᠵᠤ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠣᠯᠭᠤᠮᠵᠢ ᠶᠢ ᠳᠡᠭᠡᠭᠰᠢᠯᠡᠭᠦᠯᠦᠨ᠂ ᠬᠥᠮᠦᠨ ᠬᠡᠷᠡᠭᠯᠡᠬᠦ ᠨᠢᠭᠡᠴᠡ ᠶᠢᠨ ᠳᠠᠷᠤᠭᠠᠰᠤ ᠶᠢ | ᠬᠥᠩᠭᠡᠷᠡᠭᠦᠯᠪᠠ᠃ | ᠣᠶᠢᠯᠠᠭᠠᠭᠰᠠᠨ ᠢᠶᠠᠷ᠂ 2019 ᠣᠨ ᠳᠤ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠢᠩᠬᠢᠮ ᠠᠴᠠ ᠪᠤᠭᠤᠲᠤ ᠬᠤᠲᠠ ᠶᠢ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠥᠭᠡᠳ ᠴᠣᠷ ᠤᠨ ᠭᠠᠭᠴᠠ ᠬᠤᠳᠠᠯᠳᠤᠭᠠᠨ ᠤ ᠳᠠᠭᠠᠳᠬᠠᠯ ᠳᠠᠬᠢ | ᠠᠵᠢᠯ ᠠᠴᠠ ᠪᠣᠯᠤᠭᠰᠠᠨ ᠭᠡᠮᠲᠦᠯ ᠤᠨ ᠨᠦᠬᠦᠪᠦᠷᠢ ᠳᠠᠭᠠᠳᠬᠠᠯ ᠤᠨ ᠰᠢᠨ᠎ᠡ ᠵᠠᠭᠪᠤᠷ ᠢ ᠥᠷᠨᠢᠭᠦᠯᠬᠦ ᠲᠤᠷᠰᠢᠯᠲᠠ ᠶᠢᠨ ᠬᠤᠲᠠ ᠪᠠᠷ ᠲᠣᠭᠲᠠᠭᠠᠪᠠ᠃ ᠪᠤᠭᠤᠲᠤ | ᠬᠤᠲᠠ ᠶᠢᠨ ᠬᠢᠨ ᠲᠡᠷᠢᠭᠦᠨ ᠤ ᠬᠤᠲᠠ ᠶᠢᠨ ᠲᠤᠷᠰᠢᠯᠭ᠎ᠠ ᠶᠢ ᠰᠤᠷᠤᠯᠴᠠᠨ ᠲᠤᠯᠢᠯᠠᠬᠤ ᠪᠠᠷ ᠳᠠᠮᠵᠢᠭᠤᠯᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ ᠪᠠᠶᠢᠭᠠᠳ | ︽ᠪᠤᠭᠤᠲᠤ ᠬᠤᠲᠠ ᠶᠢᠨ ᠠᠵᠢᠯ ᠠᠴᠠ ᠪᠣᠯᠤᠭᠰᠠᠨ ᠭᠡᠮᠲᠦᠯ ᠤᠨ ᠨᠦᠭᠦᠪᠦᠷᠢ ᠳᠠᠭᠠᠳᠬᠠᠯ ᠤᠨ ᠲᠤᠬᠠᠢ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢ | ᠨᠡᠶᠢᠲᠡᠯᠡᠪᠡ᠃ ᠪᠤᠭᠤᠲᠤ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠤᠮᠳᠠᠳᠤ ᠤᠯᠤᠰ ᠤᠨ ᠠᠷᠠᠳ ᠤᠨ | ᠡᠳ᠋ ᠬᠦᠷᠦᠩᠭᠡ ᠶᠢᠨ ᠲᠠᠭᠠᠳᠬᠠᠯ ᠤᠨ ᠬᠤᠪᠢ ᠤᠷᠤᠭᠤᠯᠤᠬᠰᠠᠨ ᠬᠢᠵᠠᠭᠠᠷᠳᠤ ᠺᠤᠮᠫᠠᠨᠢ ᠶᠢᠨ ᠪᠤᠭᠤᠲᠤ ᠬᠤᠲᠠ ᠶᠢᠨ ᠬᠤᠪᠢᠶᠠᠷᠢ ᠺᠣᠮᠫᠠᠨᠢ ᠲᠠᠢ ︽ᠪᠤᠭᠤᠲᠤ | ᠬᠤᠲᠠ ᠶᠢᠨ ᠠᠵᠢᠯ ᠠᠴᠠ ᠪᠣᠯᠤᠭᠰᠠᠨ ᠭᠡᠮᠲᠦᠯ ᠤᠨ ᠨᠦᠭᠦᠪᠦᠷᠢ ᠳᠠᠭᠠᠳᠬᠠᠯ ᠤᠨ ᠦᠢᠯᠡᠴᠢᠯᠡᠭᠡᠨ ᠤ ᠵᠥᠪᠯᠡᠯᠴᠡᠭᠡᠷ︾ ᠲᠣᠭᠲᠠᠵᠤ᠂ ︽ᠠᠵᠢᠯ ᠠᠴᠠ ᠪᠣᠯᠤᠭᠰᠠᠨ | ᠭᠡᠮᠲᠦᠯ ᠢ ᠤᠷᠢᠳᠴᠢᠯᠠᠨ ᠰᠡᠷᠭᠡᠶᠢᠯᠡᠬᠦ ᠂ ᠠᠵᠢᠯ ᠠᠴᠠ ᠪᠣᠯᠤᠭᠰᠠᠨ ᠭᠡᠮᠲᠦᠯ ᠢ ᠡᠷᠡᠭᠦᠯᠵᠢᠭᠦᠯᠬᠦ᠂ ᠠᠵᠢᠯ ᠠᠴᠠ ᠪᠣᠯᠤᠭᠰᠠᠨ ᠭᠡᠮᠲᠦᠯ ᠤᠨ ᠨᠥᠬᠦᠪᠥᠷᠢ ᠥᠭᠬᠦ︾ | ᠭᠤᠷᠪᠠ ᠶᠢ ᠨᠢᠭᠡ ᠴᠤᠬᠴᠠᠵᠢᠭᠤᠯᠤᠬᠰᠠᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ | | ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠨᠢᠭᠡᠳᠦᠯᠲᠡᠶ ᠲᠦᠯᠦᠪᠵᠢᠭᠦᠯᠭᠦ ᠬᠠᠮᠢᠶᠠᠷᠤᠯᠲᠠ ᠳᠤ ᠣᠷᠣᠭᠤᠯᠤᠭᠰᠠᠨ ᠠᠵᠢᠯᠲᠠᠨ ᠠᠵᠢᠯᠴᠢᠨ ᠤ | ᠳᠠᠭᠠᠳᠬᠠᠯ ᠤᠨ ᠬᠤᠭᠤᠴᠠᠭᠠᠨ ᠳᠤ ᠪᠤᠶ ᠪᠣᠯᠤᠭᠰᠠᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠣᠯᠭᠤᠮᠵᠢ ᠶᠢ ᠪᠤᠭᠤᠲᠤ ᠬᠤᠲᠠ ᠶᠢᠨ ᠠᠵᠢᠯ ᠠᠴᠠ | ᠪᠣᠯᠤᠭᠰᠠᠨ ᠭᠡᠮᠲᠦᠯ ᠤᠨ ᠳᠠᠭᠠᠳᠬᠠᠯ ᠤᠨ ᠰᠠᠭᠤᠷᠢ ᠮᠥᠩᠭᠦ ᠠᠴᠠ ᠣᠯᠭᠤᠭᠰᠠᠨ ᠰᠠᠭᠤᠷᠢᠨ ᠳᠡᠭᠡᠷ᠎ᠡ᠂ ᠠᠵᠢᠯ ᠠᠴᠠ ᠪᠣᠯᠤᠭᠰᠠᠨ ᠭᠡᠮᠲᠦᠯ ᠤᠨ ᠨᠦᠭᠦᠪᠦᠷᠢ | ᠳᠠᠭᠠᠳᠬᠠᠯ ᠢ ᠲᠠᠭᠠᠭᠠᠨ ᠬᠦᠢᠴᠡᠳᠭᠡᠵᠦ ᠪᠠᠶᠢᠭ᠎ᠠ ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠠᠴᠠ ᠠᠵᠢᠯ ᠠᠴᠠ ᠪᠤᠯᠵᠤ ᠬᠡᠮᠳᠦᠭᠰᠡᠨ ᠠᠵᠢᠯᠲᠠᠨ | ᠠᠵᠢᠯᠴᠢᠨ ᠤ ᠡᠮᠨᠡᠯᠭᠡ ᠳᠤ ᠰᠠᠭᠤᠬᠤ ᠬᠤᠭᠤᠯᠠᠨ ᠤ ᠨᠦᠬᠦᠪᠦᠷᠢ ᠵᠠᠷᠤᠳᠠᠯ᠂ ᠠᠮᠢᠳᠤᠷᠠᠯ ᠤᠨ ᠰᠤᠪᠢᠯᠠᠯᠲᠠ ᠶᠢᠨ ᠵᠠᠷᠤᠳᠠᠯ᠂ ᠲᠤᠰᠠᠯᠠᠬᠤ ᠪᠠᠭᠠᠵᠢ ᠬᠡᠷᠡᠭᠰᠡᠯ | ᠲᠣᠬᠢᠷᠠᠭᠤᠯᠬᠤ ᠵᠠᠷᠤᠳᠠᠯ᠂ ᠵᠡᠮᠳᠡᠭ ᠤᠨ ᠨᠡᠮᠡᠭᠦᠷᠢ ᠮᠦᠡᠭᠭᠦ᠂ ᠲᠥᠷᠥᠯ ᠰᠠᠳᠤᠨ ᠢᠶᠠᠨ ᠠᠰᠠᠷᠠᠨ ᠲᠡᠵᠢᠭᠡᠬᠦ ᠲᠡᠳᠭᠦᠮᠵᠢ ᠶᠢᠨ ᠮᠥᠩᠭᠦ ᠶᠢ ᠪᠤᠭᠤᠲᠤ ᠬᠤᠲᠠ ᠶᠢᠨ | ᠠᠵᠢᠯ ᠠᠴᠠ ᠪᠣᠯᠤᠭᠰᠠᠨ ᠭᠡᠮᠲᠦᠯ ᠤᠨ ᠨᠦᠬᠦᠪᠦᠷᠢ ᠳᠠᠭᠠᠳᠬᠠᠯ ᠤᠨ ᠬᠡᠷᠡᠭᠵᠢᠭᠦᠯᠬᠦ ᠠᠷᠭ᠎ᠠ ᠳᠤ ᠲᠣᠭᠲᠠᠭᠠᠭᠰᠠᠨ ᠪᠠᠷᠢᠮᠵᠢᠶ᠎ᠠ ᠶᠣᠰᠣᠭᠠᠷ ᠳᠡᠭᠡᠭᠰᠢᠯᠡᠭᠦᠯᠦᠨ᠎ᠡ᠃ | ᠳᠠᠭᠠᠳᠬᠠᠬᠤ ᠰᠦᠢᠳᠬᠡᠯ ᠢ ᠪᠤᠭᠤᠲᠤ ᠬᠤᠲᠠ ᠶᠢᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠨᠡᠶᠢᠲᠡ ᠦᠯᠡᠳᠡᠪᠦᠷᠢ | ᠮᠥᠩᠭᠦ ᠪᠠᠷ ᠵᠣᠬᠢᠬᠤ ᠬᠠᠷᠢᠴᠠᠯ ᠢᠶᠠᠷ ᠴᠤᠭᠯᠠᠭᠤᠯᠵᠤ᠂ ᠬᠥᠮᠦᠨ ᠬᠡᠷᠡᠭᠯᠡᠬᠦ ᠨᠢᠭᠡᠴᠡ ᠵᠢᠴᠢ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠠᠰᠲᠠᠭᠠᠨ | ᠰᠦᠢᠳᠬᠡᠯ ᠲᠤᠰᠢᠶᠠᠬᠤ ᠴᠢᠬᠤᠯᠠ ᠥᠬᠡᠶ᠃ ᠡᠭᠦᠨ ᠤ ᠬᠠᠮᠲᠤ ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠶᠢᠨ ᠲᠣᠤᠷ ᠴᠡᠭ ᠣᠯᠠᠨ᠂ ᠬᠠᠮᠤᠷᠬᠤ | ᠬᠡᠪᠴᠢᠶ᠎ᠡ ᠥᠷᠭᠡᠨ᠂ ᠦᠢᠯᠡᠴᠢᠯᠡᠭᠡᠨ ᠤ ᠴᠢᠳᠠᠪᠤᠷᠢ ᠴᠢᠩᠭ᠎ᠠ ᠵᠡᠷᠭᠡ ᠳᠠᠪᠠᠭᠤᠯᠢᠭ ᠢ ᠠᠰᠢᠬᠯᠠᠨ ᠠᠵᠢᠯ ᠠᠴᠠ ᠪᠤᠯᠵᠤ ᠬᠡᠮᠳᠦᠭᠰᠡᠨ ᠠᠳᠡᠯ ᠤᠨ ᠪᠠᠶᠢᠴᠠᠭᠠᠯᠲᠠ ᠬᠢᠭᠦ᠂ | ᠡᠮᠴᠢᠯᠡᠭᠡᠨ ᠤ ᠡᠷᠡᠭᠦᠯᠵᠢᠯ ᠤᠨ ᠦᠢᠯᠡ ᠠᠵᠢᠯᠯᠠᠭ᠎ᠠ ᠶᠢ ᠲᠣᠭᠤᠷᠢᠨ ᠪᠠᠶᠢᠴᠠᠭᠠᠬᠤ᠂ ᠡᠮ ᠡᠮᠨᠡᠯᠭᠡ ᠶᠢᠨ ᠵᠠᠷᠤᠳᠠᠯ ᠤᠨ ᠫᠢᠶᠣᠣ ᠪᠠᠷᠢᠮᠲᠠ ᠶᠢ ᠬᠢᠨᠠᠨ ᠬᠠᠷᠭᠤᠭᠤᠯᠬᠤ | ᠵᠡᠷᠭᠡ ᠠᠵᠢᠯ ᠢ ᠬᠢᠬᠦ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠣᠯᠭᠤᠮᠵᠢ ᠠᠪᠴᠤ ᠪᠠᠶᠢᠭ᠎ᠠ ᠬᠥᠮᠦᠰ ᠲᠤ ᠬᠡᠷ ᠲᠤᠨᠢ ᠬᠦᠷᠴᠦ ᠣᠷᠣᠰᠢᠨ ᠠᠮᠢᠳᠤᠷᠠᠬᠤ | ᠭᠡᠷᠡᠴᠢᠯᠡᠯ ᠬᠢᠬᠦ ᠵᠡᠷᠭᠡ ᠦᠢᠯᠡᠴᠢᠯᠡᠭᠡ ᠬᠠᠩᠭᠠᠵᠤ᠂ ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠠᠵᠢᠯᠴᠢᠨ ᠤ ᠬᠡᠷᠡᠭᠴᠡᠭᠡ ᠶᠢ ᠬᠠᠮᠤᠭ ᠤᠨ ᠶᠡᠭᠡ ᠬᠡᠮᠵᠢᠶ᠎ᠡ ᠪᠠᠷ | ᠬᠠᠩᠭᠠᠵᠤ᠂ ᠬᠥᠮᠦᠨ ᠬᠡᠷᠡᠭᠯᠡᠬᠦ ᠨᠢᠭᠡᠴᠡ ᠶᠢᠨ ᠠᠵᠢᠯᠴᠢᠨ ᠬᠡᠷᠡᠭᠯᠡᠭᠦ ᠲᠦᠭᠰᠢᠭᠦᠷᠢ ᠶᠢ ᠦᠡᠳᠦᠰᠦᠨ ᠠᠴᠠ ᠨᠢ ᠪᠠᠭᠤᠷᠠᠭᠤᠯᠪᠠ᠃ http://mongol. | people.com.cn/15831968.html | |