ᠰᠢᠨᠬᠤᠧᠠ ᠰᠦᠯᠵᠢᠶᠡᠨ ᠤ ᠬᠥᠬᠡᠬᠤᠲᠠ ᠶᠢᠨ 12 ᠰᠠᠷ᠎ᠠ ᠶᠢᠨ 1 ᠤ ᠡᠳᠦᠷ ᠤᠨ ᠮᠡᠳᠡᠭᠡ ︵ᠼᠤᠤ ᠵᠧᠨ︶ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠣᠷᠴᠢᠮᠬᠠᠨ ︽ ᠤᠳᠤᠷᠢᠳᠬᠤ ᠺᠠᠳ᠋ᠷᠴᠤᠳ ᠤᠨ ᠨᠦᠬᠦᠷ ᠪᠤᠶᠤ ᠭᠡᠷᠭᠡᠢ᠂ ᠦᠷ᠎ᠡ ᠬᠡᠦᠬᠡᠳ ᠵᠢᠴᠢ ᠲᠡᠭᠦᠨ ᠤ | ᠨᠦᠬᠦᠷ ᠪᠤᠶᠤ ᠬᠡᠷᠭᠡᠢ ᠶᠢᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠨᠡᠭᠡᠭᠡᠨ ᠠᠰᠢᠬᠯᠠᠯᠳᠠ ᠳᠤ ᠣᠷᠣᠯᠴᠠᠬᠤ ᠦᠢᠯᠡ ᠠᠵᠢᠯᠯᠠᠭ᠎ᠠ ᠶᠢ ᠵᠢᠷᠤᠮᠵᠢᠭᠤᠯᠬᠤ | ᠲᠤᠬᠠᠶ ᠲᠣᠭᠲᠠᠭᠠᠯ ︵ᠲᠤᠷᠰᠢᠨ ᠬᠡᠷᠡᠭᠵᠢᠭᠦᠯᠬᠦ︶︾ ᠢ ᠳᠠᠷᠤᠮᠠᠯᠯᠠᠨ ᠲᠠᠷᠬᠠᠭᠠᠵᠤ᠂ ᠡᠷᠬᠡ ᠶᠢ ᠬᠢᠵᠠᠭᠠᠷᠯᠠᠬᠤ ᠪᠠ ᠲᠡᠭᠦᠨ ᠳᠤ ᠬᠢᠨᠠᠯᠲᠠ ᠲᠠᠯᠪᠢᠬᠤ ᠪᠠᠨ | ᠴᠢᠩᠭᠠᠳᠬᠠᠵᠤ᠂ ᠤᠳᠤᠷᠢᠳᠬᠤ ᠺᠠᠳ᠋ᠷᠴᠤᠳ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ᠂ ᠠᠷᠢᠭᠤᠨ ᠴᠢᠬᠡᠴᠢ ᠪᠠᠷ ᠡᠷᠬᠡ ᠪᠠᠨ ᠬᠡᠷᠡᠭᠯᠡᠬᠦ᠂ ᠠᠷᠢᠭᠤᠨ | ᠴᠢᠬᠡᠴᠢ ᠪᠠᠷ ᠭᠡᠷ ᠢᠶᠠᠨ ᠳᠣᠳᠣᠮᠳᠠᠬᠤ ᠶᠢ ᠠᠬᠢᠭᠤᠯᠬᠤ ᠪᠠᠷ ᠪᠤᠢ᠃ | ︽ᠲᠣᠭᠲᠠᠭᠠᠯ︾ ᠳᠤ᠂ ᠤᠳᠤᠷᠢᠳᠬᠤ ᠺᠠᠳ᠋ᠷ ᠤᠨ ᠨᠦᠬᠦᠷ ᠪᠤᠶᠤ ᠬᠡᠷᠭᠡᠢ᠂ ᠦᠷ᠎ᠡ ᠬᠡᠤᠬᠡᠳ ᠵᠢᠴᠢ ᠲᠡᠭᠦᠨ ᠤ ᠨᠦᠬᠦᠷ ᠪᠤᠶᠤ ᠬᠡᠷᠭᠡᠢ ᠨᠢ ᠲᠣᠰ | ᠤᠳᠤᠷᠢᠳᠬᠤ ᠺᠠᠳ᠋ᠷ ᠤᠨ ᠬᠠᠮᠢᠶᠠᠷᠴᠤ ᠪᠠᠶᠢᠭ᠎ᠠ ᠣᠷᠣᠨ ᠪᠦᠰᠡ ᠪᠤᠶᠤ ᠲᠤᠬᠠᠶᠢᠯᠠᠭᠰᠠᠨ ᠠᠵᠢᠯ ᠤᠨ ᠬᠡᠪᠴᠢᠶᠡᠨ ᠳᠠᠬᠢ ᠠᠭᠤᠷᠬᠠᠶ ᠶᠢᠨ ᠭᠠᠷᠤᠯᠲᠠ ᠶᠢᠨ ᠡᠬᠢ | ᠪᠠᠶᠠᠯᠢᠭ ᠤᠨ ᠨᠡᠭᠡᠭᠡᠨ ᠠᠰᠢᠬᠯᠠᠯᠳᠠ ᠳᠤ ᠣᠷᠣᠯᠴᠠᠵᠤ ᠪᠣᠯᠬᠤ ᠥᠬᠡᠶ᠂ ᠲᠣᠰ ᠤᠳᠤᠷᠢᠳᠬᠤ ᠺᠠᠳ᠋ᠷ ᠤᠨ ᠡᠷᠬᠡ ᠲᠤᠰᠢᠶᠠᠯ ᠪᠤᠶᠤ ᠲᠤᠰᠢᠶᠠᠯ ᠤᠨ ᠨᠥᠯᠥᠭᠡ ᠶᠢ | ᠠᠰᠢᠭᠯᠠᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠨᠡᠭᠡᠭᠡᠨ ᠠᠰᠢᠬᠯᠠᠯᠳᠠ ᠳᠤ ᠣᠷᠣᠯᠴᠠᠵᠤ ᠪᠣᠯᠬᠤ ᠥᠬᠡᠶ ᠭᠡᠵᠦ ᠱᠠᠭᠠᠷᠳᠠᠪᠠ᠃ | ᠠᠭᠤᠷᠬᠠᠶ ᠳᠤ ᠬᠤᠯᠪᠣᠭᠳᠠᠬᠤ ᠤᠯᠤᠰ ᠤᠨ ᠥᠮᠴᠢᠯᠡᠯᠲᠦ ᠠᠵᠤ ᠠᠬᠤᠶᠢᠯᠠᠯ ᠵᠢᠴᠢ ᠬᠤᠪᠢᠶᠠᠷᠢ ᠪᠠᠶᠢᠭᠤᠯᠤᠮᠵᠢ ᠶᠢᠨ ᠳᠤᠮᠳᠠ ᠳᠠᠪᠬᠤᠷᠭ᠎ᠠ ᠠᠴᠠ ᠳᠡᠭᠡᠭᠰᠢᠬᠢ | ᠬᠠᠮᠢᠶᠠᠷᠤᠯᠲᠠ ᠶᠢᠨ ᠠᠵᠢᠯᠲᠠᠨ ᠤ ᠨᠦᠬᠦᠷ ᠪᠤᠶᠤ ᠬᠡᠷᠭᠡᠢ ᠂ ᠦᠷ᠎ᠡ ᠬᠡᠦᠬᠡᠳ ᠵᠢᠴᠢ ᠲᠡᠭᠦᠨ ᠤ ᠨᠦᠬᠦᠷ ᠪᠤᠶᠤ ᠬᠡᠷᠭᠡᠢ ᠨᠢ ᠲᠤᠰ ᠬᠠᠮᠢᠶᠠᠷᠤᠯᠲᠠ ᠶᠢᠨ ᠠᠵᠢᠯᠲᠠᠨ ᠤ | ᠲᠤᠰᠢᠶᠠᠯ ᠡᠭᠦᠷᠭᠡᠯᠡᠵᠦ ᠪᠠᠶᠢᠭ᠎ᠠ ᠠᠵᠤ ᠠᠬᠤᠶᠢᠯᠠᠯ ᠵᠢᠴᠢ ᠬᠤᠯᠪᠣᠭᠳᠠᠬᠤ ᠠᠵᠤ ᠠᠬᠤᠶᠢᠯᠠᠯ ᠪᠤᠶᠤ ᠲᠤᠰᠢᠶᠠᠯ ᠡᠭᠦᠷᠭᠡᠯᠡᠵᠦ ᠪᠠᠶᠢᠭ᠎ᠠ ᠠᠵᠤ ᠠᠬᠤᠶᠢᠯᠠᠯ ᠯᠤᠭ᠎ᠠ | ᠲᠤᠬᠠᠶᠢᠯᠠᠭᠰᠠᠨ ᠠᠵᠢᠯ ᠤᠨ ᠬᠠᠷᠢᠴᠠᠭ᠎ᠠ ᠲᠠᠢ ᠠᠵᠤ ᠠᠬᠤᠶᠢᠯᠠᠯ ᠤᠨ ᠡᠵᠡᠩᠨᠡᠯᠲᠡ ᠶᠢᠨ ᠬᠡᠪᠴᠢᠶᠡᠨ ᠳᠠᠬᠢ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ | ᠨᠡᠭᠡᠭᠡᠨ ᠠᠰᠢᠬᠯᠠᠯᠳᠠ ᠳᠤ ᠣᠷᠣᠯᠴᠠᠵᠤ ᠪᠣᠯᠬᠤ ᠦᠭᠡᠶ ᠭᠡᠵᠦ ᠱᠠᠭᠠᠷᠳᠠᠪᠠ᠃ | ᠤᠳᠤᠷᠢᠳᠬᠤ ᠺᠠᠳ᠋ᠷ ᠠᠯᠪᠠᠨ ᠲᠤᠰᠢᠶᠠᠯ ᠠᠴᠠ ᠪᠠᠨ ᠪᠠᠭᠤᠭᠰᠠᠨ ᠪᠤᠶᠤ ᠠᠵᠢᠯ ᠠᠴᠠ ᠪᠠᠨ ᠠᠮᠠᠷᠠᠭᠰᠠᠨ ᠤ ᠲᠠᠷᠠᠭᠠᠬᠢ 3 ᠵᠢᠯ ᠤᠨ ᠳᠣᠲᠣᠷ᠎ᠠ᠂ ᠨᠦᠬᠦᠷ | ᠪᠤᠶᠤ ᠬᠡᠷᠭᠡᠢ᠂ ᠦᠷ᠎ᠡ ᠬᠡᠦᠬᠡᠳ ᠵᠢᠴᠢ ᠨᠦᠬᠦᠷ ᠪᠤᠶᠤ ᠬᠡᠷᠭᠡᠢ ᠨᠢ ᠲᠡᠭᠦᠨ ᠤ ᠤᠤᠯ ᠤᠨ ᠲᠤᠰᠢᠶᠠᠯ ᠬᠠᠷᠢᠭᠤᠴᠠᠵᠤ ᠪᠠᠶᠢᠬᠰᠠᠨ ᠣᠷᠣᠨ ᠪᠦᠰᠡ ᠪᠤᠶᠤ | ᠲᠤᠬᠠᠶᠢᠯᠠᠭᠰᠠᠨ ᠠᠵᠢᠯ ᠤᠨ ᠬᠡᠪᠴᠢᠶᠡᠨ ᠳᠠᠬᠢ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠨᠡᠭᠡᠭᠡᠨ ᠠᠰᠢᠭᠯᠠᠯᠲᠠ ᠳᠤ ᠤᠷᠤᠯᠴᠠᠵᠤ ᠪᠣᠯᠬᠤ ᠦᠭᠡᠶ ᠬᠡᠵᠦ | ᠱᠠᠭᠠᠷᠳᠠᠪᠠ᠃ | ︽ᠲᠣᠭᠲᠠᠭᠠᠯ︾ ᠳᠤ᠂ ᠲᠣᠭᠲᠠᠭᠠᠯ ᠠᠴᠠ ᠵᠥᠷᠢᠴᠡᠭᠰᠡᠨ ᠪᠠᠶᠢᠳᠠᠯ ᠣᠷᠣᠰᠢᠵᠤ ᠪᠠᠶᠢᠬᠤ ᠳᠤ ᠬᠦᠷᠪᠡᠯ᠂ ᠤᠳᠤᠷᠢᠳᠬᠤ ᠺᠠᠳ᠋ᠷᠴᠤᠳ ᠲᠣᠭᠲᠠᠭᠠᠯ ᠶᠣᠰᠣᠭᠠᠷ | ᠵᠠᠯᠠᠷᠠᠭᠤᠯᠵᠤ᠂ ᠨᠦᠬᠦᠷ ᠪᠤᠶᠤ ᠬᠡᠷᠭᠡᠢ᠂ ᠦᠷ᠎ᠡ ᠬᠡᠦᠬᠡᠳ ᠵᠢᠴᠢ ᠨᠦᠬᠦᠷ ᠪᠤᠶᠤ ᠬᠡᠷᠭᠡᠢ ᠪᠠᠨ ᠰᠢᠪᠠᠳᠠᠵᠤ ᠪᠠᠶᠢᠭᠠᠳ ᠠᠭᠤᠷᠬᠠᠶ ᠶᠢᠨ ᠭᠠᠷᠤᠯᠲᠠ ᠶᠢᠨ ᠡᠬᠢ | ᠪᠠᠶᠠᠯᠢᠭ ᠤᠨ ᠨᠡᠭᠡᠭᠡᠨ ᠠᠰᠢᠭᠯᠠᠯᠳᠡ ᠶᠢᠨ ᠠᠵᠢᠯ ᠠᠴᠠ ᠭᠠᠷᠭᠠᠬᠤ ᠬᠡᠷᠡᠭᠲᠡᠶ︔ ᠵᠠᠯᠠᠷᠠᠭᠤᠯᠬᠤ ᠶᠢ ᠲᠡᠪᠴᠢᠬᠦ ᠳᠤ ᠬᠦᠷᠪᠡᠯ᠂ ᠲᠤᠰ ᠬᠥᠮᠦᠨ ᠨᠢ ᠤᠳᠤ ᠶᠢᠨ | ᠲᠤᠰᠢᠶᠠᠯ ᠠᠴᠠ ᠪᠠᠨ ᠪᠠᠭᠤᠬᠤ ᠪᠤᠶᠤ ᠵᠣᠬᠢᠶᠠᠨ ᠪᠠᠶᠢᠭᠤᠯᠤᠯᠲᠠ ᠠᠴᠠ ᠲᠤᠰᠢᠶᠠᠯ ᠢ ᠨᠢ ᠲᠤᠬᠢᠷᠠᠭᠤᠯᠬᠤ ᠬᠡᠷᠡᠭᠲᠡᠢ︔ ᠣᠳᠣ ᠶᠢᠨ ᠲᠤᠰᠢᠶᠠᠯ ᠠᠴᠠ ᠪᠠᠨ ᠪᠠᠭᠤᠬᠤ | ᠦᠭᠡᠶ ᠪᠤᠶᠤ ᠵᠣᠬᠢᠶᠠᠨ ᠪᠠᠶᠢᠭᠤᠯᠤᠯᠲᠠ ᠶᠢᠨ ᠲᠣᠬᠢᠷᠠᠭᠤᠯᠤᠭᠰᠠᠨ ᠲᠤᠰᠢᠶᠠᠯ ᠢ ᠳᠠᠭᠠᠬᠤ ᠦᠭᠡᠶ ᠳᠤ ᠬᠦᠷᠪᠡᠯ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠤᠰ | ᠤᠳᠤᠷᠢᠳᠬᠤ ᠺᠠᠳ᠋ᠷ ᠢ ᠰᠢᠢᠳᠪᠦᠷᠢᠯᠡᠬᠦ ᠬᠡᠷᠡᠭᠲᠡᠶ ᠭᠡᠵᠦ ᠱᠠᠭᠠᠷᠳᠠᠵᠠᠢ᠃ | ︽ᠲᠣᠭᠲᠠᠭᠠᠯ︾ ᠳᠤ᠂ ᠪᠠᠰᠠ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠨᠢ ᠲᠤᠰ ᠭᠠᠵᠠᠷ ᠣᠷᠣᠨ ᠲᠤᠰ ᠰᠠᠯᠠᠭ᠎ᠠ | ᠮᠥᠴᠢᠷ ᠲᠤᠰ ᠨᠢᠭᠡᠴᠡ ᠶᠢᠨ ᠢᠶᠠᠨ ᠤᠳᠤᠷᠢᠳᠬᠤ ᠺᠠᠳ᠋ᠷᠴᠤᠳ ᠤᠨ ᠬᠥᠮᠦᠵᠢᠯ᠂ ᠬᠠᠮᠢᠶᠠᠷᠤᠯᠲᠠ ᠪᠠ ᠬᠢᠨᠠᠯᠲᠠ ᠲᠠᠯᠪᠢᠯᠳᠠ ᠶᠢ ᠴᠢᠩᠭᠠᠳᠬᠠᠵᠤ᠂ ᠤᠳᠤᠷᠢᠳᠬᠤ | ᠺᠠᠳ᠋ᠷᠴᠤᠳ ᠤᠨ ᠨᠦᠬᠦᠷ ᠪᠤᠶᠤ ᠬᠡᠷᠭᠡᠢ᠂ ᠦᠷ᠎ᠡ ᠬᠡᠦᠬᠡᠳ ᠵᠢᠴᠢ ᠲᠡᠭᠦᠨ ᠤ ᠨᠦᠬᠦᠷ ᠪᠤᠶᠤ ᠬᠡᠷᠭᠡᠢ ᠶᠢᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ | ᠨᠡᠭᠡᠭᠡᠨ ᠠᠰᠢᠬᠯᠠᠯᠳᠠ ᠳᠤ ᠣᠷᠣᠯᠴᠠᠬᠤ ᠦᠢᠯᠡ ᠠᠵᠢᠯᠯᠠᠭ᠎ᠠ ᠶᠢ ᠰᠢᠪᠠᠳᠠᠬᠤ ᠬᠡᠷᠡᠭᠲᠡᠶ᠃ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠠᠵᠢᠯᠲᠠᠨ ᠤ ᠶᠠᠪᠤᠳᠠᠯ ᠤᠨ | ᠰᠠᠯᠠᠭ᠎ᠠ ᠮᠥᠴᠢᠷ ᠤᠳ ᠨᠢ ᠤᠳᠤᠷᠢᠳᠬᠤ ᠺᠠᠳ᠋ᠷ ᠤᠨ ᠨᠦᠬᠦᠷ ᠪᠤᠶᠤ ᠬᠡᠷᠭᠡᠢ᠂ ᠦᠷ᠎ᠡ ᠬᠡᠦᠬᠡᠳ ᠵᠢᠴᠢ ᠲᠡᠭᠦᠨ ᠤ ᠨᠥᠬᠦᠷ ᠪᠤᠶᠤ ᠬᠡᠷᠭᠡᠢ ᠶᠢᠨ ᠠᠭᠤᠷᠬᠠᠶ ᠶᠢᠨ | ᠭᠠᠷᠤᠯᠲᠠ ᠶᠢᠨ ᠡᠬᠢ ᠪᠠᠶᠠᠯᠢᠭ ᠤᠨ ᠨᠡᠭᠡᠭᠡᠨ ᠠᠰᠢᠬᠯᠠᠯᠳᠠ ᠳᠤ ᠤᠷᠤᠯᠴᠠᠬᠤ ᠦᠢᠯᠡ ᠠᠵᠢᠯᠯᠠᠭ᠎ᠠ ᠶᠢ ᠺᠠᠳ᠋ᠷ ᠢ ᠬᠢᠨᠠᠨ ᠪᠠᠶᠢᠴᠠᠭᠠᠵᠤ ᠬᠢᠨᠠᠨ ᠰᠢᠯᠭᠠᠬᠤ᠂ | ᠤᠳᠤᠷᠢᠳᠬᠤ ᠺᠠᠳ᠋ᠷ ᠤᠨ ᠬᠤᠪᠢ ᠬᠥᠮᠦᠨ ᠤ ᠬᠤᠯᠪᠣᠭᠳᠠᠯ ᠪᠦᠬᠦᠢ ᠤᠴᠢᠷ ᠶᠠᠪᠤᠳᠠᠯ ᠢᠶᠠᠨ ᠮᠡᠳᠡᠭᠦᠯᠵᠦ ᠬᠢᠨᠠᠨ ᠬᠠᠷᠭᠤᠭᠤᠯᠬᠤ ᠶᠢᠨ ᠴᠢᠬᠤᠯᠠ ᠠᠭᠤᠯᠭ᠎ᠠ | ᠪᠣᠯᠭᠠᠵᠤ᠂ ᠡᠳᠦᠷ ᠲᠤᠲᠤᠮ ᠤᠨ ᠬᠠᠮᠢᠶᠠᠷᠤᠯᠲᠠ ᠪᠠ ᠬᠢᠨᠠᠯᠲᠠ ᠲᠠᠯᠪᠢᠯᠲᠠ ᠪᠠᠨ ᠴᠢᠩᠭᠠᠷᠠᠭᠤᠯᠬᠤ ᠬᠡᠷᠡᠭᠲᠡᠶ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠪᠠᠶᠢᠭᠤᠯᠤᠯᠭ᠎ᠠ᠂ ᠲᠣᠭᠤᠷᠢᠨ ᠪᠠᠶᠢᠴᠠᠭᠠᠬᠤ ᠪᠠᠶᠢᠭᠤᠯᠤᠮᠵᠢ ᠪᠣᠯᠤᠨ ᠬᠢᠨᠠᠨ ᠪᠣᠳᠣᠬᠤ ᠪᠠᠶᠢᠭᠤᠯᠤᠯᠭ᠎ᠠ ᠨᠤᠭᠤᠳ ᠨᠢ ᠬᠡᠷᠡᠭ ᠢ ᠪᠠᠶᠢᠴᠠᠭᠠᠬᠤ᠂ ᠲᠣᠭᠤᠷᠢᠨ | ᠪᠠᠶᠢᠴᠠᠭᠠᠬᠤ ᠴᠠᠬᠳᠠᠨ ᠪᠠᠶᠢᠴᠠᠭᠠᠬᠤ ᠪᠠ ᠬᠢᠨᠠᠨ ᠪᠣᠳᠣᠬᠤ ᠠᠵᠢᠯ ᠤᠨ ᠳᠤᠮᠳᠠ᠂ ᠤᠳᠤᠷᠢᠳᠬᠤ ᠺᠠᠳ᠋ᠷ ᠦᠨᠡᠨ ᠪᠣᠳᠠᠲᠠᠶ ᠪᠠᠷ ᠮᠡᠳᠡᠭᠦᠯᠦᠭᠰᠡᠨ ᠦᠭᠡᠶ᠂ ᠨᠥᠬᠦᠷ | ᠪᠤᠶᠤ ᠬᠡᠷᠭᠡᠢ᠂ ᠦᠷ᠎ᠡ ᠬᠡᠦᠬᠡᠳ ᠵᠢᠴᠢ ᠲᠡᠭᠦᠨ ᠤ ᠨᠥᠬᠦᠷ ᠪᠤᠶᠤ ᠬᠡᠷᠭᠡᠢ ᠶᠢᠨ ᠲᠣᠭᠲᠠᠭᠠᠯ ᠠᠴᠠ ᠵᠥᠷᠢᠴᠡᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ | ᠨᠡᠭᠡᠭᠡᠨ ᠠᠰᠢᠬᠯᠠᠯᠳᠡ ᠳᠤ ᠣᠷᠣᠯᠴᠠᠭᠰᠠᠨ ᠠᠰᠠᠭᠤᠳᠠᠯ ᠢ ᠴᠠᠬ ᠲᠤᠬᠠᠢ ᠳᠤᠨᠢ ᠵᠠᠯᠠᠷᠠᠭᠤᠯᠤᠬᠰᠠᠨ ᠦᠭᠡᠢ ᠶᠢ ᠤᠯᠵᠤ ᠮᠡᠳᠡᠪᠡᠯ ᠂ ᠬᠤᠯᠪᠣᠭᠳᠠᠯ ᠪᠦᠬᠦᠢ | ᠲᠣᠭᠲᠠᠭᠠᠯ ᠢ ᠦᠨᠳᠦᠰᠦᠯᠡᠨ ᠴᠢᠩᠭ᠎ᠠ ᠰᠢᠢᠳᠪᠦᠷᠢᠯᠡᠬᠦ ᠬᠡᠷᠡᠭᠲᠡᠶ᠃ ᠤᠳᠤᠷᠢᠳᠬᠤ ᠺᠠᠳ᠋ᠷ ᠨᠢ ᠵᠢᠯ ᠪᠦᠷᠢ ᠠᠷᠠᠳᠴᠢᠯᠠᠭᠰᠠᠨ ᠠᠮᠢᠳᠤᠷᠠᠯ ᠤᠨ ᠬᠤᠷᠠᠯ ᠪᠤᠶᠤ ᠵᠣᠬᠢᠶᠠᠨ | ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠡᠭᠡᠷ᠎ᠡ ᠨᠦᠬᠦᠷ ᠪᠤᠶᠤ ᠬᠡᠷᠭᠡᠢ᠂ ᠦᠷ᠎ᠡ ᠬᠡᠦᠬᠡᠳ ᠵᠢᠴᠢ ᠨᠦᠬᠦᠷ ᠪᠤᠶᠤ ᠬᠡᠷᠭᠡᠢ ᠶᠢᠨ ᠢᠶᠠᠨ ᠠᠭᠤᠷᠬᠠᠢ ᠶᠢᠨ | ᠭᠠᠷᠤᠯᠲᠠ ᠶᠢᠨ ᠡᠬᠢ ᠪᠠᠶᠠᠯᠢᠭ ᠤᠨ ᠨᠡᠭᠡᠭᠡᠨ ᠠᠰᠢᠭᠯᠠᠯᠳᠡ ᠳᠤ ᠣᠷᠣᠯᠴᠠᠭᠰᠠᠨ ᠪᠠᠶᠢᠳᠠᠯ ᠤᠨ ᠲᠤᠬᠠᠢ ᠲᠣᠳᠣᠷᠬᠠᠶᠢᠯᠠᠯᠲᠠ ᠬᠢᠬᠦ ᠬᠡᠷᠡᠭᠲᠡᠢ ᠬᠡᠵᠦ ᠱᠠᠭᠠᠷᠳᠠᠬᠰᠠᠨ | ᠪᠠᠶᠢᠨ᠎ᠠ᠃ http://mongol.people.com.cn/15831560.html | |