ᠰᠢᠨᠬᠤᠸᠠ ᠬᠤᠷᠢᠶᠠᠨ ᠤ ᠪᠡᠭᠡᠵᠢᠩ ᠤᠨ 11 ᠰᠠᠷ᠎ᠠ ᠶᠢᠨ 24 ᠤ ᠡᠳᠤᠷ ᠤᠨ ᠮᠡᠳᠡᠭᠡ ᠤᠶᠢᠷ᠎ᠠ ᠳᠤ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ | ᠲᠢᠩᠭᠢᠮ ︽ᠨᠠᠰᠤᠲᠠᠶᠢᠴᠤᠳ ᠤᠶᠤᠨᠴᠢ ᠮᠡᠷᠭᠡᠵᠢᠯ ᠢ ᠬᠡᠷᠡᠭᠯᠡᠬᠦ ᠳᠤ ᠬᠦᠴᠢᠷᠲᠡᠢ ᠪᠠᠶᠢᠭ᠎ᠠ ᠠᠰᠠᠭᠤᠳᠠᠯ ᠢ ᠦᠨᠡᠨᠬᠦ ᠰᠢᠢᠳᠪᠤᠷᠢᠯᠡᠬᠦ ᠲᠤᠬᠠᠢ ᠬᠡᠷᠡᠭᠵᠢᠭᠦᠯᠬᠦ ᠲᠦᠰᠦᠯ︾ | ︵ᠲᠤᠷᠤᠭᠰᠢ ︽ᠬᠡᠷᠡᠭᠵᠢᠭᠦᠯᠬᠦ ᠲᠦᠰᠦᠯ︾ ᠭᠡᠵᠦ ᠲᠦᠭᠦᠮᠴᠢᠯᠡᠨ᠎ᠡ︶ ᠢ ᠲᠠᠷᠤᠮᠠᠯᠯᠠᠨ ᠲᠠᠷᠬᠠᠭᠠᠵᠦ᠂ ᠨᠠᠰᠤᠲᠠᠶᠢᠴᠤᠳ ᠤᠶᠤᠨᠴᠢ ᠮᠡᠷᠭᠡᠵᠢᠯ ᠢ ᠬᠡᠷᠡᠭᠯᠡᠬᠦ ᠳᠤ | ᠬᠦᠴᠢᠷᠳᠡᠵᠦ ᠪᠠᠶᠢᠭ᠎ᠠ ᠠᠰᠠᠭᠤᠳᠠᠯ ᠢ ᠤᠯᠠᠮ ᠨᠢᠭᠡ ᠠᠯᠬᠤᠮ ᠰᠢᠢᠳᠪᠤᠷᠢᠯᠡᠵᠦ᠂ ᠤᠯᠠᠮᠵᠢᠯᠠᠯᠳᠤ ᠦᠢᠯᠡᠴᠢᠯᠡᠭᠡᠨ ᠤ ᠬᠡᠯᠪᠡᠷᠢ ᠪᠤᠯᠤᠨ ᠤᠶᠤᠨᠴᠢᠯᠠᠭᠰᠠᠨ | ᠦᠢᠯᠡᠴᠢᠯᠡᠭᠡᠨ ᠤ ᠡᠭᠦᠳᠦᠯᠲᠡ ᠶᠢ ᠵᠡᠷᠭᠡᠴᠡᠭᠦᠯᠦᠨ ᠶᠡᠪᠤᠭᠳᠠᠭᠤᠯᠬᠤ ᠶᠢ ᠪᠠᠷᠢᠮᠲᠠᠯᠠᠵᠦ᠂ ᠨᠠᠰᠤᠲᠠᠶᠢᠴᠤᠳ ᠲᠤ ᠨᠡᠩ ᠪᠦᠷᠢᠨ ᠭᠦᠢᠴᠡᠳ᠂ ᠨᠡᠩ ᠲᠤᠲᠤᠨᠤ᠂ ᠨᠡᠩ | ᠰᠢᠭᠤᠳ ᠲᠦᠬᠦᠮ ᠦᠢᠯᠡᠴᠢᠯᠡᠭᠡ ᠬᠠᠩᠭᠠᠬᠤ ᠪᠠᠶᠢᠷᠢᠯᠠᠭᠤᠯᠤᠯᠲᠠ ᠬᠢᠵᠠᠢ᠃ | ︽ᠬᠡᠷᠡᠭᠵᠢᠭᠦᠯᠬᠦ ᠲᠦᠰᠦᠯ︾ ᠳᠤ ᠵᠢᠭᠠᠵᠦ ᠭᠠᠷᠭᠠᠭᠰᠠᠨ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭᠳᠤ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠤᠯᠤᠨ ᠠᠷᠪᠠ ᠶᠢᠰᠦᠳᠦᠭᠡᠷ ᠬᠤᠭᠤᠴᠠᠭᠠᠨ | ᠤ ᠲᠦᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠦᠷᠪᠡᠳᠦᠭᠡᠷ᠂ ᠲᠠᠪᠤᠳᠤᠭᠠᠷ ᠪᠦᠭᠦᠳᠡ ᠬᠤᠷᠠᠯᠳᠤᠭᠠᠨ ᠤ ᠵᠤᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠵᠦ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠲᠡ ᠶᠢᠨ ᠦᠵᠡᠯᠲᠡ ᠶᠢ ᠪᠠᠷᠢᠮᠲᠠᠯᠠᠵᠦ᠂ ᠠᠷᠠᠳ ᠲᠦᠮᠡᠨ ᠤ ᠡᠳᠤᠷ ᠢᠷᠡᠭᠦᠶ᠎ᠡ ᠨᠡᠮᠡᠭᠳᠡᠵᠦ | ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠵᠦ᠂ ᠨᠠᠰᠤᠲᠠᠶᠢᠴᠤᠳ ᠤᠨ ᠬᠡᠷᠡᠭᠴᠡᠭᠡ ᠶᠢ ᠭᠦᠢᠴᠡᠳ ᠬᠠᠷᠠᠭᠠᠯᠵᠠᠵᠦ ᠴᠢᠳᠠᠬᠤ ᠤᠬᠠᠭᠠᠨᠳᠤ | ᠨᠡᠶᠢᠭᠡᠮ ᠤᠨ ᠪᠠᠶᠢᠭᠤᠯᠤᠯᠲᠠ ᠶᠢ ᠪᠠᠷᠢᠮᠲᠠᠯᠠᠵᠦ᠂ ᠤᠯᠠᠮᠵᠢᠯᠠᠯᠳᠤ ᠦᠢᠯᠡᠴᠢᠯᠡᠭᠡᠨ ᠤ ᠬᠡᠯᠪᠡᠷᠢ ᠪᠤᠯᠤᠨ ᠤᠶᠤᠨᠴᠢᠯᠠᠭᠰᠠᠨ ᠦᠢᠯᠡᠴᠢᠯᠡᠭᠡᠨ ᠤ ᠡᠭᠦᠳᠦᠯᠲᠡ ᠶᠢ | ᠵᠡᠷᠭᠡᠴᠡᠭᠦᠯᠦᠨ ᠶᠡᠪᠤᠭᠳᠠᠭᠤᠯᠬᠤ ᠶᠢ ᠪᠠᠷᠢᠮᠲᠠᠯᠠᠵᠦ᠂ ᠨᠠᠰᠤᠲᠠᠶᠢᠴᠤᠳ ᠤᠶᠤᠨᠴᠢ ᠮᠡᠷᠭᠡᠵᠢᠯ ᠢ ᠬᠡᠷᠡᠭᠯᠡᠬᠦ ᠳᠤ ᠲᠤᠯᠭᠠᠷᠠᠵᠦ ᠪᠠᠶᠢᠭ᠎ᠠ ᠬᠦᠴᠢᠷᠲᠡᠯ ᠢ ᠦᠨᠡᠨᠬᠦ | ᠰᠢᠢᠳᠪᠤᠷᠢᠯᠡᠬᠦ ᠬᠡᠷᠡᠭᠲᠡᠢ᠃ ᠬᠢᠵᠢᠭ ᠢ ᠰᠡᠷᠭᠡᠶᠢᠯᠡᠨ ᠬᠤᠷᠢᠭᠯᠠᠬᠤ ᠪᠠ ᠠᠵᠦ ᠠᠬᠤᠢ ᠨᠡᠶᠢᠭᠡᠮ ᠤᠨ ᠬᠦᠭᠵᠢᠯᠲᠡ ᠶᠢᠨ ᠠᠵᠢᠯ ᠳᠤ ᠵᠤᠬᠢᠴᠠᠭᠤᠯᠵᠦ᠂ | ᠨᠠᠰᠤᠲᠠᠶᠢᠴᠤᠳ ᠤᠨ ᠡᠳᠤᠷ ᠲᠤᠲᠤᠮ ᠤᠨ ᠠᠮᠢᠳᠤᠷᠠᠯ ᠳᠤ ᠤᠯᠠᠨ ᠲᠤᠬᠢᠶᠠᠯᠳᠤᠬᠤ ᠵᠥᠢᠯ ᠳᠤ ᠠᠩᠬᠠᠷᠤᠯ ᠲᠠᠯᠪᠢᠵᠦ᠂ ᠤᠯᠠᠮᠵᠢᠯᠠᠯᠳᠤ ᠦᠢᠯᠡᠴᠢᠯᠡᠭᠡᠨ ᠤ | ᠬᠡᠯᠪᠡᠷᠢ ᠪᠤᠯᠤᠨ ᠤᠶᠤᠨᠴᠢᠯᠠᠭᠰᠠᠨ ᠦᠢᠯᠡᠴᠢᠯᠡᠭᠡᠨ ᠤ ᠡᠭᠦᠳᠦᠯᠲᠡ ᠶᠢ ᠤᠶᠠᠯᠳᠤᠭᠤᠯᠬᠤ᠂ ᠡ᠊ᠩ ᠤᠨ ᠬᠡᠷᠡᠭᠯᠡᠭᠡ ᠪᠠ ᠲᠦᠷᠦᠯ ᠠᠩᠭᠢᠯᠠᠬᠤ ᠶᠢ ᠤᠶᠠᠯᠳᠤᠭᠤᠯᠬᠤ᠂ | ᠰᠦᠯᠵᠢᠶᠡᠨ ᠦᠢᠯᠡᠴᠢᠯᠡᠭᠡ ᠪᠠ ᠰᠦᠯᠵᠢᠶᠡᠨ ᠭᠠᠳᠠᠨᠠᠬᠢ ᠵᠠᠮ ᠰᠤᠪᠠᠭ ᠢ ᠤᠶᠠᠯᠳᠤᠭᠤᠯᠬᠤ᠂ ᠲᠤᠪᠤᠶᠢᠮ᠎ᠠ ᠠᠰᠠᠭᠤᠳᠠᠯ ᠢ ᠰᠢᠢᠳᠪᠤᠷᠢᠯᠡᠬᠦ ᠪᠠ ᠤᠷᠳᠤ ᠤᠳᠠᠭᠠᠨ | ᠦᠢᠯᠡᠴᠢᠯᠡᠯ ᠲᠠᠢ ᠲᠤᠭᠲᠠᠴᠠ ᠶᠢ ᠤᠶᠠᠯᠳᠤᠭᠤᠯᠬᠤ ᠶᠢ ᠪᠠᠷᠢᠮᠲᠠᠯᠠᠵᠦ᠂ ᠨᠠᠰᠤᠲᠠᠶᠢᠴᠤᠳ ᠲᠤ ᠦᠢᠯᠡᠴᠢᠯᠡᠬᠦ ᠡᠯ᠎ᠡ ᠵᠥᠢᠯ ᠤᠨ ᠠᠵᠢᠯ ᠢ ᠨᠠᠷᠢᠨ ᠪᠤᠳᠠᠲᠠᠢ ᠬᠢᠵᠦ᠂ | ᠰᠤᠷᠠᠭ ᠵᠠᠩᠭᠢᠵᠢᠯᠲᠠ ᠶᠢᠨ ᠬᠦᠭᠵᠢᠯᠲᠡ ᠲᠤᠮᠳᠠ ᠨᠠᠰᠤᠲᠠᠶᠢᠴᠤᠳ ᠢ ᠨᠡᠩ ᠢᠯᠡᠭᠦᠦ ᠬᠦᠷᠲᠡᠮᠵᠢᠳᠤ ᠲᠦᠷᠦᠭᠳᠡᠯ᠂ ᠵᠤᠯ ᠵᠢᠷᠭᠠᠯᠳᠤ ᠲᠦᠷᠦᠭᠳᠡᠯ᠂ ᠠᠮᠤᠷ | ᠲᠠᠶᠢᠪᠤᠩ ᠲᠦᠷᠦᠭᠳᠡᠯ ᠲᠠᠢ ᠪᠤᠯᠭᠠᠬᠤ ᠬᠡᠷᠡᠭᠲᠡᠢ ᠭᠡᠵᠡᠢ᠃ | ︽ ᠬᠡᠷᠡᠭᠵᠢᠭᠦᠯᠬᠦ ᠲᠦᠰᠦᠯ︾ ᠳᠤ ᠲᠤᠷᠠᠳᠤᠭᠰᠠᠨ ᠨᠢ᠂ ᠲᠦᠷᠦ ᠶᠢᠨ ᠪᠤᠲᠤᠯᠭ᠎ᠠ ᠶᠢᠨ ᠵᠢᠯᠤᠭᠤᠳᠤᠮᠵᠢ ᠪᠠ ᠪᠦᠬᠦ ᠨᠡᠶᠢᠭᠡᠮ ᠤᠨ ᠬᠠᠮᠳᠤ ᠶᠢᠨ | ᠴᠢᠷᠮᠠᠶᠢᠯᠭ᠎ᠠ ᠪᠠᠷ᠂ ᠨᠠᠰᠤᠲᠠᠶᠢᠴᠤᠳ ᠤᠶᠤᠨᠴᠢ ᠮᠡᠷᠭᠡᠵᠢᠯ ᠢ ᠬᠡᠷᠡᠭᠯᠡᠬᠦ ᠳᠤ ᠬᠦᠴᠢᠷᠳᠡᠵᠦ ᠪᠠᠶᠢᠭ᠎ᠠ ᠠᠰᠠᠭᠤᠳᠠᠯ ᠢ ᠪᠦᠳᠦᠮᠵᠢᠲᠠᠢ ᠰᠢᠢᠳᠪᠤᠷᠢᠯᠡᠵᠦ᠂ ᠦᠷᠭᠡᠨ | ᠤᠯᠠᠨ ᠨᠠᠰᠤᠲᠠᠶᠢᠴᠤᠤᠯ ᠢ ᠤᠬᠠᠭᠠᠨᠳᠤ ᠨᠡᠶᠢᠭᠡᠮ ᠳᠤ ᠨᠡᠩ ᠰᠠᠶᠢᠨ ᠵᠤᠬᠢᠴᠠᠭᠤᠯᠬᠤ ᠬᠡᠷᠡᠭᠲᠡᠢ᠃ 2020 ᠤᠨ ᠤ ᠡᠴᠦᠰ ᠠᠴᠠ ᠡᠮᠤᠨ᠎ᠡ᠂ ᠡᠯ᠎ᠡ ᠲᠦᠷᠦᠯ ᠤᠨ | ᠤᠯᠠᠮᠵᠢᠯᠠᠯᠳᠤ ᠦᠢᠯᠡᠴᠢᠯᠡᠭᠡ ᠶᠢ ᠬᠦᠴᠦ ᠪᠠᠨ ᠲᠦᠪᠯᠡᠷᠡᠭᠦᠯᠦᠨ ᠰᠠᠶᠢᠳᠤᠷ ᠪᠠᠲᠤᠯᠠᠵᠦ᠂ ᠨᠠᠰᠤᠲᠠᠶᠢᠴᠤᠳ ᠤᠶᠤᠨᠴᠢ ᠮᠡᠷᠭᠡᠵᠢᠯ ᠢ ᠬᠡᠷᠡᠭᠯᠡᠬᠦ ᠳᠤ ᠬᠠᠮᠤᠭ ᠪᠠᠴᠢᠮ | ᠲᠤᠯᠭᠠᠷᠠᠵᠦ ᠪᠠᠶᠢᠭ᠎ᠠ ᠠᠰᠠᠭᠤᠳᠠᠯ ᠢ ᠰᠢᠢᠳᠪᠤᠷᠢᠯᠡᠬᠦ ᠨᠢᠭᠡ ᠪᠦᠯᠦᠭ ᠪᠦᠳᠦᠮᠵᠢᠲᠠᠢ ᠠᠷᠭ᠎ᠠ ᠪᠠᠷᠢᠯ ᠢ ᠰᠡᠳᠤᠨ ᠭᠠᠷᠭᠠᠵᠦ᠂ ᠨᠠᠰᠤᠲᠠᠶᠢᠴᠤᠳ ᠤᠨ ᠦᠨᠳᠦᠰᠦᠨ | ᠠᠮᠢᠳᠤᠷᠠᠯ ᠤᠨ ᠬᠡᠷᠡᠭᠴᠡᠭᠡ ᠶᠢ ᠦᠨᠡᠨᠬᠦ ᠬᠠᠩᠭᠠᠬᠤ ᠬᠡᠷᠡᠭᠲᠡᠢ᠃ 2021 ᠤᠨ ᠤ ᠡᠴᠦᠰ ᠠᠴᠠ ᠡᠮᠤᠨ᠎ᠡ᠂ ᠨᠠᠰᠤᠲᠠᠶᠢᠴᠤᠳ ᠲᠤ ᠤᠯᠠᠨ ᠲᠤᠬᠢᠶᠠᠯᠳᠤᠬᠤ ᠵᠥᠢᠯ | ᠤᠨ ᠲᠤᠭᠤᠷᠢᠨ ᠳᠤ ᠨᠠᠰᠤᠲᠠᠶᠢᠴᠤᠳ ᠲᠤ ᠬᠦᠷᠲᠡᠭᠡᠬᠦ ᠤᠶᠤᠨᠴᠢᠯᠠᠭᠰᠠᠨ ᠦᠢᠯᠡᠴᠢᠯᠡᠭᠡ ᠶᠢ ᠨᠡᠩ ᠲᠦᠭᠡᠮᠡᠯᠵᠢᠭᠦᠯᠵᠦ᠂ ᠤᠯᠠᠮᠵᠢᠯᠠᠯᠳᠤ ᠦᠢᠯᠡᠴᠢᠯᠡᠭᠡ ᠶᠢᠨ | ᠬᠡᠯᠪᠡᠷᠢ ᠨᠡᠩ ᠲᠡᠭᠦᠯᠳᠡᠷᠵᠢᠭᠰᠡᠨ ᠪᠠᠶᠢᠬᠤ ᠬᠡᠷᠡᠭᠲᠡᠢ᠃ 2022 ᠤᠨ ᠤ ᠡᠴᠦᠰ ᠠᠴᠠ ᠡᠮᠤᠨ᠎ᠡ᠂ ᠨᠠᠰᠤᠲᠠᠶᠢᠴᠤᠳ ᠲᠤ ᠬᠦᠷᠲᠡᠭᠡᠬᠦ ᠤᠶᠤᠨᠴᠢᠯᠠᠭᠰᠠᠨ | ᠦᠢᠯᠡᠴᠢᠯᠡᠭᠡ ᠶᠢᠨ ᠬᠢᠷᠢ ᠲᠦᠪᠰᠢᠨ ᠢ ᠮᠡᠳᠡᠭᠳᠡᠭᠦᠶᠢᠴᠡ ᠰᠠᠶᠢᠵᠢᠷᠠᠭᠤᠯᠵᠦ᠂ ᠲᠦᠭᠦᠮ ᠲᠦᠲᠡ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠦᠯᠵᠢᠶᠡᠨ | ᠳᠡᠭᠡᠷᠡᠬᠢ ᠪᠠ ᠰᠦᠯᠵᠢᠶᠡᠨ ᠭᠠᠳᠠᠨᠠᠬᠢ ᠦᠢᠯᠡᠴᠢᠯᠡᠭᠡ ᠶᠢ ᠨᠡᠩ ᠪᠦᠳᠦᠮᠵᠢᠲᠡᠢ ᠪᠤᠯᠭᠠᠵᠦ᠂ ᠨᠠᠰᠤᠲᠠᠶᠢᠴᠤᠳ ᠲᠤ ᠲᠤᠯᠭᠠᠷᠠᠭᠰᠠᠨ ︽ ᠲᠤᠭᠠᠴᠢᠯᠠᠯ ᠤᠨ ᠠᠩ | ᠵᠠᠪᠰᠠᠷ︾ ᠤᠨ ᠠᠰᠠᠭᠤᠳᠠᠯ ᠢ ᠰᠢᠢᠳᠪᠤᠷᠢᠯᠡᠬᠦ ᠤᠷᠳᠤ ᠤᠳᠠᠭᠠᠨ ᠤ ᠲᠤᠭᠲᠠᠴᠠ ᠶᠢ ᠦᠨᠳᠦᠰᠦᠨ ᠳᠡᠭᠡᠨ ᠪᠠᠶᠢᠭᠤᠯᠬᠤ ᠬᠡᠷᠡᠭᠲᠡᠢ ᠬᠡᠪᠡ᠃ http: | //mongol.people.com.cn/15830919.html | |