ᠠᠶᠤᠯ ᠦᠭᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢᠨ ᠳᠦᠷᠢᠮ
ᠨᠡᠶᠢᠲᠡᠯᠡᠭᠰᠡᠨ ᠴᠠᠭ᠄
2021/1/11
   ᠨᠢᠭᠡᠳᠦᠭᠡᠷ ᠵᠣᠷᠪᠣᠰ  ᠠᠶᠤᠯ ᠥᠬᠡᠢ ᠦᠢᠯᠡᠳᠪᠦᠷᠢᠯᠡᠯ ᠤᠨ ᠨᠥᠬᠦᠴᠡᠯ ᠢ ᠴᠢᠩᠭ᠎ᠠ ᠵᠢᠷᠤᠮᠵᠢᠭᠤᠯᠤᠨ᠂ ᠠᠶᠤᠯ ᠥᠬᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯ ᠥᠬᠡᠢ ᠦᠢᠯᠡᠳᠪᠦᠷᠢᠯᠡᠯ ᠤᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠲᠤᠰ ᠳᠦᠷᠢᠮ ᠢ ᠲᠣᠭᠲᠠᠭᠠᠪᠠ᠃    ᠬᠤᠶᠠᠳᠤᠭᠠᠷ ᠵᠣᠷᠪᠣᠰ  ᠤᠯᠤᠰ ᠠᠴᠠ ᠠᠭᠤᠷᠬᠠᠢ ᠶᠢᠨ ᠠᠵᠤ ᠠᠬᠤᠶᠢᠯᠠᠯ᠂ ᠪᠠᠷᠢᠯᠭ᠎ᠠ ᠪᠠᠷᠢᠬᠤ ᠠᠵᠤ ᠠᠬᠤᠶᠢᠯᠠᠯ ᠪᠣᠯᠤᠨ ᠠᠶᠤᠯ ᠲᠠᠢ ᠬᠢᠮᠢ ᠶᠢᠨ ᠡᠳ᠋᠂ ᠬᠤᠸᠠᠷ ᠫᠤᠤᠵᠢᠩ᠂ ᠠᠷᠠᠳ ᠤᠨ ᠬᠡᠷᠡᠭᠯᠡᠭᠡᠨ ᠤ ᠳᠡᠯᠪᠡᠴᠢᠬᠦ ᠪᠠᠭᠠᠵᠢ ᠮᠠᠲ᠋ᠧᠷᠢᠶᠠᠯ ᠦᠢᠯᠡᠳᠪᠦᠷᠢᠯᠡᠬᠦ ᠠᠵᠤ ᠠᠬᠤᠶᠢᠯᠠᠯ ︵ᠳᠣᠷᠣᠭᠰᠢ ᠠᠵᠤ ᠠᠬᠤᠶᠢᠯᠠᠯ ᠭᠡᠵᠦ ᠶᠡᠷᠦᠩᠬᠡᠶᠢᠯᠡᠨ ᠨᠡᠷᠡᠶᠢᠳᠦᠨ᠎ᠡ︶ ᠠᠴᠠ ᠠᠶᠤᠯ ᠦᠭᠡᠢ ᠦᠢᠯᠡᠳᠪᠦᠷᠢᠯᠡᠯ ᠤᠨ ᠵᠦᠪᠰᠢᠶᠡᠷᠡᠬᠦ ᠳᠦᠷᠢᠮ ᠢ ᠬᠡᠷᠡᠭᠵᠢᠭᠦᠯᠦᠨ᠎ᠡ᠃    ᠠᠵᠤ ᠠᠬᠤᠶᠢᠯᠠᠯ ᠤᠳ ᠠᠶᠤᠯ ᠦᠭᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠣᠯᠤᠭᠰᠠᠨ ᠥᠬᠡᠢ ᠪᠠᠶᠢᠪᠠᠯ ᠦᠢᠯᠡᠳᠪᠦᠷᠢᠯᠡᠯ ᠤᠨ ᠠᠵᠢᠯᠯᠠᠭ᠎ᠠ ᠬᠢᠵᠦ ᠪᠣᠯᠬᠤ ᠥᠬᠡᠢ᠃ᠭᠤᠷᠪᠠᠳᠤᠭᠠᠷ ᠵᠣᠷᠪᠣᠰ  ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯ ᠥᠬᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠥᠪ ᠠᠴᠠ ᠬᠠᠮᠢᠶᠠᠷᠴᠤ ᠪᠠᠶᠢᠭ᠎ᠠ ᠨᠡᠭᠦᠷᠡᠰᠦᠨ ᠠᠭᠤᠷᠬᠠᠢ ᠶᠢᠨ ᠪᠤᠰᠤ ᠠᠵᠤ ᠠᠬᠤᠶᠢᠯᠠᠯ ᠪᠣᠯᠤᠨ ᠠᠶᠤᠯ ᠲᠠᠢ ᠬᠢᠮᠢ ᠶᠢᠨ ᠡᠳ᠋᠂ ᠬᠤᠸᠠᠷ ᠫᠤᠤᠵᠢᠩ ᠤᠨ ᠦᠢᠯᠡᠳᠪᠦᠷᠢᠯᠡᠯ ᠤᠨ ᠠᠵᠤ ᠠᠬᠤᠶᠢᠯᠠᠯ ᠤᠨ ᠠᠶᠤᠯ ᠥᠬᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠣᠯᠭᠤᠬᠤ ᠪᠠ ᠬᠠᠮᠢᠶᠠᠷᠬᠤ ᠶᠢ ᠬᠠᠷᠢᠭᠤᠴᠠᠬᠤ ᠬᠡᠷᠡᠭᠲᠡᠢ᠃    ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠶᠤᠯ ᠥᠬᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠡᠮᠦᠨᠡᠬᠢ ᠵᠤᠷᠪᠤᠰ ᠤᠨ ᠲᠣᠭᠲᠠᠭᠠᠯ ᠠᠴᠠ ᠭᠠᠳᠠᠨᠠᠬᠢ ᠨᠡᠭᠦᠷᠡᠰᠦᠨ ᠠᠭᠤᠷᠬᠠᠢ ᠶᠢᠨ ᠪᠤᠰᠤ ᠠᠵᠤ ᠠᠬᠤᠶᠢᠯᠠᠯ ᠪᠣᠯᠤᠨ ᠠᠶᠤᠯ ᠲᠠᠢ ᠬᠢᠮᠢ ᠶᠢᠨ ᠡᠳ᠋᠂ ᠬᠤᠸᠠᠷ ᠫᠤᠤᠵᠢᠩ ᠤᠨ ᠦᠢᠯᠡᠳᠪᠦᠷᠢᠯᠡᠯ ᠤᠨ ᠠᠵᠤ ᠠᠬᠤᠶᠢᠯᠠᠯ ᠤᠨ ᠠᠶᠤᠯ ᠥᠬᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠣᠯᠭᠤᠬᠤ ᠪᠠ ᠬᠠᠮᠢᠶᠠᠷᠬᠤ ᠶᠢ ᠬᠠᠷᠢᠭᠤᠴᠠᠬᠤ ᠶᠢᠨ ᠬᠠᠮᠲᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯ ᠥᠬᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠢᠯᠣᠭᠤᠳᠤᠯᠭ᠎ᠠ ᠪᠠ ᠬᠢᠨᠠᠯᠲᠠ ᠲᠠᠯᠪᠢᠯᠲᠠ ᠶᠢ ᠬᠦᠯᠢᠶᠡᠨ ᠠᠪᠬᠤ ᠬᠡᠷᠡᠭᠲᠡᠢ᠃    ᠤᠯᠤᠰ ᠤᠨ ᠨᠡᠭᠦᠷᠡᠰᠦᠨ ᠠᠭᠤᠷᠬᠠᠢ ᠶᠢᠨ ᠠᠶᠤᠯ ᠥᠬᠡᠢ ᠶᠢ ᠬᠢᠨᠠᠨ ᠪᠠᠶᠢᠴᠠᠭᠠᠬᠤ ᠪᠠᠶᠢᠭᠤᠯᠤᠮᠵᠢ ᠨᠢ ᠲᠥᠪ ᠠᠴᠠ ᠬᠠᠮᠢᠶᠠᠷᠴᠤ ᠪᠠᠶᠢᠭ᠎ᠠ ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠤᠨ ᠠᠶᠤᠯ ᠥᠬᠡᠢ ᠦᠢᠯᠡᠳᠪᠦᠷᠢᠯᠡᠯ ᠤᠨ ᠵᠦᠪᠰᠢᠶᠡᠷᠡᠬᠦ  ᠭᠡᠷᠡᠴᠢ ᠶᠢ ᠣᠯᠭᠤᠬᠤ ᠪᠠ ᠬᠠᠮᠢᠶᠠᠷᠬᠤ ᠶᠢ ᠬᠠᠷᠢᠭᠤᠴᠠᠬᠤ ᠬᠡᠷᠡᠭᠲᠡᠢ᠃    ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠳᠤ ᠪᠠᠶᠢᠭᠤᠯᠤᠭᠰᠠᠨ ᠨᠡᠭᠦᠷᠡᠰᠦᠨ ᠠᠭᠤᠷᠬᠠᠢ ᠶᠢᠨ ᠠᠶᠤᠯ ᠥᠬᠡᠢ ᠶᠢ ᠬᠢᠨᠠᠨ ᠪᠠᠶᠢᠴᠠᠭᠠᠬᠤ ᠪᠠᠶᠢᠭᠤᠯᠤᠮᠵᠢ ᠨᠤᠭᠤᠳ ᠡᠮᠦᠨᠡᠬᠢ ᠵᠤᠷᠪᠤᠰ ᠤᠨ ᠲᠣᠭᠲᠠᠭᠠᠯ ᠠᠴᠠ ᠭᠠᠳᠠᠨᠠᠬᠢ ᠪᠤᠰᠤᠳ ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠤᠨ ᠠᠶᠤᠯ ᠥᠬᠡᠢ ᠦᠢᠯᠡᠳᠪᠦᠷᠢᠯᠡᠯ ᠤᠨ ᠵᠦᠪᠰᠢᠶᠡᠷᠡᠬᠦ  ᠭᠡᠷᠡᠴᠢ ᠶᠢ ᠣᠯᠭᠤᠬᠤ ᠪᠠ ᠬᠠᠮᠢᠶᠠᠷᠬᠤ ᠶᠢ ᠬᠠᠷᠢᠭᠤᠴᠠᠬᠤ ᠶᠢᠨ ᠬᠠᠮᠲᠤ᠂ ᠤᠯᠤᠰ ᠤᠨ ᠨᠡᠭᠦᠷᠡᠰᠦᠨ ᠠᠭᠤᠷᠬᠠᠢ ᠶᠢᠨ ᠠᠶᠤᠯ ᠥᠬᠡᠢ ᠶᠢ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠵᠢᠯᠣᠭᠤᠳᠤᠯᠭ᠎ᠠ ᠪᠠ ᠬᠢᠨᠠᠯᠲᠠ ᠲᠠᠯᠪᠢᠯᠲᠠ ᠶᠢ ᠬᠦᠯᠢᠶᠡᠨ ᠠᠪᠬᠤ ᠬᠡᠷᠡᠭᠲᠡᠢ᠃ᠳᠥᠷᠪᠡᠳᠦᠭᠡᠷ ᠵᠣᠷᠪᠣᠰ   ᠲᠥᠷᠥ ᠶᠢᠨ ᠶᠠᠪᠤᠳᠠᠯ ᠤᠨ ᠬᠤᠷᠢᠶᠠᠨ ᠤ ᠪᠦᠲᠦᠭᠡᠨ ᠪᠠᠶᠢᠭᠤᠯᠤᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠨᠢ ᠲᠥᠪ ᠠᠴᠠ ᠬᠠᠮᠢᠶᠠᠷᠴᠤ ᠪᠠᠶᠢᠭ᠎ᠠ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠣᠯᠭᠤᠬᠤ ᠪᠠ ᠬᠠᠮᠢᠶᠠᠷᠬᠤ ᠠᠵᠢᠯ ᠢ ᠬᠠᠷᠢᠭᠤᠴᠠᠨ᠎ᠠ᠃    ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠡᠮᠦᠨᠡᠬᠢ ᠵᠤᠷᠪᠤᠰ ᠤᠨ ᠲᠣᠭᠲᠠᠭᠠᠯ ᠠᠴᠠ ᠭᠠᠳᠠᠨᠠᠬᠢ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠣᠯᠭᠤᠬᠤ ᠪᠠ ᠬᠠᠮᠢᠶᠠᠷᠬᠤ ᠠᠵᠢᠯ ᠢ ᠬᠠᠷᠢᠭᠤᠴᠠᠬᠤ ᠪᠥᠭᠡᠳ ᠲᠥᠷᠥ ᠶᠢᠨ ᠶᠠᠪᠤᠳᠠᠯ ᠤᠨ ᠬᠤᠷᠢᠶᠠᠨ ᠤ ᠪᠦᠲᠦᠭᠡᠨ ᠪᠠᠶᠢᠭᠤᠯᠤᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠵᠢᠯᠣᠭᠤᠳᠤᠯᠭ᠎ᠠ ᠪᠠ ᠬᠢᠨᠠᠯᠲᠠ ᠲᠠᠯᠪᠢᠯᠲᠠ ᠶᠢ ᠬᠦᠯᠢᠶᠡᠨ ᠠᠪᠬᠤ ᠬᠡᠷᠡᠭᠲᠡᠢ᠃ᠲᠠᠪᠤᠳᠤᠭᠠᠷ ᠵᠣᠷᠪᠣᠰ   ᠲᠥᠷᠥ ᠶᠢᠨ ᠶᠠᠪᠤᠳᠠᠯ ᠤᠨ ᠬᠤᠷᠢᠶᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠠᠷᠠᠳ ᠤᠨ ᠬᠡᠷᠡᠭᠯᠡᠭᠡᠨ ᠤ ᠳᠡᠯᠪᠡᠴᠢᠬᠦ ᠪᠠᠭᠠᠵᠢ ᠮᠠᠲ᠋ᠧᠷᠢᠶᠠᠯ ᠦᠢᠯᠡᠳᠪᠦᠷᠢᠯᠡᠬᠦ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠣᠯᠭᠤᠬᠤ ᠪᠠ ᠬᠠᠮᠢᠶᠠᠷᠬᠤ ᠠᠵᠢᠯ ᠢ ᠬᠠᠷᠢᠭᠤᠴᠠᠨ᠎ᠠ᠃    ᠵᠢᠷᠭᠤᠳᠤᠭᠠᠷ ᠵᠣᠷᠪᠣᠰ  ᠠᠵᠤ ᠠᠬᠤᠶᠢᠯᠠᠯ ᠤᠳ ᠠᠶᠤᠯ ᠦᠭᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠣᠯᠬᠤ ᠳᠤ ᠳᠣᠣᠷ᠎ᠠ ᠵᠢᠭᠰᠠᠭᠠᠭᠰᠠᠨ ᠠᠶᠤᠯ ᠦᠭᠡᠢ ᠦᠢᠯᠡᠳᠪᠦᠷᠢᠯᠡᠯ ᠤᠨ ᠨᠥᠬᠦᠴᠡᠯ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ᠄    ︵ᠨᠢᠭᠡ︶ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠲᠣᠭᠲᠠᠭᠠᠨ ᠲᠡᠭᠦᠯᠳᠡᠷᠵᠢᠭᠦᠯᠵᠦ᠂ ᠠᠶᠤᠯ ᠦᠭᠡᠢ ᠦᠢᠯᠡᠳᠪᠦᠷᠢᠯᠡᠯ ᠤᠨ ᠪᠦᠷᠢᠨ ᠲᠡᠭᠦᠯᠳᠡᠷ ᠳᠦᠷᠢᠮ ᠲᠣᠭᠲᠠᠭᠠᠯ ᠪᠠ ᠠᠵᠢᠯᠯᠠᠬᠤ ᠳᠦᠷᠢᠮ ᠢ ᠲᠣᠭᠲᠠᠭᠠᠨ᠎ᠠ᠃    ︵ᠬᠤᠶᠠᠷ︶ ᠠᠶᠤᠯ ᠦᠭᠡᠢ ᠪᠡᠯᠡ ᠣᠷᠣᠭᠤᠯᠤᠯᠲᠠ ᠨᠢ ᠠᠶᠤᠯ ᠦᠭᠡᠢ ᠦᠢᠯᠡᠳᠪᠦᠷᠢᠯᠡᠯ ᠤᠨ ᠱᠠᠭᠠᠷᠳᠠᠯᠭ᠎ᠠ ᠳᠤ ᠨᠡᠶᠢᠴᠡᠨ᠎ᠡ᠃    ︵ᠭᠤᠷᠪᠠ︶ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠶᠢᠭᠤᠯᠵᠤ᠂ ᠠᠶᠤᠯ ᠦᠭᠡᠢ ᠦᠢᠯᠡᠳᠪᠦᠷᠢᠯᠡᠯ ᠢ ᠬᠠᠮᠢᠶᠠᠷᠬᠤ ᠲᠤᠰᠬᠠᠢ ᠠᠵᠢᠯᠲᠠᠨ ᠲᠣᠬᠢᠷᠠᠭᠤᠯᠤᠨ᠎ᠠ᠃    ︵ᠳᠥᠷᠪᠡ︶ ᠭᠤᠣᠯ ᠬᠠᠷᠢᠭᠤᠴᠠᠯᠭᠠᠲᠠᠨ ᠪᠠ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠨᠢ ᠬᠢᠨᠠᠨ ᠰᠢᠯᠭᠠᠯᠲᠠ ᠳᠤ ᠬᠢᠷᠢ ᠲᠡᠩᠴᠡᠨ᠎ᠡ᠃    ︵ᠲᠠᠪᠤ︶ ᠣᠨᠴᠠ ᠲᠥᠷᠥᠯ ᠤᠨ ᠠᠵᠢᠯ ᠬᠢᠭᠰᠡᠳ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠰᠢᠯᠭᠠᠭᠤᠯᠤᠭᠠᠳ ᠬᠢᠷᠢ ᠲᠡᠩᠴᠡᠵᠦ᠂ ᠣᠨᠴᠠ ᠲᠥᠷᠥᠯ ᠤᠨ ᠠᠵᠢᠯ ᠬᠢᠬᠦ ᠬᠢᠷᠢ ᠬᠡᠮ ᠤᠨ ᠦᠨᠡᠮᠯᠡᠯ ᠣᠯᠤᠭᠰᠠᠨ‌‍ᠪᠠᠶᠢᠬᠤ ᠬᠡᠷᠡᠭᠲᠡᠢ᠃    ︵ᠵᠢᠷᠭᠤᠭ᠎ᠠ︶ ᠠᠵᠢᠯᠯᠠᠵᠤ ᠪᠠᠶᠢᠭ᠎ᠠ ᠬᠥᠮᠦᠰ ᠠᠶᠤᠯ ᠦᠭᠡᠢ ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠯ ᠳᠤ ᠬᠢᠷᠢ ᠲᠡᠩᠴᠡᠨ᠎ᠡ᠃    ︵ᠳᠣᠯᠤᠭ᠎ᠠ︶ ᠬᠠᠤᠯᠢ ᠶᠣᠰᠣᠭᠠᠷ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠵᠤ᠂ ᠠᠵᠢᠯᠯᠠᠭᠰᠠᠳ ᠲᠤ ᠳᠠᠭᠠᠳᠬᠠᠯ ᠤᠨ ᠰᠦᠢᠳᠬᠡᠯ ᠲᠤᠰᠢᠶᠠᠨ᠎ᠠ᠃    ︵ᠨᠠᠢᠮᠠ︶ ᠦᠢᠯᠡᠳᠪᠦᠷᠢ ᠶᠢᠨ ᠭᠡᠷ ᠪᠠᠶᠢᠰᠢᠩ᠂ ᠠᠵᠢᠯᠯᠠᠬᠤ ᠭᠠᠵᠠᠷ ᠪᠠ ᠠᠶᠤᠯ ᠦᠭᠡᠢ ᠲᠣᠨᠤᠭ ᠲᠥᠬᠦᠭᠡᠷᠦᠮᠵᠢ᠂ ᠭᠠᠷ ᠤᠷᠠᠯᠠᠯ ᠨᠢ ᠠᠶᠤᠯ ᠦᠭᠡᠢ ᠦᠢᠯᠡᠳᠪᠦᠷᠢᠯᠡᠯ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠪᠠᠷᠢᠮᠵᠢᠶ᠎ᠠ ᠪᠠ ᠳᠦᠷᠢᠮ ᠤᠨ ᠱᠠᠭᠠᠷᠳᠠᠯᠭ᠎ᠠ ᠳᠤ ᠨᠡᠶᠢᠴᠡᠨ᠎ᠡ  ᠃    ︵ᠶᠢᠰᠦ︶ ᠠᠵᠢᠯ ᠤᠨ ᠨᠥᠯᠦᠭᠡᠨ ᠤ ᠬᠤᠣᠷ ᠬᠥᠨᠥᠭᠡᠯ ᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠲᠠᠢ ᠪᠥᠭᠡᠳ‌ᠠᠵᠢᠯᠯᠠᠵᠤ ᠪᠠᠶᠢᠭ᠎ᠠ ᠬᠥᠮᠦᠰ ᠲᠤ ᠤᠯᠤᠰ ᠤᠨ ᠪᠠᠷᠢᠮᠵᠢᠶ᠎ᠠ ᠪᠤᠶᠤ ᠠᠵᠢᠯ ᠲᠥᠷᠥᠯ ᠤᠨ ᠪᠠᠷᠢᠮᠵᠢᠶ᠎ᠠ ᠳᠤ ᠨᠡᠶᠢᠴᠡᠭᠰᠡᠨ ᠬᠥᠳᠡᠯᠮᠦᠷᠢ ᠶᠢᠨ ᠬᠠᠮᠠᠭᠠᠯᠠᠯᠲᠠ ᠶᠢᠨ ᠬᠡᠷᠡᠭᠰᠡᠯ ᠪᠠᠶᠢᠬᠤ ᠬᠡᠷᠡᠭᠲᠡᠢ᠃    ︵ᠠᠷᠪᠠ︶ ᠬᠠᠤᠯᠢ ᠶᠣᠰᠣᠭᠠᠷ ᠠᠶᠤᠯ ᠦᠭᠡᠢ ᠶᠢᠨ ᠦᠨᠡᠯᠡᠯᠲᠡ ᠬᠢᠬᠦ ᠬᠡᠷᠡᠭᠲᠡᠢ᠃    ︵ᠠᠷᠪᠠᠨ ᠨᠢᠭᠡ︶ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢ ᠰᠢᠯᠭᠠᠨ ᠬᠡᠮᠵᠢᠬᠦ᠂ ᠦᠨᠡᠯᠡᠨ ᠵᠢᠱᠢᠬᠦ᠂ ᠬᠢᠨᠠᠨ ᠡᠵᠡᠮᠳᠡᠬᠦ ᠠᠷᠭ᠎ᠠ ᠬᠡᠮᠵᠢᠶ᠎ᠡ ᠪᠠ ᠪᠠᠴᠢᠮ‌‍ᠪᠠᠶᠢᠳᠠᠯ ᠢ ᠠᠷᠭᠠᠴᠠᠬᠤ ᠤᠷᠢᠳᠴᠢᠯᠠᠭᠰᠠᠨ ᠲᠥᠰᠦᠯ ᠪᠠᠶᠢᠬᠤ ᠬᠡᠷᠡᠭᠲᠡᠢ᠃    ︵ᠠᠷᠪᠠᠨ ᠬᠤᠶᠠᠷ︶ ᠦᠢᠯᠡᠳᠪᠦᠷᠢᠯᠡᠯ ᠤᠨ ᠠᠶᠤᠯ ᠦᠭᠡᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠡᠯᠡᠳᠬᠡᠯ ᠲᠥᠰᠦᠯ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠣᠬᠢᠶᠠᠨ ᠪᠠᠶᠢᠭᠤᠯᠤᠯᠲᠠ ᠪᠤᠶᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠬᠤᠯᠠ ᠪᠦᠬᠦᠢ ᠪᠠᠭᠠᠵᠢ ᠬᠡᠷᠡᠭᠰᠡᠯ᠂ ᠲᠥᠬᠦᠭᠡᠷᠦᠮᠵᠢ ᠶᠢ ᠢᠵᠢ ᠪᠦᠷᠢᠳᠦᠭᠦᠯᠦᠨ᠎ᠡ᠃    ︵ᠠᠷᠪᠠᠨ ᠭᠤᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠨᠥᠬᠦᠴᠡᠯ᠃    ᠳᠣᠯᠣᠳᠤᠭᠠᠷ ᠵᠣᠷᠪᠣᠰ  ᠠᠵᠤ ᠠᠬᠤᠶᠢᠯᠠᠯ ᠦᠢᠯᠡᠳᠪᠦᠷᠢᠯᠡᠬᠦ ᠠᠴᠠ ᠪᠠᠨ ᠡᠮᠦᠨ᠎ᠡ᠂ ᠲᠤᠰ ᠳᠦᠷᠢᠮ ᠤᠨ ᠲᠣᠭᠲᠠᠭᠠᠯ ᠶᠣᠰᠣᠭᠠᠷ ᠠᠶᠤᠯ ᠥᠬᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠣᠯᠭᠤᠵᠤ ᠬᠠᠮᠢᠶᠠᠷᠬᠤ  ᠪᠠᠶᠢᠭᠤᠯᠤᠯᠭ᠎ᠠ ᠠᠴᠠ ᠠᠶᠤᠯ ᠦᠭᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠭᠤᠶᠤᠴᠢᠯᠠᠵᠤ ᠠᠪᠬᠤ ᠶᠢᠨ ᠬᠠᠮᠲᠤ᠂ ᠲᠤᠰ ᠳᠦᠷᠢᠮ ᠤᠨ ᠵᠢᠷᠭᠤᠳᠤᠭᠠᠷ ᠵᠣᠷᠪᠣᠰ ᠳᠤ ᠲᠣᠭᠲᠠᠭᠠᠭᠰᠠᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢᠶᠠᠨ ᠬᠠᠩᠭᠠᠬᠤ ᠬᠡᠷᠡᠭᠲᠡᠢ᠃ ᠠᠶᠤᠯ ᠦᠭᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠣᠯᠭᠤᠵᠤ ᠬᠠᠮᠢᠶᠠᠷᠬᠤ ᠪᠠᠶᠢᠭᠤᠯᠤᠯᠭ᠎ᠠ ᠨᠢ ᠭᠤᠶᠤᠴᠢᠯᠠᠯ ᠢ ᠣᠯᠤᠭᠰᠠᠨ ᠡᠳᠦᠷ ᠠᠴᠠ ᠡᠬᠢᠯᠡᠨ 45 ᠡᠳᠦᠷ ᠤᠨ ᠳᠣᠲᠣᠷ᠎ᠠ ᠬᠢᠨᠠᠨ ᠪᠠᠶᠢᠴᠠᠭᠠᠵᠤ ᠳᠠᠭᠤᠰᠬᠠᠭᠠᠳ᠂ ᠲᠤᠰ ᠳᠦᠷᠢᠮ ᠤᠨ ᠲᠣᠭᠲᠠᠭᠠᠯ ᠳᠤ ᠨᠡᠶᠢᠴᠡᠭᠰᠡᠨ ᠠᠶᠤᠯ ᠦᠭᠡᠢ ᠦᠢᠯᠡᠳᠪᠦᠷᠢᠯᠡᠯ ᠤᠨ ᠨᠥᠬᠦᠴᠡᠯ ᠳᠤ ᠨᠡᠶᠢᠴᠡᠭᠰᠡᠨ ᠪᠠᠶᠢᠪᠠᠯ᠂ ᠠᠶᠤᠯ ᠦᠭᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠣᠯᠭᠤᠨ᠎ᠠ᠃ ᠲᠤᠰ ᠳᠦᠷᠢᠮ ᠤᠨ ᠲᠣᠭᠲᠠᠭᠠᠯ ᠳᠤ ᠨᠡᠶᠢᠴᠡᠬᠦ ᠥᠬᠡᠢ ᠠᠶᠤᠯ ᠥᠬᠡᠢ ᠦᠢᠯᠡᠳᠪᠦᠷᠢᠯᠡᠯ ᠤᠨ ᠨᠥᠬᠦᠴᠡᠯ ᠳᠤ ᠨᠡᠶᠢᠴᠡᠬᠦ ᠥᠬᠡᠢ ᠳᠤᠨᠢ ᠠᠶᠤᠯ ᠥᠬᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠣᠯᠭᠤᠬᠤ ᠥᠬᠡᠢ ᠂ ᠠᠵᠤ ᠠᠬᠤᠶᠢᠯᠠᠯ ᠳᠤ ᠪᠢᠴᠢᠭ ᠢᠶᠠᠷ ᠮᠡᠳᠡᠭᠳᠡᠬᠦ ᠶᠢᠨ ᠬᠠᠮᠲᠤ ᠰᠢᠯᠲᠠᠭᠠᠨ ᠢ ᠨᠢ  ᠲᠣᠳᠣᠷᠬᠠᠶᠢᠯᠠᠬᠤ ᠬᠡᠷᠡᠭᠲᠡᠢ᠃    ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠤᠳ ᠠᠭᠤᠷᠬᠠᠢ ︵ᠬᠤᠳᠳᠤᠭ︶ ᠪᠠᠷ ᠨᠢᠭᠡᠴᠢ ᠪᠣᠯᠭᠠᠨ᠂ ᠨᠡᠭ᠊    ‍ᠦᠷᠡᠰᠦ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠢ ᠣᠯᠬᠤ ᠠᠴᠠ ᠡᠮᠦᠨ᠎ᠡ᠂ ᠲᠤᠰ ᠳᠦᠷᠢᠮ ᠤᠨ ᠲᠣᠭᠲᠠᠭᠠᠯ ᠶᠣᠰᠣᠭᠠᠷ ᠠᠶᠤᠯ ᠥᠬᠡᠢ ᠦᠢᠯᠡᠳᠪᠦᠷᠢᠯᠡᠯ ᠤᠨ ᠵᠦᠪᠰᠢᠶᠡᠷᠡᠬᠦ  ᠭᠡᠷᠡᠴᠢ ᠣᠯᠬᠤ ᠬᠡᠷᠡᠭᠲᠡᠢ᠃    ᠨᠠᠢᠮᠠᠳᠤᠭᠠᠷ ᠵᠣᠷᠪᠣᠰ   ᠠᠶᠤᠯ ᠦᠭᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠨᠢᠭᠡᠳᠦᠯᠲᠡᠢ ᠬᠡᠪ ᠵᠠᠭᠪᠤᠷ ᠢ ᠲᠣᠭᠲᠠᠭᠠᠨ᠎ᠠ᠃ᠶᠢᠰᠦᠳᠦᠭᠡᠷ ᠵᠣᠷᠪᠣᠰ  ᠠᠶᠤᠯ ᠦᠭᠡᠢ ᠦᠢᠯᠡᠳᠪᠦᠷᠢᠯᠡᠯ ‍ᠤᠨ‌ᠵᠦ᠋ᠪᠰᠢᠶᠡᠷᠡᠬᠦ ᠭᠡᠷᠡᠴᠢ ᠶᠢᠨ ᠬᠦᠴᠦᠨ ᠲᠠᠢ ᠬᠤᠭᠤᠴᠠᠭ᠎ᠠ ᠨᠢ  ᠭᠤᠷᠪᠠᠨ ᠵᠢᠯ ᠪᠣᠯᠤᠨ᠎ᠠ᠃ ᠠᠶᠤᠯ ᠥᠬᠡᠢ ᠦᠢᠯᠡᠳᠪᠦᠷᠢᠯᠡᠯ ‍ᠤᠨ‌ᠵᠦ᠋ᠪᠰᠢᠶᠡᠷᠡᠬᠦ ᠭᠡᠷᠡᠴᠢ ᠶᠢᠨ ᠬᠦᠴᠦᠨ ᠲᠠᠢ ᠬᠤᠭᠤᠴᠠᠭ᠎ᠠ ᠨᠢ ᠳᠦᠭᠦᠷᠴᠦ ᠤᠷᠲᠤᠳᠬᠠᠬᠤ ᠴᠢᠬᠤᠯᠠ ᠲᠠᠢ ᠠᠵᠤ ᠠᠬᠤᠶᠢᠯᠠᠯ ᠨᠢ ᠬᠤᠭᠤᠴᠠᠭ᠎ᠠ ᠲᠤᠯᠬᠤ ᠠᠴᠠ ᠭᠤᠷᠪᠠᠨ ᠰᠠᠷ᠎ᠠ ᠶᠢᠨ ᠡᠮᠦᠨ᠎ᠡ ᠤᠤᠯ ᠤᠨ ᠠᠶᠤᠯ ᠥᠬᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠣᠯᠭᠤᠵᠤ ᠬᠠᠮᠢᠶᠠᠷᠬᠤ ᠪᠠᠶᠢᠭᠤᠯᠤᠯᠭ᠎ᠠ ᠳᠤ ᠤᠷᠲᠤᠳᠬᠠᠬᠤ ᠭᠠᠷᠳᠠᠮ ᠭᠦᠢᠴᠡᠳᠬᠡᠬᠦ ᠬᠡᠷᠡᠭᠲᠡᠢ᠃    ᠠᠵᠤ ᠠᠬᠤᠶᠢᠯᠠᠯ ᠤᠳ ᠠᠶᠤᠯ ᠥᠬᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢᠨ ᠬᠦᠴᠦᠨ ᠲᠠᠢ ᠬᠤᠭᠤᠴᠠᠭᠠᠨ ᠳᠣᠲᠣᠷ᠎ᠠ᠂ ᠠᠶᠤᠯ ᠥᠬᠡᠢ ᠦᠢᠯᠡᠳᠪᠦᠷᠢᠯᠡᠯ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ ᠰᠠᠬᠢᠵᠤ᠂ ᠦᠬᠦᠯ ᠤᠨ ᠠᠳᠡᠯ ᠭᠠᠷᠤᠭᠰᠠᠨ ᠥᠬᠡᠢ ᠪᠣᠯ ᠠᠶᠤᠯ ᠥᠬᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢᠨ ᠬᠦᠴᠦᠨ ᠲᠠᠢ ᠬᠤᠭᠤᠴᠠᠭ᠎ᠠ ᠨᠢ ᠳᠦᠭᠦᠷᠬᠦ ᠦᠶ᠎ᠡ ᠳᠤ᠂ ᠤᠤᠯ ᠤᠨ ᠠᠶᠤᠯ ᠥᠬᠡᠢ ᠦᠢᠯᠡᠳᠪᠦᠷᠢᠯᠡᠯ ᠤᠨ  ᠵᠦᠪᠰᠢᠶᠡᠷᠡᠬᠦ ᠭᠡᠷᠡᠴᠢ ᠶᠢ ᠣᠯᠭᠤᠵᠤ ᠬᠠᠮᠢᠶᠠᠷᠬᠤ ᠪᠠᠶᠢᠭᠤᠯᠤᠯᠭ᠎ᠠ ᠪᠠᠷ ᠵᠥᠪᠰᠢᠶᠡᠷᠡᠭᠦᠯᠦᠭᠡᠳ᠂ ᠤᠤᠯ ᠤᠨ ᠠᠶᠤᠯ ᠥᠬᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠬᠢᠨᠠᠨ ᠪᠠᠶᠢᠴᠠᠭᠠᠬᠤ ᠥᠬᠡᠢ ᠪᠥᠭᠡᠳ ᠬᠦᠴᠦᠨ ᠲᠠᠢ ᠬᠤᠭᠤᠴᠠᠭ᠎ᠠ ᠶᠢ ᠨᠢ 3 ᠵᠢᠯ ᠤᠷᠲᠤᠳᠭᠠᠨ᠎ᠠ᠃    ᠠᠷᠪᠠᠳᠤᠭᠠᠷ ᠵᠣᠷᠪᠣᠰ  ᠠᠶᠤᠯ ᠥᠬᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠣᠯᠭᠤᠵᠤ ᠬᠠᠮᠢᠶᠠᠷᠬᠤ  ᠪᠠᠶᠢᠭᠤᠯᠤᠯᠭ᠎ᠠ ᠠᠴᠠ ᠠᠶᠤᠯ ᠥᠬᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠬᠦ ᠶᠢᠨ ᠬᠠᠮᠲᠤ᠂ ᠠᠵᠤ ᠠᠬᠤᠶᠢᠯᠠᠯ ᠤᠨ ᠠᠶᠤᠯ ᠥᠬᠡᠢ ᠦᠢᠯᠡᠳᠪᠦᠷᠢᠯᠡᠯ ‍ᠤᠨ‌ᠵᠦ᠋ᠪᠰᠢᠶᠡᠷᠡᠬᠦ ᠭᠡᠷᠡᠴᠢ ᠶᠢ ᠣᠯᠤᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠭᠡᠮ ᠳᠤ ᠨᠡᠢᠲᠡᠯᠡᠬᠦ ᠬᠡᠷᠡᠭᠲᠡᠢ᠃    ᠠᠷᠪᠠᠨ ᠨᠢᠭᠡᠳᠦᠭᠡᠷ ᠵᠣᠷᠪᠣᠰ   ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠤᠨ ᠠᠶᠤᠯ ᠥᠬᠡᠢ ᠦᠢᠯᠡᠳᠪᠦᠷᠢᠯᠡᠯ ᠤᠨ  ᠵᠦᠪᠰᠢᠶᠡᠷᠡᠬᠦ ᠭᠡᠷᠡᠴᠢ ᠶᠢ ᠣᠯᠭᠤᠵᠤ ᠬᠠᠮᠢᠶᠠᠷᠬᠤ ᠪᠠᠶᠢᠭᠤᠯᠤᠯᠭ᠎ᠠ᠂ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠠᠶᠤᠯ ᠥᠬᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠣᠯᠭᠤᠵᠤ ᠬᠠᠮᠢᠶᠠᠷᠬᠤ ᠪᠠᠶᠢᠭᠤᠯᠤᠯᠭ᠎ᠠ᠂ ᠠᠷᠠᠳ ᠤᠨ ᠬᠡᠷᠡᠭᠯᠡᠭᠡᠨ ᠤ ᠳᠡᠯᠪᠡᠴᠢᠬᠦ ᠪᠠᠭᠠᠵᠢ ᠮᠠᠲ᠋ᠧᠷᠢᠶᠠᠯ ᠦᠢᠯᠡᠳᠪᠦᠷᠢᠯᠡᠬᠦ ᠠᠵᠤ ᠠᠬᠤᠶᠢᠯᠠᠯ ᠤᠨ ᠠᠶᠤᠯ ᠥᠬᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ  ᠣᠯᠭᠤᠵᠤ ᠬᠠᠮᠢᠶᠠᠷᠬᠤ ᠪᠠᠶᠢᠭᠤᠯᠤᠯᠭ᠎ᠠ ᠨᠢ ᠵᠢᠯ ᠪᠦᠷᠢ ᠠᠳᠠᠯᠢ ᠱᠠᠲᠤᠨ ᠤ ᠠᠶᠤᠯ ᠥᠬᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠠᠶᠤᠯ ᠥᠬᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠣᠯᠭᠤᠭᠰᠠᠨ ᠪᠠ ᠬᠠᠮᠢᠶᠠᠷᠤᠯᠲᠠ ᠵᠢᠨ‌‍ᠪᠠᠶᠢᠳᠠᠯ ᠢᠶᠠᠨ ᠮᠡᠳᠡᠭᠦᠯᠬᠦ ᠬᠡᠷᠡᠭᠲᠡᠢ᠃    ᠠᠷᠪᠠᠨ ᠬᠤᠶᠠᠳᠤᠭᠠᠷ ᠵᠣᠷᠪᠣᠰ  ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯ ᠥᠬᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠶᠤᠯ ᠥᠬᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠪᠠᠷᠢᠯᠭ᠎ᠠ ᠪᠠᠷᠢᠬᠤ ᠠᠵᠤ ᠠᠬᠤᠶᠢᠯᠠᠯ᠂ ᠠᠷᠠᠳ ᠤᠨ ᠬᠡᠷᠡᠭᠯᠡᠭᠡᠨ ᠤ ᠳᠡᠯᠪᠡᠴᠢᠬᠦ ᠪᠠᠭᠠᠵᠢ ᠮᠠᠲ᠋ᠧᠷᠢᠶᠠᠯ ᠦᠢᠯᠡᠳᠪᠦᠷᠢᠯᠡᠬᠦ ᠠᠵᠤ ᠠᠬᠤᠶᠢᠯᠠᠯ᠂ ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠤᠨ ᠠᠶᠤᠯ ᠥᠬᠡᠢ ᠦᠢᠯᠡᠳᠪᠦᠷᠢᠯᠡᠯ ᠤᠨ  ᠵᠦᠪᠰᠢᠶᠡᠷᠡᠬᠦ  ᠭᠡᠷᠡᠴᠢ ᠣᠯᠤᠭᠰᠠᠨ ᠪᠠᠶᠢᠳᠠᠯ ᠳᠤ ᠬᠢᠨᠠᠯᠲᠠ ᠲᠠᠯᠪᠢᠨ᠎ᠠ᠃    ᠠᠷᠪᠠᠨ ᠭᠤᠷᠪᠠᠳᠤᠭᠠᠷ ᠵᠣᠷᠪᠣᠰ  ᠠᠵᠤ ᠠᠬᠤᠶᠢᠯᠠᠯ ᠤᠳ ᠠᠶᠤᠯ ᠥᠬᠡᠢ ᠦᠢᠯᠡᠳᠪᠦᠷᠢᠯᠡᠯ ᠤᠨ ᠵᠦᠪᠰᠢᠶᠡᠷᠡᠬᠦ  ᠭᠡᠷᠡᠴᠢ  ᠶᠢ ᠰᠢᠯᠵᠢᠭᠦᠯᠦᠨ ᠥᠭᠬᠦ᠂ ᠬᠠᠭᠤᠷᠮᠠᠭᠯᠠᠨ ᠬᠡᠷᠡᠭᠯᠡᠬᠦ ᠪᠤᠶᠤ ᠬᠠᠭᠤᠷᠮᠠᠭᠯᠠᠨ ᠵᠣᠬᠢᠶᠠᠭᠰᠠᠨ ᠠᠶᠤᠯ ᠦᠭᠡᠢ ᠦᠢᠯᠡᠳᠪᠦᠷᠢᠯᠡᠯ ᠤᠨ  ᠵᠦᠪᠰᠢᠶᠡᠷᠡᠬᠦ  ᠭᠡᠷᠡᠴᠢ ᠶᠢ ᠬᠡᠷᠡᠭᠯᠡᠵᠦ ᠪᠣᠯᠬᠤ ᠥᠬᠡᠢ᠃    ᠠᠷᠪᠠᠨ ᠳᠥᠷᠪᠡᠳᠦᠭᠡᠷ ᠵᠣᠷᠪᠣᠰ  ᠠᠵᠤ ᠠᠬᠤᠶᠢᠯᠠᠯ ᠠᠴᠠ ᠠᠶᠤᠯ ᠥᠬᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠣᠯᠤᠭᠰᠠᠨ ᠤ ᠳᠠᠷᠠᠭ᠎ᠠ᠂ ᠠᠶᠤᠯ ᠥᠬᠡᠢ ᠦᠢᠯᠡᠳᠪᠦᠷᠢᠯᠡᠯ ᠤᠨ ᠨᠥᠬᠦᠴᠡᠯ ᠢ ᠪᠠᠭᠤᠷᠠᠭᠤᠯᠵᠤ ᠪᠣᠯᠬᠤ ᠥᠬᠡᠢ ᠪᠥᠭᠡᠳ ᠡᠳᠦᠷ ᠳᠣᠳᠣᠮ ᠤᠨ ᠠᠶᠤᠯ ᠥᠬᠡᠢ ᠦᠢᠯᠡᠳᠪᠦᠷᠢᠯᠡᠯ ᠤᠨ ᠬᠠᠮᠢᠶᠠᠷᠤᠯᠲᠠ ᠪᠠᠨ ᠴᠢᠩᠭᠠᠳᠬᠠᠨ᠂ ᠠᠶᠤᠯ ᠥᠬᠡᠢ ᠦᠢᠯᠡᠳᠪᠦᠷᠢᠯᠡᠯ ᠤᠨ  ᠵᠦᠪᠰᠢᠶᠡᠷᠡᠬᠦ ᠭᠡᠷᠡᠴᠢ ᠶᠢ ᠣᠯᠭᠤᠵᠤ ᠬᠠᠮᠢᠶᠠᠷᠬᠤ ᠪᠠᠶᠢᠭᠤᠯᠤᠯᠭ᠎ᠠ ᠶᠢᠨ ᠬᠢᠨᠠᠯᠲᠠ ᠲᠠᠯᠪᠢᠵᠤ ᠪᠠᠶᠢᠴᠠᠭᠠᠬᠤ ᠶᠢ ᠬᠦᠯᠢᠶᠡᠨ ᠠᠪᠬᠤ ᠬᠡᠷᠡᠭᠲᠡᠢ᠃ᠠᠶᠤᠯ ᠥᠬᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠣᠯᠭᠤᠵᠤ ᠬᠠᠮᠢᠶᠠᠷᠬᠤ ᠪᠠᠶᠢᠭᠤᠯᠤᠯᠭ᠎ᠠ ᠠᠴᠠ ᠠᠶᠤᠯ ᠥᠬᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠣᠯᠤᠭᠰᠠᠨ ᠠᠵᠤ ᠠᠬᠤᠶᠢᠯᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠲᠡᠭᠦᠨ ᠤ ᠲᠤᠰ ᠳᠦᠷᠢᠮ ᠳᠤ ᠲᠣᠭᠲᠠᠭᠠᠭᠰᠠᠨ ᠠᠶᠤᠯ ᠥᠬᠡᠢ ᠦᠢᠯᠡᠳᠪᠦᠷᠢᠯᠡᠯ ᠤᠨ ᠨᠥᠬᠦᠴᠡᠯ ᠢ ᠪᠦᠷᠢᠳᠦᠭᠦᠯᠬᠦ ᠪᠠᠨ ᠪᠣᠯᠢᠭᠰᠠᠨ ᠢ ᠣᠯᠵᠤ ᠮᠡᠳᠡᠪᠡᠯ᠂ ᠠᠶᠤᠯ ᠥᠬᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠨᠢ ᠲᠦᠷ ᠦᠯᠡᠳᠡᠭᠡᠨ ᠠᠪᠬᠤ ᠪᠤᠶᠤ ᠬᠤᠷᠢᠶᠠᠨ ᠠᠪᠴᠤ ᠬᠦᠴᠦᠨ ᠥᠬᠡᠢ ᠪᠣᠯᠭᠠᠬᠤ ᠬᠡᠷᠡᠭᠲᠡᠢ᠃    ᠠᠷᠪᠠᠨ ᠲᠠᠪᠤᠳᠤᠭᠠᠷ ᠵᠣᠷᠪᠣᠰ  ᠠᠶᠤᠯ ᠦᠭᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠣᠯᠭᠤᠵᠤ ᠬᠠᠮᠢᠶᠠᠷᠬᠤ ᠪᠠᠶᠢᠭᠤᠯᠤᠯᠭ᠎ᠠ ᠶᠢᠨ ᠠᠵᠢᠯᠲᠠᠨ ᠠᠶᠤᠯ ᠦᠭᠡᠢ ᠦᠢᠯᠡᠳᠪᠦᠷᠢᠯᠡᠯ ᠤᠨ  ᠵᠦᠪᠰᠢᠶᠡᠷᠡᠬᠦ  ᠭᠡᠷᠡᠴᠢ ᠶᠢ ᠣᠯᠭᠤᠬᠤ᠂ ᠬᠠᠮᠢᠶᠠᠷᠬᠤ ᠪᠠ ᠬᠢᠨᠠᠨ ᠪᠠᠶᠢᠴᠠᠭᠠᠬᠤ ᠠᠵᠢᠯ ᠤᠨ ᠳᠤᠮᠳᠠ᠂ ᠠᠵᠤ ᠠᠬᠤᠶᠢᠯᠠᠯ ᠤᠨ ᠡᠳ᠋ ᠬᠤᠭᠰᠢᠯ ᠢ ᠠᠪᠬᠤ ᠪᠤᠶᠤ ᠬᠦᠯᠢᠶᠡᠨ ᠠᠪᠴᠤ ᠪᠣᠯᠬᠤ ᠥᠬᠡᠢ᠂ ᠪᠤᠰᠤᠳ ᠠᠰᠢᠭ ᠲᠤᠰᠠ ᠣᠯᠵᠤ ᠪᠣᠯᠬᠤ ᠥᠬᠡᠢ᠃    ᠠᠷᠪᠠᠨ ᠵᠢᠷᠭᠤᠳᠤᠭᠠᠷ ᠵᠣᠷᠪᠣᠰ  ᠬᠢᠨᠠᠨ ᠪᠠᠶᠢᠴᠠᠭᠠᠬᠤ ᠪᠠᠶᠢᠭᠤᠯᠤᠯᠭ᠎ᠠ ᠠᠴᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠬᠠᠤᠯᠢ︾ ᠶᠢᠨ ᠲᠣᠭᠲᠠᠭᠠᠯ ᠶᠣᠰᠣᠭᠠᠷ᠂ ᠠᠶᠤᠯ ᠥᠬᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠣᠯᠭᠤᠵᠤ ᠬᠠᠮᠢᠶᠠᠷᠬᠤ ᠪᠠᠶᠢᠭᠤᠯᠤᠯᠭ᠎ᠠ ᠵᠢᠴᠢ ᠠᠵᠢᠯᠲᠠᠨ ᠤ ᠲᠤᠰ ᠳᠦᠷᠢᠮ ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠪᠠᠶᠢᠭ᠎ᠠ ᠪᠠᠶᠢᠳᠠᠯ ᠢ ᠬᠢᠨᠠᠨ ᠪᠠᠶᠢᠴᠠᠭᠠᠬᠤ ᠶᠢ ᠬᠡᠷᠡᠭᠵᠢᠭᠦᠯᠦᠨ᠎ᠡ᠃    ᠠᠷᠪᠠᠨ ᠳᠣᠯᠣᠳᠤᠭᠠᠷ ᠵᠣᠷᠪᠣᠰ   ᠶᠠᠮᠠᠷᠪᠠ ᠨᠢᠭᠡᠴᠡ ᠪᠤᠶᠤ ᠬᠤᠪᠢ ᠬᠥᠮᠦᠨ ᠠᠴᠠ ᠲᠤᠰ ᠳᠦᠷᠢᠮ ᠤᠨ ᠲᠣᠭᠲᠠᠭᠠᠯ ᠢ ᠵᠥᠷᠢᠴᠡᠭᠰᠡᠨ ᠠᠵᠢᠯᠯᠠᠭ᠎ᠠ ᠶᠢ᠂ ᠠᠶᠤᠯ ᠥᠬᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠣᠯᠭᠤᠵᠤ ᠬᠠᠮᠢᠶᠠᠷᠬᠤ ᠪᠠᠶᠢᠭᠤᠯᠤᠯᠭ᠎ᠠ ᠪᠤᠶᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠬᠦ ᠡᠷᠬᠡ ᠲᠠᠢ᠃    ᠠᠷᠪᠠᠨ ᠨᠠᠢᠮᠠᠳᠤᠭᠠᠷ ᠵᠣᠷᠪᠣᠰ  ᠠᠶᠤᠯ ᠥᠬᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠣᠯᠭᠤᠵᠤ ᠬᠠᠮᠢᠶᠠᠷᠬᠤ ᠪᠠᠶᠢᠭᠤᠯᠤᠯᠭ᠎ᠠ ᠶᠢᠨ ᠠᠵᠢᠯᠲᠠᠨ ᠳᠤ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠳᠡᠰ ᠢ ᠨᠢ ᠪᠠᠭᠤᠷᠠᠭᠤᠯᠬᠤ ᠪᠤᠶᠤ ᠲᠤᠰᠢᠶᠠᠯ ᠠᠴᠠ ᠨᠢ ᠤᠭᠴᠠᠷᠠᠭᠤᠯᠬᠤ ᠵᠠᠰᠠᠭ ᠵᠠᠬᠢᠷᠭᠠᠨ ᠤ ᠰᠢᠢᠳᠬᠡᠯ ᠥᠭᠴᠦ᠂ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ  ᠄    ︵ᠨᠢᠭᠡ︶ ᠲᠤᠰ ᠳᠦᠷᠢᠮ ᠤᠨ ᠲᠣᠭᠲᠠᠭᠠᠯ ᠳᠤ ᠦᠯᠦ ᠨᠡᠶᠢᠴᠡᠬᠦ ᠠᠶᠤᠯ ᠦᠭᠡᠢ ᠦᠢᠯᠡᠳᠪᠦᠷᠢᠯᠡᠯ ᠤᠨ ᠨᠥᠬᠦᠴᠡᠯ ᠳᠤ ᠦᠯᠦ ᠨᠡᠶᠢᠴᠡᠬᠦ ᠠᠵᠤ ᠠᠬᠤᠶᠢᠯᠠᠯ ᠳᠤ ᠠᠶᠤᠯ ᠦᠭᠡᠢ ᠦᠢᠯᠡᠳᠪᠦᠷᠢᠯᠡᠯ ᠤᠨ ᠵᠦᠪᠰᠢᠶᠡᠷᠡᠬᠦ  ᠭᠡᠷᠡᠴᠢ ᠣᠯᠭᠤᠭᠰᠠᠨ᠃    ︵ᠬᠤᠶᠠᠷ︶ ᠠᠵᠤ ᠠᠬᠤᠶᠢᠯᠠᠯ ᠤᠨ ᠬᠠᠤᠯᠢ ᠶᠣᠰᠣᠭᠠᠷ ᠠᠶᠤᠯ ᠦᠭᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠠᠪᠤᠭᠰᠠᠨ ᠦᠭᠡᠢ ᠪᠠᠷ ᠳᠤᠷ᠎ᠠ ᠪᠠᠷ ᠢᠶᠠᠨ ᠦᠢᠯᠡᠳᠪᠦᠷᠢᠯᠡᠯ ᠤᠨ ᠠᠵᠢᠯᠯᠠᠭ᠎ᠠ ᠡᠷᠬᠢᠯᠡᠭᠰᠡᠨ ᠢ ᠣᠯᠵᠤ ᠮᠡᠳᠡᠭᠰᠡᠨ ᠪᠣᠯᠪᠠᠴᠤ ᠬᠠᠤᠯᠢ ᠶᠣᠰᠣᠭᠠᠷ ᠰᠢᠢᠳᠪᠦᠷᠢᠯᠡᠬᠦ ᠦᠭᠡᠢ  ᠪᠠᠶᠢᠬᠤ ᠃    ︵ᠭᠤᠷᠪᠠ︶ ᠠᠶᠤᠯ ᠦᠭᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠣᠯᠤᠭᠰᠠᠨ ᠠᠵᠤ ᠠᠬᠤᠶᠢᠯᠠᠯ ᠨᠢ ᠲᠤᠰ ᠳᠦᠷᠢᠮ ᠳᠤ ᠲᠣᠭᠲᠠᠭᠠᠭᠰᠠᠨ ᠠᠶᠤᠯ ᠦᠭᠡᠢ ᠦᠢᠯᠡᠳᠪᠦᠷᠢᠯᠡᠯ ᠤᠨ ᠨᠥᠬᠦᠴᠡᠯ ᠢ ᠪᠦᠷᠢᠯᠳᠦᠭᠦᠯᠬᠦ ᠦᠭᠡᠢ ᠶᠢ ᠣᠯᠵᠤ ᠮᠡᠳᠡᠭᠰᠡᠨ‌‍ᠪᠣᠯᠪᠠᠴᠤ ᠬᠠᠤᠯᠢ ᠶᠣᠰᠣᠭᠠᠷ ᠰᠢᠢᠳᠪᠦᠷᠢᠯᠡᠬᠦ ᠦᠭᠡᠢ  ᠪᠠᠶᠢᠬᠤ ᠃    ︵ᠳᠥᠷᠪᠡ︶ ᠲᠤᠰ ᠳᠦᠷᠢᠮ ᠤᠨ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠢᠯᠡᠴᠢᠯᠡᠨ ᠮᠡᠳᠡᠭᠦᠯᠦᠭᠰᠡᠨ ᠢ ᠬᠦᠯᠢᠶᠡᠨ ᠠᠪᠤᠭᠰᠠᠨ ᠤ ᠳᠠᠷᠠᠭ᠎ᠠ᠂ ᠴᠠᠭ ᠲᠤᠬᠠᠢ ᠳᠤ ᠨᠢ ᠰᠢᠢᠳᠪᠦᠷᠢᠯᠡᠭᠰᠡᠨ ᠦᠭᠡᠢ ᠪᠠᠶᠢᠬᠤ᠃    ︵ᠲᠠᠪᠤ︶  ᠠᠶᠤᠯ ᠦᠭᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠣᠯᠭᠤᠬᠤ᠂ ᠬᠠᠮᠢᠶᠠᠷᠬᠤ ᠪᠠ ᠬᠢᠨᠠᠵᠤ ᠪᠠᠶᠢᠴᠠᠭᠠᠬᠤ ᠠᠵᠢᠯ ᠤᠨ ᠳᠤᠮᠳᠠ ᠠᠵᠤ ᠠᠬᠤᠶᠢᠯᠠᠯ ᠤᠨ ᠡᠳ᠋ ᠪᠣᠳᠠᠰ ᠢ ᠨᠡᠬᠡᠵᠦ ᠠᠪᠬᠤ ᠪᠤᠶᠤ ᠬᠦᠯᠢᠶᠡᠨ ᠠᠪᠬᠤ᠂ ᠡᠰᠡᠬᠦᠯ᠎ᠡ ᠪᠤᠰᠤᠳ ᠠᠰᠢᠭ ᠲᠤᠰᠠ ᠣᠯᠬᠤ᠃    ᠠᠷᠪᠠ ᠶᠢᠰᠦᠳᠦᠭᠡᠷ ᠵᠣᠷᠪᠣᠰ   ᠲᠤᠰ ᠳᠦᠷᠢᠮ ᠤᠨ ᠲᠣᠭᠲᠠᠭᠠᠯ ᠢ ᠵᠥᠷᠢᠴᠡᠵᠦ᠂  ᠠᠶᠤᠯ ᠦᠭᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠣᠯᠤᠭᠰᠠᠨ ᠦᠭᠡᠢ ᠪᠠᠷ ᠳᠤᠷ᠎ᠠ ᠪᠠᠷ ᠢᠶᠠᠨ ᠦᠢᠯᠡᠳᠪᠦᠷᠢᠯᠡᠭᠰᠡᠨ ᠪᠠᠶᠢᠪᠠᠯ᠂ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠠᠨ ᠠᠪᠴᠤ᠂10 ᠲᠦᠮᠡᠨ ᠲᠥᠭᠦᠷᠢᠭ ᠠᠴᠠ ᠳᠡᠭᠡᠭᠰᠢ 50 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ᠃ ᠬᠦᠨᠳᠦ ᠶᠡᠭᠡ ᠠᠳᠡᠯ ᠭᠠᠷᠭᠠᠭᠰᠠᠨ ᠪᠤᠶᠤ ᠪᠤᠰᠤᠳ ᠬᠦᠨᠳᠦ ᠨᠣᠴᠢ ᠲᠠᠢ ᠬᠡᠷᠡᠭ ᠲᠠᠲᠠᠭᠰᠠᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠬᠤᠷᠢᠳᠤᠭᠠᠷ ᠵᠣᠷᠪᠣᠰ  ᠲᠤᠰ ᠳᠦᠷᠢᠮ ᠤᠨ ᠲᠣᠭᠲᠠᠭᠠᠯ ᠢ ᠵᠥᠷᠢᠴᠡᠵᠦ᠂ ᠠᠶᠤᠯ ᠦᠭᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢᠨ ᠬᠦᠴᠦᠨ ᠪᠦᠬᠦᠢ ᠬᠤᠭᠤᠴᠠᠭ᠎ᠠ ᠨᠢ ᠳᠠᠭᠤᠰᠤᠭᠠᠳ ᠬᠤᠭᠤᠴᠠᠭ᠎ᠠ ᠶᠢ ᠤᠷᠲᠤᠳᠬᠠᠬᠤ ᠭᠠᠷ ᠭᠦᠢᠴᠡᠳᠬᠡᠯ ᠬᠢᠭᠰᠡᠨ ᠦᠭᠡᠢ ᠪᠠᠷ ᠦᠷᠭᠦᠯᠵᠢᠯᠡᠨ ᠦᠢᠯᠡᠳᠪᠦᠷᠢᠯᠡᠭᠰᠡᠨ ᠪᠠᠶᠢᠪᠠᠯ᠂ ᠦᠢᠯᠡᠳᠪᠦᠷᠢᠯᠡᠬᠦ ᠶᠢ ᠨᠢ ᠵᠠᠷᠯᠢᠭᠳᠠᠨ ᠵᠣᠭᠰᠣᠭᠠᠵᠤ᠂ ᠲᠣᠭᠲᠠᠭᠰᠠᠨ ᠬᠤᠭᠤᠴᠠᠭᠠᠨ ᠳᠤ ᠳᠣᠲᠣᠷ᠎ᠠ ᠬᠤᠭᠤᠴᠠᠭ᠎ᠠ ᠶᠢ ᠨᠢ ᠤᠷᠲᠤᠳᠬᠠᠬᠤ ᠭᠠᠷ ᠭᠦᠢᠴᠡᠳᠬᠡᠯ ᠢ ᠨᠢ ᠨᠥᠬᠦᠵᠦ ᠬᠢᠯᠭᠡᠵᠦ᠂ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠠᠨ ᠠᠪᠴᠤ᠂ 5 ᠲᠦᠮᠡᠨ ᠲᠥᠭᠦᠷᠢᠭ ᠠᠴᠠ ᠳᠡᠭᠡᠭᠰᠢ 10 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ᠃ ᠬᠤᠭᠤᠴᠠᠭ᠎ᠠ ᠨᠢ ᠬᠡᠲᠦᠷᠡᠭᠡᠳ ᠪᠠᠰᠠ ᠤᠷᠲᠤᠳᠬᠠᠬᠤ ᠭᠠᠷ ᠭᠦᠢᠴᠡᠳᠬᠡᠯ ᠢᠶᠠᠨ ᠦᠯᠦ ᠬᠢᠵᠦ ᠦᠷᠭᠦᠯᠵᠢᠯᠡᠨ ᠦᠢᠯᠡᠳᠪᠦᠷᠢᠯᠡᠭᠰᠡᠨ  ᠪᠠᠶᠢᠪᠠᠯ᠂ ᠲᠤᠰ ᠳᠦᠷᠢᠮ ᠤᠨ ᠠᠷᠪᠠ ᠶᠢᠰᠦᠳᠦᠭᠡᠷ ᠵᠣᠷᠪᠣᠰ ᠤᠨ ᠲᠣᠭᠲᠠᠭᠠᠯ ᠶᠣᠰᠣᠭᠠᠷ ᠰᠢᠢᠳᠬᠡᠨ᠎ᠡ᠃    ᠬᠤᠷᠢᠨ ᠨᠢᠭᠡᠳᠦᠭᠡᠷ ᠵᠣᠷᠪᠣᠰ  ᠲᠤᠰ ᠳᠦᠷᠢᠮ ᠤᠨ ᠲᠣᠭᠲᠠᠭᠠᠯ ᠢ ᠵᠥᠷᠢᠴᠡᠵᠦ᠂ ᠠᠶᠤᠯ ᠦᠭᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠪᠠᠨ ᠰᠢᠯᠵᠢᠭᠦᠯᠦᠨ ᠦᠭᠭᠦᠭᠰᠡᠨ ᠪᠠᠶᠢᠪᠠᠯ᠂ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠠᠨ ᠠᠪᠴᠤ᠂10 ᠲᠦᠮᠡᠨ ᠲᠥᠭᠦᠷᠢᠭ ᠠᠴᠠ ᠳᠡᠭᠡᠭᠰᠢ 50 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ᠃ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠰᠢᠯᠵᠢᠭᠦᠯᠦᠨ ᠥᠭᠬᠦ ᠶᠢ ᠬᠦᠯᠢᠶᠡᠨ ᠠᠪᠤᠪᠠᠯ᠂ ᠲᠤᠰ ᠳᠦᠷᠢᠮ ᠤᠨ ᠠᠷᠪᠠ ᠶᠢᠰᠦᠳᠦᠭᠡᠷ ᠵᠣᠷᠪᠣᠰ ᠤᠨ ᠲᠣᠭᠲᠠᠭᠠᠯ ᠶᠣᠰᠣᠭᠠᠷ ᠰᠢᠢᠳᠬᠡᠨ᠎ᠡ᠃    ᠠᠶᠤᠯ ᠦᠭᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠬᠠᠭᠤᠷᠮᠠᠭᠯᠠᠨ ᠬᠡᠷᠡᠭᠯᠡᠭᠰᠡᠨ ᠪᠤᠶᠤ ᠬᠠᠭᠤᠷᠮᠠᠭᠯᠠᠨ ᠵᠣᠬᠢᠶᠠᠭᠰᠠᠨ ᠠᠶᠤᠯ ᠦᠭᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠬᠡᠷᠡᠭᠯᠡᠭᠰᠡᠨ ᠪᠠᠶᠢᠪᠠᠯ᠂ ᠲᠤᠰ ᠳᠦᠷᠢᠮ ᠤᠨ ᠠᠷᠪᠠ ᠶᠢᠰᠦᠳᠦᠭᠡᠷ ᠵᠣᠷᠪᠣᠰ ᠤᠨ ᠲᠣᠭᠲᠠᠭᠠᠯ ᠶᠣᠰᠣᠭᠠᠷ ᠰᠢᠢᠳᠬᠡᠨ᠎ᠡ ᠬᠤᠷᠢᠨ ᠬᠤᠶᠠᠳᠤᠭᠠᠷ ᠵᠣᠷᠪᠣᠰ   ᠲᠤᠰ ᠳᠦᠷᠢᠮ ᠢ ᠬᠡᠷᠡᠭᠵᠢᠭᠦᠯᠬᠦ ᠠᠴᠠ ᠡᠮᠦᠨ᠎ᠡ ᠨᠢᠭᠡᠨᠲᠡ ᠦᠢᠯᠡᠳᠪᠦᠷᠢᠯᠡᠭᠰᠡᠨ ᠠᠵᠤ ᠠᠬᠤᠶᠢᠯᠠᠯ ᠤᠳ᠂ ᠲᠤᠰ ᠳᠦᠷᠢᠮ ᠢ ᠬᠡᠷᠡᠭᠵᠢᠭᠦᠯᠦᠭᠰᠡᠨ ᠡᠳᠦᠷ ᠠᠴᠠ ᠡᠬᠢᠯᠡᠨ1ᠵᠢᠯ ᠤᠨ ᠳᠣᠲᠣᠷ᠎ᠠ᠂ ᠲᠤᠰ ᠳᠦᠷᠢᠮ ᠤᠨ ᠲᠣᠭᠲᠠᠭᠠᠯ ᠶᠣᠰᠣᠭᠠᠷ ᠠᠶᠤᠯ ᠦᠭᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠣᠯᠭᠤᠵᠤ ᠬᠠᠮᠢᠶᠠᠷᠬᠤ ᠪᠠᠶᠢᠭᠤᠯᠤᠯᠭ᠎ᠠ ᠳᠤ ᠠᠶᠤᠯ ᠦᠭᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠣᠯᠭᠤᠬᠤ ᠭᠤᠶᠤᠴᠢᠯᠠᠯ ᠭᠠᠷᠭᠠᠬᠤ ᠬᠡᠷᠡᠭᠲᠡᠢ᠃ ᠠᠶᠤᠯ ᠦᠭᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠬᠤᠭᠤᠴᠠᠭ᠎ᠠ ᠥᠩᠭᠡᠷᠡᠲᠡᠯ᠎ᠡ ᠭᠦᠢᠴᠡᠳᠬᠡᠬᠦ ᠥᠬᠡᠢ ᠪᠤᠶᠤ ᠬᠢᠨᠠᠨ ᠪᠠᠶᠢᠴᠠᠭᠠᠭᠠᠳ ᠲᠤᠰ ᠳᠦᠷᠢᠮ ᠳᠤ ᠲᠣᠭᠲᠠᠭᠠᠭᠰᠠᠨ ᠠᠶᠤᠯ ᠥᠬᠡᠢ ᠦᠢᠯᠡᠳᠪᠦᠷᠢᠯᠡᠯ ᠤᠨ ᠨᠥᠬᠦᠴᠡᠯ ᠳᠤ  ᠨᠡᠶᠢᠴᠡᠬᠦ ᠥᠬᠡᠢ᠂ ᠠᠶᠤᠯ ᠦᠭᠡᠢ ᠦᠢᠯᠡᠳᠪᠦᠷᠢᠯᠡᠯ ᠤᠨ ᠵᠦᠪᠰᠢᠶᠡᠷᠡᠬᠦ ᠭᠡᠷᠡᠴᠢ ᠶᠢ ᠣᠯᠤᠭᠰᠠᠨ ᠥᠬᠡᠢ ᠪᠠᠷ ᠦᠷᠭᠦᠯᠵᠢᠯᠡᠨ ᠦᠢᠯᠡᠳᠪᠦᠷᠢᠯᠡᠭᠰᠡᠨ ᠪᠣᠯ᠂ ᠲᠤᠰ ᠳᠦᠷᠢᠮ ᠤᠨ ᠠᠷᠪᠠ ᠶᠢᠰᠦᠳᠦᠭᠡᠷ ᠵᠣᠷᠪᠣᠰ ᠤᠨ ᠲᠣᠭᠲᠠᠭᠠᠯ ᠶᠣᠰᠣᠭᠠᠷ ᠰᠢᠢᠳᠬᠡᠨ᠎ᠡ᠃    ᠬᠤᠷᠢᠨ ᠭᠤᠷᠪᠠᠳᠤᠭᠠᠷ ᠵᠣᠷᠪᠣᠰ   ᠲᠤᠰ ᠳᠦᠷᠢᠮ ᠳᠤ ᠲᠣᠭᠲᠠᠭᠠᠭᠰᠠᠨ ᠵᠠᠰᠠᠭ ᠵᠠᠬᠢᠷᠭᠠᠨ ᠤ ᠰᠢᠢᠳᠬᠡᠯ ᠢ᠂ ᠠᠶᠤᠯ ᠦᠭᠡᠢ ᠦᠢᠯᠡᠳᠪᠦᠷᠢᠯᠡᠯ ᠤᠨ  ᠵᠦᠪᠰᠢᠶᠡᠷᠡᠬᠦ  ᠭᠡᠷᠡᠴᠢ ᠶᠢ ᠣᠯᠭᠤᠵᠤ ᠬᠠᠮᠢᠶᠠᠷᠬᠤ ᠪᠠᠶᠢᠭᠤᠯᠤᠯᠭ᠎ᠠ ᠠᠴᠠ ᠲᠣᠭᠲᠠᠭᠠᠨ᠎ᠠ᠃    ᠬᠤᠷᠢᠨ ᠳᠥᠷᠪᠡᠳᠦᠭᠡᠷ ᠵᠣᠷᠪᠣᠰ   ᠲᠤᠰ ᠳᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃
ᠢᠷᠡᠯᠲᠡ᠄ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ ᠶᠢᠨ ᠲᠢᠩᠬᠢᠮ
Baidu
map