ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠬᠢᠷᠢ ᠭᠡᠮ ᠤᠨ ᠬᠠᠮᠢᠶᠠᠷᠤᠯᠲᠠ ᠶᠢᠨ ᠲᠣᠭᠲᠠᠭᠠᠯ | ᠨᠢᠭᠡᠳᠦᠭᠡᠷ ᠵᠤᠷᠪᠤᠰ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠬᠢᠷᠢ ᠭᠡᠮ ᠤᠨ ᠬᠠᠮᠢᠶᠠᠷᠤᠯᠲᠠ ᠶᠢ ᠴᠢᠩᠭᠠᠳᠬᠠᠵᠤ᠂ ᠭᠡᠷ | ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠬᠤ ᠶᠢᠨ ᠲᠤᠰᠠᠳᠠ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠬᠠᠮᠢᠶᠠᠷᠤᠯᠲᠠ ᠶᠢᠨ ᠬᠠᠤᠯᠢ︾᠂ ︽ᠬᠤᠲᠠ ᠶᠢᠨ ᠭᠡᠷ ᠪᠠᠶᠢᠰᠢᠩ | ᠭᠠᠵᠠᠷ ᠬᠥᠷᠥᠩᠭᠡ ᠶᠢᠨ ᠨᠡᠭᠡᠭᠡᠨ ᠠᠰᠢᠭᠯᠠᠬᠤ ᠡᠵᠡᠩᠨᠡᠯᠲᠡ ᠶᠢᠨ ᠬᠠᠮᠢᠶᠠᠷᠤᠯᠲᠠ ᠶᠢᠨ ᠳᠦᠷᠢᠮ︾ ᠢ ᠦᠨᠳᠦᠰᠦᠯᠡᠨ ᠲᠤᠰ ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠤᠷᠪᠤᠰ ᠲᠤᠰ ᠲᠣᠭᠲᠠᠭᠠᠯ ᠳᠤ ᠬᠡᠯᠡᠵᠦ ᠪᠠᠶᠢᠭ᠎ᠠ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠵᠢᠨᠠᠵᠤ ᠠᠬᠤᠶᠢᠯᠠᠯ ᠭᠡᠳᠡᠭ ᠪᠣᠯ ᠬᠠᠤᠯᠢ | ᠶᠣᠰᠣᠭᠠᠷ ᠪᠠᠶᠢᠭᠤᠯᠤᠭᠰᠠᠨ᠂ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠬᠢᠷᠢ ᠭᠡᠮ ᠲᠠᠢ ᠠᠵᠤ ᠠᠬᠤᠢ ᠶᠢᠨ ᠪᠣᠳᠠᠲᠤ ᠴᠣᠭᠴᠠ ᠶᠢ ᠵᠢᠭᠠᠵᠤ ᠪᠣᠢ᠃ | ᠭᠤᠷᠪᠠᠳᠤᠭᠠᠷ ᠵᠤᠷᠪᠤᠰ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠨᠢ ᠲᠤᠰ ᠲᠣᠭᠲᠠᠭᠠᠯ ᠶᠣᠰᠣᠭᠠᠷ ᠠᠵᠤ ᠠᠬᠤᠶᠢᠯᠠᠯ ᠤᠨ ᠬᠢᠷᠢ | ᠬᠡᠮ ᠤᠨ ᠵᠡᠷᠭᠡ ᠳᠡᠰ ᠢ ᠬᠢᠨᠠᠨ ᠲᠣᠭᠲᠠᠭᠠᠯᠭᠠᠬᠤ ᠪᠠᠷ ᠭᠤᠶᠤᠴᠢᠯᠠᠬᠤ ᠬᠡᠷᠡᠭᠲᠡᠢ᠃ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠬᠢᠷᠢ ᠬᠡᠮ ᠤᠨ ᠵᠡᠷᠭᠡ | ᠳᠡᠰ ᠤᠨ ᠦᠨᠡᠮᠯᠡᠯ ︵ᠳᠣᠷᠣᠭᠰᠢ ᠬᠢᠷᠢ ᠬᠡᠮ ᠤᠨ ᠦᠨᠡᠮᠯᠡᠯ ᠭᠡᠵᠦ ᠲᠣᠪᠴᠢᠯᠠᠨ᠎ᠠ︶ ᠥᠬᠡᠢ ᠠᠵᠤ ᠠᠬᠤᠶᠢᠯᠠᠯ ᠤᠳ ᠭᠡᠷ ᠪᠠᠶᠢᠰᠢᠩ ᠭᠠᠵᠠᠷ ᠬᠥᠷᠥᠩᠭᠡ ᠶᠢ ᠨᠡᠭᠡᠭᠡᠨ | ᠠᠰᠢᠭᠯᠠᠵᠤ ᠡᠵᠡᠩᠨᠡᠬᠦ ᠲᠤᠬᠠᠶᠢᠯᠠᠭᠰᠠᠨ ᠠᠵᠢᠯ ᠢ ᠡᠷᠬᠢᠯᠡᠵᠦ ᠪᠣᠯᠬᠤ ᠥᠬᠡᠢ᠃ | ᠳᠥᠷᠪᠡᠳᠦᠭᠡᠷ ᠵᠤᠷᠪᠤᠰ ᠲᠥᠷᠥ ᠶᠢᠨ ᠶᠠᠪᠤᠳᠠᠯ ᠤᠨ ᠬᠤᠷᠢᠶᠠᠨ ᠤ ᠪᠦᠲᠦᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ | ᠮᠥᠴᠢᠷ ᠠᠴᠠ ᠪᠦᠬᠦ ᠤᠯᠤᠰ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠵᠢᠨᠠᠵᠤ ᠠᠬᠤᠶᠢᠯᠠᠯ ᠤᠨ ᠬᠢᠷᠢ ᠭᠡᠮ ᠤᠨ ᠬᠠᠮᠢᠶᠠᠷᠤᠯᠲᠠ ᠶᠢᠨ ᠠᠵᠢᠯ ᠢ | ᠬᠠᠷᠢᠭᠤᠴᠠᠵᠤ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠭᠡᠷ ᠪᠠᠶᠢᠰᠢᠩ ᠭᠠᠵᠠᠷ | ᠬᠥᠷᠥᠩᠭᠡ ᠵᠢᠨᠨᠡᠭᠡᠭᠡᠯᠲᠡ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠭᠡᠷ ᠪᠠᠶᠢᠰᠢᠩ ᠭᠠᠵᠠᠷ | ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠬᠢᠷᠢ ᠬᠡᠮ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠲᠠᠪᠤᠳᠤᠭᠠᠷ ᠵᠤᠷᠪᠤᠰ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠢ ᠠᠵᠤ ᠠᠬᠤᠶᠢᠯᠠᠯ ᠤᠨ ᠨᠥᠬᠦᠴᠡᠯ ᠢᠶᠠᠷ ᠨᠢᠭᠡᠳᠦᠭᠡᠷ᠂ | ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠵᠡᠷᠭᠡ ᠳᠦᠷᠪᠡᠨ ᠵᠦᠢᠯ ᠤᠨ ᠬᠢᠷᠢ ᠬᠡᠮ ᠤᠨ ᠵᠡᠷᠭᠡ ᠳᠡᠰ ᠬᠤᠪᠢᠶᠠᠨ᠎ᠠ᠃ | ᠬᠢᠷᠢ ᠬᠡᠮ ᠤᠨ ᠵᠡᠷᠭᠡ ᠳᠡᠰ ᠤᠨ ᠠᠵᠤ ᠠᠬᠤᠶᠢᠯᠠᠯ ᠤᠨ ᠨᠥᠬᠦᠴᠡᠯ ᠳᠣᠣᠷᠠᠬᠢ ᠮᠡᠲᠦ᠄ | ︵ᠨᠢᠭᠡ︶ ᠨᠢᠭᠡᠳᠦᠭᠡᠷ ᠳᠡᠰ ᠤᠨ ᠬᠢᠷᠢ ᠬᠡᠮ | 1. ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠡᠵᠡᠩᠨᠡᠯᠲᠡ ᠶᠢᠨ ᠠᠵᠢᠯ ᠢ 5 ᠵᠢᠯ ᠠᠴᠠ ᠳᠡᠭᠡᠭᠰᠢ ᠬᠢᠭᠰᠡᠨ᠃ | 2. ᠣᠶᠢᠷ᠎ᠠ ᠶᠢᠨ 3 ᠵᠢᠯ ᠳᠤ ᠨᠡᠶᠢᠲᠡ 30 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠠᠴᠠ ᠳᠡᠭᠡᠭᠰᠢᠬᠢ ᠭᠡᠷ ᠪᠠᠶᠢᠰᠢᠩ ᠤᠨ ᠪᠠᠷᠢᠯᠭ᠎ᠠ ᠶᠢᠨ ᠠᠵᠢᠯ | ᠳᠠᠭᠤᠰᠬᠠᠭᠰᠠᠨ ᠪᠤᠶᠤ ᠡᠭᠦᠨ ᠲᠠᠢ ᠠᠳᠠᠯᠢᠪᠲᠤᠷ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠡᠯᠡ ᠣᠷᠣᠭᠤᠯᠤᠯᠲᠠ ᠶᠢᠨ ᠲᠤᠭ᠎ᠠ ᠶᠢ ᠪᠡᠶᠡᠯᠡᠭᠦᠯᠦᠭᠰᠡᠨ | ᠪᠠᠶᠢᠬᠤ ᠬᠡᠷᠡᠭᠲᠡᠢ᠃ | 3. ᠦᠷᠭᠦᠯᠵᠢᠯᠡᠨ 5 ᠵᠢᠯ ᠳᠠᠷᠠᠭᠠᠯᠠᠨ ᠪᠠᠷᠢᠯᠭ᠎ᠠ ᠶᠢᠨ ᠶᠠᠰᠤ ᠴᠢᠨᠠᠷ ᠤᠨ ᠬᠢᠷᠢ ᠲᠡᠩᠴᠡᠭᠰᠡᠨ ᠨᠣᠷᠮ᠎ᠠ ᠨᠢ 100 % ᠳᠤ ᠬᠥᠷᠥᠭᠰᠡᠨ᠃ | 4. ᠲᠦᠷᠦᠭᠦᠦ ᠵᠢᠯ ᠤᠨ ᠭᠡᠷ ᠪᠠᠶᠢᠰᠢᠩ ᠤᠨ ᠪᠠᠷᠢᠯᠭ᠎ᠠ ᠶᠢᠨ ᠠᠵᠢᠯ ᠤᠨ ᠲᠠᠯᠠᠪᠠᠢ 15 ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠪᠤᠶᠤ ᠡᠭᠦᠨ ᠲᠠᠢ | ᠠᠳᠠᠯᠢᠪᠲᠤᠷ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠳᠤ ᠪᠡᠯᠡ ᠣᠷᠣᠭᠤᠯᠤᠭᠰᠠᠨ ᠃ | 5. ᠮᠡᠷᠭᠡᠵᠢᠯ ᠤᠨ ᠴᠣᠯᠠ ᠲᠠᠢ ᠪᠠᠷᠢᠯᠭ᠎ᠠ᠂ ᠪᠦᠲᠦᠴᠡ᠂ ᠡᠳ᠋ ᠤᠨ ᠶᠠᠪᠤᠳᠠᠯ᠂ ᠭᠡᠷ ᠪᠠᠶᠢᠰᠢᠩ ᠭᠠᠵᠠᠷ ᠬᠥᠷᠥᠩᠭᠡ ᠵᠢᠴᠢ ᠬᠤᠯᠪᠣᠭᠳᠠᠯ ᠪᠦᠬᠦᠢ ᠠᠵᠤ ᠠᠬᠤᠢ ᠶᠢᠨ | ᠲᠥᠷᠥᠯ ᠤᠨ ᠲᠤᠰᠬᠠᠢ ᠮᠡᠷᠭᠡᠵᠢᠯ ᠤᠨ ᠬᠠᠮᠢᠶᠠᠷᠤᠯᠲᠠ ᠶᠢᠨ ᠠᠵᠢᠯᠲᠠᠨ ᠨᠢ 40 ᠬᠥᠮᠦᠨ ᠠᠴᠠ ᠳᠤᠲᠠᠭᠤ ᠥᠬᠡᠢ ᠪᠠᠶᠢᠵᠤ᠂ ᠲᠡᠭᠦᠨ ᠤ ᠳᠣᠲᠣᠷᠠᠬᠢ ᠳᠤᠮᠳᠠ | ᠵᠡᠷᠭᠡ ᠠᠴᠠ ᠳᠡᠭᠡᠭᠰᠢᠬᠢ ᠮᠡᠷᠭᠡᠵᠢᠯ ᠤᠨ ᠴᠣᠯᠠ ᠲᠠᠢ ᠬᠠᠮᠢᠶᠠᠷᠤᠯᠲᠠ ᠶᠢᠨ ᠠᠵᠢᠯᠲᠠᠨ ᠨᠢ 20 ᠬᠥᠮᠦᠨ ᠠᠴᠠ ᠳᠤᠲᠠᠭᠤ ᠥᠬᠡᠢ᠂ ᠬᠢᠷᠢ ᠭᠡᠮ ᠤᠨ ᠦᠨᠡᠮᠯᠡᠯ ᠲᠠᠢ | ᠲᠤᠰᠬᠠᠢ ᠲᠤᠰᠢᠶᠠᠯ ᠲᠠᠢ ᠨᠢᠭᠲᠠᠯᠠᠨ ᠪᠣᠳᠣᠬᠤ ᠠᠵᠢᠯᠲᠠᠨ ᠨᠢ 4 ᠬᠥᠮᠦᠨ ᠠᠴᠠ ᠳᠤᠲᠠᠭᠤ ᠥᠬᠡᠢ ᠪᠠᠶᠢᠬᠤ ᠬᠡᠷᠡᠭᠲᠡᠢ᠃ | 6. ᠪᠠᠷᠢᠯᠭ᠎ᠠ ᠶᠢᠨ ᠮᠡᠷᠭᠡᠵᠢᠯ᠂ ᠡᠳ᠋ ᠤᠨ ᠶᠠᠪᠤᠳᠠᠯ᠂ ᠲᠤᠭ᠎ᠠ ᠪᠦᠷᠢᠳᠬᠡᠯ ᠵᠡᠷᠭᠡ ᠲᠤᠬᠠᠶᠢᠯᠠᠭᠰᠠᠨ ᠠᠵᠢᠯ ᠤᠨ ᠬᠠᠷᠢᠭᠤᠴᠠᠯᠭᠠᠲᠠᠨ ᠨᠢ ᠵᠣᠬᠢᠴᠠᠩᠭᠤᠢ ᠲᠤᠰᠬᠠᠢ | ᠮᠡᠷᠭᠡᠵᠢᠯ ᠤᠨ ᠳᠤᠮᠳᠠ ᠳᠡᠰ ᠠᠴᠠ ᠳᠡᠭᠡᠭᠰᠢᠬᠢ ᠮᠡᠷᠭᠡᠵᠢᠯ ᠤᠨ ᠴᠣᠯᠠ ᠲᠠᠢ᠃ | 7. ᠪᠦᠷᠢᠨ ᠲᠡᠭᠦᠯᠳᠡᠷ ᠶᠠᠰᠤ ᠴᠢᠨᠠᠷ ᠤᠨ ᠪᠠᠲᠤᠯᠠᠭ᠎ᠠ ᠶᠢᠨ ᠰᠢᠰᠲ᠋ᠧᠮ ᠲᠠᠢ᠂ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠭ᠎ᠠ ᠳᠤ ︽ᠣᠷᠣᠨ ᠰᠠᠭᠤᠴᠠ ᠶᠢᠨ | ᠶᠠᠰᠤ ᠴᠢᠨᠠᠷ ᠤᠨ ᠪᠠᠲᠤᠯᠠᠭ᠎ᠠ ᠶᠢᠨ ᠪᠢᠴᠢᠭ︾ ᠪᠠ ︽ᠣᠷᠣᠨ ᠰᠠᠭᠤᠴᠠ ᠬᠡᠷᠡᠭᠯᠡᠬᠦ ᠲᠣᠳᠣᠷᠬᠠᠶᠢᠯᠠᠯᠲᠠᠶᠢᠨ ᠪᠢᠴᠢᠭ︾ ᠤᠨ ᠳᠦᠷᠢᠮ ᠢ ᠬᠡᠷᠡᠭᠵᠢᠭᠦᠯᠦᠨ᠎ᠡ᠃ | 8. ᠴᠢᠬᠤᠯᠠ ᠶᠡᠭᠡ ᠪᠠᠷᠢᠯᠭ᠎ᠠ ᠶᠢᠨ ᠶᠠᠰᠤ ᠴᠢᠨᠠᠷ ᠤᠨ ᠠᠳᠡᠯ ᠭᠠᠷᠴᠤ ᠥᠩᠭᠡᠷᠡᠭᠰᠡᠨ ᠥᠬᠡᠢ᠃ | ︵ᠬᠤᠶᠠᠷ︶ ᠬᠤᠶᠠᠳᠤᠭᠠᠷ ᠳᠡᠰ ᠤᠨ ᠬᠢᠷᠢ ᠬᠡᠮ | 1. ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠡᠵᠡᠩᠨᠡᠯᠲᠡ ᠶᠢᠨ ᠠᠵᠢᠯ ᠢ 3 ᠵᠢᠯ ᠠᠴᠠ ᠳᠡᠭᠡᠭᠰᠢ ᠬᠢᠭᠰᠡᠨ᠃ | 2. ᠣᠶᠢᠷ᠎ᠠ ᠶᠢᠨ 3 ᠵᠢᠯ ᠳᠤ ᠭᠡᠷ ᠪᠠᠶᠢᠰᠢᠩ ᠤᠨ ᠪᠠᠷᠢᠯᠭ᠎ᠠ ᠶᠢᠨ ᠲᠠᠯᠠᠪᠠᠢ ᠨᠡᠶᠢᠲᠡ15 ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠳᠠᠭᠤᠰᠬᠠᠭᠰᠠᠨ | ᠪᠤᠶᠤ ᠡᠭᠦᠨ ᠲᠠᠢ ᠠᠳᠠᠯᠢᠪᠲᠤᠷ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠡᠯᠡ ᠣᠷᠣᠭᠤᠯᠤᠯᠲᠠ ᠶᠢᠨ ᠲᠤᠭ᠎ᠠ ᠶᠢ ᠪᠡᠶᠡᠯᠡᠭᠦᠯᠦᠭᠰᠡᠨ ᠪᠠᠶᠢᠬᠤ ᠬᠡᠷᠡᠭᠲᠡᠢ | ᠃ | 3. ᠦᠷᠭᠦᠯᠵᠢᠯᠡᠨ3 ᠵᠢᠯ ᠳᠠᠷᠠᠭᠠᠯᠠᠨ ᠪᠠᠷᠢᠯᠭ᠎ᠠ ᠶᠢᠨ ᠶᠠᠰᠤ ᠴᠢᠨᠠᠷ ᠤᠨ ᠬᠢᠷᠢ ᠲᠡᠩᠴᠡᠭᠰᠡᠨ ᠨᠣᠷᠮ᠎ᠠ ᠨᠢ 100 % ᠳᠤ ᠬᠥᠷᠥᠭᠰᠡᠨ᠃ | 4. ᠲᠦᠷᠦᠭᠦᠦ ᠵᠢᠯ ᠤᠨ ᠭᠡᠷ ᠪᠠᠶᠢᠰᠢᠩ ᠤᠨ ᠪᠠᠷᠢᠯᠭ᠎ᠠ ᠶᠢᠨ ᠠᠵᠢᠯ ᠤᠨ ᠲᠠᠯᠠᠪᠠᠢ 10 ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠪᠤᠶᠤ ᠡᠭᠦᠨ ᠲᠠᠢ | ᠠᠳᠠᠯᠢᠪᠲᠤᠷ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠳᠤ ᠪᠡᠯᠡ ᠣᠷᠣᠭᠤᠯᠤᠭᠰᠠᠨ ᠃ | 5. ᠮᠡᠷᠭᠡᠵᠢᠯ ᠤᠨ ᠴᠣᠯᠠ ᠲᠠᠢ ᠪᠠᠷᠢᠯᠭ᠎ᠠ᠂ ᠪᠦᠲᠦᠴᠡ᠂ ᠡᠳ᠋ ᠤᠨ ᠶᠠᠪᠤᠳᠠᠯ᠂ ᠭᠡᠷ ᠪᠠᠶᠢᠰᠢᠩ ᠭᠠᠵᠠᠷ ᠬᠥᠷᠥᠩᠭᠡ ᠵᠢᠴᠢ ᠬᠤᠯᠪᠣᠭᠳᠠᠯ ᠪᠦᠬᠦᠢ ᠠᠵᠤ ᠠᠬᠤᠢ ᠶᠢᠨ | ᠲᠥᠷᠥᠯ ᠤᠨ ᠲᠤᠰᠬᠠᠢ ᠮᠡᠷᠭᠡᠵᠢᠯ ᠤᠨ ᠬᠠᠮᠢᠶᠠᠷᠤᠯᠲᠠ ᠶᠢᠨ ᠠᠵᠢᠯᠲᠠᠨ ᠨᠢ 20 ᠬᠥᠮᠦᠨ ᠠᠴᠠ ᠳᠤᠲᠠᠭᠤ ᠥᠬᠡᠢ ᠪᠠᠶᠢᠵᠤ᠂ ᠲᠡᠭᠦᠨ ᠤ ᠳᠣᠲᠣᠷᠠᠬᠢ ᠳᠤᠮᠳᠠ | ᠵᠡᠷᠭᠡ ᠠᠴᠠ ᠳᠡᠭᠡᠭᠰᠢᠬᠢ ᠮᠡᠷᠭᠡᠵᠢᠯ ᠤᠨ ᠴᠣᠯᠠ ᠲᠠᠢ ᠬᠠᠮᠢᠶᠠᠷᠤᠯᠲᠠ ᠶᠢᠨ ᠠᠵᠢᠯᠲᠠᠨ ᠨᠢ 10 ᠬᠥᠮᠦᠨ ᠠᠴᠠ ᠳᠤᠲᠠᠭᠤ ᠥᠬᠡᠢ᠂ ᠬᠢᠷᠢ ᠭᠡᠮ ᠤᠨ ᠦᠨᠡᠮᠯᠡᠯ ᠲᠠᠢ | ᠲᠤᠰᠬᠠᠢ ᠲᠤᠰᠢᠶᠠᠯ ᠲᠠᠢ ᠨᠢᠭᠲᠠᠯᠠᠨ ᠪᠣᠳᠣᠬᠤ ᠠᠵᠢᠯᠲᠠᠨ ᠨᠢ 3 ᠬᠥᠮᠦᠨ ᠠᠴᠠ ᠳᠤᠲᠠᠭᠤ ᠥᠬᠡᠢ ᠪᠠᠶᠢᠬᠤ ᠬᠡᠷᠡᠭᠲᠡᠢ᠃ | 6. ᠪᠠᠷᠢᠯᠭ᠎ᠠ ᠶᠢᠨ ᠮᠡᠷᠭᠡᠵᠢᠯ᠂ ᠡᠳ᠋ ᠤᠨ ᠶᠠᠪᠤᠳᠠᠯ᠂ ᠲᠤᠭ᠎ᠠ ᠪᠦᠷᠢᠳᠬᠡᠯ ᠵᠡᠷᠭᠡ ᠲᠤᠬᠠᠶᠢᠯᠠᠭᠰᠠᠨ ᠠᠵᠢᠯ ᠤᠨ ᠬᠠᠷᠢᠭᠤᠴᠠᠯᠭᠠᠲᠠᠨ ᠨᠢ ᠵᠣᠬᠢᠴᠠᠩᠭᠤᠢ ᠲᠤᠰᠬᠠᠢ | ᠮᠡᠷᠭᠡᠵᠢᠯ ᠤᠨ ᠳᠤᠮᠳᠠ ᠳᠡᠰ ᠠᠴᠠ ᠳᠡᠭᠡᠭᠰᠢᠬᠢ ᠮᠡᠷᠭᠡᠵᠢᠯ ᠤᠨ ᠴᠣᠯᠠ ᠲᠠᠢ᠃ | 7. ᠪᠦᠷᠢᠨ ᠲᠡᠭᠦᠯᠳᠡᠷ ᠶᠠᠰᠤ ᠴᠢᠨᠠᠷ ᠤᠨ ᠪᠠᠲᠤᠯᠠᠭ᠎ᠠ ᠶᠢᠨ ᠰᠢᠰᠲ᠋ᠧᠮ ᠲᠠᠢ᠂ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠭ᠎ᠠ ᠳᠤ ︽ᠣᠷᠣᠨ ᠰᠠᠭᠤᠴᠠ ᠶᠢᠨ | ᠶᠠᠰᠤ ᠴᠢᠨᠠᠷ ᠤᠨ ᠪᠠᠲᠤᠯᠠᠭ᠎ᠠ ᠶᠢᠨ ᠪᠢᠴᠢᠭ︾ ᠪᠠ ︽ᠣᠷᠣᠨ ᠰᠠᠭᠤᠴᠠ ᠬᠡᠷᠡᠭᠯᠡᠬᠦ ᠲᠣᠳᠣᠷᠬᠠᠶᠢᠯᠠᠯᠲᠠᠶᠢᠨ ᠪᠢᠴᠢᠭ︾ ᠤᠨ ᠳᠦᠷᠢᠮ ᠢ ᠬᠡᠷᠡᠭᠵᠢᠭᠦᠯᠦᠨ᠎ᠡ᠃ | 8. ᠴᠢᠬᠤᠯᠠ ᠶᠡᠭᠡ ᠪᠠᠷᠢᠯᠭ᠎ᠠ ᠶᠢᠨ ᠶᠠᠰᠤ ᠴᠢᠨᠠᠷ ᠤᠨ ᠠᠳᠡᠯ ᠭᠠᠷᠴᠤ ᠥᠩᠭᠡᠷᠡᠭᠰᠡᠨ ᠥᠬᠡᠢ᠃ | ︵ᠭᠤᠷᠪᠠ︶ ᠭᠤᠷᠪᠠᠳᠤᠭᠠᠷ ᠳᠡᠰ ᠤᠨ ᠬᠢᠷᠢ ᠬᠡᠮ | 1. ᠭᠡᠷ ᠪᠠᠶᠢᠰᠢᠩ ᠭᠠᠵᠠᠷ ᠬᠥᠷᠥᠩᠭᠡ ᠵᠢᠨᠨᠡᠭᠡᠭᠡᠯᠲᠡ ᠡᠵᠡᠩᠨᠡᠯᠲᠡ ᠶᠢᠨ ᠠᠵᠢᠯ ᠢ 2 ᠵᠢᠯ ᠠᠴᠠ ᠳᠡᠭᠡᠭᠰᠢ ᠬᠢᠭᠰᠡᠨ᠃ | 2. ᠭᠡᠷ ᠪᠠᠶᠢᠰᠢᠩ ᠤᠨ ᠪᠠᠷᠢᠯᠭ᠎ᠠ ᠶᠢᠨ ᠲᠠᠯᠠᠪᠠᠢ ᠨᠡᠶᠢᠲᠡ 5 ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠳᠠᠭᠤᠰᠬᠠᠭᠰᠠᠨ ᠪᠤᠶᠤ ᠡᠭᠦᠨ ᠲᠠᠢ ᠠᠳᠠᠯᠢᠪᠲᠤᠷ | ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠡᠯᠡ ᠣᠷᠣᠭᠤᠯᠤᠯᠲᠠ ᠶᠢᠨ ᠲᠤᠭ᠎ᠠ ᠶᠢ ᠪᠡᠶᠡᠯᠡᠭᠦᠯᠦᠭᠰᠡᠨ ᠪᠠᠶᠢᠬᠤ ᠬᠡᠷᠡᠭᠲᠡᠢ᠃ | 3. ᠦᠷᠭᠦᠯᠵᠢᠯᠡᠨ2 ᠵᠢᠯ ᠳᠠᠷᠠᠭᠠᠯᠠᠨ ᠪᠠᠷᠢᠯᠭ᠎ᠠ ᠶᠢᠨ ᠶᠠᠰᠤ ᠴᠢᠨᠠᠷ ᠤᠨ ᠬᠢᠷᠢ ᠲᠡᠩᠴᠡᠭᠰᠡᠨ ᠨᠣᠷᠮ᠎ᠠ ᠨᠢ 100 % ᠳᠤ ᠬᠥᠷᠥᠭᠰᠡᠨ᠃ | 4. ᠮᠡᠷᠭᠡᠵᠢᠯ ᠤᠨ ᠴᠣᠯᠠ ᠲᠠᠢ ᠪᠠᠷᠢᠯᠭ᠎ᠠ᠂ ᠪᠦᠲᠦᠴᠡ᠂ ᠡᠳ᠋ ᠤᠨ ᠶᠠᠪᠤᠳᠠᠯ᠂ ᠭᠡᠷ ᠪᠠᠶᠢᠰᠢᠩ ᠭᠠᠵᠠᠷ ᠬᠥᠷᠥᠩᠭᠡ ᠵᠢᠴᠢ ᠬᠤᠯᠪᠣᠭᠳᠠᠯ ᠪᠦᠬᠦᠢ ᠠᠵᠤ ᠠᠬᠤᠢ ᠶᠢᠨ | ᠲᠥᠷᠥᠯ ᠤᠨ ᠲᠤᠰᠬᠠᠢ ᠮᠡᠷᠭᠡᠵᠢᠯ ᠤᠨ ᠬᠠᠮᠢᠶᠠᠷᠤᠯᠲᠠ ᠶᠢᠨ ᠠᠵᠢᠯᠲᠠᠨ ᠨᠢ10 ᠬᠥᠮᠦᠨ ᠠᠴᠠ ᠳᠤᠲᠠᠭᠤ ᠥᠬᠡᠢ ᠪᠠᠶᠢᠵᠤ᠂ ᠲᠡᠭᠦᠨ ᠤ ᠳᠣᠲᠣᠷᠠᠬᠢ ᠳᠤᠮᠳᠠ | ᠵᠡᠷᠭᠡ ᠠᠴᠠ ᠳᠡᠭᠡᠭᠰᠢᠬᠢ ᠮᠡᠷᠭᠡᠵᠢᠯ ᠤᠨ ᠴᠣᠯᠠ ᠲᠠᠢ ᠬᠠᠮᠢᠶᠠᠷᠤᠯᠲᠠ ᠶᠢᠨ ᠠᠵᠢᠯᠲᠠᠨ ᠨᠢ 5 ᠬᠥᠮᠦᠨ ᠠᠴᠠ ᠳᠤᠲᠠᠭᠤ ᠥᠬᠡᠢ᠂ ᠬᠢᠷᠢ ᠭᠡᠮ ᠤᠨ ᠦᠨᠡᠮᠯᠡᠯ ᠲᠠᠢ | ᠲᠤᠰᠬᠠᠢ ᠲᠤᠰᠢᠶᠠᠯ ᠲᠠᠢ ᠨᠢᠭᠲᠠᠯᠠᠨ ᠪᠣᠳᠣᠬᠤ ᠠᠵᠢᠯᠲᠠᠨ ᠨᠢ 2 ᠬᠥᠮᠦᠨ ᠠᠴᠠ ᠳᠤᠲᠠᠭᠤ ᠥᠬᠡᠢ ᠪᠠᠶᠢᠬᠤ ᠬᠡᠷᠡᠭᠲᠡᠢ᠃ | 5. ᠪᠠᠷᠢᠯᠭ᠎ᠠ ᠶᠢᠨ ᠮᠡᠷᠭᠡᠵᠢᠯ᠂ ᠡᠳ᠋ ᠤᠨ ᠶᠠᠪᠤᠳᠠᠯ᠂ ᠲᠤᠭ᠎ᠠ ᠪᠦᠷᠢᠳᠬᠡᠯ ᠵᠡᠷᠭᠡ ᠲᠤᠬᠠᠶᠢᠯᠠᠭᠰᠠᠨ ᠠᠵᠢᠯ ᠤᠨ ᠬᠠᠷᠢᠭᠤᠴᠠᠯᠭᠠᠲᠠᠨ ᠨᠢ ᠵᠣᠬᠢᠴᠠᠩᠭᠤᠢ ᠲᠤᠰᠬᠠᠢ | ᠮᠡᠷᠭᠡᠵᠢᠯ ᠤᠨ ᠳᠤᠮᠳᠠ ᠳᠡᠰ ᠠᠴᠠ ᠳᠡᠭᠡᠭᠰᠢᠬᠢ ᠮᠡᠷᠭᠡᠵᠢᠯ ᠤᠨ ᠴᠣᠯᠠ ᠲᠠᠢ᠃ | 6. ᠪᠦᠷᠢᠨ ᠲᠡᠭᠦᠯᠳᠡᠷ ᠶᠠᠰᠤ ᠴᠢᠨᠠᠷ ᠤᠨ ᠪᠠᠲᠤᠯᠠᠭ᠎ᠠ ᠶᠢᠨ ᠰᠢᠰᠲ᠋ᠧᠮ ᠲᠠᠢ᠂ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠭ᠎ᠠ ᠳᠤ ︽ᠣᠷᠣᠨ ᠰᠠᠭᠤᠴᠠ ᠶᠢᠨ | ᠶᠠᠰᠤ ᠴᠢᠨᠠᠷ ᠤᠨ ᠪᠠᠲᠤᠯᠠᠭ᠎ᠠ ᠶᠢᠨ ᠪᠢᠴᠢᠭ︾ ᠪᠠ ︽ᠣᠷᠣᠨ ᠰᠠᠭᠤᠴᠠ ᠬᠡᠷᠡᠭᠯᠡᠬᠦ ᠲᠣᠳᠣᠷᠬᠠᠶᠢᠯᠠᠯᠲᠠᠶᠢᠨ ᠪᠢᠴᠢᠭ︾ ᠤᠨ ᠳᠦᠷᠢᠮ ᠢ ᠬᠡᠷᠡᠭᠵᠢᠭᠦᠯᠦᠨ᠎ᠡ᠃ | 7. ᠴᠢᠬᠤᠯᠠ ᠶᠡᠭᠡ ᠪᠠᠷᠢᠯᠭ᠎ᠠ ᠶᠢᠨ ᠶᠠᠰᠤ ᠴᠢᠨᠠᠷ ᠤᠨ ᠠᠳᠡᠯ ᠭᠠᠷᠴᠤ ᠥᠩᠭᠡᠷᠡᠭᠰᠡᠨ ᠥᠬᠡᠢ᠃ | ︵ᠳᠥᠷᠪᠡ︶ ᠳᠥᠷᠪᠡᠳᠦᠭᠡᠷ ᠳᠡᠰ ᠤᠨ ᠬᠢᠷᠢ ᠬᠡᠮ | 1. ᠭᠡᠷ ᠪᠠᠶᠢᠰᠢᠩ ᠭᠠᠵᠠᠷ ᠬᠥᠷᠥᠩᠭᠡ ᠵᠢᠨᠨᠡᠭᠡᠭᠡᠯᠲᠡ ᠡᠵᠡᠩᠨᠡᠯᠲᠡ ᠶᠢᠨ ᠠᠵᠢᠯ ᠢ 1 ᠵᠢᠯ ᠠᠴᠠ ᠳᠡᠭᠡᠭᠰᠢ ᠬᠢᠭᠰᠡᠨ᠃ | 2. ᠨᠢᠭᠡᠨᠲᠡ ᠳᠠᠭᠤᠰᠤᠭᠰᠠᠨ ᠪᠠᠷᠢᠯᠭ᠎ᠠ ᠶᠢᠨ ᠶᠠᠰᠤ ᠴᠢᠨᠠᠷ ᠤᠨ ᠬᠢᠷᠢ ᠲᠡᠩᠴᠡᠭᠰᠡᠨ ᠨᠣᠷᠮ᠎ᠠ ᠨᠢ 100 % ᠃ | 3. ᠮᠡᠷᠭᠡᠵᠢᠯ ᠤᠨ ᠴᠣᠯᠠ ᠲᠠᠢ ᠪᠠᠷᠢᠯᠭ᠎ᠠ᠂ ᠪᠦᠲᠦᠴᠡ᠂ ᠡᠳ᠋ ᠤᠨ ᠶᠠᠪᠤᠳᠠᠯ᠂ ᠭᠡᠷ ᠪᠠᠶᠢᠰᠢᠩ ᠭᠠᠵᠠᠷ ᠬᠥᠷᠥᠩᠭᠡ ᠵᠢᠴᠢ ᠬᠤᠯᠪᠣᠭᠳᠠᠯ ᠪᠦᠬᠦᠢ ᠠᠵᠤ ᠠᠬᠤᠢ ᠶᠢᠨ | ᠲᠥᠷᠥᠯ ᠤᠨ ᠲᠤᠰᠬᠠᠢ ᠮᠡᠷᠭᠡᠵᠢᠯ ᠤᠨ ᠬᠠᠮᠢᠶᠠᠷᠤᠯᠲᠠ ᠶᠢᠨ ᠠᠵᠢᠯᠲᠠᠨ ᠨᠢ 5 ᠬᠥᠮᠦᠨ ᠠᠴᠠ ᠳᠤᠲᠠᠭᠤ ᠥᠬᠡᠢ ᠪᠠᠶᠢᠵᠤ ᠂ ᠬᠢᠷᠢ ᠭᠡᠮ ᠤᠨ ᠦᠨᠡᠮᠯᠡᠯ ᠲᠠᠢ ᠲᠤᠰᠬᠠᠢ | ᠲᠤᠰᠢᠶᠠᠯ ᠲᠠᠢ ᠨᠢᠭᠲᠠᠯᠠᠨ ᠪᠣᠳᠣᠬᠤ ᠠᠵᠢᠯᠲᠠᠨ ᠨᠢ 2 ᠬᠥᠮᠦᠨ ᠠᠴᠠ ᠳᠤᠲᠠᠭᠤ ᠥᠬᠡᠢ ᠪᠠᠶᠢᠬᠤ ᠬᠡᠷᠡᠭᠲᠡᠢ᠃ | 4. ᠪᠠᠷᠢᠯᠭ᠎ᠠ ᠶᠢᠨ ᠮᠡᠷᠭᠡᠵᠢᠯ᠂ ᠡᠳ᠋ ᠤᠨ ᠶᠠᠪᠤᠳᠠᠯ᠂ ᠲᠤᠭ᠎ᠠ ᠪᠦᠷᠢᠳᠬᠡᠯ ᠵᠡᠷᠭᠡ ᠲᠤᠬᠠᠶᠢᠯᠠᠭᠰᠠᠨ ᠠᠵᠢᠯ ᠤᠨ ᠬᠠᠷᠢᠭᠤᠴᠠᠯᠭᠠᠲᠠᠨ ᠨᠢ ᠵᠣᠬᠢᠴᠠᠩᠭᠤᠢ ᠲᠤᠰᠬᠠᠢ | ᠮᠡᠷᠭᠡᠵᠢᠯ ᠤᠨ ᠳᠤᠮᠳᠠ ᠳᠡᠰ ᠠᠴᠠ ᠳᠡᠭᠡᠭᠰᠢᠬᠢ ᠮᠡᠷᠭᠡᠵᠢᠯ ᠤᠨ ᠴᠣᠯᠠ ᠲᠠᠢ᠃ | 5. ᠪᠦᠷᠢᠨ ᠲᠡᠭᠦᠯᠳᠡᠷ ᠶᠠᠰᠤ ᠴᠢᠨᠠᠷ ᠤᠨ ᠪᠠᠲᠤᠯᠠᠭ᠎ᠠ ᠶᠢᠨ ᠰᠢᠰᠲ᠋ᠧᠮ ᠲᠠᠢ᠂ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠭ᠎ᠠ ᠳᠤ ︽ᠣᠷᠣᠨ ᠰᠠᠭᠤᠴᠠ ᠶᠢᠨ | ᠶᠠᠰᠤ ᠴᠢᠨᠠᠷ ᠤᠨ ᠪᠠᠲᠤᠯᠠᠭ᠎ᠠ ᠶᠢᠨ ᠪᠢᠴᠢᠭ︾ ᠪᠠ ︽ᠣᠷᠣᠨ ᠰᠠᠭᠤᠴᠠ ᠬᠡᠷᠡᠭᠯᠡᠬᠦ ᠲᠣᠳᠣᠷᠬᠠᠶᠢᠯᠠᠯᠲᠠᠶᠢᠨ ᠪᠢᠴᠢᠭ︾ ᠤᠨ ᠳᠦᠷᠢᠮ ᠢ ᠬᠡᠷᠡᠭᠵᠢᠭᠦᠯᠦᠨ᠎ᠡ᠃ | 6. ᠴᠢᠬᠤᠯᠠ ᠶᠡᠭᠡ ᠪᠠᠷᠢᠯᠭ᠎ᠠ ᠶᠢᠨ ᠶᠠᠰᠤ ᠴᠢᠨᠠᠷ ᠤᠨ ᠠᠳᠡᠯ ᠭᠠᠷᠴᠤ ᠥᠩᠭᠡᠷᠡᠭᠰᠡᠨ ᠥᠬᠡᠢ᠃ | ᠵᠢᠷᠭᠤᠳᠤᠭᠠᠷ ᠵᠤᠷᠪᠤᠰ ᠰᠢᠨ᠎ᠡ ᠪᠠᠷ ᠪᠠᠶᠢᠭᠤᠯᠤᠭᠳᠠᠭᠰᠠᠨᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠨᠢ ᠡᠵᠡᠩᠨᠡᠯᠲᠡ ᠶᠢᠨ ᠦᠨᠡᠮᠯᠡᠯ | ᠣᠯᠤᠭᠰᠠᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ ᠳᠣᠣᠷ᠎ᠠ ᠵᠢᠭᠰᠠᠭᠠᠭᠰᠠᠨ ᠪᠢᠴᠢᠭ ᠮᠠᠲ᠋ᠧᠷᠢᠶᠠᠯ ᠤᠳ ᠢ ᠠᠪᠴᠤ ᠭᠡᠷ ᠪᠠᠶᠢᠰᠢᠩ ᠭᠠᠵᠠᠷ | ᠬᠥᠷᠥᠩᠭᠡ ᠵᠢᠨᠨᠡᠭᠡᠭᠡᠯᠲᠡ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃ | ︵ᠨᠢᠭᠡ︶ ᠡᠵᠡᠩᠨᠡᠯᠲᠡ ᠶᠢᠨ ᠦᠨᠡᠮᠯᠡᠯ ᠤᠨ ᠪᠠᠭᠤᠯᠭᠠᠪᠤᠷᠢ | ︵ᠬᠤᠶᠠᠷ︶ ᠠᠵᠤ ᠠᠬᠤᠶᠢᠯᠠᠯ ᠤᠨ ᠳᠦᠷᠢᠮ | ︵ᠭᠤᠷᠪᠠ︶ ᠠᠵᠤ ᠠᠬᠤᠶᠢᠯᠠᠯ ᠤᠨ ᠬᠠᠤᠯᠢ ᠶᠢᠨ ᠲᠥᠯᠥᠭᠡᠯᠡᠭᠴᠢ ᠶᠢᠨ ᠪᠡᠶ᠎ᠡ ᠶᠢᠨ ᠭᠡᠷᠡᠴᠢ | ︵ᠳᠥᠷᠪᠡ︶ ᠲᠤᠰᠬᠠᠢ ᠮᠡᠷᠭᠡᠵᠢᠯ ᠤᠨ ᠠᠵᠢᠯᠲᠠᠨ ᠤ ᠬᠢᠷᠢ ᠭᠡᠮ ᠤᠨ ᠦᠨᠡᠮᠯᠡᠯ ᠪᠠ ᠬᠥᠳᠡᠯᠮᠦᠷᠢ ᠶᠢᠨ ᠭᠡᠷ᠎ᠡ | ︵ᠲᠠᠪᠤ︶ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠭᠠᠷᠭᠠᠵᠤ ᠦᠵᠡᠭᠦᠯᠬᠦ ᠴᠢᠬᠤᠯᠠ ᠲᠠᠢ ᠭᠡᠵᠦ | ᠦᠵᠡᠭᠰᠡᠨ ᠪᠤᠰᠤᠳ ᠪᠢᠴᠢᠭ ᠮᠠᠲ᠋ᠧᠷᠢᠶᠠᠯ ᠤᠳ᠃ | ᠭᠡᠷ ᠪᠠᠶᠢᠰᠢᠩ ᠭᠠᠵᠠᠷ ᠬᠥᠷᠥᠩᠭᠡ ᠵᠢᠨᠨᠡᠭᠡᠭᠡᠯᠲᠡ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠳᠠᠩᠰᠠᠯᠠᠭᠤᠯᠬᠤ ᠭᠤᠶᠤᠴᠢᠯᠠᠯ ᠢ ᠣᠯᠤᠭᠰᠠᠨ ᠤ ᠳᠠᠷᠠᠭ᠎ᠠ | 30 ᠡᠳᠦᠷ ᠤᠨ ᠳᠣᠲᠣᠷ᠎ᠠ ᠨᠥᠬᠦᠴᠡᠯ ᠳᠤ ᠨᠡᠶᠢᠴᠡᠭᠰᠡᠨ ᠠᠵᠤ ᠠᠬᠤᠶᠢᠯᠠᠯ ᠳᠤ ︽ᠲᠦᠷ ᠳᠣᠭᠳᠠᠭᠰᠠᠨ ᠬᠢᠷᠢ ᠬᠡᠮ ᠤᠨ ᠦᠨᠡᠮᠯᠡᠯ︾ ᠢ ᠬᠢᠨᠠᠨ ᠣᠯᠭᠤᠬᠤ ᠬᠡᠷᠡᠭᠲᠡᠢ | ᠃ | ︽ᠲᠦᠷ ᠳᠣᠭᠳᠠᠭᠰᠠᠨ ᠬᠢᠷᠢ ᠭᠡᠮ ᠤᠨ ᠦᠨᠡᠮᠯᠡᠯ︾ ᠤᠨ ᠬᠦᠴᠦᠨ ᠲᠠᠢ ᠬᠤᠭᠤᠴᠠᠭ᠎ᠠ ᠨᠢ 1 ᠵᠢᠯ ᠪᠣᠯᠤᠨ᠎ᠠ᠃ ᠭᠡᠷ ᠪᠠᠶᠢᠰᠢᠩ ᠭᠠᠵᠠᠷ ᠬᠥᠷᠥᠩᠭᠡ ᠶᠢᠨ | ᠨᠡᠭᠡᠭᠡᠯᠲᠡ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠢ ᠦᠵᠡᠵᠦ ︽ᠲᠦᠷ ᠳᠣᠭᠳᠠᠭᠰᠠᠨ ᠬᠢᠷᠢ | ᠬᠡᠮ ᠤᠨ ᠦᠨᠡᠮᠯᠡᠯ︾ ᠤᠨ ᠬᠦᠴᠦᠨ ᠲᠠᠢ ᠬᠤᠭᠤᠴᠠᠭ᠎ᠠ ᠶᠢ ᠤᠷᠲᠤᠳᠬᠠᠵᠤ ᠪᠣᠯᠤᠨ᠎ᠠ᠂ ᠭᠡᠪᠡᠴᠦ ᠤᠷᠲᠤᠳᠬᠠᠬᠤ ᠬᠤᠭᠤᠴᠠᠭ᠎ᠠ ᠶᠢ 2 ᠵᠢᠯ ᠠᠴᠠ ᠬᠡᠲᠦᠷᠡᠭᠦᠯᠵᠦ | ᠪᠣᠯᠬᠤ ᠦᠭᠡᠢ᠃ | ︽ᠲᠦᠷ ᠳᠣᠭᠳᠠᠭᠰᠠᠨ ᠬᠢᠷᠢ ᠭᠡᠮ ᠤᠨ ᠦᠨᠡᠮᠯᠡᠯ︾ ᠣᠯᠤᠭᠰᠠᠨ ᠡᠳᠦᠷ ᠠᠴᠠ ᠡᠬᠢᠯᠡᠨ 1 ᠵᠢᠯ ᠤᠨ ᠳᠣᠲᠣᠷ᠎ᠠ ᠨᠡᠭᠡᠭᠡᠨ ᠬᠥᠭᠵᠢᠭᠦᠯᠬᠦ ᠲᠥᠷᠥᠯ ᠵᠦᠢᠯ ᠦᠭᠡᠢ ᠪᠣᠯ | ︽ᠲᠦᠷ ᠳᠣᠭᠳᠠᠭᠰᠠᠨ ᠬᠢᠷᠢ ᠭᠡᠮ ᠤᠨ ᠦᠨᠡᠮᠯᠡᠯ︾ ᠤᠨ ᠬᠦᠴᠦᠨ ᠲᠠᠢ ᠬᠤᠭᠤᠴᠠᠭ᠎ᠠ ᠶᠢ ᠤᠷᠲᠤᠳᠬᠠᠵᠤ ᠪᠣᠯᠬᠤ ᠦᠭᠡᠢ᠃ | ᠳᠣᠯᠣᠳᠤᠭᠠᠷ ᠵᠤᠷᠪᠤᠰ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠨᠢ ︽ᠲᠦᠷ ᠳᠣᠭᠳᠠᠭᠰᠠᠨ ᠬᠢᠷᠢ ᠬᠡᠮ ᠤᠨ ᠦᠨᠡᠮᠯᠡᠯ︾ ᠤᠨ | ᠬᠦᠴᠦᠨ ᠲᠠᠢ ᠬᠤᠭᠤᠴᠠᠭ᠎ᠠ ᠲᠤᠯᠬᠤ ᠠᠴᠠ ᠡᠮᠦᠨ᠎ᠡ ᠨᠢᠭᠡ ᠰᠠᠷ᠎ᠠ ᠶᠢᠨ ᠳᠣᠲᠣᠷ᠎ᠠ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠲᠤ ᠬᠢᠷᠢ ᠬᠡᠮ ᠤᠨ ᠵᠡᠷᠭᠡ ᠳᠡᠰ ᠢ ᠬᠢᠨᠠᠨ ᠲᠣᠭᠲᠠᠭᠠᠯᠭᠠᠬᠤ ᠪᠠᠷ ᠭᠤᠶᠤᠴᠢᠯᠠᠬᠤ ᠬᠡᠷᠡᠭᠲᠡᠢ᠃ ᠭᠡᠷ ᠪᠠᠶᠢᠰᠢᠩ ᠭᠠᠵᠠᠷ ᠬᠥᠷᠥᠩᠭᠡ ᠶᠢᠨ | ᠨᠡᠭᠡᠭᠡᠯᠲᠡ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠡᠭᠦᠨ ᠤ ᠨᠡᠭᠡᠭᠡᠨ ᠡᠵᠡᠩᠨᠡᠬᠦ ᠠᠮᠵᠢᠯᠲᠠ ᠪᠦᠲᠦᠮᠵᠢ ᠶᠢ ᠦᠨᠳᠦᠰᠦᠯᠡᠨ ᠵᠣᠬᠢᠴᠠᠩᠭᠤᠢ ᠬᠢᠷᠢ | ᠬᠡᠮ ᠤᠨ ᠵᠡᠷᠭᠡ ᠳᠡᠰ ᠢ ᠬᠢᠨᠠᠨ ᠲᠣᠭᠲᠠᠭᠠᠬᠤ ᠬᠡᠷᠡᠭᠲᠡᠢ᠃ | ᠨᠠᠢᠮᠠᠳᠤᠭᠠᠷ ᠵᠤᠷᠪᠤᠰ ︽ᠲᠦᠷ ᠳᠣᠭᠳᠠᠭᠰᠠᠨ ᠬᠢᠷᠢ ᠬᠡᠮ ᠤᠨ ᠦᠨᠡᠮᠯᠡᠯ︾ ᠢ ᠭᠤᠶᠤᠴᠢᠯᠠᠬᠤ ᠨᠥᠬᠦᠴᠡᠯ ᠨᠢ ᠳᠥᠷᠪᠡᠳᠦᠭᠡᠷ ᠳᠡᠰ ᠤᠨ ᠬᠢᠷᠢ ᠬᠡᠮ ᠤᠨ ᠠᠵᠤ | ᠠᠬᠤᠶᠢᠯᠠᠯ ᠤᠨ ᠨᠥᠬᠦᠴᠡᠯ ᠠᠴᠠ ᠳᠣᠣᠷ᠎ᠠ ᠪᠠᠶᠢᠵᠤ ᠪᠣᠯᠬᠤ ᠥᠬᠡᠢ᠃ | ᠶᠢᠰᠦᠳᠦᠭᠡᠷ ᠵᠤᠷᠪᠤᠰ ᠲᠦᠷ ᠴᠠᠭ ᠤᠷᠢᠨ ᠬᠡᠷᠡᠭᠯᠡᠬᠦ ᠪᠤᠶᠤ ᠲᠤᠰᠢᠶᠠᠯ ᠬᠠᠪᠰᠤᠷᠭᠠᠭᠰᠠᠨ ᠬᠠᠮᠢᠶᠠᠷᠤᠯᠲᠠ ᠵᠢᠴᠢ ᠮᠡᠷᠭᠡᠵᠢᠯ ᠤᠨ ᠠᠵᠢᠯᠲᠠᠨ ᠢ ᠠᠵᠤ ᠠᠬᠤᠶᠢᠯᠠᠯ ᠤᠨ | ᠬᠠᠮᠢᠶᠠᠷᠤᠯᠲᠠ ᠵᠢᠴᠢ ᠮᠡᠷᠭᠡᠵᠢᠯ ᠤᠨ ᠠᠵᠢᠯᠲᠠᠨ ᠤ ᠶᠡᠷᠦᠩᠬᠡᠢ ᠲᠤᠭ᠎ᠠ ᠳᠤ ᠪᠣᠳᠣᠵᠤ ᠣᠷᠣᠭᠤᠯᠵᠤ ᠪᠣᠯᠬᠤ ᠦᠭᠡᠢ᠃ | ᠠᠷᠪᠠᠳᠤᠭᠠᠷ ᠵᠤᠷᠪᠤᠰ ᠬᠢᠷᠢ ᠬᠡᠮ ᠤᠨ ᠵᠡᠷᠭᠡ ᠳᠡᠰ ᠢ ᠬᠢᠨᠠᠨ ᠲᠣᠭᠲᠠᠭᠠᠯᠭᠠᠬᠤ ᠪᠠᠷ ᠭᠤᠶᠤᠴᠢᠯᠠᠭᠰᠠᠨ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ | ᠠᠵᠤ ᠠᠬᠤᠶᠢᠯᠠᠯ ᠳᠣᠣᠷ᠎ᠠ ᠵᠢᠭᠰᠠᠭᠠᠭᠰᠠᠨ ᠭᠡᠷᠡᠴᠢᠯᠡᠬᠦ ᠪᠢᠴᠢᠭ ᠮᠠᠲ᠋ᠧᠷᠢᠶᠠᠯ ᠢ ᠲᠤᠰᠢᠶᠠᠬᠤ ᠬᠡᠷᠡᠭᠲᠡᠢ᠃ | ︵ᠨᠢᠭᠡ︶ ᠠᠵᠤ ᠠᠬᠤᠶᠢᠯᠠᠯ ᠤᠨ ᠬᠢᠷᠢ ᠬᠡᠮ ᠤᠨ ᠵᠡᠷᠭᠡ ᠳᠡᠰ ᠤᠨ ᠮᠡᠳᠡᠭᠦᠯᠬᠦ ᠬᠦᠰᠦᠨᠦᠭᠲᠦ | ︵ᠬᠤᠶᠠᠷ︶ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠬᠢᠷᠢ ᠬᠡᠮ ᠤᠨ ᠦᠨᠡᠮᠯᠡᠯ ︵ᠵᠢᠩᠬᠢᠨᠢ᠂ ᠬᠠᠭᠤᠯᠪᠤᠷᠢ ᠳᠡᠪᠲᠡᠷ︶ | ︵ᠭᠤᠷᠪᠠ︶ ᠠᠵᠤ ᠠᠬᠤᠶᠢᠯᠠᠯ ᠤᠨ ᠬᠥᠷᠥᠩᠭᠡ ᠥᠷᠢ ᠶᠢᠨ ᠬᠦᠰᠦᠨᠦᠭᠲᠦ | ︵ᠳᠥᠷᠪᠡ︶ ᠠᠵᠤ ᠠᠬᠤᠶᠢᠯᠠᠯ ᠤᠨ ᠬᠠᠤᠯᠢ ᠵᠢᠨᠲ᠋ᠥ᠋ᠯᠥᠭᠡᠯᠡᠭᠴᠢ ᠪᠣᠯᠤᠨ ᠠᠵᠤ ᠠᠬᠤᠢ᠂ ᠲᠧᠭᠨᠢᠭ ᠮᠡᠷᠭᠡᠵᠢᠯ᠂ ᠡᠳ᠋ ᠤᠨ ᠶᠠᠪᠤᠳᠠᠯ ᠤᠨ ᠬᠠᠷᠢᠭᠤᠴᠠᠯᠭᠠᠲᠠᠨ ᠤ | ᠲᠤᠰᠢᠶᠠᠯ ᠤᠨ ᠴᠣᠯᠠ ᠶᠢᠨ ᠦᠨᠡᠮᠯᠡᠯ | ︵ᠲᠠᠪᠤ︶ ᠨᠢᠭᠡᠨᠲᠡ ᠨᠡᠭᠡᠭᠡᠨ ᠡᠵᠡᠩᠨᠡᠭᠰᠡᠨ ᠵᠦᠢᠯᠡᠰ ᠲᠤ ᠬᠤᠯᠪᠣᠭᠳᠠᠬᠤ ᠭᠡᠷᠡᠴᠢ ᠮᠠᠲ᠋ᠧᠷᠢᠶᠠᠯ | ︵ᠵᠢᠷᠭᠤᠭ᠎ᠠ︶ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠵᠦᠢᠯᠡᠰ ᠤᠨ ᠭᠠᠷ ᠳᠡᠪᠲᠡᠷ ᠵᠢᠴᠢ ︽ᠣᠷᠣᠨ ᠰᠠᠭᠤᠴᠠ ᠶᠢᠨ ᠶᠠᠰᠤ ᠴᠢᠨᠠᠷ ᠤᠨ | ᠪᠠᠲᠤᠯᠠᠭ᠎ᠠ ᠶᠢᠨ ᠪᠢᠴᠢᠭ︾᠂ ︽ᠣᠷᠣᠨ ᠰᠠᠭᠤᠴᠠ ᠬᠡᠷᠡᠭᠯᠡᠬᠦ ᠲᠣᠳᠣᠷᠬᠠᠶᠢᠯᠠᠯᠲᠠ ᠶᠢᠨ ᠪᠢᠴᠢᠭ︾ ᠢ ᠬᠡᠷᠡᠭᠵᠢᠭᠦᠯᠦᠭᠰᠡᠨ ᠪᠠᠶᠢᠳᠠᠯ ᠤᠨ ᠮᠡᠳᠡᠭᠦᠯᠦᠯᠲᠡ | ︵ᠳᠣᠯᠤᠭ᠎ᠠ︶ ᠪᠤᠰᠤᠳ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ᠂ ᠭᠡᠷᠡᠴᠢ ᠪᠠᠷᠢᠮᠲᠠ᠃ | ᠠᠷᠪᠠᠨ ᠨᠢᠭᠡᠳᠦᠭᠡᠷ ᠵᠤᠷᠪᠤᠰ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠠᠵᠤ ᠠᠬᠤᠶᠢᠯᠠᠯ ᠤᠨ ᠬᠢᠷᠢ ᠬᠡᠮ ᠤᠨ ᠵᠡᠷᠭᠡ ᠳᠡᠰ ᠢ ᠱᠠᠲᠤ ᠬᠤᠪᠢᠶᠠᠵᠤ | ᠬᠢᠨᠠᠨ ᠵᠥᠪᠰᠢᠶᠡᠷᠡᠨ᠎ᠡ᠃ | ᠨᠢᠭᠡᠳᠦᠭᠡᠷ ᠳᠡᠰ ᠤᠨ ᠬᠢᠷᠢ ᠬᠡᠮ ᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠦᠲᠦᠭᠡᠨ | ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠠᠩᠬ᠎ᠠ ᠬᠢᠨᠠᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠪᠦᠲᠦᠭᠡᠨ | ᠪᠠᠶᠢᠭᠤᠯᠤᠯᠲᠠᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ᠃ | ᠬᠤᠶᠠᠳᠤᠭᠠᠷ ᠳᠡᠰ ᠤᠨ ᠬᠢᠷᠢ ᠬᠡᠮ ᠵᠢᠴᠢ ᠬᠤᠶᠠᠳᠤᠭᠠᠷ ᠳᠡᠰ ᠤᠨ ᠬᠢᠷᠢ ᠬᠡᠮ ᠠᠴᠠ ᠳᠣᠷᠣᠭᠰᠢᠬᠢ ᠠᠵᠤ ᠠᠬᠤᠶᠢᠯᠠᠯ ᠤᠨ ᠬᠢᠨᠠᠨ ᠵᠥᠪᠰᠢᠶᠡᠷᠡᠬᠦ ᠠᠷᠭ᠎ᠠ ᠶᠢ ᠮᠤᠵᠢ᠂ | ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠦᠲᠦᠭᠡᠨᠪᠠᠶᠢᠭᠤᠯᠤᠯᠲᠠ ᠶᠢᠨ ᠵᠠᠰᠠᠭ ᠵᠠᠬᠢᠷᠭᠠᠨ ᠤ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠣᠭᠲᠠᠭᠠᠨ᠎ᠠ᠃ | ᠬᠢᠷᠢ ᠭᠡᠮ ᠢ ᠨᠢ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ ᠠᠵᠤ ᠠᠬᠤᠶᠢᠯᠠᠯ ᠳᠤ ᠬᠢᠷᠢ ᠭᠡᠮ ᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠠᠴᠠ ᠵᠣᠬᠢᠴᠠᠩᠭᠤᠢ ᠵᠡᠷᠭᠡ | ᠳᠡᠰ ᠤᠨ ᠬᠢᠷᠢ ᠭᠡᠮ ᠤᠨ ᠦᠨᠡᠮᠯᠡᠯ ᠣᠯᠭᠤᠨ᠎ᠠ᠃ | ᠠᠷᠪᠠᠨ ᠬᠤᠶᠠᠳᠤᠭᠠᠷ ᠵᠤᠷᠪᠤᠰ ᠬᠢᠷᠢ ᠬᠡᠮ ᠤᠨ ᠦᠨᠡᠮᠯᠡᠯ ᠢ ᠲᠥᠷᠥ ᠶᠢᠨ ᠶᠠᠪᠤᠳᠠᠯ ᠤᠨ ᠬᠤᠷᠢᠶᠠᠨ ᠤ ᠪᠦᠲᠦᠭᠡᠨ ᠪᠠᠶᠢᠭᠤᠯᠤᠯᠲᠠᠶᠢᠨ ᠵᠠᠰᠠᠭ ᠵᠠᠬᠢᠷᠭᠠᠨ ᠤ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠨᠢᠭᠡᠳᠦᠯᠲᠡᠢ ᠵᠣᠬᠢᠶᠠᠨ᠎ᠠ᠃ ᠬᠢᠷᠢ ᠬᠡᠮ ᠤᠨ ᠦᠨᠡᠮᠯᠡᠯ ᠢ ᠵᠢᠩᠬᠢᠨᠢ ᠳᠡᠪᠲᠡᠷ ᠪᠠ ᠬᠠᠭᠤᠯᠪᠤᠷᠢ ᠳᠡᠪᠲᠡᠷ ᠬᠤᠪᠢᠶᠠᠵᠤ | ᠂ ᠬᠢᠷᠢ ᠬᠡᠮ ᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠡᠴᠠᠬᠡᠷᠡᠭᠴᠡᠭᠡ ᠪᠠᠨᠦᠨᠳᠦᠰᠦᠯᠡᠨ ᠬᠢᠷᠢ ᠬᠡᠮ ᠤᠨ ᠦᠨᠡᠮᠯᠡᠯ ᠤᠨ ᠬᠠᠭᠤᠯᠪᠤᠷᠢ ᠳᠡᠪᠲᠡᠷ ᠢ ᠬᠡᠳᠦᠨ ᠬᠤᠪᠢ | ᠬᠠᠷᠭᠤᠭᠤᠯᠤᠨ ᠣᠯᠭᠤᠨ᠎ᠠ᠃ | ᠠᠷᠪᠠᠨ ᠭᠤᠷᠪᠠᠳᠤᠭᠠᠷ ᠵᠤᠷᠪᠤᠰ ᠶᠠᠮᠠᠷᠪᠠ ᠨᠢᠭᠡᠴᠡ ᠪᠠ ᠬᠤᠪᠢ ᠬᠥᠮᠦᠨ ᠬᠢᠷᠢ ᠬᠡᠮ ᠤᠨ ᠦᠨᠡᠮᠯᠡᠯ ᠢ ᠪᠡᠯᠡᠯᠡᠵᠦ᠂ ᠲᠦᠷᠢᠶᠡᠰᠦᠯᠡᠭᠦᠯᠵᠦ᠂ ᠵᠢᠭᠡᠯᠡᠭᠦᠯᠵᠦ᠂ | ᠰᠢᠯᠵᠢᠭᠦᠯᠦᠨ ᠥᠭᠴᠦ᠂ ᠬᠤᠳᠠᠯᠳᠤᠵᠤ ᠪᠣᠯᠬᠤ ᠥᠬᠡᠢ᠃ | ᠠᠵᠤ ᠠᠬᠤᠶᠢᠯᠠᠯ ᠠᠴᠠ ᠬᠢᠷᠢ ᠭᠡᠮ ᠤᠨ ᠦᠨᠡᠮᠯᠡᠯ ᠢᠶᠠᠨ ᠭᠡᠭᠡᠭᠰᠡᠨ ᠪᠣᠯ ᠡᠷᠬᠡᠪᠰᠢ ᠰᠣᠨᠢᠨ ᠮᠡᠳᠡᠭᠡᠨ ᠤ ᠵᠠᠭᠤᠴᠢ ᠳᠡᠭᠡᠷ᠎ᠡ ᠬᠦᠴᠦᠨ ᠦᠭᠡᠢ ᠪᠣᠯᠭᠠᠭᠰᠠᠨ ᠢᠶᠠᠨ | ᠲᠣᠳᠣᠷᠬᠠᠶᠢᠯᠠᠭᠰᠠᠨ ᠤ ᠳᠠᠷᠠᠭ᠎ᠠ ᠰᠠᠶ᠋ᠢ ᠨᠥᠬᠦᠪᠥᠷᠢᠯᠡᠵᠦ ᠪᠣᠯᠤᠨ᠎ᠠ᠃ | ᠠᠷᠪᠠᠨ ᠳᠥᠷᠪᠡᠳᠦᠭᠡᠷ ᠵᠤᠷᠪᠤᠰ ᠠᠵᠤ ᠠᠬᠤᠶᠢᠯᠠᠯ ᠢ ᠰᠠᠯᠭᠠᠬᠤ᠂ ᠨᠡᠶᠢᠯᠡᠭᠦᠯᠬᠦ ᠶᠠᠪᠤᠳᠠᠯ ᠭᠠᠷᠪᠠᠯ᠂ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠤᠪᠢᠷᠠᠭᠤᠯᠬᠤ ᠭᠠᠷ ᠭᠦᠢᠴᠡᠳᠬᠡᠯ ᠬᠢᠭᠰᠡᠨ ᠤ ᠳᠠᠷᠠᠭᠠᠬᠢ 30 ᠡᠳᠦᠷ ᠤᠨ ᠳᠣᠲᠣᠷ᠎ᠠ ᠤᠤᠯ ᠤᠨ ᠬᠢᠷᠢ ᠭᠡᠮ ᠢ ᠬᠢᠨᠠᠨ | ᠵᠥᠪᠰᠢᠶᠡᠷᠡᠬᠦ ᠰᠠᠯᠠᠭ᠎ᠠ ᠮᠥᠴᠢᠷ ᠲᠤ ᠣᠴᠢᠵᠤ ᠬᠢᠷᠢ ᠬᠡᠮ ᠤᠨ ᠦᠨᠡᠮᠯᠡᠯ ᠢ ᠬᠦᠴᠦᠨ ᠥᠬᠡᠢ ᠪᠣᠯᠭᠠᠬᠤ ᠭᠠᠷᠳᠠᠮ ᠢ ᠭᠤᠶᠤᠴᠢᠯᠠᠨ ᠭᠦᠢᠴᠡᠳᠬᠡᠬᠦ ᠶᠢᠨ ᠬᠠᠮᠲᠤ ᠬᠢᠷᠢ | ᠬᠡᠮ ᠤᠨ ᠵᠡᠷᠭᠡ ᠳᠡᠰ ᠢᠶᠠᠨ ᠳᠠᠬᠢᠨ ᠭᠤᠶᠤᠴᠢᠯᠠᠬᠤ ᠬᠡᠷᠡᠭᠲᠡᠢ᠃ | ᠠᠷᠪᠠᠨ ᠲᠠᠪᠤᠳᠤᠭᠠᠷ ᠵᠤᠷᠪᠤᠰ ᠠᠵᠤ ᠠᠬᠤᠶᠢᠯᠠᠯ ᠤᠨ ᠨᠡᠷᠡᠶᠢᠳᠦᠯ᠂ ᠬᠠᠤᠯᠢ ᠶᠢᠨ ᠲᠥᠯᠥᠭᠡᠯᠡᠭᠴᠢ ᠪᠣᠯᠤᠨ ᠭᠤᠣᠯ ᠬᠠᠮᠢᠶᠠᠷᠤᠯᠲᠠ᠂ ᠮᠡᠷᠭᠡᠵᠢᠯ ᠤᠨ | ᠬᠠᠷᠢᠭᠤᠴᠠᠯᠭᠠᠲᠠᠨ ᠢ ᠬᠤᠪᠢᠷᠠᠭᠤᠯᠬᠤ ᠳᠤ 30 ᠡᠳᠦᠷ ᠤᠨ ᠳᠣᠲᠣᠷ᠎ᠠ ᠤᠤᠯ ᠤᠨ ᠬᠢᠷᠢ ᠭᠡᠮ ᠢ ᠬᠢᠨᠠᠨ ᠵᠥᠪᠰᠢᠶᠡᠷᠡᠭᠰᠡᠨ ᠰᠠᠯᠠᠭ᠎ᠠ ᠮᠥᠴᠢᠷ ᠲᠤ ᠬᠤᠪᠢᠷᠠᠭᠠᠬᠤ ᠭᠠᠷ | ᠭᠦᠢᠴᠡᠳᠬᠡᠯ ᠬᠢᠬᠦ ᠬᠡᠷᠡᠭᠲᠡᠢ᠃ | ᠠᠷᠪᠠᠨ ᠵᠢᠷᠭᠤᠳᠤᠭᠠᠷ ᠵᠤᠷᠪᠤᠰ ᠠᠵᠤ ᠠᠬᠤᠶᠢᠯᠠᠯ ᠳᠠᠮᠫᠤᠷᠠᠬᠤ᠂ ᠠᠵᠢᠯ ᠵᠣᠭᠰᠣᠬᠤ ᠪᠤᠶᠤ ᠪᠤᠰᠤᠳ ᠰᠢᠯᠲᠠᠭᠠᠨ ᠠᠴᠠ ᠪᠣᠯᠵᠤ ᠲᠤᠬᠠᠶᠢᠯᠠᠭᠰᠠᠨ ᠠᠵᠢᠯ ᠢᠶᠠᠨ | ᠳᠠᠭᠤᠰᠬᠠᠬᠤ ᠦᠶ᠎ᠡ ᠳᠤ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠡᠵᠡᠩᠨᠡᠯᠲᠡ ᠶᠢᠨ ᠦᠨᠡᠮᠯᠡᠯ ᠢᠶᠠᠨ | ᠬᠦᠴᠦᠨ ᠥᠬᠡᠢ ᠪᠣᠯᠭᠠᠭᠰᠠᠨ ᠤ ᠳᠠᠷᠠᠭᠠᠬᠢ 15 ᠡᠳᠦᠷ ᠤᠨ ᠳᠣᠲᠣᠷ᠎ᠠ ᠤᠤᠯ ᠤᠨ ᠬᠢᠷᠢ ᠬᠡᠮ ᠢ ᠬᠢᠨᠠᠨ ᠵᠥᠪᠰᠢᠶᠡᠷᠡᠭᠰᠡᠨ ᠰᠠᠯᠠᠭ᠎ᠠ ᠮᠥᠴᠢᠷ ᠲᠤ ᠬᠦᠷᠴᠦ ᠬᠢᠷᠢ | ᠬᠡᠮ ᠤᠨ ᠦᠨᠡᠮᠯᠡᠯ ᠢᠶᠠᠨ ᠬᠦᠴᠦᠨ ᠥᠬᠡᠢ ᠪᠣᠯᠭᠠᠬᠤ ᠬᠡᠷᠡᠭᠲᠡᠢ᠃ | ᠠᠷᠪᠠᠨ ᠳᠣᠯᠣᠳᠤᠭᠠᠷ ᠵᠤᠷᠪᠤᠰ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠬᠢᠷᠢ ᠬᠡᠮ ᠨᠢ ᠣᠨ ᠤ ᠪᠠᠶᠢᠴᠠᠭᠠᠯᠲᠠ ᠶᠢᠨ | ᠳᠦᠷᠢᠮ ᠢ ᠬᠡᠷᠡᠭᠵᠢᠭᠦᠯᠦᠨ᠎ᠡ᠃ ᠤᠤᠯ ᠤᠨ ᠳᠣᠭᠳᠠᠭᠰᠠᠨ ᠬᠢᠷᠢ ᠭᠡᠮ ᠤᠨ ᠨᠥᠬᠦᠴᠡᠯ ᠳᠤ ᠨᠡᠶᠢᠴᠡᠬᠦ ᠦᠭᠡᠢ ᠪᠤᠶᠤ ᠮᠠᠭᠤ ᠡᠵᠡᠩᠨᠡᠯᠲᠡ ᠶᠢᠨ ᠠᠵᠢᠯᠯᠠᠭ᠎ᠠ ᠲᠠᠢ ᠠᠵᠤ | ᠠᠬᠤᠶᠢᠯᠠᠯ ᠳᠤ ᠤᠤᠯ ᠤᠨ ᠬᠢᠷᠢ ᠭᠡᠮ ᠢ ᠬᠢᠨᠠᠨ ᠵᠥᠪᠰᠢᠶᠡᠷᠡᠭᠰᠡᠨ ᠰᠠᠯᠠᠭ᠎ᠠ ᠮᠥᠴᠢᠷ ᠠᠴᠠ ᠳᠡᠰ ᠪᠠᠭᠤᠷᠠᠭᠤᠯᠬᠤ ᠪᠤᠶᠤ ᠬᠢᠷᠢ ᠭᠡᠮ ᠤᠨ ᠦᠨᠡᠮᠯᠡᠯ ᠢ ᠨᠢ ᠬᠦᠴᠦᠨ | ᠦᠭᠡᠢ ᠪᠣᠯᠭᠠᠨ᠎ᠠ᠃ | ᠨᠢᠭᠡᠳᠦᠭᠡᠷ ᠳᠡᠰ ᠤᠨ ᠬᠢᠷᠢ ᠬᠡᠮ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠬᠢᠷᠢ ᠬᠡᠮ ᠤᠨ ᠣᠨ ᠤ ᠪᠠᠶᠢᠴᠠᠭᠠᠯᠲᠠ ᠶᠢ | ᠲᠥᠷᠥ ᠶᠢᠨ ᠶᠠᠪᠤᠳᠠᠯ ᠤᠨ ᠬᠤᠷᠢᠶᠠᠨ ᠤ ᠪᠦᠲᠦᠭᠡᠨᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠲᠡᠭᠦᠨ ᠤ | ᠨᠠᠶᠢᠳᠠᠭᠰᠠᠨ ᠪᠠᠶᠢᠭᠤᠯᠤᠮᠵᠢ ᠠᠴᠠ ᠬᠠᠷᠢᠭᠤᠴᠠᠨ᠎ᠠ᠃ | ᠬᠤᠶᠠᠳᠤᠭᠠᠷ ᠳᠡᠰ ᠤᠨ ᠬᠢᠷᠢ ᠬᠡᠮ ᠵᠢᠴᠢ ᠬᠤᠶᠠᠳᠤᠭᠠᠷ ᠳᠡᠰ ᠤᠨ ᠬᠢᠷᠢ ᠬᠡᠮ ᠠᠴᠠ ᠳᠣᠷᠣᠭᠰᠢ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ | ᠠᠬᠤᠶᠢᠯᠠᠯ ᠤᠨ ᠬᠢᠷᠢ ᠬᠡᠮ ᠤᠨ ᠣᠨ ᠤ ᠪᠠᠶᠢᠴᠠᠭᠠᠯᠲᠠ ᠶᠢ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠪᠦᠲᠦᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠠᠷᠭ᠎ᠠ ᠲᠣᠭᠲᠠᠭᠠᠨ᠎ᠠ᠃ | ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯᠨᠢ ᠵᠦᠢ ᠶᠣᠰᠣᠨ ᠤ ᠰᠢᠯᠲᠠᠭᠠᠨ ᠥᠬᠡᠢ ᠪᠠᠷ ᠣᠨ ᠤ ᠪᠠᠶᠢᠴᠠᠭᠠᠯᠲᠠ ᠳᠤ ᠣᠷᠣᠯᠴᠠᠬᠤ | ᠥᠬᠡᠢ ᠪᠣᠯ ᠣᠨ ᠤ ᠪᠠᠶᠢᠴᠠᠭᠠᠯᠲᠠ ᠳᠤ ᠬᠢᠷᠢ ᠲᠡᠩᠴᠡᠭᠰᠡᠨ ᠥᠬᠡᠢ ᠪᠠᠷ ᠤᠤᠯ ᠤᠨ ᠬᠢᠷᠢ ᠬᠡᠮ ᠢ ᠬᠢᠨᠠᠨ ᠵᠥᠪᠰᠢᠶᠡᠷᠡᠭᠰᠡᠨ ᠰᠠᠯᠠᠭ᠎ᠠ ᠮᠥᠴᠢᠷ ᠨᠢ ᠬᠢᠷᠢ ᠬᠡᠮ ᠤᠨ | ᠦᠨᠡᠮᠯᠡᠯ ᠢ ᠨᠢ ᠬᠦᠴᠦᠨ ᠥᠬᠡᠢ ᠪᠣᠯᠭᠠᠨ᠎ᠠ᠃ | ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ | ᠠᠵᠤ ᠠᠬᠤᠶᠢᠯᠠᠯ ᠤᠨ ᠬᠢᠷᠢ ᠬᠡᠮ ᠤᠨ ᠣᠨ ᠤ ᠪᠠᠢᠴᠠᠭᠠᠯᠲᠠ ᠬᠢᠭᠰᠡᠨ ᠦᠷ᠎ᠡ ᠳ᠋ᠦᠩ ᠢ ᠨᠡᠶᠢᠭᠡᠮ ᠨᠡᠢᠲᠡ ᠳᠤ ᠨᠡᠶᠢᠲᠡᠯᠡᠬᠦ ᠬᠡᠷᠡᠭᠲᠡᠢ᠃ | ᠠᠷᠪᠠᠨ ᠨᠠᠢᠮᠠᠳᠤᠭᠠᠷ ᠵᠤᠷᠪᠤᠰ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠨᠢᠭᠡᠳᠦᠭᠡᠷ ᠳᠡᠰ ᠤᠨ ᠬᠢᠷᠢ ᠭᠡᠮ ᠲᠠᠢ ᠠᠵᠤ ᠠᠬᠤᠶᠢᠯᠠᠯ ᠤᠨ ᠭᠡᠷ | ᠪᠠᠶᠢᠰᠢᠩ ᠭᠠᠵᠠᠷ ᠬᠥᠷᠥᠩᠭᠡ ᠶᠢᠨ ᠵᠦᠢᠯᠡᠰ ᠢ ᠳᠠᠭᠠᠭᠠᠨ ᠠᠪᠬᠤ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠶᠢ ᠬᠢᠵᠠᠭᠠᠷᠯᠠᠬᠤ ᠥᠬᠡᠢ᠂ ᠪᠦᠬᠦ ᠤᠯᠤᠰ ᠤᠨ | ᠬᠡᠪᠴᠢᠶᠡᠨ ᠳᠤ ᠭᠡᠷ ᠪᠠᠶᠢᠰᠢᠩ ᠭᠠᠵᠠᠷ ᠬᠥᠷᠥᠩᠭᠡ ᠶᠢ ᠨᠡᠭᠡᠭᠡᠨ ᠠᠰᠢᠭᠯᠠᠬᠤ ᠵᠦᠢᠯᠡᠰ ᠢ ᠳᠠᠭᠠᠭᠠᠨ ᠠᠪᠴᠤ ᠪᠣᠯᠤᠨ᠎ᠠ᠃ | ᠬᠤᠶᠠᠳᠤᠭᠠᠷ ᠳᠡᠰ ᠤᠨ ᠬᠢᠷᠢ ᠬᠡᠮ ᠵᠢᠴᠢ ᠬᠤᠶᠠᠳᠤᠭᠠᠷ ᠳᠡᠰ ᠤᠨ ᠬᠢᠷᠢ ᠬᠡᠮ ᠠᠴᠠ ᠳᠣᠷᠣᠭᠰᠢᠬᠢ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ | ᠠᠬᠤᠶᠢᠯᠠᠯ ᠤᠨ ᠪᠠᠷᠢᠯᠭ᠎ᠠ ᠶᠢᠨ ᠲᠠᠯᠠᠪᠠᠢ ᠨᠢ 25 ᠲᠦᠮᠡᠨ ᠲᠡᠭᠰᠢ ᠳᠥᠷᠪᠡᠯᠵᠢᠨ ᠮᠧᠲᠷ ᠠᠴᠠ ᠳᠣᠷᠣᠭᠰᠢᠬᠢ ᠨᠡᠭᠡᠭᠡᠨ ᠪᠦᠲᠦᠭᠡᠨ ᠪᠠᠶᠢᠭᠤᠯᠬᠤ ᠲᠥᠷᠥᠯ ᠵᠦᠢᠯ ᠢ | ᠡᠭᠦᠷᠭᠡᠯᠡᠵᠦ ᠪᠣᠯᠣᠨ᠎ᠠ᠂ ᠲᠤᠬᠠᠶᠢᠯᠠᠭᠰᠠᠨ ᠠᠵᠢᠯ ᠤᠨ ᠪᠣᠳᠠᠲᠠᠢ ᠬᠡᠪᠴᠢᠶ᠎ᠡ ᠶᠢ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠪᠦᠲᠦᠭᠡᠨᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠣᠭᠲᠠᠭᠠᠨ᠎ᠠ᠃ | ᠡᠯ᠎ᠡ ᠬᠢᠷᠢ ᠬᠡᠮ ᠤᠨ ᠵᠡᠷᠭᠡ ᠳᠡᠰ ᠤᠨ ᠠᠵᠤ ᠠᠬᠤᠶᠢᠯᠠᠯ ᠤᠳ ᠲᠣᠭᠲᠠᠭᠰᠠᠨ ᠲᠤᠬᠠᠶᠢᠯᠠᠭᠰᠠᠨ ᠠᠵᠢᠯ ᠤᠨ ᠬᠡᠪᠴᠢᠶᠡᠨ ᠳᠣᠲᠣᠷ᠎ᠠ ᠭᠡᠷ ᠪᠠᠶᠢᠰᠢᠩ ᠭᠠᠵᠠᠷ | ᠬᠥᠷᠥᠩᠭᠡ ᠶᠢ ᠨᠡᠭᠡᠭᠡᠨ ᠠᠰᠢᠭᠯᠠᠵᠤ ᠡᠵᠡᠩᠨᠡᠬᠦ ᠲᠤᠬᠠᠶᠢᠯᠠᠭᠰᠠᠨ ᠠᠵᠢᠯ ᠢ ᠡᠷᠬᠢᠯᠡᠬᠦ ᠬᠡᠷᠡᠭᠲᠡᠢ᠃ ᠳᠡᠰ ᠠᠯᠤᠰᠯᠠᠨ ᠡᠭᠦᠷᠭᠡ ᠬᠠᠷᠢᠭᠤᠴᠠᠵᠤ ᠪᠣᠯᠬᠤ ᠦᠭᠡᠢ᠃ | ᠠᠷᠪᠠ ᠶᠢᠰᠦᠳᠦᠭᠡᠷ ᠵᠤᠷᠪᠤᠰ ᠠᠵᠤ ᠠᠬᠤᠶᠢᠯᠠᠯ ᠨᠢ ᠬᠢᠷᠢ ᠬᠡᠮ ᠤᠨ ᠦᠨᠡᠮᠯᠡᠯ ᠣᠯᠤᠭᠰᠠᠨ ᠦᠭᠡᠢ ᠪᠠᠷ ᠭᠡᠷ ᠪᠠᠶᠢᠰᠢᠩ ᠭᠠᠵᠠᠷ ᠬᠥᠷᠥᠩᠭᠡ ᠶᠢ ᠨᠡᠭᠡᠭᠡᠨ ᠠᠰᠢᠭᠯᠠᠵᠤ | ᠡᠵᠡᠩᠨᠡᠭᠰᠡᠨ ᠪᠠᠶᠢᠪᠠᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠭᠡᠷ ᠪᠠᠶᠢᠰᠢᠩ ᠭᠠᠵᠠᠷ ᠬᠥᠷᠥᠩᠭᠡ ᠶᠢᠨ | ᠨᠡᠭᠡᠭᠡᠯᠲᠡ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠵᠤ᠂ 5 ᠲᠦᠮᠡᠨ ᠲᠥᠭᠦᠷᠢᠭ ᠠᠴᠠ | ᠳᠡᠭᠡᠭᠰᠢ 10 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ᠂ ᠬᠤᠭᠤᠴᠠᠭ᠎ᠠ ᠨᠢ ᠬᠡᠲᠦᠷᠡᠭᠰᠡᠨ ᠪᠠᠶᠢᠲᠠᠯ᠎ᠠ ᠵᠠᠯᠠᠷᠠᠭᠤᠯᠬᠤ ᠦᠭᠡᠢ ᠪᠠᠶᠢᠪᠠᠯ᠂ ᠭᠡᠷ | ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠡᠪᠰᠢᠭᠦᠯᠵᠦ ᠡᠵᠡᠩᠨᠡᠯᠲᠡ ᠶᠢᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ᠃ | ᠬᠤᠷᠢᠳᠤᠭᠠᠷ ᠵᠤᠷᠪᠤᠰ ᠠᠵᠤ ᠠᠬᠤᠶᠢᠯᠠᠯ ᠨᠢ ᠬᠢᠷᠢ ᠬᠡᠮ ᠤᠨ ᠵᠡᠷᠭᠡ ᠳᠡᠰ ᠠᠴᠠ ᠪᠠᠨ ᠳᠠᠪᠠᠵᠤ ᠭᠡᠷ ᠪᠠᠶᠢᠰᠢᠩ ᠭᠠᠵᠠᠷ ᠬᠥᠷᠥᠩᠭᠡ ᠶᠢ ᠨᠡᠭᠡᠭᠡᠨ ᠠᠰᠢᠭᠯᠠᠵᠤ | ᠡᠵᠡᠩᠨᠡᠪᠡᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠭᠡᠷ ᠪᠠᠶᠢᠰᠢᠩ ᠭᠠᠵᠠᠷ ᠬᠥᠷᠥᠩᠭᠡ ᠶᠢᠨ | ᠨᠡᠭᠡᠭᠡᠯᠲᠡ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠵᠤ᠂ 5 ᠲᠦᠮᠡᠨ ᠲᠥᠭᠦᠷᠢᠭ ᠠᠴᠠ | ᠳᠡᠭᠡᠭᠰᠢ 10 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ᠂ ᠬᠤᠭᠤᠴᠠᠭ᠎ᠠ ᠨᠢ ᠬᠡᠲᠦᠷᠡᠭᠰᠡᠨ ᠪᠠᠶᠢᠲᠠᠯ᠎ᠠ ᠵᠠᠯᠠᠷᠠᠭᠤᠯᠬᠤ ᠦᠭᠡᠢ ᠪᠠᠶᠢᠪᠠᠯ᠂ | ᠤᠤᠯ ᠤᠨ ᠬᠢᠷᠢ ᠬᠡᠮ ᠢ ᠬᠢᠨᠠᠨ ᠵᠥᠪᠰᠢᠶᠡᠷᠡᠭᠰᠡᠨ ᠰᠠᠯᠠᠭ᠎ᠠ ᠮᠥᠴᠢᠷ ᠠᠴᠠ ᠬᠢᠷᠢ ᠬᠡᠮᠤᠨ ᠦᠨᠡᠮᠯᠡᠯ ᠢ ᠨᠢ ᠬᠤᠷᠢᠶᠠᠨᠠᠪᠴᠤ ᠬᠦᠴᠦᠨ ᠥᠬᠡᠢ ᠪᠣᠯᠭᠠᠬᠤ ᠶᠢᠨ | ᠬᠠᠮᠲᠤ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠡᠪᠰᠢᠭᠦᠯᠵᠦ ᠡᠵᠡᠩᠨᠡᠯᠲᠡ ᠶᠢᠨ ᠦᠨᠡᠮᠯᠡᠯ ᠢ ᠨᠢ ᠬᠤᠷᠢᠶᠠᠨ | ᠠᠪᠴᠤ ᠬᠦᠴᠦᠨ ᠥᠬᠡᠢ ᠪᠣᠯᠭᠠᠨ᠎ᠠ᠃ | ᠬᠤᠷᠢᠨ ᠨᠢᠭᠡᠳᠦᠭᠡᠷ ᠵᠤᠷᠪᠤᠰ ᠠᠵᠤ ᠠᠬᠤᠶᠢᠯᠠᠯ ᠳᠤ ᠳᠣᠣᠷᠠᠬᠢ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠤᠤᠯ ᠤᠨ ᠬᠢᠷᠢ ᠭᠡᠮ ᠢ ᠬᠢᠨᠠᠨ ᠵᠥᠪᠰᠢᠶᠡᠷᠡᠭᠰᠡᠨ | ᠰᠠᠯᠠᠭ᠎ᠠ ᠮᠥᠴᠢᠷ ᠠᠴᠠ ᠬᠢᠷᠢ ᠭᠡᠮ ᠤᠨ ᠦᠨᠡᠮᠯᠡᠯ ᠢ ᠨᠢ ᠵᠠᠷᠯᠠᠨ ᠨᠡᠶᠢᠲᠡᠯᠡᠵᠦ ᠬᠦᠴᠦᠨ ᠦᠭᠡᠢ ᠪᠣᠯᠭᠠᠬᠤ ᠶᠢᠨ ᠬᠠᠮᠲᠤ 1 ᠲᠦᠮᠡᠨ ᠲᠥᠭᠦᠷᠢᠭ ᠠᠴᠠ ᠳᠡᠭᠡᠭᠰᠢ 3 | ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ ᠪᠣᠯᠤᠨ᠎ᠠ᠃ | ︵ᠨᠢᠭᠡ︶ ᠦᠨᠡᠨ ᠪᠠᠶᠢᠳᠠᠯ ᠢ ᠨᠢᠭᠤᠨ ᠳᠠᠯᠳᠠᠯᠠᠵᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠵᠤ ᠪᠠᠶᠢᠭᠠᠳᠬᠢᠷᠢ ᠬᠡᠮ ᠤᠨ ᠦᠨᠡᠮᠯᠡᠯ ᠢ ᠮᠡᠬᠡᠯᠡᠨ ᠠᠪᠤᠭᠰᠠᠨ᠃ | ︵ᠬᠤᠶᠠᠷ︶ ᠬᠢᠷᠢ ᠭᠡᠮ ᠤᠨ ᠦᠨᠡᠮᠯᠡᠯ ᠢ ᠪᠠᠯᠠᠯᠤᠨ ᠵᠠᠰᠠᠭᠰᠠᠨ᠂ ᠲᠦᠷᠢᠶᠡᠰᠦᠯᠡᠭᠦᠯᠦᠭᠰᠡᠨ᠂ ᠵᠢᠭᠡᠯᠡᠭᠦᠯᠦᠭᠰᠡᠨ᠂ ᠪᠤᠰᠤᠳ ᠲᠤ ᠰᠢᠯᠵᠢᠭᠦᠯᠦᠭᠰᠡᠨ᠂ ᠬᠤᠳᠠᠯᠳᠤᠭᠰᠠᠨ᠃ | | ᠬᠤᠷᠢᠨ ᠬᠤᠶᠠᠳᠤᠭᠠᠷ ᠵᠤᠷᠪᠤᠰ ᠠᠵᠤ ᠠᠬᠤᠶᠢᠯᠠᠯ ᠤᠨ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠲᠥᠷᠥᠯ ᠵᠦᠢᠯ ᠤᠨ ᠪᠠᠷᠢᠯᠭ᠎ᠠ ᠶᠢᠨ ᠶᠠᠰᠤ ᠴᠢᠨᠠᠷ ᠮᠠᠭᠤ᠂ | ᠬᠦᠨᠳᠦ ᠶᠡᠭᠡ ᠪᠠᠷᠢᠯᠭ᠎ᠠ ᠶᠢᠨ ᠶᠠᠰᠤ ᠴᠢᠨᠠᠷ ᠤᠨ ᠠᠳᠡᠯ ᠭᠠᠷᠤᠭᠰᠠᠨ ᠪᠣᠯ ᠤᠤᠯ ᠤᠨ ᠬᠢᠷᠢ ᠭᠡᠮ ᠢ ᠬᠢᠨᠠᠨᠵᠥ᠋ᠪᠰᠢᠶᠡᠷᠡᠭᠰᠡᠨᠰᠠᠯᠠᠭᠠ ᠮᠥᠴᠢᠷ ᠠᠴᠠ ᠬᠢᠷᠢ ᠬᠡᠮ ᠤᠨ | ᠵᠡᠷᠭᠡ ᠳᠡᠰ ᠢ ᠨᠢ ᠪᠠᠭᠤᠷᠠᠭᠤᠯᠤᠨ᠎ᠠ᠃ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ ᠬᠢᠷᠢ ᠬᠡᠮ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠥᠬᠡᠢ | ᠪᠣᠯᠭᠠᠬᠤ ᠪᠥᠭᠡᠳ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠡᠪᠰᠢᠭᠦᠯᠵᠦ ᠡᠵᠡᠩᠨᠡᠯᠲᠡ ᠶᠢᠨ ᠦᠨᠡᠮᠯᠡᠯ ᠢ ᠨᠢ | ᠬᠤᠷᠢᠶᠠᠨ ᠠᠪᠴᠤ ᠬᠦᠴᠦᠨ ᠥᠬᠡᠢ ᠪᠣᠯᠭᠠᠨ᠎ᠠ᠃ | ᠬᠤᠷᠢᠨ ᠭᠤᠷᠪᠠᠳᠤᠭᠠᠷ ᠵᠤᠷᠪᠤᠰ ᠠᠵᠤ ᠠᠬᠤᠶᠢᠯᠠᠯ ᠤᠳ ᠲᠠᠸᠠᠷ ᠤᠨ ᠣᠷᠣᠨ ᠰᠠᠭᠤᠴᠠ ᠶᠢ ᠪᠣᠷᠣᠯᠠᠭᠤᠯᠤᠨ ᠬᠤᠳᠠᠯᠳᠤᠬᠤ ᠳᠠᠭᠠᠨ ︽ᠣᠷᠣᠨ ᠰᠠᠭᠤᠴᠠ ᠶᠢᠨ ᠶᠠᠰᠤ | ᠴᠢᠨᠠᠷ ᠤᠨ ᠪᠠᠲᠤᠯᠠᠭ᠎ᠠ ᠶᠢᠨ ᠪᠢᠴᠢᠭ︾ ᠪᠣᠯᠤᠨ ︽ᠣᠷᠣᠨ ᠰᠠᠭᠤᠴᠠ ᠬᠡᠷᠡᠭᠯᠡᠬᠦ ᠲᠣᠳᠣᠷᠬᠠᠶᠢᠯᠠᠯᠲᠠ ᠶᠢᠨ ᠪᠢᠴᠢᠭ︾ ᠢ ᠲᠣᠭᠲᠠᠭᠠᠯ ᠶᠣᠰᠣᠭᠠᠷ ᠣᠯᠭᠤᠭᠰᠠᠨ ᠥᠬᠡᠢ | ᠪᠠᠶᠢᠪᠠᠯ᠂ ᠤᠤᠯ ᠤᠨ ᠬᠢᠷᠢ ᠭᠡᠮ ᠢ ᠬᠢᠨᠠᠨ ᠵᠥᠪᠰᠢᠶᠡᠷᠡᠭᠰᠡᠨ ᠰᠠᠯᠠᠭ᠎ᠠ ᠮᠥᠴᠢᠷ ᠠᠴᠠ ᠰᠡᠷᠡᠮᠵᠢᠯᠡᠭᠦᠯᠬᠦ᠂ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ | ᠵᠠᠯᠠᠷᠠᠭᠤᠯᠬᠤ᠂ ᠬᠢᠷᠢ ᠭᠡᠮ ᠤᠨ ᠵᠡᠷᠭᠡ ᠳᠡᠰ ᠢ ᠨᠢ ᠪᠠᠭᠤᠷᠠᠭᠤᠯᠬᠤ ᠶᠢᠨ ᠬᠠᠮᠲᠤ 1 ᠲᠦᠮᠡᠨ ᠲᠥᠭᠦᠷᠢᠭ ᠠᠴᠠ ᠳᠡᠭᠡᠭᠰᠢ 2 ᠲᠦᠮᠡᠨ ᠲᠥᠭᠦᠷᠢᠭ ᠠᠴᠠ ᠳᠣᠷᠣᠭᠰᠢ | ᠵᠣᠭᠤᠰ ᠢᠶᠠᠷ ᠲᠣᠷᠭᠠᠵᠤ ᠪᠣᠯᠤᠨ᠎ᠠ᠃ | ᠬᠤᠷᠢᠨ ᠳᠥᠷᠪᠡᠳᠦᠭᠡᠷ ᠵᠤᠷᠪᠤᠰ ᠠᠵᠤ ᠠᠬᠤᠶᠢᠯᠠᠯ ᠨᠢ ᠬᠤᠪᠢᠷᠠᠭᠤᠯᠬᠤ ᠭᠠᠷᠳᠠᠮ ᠢ ᠲᠣᠭᠲᠠᠭᠠᠯ ᠶᠣᠰᠣᠭᠠᠷ ᠭᠦᠢᠴᠡᠳᠬᠡᠭᠰᠡᠨ ᠥᠬᠡᠢ ᠪᠣᠯ ᠤᠤᠯ ᠤᠨ ᠬᠢᠷᠢ ᠭᠡᠮ ᠢ | ᠬᠢᠨᠠᠨ ᠵᠥᠪᠰᠢᠶᠡᠷᠡᠭᠰᠡᠨ ᠰᠠᠯᠠᠭ᠎ᠠ ᠮᠥᠴᠢᠷ ᠠᠴᠠ ᠰᠡᠷᠡᠮᠵᠢᠯᠡᠭᠦᠯᠬᠦ᠂ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠶᠢᠨ ᠬᠠᠮᠲᠤ 5000 | ᠲᠥᠭᠦᠷᠢᠭ ᠠᠴᠠ ᠳᠡᠭᠡᠭᠰᠢ 1 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ ᠪᠣᠯᠤᠨ᠎ᠠ᠃ | ᠬᠤᠷᠢᠨ ᠲᠠᠪᠤᠳᠤᠭᠠᠷ ᠵᠤᠷᠪᠤᠰ ᠡᠯ᠎ᠡ ᠱᠠᠲᠤᠨ ᠤ ᠪᠦᠲᠦᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ | ᠠᠵᠢᠯᠲᠠᠨ ᠬᠢᠷᠢ ᠬᠡᠮ ᠢ ᠬᠢᠨᠠᠨ ᠵᠥᠪᠰᠢᠶᠡᠷᠡᠬᠦ ᠪᠠ ᠬᠠᠮᠢᠶᠠᠷᠬᠤ ᠳᠤᠮᠳᠠ ᠪᠠᠨ ᠡᠭᠦᠷᠭᠡ ᠲᠤᠰᠢᠶᠠᠯ ᠳᠠᠭᠠᠨ ᠣᠰᠣᠯᠳᠠᠵᠤ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ | ᠬᠡᠷᠡᠭᠯᠡᠨ᠂ ᠬᠤᠪᠢ ᠶᠢᠨ ᠨᠠᠶᠢᠷ ᠬᠠᠷᠠᠵᠤ ᠬᠠᠤᠯᠢ ᠶᠣᠰᠣ ᠶᠢ ᠵᠥᠷᠢᠴᠡᠭᠰᠡᠨ ᠪᠠᠶᠢᠪᠠᠯ ᠲᠡᠭᠦᠨ ᠤ ᠪᠠᠶᠢᠭ᠎ᠠ ᠨᠢᠭᠡᠴᠡ ᠪᠤᠶᠤ ᠳᠡᠭᠡᠳᠦ ᠱᠠᠲᠤᠨ ᠤ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠠᠴᠠ ᠵᠠᠰᠠᠭ ᠵᠠᠬᠢᠷᠭᠠᠨ ᠤ ᠰᠢᠢᠳᠬᠡᠯ ᠥᠭᠭᠦᠨ᠎ᠡ᠃ ᠶᠠᠯ᠎ᠠ ᠳᠤ ᠬᠦᠷᠦᠭᠰᠡᠨ ᠪᠣᠯ ᠬᠠᠤᠯᠢ ᠴᠠᠭᠠᠵᠠ ᠶᠢᠨ ᠪᠠᠶᠢᠭᠤᠯᠤᠯᠭ᠎ᠠ ᠠᠴᠠ ᠬᠠᠤᠯᠢ | ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠬᠤᠷᠢᠨ ᠵᠢᠷᠭᠤᠳᠤᠭᠠᠷ ᠵᠤᠷᠪᠤᠰ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠦᠲᠦᠭᠡᠨ | ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤᠰ ᠲᠣᠭᠲᠠᠭᠠᠯ ᠢ ᠦᠨᠳᠦᠰᠦᠯᠡᠨ ᠬᠡᠷᠡᠭᠵᠢᠭᠦᠯᠬᠦ ᠨᠠᠷᠢᠨ ᠳᠦᠷᠢᠮ ᠲᠣᠭᠲᠠᠭᠠᠵᠤ | ᠪᠣᠯᠤᠨ᠎ᠠ᠃ | ᠬᠤᠷᠢᠨ ᠳᠣᠯᠣᠳᠤᠭᠠᠷ ᠵᠤᠷᠪᠤᠰ ᠲᠤᠰ ᠲᠣᠭᠲᠠᠭᠠᠯ ᠢ ᠲᠥᠷᠥ ᠶᠢᠨ ᠶᠠᠪᠤᠳᠠᠯ ᠤᠨ ᠬᠤᠷᠢᠶᠠᠨ ᠤ ᠪᠦᠲᠦᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ | ᠭᠤᠣᠯᠴᠢᠯᠠᠨᠬᠠᠮᠢᠶᠠᠷᠬᠤ ᠰᠠᠯᠠᠭ᠎ᠠ ᠮᠥᠴᠢᠷ ᠬᠠᠷᠢᠭᠤᠴᠠᠨ ᠲᠠᠶᠢᠯᠪᠤᠷᠢᠯᠠᠨ᠎ᠠ᠃ | ᠬᠤᠷᠢᠨ ᠨᠠᠢᠮᠠᠳᠤᠭᠠᠷ ᠵᠤᠷᠪᠤᠰ ᠲᠤᠰ ᠲᠣᠭᠲᠠᠭᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ 1993 ᠣᠨ ᠤ 11 ᠰᠠᠷ᠎ᠠ ᠶᠢᠨ 16 ᠤ ᠡᠳᠦᠷ | ᠪᠦᠲᠦᠭᠡᠨᠪᠠᠶᠢᠭᠤᠯᠤᠯᠲᠠ ᠶᠢᠨ ᠶᠠᠮᠤᠨ ᠤ ᠨᠡᠶᠢᠲᠡᠯᠡᠭᠰᠡᠨ ︽ᠭᠡᠷ ᠪᠠᠶᠢᠰᠢᠩ ᠭᠠᠵᠠᠷ ᠬᠥᠷᠥᠩᠭᠡ ᠶᠢ ᠨᠡᠭᠡᠭᠡᠨ ᠠᠰᠢᠭᠯᠠᠬᠤ ᠠᠵᠤ ᠠᠬᠤᠶᠢᠯᠠᠯ ᠤᠨ ᠬᠢᠷᠢ ᠬᠡᠮ ᠤᠨ | ᠬᠠᠮᠢᠶᠠᠷᠤᠯᠲᠠ ᠶᠢᠨ ᠲᠣᠭᠲᠠᠭᠠᠯ︾ ︵ᠪᠦᠲᠦᠭᠡᠨ ᠪᠠᠶᠢᠭᠤᠯᠤᠯᠲᠠ ᠶᠢᠨ ᠶᠠᠮᠤᠨ ᠤ ᠵᠠᠷᠯᠢᠭ 28 ᠳ᠋ᠤᠭᠠᠷ ᠲᠣᠭᠠᠲᠤ︶ ᠶᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ | ᠃ | |