ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠᠶᠢᠨ ᠲᠣᠪᠴᠢᠶ᠎ᠠ᠂ ᠡᠯ᠎ᠡ ᠠᠵᠢᠯ ᠲᠥᠷᠥᠯ ᠤᠨ ᠬᠤᠯᠪᠣᠭ᠎ᠠ | ᠂ ᠬᠠᠮᠢᠶ᠎ᠠ ᠪᠦᠬᠦᠢ ᠠᠵᠤ ᠠᠬᠤᠶᠢᠯᠠᠯ᠄ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠᠶᠢᠨ ᠲᠢᠩᠬᠢᠮ ᠤᠨ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠰᠢᠰᠲ᠋ᠧᠮ 8 ᠰᠠᠷ᠎ᠠ ᠶᠢᠨ 26 ᠤ ᠡᠳᠦᠷ ᠠᠰᠢᠭᠯᠠᠯᠲᠠ ᠳᠤ ᠣᠷᠣᠵᠤ ᠲᠤᠷᠰᠢᠨ ᠠᠵᠢᠯᠯᠠᠵᠤ᠂ 8 ᠰᠠᠷ᠎ᠠ ᠶᠢᠨ 28 ᠤ ᠡᠳᠦᠷ | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠᠶᠢᠨ ᠬᠦᠷᠢᠶᠡᠨ ᠳᠠᠬᠢ ᠠᠩᠬᠠᠳᠠᠭᠴᠢ ᠡᠯᠧᠺᠲᠷᠣᠨ | ᠦᠨᠡᠮᠯᠡᠯ ᠤᠨ ᠪᠢᠴᠢᠭ ᠢ ᠡᠭᠦᠰᠬᠡᠨ ᠣᠯᠭᠤᠵᠤ᠂ ᠡᠨᠡ ᠨᠢ ᠮᠠᠨ ᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠᠶᠢᠨᠰᠢᠰᠲ᠋ᠧᠮ ᠤᠨ ᠠᠵᠢᠯ ᠲᠥᠷᠥᠯ ᠤᠨ ᠬᠠᠮᠢᠶᠠᠷᠤᠯᠲᠠ ᠡᠯᠧᠺᠲᠷᠣᠨ᠂ ᠣᠶᠤᠨᠴᠢᠯᠠᠯᠲᠠ ᠶᠢᠨ ᠰᠢᠨ᠎ᠡ ᠴᠠᠭ ᠦᠶ᠎ᠡ ᠳᠤ ᠣᠷᠣᠭᠰᠠᠨ ᠢ ᠬᠠᠷᠠᠭᠤᠯᠵᠤ | ᠪᠠᠶᠢᠨ᠎ᠠ᠃ | ᠨᠢᠭᠡ᠂ ᠡᠯᠧᠺᠲᠷᠣᠨ ᠦᠨᠡᠮᠯᠡᠯ ᠤᠨ ᠯᠠᠪᠯᠠᠬᠤ ᠵᠢᠴᠢ ᠳᠠᠷᠤᠮᠠᠯᠯᠠᠨᠬᠡᠷᠡᠭᠯᠡᠬᠦ | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠᠶᠢᠨ ᠬᠦᠷᠢᠶᠡᠨ ᠳᠠᠬᠢ ᠡᠯᠧᠺᠲᠷᠣᠨ ᠦᠨᠡᠮᠯᠡᠯ ᠤᠨ | ᠰᠢᠰᠲ᠋ᠧᠮ ᠪᠣᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠤ ᠴᠢᠳᠠᠮᠵᠢ ᠳᠤ ᠰᠠᠭᠤᠷᠢᠯᠠᠨ ᠬᠡᠷᠡᠭᠯᠡᠵᠦ᠂ ᠡᠯᠧᠺᠲᠷᠣᠨ | ᠦᠨᠡᠮᠯᠡᠯ ᠢ ᠪᠠᠶᠢᠴᠠᠭᠠᠨ ᠯᠠᠪᠯᠠᠬᠤ ᠵᠢᠴᠢ ᠳᠠᠷᠤᠮᠠᠯᠯᠠᠨ ᠬᠡᠷᠡᠭᠯᠡᠬᠦ ᠳᠤ ᠬᠡᠷᠡᠭᠰᠡᠬᠦ ᠴᠢᠬᠤᠯᠠᠲᠠᠢ ᠬᠡᠷᠡᠭᠯᠡᠭᠴᠢ ᠤᠷᠢᠳᠠᠪᠡᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠰᠦᠯᠵᠢᠶᠡᠨ ᠳᠤ ᠭᠠᠷᠬᠤ ᠬᠡᠷᠡᠭᠲᠡᠢ᠃ | | ᠳᠠᠷᠠᠭ᠎ᠠ ᠨᠢ ︽ᠬᠡᠷᠡᠭᠡᠯᠡᠭᠴᠢᠳ ᠤᠨ ᠲᠥᠪ︾ ᠢ ᠲᠣᠪᠴᠢᠳᠠᠨ᠂ | | | | | ︽ᠮᠢᠨᠦ ᠦᠨᠡᠮᠯᠡᠯ︾ - ︽ᠨᠠᠷᠢᠨ ᠠᠭᠤᠯᠭ᠎ᠠ ︾ ᠶᠢ ᠲᠣᠪᠴᠢᠳᠠᠨ ᠦᠵᠡᠵᠦ᠂ | | ᠳᠠᠷᠤᠢ ᠣᠳᠣ ᠶᠢᠨ ᠪᠠᠶᠢᠭ᠎ᠠ ᠡᠯᠧᠺᠲᠷᠣᠨ ᠦᠨᠡᠮᠯᠡᠯ ᠢ ᠦᠵᠡᠵᠦ ᠪᠣᠯᠤᠨ᠎ᠠ᠃ | | | | | | ᠡᠯᠧᠺᠲᠷᠣᠨ ᠦᠨᠡᠮᠯᠡᠯ ᠤᠨ ᠪᠠᠷᠠᠭᠤᠨ ᠳᠡᠭᠡᠳᠦ ᠥᠨᠴᠥᠭ ᠤᠨ ︽᠁︾ ᠲᠡᠮᠳᠡᠭ ᠢ ᠲᠣᠪᠴᠢᠳᠠᠬᠤ ᠶᠢᠨ ᠬᠠᠮᠲᠤ᠂ ᠳᠡᠭᠡᠷ᠎ᠡ ᠵᠢᠷᠤᠭ ᠲᠠᠬᠢ ᠶᠣᠰᠣᠭᠠᠷ | ᠳᠠᠷᠤᠮᠠᠯᠬᠤ ᠮᠠᠰᠢᠨ ᠢ ᠪᠠᠶᠢᠷᠢᠰᠢᠭᠤᠯᠤᠭᠰᠠᠨ ᠤ ᠳᠠᠷᠠᠭ᠎ᠠ ᠡᠯᠧᠺᠲᠷᠣᠨ ᠦᠨᠡᠮᠯᠡᠯ ᠢ ᠳᠠᠷᠤᠮᠠᠯᠵᠤ ᠪᠣᠯᠤᠨ᠎ᠠ᠃ | ᠬᠤᠶᠠᠷ᠂ ᠡᠯᠧᠺᠲᠷᠣᠨ ᠦᠨᠡᠮᠯᠡᠯ ᠤᠨ ᠬᠠᠭᠤᠷᠮᠠᠭ ᠢ ᠰᠢᠯᠭᠠᠬᠤ ᠴᠢᠳᠠᠮᠵᠢ | ᠤᠯᠤᠰ ᠤᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠪᠡᠯ᠂ ᠡᠯᠧᠺᠲᠷᠣᠨ ᠦᠨᠡᠮᠯᠡᠯ ᠤᠨ ᠳᠡᠭᠡᠷᠡᠬᠢ ᠬᠤᠶᠠᠷ ᠬᠡᠮᠵᠢᠯ ᠺᠣᠳ᠋ ᠪᠣᠯ ᠤᠯᠤᠰ ᠠᠴᠠ ᠨᠢᠭᠡᠳᠦᠯᠲᠡᠢ | ᠱᠠᠭᠠᠷᠳᠠᠵᠤ ᠪᠠᠶᠢᠭ᠎ᠠ GM ᠺᠣᠳ᠋᠂ ᠪᠠᠶᠢᠩᠭᠤ ᠬᠡᠷᠡᠭᠯᠡᠬᠦ ᠺᠣᠳ᠋ ᠤᠨ ᠴᠢᠳᠠᠮᠵᠢ ᠶᠢ ᠬᠡᠷᠡᠭᠯᠡᠵᠦ ᠰᠢᠯᠭᠠᠨ ᠲᠣᠳᠣᠯᠠᠬᠤ ᠠᠷᠭ᠎ᠠ ᠦᠭᠡᠢ᠂ ᠰᠢᠯᠭᠠᠬᠤ ᠦᠶ᠎ᠡ ᠳᠤ ︽ | ᠮᠥᠩᠬᠡ ᠰᠤᠪᠤᠭ︾ APP ᠶᠢ ᠬᠡᠷᠡᠭᠯᠡᠬᠦ ᠶᠢᠨ ᠬᠠᠮᠲᠤ᠂ ᠳᠣᠣᠷᠠᠬᠢ ᠵᠢᠷᠤᠭ ᠢᠶᠠᠷ ᠤᠯᠠᠭᠠᠨ ᠦᠰᠦᠭ ᠤᠨ ᠬᠡᠰᠡᠭ ᠢ ᠲᠣᠪᠴᠢᠳᠠᠪᠠᠯ ᠡᠯᠧᠺᠲᠷᠣᠨ ᠦᠨᠡᠮᠯᠡᠯ ᠤᠨ | ᠦᠨᠡᠨ ᠬᠠᠭᠤᠷᠮᠠᠭ ᠢ ᠢᠯᠭᠠᠵᠤ ᠳᠡᠶᠢᠯᠦᠨ᠎ᠡ᠃ | | ᠮᠡᠷᠭᠡᠵᠢᠯ ᠤᠨ ᠦᠢᠯᠡᠴᠢᠯᠡᠭᠡᠨ ᠤ ᠤᠲᠠᠰᠤ 0471 — 6945165᠂ 6945336᠃ | |