ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠪᠦᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠳᠤ ᠨᠢᠭᠡᠳᠦᠭᠡᠷ ᠪᠦᠯᠦᠭ ᠦᠨᠡᠮᠯᠡᠯ ᠤᠨ ᠡᠯᠧᠺᠲᠷᠣᠨᠵᠢᠯᠲᠠ ᠶᠢ ᠬᠡᠷᠡᠭᠵᠢᠭᠦᠯᠬᠦ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2021/1/5
    ﹇2020﹈ ᠣᠨ ᠤ 141 ᠳ᠋ᠦ᠋ᠭᠡᠷ    ︽ᠵᠠᠰᠠᠭ ᠢ ᠴᠣᠮᠬᠠᠳᠬᠠᠵᠤ ᠡᠷᠬᠡ ᠶᠢ ᠳᠣᠷᠣᠭᠰᠢ ᠪᠠᠭᠤᠯᠭᠠᠬᠤ᠂  ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠦᠢᠯᠡᠴᠢᠯᠡᠭᠡ ᠶᠢ ᠰᠢᠯᠢᠳᠡᠭᠵᠢᠭᠦᠯᠬᠦ︾ ᠥᠭᠡᠷᠡᠴᠢᠯᠡᠯᠲᠡ ᠶᠢ ᠭᠦᠨᠵᠡᠭᠡᠢ ᠲᠦᠯᠬᠢᠨ ᠠᠬᠢᠭᠤᠯᠤᠨ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠬᠢᠨᠠᠨ ᠵᠥᠪᠰᠢᠶᠡᠷᠡᠬᠦ ᠦᠢᠯᠡᠴᠢᠯᠡᠭᠡᠨ ᠢ ᠰᠢᠯᠢᠳᠡᠭᠵᠢᠭᠦᠯᠦᠨ ᠠᠷᠠᠳ ᠲᠤ ᠳᠥᠭᠦᠮ  ᠦᠵᠡᠭᠦᠯᠦᠨ᠂ ︽ᠠᠭᠤᠯᠵᠠᠬᠤ ᠦᠭᠡᠢ ᠬᠢᠨᠠᠨ ᠵᠥᠪᠰᠢᠶᠡᠷᠡᠬᠦ ᠥᠭᠡᠷᠡᠴᠢᠯᠡᠯᠲᠡ︾ ᠶᠢ ᠲᠡᠭᠦᠯᠳᠡᠷᠵᠢᠭᠦᠯᠬᠦ ᠶᠢᠨ ᠲᠤᠰᠠᠳᠠ᠂ ︽ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠲᠢᠩᠬᠢᠮ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠰᠡᠭ ᠦᠨᠡᠮᠯᠡᠯ ᠳᠤ ᠡᠯᠧᠺᠲᠷᠣᠨᠵᠢᠯᠲᠠ ᠶᠢ ᠬᠡᠷᠡᠭᠵᠢᠭᠦᠯᠬᠦ ᠶᠢ ᠵᠥᠪᠰᠢᠶᠡᠷᠡᠬᠦ  ᠲᠣᠬᠠᠢ ᠵᠠᠬᠢᠳᠠᠯ︾ ︵ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠲᠢᠩᠬᠢᠮ ‍ᠤᠨ‌ᠵᠠᠬᠢᠳᠠᠯ ﹇2020﹈ 409 ᠲᠣᠭᠠᠲᠤ︶ ᠵᠣᠷᠢᠭ ᠰᠠᠨᠠᠭᠠᠨ ᠤ ᠶᠣᠰᠣᠭᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠵᠠᠷᠯᠠᠶ᠎ᠠ  ᠄    ᠨᠢᠭᠡ᠂ ᠡᠯᠧᠺᠲᠷᠣᠨ ᠦᠨᠡᠮᠯᠡᠯ ᠤᠨ ᠡᠬᠢᠯᠡᠨ ᠬᠡᠷᠡᠭᠯᠡᠬᠦ ᠴᠠᠭ ᠬᠤᠭᠤᠴᠠᠭ᠎ᠠ᠂ ᠲᠥᠷᠥᠯ ᠵᠦᠢᠯ ᠪᠠ ᠶᠠᠩᠵᠤ ᠮᠠᠶ᠋ᠢᠭ    2020 ᠣᠨ ᠤ 8 ᠰᠠᠷ᠎ᠠ ᠶᠢᠨ 26 ᠤ ᠡᠳᠦᠷ ᠠᠴᠠ ᠡᠬᠢᠯᠡᠨ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠨ ᠣᠯᠭᠤᠭᠰᠠᠨ  ᠪᠠᠷᠢᠯᠭ᠎ᠠ ᠶᠢᠨ ᠠᠵᠤ ᠠᠬᠤᠶᠢᠯᠠᠯ ᠤᠨ ᠬᠢᠷᠢ ᠭᠡᠮ ᠤᠨ ᠦᠨᠡᠮᠯᠡᠯ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠬᠢᠷᠢ ᠭᠡᠮ ᠤᠨ ᠦᠨᠡᠮᠯᠡᠯ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠬᠢᠷᠢ ᠭᠡᠮ ᠤᠨ ᠦᠨᠡᠮᠯᠡᠯ ︵ᠲᠦᠷ ᠳᠣᠭᠳᠠᠭᠰᠠᠨ︶᠂ ᠠᠶᠤᠯ ᠦᠭᠡᠢ ᠦᠢᠯᠡᠳᠪᠦᠷᠢᠯᠡᠯ ‍ᠤᠨ‌ᠵᠥ᠋ᠪᠰᠢᠶᠡᠷᠡᠬᠦ ᠭᠡᠷᠡᠴᠢ᠂ ᠬᠤᠶᠠᠳᠤᠭᠠᠷ ᠳᠡᠰ ᠤᠨ ᠳᠠᠩᠰᠠᠯᠠᠭᠤᠯᠤᠭᠰᠠᠨ ᠪᠠᠷᠢᠯᠭ᠎ᠠ ᠴᠣᠭᠴᠠᠯᠠᠭᠴᠢ ᠂ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ᠂ ᠲᠥᠷᠥᠯ ᠵᠦᠢᠯ ᠤᠨ ᠬᠠᠷᠢᠭᠤᠴᠠᠯᠭᠠᠲᠠᠨ ᠪᠠ ᠲᠤᠰᠬᠠᠢ ᠲᠤᠰᠢᠶᠠᠯᠲᠤ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ︵ᠳᠣᠣᠷ᠎ᠠ ︽ᠭᠤᠷᠪᠠᠨ ᠲᠥᠷᠥᠯ ᠤᠨ ᠬᠥᠮᠦᠰ︾ ᠭᠡᠵᠦ ᠲᠣᠪᠴᠢᠯᠠᠨ᠎ᠠ︶ ᠤ ᠦᠨᠡᠮᠯᠡᠯ ᠢ ᠨᠢ ᠠᠩᠬᠠᠳᠠᠭᠴᠢ ᠪᠦᠯᠦᠭ ᠤᠨ ᠨᠢᠭᠡᠳᠦᠯᠲᠡᠢ ᠬᠡᠷᠡᠭᠯᠡᠭᠰᠡᠨ ᠡᠯᠧᠺᠲᠷᠣᠨ ᠦᠨᠡᠮᠯᠡᠯ ᠪᠣᠯᠤᠭᠰᠠᠨ ᠤ ᠬᠤᠪᠢ ᠳᠤ ᠴᠠᠭᠠᠰᠤᠨ ᠦᠨᠡᠮᠯᠡᠯ ᠢ ᠳᠠᠬᠢᠵᠤ ᠬᠠᠷᠭᠤᠭᠤᠯᠤᠨ ᠣᠯᠭᠤᠬᠤ ᠦᠭᠡᠢ᠃ ᠠᠵᠤ ᠠᠬᠤᠶᠢᠯᠠᠯ ᠪᠣᠯᠤᠨ ᠬᠤᠪᠢ ᠬᠥᠮᠦᠨ ︽ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ︾ ᠳᠤ ᠭᠠᠷᠴᠤ ᠥᠪᠡᠰᠦᠪᠡᠨ ᠪᠠᠶᠢᠴᠠᠭᠠᠨ ᠦᠵᠡᠬᠦ ᠪᠤᠶᠤ ᠳᠠᠷᠤᠮᠠᠯᠵᠤ ᠪᠣᠯᠤᠨ᠎ᠠ᠃ ᠴᠠᠭᠠᠰᠤᠨ ᠦᠨᠡᠮᠯᠡᠯ ᠪᠣᠯᠤᠨ‌ᠡᠯᠧᠺᠲᠷᠣᠨ ᠦᠨᠡᠮᠯᠡᠯ ᠠᠳᠠᠯᠢᠬᠠᠨ ᠬᠠᠤᠯᠢ ᠶᠢᠨ ᠬᠦᠴᠦᠨᠲᠡᠢ᠃    ᠨᠢᠭᠡᠨᠲᠡ ᠬᠢᠨᠠᠨ ᠣᠯᠭᠤᠭᠰᠠᠨ ᠴᠠᠭᠠᠰᠤᠨ ᠦᠨᠡᠮᠯᠡᠯ ᠤᠨ ᠮᠡᠳᠡᠭᠡ ᠵᠠᠩᠭᠢ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠤᠭ ᠤᠨ ᠰᠢᠰᠲ᠋ᠧᠮ ᠠᠴᠠ ᠰᠢᠨ᠎ᠡ ᠬᠢᠨᠠᠨ ᠵᠥᠪᠰᠢᠶᠡᠷᠡᠬᠦ ᠰᠢᠰᠲ᠋ᠧᠮ ᠳᠤ ᠰᠢᠭᠤᠳ ᠣᠷᠣᠭᠤᠯᠵᠤ᠂ ᠦᠨᠡᠮᠯᠡᠯ ᠤᠨ ᠮᠡᠳᠡᠭᠡ ᠵᠠᠩᠭᠢ ᠶᠢᠨ ᠪᠦᠷᠢᠨ ᠪᠣᠰᠦ᠂ ᠬᠡᠪ ᠤᠨ ᠶᠣᠰᠣᠭᠠᠷ ᠢᠯᠭᠠᠨ ᠲᠠᠨᠢᠵᠤ ᠦᠯᠦ ᠴᠢᠳᠠᠬᠤ ᠬᠢᠷᠢ ᠭᠡᠮ ᠪᠠ ᠬᠢᠷᠢ ᠭᠡᠮ ᠤᠨ ᠲᠤᠭ᠎ᠠ ᠪᠠᠷᠢᠮᠲᠠ ᠶᠢ ᠡᠯ᠎ᠡ ᠱᠠᠲᠤᠨ ᠤ ᠬᠢᠨᠠᠨ ᠵᠥᠪᠰᠢᠶᠡᠷᠡᠬᠦ ᠡᠷᠬᠡ ᠮᠠᠲᠠᠯ ᠤᠨ ᠬᠡᠪᠴᠢᠶ᠎ᠡ ᠶᠣᠰᠣᠭᠠᠷ᠂ ᠬᠢᠨᠠᠨ ᠵᠥᠪᠰᠢᠶᠡᠷᠡᠭᠦᠯᠵᠦ ᠰᠢᠨ᠎ᠡ ᠰᠢᠰᠲ᠋ᠧᠮ ᠳᠤ ᠮᠡᠳᠡᠭᠡ ᠵᠠᠩᠭᠢ ᠶᠢ ᠨᠥᠬᠦᠵᠦ ᠲᠡᠮᠳᠡᠭᠯᠡᠬᠦ ᠶᠢᠨ ᠬᠠᠮᠲᠤ ᠡᠯᠧᠺᠲᠷᠣᠨ ᠦᠨᠡᠮᠯᠡᠯ ᠪᠣᠯᠭᠠᠨ᠎ᠠ᠃ ᠠᠵᠢᠯ ᠤᠨ ᠠᠬᠢᠴᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠨᠢ ᠴᠠᠭᠠᠰᠤᠨ ᠦᠨᠡᠮᠯᠡᠯ ᠰᠣᠯᠢᠵᠤ ᠡᠯᠧᠺᠲᠷᠣᠨ ᠦᠨᠡᠮᠯᠡᠯ ᠣᠯᠭᠤᠬᠤ ᠠᠵᠢᠯ ᠢ ᠥᠷᠨᠢᠭᠦᠯᠵᠦ᠂ ᠠᠵᠢᠯ ᠳᠠᠭᠤᠰᠤᠭᠰᠠᠨ ᠤ ᠳᠠᠷᠠᠭ᠎ᠠ ᠨᠢᠭᠡᠨᠲᠡ ᠬᠢᠨᠠᠨ ᠣᠯᠭᠤᠭᠰᠠᠨ ᠤᠤᠯ ᠤᠨ ᠴᠠᠭᠠᠰᠤᠨ ᠦᠨᠡᠮᠯᠡᠯ ᠨᠢ ᠠᠶᠠᠨᠳᠠᠭᠠᠨ ᠬᠦᠴᠦᠨ ᠥᠬᠡᠢ ᠪᠣᠯᠵᠤ ᠪᠣᠳᠠᠲᠠᠢ ᠴᠠᠭ ᠬᠤᠭᠤᠴᠠᠭ᠎ᠠ ᠶᠢ ᠠᠰ ᠲᠤᠨᠢ ᠮᠡᠳᠡᠭᠳᠡᠨ᠎ᠡ᠃    ᠡᠯᠧᠺᠲᠷᠣᠨ ᠦᠨᠡᠮᠯᠡᠯ ᠨᠢ PDF ᠬᠡᠯᠪᠡᠷᠢ ᠶᠢᠨ ᠪᠢᠴᠢᠭ ᠮᠠᠲ᠋ᠧᠷᠢᠶᠠᠯ ᠢᠶᠠᠷ ᠠᠴᠢᠶᠠᠯᠠᠪᠤᠷᠢ ᠪᠣᠯᠭᠠᠨ᠂ ᠳᠡᠭᠡᠷ᠎ᠡ ᠨᠢ ᠦᠨᠡᠮᠯᠡᠯ ᠣᠯᠭᠤᠬᠤ ᠰᠠᠯᠠᠭ᠎ᠠ ᠮᠥᠴᠢᠷ ᠤᠨ ᠲᠣᠭᠠᠴᠢᠯᠠᠭᠰᠠᠨ ᠦᠨᠡᠮᠯᠡᠯ ︵CA︶ ᠭᠡᠷᠡᠴᠢᠯᠡᠭᠰᠡᠨ ᠡᠯᠧᠺᠲᠷᠣᠨ ᠭᠠᠷ ᠤᠨ ᠦᠰᠦᠭ ᠲᠠᠮᠠᠭ᠎ᠠ ᠳᠠᠷᠤᠵᠤ᠂ ᠵᠡᠷᠭᠡᠪᠡᠷ ᠢᠵᠢ ᠪᠦᠷᠢᠯᠳᠦᠭᠦᠯᠦᠭᠰᠡᠨ ᠦᠨᠡᠮᠯᠡᠯ ᠤᠨ ᠬᠤᠶᠠᠷ ᠬᠡᠮᠵᠢᠯ ᠺᠣᠳ᠋ ᠢ ᠡᠭᠦᠰᠬᠡᠵᠦ᠂ ᠦᠨᠡᠮᠯᠡᠯ ‍ᠤᠨ‌‍ᠬᠡᠮᠵᠢᠶ᠎ᠡ ᠨᠢ A4  ︵ᠡᠭᠴᠡ ᠬᠡᠪᠯᠡᠯ︶  ᠂ ᠡᠯᠧᠺᠲᠷᠣᠨ ᠦᠨᠡᠮᠯᠡᠯ ᠨᠢ  ᠵᠢᠩᠬᠢᠨᠢ ᠪᠠ ᠬᠠᠭᠤᠯᠪᠤᠷᠢ ᠳᠡᠪᠲᠡᠷ ᠬᠤᠪᠢᠶᠠᠬᠤ ᠦᠭᠡᠢ᠃  ᠡᠯᠧᠺᠲᠷᠣᠨ ᠦᠨᠡᠮᠯᠡᠯ ᠤᠨ ᠨᠢᠭᠤᠷ ᠲᠠᠯ᠎ᠠ ᠶᠢᠨ ᠮᠡᠳᠡᠭᠡ ᠵᠠᠩᠭᠢ ᠳᠤ ᠠᠵᠤ ᠠᠬᠤᠶᠢᠯᠠᠯ᠂ ᠠᠵᠢᠯᠲᠠᠨ ᠤ ᠦᠨᠳᠦᠰᠦᠨ ᠮᠡᠳᠡᠭᠡ ᠵᠠᠩᠭᠢ᠂ ᠬᠢᠷᠢ ᠭᠡᠮ᠂ ᠬᠢᠷᠢ ᠭᠡᠮ ᠤᠨ ᠮᠡᠳᠡᠭᠡ ᠵᠠᠩᠭᠢ᠂ ᠰᠢᠯᠭᠠᠨ ᠭᠡᠷᠡᠴᠢᠯᠡᠬᠦ ᠬᠤᠶᠠᠷ ᠬᠡᠮᠵᠢᠯ ᠺᠣᠳ᠋᠂ ᠦᠨᠡᠮᠯᠡᠯ ᠣᠯᠭᠤᠭᠰᠠᠨ ᠪᠠᠶᠢᠭᠤᠯᠤᠮᠵᠢ᠂ ᠡᠯᠧᠺᠲᠷᠣᠨ ᠲᠠᠮᠠᠭ᠎ᠠ ᠵᠡᠷᠭᠡ ᠮᠡᠳᠡᠭᠡ ᠵᠠᠩᠭᠢ ᠶᠢ ᠪᠠᠭᠲᠠᠭᠠᠨ᠎ᠠ᠃ ᠪᠣᠳᠠᠲᠠᠢ ᠮᠡᠳᠡᠭᠡ ᠵᠠᠩᠭᠢ ᠶᠢ ᠳᠠᠭᠠᠯᠳᠤᠭᠤᠯᠤᠯ ᠳᠤ ᠨᠠᠷᠢᠨ ᠦᠵᠡ᠃    ᠬᠤᠶᠠᠷ᠂ ᠡᠯᠧᠺᠲᠷᠣᠨ ᠦᠨᠡᠮᠯᠡᠯ ᠢ ᠬᠢᠨᠠᠨ ᠣᠯᠭᠤᠬᠤ ᠪᠠ ᠬᠡᠷᠡᠭᠯᠡᠬᠦ ᠱᠠᠭᠠᠷᠳᠠᠯᠭ᠎ᠠ     ︵ᠨᠢᠭᠡ︶ ᠦᠨᠡᠮᠯᠡᠯ ᠢ ᠬᠢᠨᠠᠨ ᠣᠯᠭᠤᠬᠤ  ᠠᠵᠤ ᠠᠬᠤᠶᠢᠯᠠᠯ ᠠᠴᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠤ  ᠮᠡᠳᠡᠭᠡ ᠵᠠᠩᠭᠢ ᠵᠢᠨ‌ᠬᠠᠮᠢᠶᠠᠷᠤᠯᠲᠠ ᠶᠢᠨ ᠰᠢᠰᠲ᠋ᠧᠮ ᠳᠤ ᠣᠷᠣᠵᠤ ᠬᠠᠮᠢᠶ᠎ᠠ ᠪᠦᠬᠦᠢ ᠬᠢᠷᠢ ᠭᠡᠮ ᠤᠨ ᠭᠤᠶᠤᠴᠢᠯᠠᠯ ᠢᠶᠠᠨ ᠲᠤᠰᠢᠶᠠᠨ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠡᠷᠬᠡ ᠮᠠᠲᠠᠯ ᠤᠨ ᠬᠡᠪᠴᠢᠶ᠎ᠡ ᠶᠣᠰᠣᠭᠠᠷ ᠬᠦᠯᠢᠶᠡᠨ ᠠᠪᠴᠤ ᠰᠢᠢᠳᠪᠦᠷᠢᠯᠡᠵᠦ᠂ ᠬᠢᠨᠠᠨ ᠬᠠᠷᠭᠤᠭᠤᠯᠵᠤ᠂ ᠭᠦᠢᠴᠡᠳᠬᠡᠵᠦ ᠳᠠᠭᠤᠰᠤᠭᠰᠠᠨ ᠤ ᠳᠠᠷᠠᠭ᠎ᠠ ᠡᠯᠧᠺᠲᠷᠣᠨ ᠦᠨᠡᠮᠯᠡᠯ ᠬᠠᠷᠭᠤᠭᠤᠯᠤᠨ ᠣᠯᠭᠤᠬᠤ ᠶᠢᠨ ᠬᠠᠮᠲᠤ ᠬᠥᠮᠥᠷᠭᠡ ᠳᠤ ᠣᠷᠣᠭᠤᠯᠤᠨ᠂ ᠡᠯᠧᠺᠲᠷᠣᠨ ᠦᠨᠡᠮᠯᠡᠯ ᠤᠨ ᠮᠡᠳᠡᠭᠡ ᠵᠠᠩᠭᠢ ᠶᠢ ᠵᠡᠷᠭᠡᠪᠡᠷ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠪᠦᠬᠦ ᠤᠯᠤᠰ ᠤᠨ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠣᠯᠠᠨ ᠨᠡᠢᠲᠡ ᠶᠢᠨ ᠦᠢᠯᠡᠴᠢᠯᠡᠭᠡ ᠳᠤ ᠤᠯᠠᠮᠵᠢᠯᠠᠨ ᠳᠠᠮᠵᠢᠭᠤᠯᠤᠨ᠎ᠠ᠃    ︵ᠬᠤᠶᠠᠷ︶ ᠬᠡᠷᠡᠭᠯᠡᠬᠦ ᠱᠠᠭᠠᠷᠳᠠᠯᠭ᠎ᠠ   2020 ᠣᠨ ᠤ 8 ᠰᠠᠷ᠎ᠠ ᠶᠢᠨ 26 ᠤ ᠡᠳᠦᠷ ᠠᠴᠠ ᠡᠬᠢᠯᠡᠨ᠂ ᠬᠢᠨᠠᠨ ᠣᠯᠭᠤᠭᠰᠠᠨ ᠡᠯᠧᠺᠲᠷᠣᠨ ᠦᠨᠡᠮᠯᠡᠯ ᠤᠨ ᠮᠡᠳᠡᠭᠡ ᠵᠠᠩᠭᠢ ᠶᠢ ︽ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ︾᠂ ︽ᠮᠥᠩᠬᠡ ᠰᠤᠪᠣᠭ︾ ᠳᠡᠭᠡᠷ᠎ᠡ ᠪᠠᠶᠢᠴᠠᠭᠠᠨ ᠯᠠᠪᠯᠠᠵᠤ ᠰᠢᠯᠭᠠᠨ ᠪᠠᠲᠤᠯᠠᠬᠤ ᠪᠤᠶᠤ ᠡᠯᠧᠺᠲᠷᠣᠨ ᠦᠨᠡᠮᠯᠡᠯ ᠳᠡᠭᠡᠷᠡᠬᠢ ᠬᠤᠶᠠᠷ ᠬᠡᠮᠵᠢᠯ ᠺᠣᠳ᠋ ᠢᠶᠠᠷ ᠳᠠᠮᠵᠢᠭᠤᠯᠤᠨ ᠪᠠᠶᠢᠴᠠᠭᠠᠨ ᠰᠢᠯᠭᠠᠵᠤ ᠪᠣᠯᠤᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠨᠢᠭᠡᠴᠡ ᠠᠴᠠ ᠠᠵᠤ ᠠᠬᠤᠶᠢᠯᠠᠯ ᠪᠣᠯᠤᠨ ᠬᠤᠪᠢ ᠬᠥᠮᠦᠨ ᠤ ᠬᠠᠩᠭᠠᠭᠰᠠᠨ ᠡᠯᠧᠺᠲᠷᠣᠨ ᠦᠨᠡᠮᠯᠡᠯ ᠢ ᠰᠢᠯᠭᠠᠨ ᠨᠤᠲᠠᠯᠠᠭᠰᠠᠨ ᠤ ᠳᠠᠷᠠᠭ᠎ᠠ ᠴᠠᠭᠠᠰᠤᠨ ᠦᠨᠡᠮᠯᠡᠯ ᠬᠠᠩᠭᠠᠯᠭᠠᠬᠤ ᠪᠠᠷ ᠱᠠᠭᠠᠷᠳᠠᠬᠤ ᠦᠭᠡᠢ᠃    ᠳᠠᠭᠠᠯᠳᠤᠭᠤᠯᠤᠯ᠄  ᠠᠶᠤᠯ ᠦᠭᠡᠢ ᠦᠢᠯᠡᠳᠪᠦᠷᠢᠯᠡᠯ ‍ᠤᠨ‌ᠵᠥ᠋ᠪᠰᠢᠶᠡᠷᠡᠬᠦ ᠭᠡᠷᠡᠴᠢ᠂ ᠪᠠᠷᠢᠯᠭ᠎ᠠ ᠶᠢᠨ ᠠᠵᠤ ᠠᠬᠤᠶᠢᠯᠠᠯ ᠤᠨ ᠬᠢᠷᠢ ᠭᠡᠮ ᠤᠨ ᠦᠨᠡᠮᠯᠡᠯ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠬᠢᠷᠢ ᠭᠡᠮ ᠤᠨ ᠦᠨᠡᠮᠯᠡᠯ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠬᠢᠷᠢ ᠭᠡᠮ ᠤᠨ ᠦᠨᠡᠮᠯᠡᠯ ︵ᠲᠦᠷ  ᠳᠣᠭᠳᠠᠭᠰᠠᠨ︶᠂ ᠬᠤᠶᠠᠳᠤᠭᠠᠷ ᠳᠡᠰ ᠤᠨ ᠳᠠᠩᠰᠠᠯᠠᠭᠤᠯᠤᠭᠰᠠᠨ ᠪᠠᠷᠢᠯᠭ᠎ᠠ ᠴᠣᠭᠴᠠᠯᠠᠭᠴᠢ ᠂  ︽ᠭᠤᠷᠪᠠᠨ ᠲᠥᠷᠥᠯ ᠤᠨ ᠬᠥᠮᠦᠰ︾ ᠤᠨ ᠡᠯᠧᠺᠲᠷᠣᠨ ᠦᠨᠡᠮᠯᠡᠯ ᠤᠨ ᠶᠠᠩᠵᠤ ᠬᠡᠯᠪᠡᠷᠢ    2020 ᠣᠨ ᠤ 8 ᠰᠠᠷ᠎ᠠ ᠶᠢᠨ 19 ᠤ ᠡᠳᠦᠷ    ᠳᠠᠭᠠᠯᠳᠤᠭᠤᠯᠤᠯ ᠮᠠᠲ᠋ᠧᠷᠢᠶᠠᠯ    ᠠᠶᠤᠯ ᠦᠭᠡᠢ ᠦᠢᠯᠡᠳᠪᠦᠷᠢᠯᠡᠯ ᠤᠨ ᠵᠥᠪᠰᠢᠶᠡᠷᠡᠬᠦ ᠭᠡᠷᠡᠴᠢ ᠵᠢᠨ‌ᠦᠨᠡᠮᠯᠡᠯ ᠤᠨ ᠡᠯᠧᠺᠲᠷᠣᠨ ᠦᠨᠡᠮᠯᠡᠯ ᠤᠨ ᠶᠠᠩᠵᠤ ᠬᠡᠯᠪᠡᠷᠢ    ᠪᠠᠷᠢᠯᠭ᠎ᠠ ᠶᠢᠨ ᠠᠵᠤ ᠠᠬᠤᠶᠢᠯᠠᠯ ᠤᠨ ᠬᠢᠷᠢ ᠭᠡᠮ ‍ᠤᠨ‌ᠦᠨᠡᠮᠯᠡᠯ ᠤᠨ ᠡᠯᠧᠺᠲᠷᠣᠨ ᠦᠨᠡᠮᠯᠡᠯ ᠤᠨ ᠶᠠᠩᠵᠤ ᠬᠡᠯᠪᠡᠷᠢ      ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠬᠢᠷᠢ ᠭᠡᠮ ᠤᠨ ᠦᠨᠡᠮᠯᠡᠯ ‍ᠤᠨ‌ᠡᠯᠧᠺᠲᠷᠣᠨ ᠦᠨᠡᠮᠯᠡᠯ ᠤᠨ ᠶᠠᠩᠵᠤ ᠬᠡᠯᠪᠡᠷᠢ    ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠬᠢᠷᠢ ᠭᠡᠮ ᠤᠨ ᠦᠨᠡᠮᠯᠡᠯ ︵ᠲᠦᠷ ᠳᠣᠭᠳᠠᠭᠰᠠᠨ︶  ᠤᠨ ᠡᠯᠧᠺᠲᠷᠣᠨ ᠦᠨᠡᠮᠯᠡᠯ ᠤᠨ ᠶᠠᠩᠵᠤ ᠬᠡᠯᠪᠡᠷᠢ    ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠶᠠᠳᠤᠭᠠᠷ ᠳᠡᠰ ᠤᠨ ᠪᠠᠷᠢᠯᠭ᠎ᠠ ᠴᠣᠭᠴᠠᠯᠠᠭᠴᠢ  ᠶᠢ ᠳᠠᠩᠰᠠᠯᠠᠬᠤ ᠦᠨᠡᠮᠯᠡᠯ ᠤᠨ ᠡᠯᠧᠺᠲᠷᠣᠨ ᠤ ᠦᠨᠡᠮᠯᠡᠯ ᠤᠨ ᠶᠠᠩᠵᠤ ᠬᠡᠯᠪᠡᠷᠢ    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠠᠶᠤᠯ ᠦᠭᠡᠢ ᠦᠢᠯᠡᠳᠪᠦᠷᠢᠯᠡᠯ ᠤᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠦᠨᠡᠮᠯᠡᠯ ᠤᠨ ᠡᠯᠧᠺᠲᠷᠣᠨ ᠦᠨᠡᠮᠯᠡᠯ ᠤᠨ ᠶᠠᠩᠵᠤ ᠬᠡᠯᠪᠡᠷᠢ
ᠢᠷᠡᠯᠲᠡ᠄ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ ᠶᠢᠨ ᠲᠢᠩᠬᠢᠮ
Baidu
map