ᠮᠠᠨ ᠤ ᠣᠷᠣᠨ ᠤ ᠪᠠᠷᠢᠯᠭ᠎ᠠ ᠶᠢᠨ ᠠᠵᠤ ᠠᠬᠤᠶᠢᠯᠠᠯ ᠤᠨ ᠠᠶᠤᠯ ᠥᠬᠡᠢ ᠦᠢᠯᠡᠳᠪᠦᠷᠢᠯᠡᠯ ᠤᠨ ᠵᠥᠪᠰᠢᠶᠡᠬᠦ ᠭᠡᠷᠡᠴᠢ ᠶᠢ  ᠳᠥᠭᠦᠮᠴᠢᠯᠡᠨ ᠰᠢᠯᠢᠳᠡᠭᠵᠢᠭᠦᠯᠬᠦ ᠶᠢᠨ ᠬᠤᠯᠪᠣᠭᠳᠠᠯ ᠪᠦᠬᠦᠢ ᠵᠦᠢᠯ ᠢ ᠬᠢᠨᠠᠨ ᠣᠯᠭᠤᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2021/1/5
   ᠥᠪᠥᠷ ᠮᠣᠩᠭᠤᠯ ᠤᠨ ᠥᠪᠡᠷᠳᠡᠭᠡᠨ  ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ  ﹇2020﹈ 109 ᠳ᠋ᠦ᠋ᠭᠡᠷ    ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠷᠢᠨᠭᠡᠷ ᠰᠢᠨ᠎ᠡ ᠲᠣᠭᠤᠷᠢᠭ ᠤᠨ ᠲᠥᠯᠥᠪᠵᠢᠭᠦᠯᠭᠡ ᠪᠠ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠰᠢᠭᠤᠳ ᠮᠡᠳᠡᠭᠦᠯᠬᠦ ᠬᠤᠰᠢᠭᠤ ︵ᠰᠢᠶᠠᠨ᠂ ᠬᠤᠲᠠ︶ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ  ᠄  《ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠦᠷᠢᠮ》᠂《ᠲᠥᠷᠥ ᠶᠢᠨ ᠶᠠᠪᠤᠳᠠᠯ ᠤᠨ  ᠬᠤᠷᠢᠶᠠᠨ ᠤ ᠠᠯᠪᠠᠨ ᠲᠢᠩᠬᠢᠮ ᠤᠨ ᠪᠠᠷᠢᠯᠭ᠎ᠠ ᠶᠢᠨ ᠠᠵᠤ ᠠᠬᠤᠶᠢᠯᠠᠯ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠢ ᠰᠠᠨᠠᠯ》᠂《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠠᠷᠢᠯᠭ᠎ᠠ ᠶᠢᠨ ᠠᠵᠤ ᠠᠬᠤᠶᠢᠯᠠᠯ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ》 ᠤᠨ ᠱᠠᠭᠠᠷᠳᠠᠯᠭ᠎ᠠ ᠶᠣᠰᠣᠭᠠᠷ᠂ ︽ᠵᠠᠰᠠᠭ ᠢ ᠴᠣᠮᠬᠠᠳᠬᠠᠵᠤ ᠡᠷᠬᠡ ᠶᠢ ᠳᠣᠷᠣᠭᠰᠢ ᠪᠠᠭᠤᠯᠭᠠᠬᠤ᠂ ᠪᠠᠭᠤᠯᠭᠠᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ︾ ᠥᠭᠡᠷᠡᠴᠢᠯᠡᠯᠲᠡ ᠶᠢ ᠭᠦᠨᠵᠡᠭᠡᠢ ᠲᠦᠯᠬᠢᠨ ᠠᠬᠢᠭᠤᠯᠤᠨ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠵᠤ᠂ ᠠᠵᠢᠯ ᠤᠨ ᠳᠤᠮᠳᠠᠬᠢ ᠪᠠ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠮᠠᠨ ᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢᠨ ᠲᠤᠰᠠᠳᠠ᠂《ᠪᠠᠷᠢᠯᠭ᠎ᠠ ᠶᠢᠨ ᠠᠵᠤ ᠠᠬᠤᠶᠢᠯᠠᠯ ᠤᠨ ᠠᠶᠤᠯ ᠥᠬᠡᠢ ᠦᠢᠯᠡᠳᠪᠦᠷᠢᠯᠡᠯ ᠤᠨ ᠵᠥᠪᠰᠢᠶᠡᠬᠦ ᠭᠡᠷᠡᠴᠢ ᠶᠢᠨ ᠬᠠᠮᠢᠶᠠᠷᠤᠯᠲᠠ ᠶᠢᠨ ᠳᠦᠷᠢᠮ》 ︵ᠪᠦᠲᠦᠭᠡᠨ ᠪᠠᠶᠢᠭᠤᠯᠤᠯᠲᠠ ᠶᠢᠨ ᠶᠠᠮᠤᠨ ᠤ 128 ᠳ᠋ᠤᠭᠠᠷ ᠲᠣᠭᠠᠲᠤ ᠵᠠᠷᠯᠢᠭ︶᠂《ᠪᠠᠷᠢᠯᠭ᠎ᠠ ᠶᠢᠨ ᠠᠵᠤ ᠠᠬᠤᠶᠢᠯᠠᠯ ᠤᠨ ᠠᠶᠤᠯ ᠥᠬᠡᠢ ᠦᠢᠯᠡᠳᠪᠦᠷᠢᠯᠡᠯ ᠤᠨ ᠵᠥᠪᠰᠢᠶᠡᠬᠦ ᠭᠡᠷᠡᠴᠢ ᠶᠢᠨ ᠬᠠᠮᠢᠶᠠᠷᠤᠯᠲᠠ ᠶᠢᠨ ᠳᠦᠷᠢᠮ ᠤᠨ ᠬᠡᠷᠡᠭᠵᠢᠭᠦᠯᠬᠦ ᠰᠠᠨᠠᠯ》︵ᠪᠠᠷᠢᠯᠭ᠎ᠠ ᠶᠢᠨ ᠬᠢᠷᠢ ᠬᠡᠮ ﹇2020﹈ 148 ᠳ᠋ᠤᠭᠠᠷ ᠲᠣᠭᠠᠲᠤ︶ ᠵᠡᠷᠭᠡ ᠮᠠᠲ᠋ᠧᠷᠢᠶᠠᠯ ᠢ ᠦᠨᠳᠦᠰᠦᠯᠡᠨ᠂ ᠡᠳᠦᠭᠡ ᠮᠠᠨ ᠤ ᠣᠷᠣᠨ ᠤ ᠪᠠᠷᠢᠯᠭ᠎ᠠ ᠶᠢᠨ ᠠᠵᠤ ᠠᠬᠤᠶᠢᠯᠠᠯ ᠤᠨ ᠠᠶᠤᠯ ᠥᠬᠡᠢ ᠦᠢᠯᠡᠳᠪᠦᠷᠢᠯᠡᠯ ᠤᠨ ᠵᠥᠪᠰᠢᠶᠡᠬᠦ ᠭᠡᠷᠡᠴᠢ ᠶᠢ ᠳᠥᠭᠦᠮᠴᠢᠯᠡᠨ ᠰᠢᠯᠢᠳᠡᠭᠵᠢᠭᠦᠯᠬᠦ ᠶᠢᠨ ᠬᠤᠯᠪᠣᠭᠳᠠᠯ ᠪᠦᠬᠦᠢ ᠵᠦᠢᠯ ᠢ ᠬᠢᠨᠠᠨ ᠣᠯᠭᠤᠬᠤ ᠲᠤᠬᠠᠢ ᠳᠣᠣᠷᠠᠬᠢ ᠮᠡᠲᠦ ᠮᠡᠳᠡᠭᠳᠡᠶ᠎ᠡ᠃    ᠨᠢᠭᠡ᠂ ᠠᠶᠤᠯ ᠥᠬᠡᠢ ᠦᠢᠯᠡᠳᠪᠦᠷᠢᠯᠡᠯ ‍ᠤᠨ‌ᠵᠥ᠋ᠪᠰᠢᠶᠡᠬᠦ ᠭᠡᠷᠡᠴᠢ ᠶᠢ  ᠳᠥᠭᠦᠮᠴᠢᠯᠡᠬᠦ ᠶᠢ ᠠᠩᠬ᠎ᠠ ᠤᠳᠠᠭ᠎ᠠ ᠭᠤᠶᠤᠴᠢᠯᠠᠬᠤ    ︵ᠨᠢᠭᠡ) ᠠᠶᠤᠯ ᠥᠬᠡᠢ ᠦᠢᠯᠡᠳᠪᠦᠷᠢᠯᠡᠯ ‍ᠤᠨ‌ᠵᠥ᠋ᠪᠰᠢᠶᠡᠬᠦ ᠭᠡᠷᠡᠴᠢ ᠶᠢ ᠠᠩᠬ᠎ᠠ ᠤᠳᠠᠭ᠎ᠠ ᠭᠦᠢᠴᠡᠳᠬᠡᠬᠦ ᠳᠤ ᠪᠠᠶᠢᠪᠠᠰᠤ ᠵᠣᠬᠢᠬᠤ  ᠠᠶᠤᠯ ᠥᠬᠡᠢ ᠦᠢᠯᠡᠳᠪᠦᠷᠢᠯᠡᠯ ᠤᠨ ᠨᠥᠬᠦᠴᠡᠯ    1. ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠡᠵᠡᠩᠨᠡᠯᠲᠡ ᠶᠢᠨ ᠦᠨᠡᠮᠯᠡᠯ  ︔    2. ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠳᠠᠭᠠᠭᠠᠴᠢᠯᠠᠬᠤ ᠬᠢᠷᠢ ᠬᠡᠮ ᠲᠠᠢ︔    3. ᠠᠶᠤᠯ ᠥᠬᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠠᠶᠤᠯ ᠦᠭᠡᠢ ᠦᠢᠯᠡᠳᠪᠦᠷᠢᠯᠡᠯ ᠤᠨ ᠪᠦᠷᠢᠨ ᠲᠡᠭᠦᠯᠳᠡᠷ ᠳᠦᠷᠢᠮ ᠲᠣᠭᠲᠠᠭᠠᠯ ᠪᠠ ᠠᠵᠢᠯᠯᠠᠬᠤ ᠳᠦᠷᠢᠮ ᠢ ᠲᠣᠭᠲᠠᠭᠠᠨ᠎ᠠ︔    4. ᠲᠤᠰ ᠨᠢᠭᠡᠴᠡ ᠶᠢᠨ ᠠᠶᠤᠯ ᠥᠬᠡᠢ ᠦᠢᠯᠡᠳᠪᠦᠷᠢᠯᠡᠯ ᠤᠨ ᠨᠥᠬᠦᠴᠡᠯ ᠳᠤ ᠬᠡᠷᠡᠭᠰᠡᠬᠦ ᠪᠡᠯᠡ ᠮᠥᠩᠭᠦ ᠶᠢᠨ ᠣᠷᠣᠭᠤᠯᠤᠯᠲᠠ ᠶᠢ ᠪᠠᠲᠤᠯᠠᠨ᠎ᠠ︔    5. ᠠᠶᠤᠯ ᠦᠭᠡᠢ ᠦᠢᠯᠡᠳᠪᠦᠷᠢᠯᠡᠯ ᠢ ᠬᠠᠮᠢᠶᠠᠷᠬᠤ ᠪᠠᠶᠢᠭᠤᠯᠤᠮᠵᠢ ᠶᠢ ᠪᠠᠶᠢᠭᠤᠯᠵᠤ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠶᠤᠯ ᠦᠭᠡᠢ ᠦᠢᠯᠡᠳᠪᠦᠷᠢᠯᠡᠯ ᠢ ᠬᠠᠮᠢᠶᠠᠷᠬᠤ ᠲᠤᠰᠬᠠᠢ ᠠᠵᠢᠯᠲᠠᠨ ᠢ ᠲᠣᠬᠢᠷᠠᠭᠤᠯᠤᠨ᠎ᠠ︔    6. ᠭᠤᠣᠯ ᠬᠠᠷᠢᠭᠤᠴᠠᠯᠭᠠᠲᠠᠨ᠂ ᠲᠥᠷᠥᠯ ᠵᠦᠢᠯ ᠤᠨ ᠬᠠᠷᠢᠭᠤᠴᠠᠯᠭᠠᠲᠠᠨ᠂ ᠠᠶᠤᠯ ᠦᠭᠡᠢ ᠦᠢᠯᠡᠳᠪᠦᠷᠢᠯᠡᠯ ᠢ ᠬᠠᠮᠢᠶᠠᠷᠬᠤ ᠲᠤᠰᠬᠠᠢ ᠠᠵᠢᠯᠲᠠᠨ ᠢ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠢᠶᠠᠷ ᠬᠢᠨᠠᠨ ᠰᠢᠯᠭᠠᠭᠤᠯᠤᠭᠠᠳ᠂ ᠬᠢᠷᠢ ᠲᠡᠩᠴᠡᠭᠰᠡᠨ ᠪᠠᠶᠢᠬᠤ ᠬᠡᠷᠡᠭᠲᠡᠢ︔    7.ᠣᠨᠴᠠ ᠲᠥᠷᠥᠯ ᠤᠨ ᠠᠵᠢᠯ ᠬᠢᠭᠰᠡᠳ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠰᠢᠯᠭᠠᠭᠤᠯᠤᠭᠠᠳ ᠬᠢᠷᠢ ᠲᠡᠩᠴᠡᠵᠦ᠂ ᠣᠨᠴᠠ ᠲᠥᠷᠥᠯ ᠤᠨ ᠠᠵᠢᠯ ᠬᠢᠬᠦ ᠬᠢᠷᠢ ᠬᠡᠮ ᠤᠨ ᠦᠨᠡᠮᠯᠡᠯ ᠣᠯᠤᠭᠰᠠᠨ ᠪᠠᠶᠢᠬᠤ ᠬᠡᠷᠡᠭᠲᠡᠢ︔    8. ᠬᠠᠮᠢᠶᠠᠷᠤᠯᠲᠠ ᠶᠢᠨ ᠠᠵᠢᠯᠲᠠᠨ ᠪᠠ ᠠᠵᠢᠯ ᠬᠢᠭᠰᠡᠳ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠠᠶᠤᠯ ᠥᠬᠡᠢ ᠦᠢᠯᠡᠳᠪᠦᠷᠢᠯᠡᠯ ᠤᠨ ᠬᠥᠮᠦᠵᠢᠯ ᠪᠣᠯᠪᠠᠰᠣᠷᠠᠭᠤᠯᠤᠯ ᠬᠢᠬᠦ ᠶᠢᠨ ᠬᠠᠮᠲᠤ ᠬᠢᠨᠠᠨ ᠰᠢᠯᠭᠠᠭᠤᠯᠤᠭᠠᠳ᠂  ᠬᠢᠷᠢ ᠲᠡᠩᠴᠡᠭᠰᠡᠨ ᠪᠠᠶᠢᠬᠤ ᠬᠡᠷᠡᠭᠲᠡᠢ︔    9. ᠬᠠᠤᠯᠢ ᠶᠣᠰᠣᠭᠠᠷ ᠠᠵᠢᠯᠯᠠᠭᠰᠠᠳ ᠲᠤ ᠳᠠᠭᠠᠳᠬᠠᠯ ᠤᠨ ᠰᠦᠢᠳᠬᠡᠯ ᠲᠤᠰᠢᠶᠠᠵᠤ᠂ ᠠᠵᠢᠯ ᠤᠨ ᠬᠠᠷᠠᠭ᠎ᠠ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠵᠤ᠂ ᠬᠠᠤᠯᠢ ᠶᠣᠰᠣᠭᠠᠷ ᠪᠠᠷᠢᠯᠭ᠎ᠠ ᠶᠢᠨ ᠭᠠᠵᠠᠷ ᠤᠨ ᠠᠶᠤᠯᠲᠠᠢ ᠠᠵᠢᠯ ᠢ ᠬᠢᠵᠦ ᠪᠠᠶᠢᠭ᠎ᠠ ᠬᠥᠮᠦᠰ ᠲᠤ ᠭᠡᠨᠡᠳᠲᠡ ᠶᠢᠨ ᠭᠡᠮᠲᠦᠯ ᠤᠨ ᠳᠠᠭᠠᠳᠬᠠᠯ ᠬᠢᠵᠦ ᠥᠭᠭᠦᠨ᠎ᠡ︔    10. ᠪᠠᠷᠢᠯᠭ᠎ᠠ ᠪᠠᠷᠢᠬᠤ ᠲᠤᠬᠠᠢ ᠶᠢᠨ ᠭᠠᠵᠠᠷ ᠤᠨ ᠠᠵᠢᠯᠯᠠᠬᠤ᠂ ᠠᠮᠢᠳᠤᠷᠠᠯ ᠤᠨ ᠲᠣᠭᠤᠷᠢᠭ ᠵᠢᠴᠢ ᠠᠵᠢᠯᠯᠠᠬᠤ ᠭᠠᠵᠠᠷ ᠲᠠᠯᠠᠪᠤᠷ ᠪᠣᠯᠤᠨ ᠠᠮᠤᠷ ᠲᠦᠪᠰᠢᠨ ᠢ ᠰᠡᠷᠭᠡᠶᠢᠯᠡᠨ ᠬᠠᠮᠠᠭᠠᠯᠠᠬᠤ ᠬᠡᠷᠡᠭᠰᠡᠯ᠂ ᠮᠠᠰᠢᠨ ᠲᠥᠬᠦᠭᠡᠷᠦᠮᠵᠢ᠂ ᠪᠠᠷᠢᠯᠭ᠎ᠠ ᠪᠠᠷᠢᠬᠤ ᠮᠠᠰᠢᠨ ᠪᠠᠭᠠᠵᠢ ᠵᠢᠴᠢ ᠲᠣᠨᠤᠭ ᠨᠢ ᠬᠠᠮᠢᠶ᠎ᠠ ᠪᠦᠬᠦᠢ ᠠᠶᠤᠯ ᠦᠭᠡᠢ ᠦᠢᠯᠡᠳᠪᠦᠷᠢᠯᠡᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠪᠠᠷᠢᠮᠵᠢᠶ᠎ᠠ ᠪᠣᠯᠤᠨ ᠳᠦᠷᠢᠮ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ︔    11. ᠠᠵᠢᠯ ᠤᠨ ᠨᠥᠯᠦᠭᠡᠨ ᠤ ᠬᠥᠨᠥᠭᠡᠯ ᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠲᠠᠢ ᠪᠥᠭᠡᠳ ᠠᠵᠢᠯᠯᠠᠭᠰᠠᠳ ᠲᠤ ᠤᠯᠤᠰ ᠤᠨ ᠪᠠᠷᠢᠮᠵᠢᠶ᠎ᠠ ᠪᠤᠶᠤ ᠠᠵᠢᠯ ᠲᠥᠷᠥᠯ ᠤᠨ ᠪᠠᠷᠢᠮᠵᠢᠶ᠎ᠠ ᠳᠤ ᠨᠡᠶᠢᠴᠡᠭᠰᠡᠨ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠬᠡᠷᠡᠭᠰᠡᠯ ᠪᠣᠯᠤᠨ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠬᠤᠪᠴᠠᠰᠤ ᠲᠣᠬᠢᠷᠠᠭᠤᠯᠬᠤ ᠬᠡᠷᠡᠭᠲᠡᠢ︔    12. ᠠᠶᠤᠯ ᠲᠦᠭᠰᠢᠭᠦᠷᠢᠲᠦ ᠴᠢᠨᠠᠷ ᠢᠶᠠᠷ ᠨᠡᠯᠢᠶᠡᠳ ᠶᠡᠭᠡ ᠬᠡᠰᠡᠭ ᠪᠠᠷᠢᠯᠭ᠎ᠠ ᠶᠢᠨ ᠠᠵᠢᠯ ᠵᠢᠴᠢ ᠪᠠᠷᠢᠯᠭ᠎ᠠ ᠶᠢᠨ ᠭᠠᠵᠠᠷ ᠲᠤ ᠬᠦᠨᠳᠦ ᠶᠡᠭᠡ ᠠᠳᠡᠯ ᠠᠮᠠᠷᠬᠠᠨ ᠭᠠᠷᠳᠠᠭ ᠣᠷᠣᠨ ᠪᠠᠶᠢᠷᠢ᠂ ᠭᠤᠭᠴᠣᠭᠠᠨ ᠳᠠᠬᠢ ᠤᠷᠢᠳᠴᠢᠯᠠᠨ  ᠰᠡᠷᠭᠡᠶᠢᠯᠡᠬᠦ᠂ ᠬᠢᠨᠠᠨ ᠡᠵᠡᠮᠳᠡᠬᠦ ᠠᠷᠭ᠎ᠠ ᠬᠡᠮᠵᠢᠶ᠎ᠡ ᠪᠣᠯᠤᠨ ᠪᠠᠴᠢᠮ‌‍ᠪᠠᠶᠢᠳᠠᠯ‌ᠢ ᠠᠷᠭᠠᠴᠠᠬᠤ ᠪᠡᠯᠡᠳᠬᠡᠯ ᠲᠥᠰᠦᠯ ᠲᠠᠢ ᠪᠠᠶᠢᠬᠤ ᠬᠡᠷᠡᠭᠲᠡᠢ︔    13. ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠪᠠᠴᠢᠮ‌‍ᠪᠠᠶᠢᠳᠠᠯ‌ᠢ ᠠᠷᠭᠠᠴᠠᠵᠤ ᠠᠪᠤᠷᠠᠨ ᠲᠤᠰᠠᠯᠠᠬᠤ ᠪᠡᠯᠡᠳᠬᠡᠯ ᠲᠥᠰᠦᠯ᠂ ᠪᠠᠴᠢᠮ‌‍ᠪᠠᠶᠢᠳᠠᠯ‌ᠢ ᠠᠷᠭᠠᠴᠠᠵᠤ ᠠᠪᠤᠷᠠᠨ ᠲᠤᠰᠠᠯᠠᠬᠤ ᠵᠣᠬᠢᠶᠠᠨ ᠪᠠᠶᠢᠭᠤᠯᠤᠯᠲᠠ ᠪᠤᠶᠤ ᠪᠠᠴᠢᠮ‌‍ᠪᠠᠶᠢᠳᠠᠯ‌ᠢ ᠠᠷᠭᠠᠴᠠᠵᠤ ᠠᠪᠤᠷᠠᠨ ᠲᠤᠰᠠᠯᠠᠬᠤ ᠠᠵᠢᠯᠲᠠᠨ ᠲᠠᠢ ᠴᠢᠬᠤᠯᠠ ᠪᠦᠬᠦᠢ ᠪᠠᠴᠢᠮ‌‍ᠪᠠᠶᠢᠳᠠᠯ‌ᠢ ᠠᠷᠭᠠᠴᠠᠵᠤ ᠠᠪᠤᠷᠠᠨ ᠲᠤᠰᠠᠯᠠᠬᠤ ᠪᠠᠭᠠᠵᠢ ᠬᠡᠷᠡᠭᠰᠡᠯ᠂ ᠲᠥᠬᠦᠭᠡᠷᠦᠮᠵᠢ ᠲᠣᠬᠢᠷᠠᠭᠤᠯᠬᠤ ᠬᠡᠷᠡᠭᠲᠡᠢ︔    14. ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠨᠥᠬᠦᠴᠡᠯ᠃    ︵ᠬᠤᠶᠠᠷ︶ ᠠᠶᠤᠯ ᠥᠬᠡᠢ ᠦᠢᠯᠡᠳᠪᠦᠷᠢᠯᠡᠯ ‍ᠤᠨ‌ᠵᠥ᠋ᠪᠰᠢᠶᠡᠬᠦ ᠭᠡᠷᠡᠴᠢ ᠶᠢ ᠠᠩᠬ᠎ᠠ ᠤᠳᠠᠭ᠎ᠠ ᠭᠦᠢᠴᠡᠳᠬᠡᠬᠦ ᠳᠤ ᠲᠤᠰᠢᠶᠠᠬᠤ ᠴᠢᠬᠤᠯᠠᠲᠠᠢ ᠮᠠᠲ᠋ᠧᠷᠢᠶᠠᠯ    1. ᠪᠠᠷᠢᠯᠭ᠎ᠠ ᠶᠢᠨ ᠠᠵᠤ ᠠᠬᠤᠶᠢᠯᠠᠯ ‍ᠤᠨ‌ᠠᠶᠤᠯ ᠥᠬᠡᠢ ᠦᠢᠯᠡᠳᠪᠦᠷᠢᠯᠡᠯ ‍ᠤᠨ‌ᠵᠥ᠋ᠪᠰᠢᠶᠡᠬᠦ ᠭᠡᠷᠡᠴᠢ ᠶᠢ ᠭᠤᠶᠤᠴᠢᠯᠠᠬᠤ ᠬᠦᠰᠦᠨᠦᠭᠲᠦ︔    2. ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠡᠵᠡᠩᠨᠡᠯᠲᠡ ᠶᠢᠨ ᠦᠨᠡᠮᠯᠡᠯ᠂ ᠠᠵᠤ ᠠᠬᠤᠶᠢᠯᠠᠯ ᠤᠨ ᠬᠢᠷᠢ ᠭᠡᠮ ᠤᠨ ᠦᠨᠡᠮᠯᠡᠯ︔    3. ᠡᠯ᠎ᠡ ᠱᠠᠲᠤᠨ ᠤ ᠠᠶᠤᠯ ᠥᠬᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠪᠣᠯᠤᠨ ᠠᠶᠤᠯ ᠥᠬᠡᠢ ᠦᠢᠯᠡᠳᠪᠦᠷᠢᠯᠡᠯ ᠤᠨ ᠳᠦᠷᠢᠮ ᠲᠣᠭᠲᠠᠭᠠᠯ ᠤᠨ ᠭᠠᠷᠴᠠᠭ ᠵᠢᠴᠢ ᠪᠢᠴᠢᠭ ᠮᠠᠲ᠋ᠧᠷᠢᠶᠠᠯ᠂ ᠠᠵᠢᠯᠯᠠᠬᠤ ᠳᠦᠷᠢᠮ ᠤᠨ ᠭᠠᠷᠴᠠᠭ︔    4. ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠪᠠᠶᠢᠭᠤᠯᠬᠤ ᠪᠠ ᠠᠶᠤᠯ ᠦᠭᠡᠢ ᠦᠢᠯᠡᠳᠪᠦᠷᠢᠯᠡᠯ ᠢ ᠬᠠᠮᠢᠶᠠᠷᠬᠤ ᠲᠤᠰᠬᠠᠢ ᠠᠵᠢᠯᠲᠠᠨ ᠢ ᠲᠣᠬᠢᠷᠠᠭᠤᠯᠬᠤ ᠪᠢᠴᠢᠭ ᠮᠠᠲ᠋ᠧᠷᠢᠶᠠᠯ ︵ᠠᠵᠤ ᠠᠬᠤᠶᠢᠯᠠᠯ ᠤᠨ ᠠᠶᠤᠯ ᠦᠭᠡᠢ ᠬᠠᠮᠢᠶᠠᠷᠤᠯᠲᠠ ᠶᠢᠨ ᠪᠠᠶᠢᠭᠤᠯᠤᠮᠵᠢ ᠪᠠᠶᠢᠭᠤᠯᠬᠤ ᠪᠢᠴᠢᠭ ᠮᠠᠲ᠋ᠧᠷᠢᠶᠠᠯ᠂ ᠠᠶᠤᠯ ᠦᠭᠡᠢ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠠᠵᠢᠯ ᠤᠨ ᠲᠤᠰᠢᠶᠠᠯ ᠬᠠᠷᠢᠭᠤᠴᠠᠯᠭ᠎ᠠ᠂ ᠠᠶᠤᠯ ᠦᠭᠡᠢ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠤ ᠲᠣᠮᠢᠯᠠᠭᠰᠠᠨ ᠪᠢᠴᠢᠭ ᠮᠠᠲ᠋ᠧᠷᠢᠶᠠᠯ᠂ ᠠᠶᠤᠯ ᠦᠭᠡᠢ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠪᠦᠷᠢᠯᠳᠦᠬᠦᠨ ᠤ ᠨᠠᠷᠢᠨ ᠲᠣᠳᠣᠷᠬᠠᠢ ᠬᠦᠰᠦᠨᠦᠭᠲᠦ ᠶᠢ ᠪᠠᠭᠲᠠᠭᠠᠨ᠎ᠠ︶︔    5. ᠭᠤᠣᠯ ᠬᠠᠷᠢᠭᠤᠴᠠᠯᠭᠠᠲᠠᠨ᠂ ᠲᠥᠷᠥᠯ ᠵᠦᠢᠯ ᠤᠨ ᠬᠠᠷᠢᠭᠤᠴᠠᠯᠭᠠᠲᠠᠨ᠂ ᠲᠤᠰᠬᠠᠢ ᠲᠤᠰᠢᠶᠠᠯᠲᠤ ᠠᠶᠤᠯ ᠦᠭᠡᠢ ᠦᠢᠯᠡᠳᠪᠦᠷᠢᠯᠡᠯ ᠢ ᠬᠠᠮᠢᠶᠠᠷᠬᠤ ᠠᠵᠢᠯᠲᠠᠳ ᠤᠨ ᠠᠶᠤᠯ ᠦᠭᠡᠢ ᠦᠢᠯᠡᠳᠪᠦᠷᠢᠯᠡᠯ ᠢ ᠬᠢᠨᠠᠨ ᠰᠢᠯᠭᠠᠬᠤ ᠳᠤ ᠬᠢᠷᠢ ᠲᠡᠩᠴᠡᠭᠰᠡᠨ ᠨᠡᠷᠡᠰ ᠪᠠ ᠦᠨᠡᠮᠯᠡᠯ︔    6. ᠠᠶᠤᠯ ᠥᠬᠡᠢ ᠦᠢᠯᠡᠳᠪᠦᠷᠢᠯᠡᠯ ᠤᠨ ᠨᠥᠬᠦᠴᠡᠯ ᠳᠤ ᠬᠡᠷᠡᠭᠰᠡᠬᠦ ᠪᠡᠯᠡ ᠮᠥᠩᠭᠦ ᠶᠢᠨ ᠣᠷᠣᠭᠤᠯᠤᠯᠲᠠ ᠶᠢ ᠬᠠᠩᠭᠠᠨ᠎ᠠ︔    7. ᠦᠢᠯᠡᠳᠪᠦᠷᠢᠯᠡᠯ ᠤᠨ ᠠᠶᠤᠯ ᠦᠭᠡᠢ ᠶᠢᠨ ᠠᠳᠡᠯ ᠤᠨ ᠪᠠᠴᠢᠮ‌‍ᠪᠠᠶᠢᠳᠠᠯ‌ᠢ ᠠᠷᠭᠠᠴᠠᠬᠤ ᠠᠪᠤᠷᠠᠨ ᠲᠤᠰᠠᠯᠠᠬᠤ ᠤᠷᠢᠳᠴᠢᠯᠠᠭᠰᠠᠨ ᠲᠥᠰᠦᠯ ︵ᠠᠳᠡᠯ ᠭᠠᠷᠤᠭᠰᠠᠨ ᠤ ᠳᠠᠷᠠᠭ᠎ᠠ ᠪᠦᠲᠦᠮᠵᠢᠲᠡᠢ ᠠᠪᠤᠷᠠᠨ ᠲᠤᠰᠠᠯᠠᠬᠤ ᠵᠠᠷᠴᠢᠮ ᠢ ᠦᠨᠳᠦᠰᠦᠯᠡᠵᠦ ᠠᠪᠤᠷᠠᠨ ᠲᠤᠰᠠᠯᠠᠬᠤ ᠵᠣᠬᠢᠶᠠᠨ ᠪᠠᠶᠢᠭᠤᠯᠤᠯᠲᠠ ᠶᠢᠨ ᠠᠵᠢᠯᠲᠠᠳ ᠤᠨ ᠨᠠᠷᠢᠨ ᠲᠣᠳᠣᠷᠬᠠᠢ ᠨᠡᠷᠡᠰ᠂ ᠠᠪᠤᠷᠠᠨ ᠲᠤᠰᠠᠯᠠᠬᠤ ᠪᠠᠭᠠᠵᠢ ᠬᠡᠷᠡᠭᠰᠡᠯ᠂ ᠲᠥᠬᠦᠭᠡᠷᠦᠮᠵᠢ ᠶᠢᠨ ᠲᠣᠳᠣᠷᠬᠠᠢ ᠬᠠᠭᠤᠳᠠᠰᠤ ᠪᠣᠯᠤᠨ ᠠᠪᠤᠷᠠᠨ ᠲᠤᠰᠠᠯᠠᠬᠤ ᠰᠣᠷᠢᠯᠲᠠ ᠶᠢᠨ ᠲᠡᠮᠳᠡᠭᠯᠡᠯ ᠢ ᠵᠢᠭᠰᠠᠭᠠᠨ ᠭᠠᠷᠭᠠᠬᠤ ᠬᠡᠷᠡᠭᠲᠡᠢ︶︔    8. ᠠᠵᠤ ᠠᠬᠤᠶᠢᠯᠠᠯ ᠤᠨ ᠪᠤᠰᠤᠳ ᠠᠶᠤᠯ ᠦᠭᠡᠢ ᠦᠢᠯᠡᠳᠪᠦᠷᠢᠯᠡᠯ ᠤᠨ ᠨᠥᠬᠦᠴᠡᠯ ᠢ ᠬᠠᠩᠭᠠᠬᠤ ᠠᠮᠠᠯᠠᠯᠲᠠ ᠶᠢᠨ ᠪᠢᠴᠢᠭ ︵ᠡᠮᠦᠨᠡᠬᠢ ᠵᠤᠷᠪᠤᠰ ᠤᠨ ᠠᠶᠤᠯ ᠦᠭᠡᠢ ᠦᠢᠯᠡᠳᠪᠦᠷᠢᠯᠡᠯ ‍ᠤᠨ‌ᠨᠥ᠋ᠬᠦᠴᠡᠯ ᠤᠨ 7᠂ 8᠂ 9᠂ 10᠂ 11᠂ 12᠂ 14 ᠵᠦᠢᠯ ᠤᠨ ᠠᠭᠤᠯᠭ᠎ᠠ︶᠃    ᠳᠡᠭᠡᠷ᠎ᠡ ᠳᠤᠷᠠᠳᠤᠭᠰᠠᠨ ᠮᠠᠲ᠋ᠧᠷᠢᠶᠠᠯ ᠢ ᠠᠵᠤ ᠠᠬᠤᠶᠢᠯᠠᠯ ᠤᠨ ᠨᠢᠭᠡᠴᠡ ᠡᠴᠡ‌‍ᠰᠢᠰᠲ᠋ᠧᠮ ᠢᠶᠠᠷ ᠳᠠᠮᠵᠢᠨ ᠮᠡᠳᠡᠭᠦᠯᠦᠨ᠎ᠡ᠃    ᠬᠤᠶᠠᠷ᠂ ᠪᠠᠷᠢᠯᠭ᠎ᠠ ᠶᠢᠨ ᠠᠵᠤ ᠠᠬᠤᠶᠢᠯᠠᠯ ᠤᠨ ᠠᠶᠤᠯ ᠥᠬᠡᠢ ᠦᠢᠯᠡᠳᠪᠦᠷᠢᠯᠡᠯ ᠤᠨ ᠨᠥᠬᠦᠴᠡᠯ ᠤᠨ ᠡᠳᠦᠷ ᠳᠣᠳᠣᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠡᠢ    ᠡᠯ᠎ᠡ ᠱᠠᠲᠤᠨ ᠤ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠪᠠᠶᠢᠰᠢᠩ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠠᠷᠢᠯᠭ᠎ᠠ ᠶᠢᠨ ᠠᠶᠤᠯ ᠥᠬᠡᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠰᠢᠯᠭᠠᠨ ᠦᠨᠡᠯᠡᠬᠦ ᠠᠷᠭ᠎ᠠ︾ ︵ᠥᠪᠥᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ  ᠶᠢᠨ ᠲᠢᠩᠬᠢᠮ ﹇2015﹈149 ᠳ᠋ᠦ᠋ᠭᠡᠷ ᠲᠣᠭᠠᠲᠤ︶ ᠶᠢᠨ ᠱᠠᠭᠠᠷᠳᠠᠯᠭ᠎ᠠ ᠶᠣᠰᠣᠭᠠᠷ᠂ ᠳᠣᠣᠷᠠᠬᠢ 12 ᠵᠦᠢᠯ ᠤᠨ ᠠᠭᠤᠯᠭ᠎ᠠ ᠶᠢ ᠠᠶᠤᠯ ᠥᠬᠡᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠰᠢᠯᠭᠠᠨ ᠦᠨᠡᠯᠡᠬᠦ ᠰᠢᠰᠲ᠋ᠧᠮᠵᠢ ᠳᠤ ᠣᠷᠣᠭᠤᠯᠬᠤ ᠶᠢᠨ ᠬᠠᠮᠲᠤ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠶᠣᠰᠣᠭᠠᠷ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃    ︵ᠨᠢᠭᠡ︶ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠡᠵᠡᠩᠨᠡᠯᠲᠡ ᠶᠢᠨ ᠦᠨᠡᠮᠯᠡᠯ᠂ ᠠᠵᠤ ᠠᠬᠤᠶᠢᠯᠠᠯ ᠤᠨ ᠬᠢᠷᠢ ᠭᠡᠮ ᠤᠨ ᠦᠨᠡᠮᠯᠡᠯ︔    ︵ᠬᠤᠶᠠᠷ︶ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠵᠡᠷᠭᠡ ᠳᠦᠷᠢᠮ ᠢ ᠪᠠᠲᠤᠯᠠᠬᠤ ᠠᠷᠭ᠎ᠠ ᠬᠡᠮᠵᠢᠶ᠎ᠡ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ︔    ︵ᠭᠤᠷᠪᠠ︶ ᠠᠶᠤᠯ ᠥᠬᠡᠢ ᠦᠢᠯᠡᠳᠪᠦᠷᠢᠯᠡᠯ ᠤᠨ ᠣᠷᠣᠭᠤᠯᠤᠯᠲᠠ ᠶᠢ ᠪᠠᠲᠤᠯᠠᠬᠤ ᠳᠤ ᠬᠡᠷᠡᠭᠰᠡᠬᠦ ᠪᠡᠯᠡ ᠮᠥᠩᠭᠦ ᠪᠣᠯᠤᠨ ᠣᠷᠣᠭᠤᠯᠤᠯᠲᠠ ᠶᠢ ᠬᠠᠩᠭᠠᠬᠤ ᠬᠡᠷᠡᠭᠲᠡᠢ︔    ︵ᠳᠥᠷᠪᠡ︶ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠪᠠ ᠲᠥᠷᠥᠯ ᠵᠦᠢᠯ ᠤᠨ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠬᠡᠷᠡᠭᠴᠡᠭᠡ ᠶᠢ ᠪᠠᠲᠤᠯᠠᠬᠤ ᠲᠤᠬᠠᠢ ᠪᠠᠶᠢᠭᠤᠯᠤᠭᠰᠠᠨ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠪᠠ ᠲᠣᠬᠢᠷᠠᠭᠤᠯᠤᠭᠰᠠᠨ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ︔    ︵ᠲᠠᠪᠤ︶ ᠣᠨᠴᠠ ᠲᠥᠷᠥᠯ ᠤᠨ ᠠᠵᠢᠯ ᠬᠢᠭᠰᠡᠳ ᠢ ᠬᠤᠯᠪᠣᠭᠳᠠᠯ ᠪᠦᠬᠦᠢ ᠰᠠᠯᠠᠭ᠎ᠠ ᠮᠥᠴᠢᠷ ᠢᠶᠠᠷ ᠬᠢᠨᠠᠨ ᠰᠢᠯᠭᠠᠭᠤᠯᠤᠭᠠᠳ ᠬᠢᠷᠢ ᠲᠡᠩᠴᠡᠵᠦ᠂ ᠣᠨᠴᠠ ᠲᠥᠷᠥᠯ ᠤᠨ ᠠᠵᠢᠯ ᠬᠢᠬᠦ ᠦᠨᠡᠮᠯᠡᠯ ᠣᠯᠬᠤ ᠬᠡᠷᠡᠭᠲᠡᠢ︔    ︵ᠵᠢᠷᠭᠤᠭ᠎ᠠ︶ ᠠᠵᠤ ᠠᠬᠤᠶᠢᠯᠠᠯ ᠤᠨ ᠬᠠᠮᠢᠶᠠᠷᠤᠯᠲᠠ ᠶᠢᠨ ᠠᠵᠢᠯᠲᠠᠨ ᠪᠠ ᠲᠥᠷᠥᠯ ᠵᠦᠢᠯ ᠤᠨ ᠬᠠᠮᠢᠶᠠᠷᠤᠯᠲᠠ ᠶᠢᠨ ᠠᠵᠢᠯᠲᠠᠨ ᠤ ᠣᠨ ᠤ ᠠᠮᠤᠷ ᠲᠦᠪᠰᠢᠨ ᠤ ᠪᠣᠯᠪᠠᠰᠣᠷᠠᠭᠤᠯᠤᠯ ᠤᠨ ᠬᠥᠮᠦᠵᠢᠯ ᠤᠨ ᠬᠢᠨᠠᠨ ᠰᠢᠯᠭᠠᠬᠤ ᠮᠠᠲ᠋ᠧᠷᠢᠶᠠᠯ︔    ︵ᠳᠣᠯᠤᠭ᠎ᠠ︶ ᠬᠠᠤᠯᠢ ᠶᠣᠰᠣᠭᠠᠷ ᠠᠵᠢᠯᠯᠠᠭᠰᠠᠳ ᠲᠤ ᠳᠠᠭᠠᠳᠬᠠᠯ ᠤᠨ ᠰᠦᠢᠳᠬᠡᠯ ᠲᠤᠰᠢᠶᠠᠵᠤ᠂ ᠠᠵᠢᠯ ᠤᠨ ᠬᠠᠷᠠᠭ᠎ᠠ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠵᠤ᠂ ᠬᠠᠤᠯᠢ ᠶᠣᠰᠣᠭᠠᠷ ᠪᠠᠷᠢᠯᠭ᠎ᠠ ᠶᠢᠨ ᠭᠠᠵᠠᠷ ᠤᠨ ᠠᠶᠤᠯᠲᠠᠢ ᠠᠵᠢᠯ ᠢ ᠬᠢᠵᠦ ᠪᠠᠶᠢᠭ᠎ᠠ ᠬᠥᠮᠦᠰ ᠲᠤ ᠭᠡᠨᠡᠳᠲᠡ ᠶᠢᠨ ᠭᠡᠮᠲᠦᠯ ᠤᠨ ᠳᠠᠭᠠᠳᠬᠠᠯ ᠬᠢᠵᠦ ᠥᠭᠭᠦᠨ᠎ᠡ︔    ︵ᠨᠠᠢᠮᠠ︶ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠪᠠᠶᠢᠭᠤᠯᠤᠭᠰᠠᠨ ᠲᠦᠷ ᠴᠠᠭ ᠤᠨ ᠲᠥᠬᠦᠭᠡᠷᠦᠮᠵᠢ᠂ ᠪᠠᠷᠢᠯᠭ᠎ᠠ ᠶᠢᠨ ᠠᠵᠢᠯ ᠤᠨ ᠳᠤᠮᠳᠠ ᠬᠡᠷᠡᠭᠯᠡᠬᠦ ᠮᠧᠬᠠᠨᠢᠭ ᠲᠥᠬᠦᠭᠡᠷᠦᠮᠵᠢ᠂ ᠪᠣᠯᠪᠠᠰᠤᠷᠠᠭᠤᠯᠬᠤ ᠪᠠᠭᠠᠵᠢ ᠬᠡᠷᠡᠭᠰᠡᠯ᠂ ᠠᠶᠤᠯ ᠦᠭᠡᠢ ᠶᠢ ᠰᠡᠷᠭᠡᠶᠢᠯᠡᠨ ᠬᠠᠮᠠᠭᠠᠯᠠᠬᠤ ᠲᠥᠬᠦᠭᠡᠷᠦᠮᠵᠢ ᠵᠡᠷᠭᠡ ᠨᠢ ᠬᠤᠯᠪᠣᠭᠳᠠᠯ ᠪᠦᠬᠦᠢ ᠲᠣᠭᠲᠠᠭᠠᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ︔    ︵ᠶᠢᠰᠦ︶ ᠠᠵᠤ ᠠᠬᠤᠢ ᠶᠢᠨ ᠨᠢᠭᠡᠴᠡ ᠶᠢᠨ ᠲᠤᠬᠠᠶᠢᠯᠠᠭᠰᠠᠨ ᠠᠵᠢᠯ ᠤᠨ ᠣᠨᠴᠠᠯᠢᠭ ᠲᠤ ᠴᠢᠭᠯᠡᠭᠦᠯᠦᠨ ᠪᠣᠯᠵᠣᠰᠢ ᠦᠭᠡᠢ ᠠᠵᠢᠯ ᠤᠨ ᠨᠥᠯᠦᠭᠡᠨ ᠤ ᠡᠪᠡᠳᠴᠢᠨ ᠤ ᠲᠥᠷᠥᠯ ᠵᠦᠢᠯ ᠢ ᠤᠷᠢᠳᠴᠢᠯᠠᠨ ᠰᠡᠷᠭᠡᠶᠢᠯᠡᠬᠦ ᠵᠣᠬᠢᠴᠠᠩᠭᠤᠢ ᠠᠷᠭ᠎ᠠ ᠬᠡᠮᠵᠢᠶ᠎ᠡ ᠪᠠ ᠵᠣᠬᠢᠴᠠᠩᠭᠤᠢ ᠬᠠᠮᠠᠭᠠᠯᠠᠯᠲᠠ ᠶᠢᠨ ᠪᠠᠭᠠᠵᠢ ᠬᠡᠷᠡᠭᠰᠡᠯ ᠪᠠ ᠬᠠᠮᠠᠭᠠᠯᠠᠯᠲᠠ ᠶᠢᠨ ᠬᠤᠪᠴᠠᠰᠤ ᠲᠣᠬᠢᠷᠠᠭᠤᠯᠬᠤ ᠬᠡᠷᠡᠭᠲᠡᠢ︔    ︵ᠠᠷᠪᠠ︶ ᠠᠶᠤᠯ ᠲᠦᠭᠰᠢᠭᠦᠷᠢᠲᠦ ᠴᠢᠨᠠᠷ ᠢᠶᠠᠷ ᠨᠡᠯᠢᠶᠡᠳ ᠶᠡᠭᠡ ᠬᠡᠰᠡᠭ ᠪᠠᠷᠢᠯᠭ᠎ᠠ ᠶᠢᠨ ᠠᠵᠢᠯ ᠵᠢᠴᠢ ᠪᠠᠷᠢᠯᠭ᠎ᠠ ᠶᠢᠨ ᠭᠠᠵᠠᠷ ᠲᠤ ᠬᠦᠨᠳᠦ ᠶᠡᠭᠡ ᠠᠳᠡᠯ ᠠᠮᠠᠷᠬᠠᠨ ᠭᠠᠷᠳᠠᠭ ᠣᠷᠣᠨ ᠪᠠᠶᠢᠷᠢ᠂ ᠭᠤᠭᠴᠣᠭᠠᠨ ᠳᠠᠬᠢ ᠤᠷᠢᠳᠴᠢᠯᠠᠨ ᠰᠡᠷᠭᠡᠶᠢᠯᠡᠬᠦ᠂ ᠬᠢᠨᠠᠨ ᠡᠵᠡᠮᠳᠡᠬᠦ ᠠᠷᠭ᠎ᠠ ᠬᠡᠮᠵᠢᠶ᠎ᠡ ᠪᠣᠯᠤᠨ ᠪᠠᠴᠢᠮ‌‍ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠲᠠᠢ ᠪᠠᠶᠢᠬᠤ ᠬᠡᠷᠡᠭᠲᠡᠢ︔    ︵ᠠᠷᠪᠠᠨ ᠨᠢᠭᠡ︶ ᠭᠠᠷᠴᠤ ᠮᠡᠳᠡᠬᠦ ᠦᠢᠯᠡᠳᠪᠦᠷᠢᠯᠡᠯ ᠤᠨ ᠠᠶᠤᠯ ᠦᠭᠡᠢ ᠶᠢᠨ ᠠᠳᠡᠯ ‍ᠤᠨ‌‍ᠪᠠᠴᠢᠮ‌‍ᠪᠠᠶᠢᠳᠠᠯ‌ᠢ ᠠᠷᠭᠠᠴᠠᠵᠤ ᠠᠪᠤᠷᠠᠨ ᠲᠤᠰᠠᠯᠠᠬᠤ ᠪᠡᠯᠡᠳᠬᠡᠯ ᠲᠥᠰᠦᠯ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠳᠤ ᠠᠪᠤᠭᠰᠠᠨ ᠠᠷᠭ᠎ᠠ ᠬᠡᠮᠵᠢᠶ᠎ᠡ ᠵᠢᠴᠢ ᠲᠣᠬᠢᠷᠠᠭᠤᠯᠬᠤ ᠶᠣᠰᠣᠲᠠᠢ ᠠᠪᠤᠷᠠᠨ ᠲᠤᠰᠠᠯᠠᠬᠤ ᠪᠠᠭᠠᠵᠢ ᠬᠡᠷᠡᠭᠰᠡᠯ ᠪᠠ ᠲᠣᠨᠤᠭ ᠲᠥᠬᠦᠭᠡᠷᠦᠮᠵᠢ ᠶᠢ ᠲᠣᠬᠢᠷᠠᠭᠤᠯᠬᠤ ᠬᠡᠷᠡᠭᠲᠡᠢ︔    ︵ᠠᠷᠪᠠᠨ ᠬᠤᠶᠠᠷ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠠᠵᠤ ᠠᠬᠤᠶᠢᠯᠠᠯ ᠤᠨ ᠨᠥᠬᠦᠴᠡᠯ᠃    ᠭᠤᠷᠪᠠ᠂ ᠠᠶᠤᠯ ᠥᠬᠡᠢ ᠦᠢᠯᠡᠳᠪᠦᠷᠢᠯᠡᠯ ‍ᠤᠨ‌ᠵᠥ᠋ᠪᠰᠢᠶᠡᠬᠦ ᠭᠡᠷᠡᠴᠢ ᠶᠢ ᠬᠤᠶᠢᠰᠢᠯᠠᠭᠤᠯᠤᠨ ᠭᠦᠢᠴᠡᠳᠬᠡᠬᠦ ᠨᠥᠬᠦᠴᠡᠯ ᠢ ᠰᠢᠯᠢᠳᠡᠭᠵᠢᠭᠦᠯᠦᠨ᠎ᠡ    ᠡᠯ᠎ᠡ ᠱᠠᠲᠤᠨ ᠤ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠳ ︽ᠮᠠᠨ ᠤ ᠣᠷᠣᠨ ᠤ ᠪᠠᠷᠢᠯᠭ᠎ᠠ ᠶᠢᠨ ᠠᠵᠤ ᠠᠬᠤᠶᠢᠯᠠᠯ ᠤᠨ ᠠᠶᠤᠯ ᠥᠬᠡᠢ ᠦᠢᠯᠡᠳᠪᠦᠷᠢᠯᠡᠯ ‍ᠤᠨ‌ᠵᠥ᠋ᠪᠰᠢᠶᠡᠬᠦ ᠭᠡᠷᠡᠴᠢ ᠶᠢ ᠬᠢᠨᠠᠨ ᠣᠯᠭᠤᠬᠤ ᠳᠤ ᠬᠤᠯᠪᠣᠭᠳᠠᠬᠤ ᠠᠰᠠᠭᠤᠳᠠᠯ ᠤᠨ ᠲᠤᠬᠠᠢ ᠮᠡᠳᠡᠭᠳᠡᠯ︾  ︵ ᠥᠪᠥᠷ ᠮᠣᠩᠭᠤᠯ ᠤᠨ ᠥᠪᠡᠷᠳᠡᠭᠡᠨ  ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ﹇2015﹈ 229 ᠳ᠋ᠦᠭᠡᠷ ᠲᠣᠭᠠᠲᠤ  ︶ ᠪᠠ  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠪᠠᠶᠢᠰᠢᠩ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠠᠷᠢᠯᠭ᠎ᠠ ᠶᠢᠨ ᠠᠶᠤᠯ ᠥᠬᠡᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠰᠢᠯᠭᠠᠨ ᠦᠨᠡᠯᠡᠬᠦ ᠠᠷᠭ᠎ᠠ︾ ︵ᠥᠪᠥᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ﹇2015﹈149 ᠳ᠋ᠦ᠋ᠭᠡᠷ ᠲᠣᠭᠠᠲᠤ︶ ᠶᠢᠨ ᠱᠠᠭᠠᠷᠳᠠᠯᠭ᠎ᠠ ᠶᠣᠰᠣᠭᠠᠷ᠂ ᠠᠶᠤᠯ ᠥᠬᠡᠢ ᠦᠢᠯᠡᠳᠪᠦᠷᠢᠯᠡᠯ ‍ᠤᠨ‌ᠵᠥ᠋ᠪᠰᠢᠶᠡᠬᠦ ᠭᠡᠷᠡᠴᠢ ᠶᠢ ᠬᠤᠶᠢᠰᠢᠯᠠᠭᠤᠯᠤᠨ ᠭᠦᠢᠴᠡᠳᠬᠡᠬᠦ ᠠᠵᠢᠯ ᠤᠨ ᠠᠩᠬ᠎ᠠ ᠬᠢᠨᠠᠨ ᠬᠠᠷᠭᠤᠭᠤᠯᠬᠤ ᠶᠢ ᠰᠠᠢᠲᠤᠷ ᠬᠢᠬᠦ ᠬᠡᠷᠡᠭᠲᠡᠢ᠃    ︵ᠨᠢᠭᠡ︶ ᠪᠠᠷᠢᠯᠭ᠎ᠠ ᠪᠠᠷᠢᠬᠤ ᠠᠵᠤ ᠠᠬᠤᠶᠢᠯᠠᠯ ᠠᠴᠠ ᠠᠶᠤᠯ ᠥᠬᠡᠢ ᠦᠢᠯᠡᠳᠪᠦᠷᠢᠯᠡᠯ ‍ᠤᠨ‌ᠵᠥ᠋ᠪᠰᠢᠶᠡᠬᠦ ᠭᠡᠷᠡᠴᠢ ᠶᠢᠨ ᠬᠦᠴᠦᠨ ᠲᠠᠢ ᠬᠤᠭᠤᠴᠠᠭᠠᠨ ᠳᠣᠲᠣᠷ᠎ᠠ ᠬᠤᠯᠪᠣᠭᠳᠠᠯ ᠪᠦᠬᠦᠢ ᠠᠶᠤᠯ ᠦᠭᠡᠢ ᠦᠢᠯᠡᠳᠪᠦᠷᠢᠯᠡᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠳᠦᠷᠢᠮ ᠲᠣᠭᠲᠠᠭᠠᠯ ᠢ ᠴᠢᠩᠭ᠎ᠠ ᠵᠢᠷᠤᠮᠯᠠᠨ ᠰᠠᠬᠢᠵᠤ᠂ ᠦᠬᠦᠭᠰᠡᠨ ᠠᠳᠡᠯ ᠭᠠᠷᠤᠭᠰᠠᠨ ᠦᠭᠡᠢ ᠪᠠᠶᠢᠪᠠᠯ ︽ᠮᠠᠨ ᠤ ᠣᠷᠣᠨ ᠤ ᠪᠠᠷᠢᠯᠭ᠎ᠠ ᠶᠢᠨ ᠠᠵᠤ ᠠᠬᠤᠶᠢᠯᠠᠯ ᠤᠨ ᠠᠶᠤᠯ ᠥᠬᠡᠢ ᠦᠢᠯᠡᠳᠪᠦᠷᠢᠯᠡᠯ ‍ᠤᠨ‌ᠵᠥ᠋ᠪᠰᠢᠶᠡᠬᠦ ᠭᠡᠷᠡᠴᠢ ᠶᠢ ᠬᠢᠨᠠᠨ ᠣᠯᠭᠤᠬᠤ ᠳᠤ ᠬᠤᠯᠪᠣᠭᠳᠠᠬᠤ ᠠᠰᠠᠭᠤᠳᠠᠯ ᠤᠨ ᠲᠤᠬᠠᠢ ᠮᠡᠳᠡᠭᠳᠡᠯ︾  ︵ ᠥᠪᠥᠷ ᠮᠣᠩᠭᠤᠯ ᠤᠨ ᠥᠪᠡᠷᠳᠡᠭᠡᠨ  ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ﹇2015﹈ 229 ᠳ᠋ᠦᠭᠡᠷ ᠲᠣᠭᠠᠲᠤ  ︶ ᠤᠨ ᠳᠥᠷᠪᠡᠳᠦᠭᠡᠷ ᠵᠦᠢᠯ ᠤᠨ ᠱᠠᠭᠠᠷᠳᠠᠯᠭ᠎ᠠ ᠶᠢ  ᠦᠨᠳᠦᠰᠦᠯᠡᠨ᠂ ᠬᠤᠭᠤᠴᠠᠭ᠎ᠠ ᠲᠤᠯᠬᠤ ᠠᠴᠠ ᠡᠮᠦᠨ᠎ᠡ 3 ᠰᠠᠷ᠎ᠠ ᠶᠢᠨ ᠳᠣᠲᠣᠷ᠎ᠠ᠂ ᠠᠵᠤ ᠦᠢᠯᠡᠳᠪᠦᠷᠢ ᠬᠤᠳᠠᠯᠳᠤᠭᠠᠨ ᠤ ᠳᠠᠩᠰᠠᠯᠠᠭᠤᠯᠤᠭᠰᠠᠨ ᠭᠠᠵᠠᠷ ᠤᠨ ᠠᠶᠢᠮᠠᠭ ᠬᠤᠲᠠ ᠶᠢᠨ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ‌‍ᠶᠢᠨ ᠰᠠᠯᠠᠭ᠎ᠠ ᠮᠥᠴᠢᠷ ᠲᠤ ᠬᠤᠶᠢᠰᠢᠯᠠᠭᠤᠯᠬᠤ ᠭᠠᠷᠳᠠᠮ ᠭᠦᠢᠴᠡᠳᠬᠡᠬᠦ ᠪᠠᠷ ᠭᠤᠶᠤᠴᠢᠯᠠᠬᠤ ᠬᠡᠷᠡᠭᠲᠡᠢ᠃    ︵ᠬᠤᠶᠠᠷ︶ ᠳᠠᠬᠢᠵᠤ ᠬᠤᠶᠢᠰᠢᠯᠠᠭᠤᠯᠤᠨ ᠬᠢᠨᠠᠨ ᠪᠠᠶᠢᠴᠠᠭᠠᠬᠤ ᠴᠢᠬᠤᠯᠠ ᠲᠠᠢ ᠪᠠᠷᠢᠯᠭ᠎ᠠ ᠪᠠᠷᠢᠬᠤ ᠠᠵᠤ ᠠᠬᠤᠶᠢᠯᠠᠯ ᠨᠢ ᠠᠶᠢᠮᠠᠭ‌ᠬᠤᠲᠠ ᠶᠢᠨ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠲᠤ ᠠᠶᠤᠯ ᠥᠬᠡᠢ ᠦᠢᠯᠡᠳᠪᠦᠷᠢᠯᠡᠯ ᠤᠨ ᠨᠥᠬᠦᠴᠡᠯ ᠢ ᠬᠢᠨᠠᠨ ᠪᠠᠶᠢᠴᠠᠭᠠᠯᠭᠠᠬᠤ ᠪᠠᠷ ᠭᠤᠶᠤᠴᠢᠯᠠᠯ ᠳᠡᠪᠰᠢᠭᠦᠯᠬᠦ ᠬᠡᠷᠡᠭᠲᠡᠢ᠃ ᠠᠩᠬ᠎ᠠ ᠤᠳᠠᠭ᠎ᠠ ᠭᠤᠶᠤᠴᠢᠯᠠᠭᠰᠠᠨ ᠱᠠᠭᠠᠷᠳᠠᠯᠭ᠎ᠠ ᠶᠣᠰᠣᠭᠠᠷ ᠬᠠᠮᠢᠶ᠎ᠠ ᠪᠦᠬᠦᠢ ᠮᠠᠲ᠋ᠧᠷᠢᠶᠠᠯ ᠢ ᠬᠠᠩᠭᠠᠵᠤ᠂ ᠠᠶᠤᠯ ᠥᠬᠡᠢ ᠦᠢᠯᠡᠳᠪᠦᠷᠢᠯᠡᠯ ‍ᠤᠨ‌ᠵᠥ᠋ᠪᠰᠢᠶᠡᠬᠦ ᠭᠡᠷᠡᠴᠢ ᠶᠢ ᠬᠤᠶᠢᠰᠢᠯᠠᠭᠤᠯᠬᠤ ᠬᠡᠷᠡᠭᠲᠡᠢ᠃ ᠠᠶᠢᠮᠠᠭ ᠬᠤᠲᠠ ᠶᠢᠨ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠠᠴᠠ ᠮᠥᠴᠢᠷ ᠠᠯᠪᠠᠨ ᠪᠢᠴᠢᠭ ᠶᠠᠪᠤᠭᠤᠯᠬᠤ ᠳᠠᠭᠠᠨ ᠬᠢᠨᠠᠨ ᠪᠠᠶᠢᠴᠠᠭᠠᠭᠰᠠᠨ ᠪᠠᠶᠢᠳᠠᠯ ᠢᠶᠠᠨ ᠲᠣᠳᠣᠷᠬᠠᠢᠯᠠᠬᠤ ᠬᠡᠷᠡᠭᠲᠡᠢ᠃  ᠳᠥᠷᠪᠡ᠂  ᠪᠠᠷᠢᠯᠭ᠎ᠠ ᠶᠢᠨ ᠠᠵᠤ ᠠᠬᠤᠶᠢᠯᠠᠯ ᠤᠨ ᠠᠶᠤᠯ ᠥᠬᠡᠢ ᠦᠢᠯᠡᠳᠪᠦᠷᠢᠯᠡᠯ ᠤᠨ ᠠᠵᠢᠯ ᠤᠨ ᠳᠣᠮᠳᠠᠬᠢ ᠪᠠ  ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠎ᠠ    ︽ᠪᠠᠷᠢᠯᠭ᠎ᠠ ᠶᠢᠨ ᠠᠵᠤ ᠠᠬᠤᠶᠢᠯᠠᠯ ‍ᠤᠨ‌ᠠᠶᠤᠯ ᠥᠬᠡᠢ ᠦᠢᠯᠡᠳᠪᠦᠷᠢᠯᠡᠯ ‍ᠤᠨ‌ᠵᠥ᠋ᠪᠰᠢᠶᠡᠬᠦ ᠭᠡᠷᠡᠴᠢ ᠶᠢᠨ ᠬᠥᠳᠡᠯᠦᠩᠭᠦᠢ ᠬᠢᠨᠠᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾᠂ ︽ᠪᠠᠷᠢᠯᠭ᠎ᠠ ᠶᠢᠨ ᠶᠠᠰᠤ ᠴᠢᠨᠠᠷ ᠤᠨ ᠠᠶᠤᠯ ᠦᠭᠡᠢ ᠬᠠᠮᠢᠶᠠᠷᠤᠯᠲᠠ ᠶᠢᠨ ᠡᠵᠡᠮᠰᠢᠯ ᠤᠨ ᠳᠦᠷᠢᠮ︾᠂ ︽ᠭᠡᠷ ᠪᠠᠶᠢᠰᠢᠩ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠪᠠᠷᠢᠯᠭ᠎ᠠ ᠶᠢᠨ ᠠᠶᠤᠯᠲᠤ ᠴᠢᠨᠠᠷ ᠢᠶᠠᠷ ᠨᠡᠯᠢᠶᠡᠳ ᠶᠡᠭᠡ ᠬᠡᠰᠡᠭ ᠪᠠᠷᠢᠯᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠪᠠᠶᠢᠰᠢᠩ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠠᠷᠢᠯᠭ᠎ᠠ ᠶᠢᠨ ᠠᠶᠤᠯ ᠥᠬᠡᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠰᠢᠯᠭᠠᠨ ᠦᠨᠡᠯᠡᠬᠦ ᠠᠷᠭ᠎ᠠ︾  ᠶᠢᠨ ᠱᠠᠭᠠᠷᠳᠠᠯᠭ᠎ᠠ ᠶᠣᠰᠣᠭᠠᠷ᠂ ᠡᠯ᠎ᠡ ᠱᠠᠲᠤᠨ ᠤ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ‌‍ᠶᠢᠨ ᠰᠠᠯᠠᠭ᠎ᠠ ᠮᠥᠴᠢᠷ ᠤᠳ ᠪᠠᠷᠢᠯᠭ᠎ᠠ ᠶᠢᠨ ᠠᠵᠤ ᠠᠬᠤᠶᠢᠯᠠᠯ ᠤᠨ ᠠᠶᠤᠯ ᠥᠬᠡᠢ ᠦᠢᠯᠡᠳᠪᠦᠷᠢᠯᠡᠯ ᠤᠨ ᠠᠵᠢᠯ ᠤᠨ ᠳᠤᠮᠳᠠᠬᠢ ᠪᠠ ᠠᠵᠢᠯ  ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠠᠵᠢᠯ ᠢᠶᠠᠨ ᠴᠢᠩᠭᠠᠳᠬᠠᠵᠤ᠂  ᠪᠠᠷᠢᠯᠭ᠎ᠠ ᠶᠢᠨ ᠠᠵᠤ ᠠᠬᠤᠶᠢᠯᠠᠯ ᠤᠨ ᠠᠶᠤᠯ ᠥᠬᠡᠢ ᠦᠢᠯᠡᠳᠪᠦᠷᠢᠯᠡᠯ ᠤᠨ ᠨᠥᠬᠦᠴᠡᠯ ᠢᠶᠠᠨ ᠬᠡᠪ ᠢᠶᠠᠷ ᠪᠠᠶᠢᠯᠭᠠᠬᠤ ᠪᠠ ᠰᠠᠶᠢᠵᠢᠷᠠᠭᠤᠯᠬᠤ ᠶᠢ ᠠᠬᠢᠭᠤᠯᠵᠤ᠂ ᠠᠵᠤ ᠠᠬᠤᠶᠢᠯᠠᠯ ᠤᠨ ᠠᠶᠤᠯ ᠥᠬᠡᠢ ᠦᠢᠯᠡᠳᠪᠦᠷᠢᠯᠡᠯ ᠢ ᠬᠠᠮᠢᠶᠠᠷᠬᠤ ᠠᠵᠢᠯᠲᠠᠨ ᠤ ᠲᠣᠬᠢᠷᠠᠭᠤᠯᠤᠯᠲᠠ ᠪᠤᠯᠤᠨ ᠬᠠᠮᠢᠶᠠᠷᠤᠯᠲᠠ ᠶᠢ  ᠵᠢᠷᠤᠮᠵᠢᠭᠤᠯᠵᠤ᠂ ᠪᠠᠶᠢᠭᠤᠯᠵᠤ ᠪᠠᠶᠢᠭ᠎ᠠ ᠵᠦᠢᠯᠡᠰ ᠤᠨ ᠠᠶᠤᠯ ᠥᠬᠡᠢ ᠦᠢᠯᠡᠳᠪᠦᠷᠢᠯᠡᠯ ᠤᠨ ᠪᠠᠷᠢᠮᠵᠢᠶᠠᠵᠢᠯᠲᠠ ᠶᠢᠨ ᠬᠢᠨᠠᠯᠲᠠ  ᠪᠠᠶᠢᠴᠠᠭᠠᠯᠲᠠ ᠶᠢᠨ ᠠᠵᠢᠯ ᠢ ᠰᠠᠢᠲᠤᠷ ᠬᠢᠬᠦ ᠬᠡᠷᠡᠭᠲᠡᠢ᠃ ᠡᠷᠭᠦᠭᠦᠯ ᠮᠠᠰᠢᠨ᠂ ᠥᠨᠳᠥᠷ ᠲᠤᠯᠭᠠᠭᠤᠷᠢᠯᠠᠬᠤ ᠵᠠᠭᠪᠤᠷ᠂ ᠭᠦᠨ ᠰᠠᠭᠤᠷᠢ ᠨᠦᠬᠡ ᠵᠡᠷᠭᠡ ᠠᠶᠤᠯ ᠲᠠᠢ ᠴᠢᠨᠠᠷ ᠢᠶᠠᠷ ᠨᠡᠯᠢᠶᠡᠳ ᠶᠡᠭᠡ ᠬᠡᠰᠡᠭ ᠵᠠᠷᠢᠮ ᠲᠥᠷᠥᠯ ᠵᠦᠢᠯ ᠤᠨ ᠪᠠᠷᠢᠯᠭ᠎ᠠ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠲᠣᠪᠣᠶᠢᠯᠭᠠᠨ᠂ ᠪᠠᠷᠢᠯᠭ᠎ᠠ ᠶᠢᠨ ᠲᠤᠬᠠᠢ ᠶᠢᠨ ᠲᠠᠯᠠᠪᠠᠢ ᠶᠢᠨ ᠬᠡᠪᠰᠢᠭᠰᠡᠨ ᠠᠮᠤᠷ ᠲᠦᠪᠰᠢᠨ ᠤ ᠭᠡᠮ ᠰᠣᠭᠤᠭ ᠢ ᠪᠠᠶᠢᠴᠠᠭᠠᠬᠤ ᠬᠠᠷᠢᠭᠤᠴᠠᠯᠭ᠎ᠠ ᠶᠢ ᠰᠢᠮᠳᠠᠭᠤᠯᠤᠨ ᠨᠠᠶᠢᠳᠠᠪᠤᠷᠢᠵᠢᠭᠤᠯᠤᠨ᠎ᠠ᠃ ᠠᠳᠡᠯ ᠤᠨ ᠬᠠᠷᠢᠭᠤᠴᠠᠯᠭᠠᠲᠤ ᠠᠵᠤ  ᠠᠬᠤᠶᠢᠯᠠᠯ ᠪᠣᠯᠤᠨ ᠬᠠᠷᠢᠭᠤᠴᠠᠯᠭᠠᠲᠠᠨ ᠢ ᠬᠠᠤᠯᠢ ᠲᠣᠭᠲᠠᠭᠠᠯ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠨᠠᠷᠢᠯᠢᠭ ᠣᠨᠣᠪᠴᠢᠲᠠᠢ ᠪᠠᠷ ᠬᠠᠤᠯᠢ ᠬᠡᠷᠡᠭᠵᠢᠭᠦᠯᠬᠦ ᠶᠢ ᠴᠢᠬᠤᠯᠠᠴᠢᠯᠠᠵᠤ᠂ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠭ᠎ᠠ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠠᠪᠴᠤ ᠴᠠᠭ ᠲᠤᠬᠠᠢ ᠳᠤᠨᠢ ᠬᠢᠨᠠᠯᠲᠠ ᠲᠠᠪᠢᠵᠤ᠂ ᠲᠥᠷᠥᠯ ᠵᠦᠢᠯ ᠤᠨ ᠠᠵᠤ ᠠᠬᠤᠶᠢᠯᠠᠯ ᠤᠨ ᠥᠪᠡᠷ ᠢᠶᠠᠨ ᠪᠠᠶᠢᠴᠠᠭᠠᠵᠤ᠂ ᠵᠠᠰᠠᠨ ᠥᠭᠡᠷᠡᠴᠢᠯᠡᠬᠦ ᠠᠵᠢᠯ ᠳᠤ ᠬᠢᠨᠠᠯᠲᠠ‌‍ᠲ᠋ᠠᠯᠪᠢᠨ᠎ᠠ᠃ ᠡᠯ᠎ᠡ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠨ ᠬᠢᠨ ᠠᠵᠢᠯ ᠤᠨ ᠳᠣᠮᠳᠠᠬᠢ ᠪᠠ ᠳᠠᠷᠠᠭᠠᠬᠢ ᠪᠠᠢᠴᠠᠭᠠᠯᠲᠠ ᠬᠢᠬᠦ  ᠵᠢᠴᠢ ᠲᠣᠭᠤᠷᠢᠨ  ᠪᠠᠶᠢᠴᠠᠭᠠᠬᠤ ᠶᠠᠪᠤᠴᠠ ᠳᠤ ᠠᠵᠤ ᠠᠬᠤᠶᠢᠯᠠᠯ ᠤᠨ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠪᠤᠶᠤ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠠᠴᠠ ᠵᠠᠶᠢᠯᠠᠨ ᠳᠤᠲᠠᠭᠠᠭᠰᠠᠨ᠂ ︽ᠪᠠᠷᠢᠯᠭ᠎ᠠ ᠶᠢᠨ ᠠᠵᠤ ᠠᠬᠤᠶᠢᠯᠠᠯ ‍ᠤᠨ‌ᠠᠶᠤᠯ ᠥᠬᠡᠢ ᠦᠢᠯᠡᠳᠪᠦᠷᠢᠯᠡᠯ ᠤᠨ ᠵᠥᠪᠰᠢᠶᠡᠬᠦ ᠭᠡᠷᠡᠴᠢ ᠶᠢᠨ ᠬᠠᠮᠢᠶᠠᠷᠤᠯᠲᠠ ᠶᠢᠨ ᠲᠣᠭᠲᠠᠭᠠᠯ︾  ︵ᠪᠦᠲᠦᠭᠡᠨ ᠪᠠᠶᠢᠭᠤᠯᠤᠯᠲᠠ ᠶᠢᠨ ᠶᠠᠮᠤᠨ ᠤ 128 ᠳ᠋ᠤᠭᠠᠷ ᠲᠣᠭᠠᠲᠤ ᠵᠠᠷᠯᠢᠭ︶ ᠢ ᠵᠥᠷᠢᠴᠡᠭᠰᠡᠨ‌ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠮᠠᠨ ᠤ ᠲᠢᠩᠬᠢᠮ ᠠᠴᠠ ᠬᠠᠮᠢᠶ᠎ᠠ ᠪᠥᠬᠦᠢ ᠬᠠᠤᠯᠢ ᠴᠠᠭᠠᠵᠠ ᠳᠦᠷᠢᠮ ᠲᠣᠭᠲᠠᠭᠠᠯ ᠶᠣᠰᠣᠭᠠᠷ ᠬᠠᠮᠢᠶ᠎ᠠ ᠪᠥᠬᠦᠢ ᠲᠣᠷᠭᠠᠬᠤ ᠠᠷᠭ᠎ᠠ ᠠᠪᠤᠨ᠎ᠠ᠃    ᠲᠤᠰ ᠮᠡᠳᠡᠭᠳᠡᠯ ᠢ ᠪᠠᠭᠤᠯᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠮᠠᠨ ᠤ ᠲᠢᠩᠬᠢᠮ ᠤᠨ ᠨᠡᠶᠢᠲᠡᠯᠡᠭᠰᠡᠨ ︽ᠮᠠᠨ ᠤ ᠣᠷᠣᠨ ᠤ ᠪᠠᠷᠢᠯᠭ᠎ᠠ ᠶᠢᠨ ᠠᠵᠤ ᠠᠬᠤᠶᠢᠯᠠᠯ ᠤᠨ ᠠᠶᠤᠯ ᠥᠬᠡᠢ ᠦᠢᠯᠡᠳᠪᠦᠷᠢᠯᠡᠯ ‍ᠤᠨ‌ᠵᠥ᠋ᠪᠰᠢᠶᠡᠬᠦ ᠭᠡᠷᠡᠴᠢ ᠶᠢ ᠬᠢᠨᠠᠨ ᠣᠯᠭᠤᠬᠤ ᠳᠤ ᠬᠤᠯᠪᠣᠭᠳᠠᠬᠤ ᠠᠰᠠᠭᠤᠳᠠᠯ ᠤᠨ ᠲᠤᠬᠠᠢ ᠮᠡᠳᠡᠭᠳᠡᠯ︾  ︵ᠥᠪᠥᠷ ᠮᠣᠩᠭᠤᠯ ᠤᠨ ᠥᠪᠡᠷᠳᠡᠭᠡᠨ  ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ﹇2015﹈ 229 ᠳ᠋ᠦᠭᠡᠷ ᠲᠣᠭᠠᠲᠤ︶ ᠪᠢᠴᠢᠭ ᠮᠠᠲ᠋ᠧᠷᠢᠶᠠᠯ ᠪᠣᠯᠣᠨ ᠲᠤᠰ ᠮᠡᠳᠡᠭᠳᠡᠯ ᠯᠦᠭᠡ ᠨᠢᠭᠡᠳᠦᠯ ᠥᠬᠡᠢ ᠪᠠᠶᠢᠪᠠᠯ᠂ ᠲᠤᠰ ᠮᠡᠳᠡᠭᠳᠡᠯ ᠢᠶᠠᠷ  ᠪᠠᠷᠢᠮᠵᠢᠶ᠎ᠠ ᠪᠤᠯᠭᠠᠵᠤ᠂  ᠪᠤᠰᠤᠳ ᠵᠦᠢᠯ ᠢ ᠣᠣᠯ ᠤᠨ ᠪᠢᠴᠢᠭ ᠮᠠᠲ᠋ᠧᠷᠢᠶᠠᠯ ᠢᠶᠠᠷ ᠦᠨᠳᠦᠰᠦᠯᠡᠯ ᠪᠣᠯᠭᠠᠵᠤ ᠬᠡᠷᠡᠭᠵᠢᠭᠦᠯᠦᠨ᠎ᠡ᠃
ᠢᠷᠡᠯᠲᠡ᠄ ᠲᠣᠲᠣᠷᠬᠠᠢ ᠦᠭᠡᠢ
Baidu
map