ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠢ ᠨᠥᠬᠦᠪᠥᠷᠢ ᠮᠡᠳᠡᠭᠳᠡᠯ
ᠨᠡᠶᠢᠲᠡᠯᠡᠭᠰᠡᠨ ᠴᠠᠭ᠄
2021/1/5
   ᠥᠪᠥᠷ ᠮᠣᠩᠭᠤᠯ ᠤᠨ ᠥᠪᠡᠷᠳᠡᠭᠡᠨ  ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ﹇2020 ﹈ 100 ᠳ᠋ᠤᠭᠠᠷ ᠲᠣᠭᠠᠲᠤ    ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠮᠠᠨᠵᠤᠤᠷ᠂ ᠡᠷᠢᠶᠡᠨ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠷᠢᠨᠭᠡᠷ ᠰᠢᠨ᠎ᠡ ᠲᠣᠭᠤᠷᠢᠭ ᠤᠨ ᠲᠥᠯᠥᠪᠵᠢᠭᠦᠯᠭᠡ ᠪᠠ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠰᠢᠭᠤᠳ ᠮᠡᠳᠡᠭᠦᠯᠬᠦ ᠬᠤᠰᠢᠭᠤ ︵ᠰᠢᠶᠠᠨ᠂ ᠬᠤᠲᠠ︶ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠄    ︽ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠢ ᠮᠡᠳᠡᠭᠳᠡᠯ︾ ᠢ  ᠥᠪᠥᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠲᠠᠷᠬᠠᠭᠠᠭᠰᠠᠨ ﹇2020﹈ 61 ᠳ᠋ᠦᠭᠡᠷ ᠲᠣᠭᠠᠲᠤ ᠪᠢᠴᠢᠭ ᠮᠠᠲ᠋ᠧᠷᠢᠶᠠᠯ ᠢ ᠳᠠᠷᠤᠮᠠᠯᠯᠠᠨ ᠶᠠᠪᠤᠭᠤᠯᠤᠭᠰᠠᠨ ᠤ ᠳᠠᠷᠠᠭ᠎ᠠ ᠡᠯ᠎ᠡ ᠭᠠᠵᠠᠷ ᠠᠴᠠ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠥᠭᠡᠷᠡᠴᠢᠯᠡᠯᠲᠡ ᠶᠢᠨ ᠠᠵᠢᠯ ᠢ ᠢᠳᠡᠪᠬᠢᠲᠡᠢ ᠪᠠᠷ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠣᠯᠪᠠᠴᠤ ᠮᠥᠨ ᠬᠦ ᠳᠡᠭᠡᠷ᠎ᠡ ᠳᠣᠣᠷ᠎ᠠ ᠱᠠᠲᠤ ᠬᠠᠮᠲᠤᠷᠠᠨ ᠠᠵᠢᠯᠯᠠᠭᠰᠠᠨ ᠨᠢ ᠰᠢᠯᠤᠭᠤᠨ ᠪᠤᠰᠤ᠂ ᠬᠠᠮᠵᠢᠯᠴᠠᠭᠰᠠᠨ ᠨᠢ ᠨᠢᠭᠲᠠ ᠪᠤᠰᠤ᠂ ᠪᠠᠷᠢᠮᠵᠢᠶ᠎ᠠ ᠨᠢ ᠨᠢᠭᠡᠳᠦᠯ ᠥᠬᠡᠢ ᠪᠠᠶᠢᠳᠠᠯ‌ᠣᠷᠣᠰᠢᠵᠤ ᠪᠣᠢ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯ ᠢ ᠵᠢᠷᠤᠮᠵᠢᠭᠤᠯᠬᠤ ᠶᠢᠨ ᠲᠤᠰᠠᠳᠠ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠨᠥᠬᠦᠵᠦ ᠮᠡᠳᠡᠭᠳᠡᠶ᠎ᠡ  ᠄    ᠨᠢᠭᠡ᠂ ᠭᠤᠶᠤᠴᠢᠯᠠᠨ ᠮᠡᠳᠡᠭᠦᠯᠦᠯᠲᠡ ᠶᠢ ᠬᠦᠯᠢᠶᠡᠨ ᠠᠪᠴᠤ ᠰᠢᠢᠳᠪᠦᠷᠢᠯᠡᠬᠦ    ︵ᠨᠢᠭᠡ︶ ᠬᠢᠨᠠᠨ ᠵᠥᠪᠰᠢᠶᠡᠷᠡᠬᠦ ᠴᠢᠨᠠᠷ ᠴᠢᠨᠰᠠᠭ᠎ᠠ ᠶᠢ ᠪᠠᠲᠤᠯᠠᠵᠤ᠂ ᠬᠢᠨᠠᠨ ᠵᠥᠪᠰᠢᠶᠡᠷᠡᠬᠦ ᠶᠢᠨ ᠦᠷ᠎ᠡ ᠪᠦᠳᠦᠮᠵᠢ ᠶᠢ ᠳᠡᠭᠡᠭᠰᠢᠯᠡᠭᠦᠯᠬᠦ ᠵᠢᠨ‌‍ᠲ᠋ᠥ᠋ᠯᠥᠭᠡ᠂ ᠮᠠᠨ ᠤ ᠲᠢᠩᠬᠢᠮ ᠠᠴᠠ ᠠᠵᠤ ᠠᠬᠤᠶᠢᠯᠠᠯ ᠤᠨ ᠬᠢᠷᠢ ᠬᠡᠮ᠂ ᠠᠵᠢᠯᠲᠠᠨ ᠤ ᠬᠢᠷᠢ ᠬᠡᠮ ᠢ ᠳᠠᠩᠰᠠᠯᠠᠵᠤ ᠬᠢᠨᠠᠨ ᠵᠥᠪᠰᠢᠶᠡᠷᠡᠬᠦ ᠵᠦᠢᠯᠡᠰ ᠤᠨ ᠭᠤᠶᠤᠴᠢᠯᠠᠯ ᠢ ᠴᠠᠭᠠᠰᠤᠨ ᠮᠠᠲ᠋ᠧᠷᠢᠶᠠᠯ ᠪᠠ ᠡᠯᠧᠺᠲᠷᠣᠨ ᠲᠤᠭ᠎ᠠ ᠪᠠᠷᠢᠮᠲᠠ ᠶᠢ ᠵᠡᠷᠭᠡᠪᠡᠷ ᠬᠦᠯᠢᠶᠡᠨ ᠠᠪᠴᠤ ᠰᠢᠢᠳᠪᠦᠷᠢᠯᠡᠨ᠎ᠡ᠃ ᠴᠠᠭᠠᠰᠤᠨ ᠮᠠᠲ᠋ᠧᠷᠢᠶᠠᠯ ᠪᠣᠯᠤᠨ ᠡᠯᠧᠺᠲᠷᠣᠨ ᠲᠤᠭ᠎ᠠ ᠪᠠᠷᠢᠮᠲᠠ ᠪᠦᠷᠢᠨ ᠪᠣᠯ ᠬᠦᠯᠢᠶᠡᠨ ᠠᠪᠤᠭᠰᠠᠨ ᠡᠳᠦᠷ ᠠᠴᠠ ᠡᠬᠢᠯᠡᠨ 20 ᠡᠳᠦᠷ ᠤᠨ ᠳᠣᠲᠣᠷ᠎ᠠ ᠬᠢᠨᠠᠨ ᠪᠠᠶᠢᠴᠠᠭᠠᠵᠤ ᠳᠠᠭᠤᠰᠬᠠᠬᠤ ᠬᠡᠷᠡᠭᠲᠡᠢ᠃ ᠡᠯᠧᠺᠲᠷᠣᠨ ᠲᠤᠭ᠎ᠠ ᠪᠠᠷᠢᠮᠲᠠ ᠶᠢ ᠳᠡᠭᠡᠭᠰᠢ ᠮᠡᠳᠡᠭᠦᠯᠦᠭᠰᠡᠨ ᠤ ᠳᠠᠷᠠᠭ᠎ᠠ 3 ᠠᠵᠢᠯᠯᠠᠬᠤ ᠡᠳᠦᠷ ᠤᠨ ᠳᠣᠲᠣᠷ᠎ᠠ ᠴᠠᠭᠠᠰᠤᠨ ᠮᠠᠲ᠋ᠧᠷᠢᠶᠠᠯ ᠢᠶᠠᠨ ᠦᠯᠦ ᠲᠤᠰᠢᠶᠠᠭᠰᠠᠨ ᠪᠠᠶᠢᠪᠠᠯ ᠪᠤᠴᠠᠭᠠᠬᠤ ᠮᠠᠲ᠋ᠧᠷᠢᠶᠠᠯ ᠢᠶᠠᠷ ᠰᠢᠢᠳᠪᠦᠷᠢᠯᠡᠨ᠎ᠡ᠃    ︵ᠬᠤᠶᠠᠷ︶ ᠡᠯ᠎ᠡ ᠠᠶᠢᠮᠠᠭ‌ᠬᠤᠲᠠ ᠶᠢᠨ ᠠᠩᠬ᠎ᠠ ᠬᠢᠨᠠᠬᠤ ᠰᠠᠯᠠᠭ᠎ᠠ ᠮᠥᠴᠢᠷ ᠨᠢ ᠠᠩᠬ᠎ᠠ ᠬᠢᠨᠠᠬᠤ ᠶᠢ ᠬᠢᠨᠠᠮᠠᠭᠠᠢ ᠴᠢᠩᠭ᠎ᠠ ᠠᠳᠬᠤᠬᠤ ᠶᠢᠨ ᠰᠠᠭᠤᠷᠢᠨ ᠳᠡᠭᠡᠷ᠎ᠡ ᠲᠤᠰᠬᠠᠢ ᠬᠥᠮᠦᠨ ᠢᠶᠠᠷ ᠮᠡᠳᠡᠭᠦᠯᠦᠨ ᠬᠦᠷᠭᠡᠬᠦ᠂ ᠲᠤᠰᠬᠠᠢ ᠬᠥᠮᠦᠨ ᠢᠶᠠᠷ ᠬᠦᠷᠭᠡᠭᠦᠯᠬᠦ ᠪᠤᠶᠤ ᠣᠨᠴᠠ ᠲᠦᠷᠭᠡᠨ ᠲᠤᠰᠬᠠᠢ ᠢᠯᠡᠭᠡᠬᠦ ᠵᠡᠷᠭᠡ ᠬᠡᠯᠪᠡᠷᠢ ᠮᠠᠶ᠋ᠢᠭ ᠢ ᠠᠪᠴᠤ ᠬᠠᠮᠢᠶ᠎ᠠ ᠪᠦᠬᠦᠢ ᠮᠠᠲ᠋ᠧᠷᠢᠶᠠᠯ ᠢ ᠳᠡᠭᠡᠭᠰᠢ ᠪᠠᠨ ᠮᠡᠳᠡᠭᠦᠯᠵᠦ ᠬᠠᠮᠢᠶ᠎ᠠ ᠪᠦᠬᠦᠢ ᠶᠠᠪᠤᠴᠠ ᠶᠢ ᠠᠯᠢ  ᠴᠢᠳᠠᠬᠤᠶᠢᠴᠠ ᠪᠠᠭᠠᠰᠬᠠᠵᠤ ᠠᠵᠢᠯ ᠤᠨ ᠠᠬᠢᠴᠠ ᠶᠢ ᠲᠦᠷᠭᠡᠳᠬᠡᠬᠦ ᠬᠡᠷᠡᠭᠲᠡᠢ᠃ ᠰᠢᠭᠤᠳ ᠮᠡᠳᠡᠭᠦᠯᠦᠨ ᠬᠦᠷᠭᠡᠭᠰᠡᠨ ᠮᠠᠲ᠋ᠧᠷᠢᠶᠠᠯ ᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠤ 12 ᠳ᠋ᠤᠭᠠᠷ ᠳᠠᠪᠬᠤᠷᠭ᠎ᠠ ᠶᠢᠨ 33᠂ 34᠂ 35 ᠳ᠋ᠤᠭᠠᠷ ᠴᠣᠩᠬᠤᠨ ᠳᠤ ᠬᠦᠷᠭᠡᠵᠦ ᠭᠦᠢᠴᠡᠳᠬᠡᠬᠦ ᠬᠡᠷᠡᠭᠲᠡᠢ᠃ ᠨᠠᠶᠢᠳᠠᠯᠭ᠎ᠠ ᠶᠢᠨ ᠬᠦᠷᠭᠡᠯᠲᠡ ᠶᠢ ᠡᠷᠬᠡᠪᠰᠢ ᠨᠠᠶᠢᠳᠠᠯᠭ᠎ᠠ ᠬᠦᠯᠢᠶᠡᠭᠴᠢ ᠶᠢᠨ ᠪᠡᠶ᠎ᠡ ᠶᠢᠨ ᠭᠠᠷᠤᠯ ᠤᠨ ᠮᠡᠳᠡᠭᠡ ᠵᠠᠩᠭᠢ ᠶᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠭᠠᠵᠠᠷ ᠲᠤ ᠤᠷᠢᠳᠴᠢᠯᠠᠨ ᠮᠡᠳᠡᠭᠦᠯᠦᠨ ᠬᠦᠷᠭᠡᠬᠦ ᠬᠡᠷᠡᠭᠲᠡᠢ᠃  2020 ᠣᠨ ᠤ 6 ᠰᠠᠷ᠎ᠠ ᠶᠢᠨ 1 ᠤ ᠡᠳᠦᠷ ᠠᠴᠠ ᠡᠬᠢᠯᠡᠨ ᠰᠢᠤᠳᠠᠨ ᠢᠶᠠᠷ ᠢᠯᠡᠬᠡᠨ ᠮᠡᠳᠡᠭᠦᠯᠦᠨ ᠬᠦᠷᠭᠡᠭᠰᠡᠨ ᠮᠠᠲ᠋ᠧᠷᠢᠶᠠᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠵᠡᠭᠡᠯᠢ ᠶᠢᠨ 6 ᠳ᠋ᠤᠭᠠᠷ ᠨᠣᠮᠧᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ  ᠲᠣᠪᠴᠢᠶᠠᠨ ᠤ ᠣᠷᠣᠨ ᠰᠠᠭᠤᠴᠠ  ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠴᠣᠩᠬᠤ᠂ ᠬᠦᠯᠢᠶᠡᠨ ᠠᠪᠤᠭᠴᠢ᠄ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠭᠠᠵᠠᠷ᠂ ᠤᠲᠠᠰᠤᠨ ᠨᠣᠮᠧᠷ᠄ 0471 — 5332427᠃    ᠬᠤᠶᠠᠷ᠂ ᠮᠡᠳᠡᠭᠦᠯᠬᠦ ᠮᠠᠲ᠋ᠧᠷᠢᠶᠠᠯ ᠢ ᠴᠣᠮᠬᠠᠳᠬᠠᠬᠤ    ᠬᠢᠨᠠᠨ ᠵᠥᠪᠰᠢᠶᠡᠷᠡᠬᠦ ᠶᠡᠭᠡ ᠲᠢᠩᠬᠢᠮ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠳᠠᠪᠠᠭᠤᠯᠢᠭ ᠲᠠᠯ᠎ᠠ ᠶᠢ ᠭᠦᠢᠴᠡᠳ ᠠᠰᠢᠭᠯᠠᠨ᠂ ᠬᠢᠨᠠᠨ ᠬᠠᠷᠭᠤᠭᠤᠯᠬᠤ ᠦᠢᠯᠡᠳᠦᠯᠭᠡ ᠲᠠᠢ ᠤᠶᠠᠯᠳᠤᠭᠤᠯᠤᠨ ᠬᠡᠰᠡᠭ ᠮᠡᠳᠡᠭᠦᠯᠬᠦ ᠮᠠᠲ᠋ᠧᠷᠢᠶᠠᠯ ᠢ ᠴᠣᠮᠬᠠᠳᠬᠠᠵᠤ᠂ ᠶᠠᠪᠤᠴᠠ ᠶᠢ ᠳᠥᠭᠦᠮᠴᠢᠯᠡᠬᠦ ᠬᠡᠷᠡᠭᠲᠡᠢ᠃    ︵ᠨᠢᠭᠡ︶ ︽ᠭᠤᠷᠪᠠᠨ ᠲᠥᠷᠥᠯ ᠤᠨ ᠬᠥᠮᠦᠰ︾ ᠤᠨ ᠮᠡᠳᠡᠭᠦᠯᠦᠭᠰᠡᠨ ᠮᠠᠲ᠋ᠧᠷᠢᠶᠠᠯ ᠢ ᠴᠣᠮᠬᠠᠳᠬᠠᠨ᠎ᠠ᠃ ᠮᠡᠳᠡᠭᠦᠯᠦᠭᠰᠡᠨ ᠠᠵᠤ ᠠᠬᠤᠶᠢᠯᠠᠯ ᠨᠢ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠳᠤ ᠭᠤᠶᠤᠴᠢᠯᠠᠯ ᠤᠨ ᠴᠠᠭᠠᠰᠤᠨ ᠮᠡᠳᠡᠭᠦᠯᠦᠯᠲᠡ ᠶᠢᠨ ᠬᠦᠰᠦᠨᠦᠭᠲᠦ ᠪᠠᠨ ᠳᠠᠬᠢᠵᠤ ᠲᠤᠰᠢᠶᠠᠬᠤ ᠬᠡᠷᠡᠭ ᠥᠬᠡᠢ᠃ ︽ᠭᠤᠷᠪᠠᠨ ᠲᠥᠷᠥᠯ ᠤᠨ ᠬᠥᠮᠦᠰ︾ ᠤᠨ ᠭᠤᠶᠤᠴᠢᠯᠠᠬᠤ ᠵᠦᠢᠯᠡᠰ ᠢ ᠠᠶᠢᠮᠠᠭ ᠬᠤᠲᠠ ᠶᠢᠨ ᠠᠩᠬ᠎ᠠ ᠬᠢᠨᠠᠬᠤ ᠰᠠᠯᠠᠭ᠎ᠠ ᠮᠥᠴᠢᠷ ᠨᠢ ᠪᠦᠯᠦᠭ ᠤᠳᠠᠭ᠎ᠠ ᠪᠠᠷ ᠬᠤᠷᠢᠶᠠᠩᠭᠤᠶᠢᠯᠠᠵᠤ ᠪᠠᠶᠢᠭᠠᠳ ᠪᠢᠴᠢᠭ ᠮᠠᠲ᠋ᠧᠷᠢᠶᠠᠯ ᠢ ᠳᠡᠭᠡᠭᠰᠢ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠢᠨ‌‍ᠲ᠋ᠢᠩᠬᠢᠮ ᠳᠤ ᠮᠡᠳᠡᠭᠦᠯᠦᠨ᠎ᠡ᠃    ︵ᠬᠤᠶᠠᠷ︶ ᠭᠡᠭᠡᠵᠦ ᠣᠷᠬᠢᠭᠳᠠᠭᠤᠯᠤᠭᠰᠠᠨ ᠢ ᠨᠥᠬᠦᠪᠥᠷᠢᠯᠡᠬᠦ ᠳᠡᠰ ᠳᠠᠷᠠᠭᠠᠯᠠᠯ ᠢ ᠳᠥᠭᠦᠮᠴᠢᠯᠡᠨ᠎ᠡ᠃ ᠠᠵᠤ ᠠᠬᠤᠶᠢᠯᠠᠯ ᠪᠠ ᠬᠤᠪᠢ ᠬᠥᠮᠦᠨ ᠠᠴᠠ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠬᠡᠪᠴᠢᠶᠡᠨ ᠳᠠᠬᠢ ᠠᠵᠤ ᠠᠬᠤᠶᠢᠯᠠᠯ ᠤᠨ ᠬᠢᠷᠢ ᠬᠡᠮ ︵ᠠᠵᠢᠯᠲᠠᠨ ᠤ ᠬᠢᠷᠢ ᠬᠡᠮ︶ ᠢᠶᠠᠨ ᠭᠡᠭᠡᠵᠦ ᠨᠥᠬᠦᠪᠥᠷᠢᠯᠡᠬᠦ ᠵᠦᠢᠯᠡᠰ ᠢ ᠭᠦᠢᠴᠡᠳᠬᠡᠬᠦ ᠳᠡᠭᠡᠨ ᠡᠯ᠎ᠡ ᠲᠥᠷᠥᠯ ᠤᠨ ᠴᠠᠭᠠᠰᠤᠨ ᠮᠠᠲ᠋ᠧᠷᠢᠶᠠᠯ ᠢ ᠲᠠᠬᠢᠵᠤ ᠲᠤᠰᠢᠶᠠᠬᠤ ᠬᠡᠷᠡᠭ ᠥᠬᠡᠢ᠃ ᠠᠵᠤ ᠠᠬᠤᠶᠢᠯᠠᠯ ᠪᠠ ᠬᠤᠪᠢ ᠬᠥᠮᠦᠨ ᠡᠴᠠ‌‍ᠰᠦ᠋ᠯᠵᠢᠶᠡᠨ ᠤ ᠰᠢᠰᠲ᠋ᠧᠮ ᠳᠡᠭᠡᠷ᠎ᠡ ᠭᠠᠷᠴᠤ᠂ ᠭᠡᠭᠡᠭᠰᠡᠨ ᠢᠶᠠᠨ   ᠨᠥᠬᠦᠪᠦᠷᠢᠯᠡᠵᠦ ᠭᠦᠢᠴᠡᠳᠬᠡᠬᠦ ᠵᠦᠢᠯᠡᠰ ᠢ ᠭᠤᠶᠤᠴᠢᠯᠠᠵᠤ᠂ ᠠᠶᠢᠮᠠᠭ‌ᠬᠤᠲᠠ ᠶᠢᠨ ᠠᠩᠬᠠᠨ ᠤ ᠬᠢᠨᠠᠯᠲᠠ ᠬᠢᠬᠦ ᠰᠠᠯᠠᠭ᠎ᠠ ᠮᠥᠴᠢᠷ ᠠᠴᠠ ᠬᠤᠷᠢᠶᠠᠩᠭᠤᠢᠯᠠᠭᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠳᠤ ᠮᠡᠳᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠲᠣᠭᠲᠠᠮᠠᠯ ᠬᠤᠭᠤᠴᠠᠭ᠎ᠠ ᠲᠠᠢ ᠪᠠᠷ ᠰᠦᠯᠵᠢᠶᠡᠨ ᠳᠡᠭᠡᠷ᠎ᠡ ᠬᠦᠴᠦᠨ ᠦᠭᠡᠢ ᠪᠣᠯᠭᠠᠬᠤ ᠮᠡᠳᠡᠭᠡ ᠵᠠᠩᠭᠢ ᠶᠢ ᠨᠡᠶᠢᠲᠡᠯᠡᠨ᠎ᠡ᠃    ︵ᠭᠤᠷᠪᠠ︶ ᠮᠠᠨ ᠤ ᠲᠢᠩᠬᠢᠮ ᠡᠴᠠ‌‍ᠴᠣᠮᠬᠠᠳᠬᠠᠬᠤ ᠮᠠᠲ᠋ᠧᠷᠢᠶᠠᠯ ᠤᠨ ᠠᠭᠤᠯᠭ᠎ᠠ ᠪᠣᠯᠤᠨ ᠵᠦᠢᠯ ᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠨᠡᠶᠢᠲᠡᠯᠡᠬᠦ ᠪᠣᠯᠤᠨ᠎ᠠ᠃    ᠭᠤᠷᠪᠠ᠂ ᠢᠯᠡ ᠨᠡᠶᠢᠲᠡᠯᠡᠬᠦ᠂ ᠵᠠᠷᠯᠠᠨ ᠨᠡᠶᠢᠲᠡᠯᠡᠬᠦ    ︽ᠵᠠᠰᠠᠭ ᠢ ᠴᠣᠮᠬᠠᠳᠬᠠᠵᠤ ᠡᠷᠬᠡ ᠶᠢ ᠳᠣᠷᠣᠭᠰᠢ ᠪᠠᠭᠤᠯᠭᠠᠬᠤ᠂ ᠪᠠᠭᠤᠯᠭᠠᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ︾ ᠠᠵᠢᠯ ᠢ ᠯᠠᠪᠳᠠᠭᠤᠨ ᠪᠠᠲᠤᠲᠠᠢ ᠠᠬᠢᠭᠤᠯᠤᠨ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠠᠵᠤ ᠠᠬᠤᠶᠢᠯᠠᠯ ᠪᠣᠯᠤᠨ ᠬᠤᠪᠢ ᠬᠥᠮᠦᠨ ᠳᠤ ᠳᠦᠭᠦᠮ ᠦᠵᠡᠭᠦᠯᠬᠦ ᠶᠢᠨ ᠳᠣᠰᠠᠲᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠲᠤᠰ ᠱᠠᠲᠤᠨ ᠤ ᠪᠣᠢ ᠪᠦᠬᠦᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠤᠨ ᠵᠠᠷᠯᠠᠬᠤ ᠴᠠᠭ ᠬᠤᠭᠤᠴᠠᠭ᠎ᠠ ᠶᠢ ᠨᠢᠭᠡᠳᠦᠯᠲᠡᠢ ᠪᠠᠷ 7 ᠪᠠᠶᠢᠭᠠᠯᠢ ᠶᠢᠨ ᠡᠳᠦᠷ ᠢᠶᠠᠷ ᠳᠤᠬᠢᠷᠠᠭᠤᠯᠵᠤ᠂ ᠢᠯᠡ ᠨᠡᠶᠢᠲᠡᠯᠡᠬᠦ᠂ ᠵᠠᠷᠯᠠᠨ ᠨᠡᠶᠢᠲᠡᠯᠡᠬᠦ ᠨᠢᠭᠡᠳᠦᠯᠲᠡᠢ ᠳᠠᠭᠠᠯᠳᠤᠭᠤᠯᠤᠯ ᠤᠨ ᠶᠠᠩᠵᠤ ᠬᠡᠯᠪᠡᠷᠢ ᠲᠠᠢ᠂ ᠳᠠᠭᠠᠯᠳᠤᠭᠤᠯᠤᠯ ᠳᠤ  ᠳᠠᠯᠳᠠ ᠬᠡ ᠨᠡᠮᠡᠵᠦ ᠣᠷᠣᠭᠤᠯᠤᠨ᠎ᠠ᠃    ᠳᠥᠷᠪᠡ᠂ ᠲᠣᠭᠠᠴᠢᠯᠲᠠ    ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠤ ᠠᠬᠤᠶᠢᠯᠠᠯ ᠤᠨ ᠬᠢᠷᠢ ᠬᠡᠮ ᠶᠢ ᠬᠢᠨᠠᠨ ᠵᠥᠪᠰᠢᠶᠡᠷᠡᠬᠦ ᠲᠤᠰᠬᠠᠢ ᠪᠤᠯᠤᠩ — ᠬᠢᠷᠢ ᠭᠡᠮ ᠢ ᠮᠡᠳᠡᠭᠦᠯᠬᠦ  ᠪᠠᠶᠢᠩᠭᠤ ᠲᠣᠬᠢᠶᠠᠯᠳᠤᠳᠠᠭ ᠠᠰᠠᠭᠤᠳᠠᠯ᠂ ᠠᠵᠤ ᠠᠬᠤᠶᠢᠯᠠᠯ ᠤᠨ ᠬᠢᠷᠢ ᠭᠡᠮ ᠤᠨ ᠭᠤᠶᠤᠴᠢᠯᠠᠯ ᠤᠨ ᠮᠠᠲ᠋ᠧᠷᠢᠶᠠᠯ ᠳᠤ ᠲᠤᠰᠢᠶᠠᠭᠰᠠᠨ ᠠᠵᠢᠯ ᠤᠨ ᠪᠦᠲᠦᠮᠵᠢ᠂ ᠠᠵᠢᠯᠲᠠᠨ ᠨᠢ ᠪᠠᠷᠢᠮᠵᠢᠶ᠎ᠠ ᠳᠤ ᠬᠦᠷᠬᠦ ᠦᠭᠡᠢ ᠠᠵᠤ ᠠᠬᠤᠶᠢᠯᠠᠯ ᠤᠨ ᠲᠣᠭᠠᠴᠢᠯᠲᠠ ᠨᠢ ᠵᠥᠪᠬᠡᠨ ᠨᠢᠭᠡᠨᠲᠡ ᠮᠡᠳᠡᠭᠦᠯᠦᠭᠰᠡᠨ ᠮᠠᠲ᠋ᠧᠷᠢᠶᠠᠯ ᠳᠤ ᠴᠢᠭᠯᠡᠭᠦᠯᠦᠨ ᠨᠥᠬᠦᠪᠦᠷᠢᠯᠡᠵᠦ᠂ ᠠᠭᠤᠯᠭ᠎ᠠ ᠶᠢ ᠨᠡᠮᠡᠵᠦ ᠬᠠᠰᠤᠵᠤ ᠪᠣᠯᠬᠤ ᠦᠭᠡᠢ᠃    ᠲᠠᠪᠤ᠂ ᠦᠨᠡᠮᠯᠡᠯ᠂ ᠮᠠᠲ᠋ᠧᠷᠢᠶᠠᠯ ᠢ ᠰᠢᠢᠳᠪᠦᠷᠢᠯᠡᠬᠦ    ᠮᠠᠨ ᠤ ᠲᠢᠩᠬᠢᠮ ᠳᠤ ᠮᠡᠳᠡᠭᠦᠯᠦᠨ ᠬᠦᠷᠭᠡᠭᠰᠡᠨ ᠮᠠᠲ᠋ᠧᠷᠢᠶᠠᠯ ᠢ ᠬᠢᠨᠠᠨ ᠬᠠᠷᠭᠤᠭᠤᠯᠤᠭᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠤ 12 ᠳ᠋ᠤᠭᠠᠷ ᠳᠠᠪᠬᠤᠷᠭ᠎ᠠ ᠶᠢᠨ  33᠂ 34᠂ 35 ᠳ᠋ᠤᠭᠠᠷ ᠴᠤᠩᠬᠤᠨ ᠳᠡᠭᠡᠷ᠎ᠡ ᠬᠦᠷᠴᠦ᠂ ᠠᠵᠤ ᠠᠬᠤᠶᠢᠯᠠᠯ ᠪᠣᠯᠤᠨ ᠬᠤᠪᠢ ᠬᠥᠮᠦᠨ 10 ᠠᠵᠢᠯᠯᠠᠬᠤ ᠡᠳᠦᠷ ᠤᠨ ᠳᠣᠲᠣᠷ᠎ᠠ ᠴᠣᠩᠬᠤᠨ ᠳᠤ ᠬᠦᠷᠴᠦ ᠮᠠᠲ᠋ᠧᠷᠢᠶᠠᠯ ᠢᠶᠠᠨ ᠠᠪᠤᠨ᠎ᠠ᠂ ᠴᠠᠭ ᠡᠴᠠ‌‍ᠬᠡᠲᠦᠷᠡᠵᠦ ᠠᠪᠤᠭᠰᠠᠨ ᠥᠬᠡᠢ ᠮᠠᠲ᠋ᠧᠷᠢᠶᠠᠯ ᠢ ᠨᠢᠭᠡᠳᠦᠯᠲᠡᠢ ᠪᠠᠷ ᠰᠢᠢᠳᠪᠦᠷᠢᠯᠡᠬᠦ ᠬᠡᠷᠡᠭᠲᠡᠢ᠃    ᠵᠣᠬᠢᠶᠠᠵᠤ ᠳᠠᠭᠤᠰᠬᠠᠭᠰᠠᠨ ᠦᠨᠡᠮᠯᠡᠯ ᠢ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠰᠦᠯᠵᠢᠶᠡᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠤᠰᠬᠠᠢ ᠪᠤᠯᠤᠩ ᠢᠶᠠᠷ ᠨᠡᠢᠲᠡᠯᠡᠭᠰᠡᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ  ᠲᠣᠪᠴᠢᠶᠠᠨ ᠤ 12 ᠳ᠋ᠤᠭᠠᠷ ᠳᠠᠪᠬᠤᠷᠭ᠎ᠠ ᠶᠢᠨ 33᠂ 34᠂ 35 ᠳ᠋ᠤᠭᠠᠷ ᠴᠣᠩᠬᠤ ᠳᠤ ᠪᠤᠴᠠᠵᠤ ᠢᠷᠡᠬᠦ ᠪᠤᠶᠤ ᠡᠯ᠎ᠡ ᠠᠶᠢᠮᠠᠭ‌ᠬᠤᠲᠠ ᠶᠢᠨ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠳᠤ ᠰᠢᠤᠳᠠᠨ ᠢᠶᠠᠷ ᠢᠯᠡᠭᠡᠵᠦ᠂  ᠰᠢᠤᠳᠠᠨ ᠤ ᠵᠦᠢᠯ ᠢ ᠬᠦᠯᠢᠶᠡᠨ ᠠᠪᠬᠤ ᠳᠤ ᠡᠷᠬᠡᠪᠰᠢ ᠨᠠᠶᠢᠳᠠᠯᠭ᠎ᠠ ᠶᠢᠨ ᠪᠢᠴᠢᠭ ᠪᠠ ᠨᠠᠶᠢᠳᠠᠯᠭ᠎ᠠ ᠬᠦᠯᠢᠶᠡᠭᠴᠢ ᠶᠢᠨ ᠰᠢᠤᠳᠠᠨ ᠢᠶᠠᠷ ᠢᠯᠡᠭᠡᠬᠦ ᠮᠡᠳᠡᠭᠡ ᠵᠠᠩᠭᠢ ᠶᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠭᠠᠵᠠᠷ ᠲᠤ ᠮᠡᠳᠡᠭᠦᠯᠦᠨ ᠬᠦᠷᠭᠡᠬᠦ ᠬᠡᠷᠡᠭᠲᠡᠢ᠃    ᠵᠢᠷᠭᠤᠭ᠎ᠠ᠂ ᠠᠵᠢᠯ ᠤᠨ ᠰᠠᠬᠢᠯᠭ᠎ᠠ ᠪᠠᠲᠤ ᠶᠢ ᠲᠥᠪ ᠴᠢᠩᠭ᠎ᠠ ᠪᠣᠯᠭᠠᠬᠤ    ᠪᠦᠬᠦ ᠣᠷᠣᠨ ᠤ ᠡᠯ᠎ᠡ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠤᠰ ᠪᠡᠶ᠎ᠡ ᠶᠢᠨ ᠪᠦᠲᠦᠭᠡᠨ ᠪᠠᠶᠢᠭᠤᠯᠤᠯᠲᠠ ᠪᠠᠨ ᠦᠨᠡᠨᠬᠦ ᠴᠢᠩᠭᠠᠳᠬᠠᠨ᠂  ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠨ ᠠᠪᠬᠤ ᠬᠡᠷᠡᠭᠲᠡᠢ᠃ ᠡᠯ᠎ᠡ ᠵᠦᠢᠯ ᠤᠨ ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠡ ᠶᠢ ᠬᠢᠨᠠᠮᠠᠭᠠᠢ ᠬᠦᠯᠢᠶᠡᠨ ᠠᠪᠴᠤ ᠴᠠᠭ ᠲᠤᠬᠠᠢ ᠳᠤᠨᠢ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠢ᠃ ᠬᠦᠯᠢᠶᠡᠨ ᠠᠪᠴᠤ ᠰᠢᠢᠳᠪᠦᠷᠢᠯᠡᠬᠦ᠂ ᠬᠢᠨᠠᠨ ᠬᠠᠷᠭᠤᠭᠤᠯᠬᠤ᠂ ᠬᠢᠨᠠᠨ ᠵᠥᠪᠰᠢᠶᠡᠷᠡᠬᠦ ᠡᠯ᠎ᠡ ᠶᠠᠪᠤᠴᠠ ᠳᠤ ᠡᠯ᠎ᠡ ᠵᠦᠢᠯ ᠤᠨ ᠰᠢᠯᠲᠠᠭ ᠢᠶᠠᠷ ᠠᠵᠤ ᠠᠬᠤᠶᠢᠯᠠᠯ᠂ ᠬᠤᠪᠢ ᠬᠥᠮᠦᠨ ᠤ ᠵᠦᠢ ᠵᠣᠬᠢᠰᠲᠠᠢ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠶᠢ ᠲᠡᠪᠴᠢᠵᠦ ᠪᠣᠯᠬᠤ ᠥᠬᠡᠢ᠃                                               2020 ᠣᠨ ᠤ 5 ᠰᠠᠷ᠎ᠠ ᠶᠢᠨ 14 ᠤ ᠡᠳᠦᠷ
ᠢᠷᠡᠯᠲᠡ᠄ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ ᠶᠢᠨ ᠲᠢᠩᠬᠢᠮ
Baidu
map