ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠷᠭ᠎ᠠ
ᠨᠡᠶᠢᠲᠡᠯᠡᠭᠰᠡᠨ ᠴᠠᠭ᠄
2021/1/5
   ᠨᠢᠭᠡᠳᠦᠭᠡᠷ ᠪᠦᠯᠦᠭ   ᠶᠡᠷᠦᠩᠬᠡᠢ ᠳᠦᠷᠢᠮ    ᠨᠢᠭᠡᠳᠦᠭᠡᠷ ᠵᠣᠷᠪᠣᠰ  ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠶᠢᠨ ᠠᠵᠢᠯᠯᠠᠭ᠎ᠠ ᠶᠢ ᠵᠢᠷᠤᠮᠵᠢᠭᠤᠯᠤᠨ᠂ ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠵᠠᠬ᠎ᠠ ᠳᠡᠯᠭᠡᠭᠦᠷ ᠤᠨ ᠡᠮᠬᠢ ᠵᠢᠷᠤᠮ ᠢ  ᠬᠠᠮᠠᠭᠠᠯᠠᠵᠤ᠂ ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠠᠵᠢᠯᠯᠠᠭ᠎ᠠ ᠶᠢᠨ ᠲᠤᠬᠠᠢ ᠶᠢᠨ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠬᠠᠮᠢᠶᠠᠷᠤᠯᠲᠠ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠬᠦ ᠬᠠᠤᠯᠢ︾ ᠪᠣᠯᠤᠨ ︽ᠲᠥᠷᠥ ᠶᠢᠨ ᠶᠠᠪᠤᠳᠠᠯ ᠤᠨ ᠬᠤᠷᠢᠶ᠎ᠠ ᠠᠴᠠ ᠦᠨᠡᠨ ᠬᠦ ᠦᠯᠡᠳᠡᠭᠡᠬᠦ ᠴᠢᠬᠤᠯᠠᠲᠠᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠲᠤ ᠵᠠᠰᠠᠭ ᠵᠠᠬᠢᠷᠭᠠᠨ ᠤ ᠵᠥᠪᠰᠢᠶᠡᠷᠡᠯ ᠣᠯᠭᠤᠬᠤ ᠲᠤᠬᠠᠢ ᠲᠣᠭᠲᠠᠭᠠᠯ︾ ᠵᠡᠷᠭᠡ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ ᠦᠨᠳᠦᠰᠦᠯᠡᠨ᠂ ᠲᠤᠰ ᠠᠷᠭ᠎ᠠ ᠶᠢ ᠲᠣᠭᠲᠠᠭᠠᠪᠠ ᠃    ᠬᠤᠶᠠᠳᠤᠭᠠᠷ ᠵᠣᠷᠪᠣᠰ   ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠶᠢᠨ ᠳᠣᠲᠣᠷ᠎ᠠ ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠶᠢᠨ ᠬᠢᠷᠢ ᠭᠡᠮ ᠢ ᠭᠤᠶᠤᠴᠢᠯᠠᠬᠤ᠂ ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠠᠵᠢᠯᠯᠠᠭ᠎ᠠ ᠡᠷᠬᠢᠯᠡᠬᠦ᠂ ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠳᠤ ᠬᠢᠨᠠᠯᠲᠠ ᠲᠠᠯᠪᠢᠵᠤ ᠬᠠᠮᠢᠶᠠᠷᠬᠤ ᠳᠤ ᠲᠤᠰ ᠠᠷᠭ᠎ᠠ ᠲᠣᠬᠢᠷᠠᠨ᠎ᠠ᠃    ᠭᠤᠷᠪᠠᠳᠤᠭᠠᠷ ᠵᠣᠷᠪᠣᠰ  ᠲᠤᠰ ᠠᠷᠭ᠎ᠠ ᠳᠤ ᠬᠡᠯᠡᠵᠦ ᠪᠠᠶᠢᠭ᠎ᠠ ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠭᠡᠳᠡᠭ ᠨᠢ ᠬᠠᠤᠯᠢ ᠶᠣᠰᠣᠭᠠᠷ ᠪᠠᠶᠢᠭᠤᠯᠤᠭᠳᠠᠭᠰᠠᠨ ᠮᠥᠷᠲᠡᠭᠡᠨ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠪᠠᠶᠢᠭᠤᠯᠤᠮᠵᠢ ᠶᠢᠨ ᠬᠢᠷᠢ ᠭᠡᠮ ᠢ ᠬᠠᠤᠯᠢ ᠶᠣᠰᠣᠭᠠᠷ ᠣᠯᠤᠭᠰᠠᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠠᠵᠢᠯᠯᠠᠭ᠎ᠠ ᠬᠢᠬᠦ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠶᠢ ᠵᠢᠭᠠᠵᠤ ᠪᠣᠢ᠃    ᠲᠤᠰ ᠠᠷᠭ᠎ᠠ ᠳᠤ ᠬᠡᠯᠡᠵᠦ ᠪᠠᠶᠢᠭ᠎ᠠ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠠᠵᠢᠯᠯᠠᠭ᠎ᠠ ᠳᠤ ᠭᠠᠵᠠᠷ ᠰᠢᠷᠣᠢ᠂ ᠪᠠᠷᠢᠯᠭ᠎ᠠ᠂  ᠪᠠᠶᠢᠭᠤᠯᠵᠤ ᠪᠠᠶᠢᠭ᠎ᠠ ᠪᠠᠷᠢᠯᠭ᠎ᠠ᠂ ᠭᠡᠷ ᠪᠠᠶᠢᠰᠢᠩ‌ᠭᠠᠵᠠᠷ ᠬᠥᠷᠥᠩᠭᠡ ᠶᠢᠨ ᠠᠵᠢᠯᠯᠠᠭ᠎ᠠ ᠪᠠᠷ ᠭᠤᠣᠯ ᠪᠣᠯᠭᠠᠭᠰᠠᠨ ᠠᠵᠤ ᠠᠬᠤᠶᠢᠯᠠᠯ ᠤᠨ ᠪᠦᠬᠦᠯᠢ ᠴᠣᠭᠴᠠ ᠶᠢᠨ ᠡᠳ᠋ ᠬᠥᠷᠥᠩᠭᠡ᠂ ᠠᠵᠤ  ᠠᠬᠤᠶᠢᠯᠠᠯ ᠤᠨ ᠪᠦᠬᠦᠯᠢ ᠴᠣᠭᠴᠠ ᠶᠢᠨ ᠡᠳ᠋ ᠬᠥᠷᠥᠩᠭᠡ ᠳᠠᠬᠢ ᠭᠡᠷ ᠪᠠᠶᠢᠰᠢᠩ ᠭᠠᠵᠠᠷ ᠬᠥᠷᠥᠩᠭᠡ ᠵᠡᠷᠭᠡ ᠡᠯ᠎ᠡ ᠲᠥᠷᠥᠯ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠯᠲᠡ ᠵᠢᠴᠢ ᠰᠢᠯᠵᠢᠭᠦᠯᠦᠨ ᠥᠭᠬᠦ᠂ ᠪᠠᠷᠢᠴᠠᠭᠠᠯᠠᠬᠤ᠂ ᠭᠡᠷ ᠪᠠᠶᠢᠰᠢᠩ ᠲᠠᠲᠠᠪᠤᠷᠢᠯᠠᠬᠤ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠂ ᠭᠠᠶᠢᠯᠢ᠂ ᠺᠣᠮᠫᠠᠨᠢ ᠶᠢᠨ ᠵᠠᠬ᠎ᠠ ᠳᠡᠯᠭᠡᠭᠦᠷ ᠲᠤ ᠭᠠᠷᠬᠤ᠂ ᠠᠵᠤ ᠠᠬᠤᠶᠢᠯᠠᠯ ᠤᠨ ᠳᠦᠷᠢᠮ ᠤᠨ ᠥᠭᠡᠷᠡᠴᠢᠯᠡᠯᠲᠡ᠂ ᠠᠵᠤ  ᠠᠬᠤᠶᠢᠯᠠᠯ ᠤᠨ ᠢᠯᠭᠠᠷᠠᠭᠤᠯᠤᠨ ᠪᠣᠳᠣᠯᠲᠠ᠂ ᠡᠳ᠋ ᠬᠥᠷᠥᠩᠭᠡ ᠶᠢ ᠳᠠᠬᠢᠨ ᠪᠠᠶᠢᠭᠤᠯᠬᠤ᠂ ᠡᠳ᠋ ᠬᠥᠷᠥᠩᠭᠡ ᠶᠢ ᠰᠢᠢᠳᠪᠦᠷᠢᠯᠡᠬᠦ ᠵᠡᠷᠭᠡ ᠬᠢᠬᠦ ᠴᠢᠬᠤᠯᠠ ᠲᠠᠢ ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠭᠲᠠᠨ᠎ᠠ᠃     ᠳᠥᠷᠪᠡᠳᠦᠭᠡᠷ ᠵᠣᠷᠪᠣᠰ   ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠠᠴᠠ ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠠᠵᠢᠯᠯᠠᠭ᠎ᠠ ᠬᠢᠬᠦ ᠳᠡᠭᠡᠨ ᠪᠡᠶ᠎ᠡ ᠪᠠᠨ ᠳᠠᠭᠠᠭᠠᠭᠰᠠᠨ᠂ ᠪᠤᠰᠤᠳᠴᠢ᠂ ᠭᠤᠣᠯᠴᠢ  ᠪᠠᠶᠢᠬᠤ ᠵᠠᠷᠴᠢᠮ ᠢ ᠪᠠᠷᠢᠮᠲᠠᠯᠠᠨ‌‍ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠵᠢᠷᠤᠮᠵᠢᠯ ᠪᠣᠯᠤᠨ ᠪᠠᠷᠢᠮᠵᠢᠶ᠎ᠠ ᠶᠢ ᠬᠡᠷᠡᠭᠵᠢᠭᠦᠯᠬᠦ ᠬᠡᠷᠡᠭᠲᠡᠢ᠃    ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠡᠴᠠ‌ᠬᠠᠤᠯᠢ ᠶᠣᠰᠣᠭᠠᠷ ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠠᠵᠢᠯᠯᠠᠭ᠎ᠠ ᠬᠢᠬᠦ ᠳᠡᠭᠡᠨ ᠵᠠᠰᠠᠭ ᠵᠠᠬᠢᠷᠭᠠᠨ ᠤ ᠣᠷᠣᠨ᠂ ᠠᠵᠢᠯ ᠲᠥᠷᠥᠯ ᠳᠤ ᠬᠢᠵᠠᠭᠠᠷᠯᠠᠭᠳᠠᠬᠤ ᠦᠭᠡᠢ᠃ ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠠᠴᠠ ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠠᠵᠢᠯᠯᠠᠭ᠎ᠠ ᠪᠠ ᠦᠨ᠎ᠡ ᠵᠢᠱᠢᠭᠰᠡᠨ ᠦᠷ᠎ᠡ ᠳ᠋ᠦᠩ ᠳᠤ ᠬᠠᠤᠯᠢ ᠪᠤᠰᠤ ᠪᠠᠷ ᠭᠠᠷ ᠲᠦᠷᠢᠵᠦ ᠪᠣᠯᠬᠤ ᠦᠭᠡᠢ᠃    ᠲᠠᠪᠤᠳᠤᠭᠠᠷ ᠵᠣᠷᠪᠣᠰ  ᠲᠥᠷᠥ ᠶᠢᠨ ᠶᠠᠪᠤᠳᠠᠯ ᠤᠨ ᠬᠤᠷᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠢᠨ‌ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠥᠬᠦ ᠤᠯᠤᠰ ᠤᠨ ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    ᠮᠣᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠢᠨ‌ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠡᠷ ᠪᠠᠶᠢᠰᠢᠩ ᠭᠠᠵᠠᠷ ᠬᠥᠷᠥᠩᠭᠡ ᠵᠢᠨ‌ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    ᠬᠤᠲᠠ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠭᠡᠷ ᠪᠠᠶᠢᠰᠢᠩ ᠭᠠᠵᠠᠷ ᠬᠥᠷᠥᠩᠭᠡ ᠵᠢ‌ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    ᠵᠢᠷᠭᠤᠳᠤᠭᠠᠷ ᠵᠣᠷᠪᠣᠰ  ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠨᠤᠭᠤᠳ ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠠᠵᠢᠯ ᠲᠥᠷᠥᠯ ᠤᠨ ᠪᠡᠶ᠎ᠡ ᠪᠠᠨ ᠪᠠᠷᠢᠬᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠪᠠᠶᠢᠭᠤᠯᠤᠮᠵᠢ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠳᠤ ᠣᠷᠣᠯᠴᠠᠬᠤ ᠶᠢ ᠵᠣᠷᠢᠭᠵᠢᠭᠤᠯᠤᠨ᠎ᠠ᠃    ᠳᠣᠯᠣᠳᠤᠭᠠᠷ ᠵᠣᠷᠪᠣᠰ  ᠤᠯᠤᠰ ᠠᠴᠠ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠠᠵᠢᠯ ᠲᠥᠷᠥᠯ ᠤᠨ ᠬᠠᠮᠢᠶᠠᠷᠤᠯᠲᠠ ᠶᠢᠨ ᠪᠦᠬᠦ ᠤᠯᠤᠰ ᠤᠨ ᠨᠢᠭᠡᠳᠦᠯᠲᠡᠢ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠬᠤ ᠬᠡᠷᠡᠭᠲᠡᠢ᠃ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠪᠠᠶᠢᠭᠤᠯᠤᠮᠵᠢ ᠶᠢᠨ ᠬᠢᠷᠢ ᠭᠡᠮ ᠢ ᠬᠢᠨᠠᠨ ᠵᠥᠪᠰᠢᠶᠡᠷᠡᠬᠦ᠂ ᠠᠵᠢᠯᠲᠠᠨ ᠤ ᠳᠠᠩᠰᠠᠯᠠᠯᠲᠠ᠂ ᠢᠲᠡᠭᠡᠮᠵᠢ ᠶᠢᠨ ᠳᠠᠩᠰᠠ ᠡᠪᠬᠡᠮᠡᠯ ᠤᠨ ᠬᠠᠮᠢᠶᠠᠷᠤᠯᠲᠠ ᠵᠡᠷᠭᠡ ᠮᠡᠳᠡᠭᠡ ᠵᠠᠩᠭᠢ ᠶᠢ ᠬᠠᠮᠲᠤᠷᠠᠨ᠂ ᠬᠠᠮᠲᠤ ᠳᠠᠭᠠᠨ ᠡᠳ᠋ᠯᠡᠬᠦ ᠶᠢ ᠪᠡᠶᠡᠯᠡᠭᠦᠯᠬᠦ ᠬᠡᠷᠡᠭᠲᠡᠢ᠃    ᠬᠤᠶᠠᠳᠤᠭᠠᠷ ᠪᠦᠯᠦᠭ   ᠦᠨᠡᠯᠡᠨ ᠵᠢᠱᠢᠬᠦ ᠪᠠᠶᠢᠭᠤᠯᠤᠮᠵᠢ ᠶᠢᠨ ᠬᠢᠷᠢ ᠭᠡᠮ ᠢ ᠬᠢᠨᠠᠨ ᠵᠥᠪᠰᠢᠶᠡᠷᠡᠬᠦᠨᠠᠢᠮᠠᠳᠤᠭᠠᠷ ᠵᠣᠷᠪᠣᠰ  ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠶᠢᠨ ᠬᠢᠷᠢ ᠬᠡᠮ ᠤᠨ ᠵᠡᠷᠭᠡ ᠳᠡᠰ ᠢ  ᠨᠢᠭᠡᠳᠦᠭᠡᠷ᠂  ᠬᠤᠶᠠᠳᠤᠭᠠᠷ᠂ ᠭᠤᠷᠪᠠᠳᠤᠭᠠᠷ ᠳᠡᠰ ᠬᠤᠪᠢᠶᠠᠨ᠎ᠠ᠃ᠮᠤᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠢᠨ‌ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠡᠷ ᠪᠠᠶᠢᠰᠢᠩ ᠭᠠᠵᠠᠷ ᠬᠥᠷᠥᠩᠭᠡ ᠵᠢᠨ‌ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠪᠠᠶᠢᠭᠤᠯᠤᠮᠵᠢ ᠶᠢᠨ ᠬᠢᠷᠢ ᠬᠡᠮ ᠢ ᠵᠥᠪᠰᠢᠶᠡᠷᠡᠬᠦ ᠠᠵᠢᠯ ᠢ ᠬᠠᠷᠢᠭᠤᠴᠠᠨ᠎ᠠ᠃ᠮᠤᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠢᠨ‌ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠡᠷ ᠪᠠᠶᠢᠰᠢᠩ ᠭᠠᠵᠠᠷ ᠬᠥᠷᠥᠩᠭᠡ ᠵᠢᠨ‌ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠤᠯᠤᠰ ᠤᠨ ᠬᠢᠷᠢ ᠬᠡᠮ‌‍ᠤᠨ ᠨᠢᠭᠡᠳᠦᠯᠲᠡᠢ ᠨᠥᠬᠦᠴᠡᠯ ᠢ ᠬᠡᠷᠡᠭᠵᠢᠭᠦᠯᠬᠦ ᠬᠡᠷᠡᠭᠲᠡᠢ᠃ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠪᠠᠶᠢᠭᠤᠯᠤᠮᠵᠢ ᠶᠢᠨ ᠬᠢᠷᠢ ᠬᠡᠮ ᠤᠨ ᠵᠥᠪᠰᠢᠶᠡᠷᠡᠯ ᠤᠨ ᠬᠠᠮᠢᠶᠠᠷᠤᠯᠲᠠ ᠶᠢ  ᠴᠢᠩᠭᠠᠳᠬᠠᠵᠤ᠂ ᠭᠤᠣᠯᠴᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠣᠢ ᠪᠣᠯᠭᠠᠬᠤ ᠬᠡᠷᠡᠭᠲᠡᠢ᠃    ᠲᠥᠷᠥ ᠶᠢᠨ ᠶᠠᠪᠤᠳᠠᠯ ᠤᠨ ᠬᠤᠷᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠢᠨ‌ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠮᠤᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠢᠨ‌ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠡᠷ ᠪᠠᠶᠢᠰᠢᠩ ᠭᠠᠵᠠᠷ ᠬᠥᠷᠥᠩᠭᠡ ᠵᠢᠨ‌ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠷᠢ ᠬᠡᠮ ᠤᠨ ᠵᠦᠪᠰᠢᠶᠡᠷᠡᠬᠦ ᠠᠵᠢᠯ ᠳᠠᠬᠢ ᠵᠢᠯᠣᠭᠤᠳᠤᠯᠭ᠎ᠠ ᠪᠠ ᠬᠢᠨᠠᠯᠲᠠ  ᠪᠠᠶᠢᠴᠠᠭᠠᠯᠲᠠ ᠪᠠᠨ  ᠴᠢᠩᠭᠠᠳᠬᠠᠵᠤ᠂ ᠬᠢᠷᠢ ᠬᠡᠮ ᠤᠨ ᠵᠦᠪᠰᠢᠶᠡᠷᠡᠬᠦ ᠳᠤᠮᠳᠠᠬᠢ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠴᠠᠭ ᠲᠤᠬᠠᠢ ᠳᠤᠨᠢ ᠵᠠᠯᠠᠷᠠᠭᠤᠯᠬᠤ ᠬᠡᠷᠡᠭᠲᠡᠢ᠃    ᠶᠢᠰᠦᠳᠦᠭᠡᠷ ᠵᠣᠷᠪᠣᠰ  ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠶᠢ ᠪᠠᠶᠢᠭᠠᠯᠢ ᠬᠥᠮᠦᠨ ᠪᠡᠯᠡ ᠭᠠᠷᠭᠠᠵᠤ᠂ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠪᠤᠶᠤ ᠬᠤᠷᠰᠢᠭᠰᠠᠨ ᠠᠵᠤ ᠠᠬᠤᠶᠢᠯᠠᠯ ᠤᠨ ᠬᠡᠯᠪᠡᠷᠢ ᠪᠠᠷ ᠪᠠᠶᠢᠭᠤᠯᠬᠤ ᠬᠡᠷᠡᠭᠲᠡᠢ᠃    ᠠᠷᠪᠠᠳᠤᠭᠠᠷ ᠵᠣᠷᠪᠣᠰ  ᠡᠯ᠎ᠡ ᠬᠢᠷᠢ ᠬᠡᠮ ᠤᠨ ᠵᠡᠷᠭᠡ ᠳᠡᠰ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠪᠠᠶᠢᠭᠤᠯᠤᠮᠵᠢ ᠶᠢᠨ ᠨᠥᠬᠦᠴᠡᠯ ᠳᠣᠣᠷᠠᠬᠢ ᠮᠡᠲᠦ  ᠄    ︵ᠨᠢᠭᠡ︶  ᠨᠢᠭᠡᠳᠦᠭᠡᠷ ᠳᠡᠰ ᠤᠨ ᠬᠢᠷᠢ ᠭᠡᠮ    1. ᠪᠠᠶᠢᠭᠤᠯᠤᠮᠵᠢ ᠶᠢᠨ ᠨᠡᠷᠡᠶᠢᠳᠦᠯ ᠨᠢ ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠤᠶᠤ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠯᠲᠡ  ᠭᠡᠬᠦ ᠦᠰᠦᠭ ᠲᠠᠢ︔    2. ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠠᠵᠢᠯᠯᠠᠭ᠎ᠠ ᠶᠢ ᠦᠷᠭᠦᠯᠵᠢᠯᠡᠨ 6 ᠵᠢᠯ ᠠᠴᠠ ᠳᠡᠭᠡᠭᠰᠢ ᠬᠢᠭᠰᠡᠨ ᠪᠥᠭᠡᠳ ᠬᠤᠶᠠᠳᠤᠭᠠᠷ ᠳᠡᠰ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠪᠠᠶᠢᠭᠤᠯᠤᠮᠵᠢ ᠶᠢᠨ ᠬᠢᠷᠢ ᠭᠡᠮ ᠢ 3 ᠵᠢᠯ ᠠᠴᠠ ᠳᠡᠭᠡᠭᠰᠢ ᠣᠯᠤᠭᠰᠠᠨ︔    3. ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ ᠳᠠᠩᠰᠠᠯᠠᠭᠤᠯᠤᠭᠰᠠᠨ ᠬᠥᠷᠥᠩᠭᠡ ᠠᠷᠠᠳ ᠤᠨ ᠵᠣᠭᠤᠰ ᠨᠢ 200 ᠲᠦᠮᠡᠨ ᠲᠥᠭᠦᠷᠢᠭ ᠠᠴᠠ ᠳᠡᠭᠡᠭᠰᠢ᠂ ᠬᠤᠷᠰᠢᠭᠰᠠᠨ ᠠᠵᠤ ᠠᠬᠤᠶᠢᠯᠠᠯ ᠤᠨ ᠭᠠᠷᠭᠠᠭᠰᠠᠨ ᠪᠡᠯᠡ ᠶᠢᠨ ᠲᠤᠭ᠎ᠠ ᠨᠢ ᠠᠷᠠᠳ ᠤᠨ ᠵᠣᠭᠤᠰ ᠢᠶᠠᠷ 120 ᠲᠦᠮᠡᠨ ᠲᠥᠭᠦᠷᠢᠭ ᠠᠴᠠ ᠳᠡᠭᠡᠭᠰᠢ︔    4. 15 ᠠᠴᠠ ᠳᠡᠭᠡᠭᠰᠢ ᠲᠤᠰᠬᠠᠢ ᠳᠠᠩᠰᠠᠯᠠᠭᠤᠯᠤᠭᠰᠠᠨ ᠭᠡᠷ ᠪᠠᠶᠢᠰᠢᠩ ᠭᠠᠵᠠᠷ ᠬᠥᠷᠥᠩᠭᠡ ᠶᠢᠨ ᠦᠨ᠎ᠡ ᠵᠢᠱᠢᠭᠴᠢ ᠪᠠᠶᠢᠨ᠎ᠠ︔    5. ᠬᠢᠷᠢ ᠬᠡᠮ ᠤᠨ ᠵᠡᠷᠭᠡ ᠳᠡᠰ ᠢ ᠬᠢᠨᠠᠨ ᠲᠣᠭᠲᠠᠭᠠᠬᠤ ᠭᠤᠶᠤᠴᠢᠯᠠᠯ ᠭᠠᠷᠭᠠᠬᠤ ᠠᠴᠠ 3 ᠵᠢᠯ ᠤᠨ ᠡᠮᠦᠨ᠎ᠡ ᠳᠤᠮᠳᠠᠴᠢ ᠪᠠᠷ ᠵᠢᠯ ᠪᠦᠷᠢ 50 ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠪᠤᠶᠤ ᠭᠠᠵᠠᠷ ᠰᠢᠷᠣᠢ ᠶᠢᠨ ᠲᠠᠯᠠᠪᠠᠢ 25 ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢ  ᠪᠠᠶᠢᠬᠤ ᠬᠡᠷᠡᠭᠲᠡᠢ︔    6.ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠤᠶᠤ ᠭᠦᠢᠴᠡᠳᠬᠡᠬᠦ ᠬᠤᠷᠰᠢᠭᠴᠢ ᠪᠣᠯ ᠳᠠᠩᠰᠠᠯᠠᠭᠤᠯᠤᠭᠰᠠᠨ ᠤ ᠳᠠᠷᠠᠭ᠎ᠠ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠠᠵᠢᠯ ᠢ 3 ᠵᠢᠯ ᠠᠴᠠ ᠳᠡᠭᠡᠭᠰᠢ ᠬᠢᠭᠰᠡᠨ ᠳᠠᠩᠰᠠᠯᠠᠭᠤᠯᠤᠭᠰᠠᠨ ᠭᠡᠷ ᠪᠠᠶᠢᠰᠢᠩ ᠭᠠᠵᠠᠷ ᠬᠥᠷᠥᠩᠭᠡ ᠶᠢᠨ ᠦᠨ᠎ᠡ ᠵᠢᠱᠢᠭᠴᠢ ᠪᠣᠯᠤᠨ᠎ᠠ︔    7. ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠤᠪᠢ ᠣᠷᠣᠭᠤᠯᠤᠭᠴᠢ ᠶᠢᠨ ᠳᠣᠲᠣᠷ᠎ᠠ 3 ᠠᠴᠠ ᠳᠡᠭᠡᠭᠰᠢ  ᠂ ᠬᠤᠷᠰᠢᠭᠰᠠᠨ ᠠᠵᠤ ᠠᠬᠤᠶᠢᠯᠠᠯ ᠤᠨ ᠬᠤᠷᠰᠢᠭᠴᠢ ᠶᠢᠨ ᠳᠣᠲᠣᠷ᠎ᠠ 2 ᠠᠴᠠ ᠳᠡᠭᠡᠭᠰᠢ ᠲᠤᠰᠬᠠᠢ ᠭᠡᠷ ᠪᠠᠶᠢᠰᠢᠩ ᠭᠠᠵᠠᠷ ᠬᠥᠷᠥᠩᠭᠡ ᠶᠢᠨ ᠦᠨ᠎ᠡ ᠵᠢᠱᠢᠭᠴᠢ ᠶᠢᠨ ᠬᠤᠪᠢ ᠣᠷᠣᠭᠤᠯᠤᠭᠴᠢ ᠪᠤᠶᠤ ᠬᠤᠷᠰᠢᠭᠴᠢ ᠶᠢᠨ ᠳᠣᠲᠣᠷᠠᠬᠢ ᠬᠠᠭᠠᠰ ᠨᠢ ᠳᠠᠩᠰᠠᠯᠠᠭᠤᠯᠤᠭᠰᠠᠨ ᠤ ᠳᠠᠷᠠᠭ᠎ᠠ ᠭᠡᠷ ᠪᠠᠶᠢᠰᠢᠩ ᠭᠠᠵᠠᠷ ᠬᠥᠷᠥᠩᠭᠡ ᠵᠢᠨ‌ᠦᠨᠡᠯᠡᠨ ᠵᠢᠱᠢᠬᠦ ᠠᠵᠢᠯ ᠢ 3 ᠵᠢᠯ ᠠᠴᠠ ᠳᠡᠭᠡᠭᠰᠢ ᠬᠢᠭᠰᠡᠨ ᠲᠤᠰᠬᠠᠢ ᠲᠤᠰᠢᠶᠠᠯ ᠤᠨ ᠳᠠᠩᠰᠠᠯᠠᠭᠤᠯᠤᠭᠰᠠᠨ ᠭᠡᠷ ᠪᠠᠶᠢᠰᠢᠩ ᠭᠠᠵᠠᠷ ᠬᠥᠷᠥᠩᠭᠡ ᠶᠢᠨ ᠦᠨ᠎ᠡ ᠵᠢᠱᠢᠭᠴᠢ︔    8. ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠤᠪᠢ ᠣᠷᠣᠭᠤᠯᠤᠯᠲᠠ ᠪᠤᠶᠤ ᠬᠤᠷᠰᠢᠭᠰᠠᠨ ᠠᠵᠤ  ᠠᠬᠤᠶᠢᠯᠠᠯ ᠤᠨ ᠪᠡᠯᠡ ᠭᠠᠷᠭᠠᠭᠰᠠᠨ ᠲᠤᠭ᠎ᠠ ᠳᠣᠲᠣᠷᠠᠬᠢ ᠲᠤᠰᠬᠠᠢ ᠳᠠᠩᠰᠠᠯᠠᠭᠤᠯᠤᠭᠰᠠᠨ ᠭᠡᠷ ᠪᠠᠶᠢᠰᠢᠩ ᠭᠠᠵᠠᠷ ᠬᠥᠷᠥᠩᠭᠡ ᠵᠢᠨ‌ᠦᠨ᠎ᠡ ᠵᠢᠱᠢᠭᠴᠢ ᠶᠢᠨ ᠬᠤᠪᠢ ᠣᠷᠣᠭᠤᠯᠤᠯᠲᠠ ᠪᠤᠶᠤ ᠪᠡᠯᠡ ᠭᠠᠷᠭᠠᠭᠰᠠᠨ ᠲᠤᠭ᠎ᠠ ᠨᠢ  ᠨᠡᠶᠢᠲᠡ 60% ᠠᠴᠠ ᠳᠣᠣᠷ᠎ᠠ ᠦᠭᠡᠢ᠃    9. ᠡᠵᠡᠩᠨᠡᠯᠲᠡ ᠦᠢᠯᠡᠴᠢᠯᠡᠭᠡᠨ ᠤ ᠲᠣᠭᠲᠠᠮᠠᠯ ᠭᠠᠵᠠᠷ ᠲᠠᠢ︔    10. ᠦᠨᠡᠯᠡᠨ ᠵᠢᠱᠢᠬᠦ ᠶᠢᠨ ᠶᠠᠰᠤ ᠴᠢᠨᠠᠷ ᠤᠨ ᠬᠠᠮᠢᠶᠠᠷᠤᠯᠲᠠ᠂ ᠦᠨᠡᠯᠡᠨ ᠵᠢᠱᠢᠬᠦ ᠶᠢᠨ ᠳᠠᠩᠰᠠ ᠡᠪᠬᠡᠮᠡᠯ ᠤᠨ ᠬᠠᠮᠢᠶᠠᠷᠤᠯᠲᠠ᠂ ᠡᠳ᠋ ᠤᠨ ᠶᠠᠪᠤᠳᠠᠯ ᠤᠨ ᠬᠠᠮᠢᠶᠠᠷᠤᠯᠲᠠ ᠵᠡᠷᠭᠡ ᠡᠯ᠎ᠡ ᠲᠥᠷᠥᠯ ᠤᠨ ᠠᠵᠤ ᠠᠬᠤᠶᠢᠯᠠᠯ ᠤᠨ ᠳᠣᠲᠣᠭᠠᠳᠤ ᠶᠢᠨ ᠬᠠᠮᠢᠶᠠᠷᠤᠯᠲᠠ ᠶᠢᠨ ᠳᠦᠷᠢᠮ ᠲᠡᠭᠦᠯᠳᠡᠷ ᠪᠠᠶᠢᠬᠤ ᠬᠡᠷᠡᠭᠲᠡᠢ︔    11. ᠲᠠᠰᠢᠷᠠᠮ ᠢᠶᠠᠷ ᠰᠤᠭᠤᠴᠢᠨ ᠪᠠᠶᠢᠴᠠᠭᠠᠭᠰᠠᠨ1 ᠬᠤᠪᠢ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠮᠡᠳᠡᠭᠦᠯᠦᠯᠲᠡ ᠨᠢ ︽ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠵᠢᠷᠤᠮᠵᠢᠯ︾ ᠤᠨ ᠱᠠᠭᠠᠷᠳᠠᠯᠭ᠎ᠠ ᠳᠤ ᠨᠡᠶᠢᠴᠡᠨ᠎ᠡ︔    12. ᠬᠢᠷᠢ ᠭᠡᠮ ᠤᠨ ᠵᠡᠷᠭᠡ ᠳᠡᠰ ᠢ ᠬᠢᠨᠠᠨ ᠲᠣᠭᠲᠠᠭᠠᠯᠭᠠᠬᠤ ᠪᠠᠷ ᠭᠤᠶᠤᠴᠢᠯᠠᠭᠰᠠᠨ ᠡᠳᠦᠷ ᠠᠴᠠ ᠡᠮᠦᠨ᠎ᠡ 3 ᠵᠢᠯ ᠤᠨ ᠳᠣᠲᠣᠷ᠎ᠠ ᠲᠤᠰ ᠠᠷᠭ᠎ᠠ ᠶᠢᠨ ᠭᠤᠴᠢᠨ ᠭᠤᠷᠪᠠᠳᠤᠭᠠᠷ ᠵᠦᠢᠯ ᠳᠤ ᠴᠠᠭᠠᠵᠠᠯᠠᠭᠰᠠᠨ ᠦᠢᠯᠡ ᠠᠵᠢᠯᠯᠠᠭ᠎ᠠ ᠦᠭᠡᠢ᠃    ︵ ᠬᠤᠶᠠᠷ︶ ᠬᠤᠶᠠᠳᠤᠭᠠᠷ ᠳᠡᠰ ᠤᠨ ᠬᠢᠷᠢ ᠭᠡᠮ    1. ᠪᠠᠶᠢᠭᠤᠯᠤᠮᠵᠢ ᠶᠢᠨ ᠨᠡᠷᠡᠶᠢᠳᠦᠯ ᠨᠢ ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠤᠶᠤ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠯᠲᠡ ᠭᠡᠬᠦ ᠦᠰᠦᠭ ᠲᠠᠢ︔    2. ᠭᠤᠷᠪᠠᠳᠤᠭᠠᠷ ᠳᠡᠰ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ  ᠪᠠᠶᠢᠭᠤᠯᠤᠮᠵᠢ ᠶᠢᠨ ᠬᠢᠷᠢ ᠭᠡᠮ ᠢ ᠣᠯᠤᠭᠰᠠᠨ ᠤ ᠳᠠᠷᠠᠭ᠎ᠠ ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠠᠵᠢᠯᠯᠠᠭ᠎ᠠ ᠶᠢ 4 ᠵᠢᠯ ᠠᠴᠠ ᠳᠡᠭᠡᠭᠰᠢ  ᠦᠷᠭᠦᠯᠵᠢᠯᠡᠭᠦᠯᠦᠨ ᠶᠠᠪᠤᠭᠳᠠᠭᠰᠠᠨ︔    3. ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠳᠠᠩᠰᠠᠯᠠᠭᠤᠯᠤᠭᠰᠠᠨ ᠬᠥᠷᠥᠩᠭᠡ ᠠᠷᠠᠳ ᠤᠨ ᠵᠣᠭᠤᠰ ᠨᠢ 100 ᠲᠦᠮᠡᠨ ᠲᠥᠭᠦᠷᠢᠭ ᠡᠴᠠ‌‍ᠲ᠋ᠡᠭᠡᠭᠰᠢ᠂ ᠬᠤᠷᠰᠢᠭᠰᠠᠨ ᠠᠵᠤ  ᠠᠬᠤᠶᠢᠯᠠᠯ ᠤᠨ ᠭᠠᠷᠭᠠᠭᠰᠠᠨ ᠪᠡᠯᠡ ᠶᠢᠨ ᠲᠤᠭ᠎ᠠ ᠨᠢ ᠠᠷᠠᠳ ᠤᠨ ᠵᠣᠭᠤᠰ ᠢᠶᠠᠷ 60 ᠲᠦᠮᠡᠨ ᠲᠥᠭᠦᠷᠢᠭ ᠠᠴᠠ ᠳᠡᠭᠡᠭᠰᠢ︔    4. 8 ᠠᠴᠠ ᠳᠡᠭᠡᠭᠰᠢ ᠲᠤᠰᠬᠠᠢ ᠳᠠᠩᠰᠠᠯᠠᠭᠤᠯᠤᠭᠰᠠᠨ ᠭᠡᠷ ᠪᠠᠶᠢᠰᠢᠩ ᠭᠠᠵᠠᠷ ᠬᠥᠷᠥᠩᠭᠡ ᠶᠢᠨ ᠦᠨ᠎ᠡ ᠵᠢᠱᠢᠭᠴᠢ ᠪᠣᠢ᠃    5.ᠬᠢᠷᠢ ᠬᠡᠮ ᠤᠨ ᠵᠡᠷᠭᠡ ᠳᠡᠰ ᠢ ᠬᠢᠨᠠᠨ ᠲᠣᠭᠲᠠᠭᠠᠬᠤ ᠭᠤᠶᠤᠴᠢᠯᠠᠯ ᠭᠠᠷᠭᠠᠬᠤ ᠠᠴᠠ 3 ᠵᠢᠯ ᠤᠨ ᠡᠮᠦᠨ᠎ᠡ ᠳᠤᠮᠳᠠᠴᠢ ᠪᠠᠷ ᠵᠢᠯ ᠪᠦᠷᠢ 30 ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠪᠤᠶᠤ ᠭᠠᠵᠠᠷ ᠰᠢᠷᠣᠢ ᠶᠢᠨ ᠲᠠᠯᠠᠪᠠᠢ 15 ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢ  ᠪᠠᠶᠢᠬᠤ ᠬᠡᠷᠡᠭᠲᠡᠢ︔    6.ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠤᠶᠤ ᠭᠦᠢᠴᠡᠳᠬᠡᠬᠦ ᠬᠤᠷᠰᠢᠭᠴᠢ ᠪᠣᠯ ᠳᠠᠩᠰᠠᠯᠠᠭᠤᠯᠤᠭᠰᠠᠨ ᠤ ᠳᠠᠷᠠᠭ᠎ᠠ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠠᠵᠢᠯ ᠢ 3 ᠵᠢᠯ ᠠᠴᠠ ᠳᠡᠭᠡᠭᠰᠢ ᠬᠢᠭᠰᠡᠨ ᠳᠠᠩᠰᠠᠯᠠᠭᠤᠯᠤᠭᠰᠠᠨ ᠭᠡᠷ ᠪᠠᠶᠢᠰᠢᠩ ᠭᠠᠵᠠᠷ ᠬᠥᠷᠥᠩᠭᠡ ᠶᠢᠨ ᠦᠨ᠎ᠡ ᠵᠢᠱᠢᠭᠴᠢ ᠪᠣᠯᠤᠨ᠎ᠠ︔    7. ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠤᠪᠢ ᠣᠷᠣᠭᠤᠯᠤᠭᠴᠢ ᠶᠢᠨ ᠳᠣᠲᠣᠷ᠎ᠠ 3 ᠠᠴᠠ ᠳᠡᠭᠡᠭᠰᠢ  ᠂ ᠬᠤᠷᠰᠢᠭᠰᠠᠨ ᠠᠵᠤ ᠠᠬᠤᠶᠢᠯᠠᠯ ᠤᠨ ᠬᠤᠷᠰᠢᠭᠴᠢ ᠶᠢᠨ ᠳᠣᠲᠣᠷ᠎ᠠ 2 ᠠᠴᠠ ᠳᠡᠭᠡᠭᠰᠢ ᠲᠤᠰᠬᠠᠢ ᠭᠡᠷ ᠪᠠᠶᠢᠰᠢᠩ ᠭᠠᠵᠠᠷ ᠬᠥᠷᠥᠩᠭᠡ ᠶᠢᠨ ᠦᠨ᠎ᠡ ᠵᠢᠱᠢᠭᠴᠢ ᠶᠢᠨ ᠬᠤᠪᠢ ᠣᠷᠣᠭᠤᠯᠤᠭᠴᠢ ᠪᠤᠶᠤ ᠬᠤᠷᠰᠢᠭᠴᠢ ᠶᠢᠨ ᠳᠣᠲᠣᠷᠠᠬᠢ ᠬᠠᠭᠠᠰ ᠨᠢ ᠳᠠᠩᠰᠠᠯᠠᠭᠤᠯᠤᠭᠰᠠᠨ ᠤ ᠳᠠᠷᠠᠭ᠎ᠠ ᠭᠡᠷ ᠪᠠᠶᠢᠰᠢᠩ ᠭᠠᠵᠠᠷ ᠬᠥᠷᠥᠩᠭᠡ ᠵᠢᠨ‌ᠦᠨᠡᠯᠡᠨ ᠵᠢᠱᠢᠬᠦ ᠠᠵᠢᠯ ᠢ 3 ᠵᠢᠯ ᠠᠴᠠ ᠳᠡᠭᠡᠭᠰᠢ ᠬᠢᠭᠰᠡᠨ ᠲᠤᠰᠬᠠᠢ ᠲᠤᠰᠢᠶᠠᠯ ᠤᠨ ᠳᠠᠩᠰᠠᠯᠠᠭᠤᠯᠤᠭᠰᠠᠨ ᠭᠡᠷ ᠪᠠᠶᠢᠰᠢᠩ ᠭᠠᠵᠠᠷ ᠬᠥᠷᠥᠩᠭᠡ ᠶᠢᠨ ᠦᠨ᠎ᠡ ᠵᠢᠱᠢᠭᠴᠢ︔    8.ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠤᠪᠢ ᠣᠷᠣᠭᠤᠯᠤᠯᠲᠠ ᠪᠤᠶᠤ ᠬᠤᠷᠰᠢᠭᠰᠠᠨ ᠠᠵᠤ  ᠠᠬᠤᠶᠢᠯᠠᠯ ᠤᠨ ᠪᠡᠯᠡ ᠭᠠᠷᠭᠠᠭᠰᠠᠨ ᠲᠤᠭ᠎ᠠ ᠳᠣᠲᠣᠷᠠᠬᠢ ᠲᠤᠰᠬᠠᠢ ᠳᠠᠩᠰᠠᠯᠠᠭᠤᠯᠤᠭᠰᠠᠨ ᠭᠡᠷ ᠪᠠᠶᠢᠰᠢᠩ ᠭᠠᠵᠠᠷ ᠬᠥᠷᠥᠩᠭᠡ ᠵᠢᠨ‌ᠦᠨ᠎ᠡ ᠵᠢᠱᠢᠭᠴᠢ ᠶᠢᠨ ᠬᠤᠪᠢ ᠣᠷᠣᠭᠤᠯᠤᠯᠲᠠ ᠪᠤᠶᠤ ᠪᠡᠯᠡ ᠭᠠᠷᠭᠠᠭᠰᠠᠨ ᠲᠤᠭ᠎ᠠ ᠨᠢ  ᠨᠡᠶᠢᠲᠡ 60% ᠠᠴᠠ ᠳᠣᠣᠷ᠎ᠠ ᠦᠭᠡᠢ︔    9.  ᠡᠵᠡᠩᠨᠡᠯᠲᠡ ᠦᠢᠯᠡᠴᠢᠯᠡᠭᠡᠨ ᠤ ᠲᠣᠭᠲᠠᠮᠠᠯ ᠭᠠᠵᠠᠷ ᠲᠠᠢ︔    10. ᠦᠨᠡᠯᠡᠨ ᠵᠢᠱᠢᠬᠦ ᠶᠢᠨ ᠶᠠᠰᠤ ᠴᠢᠨᠠᠷ ᠤᠨ ᠬᠠᠮᠢᠶᠠᠷᠤᠯᠲᠠ᠂ ᠦᠨᠡᠯᠡᠨ ᠵᠢᠱᠢᠬᠦ ᠶᠢᠨ ᠳᠠᠩᠰᠠ ᠡᠪᠬᠡᠮᠡᠯ ᠤᠨ ᠬᠠᠮᠢᠶᠠᠷᠤᠯᠲᠠ᠂ ᠡᠳ᠋ ᠤᠨ ᠶᠠᠪᠤᠳᠠᠯ ᠤᠨ ᠬᠠᠮᠢᠶᠠᠷᠤᠯᠲᠠ ᠵᠡᠷᠭᠡ ᠡᠯ᠎ᠡ ᠲᠥᠷᠥᠯ ᠤᠨ ᠠᠵᠤ ᠠᠬᠤᠶᠢᠯᠠᠯ ᠤᠨ ᠳᠣᠲᠣᠭᠠᠳᠤ ᠶᠢᠨ ᠬᠠᠮᠢᠶᠠᠷᠤᠯᠲᠠ ᠶᠢᠨ ᠳᠦᠷᠢᠮ ᠲᠡᠭᠦᠯᠳᠡᠷ ᠪᠠᠶᠢᠬᠤ ᠬᠡᠷᠡᠭᠲᠡᠢ︔    11. ᠲᠠᠰᠢᠷᠠᠮ ᠢᠶᠠᠷ ᠰᠤᠭᠤᠴᠢᠨ ᠪᠠᠶᠢᠴᠠᠭᠠᠭᠰᠠᠨ1 ᠬᠤᠪᠢ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠮᠡᠳᠡᠭᠦᠯᠦᠯᠲᠡ ᠨᠢ ︽ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠵᠢᠷᠤᠮᠵᠢᠯ︾ ᠤᠨ ᠱᠠᠭᠠᠷᠳᠠᠯᠭ᠎ᠠ ᠳᠤ ᠨᠡᠶᠢᠴᠡᠨ᠎ᠡ︔    12. ᠬᠢᠷᠢ ᠭᠡᠮ ᠤᠨ ᠵᠡᠷᠭᠡ ᠳᠡᠰ ᠢ ᠬᠢᠨᠠᠨ ᠲᠣᠭᠲᠠᠭᠠᠯᠭᠠᠬᠤ ᠪᠠᠷ ᠭᠤᠶᠤᠴᠢᠯᠠᠭᠰᠠᠨ ᠡᠳᠦᠷ ᠠᠴᠠ ᠡᠮᠦᠨ᠎ᠡ 3 ᠵᠢᠯ ᠤᠨ ᠳᠣᠲᠣᠷ᠎ᠠ ᠲᠤᠰ ᠠᠷᠭ᠎ᠠ ᠶᠢᠨ ᠭᠤᠴᠢᠨ ᠭᠤᠷᠪᠠᠳᠤᠭᠠᠷ ᠵᠦᠢᠯ ᠳᠤ ᠴᠠᠭᠠᠵᠠᠯᠠᠭᠰᠠᠨ ᠦᠢᠯᠡ ᠠᠵᠢᠯᠯᠠᠭ᠎ᠠ ᠦᠭᠡᠢ᠃    ︵ ᠭᠤᠷᠪᠠ︶ ᠭᠤᠷᠪᠠᠳᠤᠭᠠᠷ ᠳᠡᠰ ᠤᠨ ᠬᠢᠷᠢ ᠭᠡᠮ    1.ᠪᠠᠶᠢᠭᠤᠯᠤᠮᠵᠢ ᠶᠢᠨ ᠨᠡᠷᠡᠶᠢᠳᠦᠯ ᠨᠢ ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠤᠶᠤ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠯᠲᠡ ᠭᠡᠬᠦ ᠦᠰᠦᠭ ᠲᠠᠢ︔    2. ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠳᠠᠩᠰᠠᠯᠠᠭᠤᠯᠤᠭᠰᠠᠨ ᠬᠥᠷᠥᠩᠭᠡ ᠠᠷᠠᠳ ᠤᠨ ᠵᠣᠭᠤᠰ ᠢᠶᠠᠷ 50 ᠲᠦᠮᠡᠨ ᠲᠥᠭᠦᠷᠢᠭ ᠡᠴᠠ‌‍ᠲ᠋ᠡᠭᠡᠭᠰᠢ᠂ ᠬᠤᠷᠰᠢᠭᠰᠠᠨ ᠠᠵᠤ ᠠᠬᠤᠶᠢᠯᠠᠯ ᠤᠨ ᠭᠠᠷᠭᠠᠭᠰᠠᠨ ᠪᠡᠯᠡ ᠶᠢᠨ ᠲᠤᠭ᠎ᠠ ᠨᠢ ᠠᠷᠠᠳ ᠤᠨ ᠵᠣᠭᠤᠰ ᠢᠶᠠᠷ 30 ᠲᠦᠮᠡᠨ ᠲᠥᠭᠦᠷᠢᠭ ᠠᠴᠠ ᠳᠡᠭᠡᠭᠰᠢ︔    3. 3 ᠠᠴᠠ ᠳᠡᠭᠡᠭᠰᠢ ᠲᠤᠰᠬᠠᠢ ᠳᠠᠩᠰᠠᠯᠠᠭᠤᠯᠤᠭᠰᠠᠨ ᠭᠡᠷ ᠪᠠᠶᠢᠰᠢᠩ ᠭᠠᠵᠠᠷ ᠬᠥᠷᠥᠩᠭᠡ ᠶᠢᠨ ᠦᠨ᠎ᠡ ᠵᠢᠱᠢᠭᠴᠢ ᠪᠣᠢ᠃    4.ᠲᠦᠷ ᠴᠠᠭ ᠲᠣᠭᠲᠠᠭᠠᠭᠰᠠᠨ ᠬᠤᠭᠤᠴᠠᠭᠠᠨ ᠳᠣᠲᠣᠷ᠎ᠠ ᠦᠨᠡᠯᠡᠨ ᠵᠢᠱᠢᠬᠦ ᠬᠠᠷᠠᠯᠲᠠ ᠡᠳ᠋ ᠤᠨ ᠪᠠᠷᠢᠯᠭ᠎ᠠ ᠶᠢᠨ ᠲᠠᠯᠠᠪᠠᠢ ᠶᠢ 8 ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠪᠤᠶᠤ ᠭᠠᠵᠠᠷ ᠰᠢᠷᠣᠢ ᠶᠢᠨ ᠲᠠᠯᠠᠪᠠᠢ ᠶᠢ 3 ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠪᠡᠶᠡᠯᠡᠭᠦᠯᠬᠦ ᠬᠡᠷᠡᠭᠲᠡᠢ︔    5. ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠤᠶᠤ ᠭᠦᠢᠴᠡᠳᠬᠡᠬᠦ ᠬᠤᠷᠰᠢᠭᠴᠢ ᠪᠣᠯ ᠳᠠᠩᠰᠠᠯᠠᠭᠤᠯᠤᠭᠰᠠᠨ ᠤ ᠳᠠᠷᠠᠭ᠎ᠠ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠠᠵᠢᠯ ᠢ 3 ᠵᠢᠯ ᠠᠴᠠ ᠳᠡᠭᠡᠭᠰᠢ ᠬᠢᠭᠰᠡᠨ ᠳᠠᠩᠰᠠᠯᠠᠭᠤᠯᠤᠭᠰᠠᠨ ᠭᠡᠷ ᠪᠠᠶᠢᠰᠢᠩ ᠭᠠᠵᠠᠷ ᠬᠥᠷᠥᠩᠭᠡ ᠶᠢᠨ ᠦᠨ᠎ᠡ ᠵᠢᠱᠢᠭᠴᠢ ᠪᠣᠯᠤᠨ᠎ᠠ︔    6.ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠤᠪᠢ ᠣᠷᠣᠭᠤᠯᠤᠭᠴᠢ ᠶᠢᠨ ᠳᠣᠲᠣᠷ᠎ᠠ 2 ᠠᠴᠠ ᠳᠡᠭᠡᠭᠰᠢ  ᠂ ᠬᠤᠷᠰᠢᠭᠰᠠᠨ ᠠᠵᠤ ᠠᠬᠤᠶᠢᠯᠠᠯ ᠤᠨ ᠬᠤᠷᠰᠢᠭᠴᠢ ᠶᠢᠨ ᠳᠣᠲᠣᠷ᠎ᠠ 2 ᠠᠴᠠ ᠳᠡᠭᠡᠭᠰᠢ ᠲᠤᠰᠬᠠᠢ ᠭᠡᠷ ᠪᠠᠶᠢᠰᠢᠩ ᠭᠠᠵᠠᠷ ᠬᠥᠷᠥᠩᠭᠡ ᠶᠢᠨ ᠦᠨ᠎ᠡ ᠵᠢᠱᠢᠭᠴᠢ ᠶᠢᠨ ᠬᠤᠪᠢ ᠣᠷᠣᠭᠤᠯᠤᠭᠴᠢ ᠪᠤᠶᠤ ᠬᠤᠷᠰᠢᠭᠴᠢ ᠶᠢᠨ ᠳᠣᠲᠣᠷᠠᠬᠢ ᠬᠠᠭᠠᠰ ᠨᠢ ᠳᠠᠩᠰᠠᠯᠠᠭᠤᠯᠤᠭᠰᠠᠨ ᠤ ᠳᠠᠷᠠᠭ᠎ᠠ ᠭᠡᠷ ᠪᠠᠶᠢᠰᠢᠩ ᠭᠠᠵᠠᠷ ᠬᠥᠷᠥᠩᠭᠡ ᠵᠢᠨ‌ᠦᠨᠡᠯᠡᠨ ᠵᠢᠱᠢᠬᠦ ᠠᠵᠢᠯ ᠢ 3 ᠵᠢᠯ ᠠᠴᠠ ᠳᠡᠭᠡᠭᠰᠢ ᠬᠢᠭᠰᠡᠨ ᠲᠤᠰᠬᠠᠢ ᠲᠤᠰᠢᠶᠠᠯ ᠤᠨ ᠳᠠᠩᠰᠠᠯᠠᠭᠤᠯᠤᠭᠰᠠᠨ ᠭᠡᠷ ᠪᠠᠶᠢᠰᠢᠩ ᠭᠠᠵᠠᠷ ᠬᠥᠷᠥᠩᠭᠡ ᠶᠢᠨ ᠦᠨ᠎ᠡ ᠵᠢᠱᠢᠭᠴᠢ︔    7.ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠤᠪᠢ ᠣᠷᠣᠭᠤᠯᠤᠯᠲᠠ ᠪᠤᠶᠤ ᠬᠤᠷᠰᠢᠭᠰᠠᠨ ᠠᠵᠤ  ᠠᠬᠤᠶᠢᠯᠠᠯ ᠤᠨ ᠪᠡᠯᠡ ᠭᠠᠷᠭᠠᠭᠰᠠᠨ ᠲᠤᠭ᠎ᠠ ᠳᠣᠲᠣᠷᠠᠬᠢ ᠲᠤᠰᠬᠠᠢ ᠳᠠᠩᠰᠠᠯᠠᠭᠤᠯᠤᠭᠰᠠᠨ ᠭᠡᠷ ᠪᠠᠶᠢᠰᠢᠩ ᠭᠠᠵᠠᠷ ᠬᠥᠷᠥᠩᠭᠡ ᠵᠢᠨ‌ᠦᠨ᠎ᠡ ᠵᠢᠱᠢᠭᠴᠢ ᠶᠢᠨ ᠬᠤᠪᠢ ᠣᠷᠣᠭᠤᠯᠤᠯᠲᠠ ᠪᠤᠶᠤ ᠪᠡᠯᠡ ᠭᠠᠷᠭᠠᠭᠰᠠᠨ ᠲᠤᠭ᠎ᠠ ᠨᠢ  ᠨᠡᠶᠢᠲᠡ 60% ᠠᠴᠠ ᠳᠣᠣᠷ᠎ᠠ ᠦᠭᠡᠢ︔    8. ᠡᠵᠡᠩᠨᠡᠯᠲᠡ ᠦᠢᠯᠡᠴᠢᠯᠡᠭᠡᠨ ᠤ ᠲᠣᠭᠲᠠᠮᠠᠯ ᠭᠠᠵᠠᠷ ᠲᠠᠢ︔    9. ᠦᠨᠡᠯᠡᠨ ᠵᠢᠱᠢᠬᠦ ᠶᠢᠨ ᠶᠠᠰᠤ ᠴᠢᠨᠠᠷ ᠤᠨ ᠬᠠᠮᠢᠶᠠᠷᠤᠯᠲᠠ᠂ ᠦᠨᠡᠯᠡᠨ ᠵᠢᠱᠢᠬᠦ ᠶᠢᠨ ᠳᠠᠩᠰᠠ ᠡᠪᠬᠡᠮᠡᠯ ᠤᠨ ᠬᠠᠮᠢᠶᠠᠷᠤᠯᠲᠠ᠂ ᠡᠳ᠋ ᠤᠨ ᠶᠠᠪᠤᠳᠠᠯ ᠤᠨ ᠬᠠᠮᠢᠶᠠᠷᠤᠯᠲᠠ ᠵᠡᠷᠭᠡ ᠡᠯ᠎ᠡ ᠲᠥᠷᠥᠯ ᠤᠨ ᠠᠵᠤ ᠠᠬᠤᠶᠢᠯᠠᠯ ᠤᠨ ᠳᠣᠲᠣᠭᠠᠳᠤ ᠶᠢᠨ ᠬᠠᠮᠢᠶᠠᠷᠤᠯᠲᠠ ᠶᠢᠨ ᠳᠦᠷᠢᠮ ᠲᠡᠭᠦᠯᠳᠡᠷ ᠪᠠᠶᠢᠬᠤ ᠬᠡᠷᠡᠭᠲᠡᠢ︔    10. ᠲᠠᠰᠢᠷᠠᠮ ᠢᠶᠠᠷ ᠰᠤᠭᠤᠴᠢᠨ ᠪᠠᠶᠢᠴᠠᠭᠠᠭᠰᠠᠨ1 ᠬᠤᠪᠢ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠮᠡᠳᠡᠭᠦᠯᠦᠯᠲᠡ ᠨᠢ ︽ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠵᠢᠷᠤᠮᠵᠢᠯ︾ ᠤᠨ ᠱᠠᠭᠠᠷᠳᠠᠯᠭ᠎ᠠ ᠳᠤ ᠨᠡᠶᠢᠴᠡᠨ᠎ᠡ︔    11. ᠬᠢᠷᠢ ᠭᠡᠮ ᠤᠨ ᠵᠡᠷᠭᠡ ᠳᠡᠰ ᠢ ᠬᠢᠨᠠᠨ ᠲᠣᠭᠲᠠᠭᠠᠯᠭᠠᠬᠤ ᠪᠠᠷ ᠭᠤᠶᠤᠴᠢᠯᠠᠭᠰᠠᠨ ᠡᠳᠦᠷ ᠠᠴᠠ ᠡᠮᠦᠨ᠎ᠡ 3 ᠵᠢᠯ ᠤᠨ ᠳᠣᠲᠣᠷ᠎ᠠ ᠲᠤᠰ ᠠᠷᠭ᠎ᠠ ᠶᠢᠨ ᠭᠤᠴᠢᠨ ᠭᠤᠷᠪᠠᠳᠤᠭᠠᠷ ᠵᠦᠢᠯ ᠳᠤ ᠴᠠᠭᠠᠵᠠᠯᠠᠭᠰᠠᠨ ᠦᠢᠯᠡ ᠠᠵᠢᠯᠯᠠᠭ᠎ᠠ ᠦᠭᠡᠢ᠃    ᠠᠷᠪᠠᠨ ᠨᠢᠭᠡᠳᠦᠭᠡᠷ ᠵᠣᠷᠪᠣᠰ  ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠪᠠᠶᠢᠭᠤᠯᠤᠮᠵᠢ ᠶᠢᠨ ᠬᠢᠷᠢ  ᠬᠡᠮ ᠤᠨ ᠵᠡᠷᠭᠡ ᠳᠡᠰ ᠢ ᠬᠢᠨᠠᠨ ᠲᠣᠭᠲᠠᠭᠠᠬᠤ ᠪᠠᠷ ᠭᠤᠶᠤᠴᠢᠯᠠᠬᠤ ᠳᠤ ᠬᠢᠷᠢ ᠬᠡᠮ ᠤᠨ ᠵᠡᠷᠭᠡ ᠳᠡᠰ ᠢ ᠨᠢ ᠳᠣᠣᠷ᠎ᠠ ᠵᠢᠭᠰᠠᠭᠠᠭᠰᠠᠨ ᠪᠢᠴᠢᠭ ᠮᠠᠲ᠋ᠧᠷᠢᠶᠠᠯ ᠤᠳ ᠢ ᠦᠨᠡᠨ ᠮᠥᠨ ᠢᠶᠠᠷ ᠨᠢ ᠲᠤᠰᠢᠶᠠᠬᠤ ᠬᠡᠷᠡᠭᠲᠡᠢ  ᠄    ︵ᠨᠢᠭᠡ︶ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠪᠠᠶᠢᠭᠤᠯᠤᠮᠵᠢ ᠶᠢᠨ ᠬᠢᠷᠢ ᠭᠡᠮ ᠤᠨ ᠵᠡᠷᠭᠡ ᠳᠡᠰ ᠤᠨ ᠭᠤᠶᠤᠴᠢᠯᠠᠯ ᠤᠨ ᠬᠦᠰᠦᠨᠦᠭᠲᠦ  ︵ᠨᠢᠭᠡ ᠬᠡᠯᠪᠡᠷᠢ ᠶᠢᠨ ᠬᠤᠶᠠᠷ ᠬᠤᠪᠢ᠂ ᠳᠡᠭᠡᠷ᠎ᠡ ᠨᠢ ᠮᠡᠳᠡᠭᠦᠯᠬᠦ ᠪᠠᠶᠢᠭᠤᠯᠤᠮᠵᠢ ᠶᠢᠨ ᠠᠯᠪᠠᠨ ᠲᠠᠮᠠᠭ᠎ᠠ ᠳᠠᠷᠤᠨ᠎ᠠ︶︔    ︵ᠬᠤᠶᠠᠷ︶ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠪᠠᠶᠢᠭᠤᠯᠤᠮᠵᠢ ᠶᠢᠨ ᠬᠢᠷᠢ ᠭᠡᠮ ᠤᠨ ᠦᠨᠡᠮᠯᠡᠯ ᠤᠨ  ᠵᠢᠩᠬᠢᠨᠢ  ᠳᠡᠪᠲᠡᠷ ᠤᠨ  ᠳᠠᠷᠤᠮᠠᠯᠯᠠᠭᠰᠠᠨ ᠳᠡᠪᠲᠡᠷ  ᠂ ᠬᠠᠭᠤᠯᠪᠤᠷᠢ ᠳᠡᠪᠲᠡᠷ ᠤᠨ ᠤᠭ ᠳᠡᠪᠲᠡᠷ︔    ︵ᠭᠤᠷᠪᠠ︶ ᠡᠵᠡᠩᠨᠡᠯᠲᠡ ᠶᠢᠨ ᠦᠨᠡᠮᠯᠡᠯ ᠵᠢᠩᠬᠢᠨᠢ᠂ ᠬᠠᠭᠤᠯᠪᠤᠷᠢ ᠳᠡᠪᠲᠡᠷ ᠤᠨ ᠳᠠᠷᠤᠮᠠᠯᠯᠠᠭᠰᠠᠨ ᠳᠡᠪᠲᠡᠷ ︵ᠮᠡᠳᠡᠭᠦᠯᠬᠦ ᠪᠠᠶᠢᠭᠤᠯᠤᠮᠵᠢ ᠶᠢᠨ ᠠᠯᠪᠠᠨ ᠲᠠᠮᠠᠭ᠎ᠠ ᠳᠠᠷᠤᠨ᠎ᠠ︶︔    ︵ᠳᠥᠷᠪᠡ︶ ᠪᠡᠯᠡ ᠭᠠᠷᠭᠠᠭᠰᠠᠨ ᠦᠨᠡᠮᠯᠡᠯ ‍ᠤᠨ‌‍ᠲ᠋ᠠᠷᠤᠮᠠᠯᠯᠠᠭᠰᠠᠨ ᠳᠡᠪᠲᠡᠷ ︵ᠮᠡᠳᠡᠭᠦᠯᠬᠦ ᠪᠠᠶᠢᠭᠤᠯᠤᠮᠵᠢ ᠶᠢᠨ ᠠᠯᠪᠠᠨ ᠲᠠᠮᠠᠭ᠎ᠠ ᠳᠠᠷᠤᠨ᠎ᠠ︶︔    ︵ᠲᠠᠪᠤ︶ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠤᠶᠤ ᠬᠤᠷᠰᠢᠭᠴᠢ ᠳᠤ ᠲᠤᠰᠢᠶᠠᠯ ᠡᠭᠦᠷᠭᠡᠯᠡᠬᠦ ᠪᠢᠴᠢᠭ ᠮᠠᠲ᠋ᠧᠷᠢᠶᠠᠯ ᠤᠨ  ᠳᠠᠷᠤᠮᠠᠯᠯᠠᠭᠰᠠᠨ ᠳᠡᠪᠲᠡᠷ ︵ᠮᠡᠳᠡᠭᠦᠯᠬᠦ ᠪᠠᠶᠢᠭᠤᠯᠤᠮᠵᠢ ᠶᠢᠨ ᠠᠯᠪᠠᠨ ᠲᠠᠮᠠᠭ᠎ᠠ ᠳᠠᠷᠤᠨ᠎ᠠ︶︔    ︵ᠵᠢᠷᠭᠤᠭ᠎ᠠ︶  ᠲᠤᠰᠬᠠᠢ ᠳᠠᠩᠰᠠᠯᠠᠭᠤᠯᠤᠭᠰᠠᠨ ᠭᠡᠷ ᠪᠠᠶᠢᠰᠢᠩ ᠭᠠᠵᠠᠷ ᠬᠥᠷᠥᠩᠭᠡ ᠶᠢᠨ ᠦᠨ᠎ᠡ ᠵᠢᠱᠢᠭᠴᠢ ᠶᠢᠨ ᠭᠡᠷᠡᠴᠢ︔    ︵ᠳᠤᠯᠤᠭ᠎ᠠ  ︶ ᠦᠢᠯᠡᠴᠢᠯᠡᠭᠡᠨ ᠤ ᠲᠣᠭᠲᠠᠮᠠᠯ ᠭᠠᠵᠠᠷ ᠤᠨ ᠭᠡᠷᠡᠴᠢ︔    ︵ᠨᠠᠢᠮᠠ︶  ᠠᠵᠤ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠠᠩᠰᠠᠯᠠᠭᠤᠯᠤᠭᠰᠠᠨ ᠺᠤᠮᠫᠠᠨᠢ ᠶᠢᠨ ᠳᠦᠷᠢᠮ ᠪᠤᠶᠤ ᠬᠤᠷᠰᠢᠬᠤ ᠬᠡᠯᠡᠯᠴᠡᠭᠡᠷ ᠤᠨ ᠳᠠᠷᠤᠮᠠᠯᠯᠠᠭᠰᠠᠨ ᠳᠡᠪᠲᠡᠷ  ︵ᠮᠡᠳᠡᠭᠦᠯᠬᠦ ᠪᠠᠶᠢᠭᠤᠯᠤᠮᠵᠢ ᠶᠢᠨ ᠠᠯᠪᠠᠨ ᠲᠠᠮᠠᠭ᠎ᠠ ᠳᠠᠷᠤᠨ᠎ᠠ︶ᠦᠨᠡᠯᠡᠨ ᠵᠢᠱᠢᠬᠦ ᠶᠢᠨ ᠶᠠᠰᠤ ᠴᠢᠨᠠᠷ ᠤᠨ ᠬᠠᠮᠢᠶᠠᠷᠤᠯᠲᠠ᠂ ᠦᠨᠡᠯᠡᠨ ᠵᠢᠱᠢᠬᠦ ᠶᠢᠨ ᠳᠠᠩᠰᠠ ᠡᠪᠬᠡᠮᠡᠯ ᠤᠨ ᠬᠠᠮᠢᠶᠠᠷᠤᠯᠲᠠ᠂ ᠡᠳ᠋ ᠤᠨ ᠶᠠᠪᠤᠳᠠᠯ ᠤᠨ ᠬᠠᠮᠢᠶᠠᠷᠤᠯᠲᠠ ᠵᠡᠷᠭᠡ ᠠᠵᠤ ᠠᠬᠤᠶᠢᠯᠠᠯ ᠤᠨ ᠳᠣᠲᠣᠭᠠᠳᠤ ᠶᠢᠨ ᠬᠠᠮᠢᠶᠠᠷᠤᠯᠲᠠ ᠶᠢᠨ ᠳᠦᠷᠢᠮ ᠤᠨ ᠪᠢᠴᠢᠭ ᠮᠠᠲ᠋ᠧᠷᠢᠶᠠᠯ᠂ ᠮᠡᠳᠡᠭᠦᠯᠬᠦ ᠪᠠᠶᠢᠭᠤᠯᠤᠮᠵᠢ ᠶᠢᠨ ᠢᠲᠡᠭᠡᠮᠵᠢ ᠶᠢᠨ ᠳᠠᠩᠰᠠ ᠡᠪᠬᠡᠮᠡᠯ ᠤᠨ ᠮᠡᠳᠡᠭᠡ ᠵᠠᠩᠭᠢ ᠶᠢ  ᠪᠠᠭᠲᠠᠭᠠᠨ᠎ᠠ︔    ︵ᠶᠢᠰᠦ︶ ᠲᠠᠰᠢᠷᠠᠮ ᠢᠶᠠᠷ ᠰᠤᠭᠤᠴᠢᠨ ᠪᠠᠶᠢᠴᠠᠭᠠᠭᠰᠠᠨ ᠬᠢᠷᠢ ᠭᠡᠮ ᠤᠨ ᠳᠡᠰ ᠢ ᠨᠢ ᠬᠢᠨᠠᠨ ᠲᠣᠭᠲᠠᠭᠠᠯᠭᠠᠬᠤ ᠪᠠᠷ ᠭᠤᠶᠤᠴᠢᠯᠠᠭᠰᠠᠨ ᠡᠳᠦᠷ ᠠᠴᠠ ᠡᠮᠦᠨ᠎ᠡ 3 ᠵᠢᠯ ᠤᠨ ᠳᠣᠲᠣᠷ᠎ᠠ ᠮᠡᠳᠡᠭᠦᠯᠦᠭᠰᠡᠨ ᠪᠠᠶᠢᠭᠤᠯᠤᠮᠵᠢ ᠶᠢᠨ ᠪᠡᠶᠡᠯᠡᠭᠦᠯᠦᠭᠰᠡᠨ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠮᠡᠳᠡᠭᠦᠯᠦᠯᠲᠡ  ᠶᠢᠨ ᠬᠠᠭᠤᠯᠪᠤᠷᠢ ︵ᠨᠢᠭᠡ ᠬᠡᠯᠪᠡᠷᠢ ᠶᠢᠨ ᠬᠤᠶᠠᠷ ᠬᠤᠪᠢ  ᠂ ᠳᠡᠭᠡᠷ᠎ᠡ ᠮᠡᠳᠡᠭᠦᠯᠬᠦ ᠪᠠᠶᠢᠭᠤᠯᠤᠮᠵᠢ ᠶᠢᠨ ᠠᠯᠪᠠᠨ ᠲᠠᠮᠠᠭ᠎ᠠ ᠳᠠᠷᠤᠬᠤ ᠬᠡᠷᠡᠭᠲᠡᠢ︶︔    ᠭᠤᠶᠤᠴᠢᠯᠠᠭᠴᠢ ᠠᠴᠠ ᠲᠤᠰᠢᠶᠠᠭᠰᠠᠨ ᠭᠤᠶᠤᠴᠢᠯᠠᠬᠤ ᠮᠠᠲ᠋ᠧᠷᠢᠶᠠᠯ ᠤᠨ ᠮᠥᠨ ᠴᠢᠨᠠᠷ ᠤᠨ ᠠᠭᠤᠯᠭ᠎ᠠ ᠶᠢᠨ ᠦᠨᠡᠨ ᠪᠣᠳᠠᠲᠤ ᠴᠢᠨᠠᠷ ᠲᠤ ᠬᠠᠷᠢᠭᠤᠴᠠᠬᠤ ᠬᠡᠷᠡᠭᠲᠡᠢ᠃ᠠᠷᠪᠠᠨ ᠬᠤᠶᠠᠳᠤᠭᠠᠷ ᠵᠣᠷᠪᠣᠰ  ᠰᠢᠨ᠎ᠡ ᠪᠠᠷ ᠪᠠᠶᠢᠭᠤᠯᠤᠭᠰᠠᠨ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠠᠴᠠ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠪᠠᠶᠢᠭᠤᠯᠤᠮᠵᠢ ᠶᠢᠨ ᠬᠢᠷᠢ ᠭᠡᠮ ᠢ ᠭᠤᠶᠤᠴᠢᠯᠠᠬᠤ ᠳᠤ ᠠᠷᠪᠠᠨ ᠨᠢᠭᠡᠳᠦᠭᠡᠷ ᠵᠤᠷᠪᠤᠰ ᠤᠨ ᠨᠢᠭᠡᠳᠦᠭᠡᠷ᠂ ᠭᠤᠷᠪᠠᠳᠤᠭᠠᠷ ᠠᠴᠠ ᠨᠠᠢᠮᠠᠳᠤᠭᠠᠷ ᠵᠦᠢᠯ ᠤᠨ ᠪᠢᠴᠢᠭ ᠮᠠᠲ᠋ᠧᠷᠢᠶᠠᠯ ᠢ ᠬᠠᠩᠭᠠᠬᠤ ᠬᠡᠷᠡᠭᠲᠡᠢ᠃    ᠰᠢᠨ᠎ᠡ ᠪᠠᠷ ᠪᠠᠶᠢᠭᠤᠯᠤᠭᠰᠠᠨ‌ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠪᠠᠶᠢᠭᠤᠯᠤᠮᠵᠢ ᠶᠢᠨ ᠬᠢᠷᠢ ᠬᠡᠮ ᠤᠨ ᠵᠡᠷᠭᠡ ᠳᠡᠰ ᠢ ᠭᠤᠷᠪᠠᠳᠤᠭᠠᠷ ᠳᠡᠰ  ᠤᠨ ᠬᠢᠷᠢ ᠬᠡᠮ ᠢᠶᠠᠷ ᠬᠢᠨᠠᠨ ᠲᠣᠭᠲᠠᠭᠠᠵᠤ᠂1 ᠵᠢᠯ ᠲᠦᠷ ᠴᠠᠭ ᠲᠣᠭᠲᠠᠭᠠᠭᠰᠠᠨ ᠬᠤᠭᠤᠴᠠᠭ᠎ᠠ ᠲᠠᠢ᠃    ᠠᠷᠪᠠᠨ ᠭᠤᠷᠪᠠᠳᠤᠭᠠᠷ ᠵᠣᠷᠪᠣᠰ  ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠶᠢᠨ ᠬᠢᠷᠢ ᠭᠡᠮ ᠢ ᠬᠢᠨᠠᠨ ᠵᠥᠪᠰᠢᠶᠡᠷᠡᠬᠦ ᠶᠠᠪᠤᠴᠠ ᠳᠠᠬᠢ ᠭᠡᠷ ᠪᠠᠶᠢᠰᠢᠩ ᠭᠠᠵᠠᠷ ᠬᠥᠷᠥᠩᠭᠡ ᠵᠢᠨ‌ᠦᠨᠡᠯᠡᠨ ᠵᠢᠱᠢᠬᠦ ᠮᠡᠳᠡᠭᠦᠯᠦᠯᠲᠡ ᠶᠢ ᠰᠤᠭᠤᠴᠢᠨ ᠪᠠᠶᠢᠴᠠᠭᠠᠯᠲᠠ ᠶᠢᠨ ᠪᠦᠬᠦ ᠤᠯᠤᠰ ᠤᠨ ᠪᠠᠷᠢᠮᠵᠢᠶ᠎ᠠ ᠶᠢ ᠬᠡᠷᠡᠭᠵᠢᠭᠦᠯᠦᠨ᠎ᠡ᠃    ᠠᠷᠪᠠᠨ ᠳᠥᠷᠪᠡᠳᠦᠭᠡᠷ ᠵᠣᠷᠪᠣᠰ  ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠪᠠᠶᠢᠭᠤᠯᠤᠮᠵᠢ ᠠᠴᠠ ᠬᠢᠷᠢ ᠭᠡᠮ ᠢ ᠬᠢᠨᠠᠨ ᠲᠣᠭᠲᠠᠭᠠᠬᠤ ᠪᠠᠷ ᠭᠤᠶᠤᠴᠢᠯᠠᠬᠤ ᠳᠤ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠯ ᠢᠶᠠᠨ ᠳᠤᠷᠠᠳᠬᠤ ᠶᠢᠨ ᠬᠠᠮᠲᠤ ᠲᠤᠰ ᠠᠷᠭ᠎ᠠ ᠶᠢᠨ ᠠᠷᠪᠠᠨ ᠨᠢᠭᠡᠳᠦᠭᠡᠷ ᠵᠣᠷᠪᠣᠰ ᠲᠤ ᠲᠣᠭᠲᠠᠭᠠᠭᠰᠠᠨ ᠮᠠᠲ᠋ᠧᠷᠢᠶᠠᠯ ᠢᠶᠠᠨ ᠲᠤᠰᠢᠶᠠᠬᠤ ᠬᠡᠷᠡᠭᠲᠡᠢ᠃    ᠲᠣᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠭᠤᠶᠤᠴᠢᠯᠠᠯ ᠢ ᠬᠦᠯᠢᠶᠡᠨ ᠠᠪᠤᠭᠰᠠᠨ ᠡᠳᠦᠷ ᠠᠴᠠ ᠡᠬᠢᠯᠡᠨ 20 ᠡᠳᠦᠷ ᠤᠨ ᠳᠣᠲᠣᠷ᠎ᠠ ᠬᠢᠨᠠᠨ ᠪᠠᠶᠢᠴᠠᠭᠠᠵᠤ ᠳᠠᠭᠤᠰᠬᠠᠬᠤ ᠶᠢᠨ ᠬᠠᠮᠲᠤ ᠠᠩᠬ᠎ᠠ ᠬᠢᠨᠠᠭᠰᠠᠨ ᠰᠠᠨᠠᠯ ᠪᠣᠯᠤᠨ ᠪᠦᠬᠦ ᠭᠤᠶᠤᠴᠢᠯᠠᠯ ᠤᠨ ᠮᠠᠲ᠋ᠧᠷᠢᠶᠠᠯ ᠢᠶᠠᠨ ᠮᠣᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ᠃    ᠮᠤᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠢᠨ‌ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠡᠷ ᠪᠠᠶᠢᠰᠢᠩ ᠭᠠᠵᠠᠷ ᠬᠥᠷᠥᠩᠭᠡ ᠵᠢᠨ‌ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠭᠤᠶᠤᠴᠢᠯᠠᠬᠤ ᠮᠠᠲ᠋ᠧᠷᠢᠶᠠᠯ ᠢ ᠬᠦᠯᠢᠶᠡᠨ ᠠᠪᠤᠭᠰᠠᠨ ᠡᠳᠦᠷ ᠠᠴᠠ ᠡᠬᠢᠯᠡᠨ 20 ᠡᠳᠦᠷ ᠤᠨ ᠳᠣᠲᠣᠷ᠎ᠠ ᠰᠢᠢᠳᠪᠦᠷᠢ ᠭᠠᠷᠭᠠᠬᠤ ᠬᠡᠷᠡᠭᠲᠡᠢ᠃    ᠮᠤᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠢᠨ‌ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠡᠷ ᠪᠠᠶᠢᠰᠢᠩ ᠭᠠᠵᠠᠷ ᠬᠥᠷᠥᠩᠭᠡ ᠵᠢᠨ‌ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠢᠷᠢ ᠬᠡᠮ ᠤᠨ ᠵᠥᠪᠰᠢᠶᠡᠷᠡᠬᠦ ᠰᠢᠢᠳᠪᠦᠷᠢ ᠭᠠᠷᠭᠠᠭᠰᠠᠨ ᠡᠳᠦᠷ ᠠᠴᠠ ᠡᠬᠢᠯᠡᠨ 10 ᠡᠳᠦᠷ ᠤᠨ ᠳᠣᠲᠣᠷ᠎ᠠ᠂ ᠬᠢᠷᠢ ᠬᠡᠮ ᠤᠨ ᠵᠥᠪᠰᠢᠶᠡᠷᠡᠯ ᠣᠯᠭᠤᠬᠤ ᠶᠢ ᠵᠥᠪᠰᠢᠶᠡᠷᠡᠭᠰᠡᠨ ᠰᠢᠢᠳᠪᠦᠷᠢ ᠪᠠᠨ ᠲᠥᠷᠥ ᠶᠢᠨ ᠶᠠᠪᠤᠳᠠᠯ ᠤᠨ ᠬᠤᠷᠢᠶᠠᠨ ᠤ ᠣᠷᠣᠨ ᠰᠠᠭᠤᠴᠠ  ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠢᠨ‌ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃    ᠠᠷᠪᠠᠨ ᠲᠠᠪᠤᠳᠤᠭᠠᠷ ᠵᠣᠷᠪᠣᠰ  ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠶᠢᠨ ᠬᠢᠷᠢ ᠬᠡᠮ ᠤᠨ ᠦᠨᠡᠮᠯᠡᠯ ᠢ ᠵᠢᠩᠬᠢᠨᠢ ᠳᠡᠪᠲᠡᠷ ᠪᠠ ᠬᠠᠭᠤᠯᠪᠤᠷᠢ ᠳᠡᠪᠲᠡᠷ ᠭᠡᠵᠦ ᠬᠤᠪᠢᠶᠠᠨ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠢᠨ‌ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠨᠢᠭᠡᠳᠦᠯᠲᠡᠢ ᠳᠠᠷᠤᠮᠠᠯᠯᠠᠨ ᠦᠢᠯᠡᠳᠦᠭᠰᠡᠨ ᠨᠢ ᠠᠳᠠᠯᠢ ᠲᠡᠭᠰᠢ ᠬᠠᠤᠯᠢ ᠶᠢᠨ ᠬᠦᠴᠦᠨ ᠲᠠᠢ᠃    ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠶᠢᠨ ᠬᠢᠷᠢ ᠬᠡᠮ ᠤᠨ ᠦᠨᠡᠮᠯᠡᠯ ᠢᠶᠠᠨ ᠭᠡᠭᠡᠭᠰᠡᠨ ᠪᠠᠶᠢᠪᠠᠯ᠂ ᠣᠯᠠᠨ ᠨᠡᠶᠢᠲᠡ ᠶᠢᠨ ᠵᠠᠭᠤᠴᠢᠯᠠᠭᠤᠷ ᠳᠡᠭᠡᠷ᠎ᠡ ᠬᠦᠴᠦᠨ ᠦᠭᠡᠢ ᠪᠣᠯᠭᠠᠬᠤ ᠪᠠᠷ ᠢᠯᠡᠷᠬᠡᠢᠯᠡᠭᠰᠡᠨ ᠤ ᠳᠠᠷᠠᠭ᠎ᠠ ᠨᠥᠬᠦᠨ ᠭᠦᠢᠴᠡᠳᠬᠡᠭᠦᠯᠬᠦ ᠪᠠᠷ ᠭᠤᠶᠤᠴᠢᠯᠠᠬᠤ ᠬᠡᠷᠡᠭᠲᠡᠢ᠃    ᠠᠷᠪᠠᠨ ᠵᠢᠷᠭᠤᠳᠤᠭᠠᠷ ᠵᠣᠷᠪᠣᠰ  ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠪᠠᠶᠢᠭᠤᠯᠤᠮᠵᠢ ᠶᠢᠨ ᠬᠢᠷᠢ ᠭᠡᠮ ᠤᠨ ᠬᠦᠴᠦᠨ ᠲᠠᠢ ᠬᠤᠭᠤᠴᠠᠭ᠎ᠠ ᠨᠢ 3 ᠵᠢᠯ ᠪᠣᠯᠤᠨ᠎ᠠ᠃    ᠬᠢᠷᠢ ᠭᠡᠮ ᠤᠨ ᠬᠦᠴᠦᠨ ᠲᠠᠢ ᠬᠤᠭᠤᠴᠠᠭ᠎ᠠ ᠨᠢ ᠳᠠᠭᠤᠰᠴᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠪᠠᠶᠢᠭᠤᠯᠤᠮᠵᠢ ᠨᠢ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠠᠵᠢᠯᠯᠠᠭ᠎ᠠ ᠶᠢ ᠦᠷᠭᠦᠯᠵᠢᠯᠡᠨ ᠬᠢᠬᠦ ᠴᠢᠬᠤᠯᠠᠲᠠᠢ ᠪᠠᠶᠢᠪᠠᠯ᠂ ᠬᠢᠷᠢ ᠬᠡᠮ ᠤᠨ ᠬᠦᠴᠦᠨ ᠲᠠᠢ ᠬᠤᠭᠤᠴᠠᠭ᠎ᠠ ᠨᠢ ᠳᠠᠭᠤᠰᠬᠤ ᠠᠴᠠ 30 ᠡᠳᠦᠷ ᠤᠨ ᠡᠮᠦᠨ᠎ᠡ ᠬᠢᠷᠢ ᠬᠡᠮ ᠢ ᠵᠥᠪᠰᠢᠶᠡᠷᠡᠭᠰᠡᠨ ᠪᠠᠶᠢᠭᠤᠯᠤᠯᠭ᠎ᠠ ᠳᠤ ᠬᠢᠷᠢ ᠬᠡᠮ ᠤᠨ ᠦᠷᠭᠦᠯᠵᠢᠯᠡᠭᠦᠯᠬᠦ ᠭᠤᠶᠤᠴᠢᠯᠠᠯ ᠢ ᠳᠤᠷᠠᠳᠬᠤ ᠬᠡᠷᠡᠭᠲᠡᠢ᠃ ᠬᠢᠷᠢ ᠬᠡᠮ ᠤᠨ ᠵᠥᠪᠰᠢᠶᠡᠷᠡᠯ ᠢ ᠣᠯᠭᠤᠬᠤ ᠪᠠᠶᠢᠭᠤᠯᠤᠯᠭ᠎ᠠ ᠨᠢ ᠭᠤᠶᠤᠴᠢᠯᠠᠯ ᠢ ᠦᠨᠳᠦᠰᠦᠯᠡᠨ ᠦᠷᠭᠦᠯᠵᠢᠯᠡᠭᠦᠯᠬᠦ ᠶᠢ ᠵᠥᠪᠰᠢᠶᠡᠷᠡᠬᠦ ᠡᠰᠡᠬᠦ ᠲᠤᠬᠠᠢ ᠰᠢᠢᠳᠪᠦᠷᠢ ᠭᠠᠷᠭᠠᠬᠤ ᠬᠡᠷᠡᠭᠲᠡᠢ᠃ ᠵᠥᠪᠰᠢᠶᠡᠷᠡᠭᠰᠡᠨ ᠪᠣᠯ ᠬᠦᠴᠦᠨ ᠲᠠᠢ ᠬᠤᠭᠤᠴᠠᠭ᠎ᠠ ᠶᠢ ᠨᠢ 3 ᠵᠢᠯ ᠦᠷᠭᠦᠯᠵᠢᠯᠡᠭᠦᠯᠦᠨ᠎ᠡ᠃    ᠬᠢᠷᠢ ᠬᠡᠮ ᠤᠨ ᠬᠦᠴᠦᠨ ᠲᠠᠢ ᠬᠤᠭᠤᠴᠠᠭᠠᠨ ᠳᠤ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ᠂ ᠮᠡᠷᠭᠡᠵᠢᠯ ᠤᠨ ᠪᠠᠷᠢᠮᠵᠢᠶ᠎ᠠ ᠪᠣᠯᠤᠨ ᠡᠷᠬᠢᠯᠡᠭᠰᠡᠨ ᠠᠵᠢᠯ ᠤᠨ ᠶᠣᠰᠣ ᠮᠣᠷᠠᠯ ᠢ ᠵᠢᠷᠤᠮᠯᠠᠬᠤ ᠬᠡᠷᠡᠭᠲᠡᠢ᠃ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠪᠠᠶᠢᠭᠤᠯᠤᠮᠵᠢ ᠨᠢ ᠤᠤᠯ ᠤᠨ ᠬᠢᠷᠢ ᠭᠡᠮ ᠢ ᠵᠥᠪᠰᠢᠶᠡᠷᠡᠭᠰᠡᠨ ᠪᠠᠶᠢᠭᠤᠯᠤᠯᠭ᠎ᠠ ᠪᠠᠷ ᠵᠥᠪᠰᠢᠶᠡᠷᠡᠭᠦᠯᠦᠭᠡᠳ᠂  ᠳᠠᠬᠢᠨ ᠬᠢᠨᠠᠨ ᠪᠠᠶᠢᠴᠠᠭᠠᠬᠤ ᠦᠭᠡᠢ᠂ ᠬᠦᠴᠦᠨ ᠲᠠᠢ ᠬᠤᠭᠤᠴᠠᠭ᠎ᠠ ᠶᠢ ᠨᠢ 3 ᠵᠢᠯ ᠦᠷᠭᠦᠯᠵᠢᠯᠡᠭᠦᠯᠦᠨ᠎ᠡ᠃    ᠠᠷᠪᠠᠨ ᠳᠣᠯᠣᠳᠤᠭᠠᠷ ᠵᠣᠷᠪᠣᠰ  ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠪᠠᠶᠢᠭᠤᠯᠤᠮᠵᠢ ᠶᠢᠨ ᠨᠡᠷᠡᠶᠢᠳᠦᠯ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠤᠶᠤ ᠭᠦᠢᠴᠡᠳᠬᠡᠬᠦ ᠬᠤᠷᠰᠢᠭᠴᠢ᠂ ᠳᠠᠩᠰᠠᠯᠠᠭᠤᠯᠤᠭᠰᠠᠨ ᠬᠥᠷᠥᠩᠭᠡ ᠪᠤᠶᠤ ᠪᠡᠯᠡ ᠭᠠᠷᠭᠠᠭᠰᠠᠨ ᠲᠤᠭ᠎ᠠ᠂ ᠵᠣᠬᠢᠶᠠᠨ ᠪᠠᠶᠢᠭᠤᠯᠤᠯᠲᠠ ᠶᠢᠨ ᠬᠡᠯᠪᠡᠷᠢ᠂ ᠣᠷᠣᠨ ᠰᠠᠭᠤᠴᠠ ᠵᠡᠷᠭᠡ ᠵᠦᠢᠯᠡᠰ ᠲᠤ ᠬᠤᠪᠢᠷᠠᠯᠲᠠ ᠭᠠᠷᠪᠠᠯ᠂ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠤᠪᠢᠷᠠᠭᠤᠯᠬᠤ ᠭᠠᠷ ᠭᠦᠢᠴᠡᠳᠬᠡᠯ ᠬᠢᠭᠰᠡᠨ ᠤ ᠳᠠᠷᠠᠭ᠎ᠠ 30 ᠡᠳᠦᠷ ᠤᠨ ᠳᠣᠲᠣᠷ᠎ᠠ ᠬᠢᠷᠢ ᠬᠡᠮ ᠤᠨ ᠵᠥᠪᠰᠢᠶᠡᠷᠡᠯ ᠤᠨ  ᠪᠠᠶᠢᠭᠤᠯᠤᠯᠭ᠎ᠠ ᠳᠤ ᠣᠴᠢᠵᠤ ᠬᠢᠷᠢ  ᠬᠡᠮ ᠤᠨ ᠦᠨᠡᠮᠯᠡᠯ ᠢᠶᠠᠨ ᠬᠤᠪᠢᠷᠠᠭᠤᠯᠬᠤ ᠭᠠᠷ ᠭᠦᠢᠴᠡᠳᠬᠡᠯ ᠬᠢᠬᠦ ᠬᠡᠷᠡᠭᠲᠡᠢ᠃    ᠠᠷᠪᠠᠨ ᠨᠠᠢᠮᠠᠳᠤᠭᠠᠷ ᠵᠣᠷᠪᠣᠰ  ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠶᠢ ᠨᠡᠶᠢᠯᠡᠭᠦᠯᠬᠦ ᠳᠤ᠂  ᠨᠡᠶᠢᠯᠡᠭᠰᠡᠨ ᠪᠤᠶᠤ ᠰᠢᠨ᠎ᠡ ᠪᠠᠷ ᠪᠠᠶᠢᠭᠤᠯᠤᠭᠰᠠᠨ ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠨᠢ ᠡᠭᠦᠨ ᠠᠴᠠ ᠡᠮᠦᠨᠡᠬᠢ ᠡᠯ᠎ᠡ ᠲᠠᠯ᠎ᠠ ᠶᠢᠨ ᠳᠣᠲᠣᠷᠠᠬᠢ ᠬᠢᠷᠢ ᠬᠡᠮ ᠤᠨ ᠨᠡᠯᠢᠶᠡᠳ ᠥᠨᠳᠥᠷ ᠵᠡᠷᠭᠡ ᠳᠡᠰ ᠢ ᠵᠠᠯᠭᠠᠮᠵᠢᠯᠠᠨ ᠠᠪᠴᠤ ᠪᠣᠯᠤᠨ᠎ᠠ᠂ ᠭᠡᠪᠡᠴᠦ ᠵᠣᠬᠢᠴᠠᠩᠭᠤᠢ ᠬᠢᠷᠢ ᠬᠡᠮ ᠤᠨ ᠵᠡᠷᠭᠡ ᠳᠡᠰ ᠤᠨ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠃    ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠪᠠᠶᠢᠭᠤᠯᠤᠮᠵᠢ ᠶᠢ ᠰᠠᠯᠭᠠᠭᠰᠠᠨ ᠤ ᠳᠠᠷᠠᠭ᠎ᠠ᠂ ᠨᠢᠭᠡ ᠡᠲᠡᠭᠡᠳ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠪᠠᠶᠢᠭᠤᠯᠤᠮᠵᠢ ᠠᠴᠠ ᠤᠤᠯ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠪᠠᠶᠢᠭᠤᠯᠤᠮᠵᠢ ᠶᠢᠨ ᠬᠢᠷᠢ ᠭᠡᠮ ᠢ ᠵᠠᠯᠭᠠᠮᠵᠢᠯᠠᠵᠤ ᠪᠣᠯᠤᠨ᠎ᠠ᠂ ᠭᠡᠪᠡᠴᠦ ᠤᠤᠯ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠪᠠᠶᠢᠭᠤᠯᠤᠮᠵᠢ ᠶᠢᠨ ᠬᠢᠷᠢ ᠬᠡᠮ ᠤᠨ ᠵᠡᠷᠭᠡ ᠳᠡᠰ ᠤᠨ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠃ ᠤᠤᠯ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠪᠠᠶᠢᠭᠤᠯᠤᠮᠵᠢ ᠶᠢᠨ ᠬᠢᠷᠢ ᠭᠡᠮ ᠢ ᠵᠠᠯᠭᠠᠮᠵᠢᠯᠠᠬᠤ ᠶᠢ ᠡᠯ᠎ᠡ ᠲᠠᠯ᠎ᠠ ᠶᠢᠨ ᠬᠢᠨ ᠵᠥᠪᠯᠡᠨ ᠲᠣᠭᠲᠠᠭᠠᠨ᠎ᠠ᠃ ᠪᠤᠰᠤᠳ ᠡᠯ᠎ᠡ ᠲᠠᠯ᠎ᠠ ᠶᠢᠨ ᠬᠢᠨ ᠨᠢ ᠰᠢᠨ᠎ᠡ ᠪᠠᠷ ᠪᠠᠶᠢᠭᠤᠯᠤᠭᠰᠠᠨ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠶᠣᠰᠣᠭᠠᠷ ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠶᠢᠨ ᠬᠢᠷᠢ ᠭᠡᠮ ᠢ ᠭᠤᠶᠤᠴᠢᠯᠠᠬᠤ ᠬᠡᠷᠡᠭᠲᠡᠢ    ᠠᠷᠪᠠ ᠶᠢᠰᠦᠳᠦᠭᠡᠷ ᠵᠣᠷᠪᠣᠰ  ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠶᠢᠨ ᠦᠢᠯᠡᠳᠪᠦᠷᠢ ᠬᠤᠳᠠᠯᠳᠤᠭᠠᠨ ᠤ ᠪᠦᠷᠢᠳᠬᠡᠯ ᠢ ᠨᠢ ᠬᠠᠰᠤᠪᠠᠯ᠂ ᠦᠨᠡᠮᠯᠡᠯ ᠨᠢ ᠴᠦ ᠬᠦᠴᠦᠨ ᠦᠭᠡᠢ ᠪᠣᠯᠣᠨ᠎ᠠ᠃    ᠭᠤᠷᠪᠠᠳᠤᠭᠠᠷ ᠪᠦᠯᠦᠭ   ᠰᠠᠯᠪᠤᠷᠢ ᠪᠠᠶᠢᠭᠤᠯᠤᠮᠵᠢ ᠶᠢ ᠪᠠᠶᠢᠭᠤᠯᠬᠤ ᠬᠤᠷᠢᠳᠤᠭᠠᠷ ᠵᠣᠷᠪᠣᠰ  ᠨᠢᠭᠡᠳᠦᠭᠡᠷ ᠳᠡᠰ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ  ᠪᠠᠶᠢᠭᠤᠯᠤᠮᠵᠢ ᠨᠢ ᠲᠤᠰ ᠠᠷᠭ᠎ᠠ ᠶᠢᠨ ᠬᠤᠷᠢᠨ ᠨᠢᠭᠡᠳᠦᠭᠡᠷ ᠵᠣᠷᠪᠣᠰ ᠤᠨ ᠲᠣᠭᠲᠠᠭᠠᠯ ᠶᠣᠰᠣᠭᠠᠷ ᠰᠠᠯᠪᠤᠷᠢ ᠪᠠᠶᠢᠭᠤᠯᠤᠮᠵᠢ  ᠪᠠᠶᠢᠭᠤᠯᠵᠤ ᠪᠣᠯᠤᠨ᠎ᠠ᠃  ᠬᠤᠶᠠᠳᠤᠭᠠᠷ᠂ ᠭᠤᠷᠪᠠᠳᠤᠭᠠᠷ ᠳᠡᠰ ᠤᠨ ᠬᠢᠷᠢ ᠭᠡᠮ ᠲᠠᠢ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠪᠠᠶᠢᠭᠤᠯᠤᠮᠵᠢ ᠨᠢ ᠰᠠᠯᠪᠤᠷᠢ ᠪᠠᠶᠢᠭᠤᠯᠤᠮᠵᠢ  ᠪᠠᠶᠢᠭᠤᠯᠵᠤ ᠪᠣᠯᠬᠤ ᠥᠬᠡᠢ᠃    ᠰᠠᠯᠪᠤᠷᠢ ᠪᠠᠶᠢᠭᠤᠯᠤᠮᠵᠢ ᠨᠢ ᠲᠤᠰ ᠰᠠᠯᠪᠤᠷᠢ ᠪᠠᠶᠢᠭᠤᠯᠤᠮᠵᠢ ᠶᠢ ᠪᠠᠶᠢᠭᠤᠯᠤᠭᠰᠠᠨ ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠶᠢᠨ ᠨᠡᠷ᠎ᠡ ᠪᠠᠷ ᠦᠨᠡᠯᠡᠨ ᠵᠢᠱᠢᠬᠦ ᠮᠡᠳᠡᠭᠦᠯᠦᠯᠲᠡ ᠭᠠᠷᠭᠠᠬᠤ ᠶᠢᠨ ᠬᠠᠮᠲᠤ ᠲᠤᠰ ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠶᠢᠨ ᠠᠯᠪᠠᠨ ᠲᠠᠮᠠᠭ᠎ᠠ ᠶᠢ ᠳᠠᠷᠤᠬᠤ ᠬᠡᠷᠡᠭᠲᠡᠢ᠃    ᠬᠤᠷᠢᠨ ᠨᠢᠭᠡᠳᠦᠭᠡᠷ ᠵᠣᠷᠪᠣᠰ  ᠰᠠᠯᠪᠤᠷᠢ ᠪᠠᠶᠢᠭᠤᠯᠤᠮᠵᠢ ᠨᠢ ᠳᠣᠣᠷ᠎ᠠ ᠵᠢᠭᠰᠠᠭᠠᠭᠰᠠᠨ ᠨᠥᠬᠦᠴᠡᠯ ᠤᠳ ᠢ ᠪᠦᠷᠢᠯᠳᠦᠭᠦᠯᠬᠦ ᠬᠡᠷᠡᠭᠲᠡᠢ᠃     ︵ᠨᠢᠭᠡ︶ ᠨᠡᠷᠡᠶᠢᠳᠦᠯ ᠨᠢ ︽ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠶᠢᠨ ᠨᠡᠷᠡᠶᠢᠳᠦᠯ + ᠰᠠᠯᠪᠤᠷᠢ ᠪᠠᠶᠢᠭᠤᠯᠤᠮᠵᠢ ᠶᠢᠨ ᠪᠠᠶᠢᠭ᠎ᠠ ᠭᠠᠵᠠᠷ ᠤᠨ ᠵᠠᠰᠠᠭ ᠵᠠᠬᠢᠷᠭᠠᠨ ᠤ ᠨᠡᠷ᠎ᠡ +ᠬᠤᠪᠢᠶᠠᠷᠢ ᠺᠣᠮᠫᠠᠨᠢ ︵ᠰᠠᠯᠪᠤᠷᠢ ᠭᠠᠵᠠᠷ︶》︔    ︵ᠬᠤᠶᠠᠷ︶ ᠰᠠᠯᠪᠤᠷᠢ ᠪᠠᠶᠢᠭᠤᠯᠤᠮᠵᠢ ᠶᠢᠨ ᠬᠠᠷᠢᠭᠤᠴᠠᠯᠭᠠᠲᠠᠨ ᠨᠢ ᠳᠠᠩᠰᠠᠯᠠᠭᠤᠯᠤᠭᠰᠠᠨ ᠤ ᠳᠠᠷᠠᠭ᠎ᠠ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠠᠵᠢᠯ ᠢ 3 ᠵᠢᠯ ᠠᠴᠠ ᠳᠡᠭᠡᠭᠰᠢ ᠬᠢᠭᠰᠡᠨ ᠤ ᠬᠠᠮᠲᠤ ᠮᠠᠭᠤ ᠠᠵᠢᠯ ᠡᠷᠬᠢᠯᠡᠭᠰᠡᠨ ᠲᠡᠮᠳᠡᠭᠯᠡᠯ ᠦᠭᠡᠢ ᠲᠤᠰᠬᠠᠢ ᠳᠠᠩᠰᠠᠯᠠᠭᠤᠯᠤᠭᠰᠠᠨ ᠭᠡᠷ ᠪᠠᠶᠢᠰᠢᠩ ᠭᠠᠵᠠᠷ ᠬᠥᠷᠥᠩᠭᠡ ᠶᠢᠨ ᠦᠨ᠎ᠡ ᠵᠢᠱᠢᠭᠴᠢ ᠪᠠᠶᠢᠬᠤ ᠬᠡᠷᠡᠭᠲᠡᠢ︔    ︵ᠭᠤᠷᠪᠠ︶ ᠰᠠᠯᠪᠤᠷᠢ ᠪᠠᠶᠢᠭᠤᠯᠤᠮᠵᠢ ᠶᠢᠨ ᠪᠠᠶᠢᠭ᠎ᠠ ᠭᠠᠵᠠᠷ ᠲᠤ 3 ᠠᠴᠠ ᠳᠡᠭᠡᠭᠰᠢ ᠲᠤᠰᠬᠠᠢ ᠳᠠᠩᠰᠠᠯᠠᠭᠤᠯᠤᠭᠰᠠᠨ ᠭᠡᠷ ᠪᠠᠶᠢᠰᠢᠩ ᠭᠠᠵᠠᠷ ᠬᠥᠷᠥᠩᠭᠡ ᠶᠢᠨ ᠦᠨ᠎ᠡ ᠵᠢᠱᠢᠭᠴᠢ  ᠪᠠᠶᠢᠬᠤ ᠬᠡᠷᠡᠭᠲᠡᠢ︔    ︵ᠳᠥᠷᠪᠡ  ︶ ᠲᠣᠭᠲᠠᠮᠠᠯ ᠡᠵᠡᠩᠨᠡᠯᠲᠡ ᠶᠢᠨ ᠦᠢᠯᠡᠴᠢᠯᠡᠭᠡᠨ ᠤ ᠭᠠᠵᠠᠷ︔    ︵ᠲᠠᠪᠤ  ︶ ᠦᠨᠡᠯᠡᠨ ᠵᠢᠱᠢᠬᠦ ᠶᠢᠨ ᠶᠠᠰᠤ ᠴᠢᠨᠠᠷ ᠤᠨ ᠬᠠᠮᠢᠶᠠᠷᠤᠯᠲᠠ᠂ ᠦᠨᠡᠯᠡᠨ ᠵᠢᠱᠢᠬᠦ ᠶᠢᠨ ᠳᠠᠩᠰᠠ ᠡᠪᠬᠡᠮᠡᠯ ᠤᠨ ᠬᠠᠮᠢᠶᠠᠷᠤᠯᠲᠠ᠂ ᠡᠳ᠋ ᠤᠨ ᠶᠠᠪᠤᠳᠠᠯ ᠤᠨ ᠬᠠᠮᠢᠶᠠᠷᠤᠯᠲᠠ ᠵᠡᠷᠭᠡ ᠡᠯ᠎ᠡ ᠲᠥᠷᠥᠯ ᠤᠨ ᠠᠵᠤ ᠠᠬᠤᠶᠢᠯᠠᠯ ᠤᠨ ᠳᠣᠲᠣᠭᠠᠳᠤ ᠶᠢᠨ ᠬᠠᠮᠢᠶᠠᠷᠤᠯᠲᠠ ᠶᠢᠨ ᠳᠦᠷᠢᠮ ᠲᠡᠭᠦᠯᠳᠡᠷ ᠪᠠᠶᠢᠬᠤ ᠬᠡᠷᠡᠭᠲᠡᠢ᠃ᠰᠠᠯᠪᠤᠷᠢ ᠪᠠᠶᠢᠭᠤᠯᠤᠮᠵᠢ ᠳᠤ ᠳᠠᠩᠰᠠᠯᠠᠭᠤᠯᠤᠭᠰᠠᠨ ᠭᠡᠷ ᠪᠠᠶᠢᠰᠢᠩ ᠭᠠᠵᠠᠷ ᠬᠥᠷᠥᠩᠭᠡ ᠶᠢᠨ ᠦᠨ᠎ᠡ ᠵᠢᠱᠢᠭᠴᠢ ᠶᠢ ᠰᠠᠯᠪᠤᠷᠢ ᠪᠠᠶᠢᠭᠤᠯᠤᠮᠵᠢ ᠪᠠᠶᠢᠭᠤᠯᠤᠭᠰᠠᠨ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠪᠠᠶᠢᠭᠤᠯᠤᠮᠵᠢ ᠶᠢᠨ ᠳᠠᠩᠰᠠᠯᠠᠭᠤᠯᠤᠭᠰᠠᠨ ᠭᠡᠷ ᠪᠠᠶᠢᠰᠢᠩ ᠭᠠᠵᠠᠷ ᠬᠥᠷᠥᠩᠭᠡ ᠶᠢᠨ ᠦᠨ᠎ᠡ ᠵᠢᠱᠢᠭᠴᠢ ᠶᠢ ᠲᠤᠰᠬᠠᠢ ᠬᠥᠮᠦᠨ ᠤ ᠲᠤᠭ᠎ᠠ ᠳᠤ ᠪᠣᠳᠣᠵᠤ ᠣᠷᠣᠭᠤᠯᠬᠤ ᠦᠭᠡᠢ᠃    ᠬᠤᠷᠢᠨ ᠬᠤᠶᠠᠳᠤᠭᠠᠷ ᠵᠣᠷᠪᠣᠰ  ᠰᠢᠨ᠎ᠡ ᠪᠠᠷ ᠪᠠᠶᠢᠭᠤᠯᠤᠭᠰᠠᠨ ᠰᠠᠯᠪᠤᠷᠢ ᠪᠠᠶᠢᠭᠤᠯᠤᠮᠵᠢ ᠨᠢ ᠰᠠᠯᠪᠤᠷᠢ ᠪᠠᠶᠢᠭᠤᠯᠤᠮᠵᠢ ᠶᠢᠨ ᠡᠵᠡᠩᠨᠡᠯᠲᠡ ᠶᠢᠨ ᠦᠨᠡᠮᠯᠡᠯ ᠢ ᠣᠯᠤᠭᠰᠠᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ᠂ ᠰᠠᠯᠪᠤᠷᠢ ᠪᠠᠶᠢᠭᠤᠯᠤᠮᠵᠢ ᠶᠢᠨ ᠦᠢᠯᠡᠳᠪᠦᠷᠢ ᠬᠤᠳᠠᠯᠳᠤᠭᠠᠨ ᠤ ᠳᠠᠩᠰᠠᠯᠠᠭᠤᠯᠤᠭᠰᠠᠨ ᠪᠠᠶᠢᠭ᠎ᠠ ᠭᠠᠵᠠᠷ ᠤᠨ ᠮᠤᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠢᠨ‌ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠡᠷ ᠪᠠᠶᠢᠰᠢᠩ ᠭᠠᠵᠠᠷ ᠬᠥᠷᠥᠩᠭᠡ ᠵᠢᠨ‌ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠦᠷᠴᠦ ᠳᠠᠩᠰᠠᠯᠠᠭᠤᠯᠬᠤ ᠬᠡᠷᠡᠭᠲᠡᠢ᠃    ᠮᠤᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠢᠨ‌ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠡᠷ ᠪᠠᠶᠢᠰᠢᠩ ᠭᠠᠵᠠᠷ ᠬᠥᠷᠥᠩᠭᠡ ᠵᠢᠨ‌ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠳᠠᠩᠰᠠᠯᠠᠬᠤ ᠶᠢ ᠬᠦᠯᠢᠶᠡᠨ ᠠᠪᠤᠭᠰᠠᠨ ᠤ ᠳᠠᠷᠠᠭ᠎ᠠ 10 ᠡᠳᠦᠷ ᠤᠨ ᠳᠣᠲᠣᠷ᠎ᠠ᠂ ᠰᠠᠯᠪᠤᠷᠢ ᠪᠠᠶᠢᠭᠤᠯᠤᠮᠵᠢ ᠶᠢᠨ ᠦᠢᠯᠡᠳᠪᠦᠷᠢ ᠬᠤᠳᠠᠯᠳᠤᠭᠠᠨ ᠤ ᠳᠡᠩᠰᠡᠯᠡᠯᠲᠡ ᠬᠢᠭᠰᠡᠨ ᠭᠠᠵᠠᠷ ᠤᠨ ᠬᠤᠲᠠ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠭᠡᠷ ᠪᠠᠶᠢᠰᠢᠩ ᠭᠠᠵᠠᠷ ᠬᠥᠷᠥᠩᠭᠡ ᠵᠢᠨ‌ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠳᠡᠬᠦ ᠶᠢᠨ ᠬᠠᠮᠲᠤ ᠲᠥᠷᠥ ᠶᠢᠨ ᠶᠠᠪᠤᠳᠠᠯ ᠤᠨ ᠬᠤᠷᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠢᠨ‌ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃    ᠬᠤᠷᠢᠨ ᠭᠤᠷᠪᠠᠳᠤᠭᠠᠷ ᠵᠣᠷᠪᠣᠰ  ᠰᠠᠯᠪᠤᠷᠢ ᠪᠠᠶᠢᠭᠤᠯᠤᠮᠵᠢ ᠨᠤᠭᠤᠳ ᠳᠠᠩᠰᠠᠯᠠᠭᠤᠯᠬᠤ ᠳᠤ ᠳᠣᠣᠷ᠎ᠠ ᠵᠢᠭᠰᠠᠭᠠᠭᠰᠠᠨ ᠮᠠᠲ᠋ᠧᠷᠢᠶᠠᠯ ᠤᠳ ᠢ ᠲᠤᠰᠢᠶᠠᠬᠤ ᠬᠡᠷᠡᠭᠲᠡᠢ    ︵ᠨᠢᠭᠡ  ︶  ᠰᠠᠯᠪᠤᠷᠢ ᠪᠠᠶᠢᠭᠤᠯᠤᠮᠵᠢ ᠶᠢᠨ ᠡᠵᠡᠩᠨᠡᠯᠲᠡ ᠶᠢᠨ ᠦᠨᠡᠮᠯᠡᠯ ᠤᠨ ᠳᠠᠷᠤᠮᠠᠯᠯᠠᠭᠰᠠᠨ ᠳᠡᠪᠲᠡᠷ︔    ︵ᠬᠤᠶᠠᠷ︶ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠪᠠᠶᠢᠭᠤᠯᠤᠮᠵᠢ ᠶᠢᠨ ᠬᠢᠷᠢ ᠭᠡᠮ ᠤᠨ ᠦᠨᠡᠮᠯᠡᠯ ᠤᠨ ᠵᠢᠩᠬᠢᠨᠢ ᠳᠡᠪᠲᠡᠷ ᠤᠨ  ᠳᠠᠷᠤᠮᠠᠯᠯᠠᠭᠰᠠᠨ ᠳᠡᠪᠲᠡᠷ︔    ︵ᠭᠤᠷᠪᠠ︶ ᠰᠠᠯᠪᠤᠷᠢ ᠪᠠᠶᠢᠭᠤᠯᠤᠮᠵᠢ ᠪᠣᠯᠤᠨ ᠲᠤᠰ ᠰᠠᠯᠪᠤᠷᠢ ᠪᠠᠶᠢᠭᠤᠯᠤᠮᠵᠢ ᠶᠢ ᠪᠠᠶᠢᠭᠤᠯᠤᠭᠰᠠᠨ ᠭᠡᠷ ᠪᠠᠶᠢᠰᠢᠩ ᠭᠠᠵᠠᠷ ᠬᠥᠷᠥᠩᠭᠡ ᠵᠢᠨ‌ᠦᠨᠡᠯᠡᠨ ᠵᠢᠱᠢᠬᠦ  ᠪᠠᠶᠢᠭᠤᠯᠤᠮᠵᠢ ᠶᠢᠨ ᠬᠠᠷᠢᠭᠤᠴᠠᠯᠭᠠᠲᠠᠨ ᠤ ᠪᠡᠶ᠎ᠡ ᠶᠢᠨ ᠭᠡᠷᠡᠴᠢ︔    ︵ᠳᠥᠷᠪᠡ︶ ᠰᠠᠯᠪᠤᠷᠢ ᠪᠠᠶᠢᠭᠤᠯᠤᠮᠵᠢ ᠳᠤ ᠠᠵᠢᠯ ᠡᠷᠬᠢᠯᠡᠬᠦ ᠪᠠᠷ ᠲᠥᠯᠥᠪᠯᠡᠵᠦ ᠪᠠᠶᠢᠭ᠎ᠠ ᠲᠤᠰᠬᠠᠢ ᠳᠠᠩᠰᠠᠯᠠᠭᠤᠯᠤᠭᠰᠠᠨ ᠭᠡᠷ ᠪᠠᠶᠢᠰᠢᠩ ᠭᠠᠵᠠᠷ ᠬᠥᠷᠥᠩᠭᠡ ᠶᠢᠨ ᠦᠨ᠎ᠡ ᠵᠢᠱᠢᠭᠴᠢ ᠶᠢᠨ ᠳᠠᠩᠰᠠᠯᠠᠭᠤᠯᠤᠭᠰᠠᠨ ᠦᠨᠡᠮᠯᠡᠯ ‍ᠤᠨ‌‍ᠲ᠋ᠠᠷᠤᠮᠠᠯᠯᠠᠭᠰᠠᠨ ᠳᠡᠪᠲᠡᠷ︔    ᠬᠤᠷᠢᠨ ᠳᠥᠷᠪᠡᠳᠦᠭᠡᠷ ᠵᠣᠷᠪᠣᠰ  ᠰᠠᠯᠪᠤᠷᠢ ᠪᠠᠶᠢᠭᠤᠯᠤᠮᠵᠢ ᠠᠴᠠ ᠨᠡᠷᠡᠶᠢᠳᠦᠯ᠂ ᠬᠠᠷᠢᠭᠤᠴᠠᠯᠭᠠᠲᠠᠨ᠂ ᠣᠷᠣᠨ ᠰᠠᠭᠤᠴᠠ ᠵᠡᠷᠭᠡ ᠵᠦᠢᠯ ᠪᠤᠶᠤ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠪᠠᠶᠢᠭᠤᠯᠤᠮᠵᠢ ᠠᠴᠠ ᠰᠠᠯᠪᠤᠷᠢ ᠪᠠᠶᠢᠭᠤᠯᠤᠮᠵᠢ ᠶᠢ ᠬᠠᠰᠤᠬᠤ ᠳᠤ᠂ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠤᠪᠢᠷᠠᠭᠤᠯᠬᠤ ᠪᠤᠶᠤ ᠳᠠᠩᠰᠠᠯᠠᠭᠤᠯᠬᠤ ᠭᠠᠷᠳᠠᠮ ᠢ ᠭᠦᠢᠴᠡᠳᠬᠡᠭᠰᠡᠨ ᠤ ᠳᠠᠷᠠᠭ᠎ᠠ 30 ᠡᠳᠦᠷ ᠤᠨ ᠳᠣᠲᠣᠷ᠎ᠠ ᠤᠤᠯ ᠤᠨ ᠳᠠᠩᠰᠠᠯᠠᠭᠤᠯᠤᠭᠰᠠᠨ  ᠪᠠᠶᠢᠭᠤᠯᠤᠯᠭ᠎ᠠ ᠳᠠᠭᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃    ᠳᠥᠷᠪᠡᠳᠦᠭᠡᠷ ᠪᠦᠯᠦᠭ   ᠦᠨᠡᠯᠡᠨ ᠵᠢᠱᠢᠬᠦ ᠬᠠᠮᠢᠶᠠᠷᠤᠯᠲᠠᠬᠤᠷᠢᠨ ᠲᠠᠪᠤᠳᠤᠭᠠᠷ ᠵᠣᠷᠪᠣᠰ  ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠠᠵᠢᠯᠯᠠᠭ᠎ᠠ ᠬᠢᠬᠦ ᠪᠠᠶᠢᠭᠤᠯᠤᠮᠵᠢ ᠠᠴᠠ᠂ ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠶᠢᠨ ᠬᠢᠷᠢ ᠭᠡᠮ ᠢ ᠬᠠᠤᠯᠢ ᠶᠣᠰᠣᠭᠠᠷ ᠣᠯᠬᠤ ᠬᠡᠷᠡᠭᠲᠡᠢ ᠪᠥᠭᠡᠳ ᠬᠢᠷᠢ ᠬᠡᠮ ᠤᠨ ᠵᠡᠷᠭᠡ ᠳᠡᠰ ᠤᠨ ᠵᠥᠪᠰᠢᠶᠡᠷᠡᠯ ᠤᠨ ᠬᠡᠪᠴᠢᠶᠡᠨ ᠳᠣᠲᠣᠷ᠎ᠠ ᠦᠨᠡᠯᠡᠨ ᠵᠢᠱᠢᠬᠦ  ᠲᠤᠬᠠᠶᠢᠯᠠᠭᠰᠠᠨ ᠠᠵᠢᠯ ᠬᠢᠬᠦ ᠬᠡᠷᠡᠭᠲᠡᠢ᠃ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠨᠢᠭᠡᠳᠦᠭᠡᠷ ᠳᠡᠰ ᠤᠨ ᠪᠠᠶᠢᠭᠤᠯᠤᠮᠵᠢ ᠨᠢ ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠡᠯ᠎ᠡ ᠲᠥᠷᠥᠯ ᠤᠨ  ᠲᠤᠬᠠᠶᠢᠯᠠᠭᠰᠠᠨ ᠠᠵᠢᠯ ᠢ ᠡᠷᠬᠢᠯᠡᠵᠦ ᠪᠣᠯᠤᠨ᠎ᠠ᠃    ᠬᠤᠶᠠᠳᠤᠭᠠᠷ ᠳᠡᠰ ᠤᠨ ᠬᠢᠷᠢ ᠭᠡᠮ ᠲᠠᠢ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠪᠠᠶᠢᠭᠤᠯᠤᠮᠵᠢ ᠨᠢ ᠺᠣᠮᠫᠠᠨᠢ ᠶᠢᠨ ᠵᠠᠬ᠎ᠠ ᠳᠡᠯᠭᠡᠭᠦᠷ ᠲᠤ ᠭᠠᠷᠬᠤ᠂ ᠠᠵᠤ ᠠᠬᠤᠶᠢᠯᠠᠯ ᠤᠨ ᠢᠯᠭᠠᠷᠠᠭᠤᠯᠤᠨ ᠪᠣᠳᠣᠬᠤ ᠠᠴᠠ ᠭᠠᠳᠠᠨᠠᠬᠢ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ  ᠲᠤᠬᠠᠶᠢᠯᠠᠭᠰᠠᠨ ᠠᠵᠢᠯ ᠢ ᠡᠷᠬᠢᠯᠡᠵᠦ ᠪᠣᠯᠤᠨ᠎ᠠ᠃    ᠭᠤᠷᠪᠠᠳᠤᠭᠠᠷ ᠳᠡᠰ ᠤᠨ ᠬᠢᠷᠢ ᠭᠡᠮ ᠲᠠᠢ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠪᠠᠶᠢᠭᠤᠯᠤᠮᠵᠢ ᠨᠢ ᠺᠣᠮᠫᠠᠨᠢ  ᠶᠢᠨ ᠵᠠᠬ᠎ᠠ ᠳᠡᠯᠭᠡᠭᠦᠷ ᠲᠤ ᠭᠠᠷᠬᠤ᠂ ᠠᠵᠤ ᠠᠬᠤᠶᠢᠯᠠᠯ ᠤᠨ ᠢᠯᠭᠠᠷᠠᠭᠤᠯᠤᠨ ᠪᠣᠳᠣᠬᠤ᠂ ᠬᠠᠤᠯᠢ ᠴᠠᠭᠠᠵᠠ ᠶᠢᠨ ᠬᠢᠨᠠᠨ ᠲᠣᠭᠲᠠᠭᠠᠯ ᠠᠴᠠ ᠭᠠᠳᠠᠨᠠᠬᠢ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ  ᠲᠤᠬᠠᠶᠢᠯᠠᠭᠰᠠᠨ ᠠᠵᠢᠯ ᠢ ᠡᠷᠬᠢᠯᠡᠵᠦ ᠪᠣᠯᠤᠨ᠎ᠠ᠃    ᠲᠦᠷ ᠲᠣᠭᠲᠠᠭᠠᠭᠰᠠᠨ ᠬᠤᠭᠤᠴᠠᠭᠠᠨ ᠤ ᠳᠣᠲᠣᠷᠠᠬᠢ ᠭᠤᠷᠪᠠᠳᠤᠭᠠᠷ ᠳᠡᠰ ᠤᠨ ᠬᠢᠷᠢ ᠭᠡᠮ ᠲᠠᠢ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠪᠠᠶᠢᠭᠤᠯᠤᠮᠵᠢ ᠨᠢ ᠺᠣᠮᠫᠠᠨᠢ ᠶᠢᠨ ᠵᠠᠬ᠎ᠠ ᠳᠡᠯᠭᠡᠭᠦᠷ ᠲᠤ ᠭᠠᠷᠬᠤ᠂ ᠠᠵᠤ ᠠᠬᠤᠶᠢᠯᠠᠯ ᠤᠨ ᠢᠯᠭᠠᠷᠠᠭᠤᠯᠤᠨ ᠪᠣᠳᠣᠬᠤ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ᠂ ᠭᠡᠷ ᠪᠠᠶᠢᠰᠢᠩ ᠲᠠᠲᠠᠪᠤᠷᠢᠯᠠᠬᠤ᠂ ᠪᠦᠲᠦᠭᠡᠨ  ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠪᠠᠷᠢᠴᠠᠭᠠᠯᠠᠬᠤ ᠠᠴᠠ ᠭᠠᠳᠠᠨᠠᠬᠢ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ  ᠲᠤᠬᠠᠶᠢᠯᠠᠭᠰᠠᠨ ᠠᠵᠢᠯ ᠢ ᠡᠷᠬᠢᠯᠡᠵᠦ ᠪᠣᠯᠤᠨ᠎ᠠ᠃    ᠬᠤᠷᠢᠨ ᠵᠢᠷᠭᠤᠳᠤᠭᠠᠷ ᠵᠣᠷᠪᠣᠰ  ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠲᠤᠬᠠᠶᠢᠯᠠᠭᠰᠠᠨ ᠠᠵᠢᠯ ᠢ ᠬᠢᠬᠦ ᠳᠤ ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠠᠴᠠ ᠨᠠᠶᠢᠳᠠᠯᠭ᠎ᠠ ᠶᠢ ᠨᠢᠭᠡᠳᠦᠯᠲᠡᠢ ᠬᠦᠯᠢᠶᠡᠨ ᠠᠪᠴᠤ᠂ ᠨᠢᠭᠡᠳᠦᠯᠲᠡᠢ ᠰᠦᠢᠳᠬᠡᠯ ᠬᠤᠷᠢᠶᠠᠬᠤ ᠬᠡᠷᠡᠭᠲᠡᠢ᠃    ᠭᠡᠷ ᠪᠠᠶᠢᠰᠢᠩ ᠭᠠᠵᠠᠷ ᠬᠥᠷᠥᠩᠭᠡ ᠶᠢᠨ ᠦᠨ᠎ᠡ ᠵᠢᠱᠢᠭᠴᠢ ᠠᠴᠠ ᠬᠤᠪᠢ ᠬᠥᠮᠦᠨ ᠤ ᠨᠡᠷ᠎ᠡ ᠪᠠᠷ ᠦᠨᠡᠯᠡᠨ ᠵᠢᠱᠢᠬᠦ  ᠲᠤᠬᠠᠶᠢᠯᠠᠭᠰᠠᠨ ᠠᠵᠢᠯ ᠢ ᠡᠷᠬᠢᠯᠡᠵᠦ ᠪᠤᠯᠠᠬᠤ ᠦᠭᠡᠢ᠃ ᠰᠠᠯᠪᠤᠷᠢ ᠪᠠᠶᠢᠭᠤᠯᠤᠮᠵᠢ ᠲᠤᠰ ᠰᠠᠯᠪᠤᠷᠢ ᠪᠠᠶᠢᠭᠤᠯᠤᠮᠵᠢ ᠶᠢ ᠪᠠᠶᠢᠭᠤᠯᠤᠭᠰᠠᠨ ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠶᠢᠨ ᠨᠡᠷ᠎ᠡ ᠪᠠᠷ ᠦᠨᠡᠯᠡᠨ ᠵᠢᠱᠢᠬᠦ  ᠲᠤᠬᠠᠶᠢᠯᠠᠭᠰᠠᠨ ᠠᠵᠢᠯ ᠢ ᠳᠠᠭᠠᠭᠠᠨ ᠠᠪᠬᠤ ᠬᠡᠷᠡᠭᠲᠡᠢ᠃    ᠬᠤᠷᠢᠨ ᠳᠣᠯᠣᠳᠤᠭᠠᠷ ᠵᠣᠷᠪᠣᠰ  ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠵᠢᠴᠢ ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠲᠤᠬᠠᠶᠢᠯᠠᠭᠰᠠᠨ ᠠᠵᠢᠯ ᠢ ᠡᠷᠬᠢᠯᠡᠵᠦ ᠪᠠᠶᠢᠭ᠎ᠠ ᠣᠢᠨ᠎ᠠ ᠵᠢᠱᠢᠬᠦ ᠠᠵᠢᠯᠲᠠᠨ ᠨᠢ ᠨᠠᠶᠢᠳᠠᠭᠴᠢ ᠪᠤᠶᠤ ᠦᠨᠡᠯᠡᠨ ᠵᠢᠱᠢᠬᠦ ᠲᠤᠬᠠᠶᠢᠯᠠᠭᠰᠠᠨ ᠠᠵᠢᠯ ᠤᠨ ᠬᠠᠷᠢᠴᠠᠩᠭᠤᠢ ᠬᠥᠮᠦᠨ ᠲᠠᠢ ᠠᠰᠢᠭ ᠬᠤᠣᠷ ᠤᠨ ᠬᠠᠷᠢᠴᠠᠭ᠎ᠠ ᠲᠠᠢ ᠪᠠᠶᠢᠪᠠᠯ‌ᠵᠠᠶᠢᠯᠠᠬᠤ ᠬᠡᠷᠡᠭᠲᠡᠢ᠃    ᠬᠤᠷᠢᠨ ᠨᠠᠢᠮᠠᠳᠤᠭᠠᠷ ᠵᠣᠷᠪᠣᠰ  ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠡᠴᠡ‌‍ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠲᠤᠬᠠᠶᠢᠯᠠᠭᠰᠠᠨ ᠠᠵᠢᠯ ᠢ ᠳᠠᠭᠠᠭᠠᠨ ᠠᠪᠬᠤ ᠳᠤ ᠨᠠᠶᠢᠳᠠᠭᠴᠢ ᠲᠠᠢ ᠪᠢᠴᠢᠭ ᠢᠶᠠᠷ ᠦᠨ᠎ᠡ ᠵᠢᠰᠢᠬᠦ ᠨᠠᠶᠢᠳᠠᠯᠭ᠎ᠠ ᠶᠢᠨ ᠭᠡᠷ᠎ᠡ ᠲᠣᠭᠲᠠᠭᠠᠬᠤ ᠬᠡᠷᠡᠭᠲᠡᠢ᠃    ᠦᠨᠡᠯᠡᠨ ᠵᠢᠱᠢᠬᠦ ᠨᠠᠶᠢᠳᠠᠯᠭ᠎ᠠ ᠶᠢᠨ ᠭᠡᠷ᠎ᠡ ᠳᠤ ᠳᠣᠣᠷ᠎ᠠ ᠵᠢᠭᠰᠠᠭᠠᠭᠰᠠᠨ ᠠᠭᠤᠯᠭ᠎ᠠ ᠶᠢ ᠪᠠᠭᠲᠠᠭᠠᠬᠤ ᠬᠡᠷᠡᠭᠲᠡᠢ᠄    ︵ᠨᠢᠭᠡ︶ ᠨᠠᠶᠢᠳᠠᠭᠴᠢ ᠶᠢᠨ ᠨᠡᠷᠡᠶᠢᠳᠦᠯ ᠪᠤᠶᠤ ᠣᠪᠣᠭ ᠨᠡᠷ᠎ᠡ ᠪᠣᠯᠤᠨ ᠣᠷᠣᠨ ᠰᠠᠭᠤᠴᠠ︔    ︵ᠬᠤᠶᠠᠷ︶ ᠦᠨᠡᠯᠡᠨ ᠵᠢᠱᠢᠬᠦ ᠪᠠᠶᠢᠭᠤᠯᠤᠮᠵᠢ ᠶᠢᠨ ᠨᠡᠷᠡᠶᠢᠳᠦᠯ ᠪᠠ ᠣᠷᠣᠨ ᠰᠠᠭᠤᠴᠠ︔    ︵ᠭᠤᠷᠪᠠ︶ ᠦᠨᠡᠯᠡᠨ ᠵᠢᠱᠢᠬᠦ ᠡᠲᠡᠭᠡᠳ︔    ︵ᠳᠥᠷᠪᠡ︶ ᠦᠨᠡᠯᠡᠨ ᠵᠢᠱᠢᠬᠦ ᠬᠠᠷᠠᠯᠲᠠ︔    ︵ᠲᠠᠪᠤ︶  ᠥᠷᠲᠡᠭ ᠤᠨ ᠲᠣᠭᠲᠠᠭᠰᠠᠨ ᠴᠠᠭ︔    ︵ᠵᠢᠷᠭᠤᠭ᠎ᠠ︶ ᠨᠠᠶᠢᠳᠠᠭᠴᠢ ᠶᠢᠨ ᠬᠠᠪᠰᠤᠷᠬᠤ ᠡᠭᠦᠷᠭᠡ︔    ︵ᠳᠤᠯᠤᠭ᠎ᠠ︶ ᠦᠨᠡᠯᠡᠨ ᠵᠢᠱᠢᠬᠦ ᠦᠢᠯᠡᠴᠢᠯᠡᠭᠡᠨ ᠤ ᠰᠦᠢᠳᠬᠡᠯ ᠵᠢᠴᠢ ᠲᠡᠭᠦᠨ ᠢ ᠲᠤᠰᠢᠶᠠᠬᠤ ᠠᠷᠭ᠎ᠠ ᠮᠠᠶᠢᠭ︔    ︵ᠨᠠᠢᠮᠠ︶ ᠦᠨᠡᠯᠡᠨ ᠵᠢᠱᠢᠬᠦ ᠮᠡᠳᠡᠭᠦᠯᠦᠯᠲᠡ ᠶᠢᠨ ᠲᠤᠰᠢᠶᠠᠨ ᠦᠭᠭᠦᠭᠰᠡᠨ ᠡᠳᠦᠷ ᠬᠤᠭᠤᠴᠠᠭ᠎ᠠ ᠪᠠ ᠠᠷᠭ᠎ᠠ ᠮᠠᠶᠢᠭ︔    ︵ᠶᠢᠰᠦ  ︶  ᠭᠡᠷ᠎ᠡ ᠠᠴᠠ ᠵᠥᠷᠢᠴᠡᠭᠰᠡᠨ ᠬᠠᠷᠢᠭᠤᠴᠠᠯᠭ᠎ᠠ︔    ︵ᠠᠷᠪᠠ︶  ᠮᠠᠷᠭᠤᠭᠠᠨ ᠢ ᠰᠢᠢᠳᠪᠦᠷᠢᠯᠡᠬᠦ ᠠᠷᠭ᠎ᠠ᠃    ᠬᠤᠷᠢ ᠶᠢᠰᠦᠳᠦᠭᠡᠷ ᠵᠣᠷᠪᠣᠰ  ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠠᠴᠠ ᠨᠠᠶᠢᠳᠠᠭᠴᠢ ᠶᠢᠨ ᠪᠢᠴᠢᠭ ᠤᠨ ᠵᠥᠪᠰᠢᠶᠡᠷᠡᠯ ᠢ ᠣᠯᠤᠭᠰᠠᠨ ᠦᠭᠡᠢ ᠪᠠᠷ ᠨᠠᠶᠢᠳᠠᠯᠭ᠎ᠠ ᠬᠦᠯᠢᠶᠡᠭᠰᠡᠨ ᠦᠨᠡᠯᠡᠯᠲᠡ ᠶᠢᠨ  ᠲᠤᠬᠠᠶᠢᠯᠠᠭᠰᠠᠨ ᠠᠵᠢᠯ ᠢᠶᠠᠨ ᠰᠢᠯᠵᠢᠭᠦᠯᠦᠨ ᠥᠭᠴᠦ ᠪᠣᠯᠬᠤ ᠦᠭᠡᠢ᠃    ᠨᠠᠶᠢᠳᠠᠭᠴᠢ ᠶᠢᠨ ᠪᠢᠴᠢᠭ ᠤᠨ ᠵᠥᠪᠰᠢᠶᠡᠷᠡᠯ ᠢ ᠣᠯᠤᠭᠰᠠᠨ ᠤ ᠳᠠᠷᠠᠭ᠎ᠠ᠂ ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠠᠴᠠ ᠪᠤᠰᠤᠳ ᠪᠠᠶᠢᠭᠤᠯᠤᠮᠵᠢ ᠲᠠᠢ ᠬᠠᠮᠲᠤᠷᠠᠨ ᠦᠨᠡᠯᠡᠨ ᠵᠢᠱᠢᠬᠦ  ᠲᠤᠬᠠᠶᠢᠯᠠᠭᠰᠠᠨ ᠠᠵᠢᠯ ᠢ ᠡᠷᠬᠢᠯᠡᠵᠦ ᠪᠣᠯᠤᠨ᠎ᠠ᠃ ᠬᠠᠮᠲᠤᠷᠠᠨ ᠠᠵᠢᠯᠯᠠᠬᠤ ᠬᠤᠶᠠᠷ ᠲᠠᠯ᠎ᠠ ᠶᠢᠨ ᠨᠡᠷ᠎ᠡ ᠪᠠᠷ ᠬᠠᠮᠲᠤ ᠪᠠᠷ ᠦᠨᠡᠯᠡᠨ ᠵᠢᠱᠢᠬᠦ ᠮᠡᠳᠡᠭᠦᠯᠦᠯᠲᠡ ᠶᠢ ᠭᠠᠷᠭᠠᠨ᠎ᠠ᠃    ᠭᠤᠴᠢᠳᠤᠭᠠᠷ ᠵᠣᠷᠪᠣᠰ  ᠨᠠᠶᠢᠳᠠᠭᠴᠢ ᠵᠢᠴᠢ ᠬᠤᠯᠪᠣᠭᠳᠠᠯ ᠪᠦᠬᠦᠢ ᠲᠤᠬᠠᠢ ᠶᠢᠨ ᠬᠥᠮᠦᠨ ᠨᠢ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠪᠠᠶᠢᠭᠤᠯᠤᠮᠵᠢ ᠶᠢ ᠬᠠᠪᠰᠤᠷᠴᠤ ᠪᠣᠳᠠᠲᠠᠢ ᠭᠠᠵᠠᠷ ᠲᠤᠨᠢ ᠪᠠᠶᠢᠴᠠᠭᠠᠨ ᠰᠢᠨᠵᠢᠬᠦ ᠠᠵᠢᠯ ᠢ ᠬᠢᠬᠦ ᠬᠡᠷᠡᠭᠲᠡᠢ ᠪᠥᠭᠡᠳ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠪᠠᠶᠢᠭᠤᠯᠤᠮᠵᠢ ᠳᠤ ᠦᠨᠡᠯᠡᠨ ᠵᠢᠱᠢᠬᠦ ᠳᠤ ᠡᠷᠬᠡᠪᠰᠢ ᠱᠠᠭᠠᠷᠳᠠᠭᠳᠠᠬᠤ ᠮᠠᠲ᠋ᠧᠷᠢᠶᠠᠯ ᠢ ᠦᠨᠡᠨ ᠪᠣᠳᠠᠲᠠᠢ ᠪᠠᠷ ᠬᠠᠩᠭᠠᠬᠤ ᠶᠢᠨ ᠬᠠᠮᠲᠤ ᠬᠠᠩᠭᠠᠬᠤ ᠮᠠᠲ᠋ᠧᠷᠢᠶᠠᠯ ᠤᠨ ᠢᠶᠠᠨ ᠦᠨᠡᠨ ᠪᠣᠳᠠᠲᠤ ᠴᠢᠨᠠᠷ ᠲᠤ ᠬᠠᠷᠢᠭᠤᠴᠠᠬᠤ ᠬᠡᠷᠡᠭᠲᠡᠢ᠃    ᠭᠤᠴᠢᠨ ᠨᠢᠭᠡᠳᠦᠭᠡᠷ ᠵᠣᠷᠪᠣᠰ  ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠪᠠᠶᠢᠭᠤᠯᠤᠮᠵᠢ ᠪᠣᠯᠤᠨ ᠳᠠᠩᠰᠠᠯᠠᠭᠤᠯᠤᠭᠰᠠᠨ ᠭᠡᠷ ᠪᠠᠶᠢᠰᠢᠩ ᠭᠠᠵᠠᠷ ᠬᠥᠷᠥᠩᠭᠡ ᠶᠢᠨ ᠦᠨ᠎ᠡ ᠵᠢᠱᠢᠭᠴᠢ ᠠᠴᠠ ᠦᠨᠡᠯᠡᠨ ᠵᠢᠱᠢᠬᠦ ᠬᠡᠷᠡᠭᠴᠡᠭᠡ ᠠᠴᠠ ᠪᠣᠯᠵᠤ ᠭᠡᠷ ᠪᠠᠶᠢᠰᠢᠩ ᠭᠠᠵᠠᠷ ᠬᠥᠷᠥᠩᠭᠡ ᠵᠢᠨ‌ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠭᠡᠷ ᠪᠠᠶᠢᠰᠢᠩ ᠭᠠᠵᠠᠷ ᠬᠥᠷᠥᠩᠭᠡ ᠶᠢᠨ ᠠᠷᠠᠯᠵᠢᠶ᠎ᠠ᠂ ᠳᠠᠩᠰᠠᠯᠠᠭᠤᠯᠤᠭᠰᠠᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠦᠶ᠎ᠡ ᠳᠤ᠂ ᠭᠡᠷ ᠪᠠᠶᠢᠰᠢᠩ ᠭᠠᠵᠠᠷ ᠬᠥᠷᠥᠩᠭᠡ ᠵᠢᠨ‌ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠠᠶᠢᠴᠠᠭᠠᠬᠤ ᠦᠢᠯᠡᠴᠢᠯᠡᠭᠡ ᠬᠠᠩᠭᠠᠬᠤ ᠬᠡᠷᠡᠭᠲᠡᠢ᠂ ᠭᠡᠪᠡᠴᠦ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ ᠪᠣᠯᠤᠨ ᠬᠤᠪᠢ ᠬᠥᠮᠦᠨ ᠤ ᠨᠢᠭᠤᠴᠠ ᠳᠤ ᠬᠤᠯᠪᠣᠭᠳᠠᠬᠤ ᠠᠭᠤᠯᠭ᠎ᠠ ᠡᠭᠦᠨ ᠳᠤ ᠪᠠᠭᠲᠠᠬᠤ ᠦᠭᠡᠢ᠃    ᠭᠤᠴᠢᠨ ᠬᠤᠶᠠᠳᠤᠭᠠᠷ ᠵᠣᠷᠪᠣᠰ  ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠮᠡᠳᠡᠭᠦᠯᠦᠯᠲᠡ ᠶᠢ ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠠᠴᠠ ᠭᠠᠷᠭᠠᠵᠤ᠂ ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠶᠢᠨ ᠠᠯᠪᠠᠨ ᠲᠠᠮᠠᠭ᠎ᠠ ᠶᠢ ᠳᠠᠷᠤᠬᠤ ᠶᠢᠨ ᠬᠠᠮᠲᠤ ᠠᠳᠠᠭ ᠲᠠᠭᠠᠨ 2 ᠭᠡᠷ ᠪᠠᠶᠢᠰᠢᠩ ᠭᠠᠵᠠᠷ ᠬᠥᠷᠥᠩᠭᠡ ᠶᠢᠨ ᠦᠨ᠎ᠡ ᠵᠢᠱᠢᠭᠴᠢ ᠠᠴᠠ ᠭᠠᠷ ᠤᠨ ᠦᠰᠦᠭ ᠵᠢᠷᠤᠬᠤ ᠬᠡᠷᠡᠭᠲᠡᠢ᠃    ᠭᠤᠴᠢᠨ ᠭᠤᠷᠪᠠᠳᠤᠭᠠᠷ ᠵᠣᠷᠪᠣᠰ  ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢ ᠬᠢᠵᠦ ᠪᠣᠯᠬᠤ ᠦᠭᠡᠢ  ᠄    ︵ᠨᠢᠭᠡ︶ ᠬᠢᠷᠢ ᠬᠡᠮ‌‍ᠤᠨ ᠦᠨᠡᠮᠯᠡᠯ ᠢ ᠪᠠᠯᠠᠯᠤᠨ ᠵᠠᠰᠠᠬᠤ᠂ ᠰᠠᠷᠢᠭᠠᠯᠠᠬᠤ᠂ ᠲᠦᠷᠢᠶᠡᠰᠦᠯᠡᠭᠦᠯᠬᠦ᠂ ᠵᠢᠭᠡᠯᠡᠭᠦᠯᠬᠦ ᠪᠤᠶᠤ ᠪᠤᠰᠤᠳ ᠬᠡᠯᠪᠡᠷᠢ ᠪᠠᠷ ᠬᠠᠤᠯᠢ ᠪᠤᠰᠤ ᠪᠠᠷ ᠰᠢᠯᠵᠢᠭᠦᠯᠦᠨ ᠥᠭᠬᠦ︔    ︵ᠬᠤᠶᠠᠷ︶ ᠬᠢᠷᠢ ᠭᠡᠮ ᠵᠡᠷᠭᠡ ᠲᠤᠬᠠᠶᠢᠯᠠᠭᠰᠠᠨ ᠠᠵᠢᠯ ᠤᠨ ᠬᠡᠪᠴᠢᠶ᠎ᠡ ᠠᠴᠠ ᠳᠠᠪᠠᠵᠤ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ  ᠲᠤᠬᠠᠶᠢᠯᠠᠭᠰᠠᠨ ᠠᠵᠢᠯ ᠢ ᠬᠦᠯᠢᠶᠡᠨ ᠠᠪᠬᠤ︔    ︵ᠭᠤᠷᠪᠠ︶ ᠥᠨᠳᠥᠷ ᠦᠨᠡᠯᠡᠨ ᠵᠢᠱᠢᠬᠦ ᠪᠤᠶᠤ ᠳᠣᠣᠷ᠎ᠠ‌ᠦᠨᠡᠯᠡᠨ ᠵᠢᠱᠢᠬᠦ ᠱᠠᠭᠠᠷᠳᠠᠯᠭ᠎ᠠ ᠶᠢ ᠠᠶᠠᠳᠠᠨ ᠳᠠᠭᠠᠬᠤ᠂ ᠬᠠᠷᠢᠭᠤ ᠬᠠᠷᠠᠮᠵᠢ ᠥᠭᠬᠦ᠂ ᠮᠠᠭᠤ ᠰᠠᠨᠠᠭ᠎ᠠ ᠲᠠᠢ ᠪᠠᠷ ᠰᠦᠢᠳᠬᠡᠯ ᠬᠤᠷᠢᠶᠠᠬᠤ ᠵᠡᠷᠭᠡ ᠬᠡᠯᠪᠡᠷᠢ ᠪᠠᠷ ᠵᠦᠢ ᠪᠤᠰᠤ ᠥᠷᠢᠰᠦᠯᠳᠦᠭᠡᠨ ᠬᠢᠬᠦ︔    ︵ᠳᠥᠷᠪᠡ︶ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠵᠢᠷᠤᠮᠵᠢᠯ ᠪᠣᠯᠤᠨ ᠪᠠᠷᠢᠮᠵᠢᠶ᠎ᠠ ᠶᠢ ᠵᠥᠷᠢᠴᠡᠬᠦ︔    ︵ᠲᠠᠪᠤ︶ ᠬᠤᠳᠠᠯ ᠬᠠᠭᠤᠷᠮᠠᠭ ᠲᠡᠮᠳᠡᠭᠯᠡᠯ᠂ ᠠᠳᠡᠭᠦᠷᠡᠭᠦᠯᠬᠦ ᠴᠢᠨᠠᠷᠲᠠᠢ ᠲᠣᠭᠠᠴᠢᠯᠲᠠ ᠪᠤᠶᠤ ᠬᠦᠨᠳᠦ ᠶᠡᠭᠡ ᠣᠷᠬᠢᠭᠳᠠᠭᠤᠯᠤᠯ ᠲᠠᠢ ᠦᠨᠡᠯᠡᠨ ᠵᠢᠱᠢᠬᠦ ᠮᠡᠳᠡᠭᠦᠯᠦᠯᠲᠡ ᠭᠠᠷᠭᠠᠬᠤ︔    ︵ᠵᠢᠷᠭᠤᠭ᠎ᠠ  ︶ ᠳᠤᠷ᠎ᠠ ᠪᠠᠷ ᠢᠶᠠᠨ ᠰᠠᠯᠪᠤᠷᠢ ᠪᠠᠶᠢᠭᠤᠯᠤᠮᠵᠢ ᠪᠠᠶᠢᠭᠤᠯᠬᠤ︔    ︵ᠳᠤᠯᠤᠭ᠎ᠠ  ︶ ᠨᠠᠶᠢᠳᠠᠭᠴᠢ ᠶᠢᠨ ᠪᠢᠴᠢᠭ ᠤᠨ ᠵᠥᠪᠰᠢᠶᠡᠷᠡᠯ ᠦᠭᠡᠢ ᠪᠠᠷ ᠨᠠᠶᠢᠳᠠᠯᠭ᠎ᠠ ᠬᠦᠯᠢᠶᠡᠭᠰᠡᠨ‌ᠦᠨᠡᠯᠡᠨ ᠵᠢᠱᠢᠬᠦ ᠠᠵᠢᠯ ᠢ ᠳᠤᠷ᠎ᠠ ᠪᠠᠷ ᠢᠶᠠᠨ ᠰᠢᠯᠵᠢᠭᠦᠯᠦᠨ ᠦᠭᠭᠦᠭᠰᠡᠨ︔    ︵ᠨᠠᠢᠮᠠ  ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠴᠠᠭᠠᠵᠠᠯᠠᠭᠰᠠᠨ ᠪᠤᠰᠤᠳ ᠦᠢᠯᠡ ᠠᠵᠢᠯᠯᠠᠭ᠎ᠠ᠃    ᠭᠤᠴᠢᠨ ᠳᠥᠷᠪᠡᠳᠦᠭᠡᠷ ᠵᠣᠷᠪᠣᠰ  ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠡᠴᠡ‌‍ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠮᠡᠳᠡᠭᠦᠯᠦᠯᠲᠡ ᠵᠢᠴᠢ ᠬᠤᠯᠪᠣᠭᠳᠠᠯ ᠪᠦᠬᠦᠢ ᠮᠠᠲ᠋ᠧᠷᠢᠶᠠᠯ ᠢᠶᠠᠨ ᠰᠠᠢᠲᠤᠷ ᠬᠠᠳᠠᠭᠠᠯᠠᠵᠤ ᠬᠠᠮᠢᠶᠠᠷᠬᠤ ᠬᠡᠷᠡᠭᠲᠡᠢ᠃    ᠭᠡᠷ ᠪᠠᠶᠢᠰᠢᠩ ᠭᠠᠵᠠᠷ ᠬᠥᠷᠥᠩᠭᠡ ᠵᠢᠨ‌ᠦᠨᠡᠯᠡᠨ ᠵᠢᠱᠢᠬᠦ ᠮᠡᠳᠡᠭᠦᠯᠦᠯᠲᠡ ᠪᠣᠯᠤᠨ ᠬᠠᠮᠢᠶ᠎ᠠ ᠪᠦᠬᠦᠢ ᠮᠠᠲ᠋ᠧᠷᠢᠶᠠᠯ ᠢ ᠬᠠᠳᠠᠭᠠᠯᠠᠨ ᠬᠠᠮᠢᠶᠠᠷᠬᠤ ᠬᠤᠭᠤᠴᠠᠭ᠎ᠠ ᠨᠢ ᠦᠨᠡᠯᠡᠨ ᠵᠢᠱᠢᠬᠦ ᠮᠡᠳᠡᠭᠦᠯᠦᠯᠲᠡ ᠶᠢᠨ ᠭᠠᠷᠭᠠᠵᠤ ᠦᠭᠭᠦᠭᠰᠡᠨ ᠡᠳᠦᠷ ᠠᠴᠠ ᠡᠬᠢᠯᠡᠨ 10 ᠵᠢᠯ ᠠᠴᠠ ᠳᠤᠲᠠᠭᠤ ᠪᠠᠶᠢᠵᠤ ᠪᠣᠯᠬᠤ ᠥᠬᠡᠢ᠃ ᠬᠠᠳᠠᠭᠠᠯᠠᠬᠤ ᠬᠤᠭᠤᠴᠠᠭ᠎ᠠ ᠨᠢ ᠳᠠᠭᠤᠰᠤᠭᠰᠠᠨ ᠪᠣᠯᠪᠠᠴᠤ ᠦᠨᠡᠯᠡᠬᠦ ᠦᠢᠯᠡᠴᠢᠯᠡᠭᠡ ᠬᠢᠭᠰᠡᠨ ᠠᠵᠢᠯᠯᠠᠭ᠎ᠠ ᠨᠢ ᠳᠠᠭᠤᠰᠤᠭᠠᠳᠤᠢ ᠪᠠᠶᠢᠪᠠᠯ᠂ ᠦᠨᠡᠯᠡᠨ ᠵᠢᠱᠢᠬᠦ ᠦᠢᠯᠡᠴᠢᠯᠡᠭᠡ ᠬᠢᠬᠦ ᠠᠵᠢᠯᠯᠠᠭ᠎ᠠ  ᠳᠠᠭᠤᠰᠬᠤ ᠪᠣᠯᠲᠠᠯ᠎ᠠ ᠬᠠᠳᠠᠭᠠᠯᠠᠨ ᠬᠠᠮᠢᠶᠠᠷᠬᠤ ᠬᠡᠷᠡᠭᠲᠡᠢ᠃    ᠭᠤᠴᠢᠨ ᠲᠠᠪᠤᠳᠤᠭᠠᠷ ᠵᠣᠷᠪᠣᠰ  ᠬᠠᠤᠯᠢ ᠴᠠᠭᠠᠵᠠ᠂ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠶᠢ ᠭᠠᠷᠭᠠᠪᠠᠯ᠂ ᠨᠠᠶᠢᠳᠠᠯᠭ᠎ᠠ ᠶᠢᠨ ᠬᠥᠮᠦᠨ ᠢᠶᠠᠷ ᠪᠢᠴᠢᠭ ᠢᠶᠠᠷ ᠵᠥᠪᠰᠢᠶᠡᠷᠡᠭᠦᠯᠦᠭᠰᠡᠨ ᠦᠭᠡᠢ ᠪᠠᠷ ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠠᠴᠠ ᠦᠨᠡᠯᠡᠨ ᠵᠢᠱᠢᠬᠦ ᠶᠠᠪᠤᠴᠠ ᠳᠤ ᠣᠯᠵᠤ ᠮᠡᠳᠡᠭᠰᠡᠨ ᠲᠤᠬᠠᠢ ᠶᠢᠨ ᠬᠥᠮᠦᠨ ᠤ ᠬᠤᠳᠠᠯᠳᠤᠭᠠᠨ ᠤ ᠨᠢᠭᠤᠴᠠ ᠪᠠ  ᠲᠤᠬᠠᠶᠢᠯᠠᠭᠰᠠᠨ ᠠᠵᠢᠯ ᠤᠨ ᠮᠠᠲ᠋ᠧᠷᠢᠶᠠᠯ ᠢ ᠭᠠᠳᠠᠭᠰᠢ ᠬᠠᠩᠭᠠᠵᠤ ᠪᠣᠯᠬᠤ ᠦᠭᠡᠢ᠃    ᠭᠤᠴᠢᠨ ᠵᠢᠷᠭᠤᠳᠤᠭᠠᠷ ᠵᠣᠷᠪᠣᠰ  ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠠᠴᠠ ᠠᠵᠢᠯ ᠡᠷᠬᠢᠯᠡᠭᠰᠡᠳ ᠳᠤ ᠠᠵᠢᠯ ᠮᠡᠷᠭᠡᠵᠢᠯ ᠤᠨ ᠶᠣᠰᠣ ᠮᠣᠷᠠᠯ ᠤᠨ ᠬᠥᠮᠦᠵᠢᠯ ᠪᠠ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ  ᠴᠢᠩᠭᠠᠳᠬᠠᠵᠤ᠂ ᠲᠤᠰ ᠪᠠᠶᠢᠭᠤᠯᠤᠮᠵᠢ ᠶᠢᠨ ᠵᠶ᠋ᠠᠨ‌‍ᠭᠡᠷ ᠪᠠᠶᠢᠰᠢᠩ ᠭᠠᠵᠠᠷ ᠬᠥᠷᠥᠩᠭᠡ ᠶᠢᠨ ᠦᠨ᠎ᠡ ᠵᠢᠱᠢᠭᠴᠢ ᠶᠢᠨ ᠦᠷᠭᠦᠯᠵᠢᠯᠡᠨ ᠰᠤᠷᠭᠠᠨ ᠬᠥᠮᠦᠵᠢᠯ ᠬᠢᠬᠦ ᠳᠤ ᠴᠢᠬᠤᠯᠠ ᠪᠥᠬᠦᠢ ᠨᠥᠬᠦᠴᠡᠯ ᠢ ᠬᠠᠩᠭᠠᠬᠤ ᠬᠡᠷᠡᠭᠲᠡᠢ᠃    ᠭᠤᠴᠢᠨ ᠳᠣᠯᠣᠳᠤᠭᠠᠷ ᠵᠣᠷᠪᠣᠰ  ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠭᠡᠷ ᠪᠠᠶᠢᠰᠢᠩ ᠭᠠᠵᠠᠷ ᠬᠥᠷᠥᠩᠭᠡ ᠵᠢᠨ‌ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠤᠯᠪᠣᠭᠳᠠᠯ ᠪᠥᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠲᠤᠰ ᠠᠷᠭ᠎ᠠ ᠶᠢᠨ ᠲᠣᠭᠲᠠᠭᠠᠯ ᠶᠣᠰᠣᠭᠠᠷ ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠪᠣᠯᠤᠨ ᠰᠠᠯᠪᠤᠷᠢ ᠪᠠᠶᠢᠭᠤᠯᠤᠮᠵᠢ ᠶᠢᠨ ᠪᠠᠶᠢᠭᠤᠯᠤᠯᠲᠠ᠂ ᠦᠨᠡᠯᠡᠨ ᠵᠢᠱᠢᠬᠦ ᠲᠤᠬᠠᠶᠢᠯᠠᠭᠰᠠᠨ ᠠᠵᠢᠯ ᠵᠢᠴᠢ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠠᠵᠢᠯᠯᠠᠭ᠎ᠠ ᠶᠢ ᠭᠦᠢᠴᠡᠳᠬᠡᠵᠦ ᠪᠠᠶᠢᠭ᠎ᠠ ᠪᠠᠶᠢᠳᠠᠯ‌‍ᠳᠤ ᠬᠢᠨᠠᠯᠲᠠ  ᠪᠠᠶᠢᠴᠠᠭᠠᠯᠲᠠ ᠬᠢᠬᠦ ᠬᠡᠷᠡᠭᠲᠡᠢ᠃    ᠭᠤᠴᠢᠨ ᠨᠠᠢᠮᠠᠳᠤᠭᠠᠷ ᠵᠣᠷᠪᠣᠰ   ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠭᠡᠷ ᠪᠠᠶᠢᠰᠢᠩ ᠭᠠᠵᠠᠷ ᠬᠥᠷᠥᠩᠭᠡ ᠵᠢᠨ‌ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠢᠨᠠᠯᠲᠠ ᠲᠠᠯᠪᠢᠵᠤ ᠪᠠᠶᠢᠴᠠᠭᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠡᠭᠡᠨ ᠳᠣᠣᠷ᠎ᠠ ᠵᠢᠭᠰᠠᠭᠠᠭᠰᠠᠨ ᠠᠷᠭ᠎ᠠ ᠬᠡᠮᠵᠢᠶ᠎ᠡ ᠨᠦᠭᠦᠳ ᠢ ᠠᠪᠬᠤ ᠡᠷᠬᠡ ᠲᠠᠢ᠄    ︵ᠨᠢᠭᠡ︶ ᠪᠠᠶᠢᠴᠠᠭᠠᠭᠳᠠᠵᠤ ᠪᠠᠶᠢᠭ᠎ᠠ ᠨᠢᠭᠡᠴᠡ ᠶᠢ ᠭᠡᠷ ᠪᠠᠶᠢᠰᠢᠩ ᠭᠠᠵᠠᠷ ᠬᠥᠷᠥᠩᠭᠡ  ᠶᠢ ᠦᠨᠡᠯᠡᠨ ᠵᠢᠱᠢᠬᠦ ᠪᠠᠶᠢᠭᠤᠯᠤᠮᠵᠢ ᠶᠢᠨ ᠬᠢᠷᠢ ᠬᠡᠮ ᠤᠨ ᠦᠨᠡᠮᠯᠡᠯ᠂ ᠭᠡᠷ ᠪᠠᠶᠢᠰᠢᠩ ᠭᠠᠵᠠᠷ ᠬᠥᠷᠥᠩᠭᠡ ᠶᠢᠨ ᠣᠢᠨ᠎ᠠ ᠵᠢᠱᠢᠭᠴᠢ ᠶᠢᠨ ᠳᠠᠩᠰᠠᠯᠠᠭᠤᠯᠤᠭᠰᠠᠨ ᠦᠨᠡᠮᠯᠡᠯ ᠬᠤᠯᠪᠣᠭᠳᠠᠯ ᠪᠦᠬᠦᠢ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠲᠤᠬᠠᠶᠢᠯᠠᠭᠰᠠᠨ ᠠᠵᠢᠯ ᠤᠨ ᠪᠢᠴᠢᠭ ᠮᠠᠲ᠋ᠧᠷᠢᠶᠠᠯ ᠂ ᠦᠨᠡᠯᠡᠨ ᠵᠢᠱᠢᠬᠦ ᠶᠢᠨ ᠶᠠᠰᠤ ᠴᠢᠨᠠᠷ ᠤᠨ ᠬᠠᠮᠢᠶᠠᠷᠤᠯᠲᠠ᠂ ᠦᠨᠡᠯᠡᠨ ᠵᠢᠱᠢᠬᠦ ᠶᠢᠨ ᠳᠠᠩᠰᠠ ᠡᠪᠬᠡᠮᠡᠯ ᠤᠨ ᠬᠠᠮᠢᠶᠠᠷᠤᠯᠲᠠ᠂ ᠡᠳ᠋ ᠤᠨ ᠶᠠᠪᠤᠳᠠᠯ ᠤᠨ ᠬᠠᠮᠢᠶᠠᠷᠤᠯᠲᠠ ᠵᠡᠷᠭᠡ ᠡᠯ᠎ᠡ ᠲᠥᠷᠥᠯ ᠤᠨ ᠠᠵᠤ ᠠᠬᠤᠶᠢᠯᠠᠯ ᠤᠨ ᠳᠣᠲᠣᠭᠠᠳᠤ ᠶᠢᠨ ᠬᠠᠮᠢᠶᠠᠷᠤᠯᠲᠠ ᠶᠢᠨ ᠳᠦᠷᠢᠮ ᠤᠨ ᠲᠤᠬᠠᠢ ᠪᠢᠴᠢᠭ ᠮᠠᠲ᠋ᠧᠷᠢᠶᠠᠯ︔    ︵ᠬᠤᠶᠠᠷ︶ ᠪᠠᠶᠢᠴᠠᠭᠠᠭᠳᠠᠵᠤ ᠪᠠᠶᠢᠭ᠎ᠠ ᠨᠢᠭᠡᠴᠡ ᠳᠤ ᠣᠴᠢᠵᠤ ᠪᠠᠶᠢᠴᠠᠭᠠᠨ ᠦᠵᠡᠬᠦ᠂ ᠭᠡᠷ ᠪᠠᠶᠢᠰᠢᠩ ᠭᠠᠵᠠᠷ ᠬᠥᠷᠥᠩᠭᠡ ᠵᠢᠨ‌ᠦᠨᠡᠯᠡᠨ ᠵᠢᠱᠢᠬᠦ ᠮᠡᠳᠡᠭᠦᠯᠦᠯᠲᠡ ᠵᠢᠴᠢ ᠦᠨᠡᠯᠡᠨ ᠵᠢᠱᠢᠬᠦ ᠨᠠᠶᠢᠳᠠᠯᠭ᠎ᠠ ᠶᠢᠨ ᠭᠡᠷ᠎ᠡ ᠶᠢ ᠪᠠᠶᠢᠴᠠᠭᠠᠨ ᠦᠵᠡᠬᠦ᠂ ᠲᠤᠬᠠᠢ ᠶᠢᠨ ᠭᠠᠵᠠᠷ ᠤᠨ ᠪᠠᠶᠢᠴᠠᠭᠠᠯᠲᠠ ᠶᠢᠨ ᠲᠡᠮᠳᠡᠭᠯᠡᠯ ᠵᠡᠷᠭᠡ ᠦᠨᠡᠯᠡᠨ ᠵᠢᠱᠢᠬᠦ ᠶᠢᠨ ᠬᠤᠯᠪᠣᠭᠳᠠᠯ ᠪᠦᠬᠦᠢ ᠮᠠᠲ᠋ᠧᠷᠢᠶᠠᠯ  ︔    ︵ᠭᠤᠷᠪᠠ︶ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠲᠤᠰ ᠠᠷᠭ᠎ᠠ ᠵᠢᠴᠢ ᠭᠡᠷ ᠪᠠᠶᠢᠰᠢᠩ ᠭᠠᠵᠠᠷ ᠬᠥᠷᠥᠩᠭᠡ ᠵᠢᠨ‌ᠦᠨᠡᠯᠡᠨ ᠵᠢᠱᠢᠬᠦ ᠵᠢᠷᠤᠮᠵᠢᠯ ᠪᠣᠯᠤᠨ ᠪᠠᠷᠢᠮᠵᠢᠶᠠᠨ ᠠᠴᠠ ᠵᠥᠷᠢᠴᠡᠭᠰᠡᠨ ᠠᠵᠢᠯᠯᠠᠭ᠎ᠠ ᠶᠢ ᠵᠠᠯᠠᠷᠠᠭᠤᠯᠬᠤ ᠡᠷᠬᠡ ᠲᠠᠢ᠃    ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠭᠡᠷ ᠪᠠᠶᠢᠰᠢᠩ ᠭᠠᠵᠠᠷ ᠬᠥᠷᠥᠩᠭᠡ ᠵᠢᠨ‌ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠢᠨᠠᠯᠲᠠ ᠲᠠᠯᠪᠢᠵᠤ ᠪᠠᠶᠢᠴᠠᠭᠠᠭᠰᠠᠨ‌‍ᠰᠢᠢᠳᠪᠦᠷᠢᠯᠡᠭᠰᠡᠨ ᠣᠢᠷ᠎ᠠ ᠳ᠋ᠦᠩ ᠢᠶᠠᠨ ᠨᠡᠶᠢᠭᠡᠮ  ᠨᠡᠶᠢᠲᠡ ᠳᠤ ᠨᠡᠢᠲᠡᠯᠡᠬᠦ ᠬᠡᠷᠡᠭᠲᠡᠢ᠃    ᠭᠤᠴᠢ ᠶᠢᠰᠦᠳᠦᠭᠡᠷ ᠵᠣᠷᠪᠣᠰ  ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠭᠡᠷ ᠪᠠᠶᠢᠰᠢᠩ ᠭᠠᠵᠠᠷ ᠬᠥᠷᠥᠩᠭᠡ ᠵᠢᠨ‌ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠢᠨᠠᠯᠲᠠ ᠲᠠᠯᠪᠢᠵᠤ ᠪᠠᠶᠢᠴᠠᠭᠠᠬᠤ ᠳᠠᠭᠠᠨ ᠬᠤᠶᠠᠷ ᠠᠴᠠ ᠳᠡᠭᠡᠭᠰᠢᠬᠢ ᠬᠢᠨᠠᠨ ᠪᠠᠶᠢᠴᠠᠭᠠᠬᠤ ᠠᠵᠢᠯᠲᠠᠨ ᠣᠷᠣᠯᠴᠠᠬᠤ ᠬᠡᠷᠡᠭᠲᠡᠢ ᠪᠥᠭᠡᠳ ᠬᠠᠤᠯᠢ ᠬᠡᠷᠡᠭᠵᠢᠭᠦᠯᠬᠦ ᠦᠨᠡᠮᠯᠡᠯ ᠢᠶᠠᠨ ᠭᠠᠷᠭᠠᠵᠤ ᠦᠵᠡᠭᠦᠯᠬᠦ ᠬᠡᠷᠡᠭᠲᠡᠢ᠂ ᠪᠠᠶᠢᠴᠠᠭᠠᠭᠳᠠᠵᠤ ᠪᠠᠶᠢᠭ᠎ᠠ ᠨᠢᠭᠡᠴᠡ ᠶᠢᠨ ᠬᠡᠪ ᠤᠨ ᠡᠵᠡᠩᠨᠡᠯᠲᠡ ᠶᠢᠨ ᠠᠵᠢᠯᠯᠠᠭ᠎ᠠ ᠶᠢ ᠬᠠᠷᠰᠢᠯᠠᠵᠤ᠂ ᠡᠳ᠋ ᠪᠣᠳᠠᠰ ᠠᠪᠬᠤ ᠪᠤᠶᠤ ᠬᠦᠯᠢᠶᠡᠨ ᠠᠪᠴᠤ᠂ ᠪᠤᠰᠤᠳ ᠠᠰᠢᠭ ᠲᠤᠰᠠ ᠣᠯᠵᠤ ᠪᠣᠯᠬᠤ ᠥᠬᠡᠢ᠃    ᠬᠤᠯᠪᠣᠭᠳᠠᠯ ᠪᠥᠬᠦᠢ ᠨᠢᠭᠡᠴᠡ ᠪᠠ ᠬᠤᠪᠢ ᠬᠥᠮᠦᠨ ᠠᠴᠠ ᠬᠠᠤᠯᠢ ᠶᠣᠰᠣᠨ ᠤ ᠬᠢᠨᠠᠯᠲᠠ ᠪᠠᠶᠢᠴᠠᠭᠠᠯᠲᠠ ᠳᠤ ᠬᠠᠮᠵᠢᠯᠴᠠᠬᠤ ᠬᠡᠷᠡᠭᠲᠡᠢ᠂ ᠲᠡᠪᠴᠢᠬᠦ ᠪᠤᠶᠤ ᠬᠠᠷᠰᠢᠯᠠᠵᠤ ᠪᠣᠯᠬᠤ ᠦᠭᠡᠢ᠃ᠳᠥᠴᠢᠳᠦᠭᠡᠷ ᠵᠣᠷᠪᠣᠰ  ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠠᠴᠠ ᠬᠠᠤᠯᠢ ᠶᠢ ᠵᠥᠷᠢᠴᠡᠵᠦ ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠠᠵᠢᠯᠯᠠᠭ᠎ᠠ ᠬᠢᠭᠰᠡᠨ ᠪᠣᠯ᠂ ᠬᠠᠤᠯᠢ ᠶᠢ ᠵᠥᠷᠢᠴᠡᠭᠰᠡᠨ ᠠᠵᠢᠯᠯᠠᠭ᠎ᠠ ᠭᠠᠷᠤᠭᠰᠠᠨ ᠭᠠᠵᠠᠷ ᠤᠨ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠭᠡᠷ ᠪᠠᠶᠢᠰᠢᠩ ᠭᠠᠵᠠᠷ ᠬᠥᠷᠥᠩᠭᠡ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠡᠴᠠ‌ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ᠂ ᠬᠠᠤᠯᠢ ᠶᠢ ᠵᠥᠷᠢᠴᠡᠭᠰᠡᠨ ᠪᠣᠳᠠᠲᠤ ᠬᠡᠷᠡᠭ᠂ ᠰᠢᠢᠳᠪᠦᠷᠢᠯᠡᠭᠰᠡᠨ ᠣᠢᠷ᠎ᠠ ᠳ᠋ᠦᠩ ᠵᠢᠴᠢ ᠰᠢᠢᠳᠪᠦᠷᠢᠯᠡᠭᠰᠡᠨ ᠰᠠᠨᠠᠭᠤᠯᠭ᠎ᠠ ᠪᠠᠨ ᠲᠤᠰ ᠦᠨᠡᠯᠡᠨ ᠵᠢᠱᠢᠬᠦ ᠪᠠᠶᠢᠭᠤᠯᠤᠮᠵᠢ ᠶᠢᠨ ᠬᠢᠷᠢ ᠭᠡᠮ ᠢ ᠵᠥᠪᠰᠢᠶᠡᠷᠡᠭᠰᠡᠨ  ᠪᠠᠶᠢᠭᠤᠯᠤᠯᠭ᠎ᠠ ᠳᠤ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ᠃    ᠳᠥᠴᠢᠨ ᠨᠢᠭᠡᠳᠦᠭᠡᠷ ᠵᠣᠷᠪᠣᠰ  ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠬᠤ᠂ ᠬᠢᠷᠢ ᠬᠡᠮ ᠤᠨ  ᠵᠦᠪᠰᠢᠶᠡᠷᠡᠬᠦ ᠪᠠᠶᠢᠭᠤᠯᠤᠯᠭ᠎ᠠ ᠪᠤᠶᠤ ᠲᠡᠭᠦᠨ ᠤ ᠳᠡᠭᠡᠳᠦ ᠱᠠᠲᠤᠨ ᠤ ᠪᠠᠶᠢᠭᠤᠯᠤᠯᠭ᠎ᠠ ᠨᠢ ᠠᠰᠢᠭ ᠬᠤᠣᠷ ᠤᠨ ᠬᠠᠷᠢᠴᠠᠭ᠎ᠠ ᠲᠠᠢ ᠬᠥᠮᠦᠨ ᠤ ᠭᠤᠶᠤᠴᠢᠯᠠᠯ ᠢ ᠦᠨᠳᠦᠰᠦᠯᠡᠬᠦ ᠪᠤᠶᠤ ᠡᠷᠬᠡ ᠲᠤᠰᠢᠶᠠᠯ ᠢᠶᠠᠨ ᠦᠨᠳᠦᠰᠦᠯᠡᠨ᠂ ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠶᠢᠨ ᠬᠢᠷᠢ ᠭᠡᠮ ᠢ ᠬᠦᠴᠦᠨ ᠦᠭᠡᠢ ᠪᠣᠯᠭᠠᠵᠤ ᠪᠣᠯᠤᠨ᠎ᠠ᠄    ︵ᠨᠢᠭᠡ︶  ᠬᠢᠷᠢ ᠬᠡᠮ ᠤᠨ  ᠵᠦᠪᠰᠢᠶᠡᠷᠡᠬᠦ ᠪᠠᠶᠢᠭᠤᠯᠤᠯᠭ᠎ᠠ ᠶᠢᠨ ᠠᠵᠢᠯᠲᠠᠳ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂ ᠡᠭᠦᠷᠭᠡ ᠲᠤᠰᠢᠶᠠᠯ ᠳᠠᠭᠠᠨ ᠣᠰᠤᠯᠳᠤᠵᠤ᠂ ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠶᠢᠨ ᠬᠢᠷᠢ ᠭᠡᠮ ᠢ ᠵᠥᠪᠰᠢᠶᠡᠷᠡᠭᠰᠡᠨ︔    ︵ᠬᠤᠶᠠᠷ︶ ᠬᠠᠤᠯᠢ ᠪᠠᠷ ᠲᠣᠭᠲᠠᠭᠠᠭᠰᠠᠨ ᠡᠷᠬᠡ ᠲᠤᠰᠢᠶᠠᠯ ᠤᠨ ᠬᠡᠮᠵᠢᠶᠡᠨ ᠠᠴᠠ ᠳᠠᠪᠠᠵᠤ ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠶᠢᠨ ᠬᠢᠷᠢ ᠭᠡᠮ ᠢ ᠵᠥᠪᠰᠢᠶᠡᠷᠡᠭᠰᠡᠨ︔    ︵ᠭᠤᠷᠪᠠ︶ ᠬᠠᠤᠯᠢ ᠪᠠᠷ ᠲᠣᠭᠲᠠᠭᠠᠭᠰᠠᠨ ᠵᠢᠷᠤᠮ ᠢ ᠵᠥᠷᠢᠴᠡᠵᠦ ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠶᠢᠨ ᠬᠢᠷᠢ ᠭᠡᠮ ᠢ ᠵᠥᠪᠰᠢᠶᠡᠷᠡᠭᠰᠡᠨ︔    ︵ᠳᠥᠷᠪᠡ︶ ᠵᠥᠪᠰᠢᠶᠡᠷᠡᠯ ᠣᠯᠭᠤᠬᠤ ᠨᠥᠬᠦᠴᠡᠯ ᠳᠤ ᠦᠯᠦ ᠨᠡᠶᠢᠴᠡᠬᠦ ᠭᠤᠶᠤᠴᠢᠯᠠᠭᠴᠢ ᠳᠤ ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠶᠢᠨ ᠬᠢᠷᠢ ᠭᠡᠮ ᠢ ᠵᠥᠪᠰᠢᠶᠡᠷᠡᠭᠰᠡᠨ︔    ︵ᠲᠠᠪᠤ︶ ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠶᠢᠨ ᠬᠢᠷᠢ ᠭᠡᠮ ᠢ ᠬᠠᠤᠯᠢ ᠶᠣᠰᠣᠭᠠᠷ ᠬᠦᠴᠦᠨ ᠦᠭᠡᠢ ᠪᠣᠯᠭᠠᠵᠤ ᠪᠣᠯᠬᠤ ᠪᠤᠰᠤᠳ ᠪᠠᠶᠢᠳᠠᠯ᠃    ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠠᠴᠠ ᠮᠡᠬᠡᠯᠡᠬᠦ᠂ ᠬᠡᠭᠡᠯᠢ ᠬᠠᠭ᠋ᠤᠤᠯᠢ ᠲᠦᠯᠬᠢᠬᠦ ᠵᠡᠷᠭᠡ ᠵᠤᠢ ᠪᠤᠰᠤ ᠠᠷᠭ᠎ᠠ ᠪᠠᠷᠢᠯ ᠢᠶᠠᠷ ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠶᠢᠨ ᠬᠢᠷᠢ ᠭᠡᠮ ᠢ ᠣᠯᠤᠭᠰᠠᠨ ᠪᠠᠶᠢᠪᠠᠯ ᠬᠦᠴᠦᠨ ᠦᠭᠡᠢ ᠪᠣᠯᠭᠠᠬᠤ ᠬᠡᠷᠡᠭᠲᠡᠢ᠃ᠳᠥᠴᠢᠨ ᠬᠤᠶᠠᠳᠤᠭᠠᠷ ᠵᠣᠷᠪᠣᠰ  ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠡᠴᠡ‌‍ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠶᠢᠨ ᠬᠢᠷᠢ ᠭᠡᠮ ᠢ ᠣᠯᠤᠭᠰᠠᠨ ᠤ ᠳᠠᠷᠠᠭ᠎ᠠ᠂ ᠵᠣᠬᠢᠴᠠᠩᠭᠤᠢ ᠬᠢᠷᠢ ᠬᠡᠮ ᠤᠨ ᠨᠥᠬᠦᠴᠡᠯ ᠳᠤ ᠨᠡᠶᠢᠴᠡᠬᠦ ᠦᠭᠡᠢ ᠪᠣᠯᠤᠭᠰᠠᠨ ᠪᠣᠯ ᠬᠢᠷᠢ ᠬᠡᠮ ‍ᠤᠨ‌ᠵᠦ᠋ᠪᠰᠢᠶᠡᠷᠡᠬᠦ ᠪᠠᠶᠢᠭᠤᠯᠤᠯᠭ᠎ᠠ ᠠᠴᠠ ᠠᠰᠢᠭ ᠬᠤᠣᠷ ᠤᠨ ᠬᠠᠷᠢᠴᠠᠭ᠎ᠠ ᠲᠠᠢ ᠬᠥᠮᠦᠨ ᠤ ᠭᠤᠶᠤᠴᠢᠯᠠᠯ ᠢ ᠦᠨᠳᠦᠰᠦᠯᠡᠬᠦ ᠪᠤᠶᠤ ᠡᠷᠬᠡ ᠲᠤᠰᠢᠶᠠᠯ ᠢᠶᠠᠨ ᠦᠨᠳᠦᠰᠦᠯᠡᠨ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠵᠤ ᠪᠣᠯᠤᠨ᠎ᠠ᠂ ᠬᠤᠭᠤᠴᠠᠭ᠎ᠠ ᠨᠢ ᠬᠡᠲᠦᠷᠡᠭᠰᠡᠨ ᠪᠠᠶᠢᠲᠠᠯ᠎ᠠ ᠵᠠᠯᠠᠷᠠᠭᠤᠯᠤᠭᠰᠠᠨ ᠦᠭᠡᠢ ᠪᠠᠶᠢᠪᠠᠯ ᠬᠢᠷᠢ ᠭᠡᠮ ᠢ ᠨᠢ  ᠬᠦᠴᠦᠨ ᠦᠭᠡᠢ ᠪᠤᠯᠭᠠᠵᠤ ᠪᠣᠯᠤᠨ᠎ᠠ᠃    ᠳᠥᠴᠢᠨ ᠭᠤᠷᠪᠠᠳᠤᠭᠠᠷ ᠵᠣᠷᠪᠣᠰ  ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠬᠤ᠂ ᠬᠢᠷᠢ ᠬᠡᠮ ‍ᠤᠨ‌ᠵᠦ᠋ᠪᠰᠢᠶᠡᠷᠡᠬᠦ ᠪᠠᠶᠢᠭᠤᠯᠤᠯᠭ᠎ᠠ ᠠᠴᠠ ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠶᠢᠨ ᠬᠢᠷᠢ  ᠬᠡᠮ ᠢ ᠬᠠᠤᠯᠢ ᠶᠣᠰᠣᠭᠠᠷ ᠬᠦᠴᠦᠨ ᠦᠭᠡᠢ ᠪᠣᠯᠭᠠᠬᠤ ᠬᠡᠷᠡᠭᠲᠡᠢ᠄    ︵ᠨᠢᠭᠡ︶ ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠶᠢᠨ ᠬᠢᠷᠢ ᠭᠡᠮ ᠤᠨ ᠬᠦᠴᠦᠨ ᠲᠠᠢ ᠬᠤᠭᠤᠴᠠᠭ᠎ᠠ ᠳᠠᠭᠤᠰᠤᠭᠠᠳ᠂ ᠦᠯᠦ ᠬᠤᠶᠢᠰᠢᠯᠠᠭᠤᠯᠤᠭᠰᠠᠨ︔    ︵ᠬᠤᠶᠠᠷ︶ ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠬᠠᠤᠯᠢ ᠶᠣᠰᠣᠭᠠᠷ ᠠᠵᠢᠯᠯᠠᠭ᠎ᠠ ᠪᠠᠨ ᠳᠠᠭᠤᠰᠬᠠᠭᠰᠠᠨ︔    ︵ᠭᠤᠷᠪᠠ︶ ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠶᠢᠨ ᠬᠢᠷᠢ ᠭᠡᠮ ᠢ ᠬᠠᠰᠤᠬᠤ᠂ ᠪᠤᠴᠠᠭᠠᠬᠤ ᠪᠤᠶᠤ ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠬᠢᠷᠢ ᠭᠡᠮ ᠤᠨ ᠦᠨᠡᠮᠯᠡᠯ ᠢ ᠬᠠᠤᠯᠢ ᠶᠣᠰᠣᠭᠠᠷ ᠬᠤᠷᠢᠶᠠᠨ ᠠᠪᠴᠤ ᠬᠦᠴᠦᠨ ᠦᠭᠡᠢ ᠪᠣᠯᠭᠠᠭᠰᠠᠨ︔    ︵ᠳᠥᠷᠪᠡ︶ ᠬᠠᠤᠯᠢ ᠲᠣᠭᠲᠠᠭᠠᠯ᠂ ᠬᠠᠤᠯᠢ ᠳᠦᠷᠢᠮ ᠳᠤ ᠲᠣᠭᠲᠠᠭᠠᠭᠰᠠᠨ ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠶᠢᠨ ᠬᠢᠷᠢ ᠭᠡᠮ ᠢ ᠬᠦᠴᠦᠨ ᠦᠭᠡᠢ  ᠪᠣᠯᠭᠠᠬᠤ ᠶᠣᠰᠣᠲᠠᠢ ᠪᠤᠰᠤᠳ ᠪᠠᠶᠢᠳᠠᠯ︔    ᠳᠥᠴᠢᠨ ᠳᠥᠷᠪᠡᠳᠦᠭᠡᠷ ᠵᠣᠷᠪᠣᠰ  ᠬᠢᠷᠢ ᠬᠡᠮ ᠢ ᠵᠥᠪᠰᠢᠶᠡᠷᠡᠬᠦ ᠪᠠᠶᠢᠭᠤᠯᠤᠯᠭ᠎ᠠ ᠪᠤᠶᠤ ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠨᠢ ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠶᠢᠨ ᠢᠲᠡᠭᠡᠮᠵᠢ ᠶᠢᠨ ᠳᠠᠩᠰᠠ ᠡᠪᠬᠡᠮᠡᠯ ᠢ ᠪᠠᠶᠢᠭᠤᠯᠬᠤ ᠬᠡᠷᠡᠭᠲᠡᠢ᠃    ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠨᠢ ᠦᠨᠡᠨ ᠪᠣᠳᠠᠲᠠᠢ᠂ ᠣᠨᠣᠪᠴᠢᠲᠠᠢ᠂ ᠪᠦᠷᠢᠨ ᠪᠦᠲᠦᠨ᠂ ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠶᠢᠨ ᠢᠲᠡᠭᠡᠮᠵᠢ ᠶᠢᠨ ᠳᠠᠩᠰᠠ ᠡᠪᠬᠡᠮᠡᠯ ᠤᠨ ᠮᠡᠳᠡᠭᠡ ᠵᠠᠩᠭᠢ ᠶᠢ ᠱᠠᠭᠠᠷᠳᠠᠯᠭ᠎ᠠ ᠶᠣᠰᠣᠭᠠᠷ ᠬᠠᠩᠭᠠᠬᠤ ᠬᠡᠷᠡᠭᠲᠡᠢ᠃    ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠶᠢᠨ ᠢᠲᠡᠭᠡᠮᠵᠢ ᠶᠢᠨ ᠳᠠᠩᠰᠠ ᠡᠪᠬᠡᠮᠡᠯ ᠳᠤ᠂ ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠶᠢᠨ ᠦᠨᠳᠦᠰᠦᠨ ᠪᠠᠶᠢᠳᠠᠯ᠂ ᠠᠵᠢᠯ ᠤᠨ ᠠᠮᠵᠢᠯᠲᠠ᠂ ᠰᠠᠶᠢᠨ ᠰᠠᠶᠢᠬᠠᠨ ᠦᠢᠯᠡ ᠠᠵᠢᠯᠯᠠᠭ᠎ᠠ᠂ ᠮᠠᠭᠤ ᠦᠢᠯᠡ ᠠᠵᠢᠯᠯᠠᠭ᠎ᠠ ᠵᠡᠷᠭᠡ ᠠᠭᠤᠯᠭ᠎ᠠ ᠶᠢ ᠪᠠᠭᠲᠠᠭᠠᠭᠰᠠᠨ ᠪᠠᠶᠢᠬᠤ ᠬᠡᠷᠡᠭᠲᠡᠢ᠃ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ᠂ ᠵᠠᠭᠠᠯᠳᠤᠭᠳᠠᠵᠤ ᠢᠯᠡᠴᠢᠯᠡᠨ ᠮᠡᠳᠡᠭᠦᠯᠦᠭᠰᠡᠨ ᠢ ᠰᠢᠢᠳᠪᠦᠷᠢᠯᠡᠬᠦ᠂ ᠵᠠᠰᠠᠭ ᠵᠠᠬᠢᠷᠭᠠᠨ ᠢᠶᠠᠷ ᠰᠢᠢᠳᠬᠡᠨ ᠲᠣᠷᠭᠠᠬᠤ ᠵᠡᠷᠭᠡ ᠪᠠᠶᠢᠳᠠᠯ ᠢ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠪᠠᠶᠢᠭᠤᠯᠤᠮᠵᠢ ᠶᠢᠨ ᠮᠠᠭᠤ ᠲᠡᠮᠳᠡᠭᠯᠡᠯ ᠤᠨ ᠬᠤᠪᠢ ᠪᠠᠷ ᠢᠲᠡᠭᠡᠮᠵᠢ ᠶᠢᠨ ᠳᠠᠩᠰᠠ ᠡᠪᠬᠡᠮᠡᠯ ᠳᠤ ᠣᠷᠣᠭᠤᠯᠬᠤ ᠬᠡᠷᠡᠭᠲᠡᠢ᠃    ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠶᠢᠨ ᠮᠠᠭᠤ ᠦᠢᠯᠡ ᠠᠵᠢᠯᠯᠠᠭ᠎ᠠ ᠶᠢ ᠲᠤᠰ ᠪᠠᠶᠢᠭᠤᠯᠤᠮᠵᠢ ᠶᠢᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠤᠶᠤ ᠭᠦᠢᠴᠡᠳᠬᠡᠬᠦ ᠬᠤᠷᠰᠢᠭᠴᠢ ᠶᠢᠨ ᠮᠠᠭᠤ ᠦᠢᠯᠡ ᠠᠵᠢᠯᠯᠠᠭ᠎ᠠ ᠪᠣᠯᠭᠠᠨ ᠲᠡᠭᠦᠨ ᠤ ᠢᠲᠡᠭᠡᠮᠵᠢ ᠶᠢᠨ ᠳᠠᠩᠰᠠ ᠡᠪᠬᠡᠮᠡᠯ ᠳᠤ ᠲᠡᠮᠳᠡᠭᠯᠡᠵᠦ ᠣᠷᠣᠭᠤᠯᠬᠤ ᠬᠡᠷᠡᠭᠲᠡᠢ᠃ᠶᠠᠮᠠᠷᠪᠠ ᠨᠢᠭᠡᠴᠡ ᠪᠠ ᠬᠤᠪᠢ ᠬᠥᠮᠦᠨ ᠠᠴᠠ ᠢᠲᠡᠭᠡᠮᠵᠢ ᠶᠢᠨ ᠳᠠᠩᠰᠠ ᠡᠪᠬᠡᠮᠡᠯ ᠢ ᠪᠠᠶᠢᠴᠠᠭᠠᠨ ᠦᠵᠡᠬᠦ ᠡᠷᠬᠡ ᠲᠠᠢ᠃    ᠲᠠᠪᠤᠳᠤᠭᠠᠷ ᠪᠦᠯᠦᠭ   ᠬᠠᠤᠯᠢ ᠶᠢᠨ ᠬᠠᠷᠢᠭᠤᠴᠠᠯᠭ᠎ᠠᠳᠥᠴᠢᠨ ᠲᠠᠪᠤᠳᠤᠭᠠᠷ ᠵᠣᠷᠪᠣᠰ   ᠭᠤᠶᠤᠴᠢᠯᠠᠭᠴᠢ ᠬᠤᠯᠪᠣᠭᠳᠠᠯ ᠪᠦᠬᠦᠢ ᠪᠠᠶᠢᠳᠠᠯ ᠢᠶᠠᠨ ᠨᠢᠭᠤᠨ ᠳᠠᠯᠳᠠᠯᠠᠭᠰᠠᠨ ᠪᠤᠶᠤ ᠬᠤᠳᠠᠯ ᠬᠠᠭᠤᠷᠮᠠᠭ ᠮᠠᠲ᠋ᠧᠷᠢᠶᠠᠯ ᠬᠠᠩᠭᠠᠵᠤ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠪᠠᠶᠢᠭᠤᠯᠤᠮᠵᠢ ᠶᠢᠨ ᠬᠢᠷᠢ ᠬᠡᠮ ᠢ ᠭᠤᠶᠤᠴᠢᠯᠠᠭᠰᠠᠨ ᠪᠣᠯ ᠵᠦᠪᠰᠢᠶᠡᠷᠡᠬᠦ ᠪᠠᠶᠢᠭᠤᠯᠤᠯᠭ᠎ᠠ ᠠᠴᠠ ᠬᠦᠯᠢᠶᠡᠨ ᠠᠪᠴᠤ ᠰᠢᠢᠳᠪᠦᠷᠢᠯᠡᠬᠦ ᠦᠭᠡᠢ ᠪᠤᠶᠤ ᠵᠠᠰᠠᠭ ᠵᠠᠬᠢᠷᠭᠠᠨ ᠤ ᠵᠥᠪᠰᠢᠶᠡᠷᠡᠯ ᠥᠭᠬᠦ ᠦᠭᠡᠢ ᠪᠥᠭᠡᠳ ᠨᠢᠭᠡ ᠵᠢᠯ ᠤᠨ ᠳᠣᠲᠣᠷ᠎ᠠ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠪᠠᠶᠢᠭᠤᠯᠤᠮᠵᠢ ᠶᠢᠨ ᠬᠢᠷᠢ ᠭᠡᠮ ᠢ ᠳᠠᠬᠢᠨ ᠭᠤᠶᠤᠴᠢᠯᠠᠵᠤ ᠪᠣᠯᠬᠤ ᠦᠭᠡᠢ᠃    ᠳᠥᠴᠢᠨ ᠵᠢᠷᠭᠤᠳᠤᠭᠠᠷ ᠵᠣᠷᠪᠣᠰ  ᠮᠡᠬᠡᠯᠡᠬᠦ᠂ ᠬᠡᠭᠡᠯᠢ ᠬᠠᠭ᠋ᠤᠤᠯᠢ ᠲᠦᠯᠬᠢᠬᠦ ᠵᠡᠷᠭᠡ ᠲᠥᠪ ᠪᠤᠰᠤ ᠠᠷᠭ᠎ᠠ ᠪᠠᠷᠢᠯ ᠢᠶᠠᠷ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠪᠠᠶᠢᠭᠤᠯᠤᠮᠵᠢ ᠶᠢᠨ ᠬᠢᠷᠢ ᠭᠡᠮ ᠢ ᠣᠯᠤᠭᠰᠠᠨ ᠪᠣᠯ ᠬᠢᠷᠢ ᠬᠡᠮ ᠢ ᠵᠥᠪᠰᠢᠶᠡᠷᠡᠭᠰᠡᠨ ᠪᠠᠶᠢᠭᠤᠯᠤᠯᠭ᠎ᠠ ᠠᠴᠠ ᠰᠡᠷᠡᠮᠵᠢ ᠥᠭᠬᠦ ᠶᠢᠨ ᠬᠠᠮᠲᠤ᠂ 1 ᠲᠦᠮᠡᠨ ᠲᠥᠭᠦᠷᠢᠭ ᠠᠴᠠ ᠳᠡᠭᠡᠭᠰᠢ 3 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ ᠭᠤᠶᠤᠴᠢᠯᠠᠭᠴᠢ 3 ᠵᠢᠯ ᠤᠨ ᠳᠣᠲᠣᠷ᠎ᠠ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠪᠠᠶᠢᠭᠤᠯᠤᠮᠵᠢ ᠶᠢᠨ ᠬᠢᠷᠢ ᠭᠡᠮ ᠢ ᠳᠠᠬᠢᠵᠤ ᠭᠤᠶᠤᠴᠢᠯᠠᠵᠤ ᠪᠣᠯᠬᠤ ᠥᠬᠡᠢ᠃    ᠳᠥᠴᠢᠨ ᠳᠣᠯᠣᠳᠤᠭᠠᠷ ᠵᠣᠷᠪᠣᠰ  ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠠᠴᠠ ᠬᠢᠷᠢ ᠭᠡᠮ ᠢ ᠣᠯᠤᠭᠰᠠᠨ ᠦᠭᠡᠢ ᠪᠠᠷ ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠠᠵᠢᠯᠯᠠᠭ᠎ᠠ ᠬᠢᠭᠰᠡᠨ ᠪᠤᠶᠤ ᠬᠢᠷᠢ  ᠬᠡᠮ ᠤᠨ ᠳᠡᠰ ᠠᠴᠠ ᠳᠠᠪᠠᠵᠤ ᠦᠨᠡᠯᠡᠨ ᠵᠢᠱᠢᠬᠦ ᠲᠤᠬᠠᠶᠢᠯᠠᠭᠰᠠᠨ ᠠᠵᠢᠯ ᠢ ᠳᠠᠭᠠᠭᠠᠵᠤ ᠠᠪᠤᠭᠰᠠᠨ᠂ ᠦᠨᠡᠯᠡᠨ ᠵᠢᠱᠢᠬᠦ ᠮᠡᠳᠡᠭᠦᠯᠦᠯᠲᠡ ᠨᠢ ᠬᠦᠴᠦᠨ ᠦᠭᠡᠢ  ᠂  ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠭᠡᠷ ᠪᠠᠶᠢᠰᠢᠩ ᠭᠠᠵᠠᠷ ᠬᠥᠷᠥᠩᠭᠡ ᠵᠢᠨ‌ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠰᠡᠷᠡᠮᠵᠢ ᠥᠭᠴᠦ᠂ ᠵᠠᠷᠯᠢᠭᠳᠠᠵᠤ  ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠵᠤ᠂ 1 ᠲᠦᠮᠡᠨ ᠲᠥᠭᠦᠷᠢᠭ ᠠᠴᠠ ᠳᠡᠭᠡᠭᠰᠢ 3 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ ᠲᠤᠬᠠᠢ ᠶᠢᠨ ᠬᠥᠮᠦᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠥᠯᠥᠬᠦ ᠬᠠᠷᠢᠭᠤᠴᠠᠯᠭ᠎ᠠ ᠡᠭᠦᠷᠭᠡᠯᠡᠨ᠎ᠡ᠃    ᠳᠥᠴᠢᠨ ᠨᠠᠢᠮᠠᠳᠤᠭᠠᠷ ᠵᠣᠷᠪᠣᠰ  ᠲᠤᠰ ᠠᠷᠭ᠎ᠠ ᠶᠢᠨ ᠠᠷᠪᠠᠨ ᠳᠣᠯᠣᠳᠤᠭᠠᠷ ᠵᠣᠷᠪᠣᠰ ᠤᠨ ᠲᠣᠭᠲᠠᠭᠠᠯ ᠢ ᠵᠥᠷᠢᠴᠡᠵᠦ᠂ ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠶᠢᠨ ᠬᠢᠷᠢ ᠬᠡᠮ ᠤᠨ ᠦᠨᠡᠮᠯᠡᠯ ᠢᠶᠠᠨ ᠬᠤᠪᠢᠷᠠᠭᠤᠯᠬᠤ ᠭᠠᠷᠳᠠᠮ ᠢ ᠴᠠᠭ ᠲᠤᠬᠠᠢ ᠳᠤᠨᠢ ᠡᠰᠡ ᠭᠦᠢᠴᠡᠳᠬᠡᠭᠰᠡᠨ ᠪᠠᠶᠢᠪᠠᠯ᠂ ᠬᠢᠷᠢ ᠬᠡᠮ  ᠢ ᠨᠢ ᠵᠥᠪᠰᠢᠶᠡᠷᠡᠬᠦ ᠪᠠᠶᠢᠭᠤᠯᠤᠯᠭ᠎ᠠ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠬᠢᠯᠭᠡᠨ᠎ᠡ᠃ ᠬᠤᠭᠤᠴᠠᠭ᠎ᠠ ᠥᠩᠭᠡᠷᠡᠲᠡᠯ᠎ᠡ ᠭᠦᠢᠴᠡᠳᠬᠡᠬᠦ ᠥᠬᠡᠢ ᠪᠣᠯ 1 ᠲᠦᠮᠡᠨ ᠲᠥᠭᠦᠷᠢᠭ ᠠᠴᠠ ᠳᠣᠷᠣᠭᠰᠢ ᠵᠣᠭᠤᠰ ᠲᠣᠷᠭᠠᠵᠤ ᠪᠣᠯᠤᠨ᠎ᠠ᠃    ᠳᠥᠴᠢ ᠶᠢᠰᠦᠳᠦᠭᠡᠷ ᠵᠣᠷᠪᠣᠰ  ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠭᠡᠷ ᠪᠠᠶᠢᠰᠢᠩ ᠭᠠᠵᠠᠷ ᠬᠥᠷᠥᠩᠭᠡ ᠵᠢᠨ‌ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠬᠤ ᠶᠢᠨ ᠬᠠᠮᠲᠤ᠂ 1 ᠲᠦᠮᠡᠨ ᠲᠥᠭᠦᠷᠢᠭ ᠠᠴᠠ ᠳᠡᠭᠡᠭᠰᠢ 2 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ ᠪᠣᠯᠤᠨ᠎ᠠ᠃    ︵ᠨᠢᠭᠡ︶ ᠲᠤᠰ ᠠᠷᠭ᠎ᠠ ᠶᠢᠨ ᠬᠤᠷᠢᠳᠤᠭᠠᠷ ᠵᠣᠷᠪᠣᠰ ᠤᠨ ᠨᠢᠭᠡᠳᠦᠭᠡᠷ ᠵᠦᠢᠯ ᠤᠨ ᠲᠣᠭᠲᠠᠭᠠᠯ ᠢ ᠵᠥᠷᠢᠴᠡᠵᠦ ᠰᠠᠯᠪᠤᠷᠢ ᠪᠠᠶᠢᠭᠤᠯᠤᠮᠵᠢ ᠭᠠᠷᠭᠠᠭᠰᠠᠨ︔    ︵ᠬᠤᠶᠠᠷ︶ ᠲᠤᠰ ᠠᠷᠭ᠎ᠠ ᠶᠢᠨ ᠬᠤᠷᠢᠳᠤᠭᠠᠷ ᠨᠢᠭᠡᠳᠦᠭᠡᠷ ᠵᠣᠷᠪᠣᠰ‌‍ᠤᠨ ᠲᠣᠭᠲᠠᠭᠠᠯ ᠢ ᠵᠥᠷᠢᠴᠡᠵᠦ ᠰᠠᠯᠪᠤᠷᠢ ᠪᠠᠶᠢᠭᠤᠯᠤᠮᠵᠢ ᠭᠠᠷᠭᠠᠭᠰᠠᠨ︔    ︵ᠭᠤᠷᠪᠠ︶ ᠲᠤᠰ ᠠᠷᠭ᠎ᠠ ᠶᠢᠨ ᠬᠤᠷᠢᠨ ᠬᠤᠶᠠᠳᠤᠭᠠᠷ ᠵᠤᠷᠪᠤᠰ ᠤᠨ ᠨᠢᠭᠡᠳᠦᠭᠡᠷ ᠵᠦᠢᠯ ᠤᠨ ᠲᠣᠭᠲᠠᠭᠠᠯ ᠢ ᠵᠥᠷᠢᠴᠡᠵᠦ ᠰᠢᠨ᠎ᠡ ᠪᠠᠷ ᠪᠠᠶᠢᠭᠤᠯᠤᠭᠰᠠᠨ ᠰᠠᠯᠪᠤᠷᠢ ᠪᠠᠶᠢᠭᠤᠯᠤᠮᠵᠢ ᠢ ᠳᠠᠩᠰᠠᠯᠠᠭᠤᠯᠤᠭᠰᠠᠨ ᠦᠭᠡᠢ ᠪᠠᠶᠢᠪᠠᠯ᠃    ᠲᠠᠪᠢᠳᠤᠭᠠᠷ ᠵᠣᠷᠪᠣᠰ  ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠭᠡᠷ ᠪᠠᠶᠢᠰᠢᠩ ᠭᠠᠵᠠᠷ ᠬᠥᠷᠥᠩᠭᠡ ᠵᠢᠨ‌ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠨ᠎ᠠ᠃ ᠬᠤᠭᠤᠴᠠᠭ᠎ᠠ ᠨᠢ ᠬᠡᠲᠦᠷᠡᠭᠰᠡᠨ ᠪᠠᠶᠢᠲᠠᠯ᠎ᠠ᠂ ᠵᠠᠯᠠᠷᠠᠭᠤᠯᠤᠭᠰᠠᠨ ᠥᠬᠡᠢ ᠪᠠᠶᠢᠪᠠᠯ 5 ᠮᠢᠩᠭᠠᠨ ᠲᠥᠭᠦᠷᠢᠭ ᠠᠴᠠ ᠳᠡᠭᠡᠭᠰᠢ 2 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠵᠦ ᠪᠣᠯᠤᠨ᠎ᠠ᠃ ᠲᠤᠬᠠᠢ ᠶᠢᠨ ᠬᠥᠮᠦᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠥᠯᠥᠬᠦ ᠬᠠᠷᠢᠭᠤᠴᠠᠯᠭ᠎ᠠ ᠡᠭᠦᠷᠭᠡᠯᠡᠨ᠎ᠡ᠃    ︵ᠨᠢᠭᠡ︶ ᠲᠤᠰ ᠠᠷᠭ᠎ᠠ ᠶᠢᠨ ᠬᠤᠷᠢᠨ ᠵᠢᠷᠭᠤᠳᠤᠭᠠᠷ ᠵᠣᠷᠪᠣᠰ ᠤᠨ ᠲᠣᠭᠲᠠᠭᠠᠯ ᠢ ᠵᠥᠷᠢᠴᠡᠵᠦ ᠲᠤᠬᠠᠶᠢᠯᠠᠭᠰᠠᠨ ᠠᠵᠢᠯ ᠳᠠᠭᠠᠭᠠᠵᠤ ᠠᠪᠤᠭᠰᠠᠨ︔    ︵ᠬᠤᠶᠠᠷ︶ ᠲᠤᠰ ᠠᠷᠭ᠎ᠠ ᠶᠢᠨ ᠬᠤᠷᠢ ᠶᠢᠰᠦᠳᠦᠭᠡᠷ ᠵᠣᠷᠪᠣᠰ ᠤᠨ ᠨᠢᠭᠡᠳᠦᠭᠡᠷ ᠵᠦᠢᠯ ᠤᠨ ᠲᠣᠭᠲᠠᠭᠠᠯ ᠢ ᠵᠥᠷᠢᠴᠡᠵᠦ᠂ ᠨᠠᠶᠢᠳᠠᠯᠭ᠎ᠠ ᠬᠦᠯᠢᠶᠡᠭᠰᠡᠨ ᠦᠨᠡᠯᠡᠨ ᠵᠢᠱᠢᠬᠦ ᠠᠵᠢᠯ ᠢ ᠳᠤᠷ᠎ᠠ ᠪᠠᠷ ᠢᠶᠠᠨ ᠰᠢᠯᠵᠢᠭᠦᠯᠦᠨ ᠦᠭᠭᠦᠭᠰᠡᠨ︔    ︵ᠭᠤᠷᠪᠠ︶ ᠲᠤᠰ ᠠᠷᠭ᠎ᠠ ᠶᠢᠨ ᠬᠤᠷᠢᠳᠤᠭᠠᠷ ᠵᠣᠷᠪᠣᠰ ᠤᠨ ᠬᠤᠶᠠᠳᠤᠭᠠᠷ ᠵᠦᠢᠯ᠂ ᠬᠤᠷᠢ ᠶᠢᠰᠦᠳᠦᠭᠡᠷ ᠵᠣᠷᠪᠣᠰ ᠤᠨ ᠬᠤᠶᠠᠳᠤᠭᠠᠷ ᠵᠦᠢᠯ᠂ ᠭᠤᠴᠢᠨ ᠬᠤᠶᠠᠳᠤᠭᠠᠷ ᠵᠣᠷᠪᠣᠰ ᠤᠨ ᠲᠣᠭᠲᠠᠭᠠᠯ ᠠᠴᠠ ᠵᠥᠷᠢᠴᠡᠵᠦ ᠦᠨᠡᠯᠡᠨ ᠵᠢᠱᠢᠬᠦ ᠮᠡᠳᠡᠭᠦᠯᠦᠯᠲᠡ ᠭᠠᠷᠭᠠᠭᠰᠠᠨ ᠪᠠᠶᠢᠪᠠᠯ᠃    ᠲᠠᠪᠢᠨ ᠨᠢᠭᠡᠳᠦᠭᠡᠷ ᠵᠣᠷᠪᠣᠰ  ᠲᠤᠰ ᠠᠷᠭ᠎ᠠ ᠶᠢᠨ ᠬᠤᠷᠢᠨ ᠳᠣᠯᠣᠳᠤᠭᠠᠷ ᠵᠣᠷᠪᠣᠰ ᠤᠨ ᠲᠣᠭᠲᠠᠭᠠᠯ ᠢ ᠵᠥᠷᠢᠴᠡᠵᠦ ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠵᠢᠴᠢ ᠲᠡᠭᠦᠨ ᠤ ᠠᠵᠢᠯᠲᠠᠳ ᠵᠠᠶᠢᠯᠠᠬᠤ ᠬᠡᠷᠡᠭᠲᠡᠢ ᠪᠠᠶᠢᠲᠠᠯ᠎ᠠ᠂  ᠵᠠᠶᠢᠯᠠᠭᠰᠠᠨ ᠦᠭᠡᠢ ᠪᠠᠶᠢᠪᠠᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠭᠡᠷ ᠪᠠᠶᠢᠰᠢᠩ ᠭᠠᠵᠠᠷ ᠬᠥᠷᠥᠩᠭᠡ ᠵᠢᠨ‌ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠰᠡᠷᠡᠮᠵᠢ ᠥᠭᠴᠦ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠬᠤ ᠶᠢᠨ ᠬᠠᠮᠲᠤ 1 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ ᠪᠣᠯᠤᠨ᠎ᠠ᠃ ᠲᠤᠬᠠᠢ ᠶᠢᠨ ᠬᠥᠮᠦᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠥᠯᠥᠬᠦ ᠬᠠᠷᠢᠭᠤᠴᠠᠯᠭ᠎ᠠ ᠡᠭᠦᠷᠭᠡᠯᠡᠨ᠎ᠡ᠃    ᠲᠠᠪᠢᠨ ᠬᠤᠶᠠᠳᠤᠭᠠᠷ ᠵᠣᠷᠪᠣᠰ  ᠲᠤᠰ ᠠᠷᠭ᠎ᠠ ᠶᠢᠨ ᠭᠤᠴᠢᠨ ᠨᠢᠭᠡᠳᠦᠭᠡᠷ ᠵᠤᠷᠪᠤᠰ ᠤᠨ ᠲᠣᠭᠲᠠᠭᠠᠯ ᠠᠴᠠ ᠵᠥᠷᠢᠴᠡᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠭᠡᠷ ᠪᠠᠶᠢᠰᠢᠩ ᠭᠠᠵᠠᠷ ᠬᠥᠷᠥᠩᠭᠡ ᠶᠢᠨ ᠠᠷᠠᠯᠵᠢᠶ᠎ᠠ᠂ ᠳᠠᠩᠰᠠᠯᠠᠭᠤᠯᠤᠭᠰᠠᠨ ᠮᠡᠳᠡᠭᠡ ᠵᠠᠩᠭᠢ ᠶᠢᠨ ᠪᠠᠶᠢᠴᠠᠭᠠᠨ ᠯᠠᠪᠯᠠᠬᠤ ᠦᠢᠯᠡᠴᠢᠯᠡᠭᠡ ᠬᠠᠩᠭᠠᠬᠤ ᠶᠢ ᠲᠡᠪᠴᠢᠭᠰᠡᠨ ᠪᠣᠯ ᠲᠡᠭᠦᠨ ᠤ ᠳᠡᠭᠡᠳᠦ ᠱᠠᠲᠤᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠨ᠎ᠠ᠃    ᠲᠠᠪᠢᠨ ᠭᠤᠷᠪᠠᠳᠤᠭᠠᠷ ᠵᠣᠷᠪᠣᠰ  ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠡᠴᠡ‌‍ᠲ᠋ᠤᠰ ᠠᠷᠭ᠎ᠠ ᠶᠢᠨ ᠭᠤᠴᠢᠨ ᠭᠤᠷᠪᠠᠳᠤᠭᠠᠷ ᠵᠣᠷᠪᠣᠰ ᠤᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠭᠡᠷ ᠪᠠᠶᠢᠰᠢᠩ ᠭᠠᠵᠠᠷ ᠬᠥᠷᠥᠩᠭᠡ ᠵᠢᠨ‌ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠰᠡᠷᠡᠮᠵᠢ ᠥᠭᠴᠦ᠂ ᠬᠤᠭᠤᠴᠠᠭ᠎ᠠ ᠲᠣᠭᠲᠠᠭᠠᠨ ᠵᠠᠷᠯᠢᠭᠳᠠᠨ ᠵᠠᠯᠠᠷᠠᠭᠤᠯᠬᠤ ᠪᠥᠭᠡᠳ 1 ᠲᠦᠮᠡᠨ ᠲᠥᠭᠦᠷᠢᠭ ᠠᠴᠠ ᠳᠡᠭᠡᠭᠰᠢ 3 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ  ᠲᠤᠷᠠᠭᠠᠨ᠎ᠠ᠃ ᠲᠤᠬᠠᠢ ᠶᠢᠨ ᠬᠥᠮᠦᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ ᠬᠠᠤᠯᠢ ᠶᠣᠰᠣᠭᠠᠷ ᠲᠥᠯᠥᠬᠦ ᠬᠠᠷᠢᠭᠤᠴᠠᠯᠭ᠎ᠠ ᠡᠭᠦᠷᠭᠡᠯᠡᠨ᠎ᠡ᠃ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠲᠠᠪᠢᠨ ᠳᠥᠷᠪᠡᠳᠦᠭᠡᠷ ᠵᠣᠷᠪᠣᠰ  ᠲᠤᠰ ᠠᠷᠭ᠎ᠠ ᠶᠢᠨ ᠭᠤᠴᠢᠨ ᠲᠠᠪᠤᠳᠤᠭᠠᠷ ᠵᠣᠷᠪᠣᠰ ᠤᠨ ᠲᠣᠭᠲᠠᠭᠠᠯ ᠢ ᠵᠥᠷᠢᠴᠡᠵᠦ᠂ ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠠᠴᠠ ᠦᠨᠡᠯᠡᠨ ᠵᠢᠱᠢᠬᠦ ᠶᠠᠪᠤᠴᠠ ᠳᠠᠭᠠᠨ ᠣᠯᠵᠤ ᠮᠡᠳᠡᠭᠰᠡᠨ ᠲᠤᠬᠠᠢ ᠶᠢᠨ ᠬᠥᠮᠦᠨ ᠤ ᠬᠤᠳᠠᠯᠳᠤᠭᠠᠨ ᠤ ᠨᠢᠭᠤᠴᠠ ᠪᠠ ᠲᠤᠬᠠᠶᠢᠯᠠᠭᠰᠠᠨ ᠠᠵᠢᠯ ᠤᠨ ᠮᠠᠲ᠋ᠧᠷᠢᠶᠠᠯ ᠢ ᠳᠤᠷ᠎ᠠ ᠪᠠᠷ ᠭᠠᠳᠠᠭᠰᠢ ᠬᠠᠩᠭᠠᠵᠤ᠂ ᠲᠤᠬᠠᠢ ᠶᠢᠨ ᠬᠥᠮᠦᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ ᠬᠠᠤᠯᠢ ᠶᠣᠰᠣᠭᠠᠷ ᠲᠥᠯᠥᠬᠦ ᠬᠠᠷᠢᠭᠤᠴᠠᠯᠭ᠎ᠠ ᠡᠭᠦᠷᠭᠡᠯᠡᠨ᠎ᠡ᠃ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠲᠠᠪᠢᠨ ᠲᠠᠪᠤᠳᠤᠭᠠᠷ ᠵᠣᠷᠪᠣᠰ  ᠬᠢᠷᠢ ᠬᠡᠮ ᠤᠨ ᠵᠦᠪᠰᠢᠶᠡᠷᠡᠬᠦ ᠪᠠᠶᠢᠭᠤᠯᠤᠯᠭ᠎ᠠ ᠳᠤ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠲᠡᠭᠦᠨ ᠤ ᠳᠡᠭᠡᠳᠦ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠬᠢᠨᠠᠨ ᠪᠠᠶᠢᠴᠠᠭᠠᠬᠤ  ᠪᠠᠶᠢᠭᠤᠯᠤᠯᠭ᠎ᠠ ᠠᠴᠠ ᠵᠠᠷᠯᠢᠭᠳᠠᠨ ᠵᠠᠯᠠᠷᠠᠭᠤᠯᠤᠨ᠎ᠠ᠂ ᠰᠢᠭᠤᠳ ᠬᠠᠷᠢᠭᠤᠴᠠᠵᠤ ᠪᠠᠶᠢᠭ᠎ᠠ ᠭᠤᠣᠯᠴᠢᠯᠠᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠳᠤ ᠬᠠᠤᠯᠢ ᠶᠣᠰᠣᠭᠠᠷ ᠰᠢᠢᠳᠬᠡᠯ ᠥᠭᠭᠦᠨ᠎ᠡ ᠃ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ︵ᠨᠢᠭᠡ︶ ᠬᠠᠤᠯᠢ ᠳᠤ ᠲᠣᠭᠲᠠᠭᠠᠭᠰᠠᠨ ᠨᠥᠬᠦᠴᠡᠯ ᠳᠤ ᠦᠯᠦ ᠨᠡᠶᠢᠴᠡᠬᠦ ᠭᠤᠶᠤᠴᠢᠯᠠᠭᠴᠢ ᠳᠤ ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠶᠢᠨ ᠬᠢᠷᠢ ᠭᠡᠮ ᠢ ᠵᠥᠪᠰᠢᠶᠡᠷᠡᠬᠦ ᠪᠤᠶᠤ ᠡᠷᠬᠡ ᠲᠤᠰᠢᠶᠠᠯ ᠤᠨ ᠬᠡᠪᠴᠢᠶᠡᠨ ᠠᠴᠠ ᠪᠠᠨ ᠳᠠᠪᠠᠵᠤ ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠶᠢᠨ ᠬᠢᠷᠢ ᠬᠡᠮ ᠤᠨ ᠵᠥᠪᠰᠢᠶᠡᠷᠡᠯ ᠥᠭᠬᠦ ᠲᠣᠭᠲᠠᠭᠠᠯ ᠭᠠᠷᠭᠠᠭᠰᠠᠨ︔    ︵ᠬᠤᠶᠠᠷ︶ ᠬᠠᠤᠯᠢ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠭᠤᠶᠤᠴᠢᠯᠠᠭᠴᠢ ᠳᠤ ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠶᠢᠨ ᠬᠢᠷᠢ ᠭᠡᠮ ᠢ ᠵᠥᠪᠰᠢᠶᠡᠷᠡᠬᠦ ᠦᠭᠡᠢ ᠪᠤᠶᠤ ᠬᠠᠤᠯᠢ ᠳᠤ ᠲᠣᠭᠲᠠᠭᠠᠭᠰᠠᠨ ᠬᠤᠭᠤᠴᠠᠭᠠᠨ ᠤ ᠳᠣᠲᠣᠷ᠎ᠠ ᠭᠡᠷ ᠪᠠᠶᠢᠰᠢᠩ ᠭᠠᠵᠠᠷ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠶᠢᠨ ᠬᠢᠷᠢ ᠭᠡᠮ ᠢ ᠵᠥᠪᠰᠢᠶᠡᠷᠡᠬᠦ ᠲᠣᠭᠲᠠᠭᠠᠯ ᠭᠠᠷᠭᠠᠬᠤ ᠦᠭᠡᠢ︔    ︵ᠭᠤᠷᠪᠠ︶ ᠡᠭᠦᠷᠭᠡ ᠲᠤᠰᠢᠶᠠᠯ ᠤᠨ ᠢᠶᠠᠨ ᠳᠥᠭᠦᠮ ᠢ ᠠᠰᠢᠭᠯᠠᠨ᠂ ᠪᠤᠰᠤᠳ ᠠᠴᠠ ᠡᠳ᠋ ᠮᠥᠩᠭᠦ ᠪᠤᠶᠤ ᠪᠤᠰᠤᠳ ᠠᠰᠢᠭ ᠠᠪᠳᠠᠭ︔    ︵ᠳᠥᠷᠪᠡ︶ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ ᠪᠤᠶᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠣᠯᠵᠤ ᠮᠡᠳᠡᠭᠡᠳ ᠪᠠᠶᠢᠴᠠᠭᠠᠨ ᠰᠢᠢᠳᠪᠦᠷᠢᠯᠡᠭᠰᠡᠨ ᠦᠭᠡᠢ ᠪᠣᠯ᠃    ᠵᠢᠷᠭᠤᠳᠤᠭᠠᠷ ᠪᠦᠯᠦᠭ   ᠳᠠᠭᠠᠯᠳᠤᠭᠤᠯᠤᠭᠰᠠᠨ ᠳᠦᠷᠢᠮᠲᠠᠪᠢᠨ ᠵᠢᠷᠭᠤᠳᠤᠭᠠᠷ ᠵᠣᠷᠪᠣᠰ  ᠲᠤᠰ ᠠᠷᠭ᠎ᠠ ᠶᠢ 2005 ᠣᠨ ᠤ 12 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ 1997 ᠣᠨ ᠤ 1 ᠰᠠᠷ᠎ᠠ ᠶᠢᠨ 9 ᠤ ᠡᠳᠦᠷ ᠪᠦᠲᠦᠭᠡᠨ ᠪᠠᠶᠢᠭᠤᠯᠤᠯᠲᠠ ᠶᠢᠨ ᠶᠠᠮᠤᠨ ᠤ  ᠨᠡᠶᠢᠲᠡᠯᠡᠭᠰᠡᠨ ︽ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠪᠠᠶᠢᠭᠤᠯᠤᠮᠵᠢ ᠶᠢᠨ ᠬᠢᠷᠢ ᠭᠡᠮ ᠤᠨ ᠳᠡᠰ ᠤᠨ ᠬᠠᠮᠢᠶᠠᠷᠤᠯᠲᠠ ᠶᠢᠨ ᠲᠤᠬᠠᠢ ᠲᠣᠭᠲᠠᠭᠠᠯ ᠤᠳ︾  ︵ᠣᠷᠣᠨ ᠰᠠᠭᠤᠴᠠ ᠪᠣᠯᠤᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ﹇1997﹈ 12  ᠳ᠋ᠤᠭᠠᠷ ᠲᠣᠭᠠᠲᠤ︶ ᠡᠭᠦᠨ ᠤ ᠵᠡᠷᠭᠡ ᠳᠤ ᠬᠦᠴᠦᠨ ᠦᠭᠡᠢ ᠪᠣᠯᠭᠠᠨ᠎ᠠ᠃    ᠲᠤᠰ ᠠᠷᠭ᠎ᠠ ᠶᠢ ᠬᠡᠷᠡᠭᠵᠢᠭᠦᠯᠬᠦ ᠠᠴᠠ ᠡᠮᠦᠨᠡᠬᠢ ᠪᠦᠲᠦᠭᠡᠨ ᠪᠠᠶᠢᠭᠤᠯᠤᠯᠲᠠ ᠶᠢᠨ ᠶᠠᠮᠤᠨ ᠤ ᠨᠡᠶᠢᠲᠡᠯᠡᠭᠰᠡᠨ ᠳᠦᠷᠢᠮ ᠲᠣᠭᠲᠠᠭᠠᠯ ᠤᠨ ᠲᠣᠭᠲᠠᠭᠠᠯ ᠨᠢ ᠲᠤᠰ ᠠᠷᠭ᠎ᠠ ᠶᠢᠨ ᠲᠣᠭᠲᠠᠭᠠᠯ ᠲᠠᠢ ᠨᠢᠭᠡᠳᠦᠯ ᠥᠬᠡᠢ ᠪᠣᠯ ᠲᠤᠰ ᠠᠷᠭ᠎ᠠ ᠪᠠᠷ ᠪᠠᠷᠢᠮᠵᠢᠶ᠎ᠠ ᠪᠣᠯᠭᠠᠨ᠎ᠠ᠃
ᠢᠷᠡᠯᠲᠡ᠄ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ ᠶᠢᠨ ᠲᠢᠩᠬᠢᠮ
Baidu
map