ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠳ᠋ ᠬᠥᠷᠥᠩᠭᠡ ᠶᠢ ᠦᠨᠡᠯᠡᠨ ᠵᠢᠱᠢᠬᠦ ᠬᠠᠤᠯᠢ
ᠨᠡᠶᠢᠲᠡᠯᠡᠭᠰᠡᠨ ᠴᠠᠭ᠄
2021/1/5
   ᠨᠢᠭᠡᠳᠦᠭᠡᠷ ᠪᠦᠯᠦᠭ   ᠶᠡᠷᠦᠩᠬᠡᠢ ᠳᠦᠷᠢᠮ    ᠨᠢᠭᠡᠳᠦᠭᠡᠷ ᠵᠤᠷᠪᠤᠰ   ᠬᠥᠷᠥᠩᠭᠡ ᠶᠢ ᠦᠨᠡᠯᠡᠨ ᠵᠢᠱᠢᠬᠦ ᠠᠵᠢᠯᠯᠠᠭ᠎ᠠ ᠶᠢ ᠵᠢᠷᠤᠮᠵᠢᠭᠤᠯᠤᠨ᠂ ᠬᠥᠷᠥᠩᠭᠡ ᠶᠢ ᠦᠨᠡᠯᠡᠨ ᠵᠢᠱᠢᠬᠦ ᠲᠤᠬᠠᠢ ᠶᠢᠨ ᠬᠥᠮᠦᠨ ᠤ ᠬᠠᠤᠯᠢ ᠶᠣᠰᠣᠨ ᠤ ᠡᠷᠬᠡ ᠠᠰᠢᠭ ᠪᠣᠯᠤᠨ ᠣᠯᠠᠨ ᠨᠡᠶᠢᠲᠡ ᠶᠢᠨ ᠠᠰᠢᠭ ᠲᠤᠰᠠ ᠶᠢ  ᠬᠠᠮᠠᠭᠠᠯᠠᠵᠤ᠂  ᠬᠥᠷᠥᠩᠭᠡ ᠶᠢ ᠦᠨᠡᠯᠡᠨ ᠵᠢᠱᠢᠬᠦ ᠠᠵᠢᠯ ᠲᠥᠷᠥᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠡᠮᠬᠢ ᠵᠢᠷᠤᠮ ᠢ ᠬᠠᠮᠠᠭᠠᠯᠠᠬᠤ ᠶᠢᠨ ᠲᠥᠯᠥᠭᠡ᠂ ᠲᠤᠰ ᠬᠠᠤᠯᠢ ᠶᠢ ᠲᠣᠭᠲᠠᠭᠠᠪᠠ᠃    ᠬᠤᠶᠠᠳᠤᠭᠠᠷ ᠵᠤᠷᠪᠤᠰ  ᠲᠤᠰ ᠬᠠᠤᠯᠢ ᠳᠤ ᠬᠡᠯᠡᠵᠦ ᠪᠠᠶᠢᠭ᠎ᠠ ᠬᠥᠷᠥᠩᠭᠡ ᠶᠢ ᠦᠨᠡᠯᠡᠨ ᠵᠢᠱᠢᠬᠦ ︵ᠳᠣᠣᠷ᠎ᠠ ᠦᠨᠡᠯᠡᠨ ᠵᠢᠱᠢᠬᠦ  ᠭᠡᠵᠤ ᠳᠥᠭᠦᠮᠴᠢᠯᠡᠨ᠎ᠡ︶  ᠭᠡᠳᠡᠭ  ᠨᠢ ᠦᠨᠡᠯᠡᠨ ᠵᠢᠱᠢᠬᠦ ᠪᠠᠶᠢᠭᠤᠯᠤᠮᠵᠢ ᠵᠢᠴᠢ ᠦᠨᠡᠯᠡᠨ ᠵᠢᠱᠢᠬᠦ ᠲᠤᠰᠬᠠᠢ ᠠᠵᠢᠯᠲᠠᠨ ᠨᠠᠶᠢᠳᠠᠯᠭ᠎ᠠ ᠶᠢ ᠦᠨᠳᠦᠰᠦᠯᠡᠨ ᠦᠯᠦ ᠬᠥᠳᠡᠯᠬᠦ ᠬᠥᠷᠥᠩᠭᠡ᠂ ᠬᠥᠳᠡᠯᠬᠦ ᠬᠥᠷᠥᠩᠭᠡ᠂ ᠳᠠᠯᠳᠠ ᠡᠳ᠋ ᠬᠥᠷᠥᠩᠭᠡ᠂ ᠠᠵᠤ ᠠᠬᠤᠶᠢᠯᠠᠯ ᠤᠨ ᠥᠷᠲᠡᠭ᠂ ᠡᠳ᠋ ᠬᠥᠷᠥᠩᠭᠡ ᠶᠢᠨ ᠬᠤᠬᠢᠷᠠᠯ ᠪᠤᠶᠤ ᠪᠤᠰᠤᠳ ᠠᠵᠤ ᠠᠬᠤᠢ ᠶᠢᠨ ᠡᠷᠬᠡ ᠠᠰᠢᠭ ᠲᠤ ᠦᠨᠡᠯᠡᠨ ᠲᠣᠭᠲᠠᠭᠠᠯᠲᠠ ᠬᠢᠬᠦ᠂ ᠵᠢᠱᠢᠨ ᠪᠣᠳᠣᠬᠤ ᠶᠢᠨ ᠬᠠᠮᠲᠤ ᠦᠨᠡᠯᠡᠨ ᠵᠢᠱᠢᠬᠦ ᠮᠡᠳᠡᠭᠦᠯᠦᠯᠲᠡ ᠬᠢᠬᠦ ᠲᠤᠰᠬᠠᠢ ᠠᠵᠢᠯ ᠤᠨ ᠦᠢᠯᠡᠴᠢᠯᠡᠭᠡᠨ ᠤ ᠦᠢᠯᠡ ᠠᠵᠢᠯᠯᠠᠭ᠎ᠠ ᠶᠢ ᠵᠢᠭᠠᠵᠤ  ᠪᠠᠶᠢᠨ᠎ᠠ᠃    ᠭᠤᠷᠪᠠᠳᠤᠭᠠᠷ ᠵᠤᠷᠪᠤᠰ  ᠪᠠᠶᠢᠭᠠᠯᠢ ᠬᠥᠮᠦᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ ᠦᠨᠡᠯᠡᠨ ᠵᠢᠱᠢᠬᠦ ᠡᠲᠡᠭᠡᠳ ᠤᠨ ᠦᠨ᠎ᠡ ᠥᠷᠲᠡᠭ ᠢ ᠲᠣᠭᠲᠠᠭᠠᠬᠤ ᠴᠢᠬᠤᠯᠠᠲᠠᠢ ᠪᠠᠶᠢᠪᠠᠯ᠂ ᠦᠨᠡᠯᠡᠨ ᠵᠢᠱᠢᠬᠦ ᠪᠠᠶᠢᠭᠤᠯᠤᠮᠵᠢ ᠳᠤ ᠰᠠᠶᠢᠨ ᠳᠤᠷ᠎ᠠ ᠠᠴᠠ ᠪᠠᠨ ᠨᠠᠶᠢᠳᠠᠵᠤ ᠦᠨᠡᠯᠡᠨ ᠵᠢᠱᠢᠭᠦᠯᠵᠦ ᠪᠣᠯᠤᠨ᠎ᠠ᠃    ᠤᠯᠤᠰ ᠤᠨ ᠥᠮᠴᠢᠯᠡᠯ ᠤᠨ ᠡᠳ᠋ ᠬᠥᠷᠥᠩᠭᠡ ᠪᠤᠶᠤ ᠣᠯᠠᠨ ᠨᠡᠶᠢᠲᠡ ᠶᠢᠨ ᠠᠰᠢᠭ ᠲᠤᠰᠠ ᠵᠡᠷᠭᠡ ᠳᠤ ᠬᠤᠯᠪᠣᠭᠳᠠᠬᠤ ᠵᠦᠢᠯᠡᠰ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠦᠨᠡᠯᠡᠨ ᠵᠢᠱᠢᠬᠦ ᠴᠢᠬᠤᠯᠠᠲᠠᠢ ᠭᠡᠵᠦ ᠲᠣᠭᠲᠠᠭᠠᠭᠰᠠᠨ ᠪᠣᠯ ︵ᠳᠣᠣᠷ᠎ᠠ ᠬᠠᠤᠯᠢ ᠳᠤ ᠲᠣᠭᠲᠠᠭᠠᠭᠰᠠᠨ ᠦᠨᠡᠯᠡᠨ ᠵᠢᠱᠢᠬᠦ ᠭᠡᠵᠤ ᠳᠥᠭᠦᠮᠴᠢᠯᠡᠨ᠎ᠡ︶᠂ ᠦᠨᠡᠯᠡᠨ ᠵᠢᠱᠢᠬᠦ ᠪᠠᠶᠢᠭᠤᠯᠤᠮᠵᠢ ᠶᠢ ᠬᠠᠤᠯᠢ ᠶᠣᠰᠣᠭᠠᠷ ᠨᠠᠶᠢᠳᠠᠨ ᠦᠨᠡᠯᠡᠨ ᠵᠢᠱᠢᠭᠦᠯᠬᠦ ᠬᠡᠷᠡᠭᠲᠡᠢ᠃    ᠳᠥᠷᠪᠡᠳᠦᠭᠡᠷ ᠵᠤᠷᠪᠤᠰ  ᠦᠨᠡᠯᠡᠨ ᠵᠢᠱᠢᠬᠦ ᠪᠠᠶᠢᠭᠤᠯᠤᠮᠵᠢ ᠵᠢᠴᠢ ᠦᠨᠡᠯᠡᠨ ᠵᠢᠱᠢᠬᠦ ᠲᠤᠰᠬᠠᠢ ᠠᠵᠢᠯ ᠤᠨ ᠠᠵᠢᠯᠲᠠᠨ ᠲᠤᠬᠠᠶᠢᠯᠠᠭᠰᠠᠨ ᠠᠵᠢᠯ ᠢᠶᠠᠨ ᠥᠷᠨᠢᠭᠦᠯᠬᠦ ᠳᠡᠭᠡᠨ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠣᠯᠤᠨ ᠦᠨᠡᠯᠡᠨ ᠵᠢᠱᠢᠬᠦ ᠪᠠᠷᠢᠮᠵᠢᠶ᠎ᠠ ᠶᠢ ᠵᠢᠷᠤᠮᠯᠠᠬᠤ ᠬᠡᠷᠡᠭᠲᠡᠢ᠂ ᠪᠡᠶ᠎ᠡ ᠪᠠᠨ ᠳᠠᠭᠠᠭᠠᠭᠰᠠᠨ᠂ ᠪᠤᠰᠤᠳᠴᠢ᠂ ᠲᠥᠪ ᠭᠤᠣᠯᠴᠢ ᠪᠠᠶᠢᠬᠤ ᠵᠠᠷᠴᠢᠮ ᠢ ᠵᠢᠷᠤᠮᠯᠠᠬᠤ ᠬᠡᠷᠡᠭᠲᠡᠢ᠃ᠦᠨᠡᠯᠡᠨ ᠵᠢᠱᠢᠬᠦ ᠪᠠᠶᠢᠭᠤᠯᠤᠮᠵᠢ ᠵᠢᠴᠢ ᠦᠨᠡᠯᠡᠨ ᠵᠢᠱᠢᠬᠦ ᠲᠤᠰᠬᠠᠢ ᠠᠵᠢᠯ ᠤᠨ ᠠᠵᠢᠯᠲᠠᠨ ᠤ ᠬᠠᠤᠯᠢ ᠶᠣᠰᠣᠭᠠᠷ ᠲᠤᠬᠠᠶᠢᠯᠠᠭᠰᠠᠨ ᠠᠵᠢᠯ ᠢᠶᠠᠨ ᠥᠷᠨᠢᠭᠦᠯᠬᠦ ᠨᠢ ᠬᠠᠤᠯᠢ ᠴᠠᠭᠠᠵᠠ ᠳᠤ ᠬᠠᠮᠠᠭᠠᠯᠠᠭᠳᠠᠨ᠎ᠠ᠃    ᠲᠠᠪᠤᠳᠤᠭᠠᠷ ᠵᠤᠷᠪᠤᠰ  ᠦᠨᠡᠯᠡᠨ ᠵᠢᠱᠢᠬᠦ ᠲᠤᠰᠬᠠᠢ ᠠᠵᠢᠯ ᠤᠨ ᠠᠵᠢᠯᠲᠠᠨ ᠦᠨᠡᠯᠡᠨ ᠵᠢᠱᠢᠬᠦ ᠲᠤᠬᠠᠶᠢᠯᠠᠭᠰᠠᠨ ᠠᠵᠢᠯ ᠢ ᠬᠢᠬᠦ ᠳ᠋ᠡᠭᠡᠨ‌ᠦᠨᠡᠯᠡᠨ ᠵᠢᠱᠢᠬᠦ ᠪᠠᠶᠢᠭᠤᠯᠤᠮᠵᠢ ᠳᠤ ᠣᠷᠣᠯᠴᠠᠬᠤ ᠬᠡᠷᠡᠭᠲᠡᠢ ᠪᠥᠭᠡᠳ ᠵᠥᠪᠬᠡᠨ ᠨᠢᠭᠡ ᠦᠨᠡᠯᠡᠨ ᠵᠢᠱᠢᠬᠦ ᠪᠠᠶᠢᠭᠤᠯᠤᠮᠵᠢ ᠳᠤ ᠲᠤᠬᠠᠶᠢᠯᠠᠭᠰᠠᠨ ᠠᠵᠢᠯ ᠢ ᠡᠷᠬᠢᠯᠡᠵᠦ ᠪᠣᠯᠤᠨ᠎ᠠ᠃    ᠵᠢᠷᠭᠤᠳᠤᠭᠠᠷ ᠵᠤᠷᠪᠤᠰ  ᠦᠨᠡᠯᠡᠨ ᠵᠢᠱᠢᠬᠦ ᠠᠵᠢᠯ ᠲᠥᠷᠥᠯ ᠨᠢ ᠲᠤᠰᠬᠠᠢ ᠠᠵᠢᠯ ᠤᠨ ᠬᠦᠷᠢᠶᠡᠨ ᠤ ᠶᠣᠰᠣᠭᠠᠷ ᠠᠵᠢᠯ ᠲᠥᠷᠥᠯ ᠤᠨ ᠨᠡᠶᠢᠭᠡᠮᠯᠢᠭ ᠪᠠᠶᠢᠭᠤᠯᠵᠤ᠂ ᠪᠡᠶ᠎ᠡ ᠪᠠᠨ ᠪᠠᠷᠢᠬᠤ ᠬᠠᠮᠢᠶᠠᠷᠤᠯᠲᠠ ᠶᠢ ᠬᠡᠷᠡᠭᠵᠢᠭᠦᠯᠬᠦ ᠶᠢᠨ ᠬᠠᠮᠲᠤ ᠬᠤᠯᠪᠣᠭᠳᠠᠯ ᠪᠦᠬᠦᠢ ᠦᠨᠡᠯᠡᠨ ᠵᠢᠱᠢᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨᠠᠯᠲᠠ ᠲᠠᠯᠪᠢᠯᠲᠠ ᠪᠣᠯᠤᠨ ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠨ ᠠᠪᠬᠤ ᠬᠡᠷᠡᠭᠲᠡᠢ᠃    ᠳᠣᠯᠣᠳᠤᠭᠠᠷ ᠵᠤᠷᠪᠤᠰ  ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠦᠨᠡᠯᠡᠨ ᠵᠢᠱᠢᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠣᠰᠣᠭᠠᠷ ᠠᠵᠢᠯ ᠤᠨ ᠬᠤᠪᠢᠶᠠᠷᠢᠯᠠᠯ  ᠬᠢᠵᠦ᠂ ᠦᠨᠡᠯᠡᠨ ᠵᠢᠱᠢᠬᠦ ᠠᠵᠢᠯ ᠲᠥᠷᠥᠯ ᠳᠤ ᠬᠢᠨᠠᠯᠲᠠ ᠲᠠᠯᠪᠢᠵᠤ ᠬᠠᠮᠢᠶᠠᠷᠤᠨ᠎ᠠ᠃    ᠲᠣᠭᠤᠷᠢᠭ ᠲᠠᠢ ᠬᠤᠲᠠ ᠶᠢᠨ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠦᠨᠡᠯᠡᠨ ᠵᠢᠱᠢᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠬᠤᠪᠢᠶᠠᠷᠢᠯᠠᠯ ᠶᠣᠰᠣᠭᠠᠷ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠦᠨᠡᠯᠡᠨ ᠵᠢᠱᠢᠬᠦ ᠠᠵᠢᠯ ᠲᠥᠷᠥᠯ ᠳᠤ ᠬᠢᠨᠠᠯᠲᠠ ᠲᠠᠯᠪᠢᠵᠤ ᠬᠠᠮᠢᠶᠠᠷᠤᠨ᠎ᠠ᠃    ᠬᠤᠶᠠᠳᠤᠭᠠᠷ ᠪᠦᠯᠦᠭ   ᠦᠨᠡᠯᠡᠨ ᠵᠢᠱᠢᠬᠦ ᠲᠤᠰᠬᠠᠢ ᠠᠵᠢᠯ ᠤᠨ ᠠᠵᠢᠯᠲᠠᠨ    ᠨᠠᠢᠮᠠᠳᠤᠭᠠᠷ ᠵᠤᠷᠪᠤᠰ  ᠦᠨᠡᠯᠡᠨ ᠵᠢᠱᠢᠬᠦ ᠲᠤᠰᠬᠠᠢ ᠠᠵᠢᠯ ᠤᠨ ᠠᠵᠢᠯᠲᠠᠨ ᠳᠤ ᠦᠨᠡᠯᠡᠨ ᠵᠢᠱᠢᠭᠴᠢ ᠪᠣᠯᠤᠨ ᠪᠤᠰᠤᠳ ᠦᠨᠡᠯᠡᠨ ᠵᠢᠱᠢᠬᠦ ᠲᠤᠰᠬᠠᠢ ᠮᠡᠷᠭᠡᠵᠢᠯ ᠤᠨ ᠮᠡᠳᠡᠯᠭᠡ ᠬᠢᠭᠡᠳ ᠦᠢᠯᠡᠳᠦᠯᠭᠡ ᠶᠢᠨ ᠲᠤᠷᠰᠢᠯᠭ᠎ᠠ ᠲᠠᠢ ᠦᠨᠡᠯᠡᠨ ᠵᠢᠱᠢᠬᠦ ᠠᠵᠢᠯ ᠡᠷᠬᠢᠯᠡᠭᠴᠢᠳ ᠪᠠᠭᠲᠠᠨ᠎ᠠ᠃ᠦᠨᠡᠯᠡᠨ ᠵᠢᠱᠢᠭᠴᠢ ᠭᠡᠳᠡᠭ ᠪᠣᠯ ᠦᠨᠡᠯᠡᠨ ᠵᠢᠱᠢᠭᠴᠢ ᠶᠢᠨ ᠬᠢᠷᠢ ᠭᠡᠮ ᠤᠨ ᠰᠢᠯᠭᠠᠯᠲᠠ ᠶᠢ ᠥᠩᠭᠡᠷᠡᠭᠦᠯᠦᠭᠰᠡᠨ ᠲᠤᠰᠬᠠᠢ ᠮᠡᠷᠭᠡᠵᠢᠯ ᠤᠨ ᠠᠵᠢᠯᠲᠠᠨ ᠢ ᠵᠢᠭᠠᠵᠤ ᠪᠣᠢ᠃ ᠤᠯᠤᠰ ᠠᠴᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠪᠠᠨ ᠦᠨᠳᠦᠰᠦᠯᠡᠨ ᠦᠨᠡᠯᠡᠨ ᠵᠢᠱᠢᠭᠴᠢ ᠶᠢᠨ ᠲᠤᠰᠬᠠᠢ ᠮᠡᠷᠭᠡᠵᠢᠯ ᠤᠨ ᠲᠥᠷᠥᠯ ᠵᠦᠢᠯ ᠢ ᠲᠣᠭᠲᠠᠭᠠᠬᠤ ᠬᠡᠷᠡᠭᠲᠡᠢ᠃    ᠶᠢᠰᠦᠳᠦᠭᠡᠷ ᠵᠤᠷᠪᠤᠰ  ᠪᠦᠬᠦ ᠤᠯᠤᠰ ᠤᠨ ᠴᠢᠨᠠᠷᠲᠠᠢ ᠦᠨᠡᠯᠡᠨ ᠵᠢᠱᠢᠬᠦ ᠬᠤᠯᠪᠣᠭᠳᠠᠯ ᠪᠦᠬᠦᠢ ᠠᠵᠢᠯ ᠲᠥᠷᠥᠯ ᠤᠨ ᠨᠡᠶᠢᠭᠡᠮᠯᠢᠭ ᠤᠳ ᠦᠨᠡᠯᠡᠨ ᠵᠢᠱᠢᠭᠴᠢ ᠶᠢᠨ ᠬᠢᠷᠢ ᠭᠡᠮ ᠤᠨ ᠪᠦᠬᠦ ᠤᠯᠤᠰ ᠤᠨ ᠨᠢᠭᠡᠳᠦᠯᠲᠡᠢ ᠰᠢᠯᠭᠠᠯᠲᠠ ᠶᠢ ᠤᠯᠤᠰ ᠤᠨ ᠲᠣᠭᠲᠠᠭᠠᠯ ᠶᠣᠰᠣᠭᠠᠷ ᠵᠣᠬᠢᠶᠠᠨ‌‍ᠪᠠᠶᠢᠭᠤᠯᠤᠨ‌‍ᠬᠡᠷᠡᠭᠵᠢᠭᠦᠯᠬᠦ ᠬᠡᠷᠡᠭᠲᠡᠢ᠃ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠠᠩᠭᠢ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠠᠷᠠᠳ ᠢᠷᠭᠡᠨ᠂ ᠦᠨᠡᠯᠡᠨ ᠵᠢᠱᠢᠭᠴᠢ ᠶᠢᠨ ᠬᠢᠷᠢ ᠬᠡᠮ ᠤᠨ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠳᠤ ᠣᠷᠣᠯᠴᠠᠵᠤ ᠪᠣᠯᠤᠨ᠎ᠠ᠃    ᠠᠷᠪᠠᠳᠤᠭᠠᠷ ᠵᠤᠷᠪᠤᠰ  ᠪᠦᠬᠦ ᠤᠯᠤᠰ ᠤᠨ ᠴᠢᠨᠠᠷᠲᠠᠢ ᠦᠨᠡᠯᠡᠨ ᠵᠢᠱᠢᠬᠦ ᠬᠤᠯᠪᠣᠭᠳᠠᠯ ᠪᠦᠬᠦᠢ ᠠᠵᠢᠯ ᠲᠥᠷᠥᠯ ᠤᠨ ᠨᠡᠶᠢᠭᠡᠮᠯᠢᠭ ᠤᠳ ᠰᠦᠯᠵᠢᠶ᠎ᠡ ᠪᠠᠷ ᠦᠨᠡᠯᠡᠨ ᠵᠢᠱᠢᠭᠴᠢ ᠶᠢᠨ ᠨᠡᠷᠡᠰ ᠢ ᠨᠡᠶᠢᠲᠡᠯᠡᠬᠦ ᠶᠢᠨ ᠬᠠᠮᠲᠤ᠂ ᠴᠠᠭ ᠲᠤᠬᠠᠢ ᠳᠤᠨᠢ ᠰᠢᠨᠡᠳᠬᠡᠬᠦ ᠬᠡᠷᠡᠭᠲᠡᠢ᠃    ᠠᠷᠪᠠᠨ ᠨᠢᠭᠡᠳᠦᠭᠡᠷ ᠵᠤᠷᠪᠤᠰ  ᠵᠣᠷᠢᠭᠤᠳᠠ ᠶᠠᠯ᠎ᠠ ᠬᠢᠭᠰᠡᠨ ᠪᠤᠶᠤ ᠦᠨᠡᠯᠡᠨ ᠵᠢᠱᠢᠬᠦ᠂ ᠡᠳ᠋ ᠤᠨ ᠶᠠᠪᠤᠳᠠᠯ᠂ ᠨᠢᠭᠲᠠᠯᠠᠨ ᠪᠣᠳᠣᠬᠤ᠂ ᠨᠢᠭᠲᠠᠯᠠᠨ ᠪᠠᠶᠢᠴᠠᠭᠠᠬᠤ ᠠᠵᠢᠯᠯᠠᠭ᠎ᠠ ᠬᠢᠬᠦ ᠳᠤᠮᠳᠠ ᠠᠳᠡᠯ ᠠᠴᠠ ᠪᠣᠯᠵᠤ ᠶᠠᠯ᠎ᠠ ᠬᠢᠭᠰᠡᠨ ᠠᠴᠠ ᠡᠷᠡᠭᠦᠦ ᠰᠢᠢᠳᠬᠡᠯ ᠣᠯᠵᠤ᠂ ᠣᠯᠤᠭᠰᠠᠨ ᠡᠳᠦᠷ ᠠᠴᠠ ᠡᠬᠢᠯᠡᠨ ᠲᠠᠪᠤᠨ ᠵᠢᠯ ᠪᠣᠯᠤᠭ᠎ᠠ ᠦᠭᠡᠢ ᠬᠥᠮᠦᠰ ᠦᠨᠡᠯᠡᠨ ᠵᠢᠱᠢᠬᠦ ᠲᠤᠬᠠᠶᠢᠯᠠᠭᠰᠠᠨ ᠠᠵᠢᠯ ᠢ ᠬᠢᠵᠦ ᠪᠣᠯᠬᠤ ᠦᠭᠡᠢ᠃ᠠᠷᠪᠠᠨ ᠬᠤᠶᠠᠳᠤᠭᠠᠷ ᠵᠤᠷᠪᠤᠰ  ᠦᠨᠡᠯᠡᠨ ᠵᠢᠱᠢᠬᠦ ᠲᠤᠰᠬᠠᠢ ᠠᠵᠢᠯᠲᠠᠨ ᠳᠣᠣᠷ᠎ᠠ ᠵᠢᠭᠰᠠᠭᠠᠭᠰᠠᠨ ᠡᠷᠬᠡ ᠨᠦᠭᠦᠳ ᠶᠢ ᠡᠳ᠋ᠯᠡᠨ᠎ᠡ᠄    ᠨᠢᠭᠡ᠂ ᠨᠠᠶᠢᠳᠠᠭᠴᠢ ᠠᠴᠠ ᠬᠠᠮᠢᠶ᠎ᠠ ᠪᠦᠬᠦᠢ ᠡᠷᠬᠡ ᠶᠢᠨ ᠬᠠᠷᠢᠶᠠᠯᠠᠯ ᠤᠨ ᠭᠡᠷᠡᠴᠢ᠂ ᠡᠳ᠋ ᠤᠨ ᠶᠠᠪᠤᠳᠠᠯ ᠤᠨ ᠨᠢᠭᠲᠠᠯᠠᠨ ᠪᠣᠳᠣᠯᠲᠠ ᠶᠢᠨ ᠮᠡᠳᠡᠭᠡ ᠵᠠᠩᠭᠢ ᠪᠠ ᠪᠤᠰᠤᠳ ᠮᠠᠲ᠋ᠧᠷᠢᠶᠠᠯ ᠬᠠᠩᠭᠠᠬᠤ ᠵᠢᠴᠢ ᠠᠯᠪᠠᠨ ᠶᠠᠪᠤᠳᠠᠯ ᠢ ᠭᠦᠢᠴᠡᠳᠬᠡᠬᠦ ᠳᠤ ᠬᠡᠷᠡᠭᠰᠡᠬᠦ ᠴᠢᠬᠤᠯᠠ ᠪᠦᠬᠦᠢ ᠬᠠᠪᠰᠤᠷᠤᠯᠲᠠ︔    ᠬᠤᠶᠠᠷ᠂ ᠬᠤᠯᠪᠣᠭᠳᠠᠯ ᠪᠦᠬᠦᠢ ᠲᠥᠷᠥ ᠶᠢᠨ ᠪᠠᠶᠢᠭᠤᠯᠤᠯᠭ᠎ᠠ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ ᠲᠤᠬᠠᠶᠢᠯᠠᠭᠰᠠᠨ ᠠᠵᠢᠯ ᠡᠷᠬᠢᠯᠡᠬᠦ ᠳᠤ ᠬᠡᠷᠡᠭᠰᠡᠬᠦ ᠪᠢᠴᠢᠭ ᠮᠠᠲ᠋ᠤᠷᠢᠶᠠᠯ᠂ ᠭᠡᠷᠡᠴᠢ ᠪᠣᠯᠤᠨ ᠮᠠᠲ᠋ᠧᠷᠢᠶᠠᠯ ᠢ ᠬᠠᠤᠯᠢ ᠶᠣᠰᠣᠭᠠᠷ ᠪᠠᠶᠢᠴᠠᠭᠠᠨ ᠦᠵᠡᠬᠦ︔    ᠭᠤᠷᠪᠠ᠂  ᠨᠠᠶᠢᠳᠠᠭᠴᠢ ᠪᠤᠶᠤ ᠪᠤᠰᠤᠳ ᠵᠣᠬᠢᠶᠠᠨ ᠪᠠᠶᠢᠭᠤᠯᠤᠯᠲᠠ᠂ ᠬᠤᠪᠢ ᠬᠥᠮᠦᠨ ᠤ ᠦᠨᠡᠯᠡᠨ ᠵᠢᠱᠢᠬᠦ ᠦᠢᠯᠡ ᠠᠵᠢᠯᠯᠠᠭ᠎ᠠ ᠪᠠ ᠦᠨᠡᠯᠡᠨ ᠵᠢᠱᠢᠬᠦ ᠦᠷ᠎ᠡ ᠳ᠋ᠦᠩ ᠲᠤ ᠬᠠᠤᠯᠢ ᠪᠤᠰᠤ ᠪᠠᠷ ᠭᠠᠷ ᠲᠦᠷᠢᠬᠦ ᠶᠢ ᠲᠡᠪᠴᠢᠬᠦ︔    ᠳᠥᠷᠪᠡ᠂ ᠦᠨᠡᠯᠡᠨ‌ᠵᠢᠱᠢᠬᠦ ᠮᠡᠳᠡᠭᠦᠯᠦᠯᠲᠡ ᠳᠤ ᠬᠠᠤᠯᠢ ᠶᠣᠰᠣᠭᠠᠷ ᠭᠠᠷ ᠤᠨ ᠦᠰᠦᠭ ᠵᠢᠷᠤᠬᠤ︔    ᠲᠠᠪᠤ  ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠡᠷᠬᠡ ᠨᠦᠭᠦᠳ᠃    ᠠᠷᠪᠠᠨ ᠭᠤᠷᠪᠠᠳᠤᠭᠠᠷ ᠵᠤᠷᠪᠤᠰ  ᠦᠨᠡᠯᠡᠨ ᠵᠢᠱᠢᠬᠦ ᠲᠤᠰᠬᠠᠢ ᠠᠵᠢᠯᠲᠠᠨ ᠳᠣᠣᠷ᠎ᠠ ᠵᠢᠭᠰᠠᠭᠠᠭᠰᠠᠨ ᠡᠭᠦᠷᠭᠡ ᠶᠢ ᠭᠦᠢᠴᠡᠳᠬᠡᠬᠦ ᠬᠡᠷᠡᠭᠲᠡᠢ᠄    ᠨᠢᠭᠡ᠂ ᠦᠨᠡᠨᠴᠢ ᠢᠲᠡᠭᠡᠮᠵᠢᠲᠡᠢ ᠪᠠᠶᠢᠵᠤ᠂ ᠬᠠᠤᠯᠢ ᠶᠣᠰᠣᠭᠠᠷ ᠪᠡᠶ᠎ᠡ ᠪᠠᠨ ᠳᠠᠭᠠᠭᠠᠵᠤ᠂ ᠪᠤᠰᠤᠳᠴᠢ᠂ ᠲᠥᠪ ᠭᠤᠣᠯᠴᠢ ᠪᠠᠷ ᠲᠤᠬᠠᠶᠢᠯᠠᠭᠰᠠᠨ ᠠᠵᠢᠯ ᠢᠶᠠᠨ ᠬᠢᠬᠦ︔    ᠬᠤᠶᠠᠷ᠂ ᠦᠨᠡᠯᠡᠨ ᠵᠢᠱᠢᠬᠦ ᠪᠠᠷᠢᠮᠵᠢᠶ᠎ᠠ ᠶᠢ ᠵᠢᠷᠤᠮᠯᠠᠵᠤ᠂ ᠪᠠᠶᠢᠴᠠᠭᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠪᠡᠶ᠎ᠡ ᠪᠠᠨ‌‍ᠲ᠋ᠠᠭᠠᠭᠠᠵᠤ ᠵᠠᠳᠠᠯᠤᠨ ᠵᠢᠱᠢᠵᠦ᠂ ᠰᠢᠷᠭᠠᠭᠤ ᠬᠠᠲᠠᠭᠤᠵᠢᠯᠲᠠᠢ ᠠᠵᠢᠯᠯᠠᠵᠤ ᠲᠤᠬᠠᠶᠢᠯᠠᠭᠰᠠᠨ ᠠᠵᠢᠯ ᠵᠶ᠋ᠠᠨ‌‍ᠭᠦ᠋ᠢᠴᠡᠳᠬᠡᠬᠦ︔    ᠭᠤᠷᠪᠠ᠂ ᠲᠣᠭᠲᠠᠭᠠᠭᠰᠠᠨ‌ᠦᠷᠭᠦᠯᠵᠢᠯᠡᠭᠰᠡᠨ ᠰᠤᠷᠭᠠᠨ ᠬᠦᠮᠦᠵᠢᠯ ᠢ ᠪᠡᠶᠡᠯᠡᠭᠦᠯᠵᠦ᠂ ᠲᠤᠰᠬᠠᠢ ᠮᠡᠷᠭᠡᠵᠢᠯ ᠤᠨ ᠴᠢᠳᠠᠪᠤᠷᠢ ᠪᠠᠨ ᠪᠠᠲᠤᠯᠠᠬᠤ ᠪᠠ ᠳᠡᠭᠡᠭᠰᠢᠯᠡᠭᠦᠯᠬᠦ︔    ᠳᠥᠷᠪᠡ᠂  ᠦᠨᠡᠯᠡᠨ ᠵᠢᠱᠢᠬᠦ ᠠᠵᠢᠯᠯᠠᠭ᠎ᠠ ᠶᠢᠨ ᠳᠤᠮᠳᠠ ᠬᠡᠷᠡᠭᠯᠡᠬᠦ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ᠂ ᠭᠡᠷᠡᠴᠢ ᠪᠣᠯᠤᠨ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ᠂ ᠪᠦᠷᠢᠨ ᠪᠦᠲᠦᠨ ᠴᠢᠨᠠᠷ ᠢ ᠬᠢᠨᠠᠨ ᠪᠠᠶᠢᠴᠠᠭᠠᠬᠤ ᠪᠠ ᠰᠢᠯᠭᠠᠨ ᠪᠠᠲᠤᠯᠠᠬᠤ︔    ᠲᠠᠪᠤ  ᠂ ᠦᠨᠡᠯᠡᠨ ᠵᠢᠱᠢᠬᠦ ᠠᠵᠢᠯᠯᠠᠭ᠎ᠠ ᠶᠢᠨ ᠳᠤᠮᠳᠠ ᠣᠯᠵᠤ ᠮᠡᠳᠡᠭᠰᠡᠨ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ ᠪᠠ ᠬᠤᠪᠢ ᠬᠥᠮᠦᠨ ᠤ ᠨᠢᠭᠤᠴᠠ ᠶᠢ ᠬᠠᠮᠠᠭᠠᠯᠠᠬᠤ ᠬᠡᠷᠡᠭᠲᠡᠢ︔    ᠵᠢᠷᠭᠤᠭ᠎ᠠ᠂ ᠨᠠᠶᠢᠳᠠᠭᠴᠢ ᠪᠤᠶᠤ ᠪᠤᠰᠤᠳ ᠬᠤᠯᠪᠣᠭᠳᠠᠯ ᠪᠦᠬᠦᠢ ᠲᠤᠬᠠᠢ ᠶᠢᠨ ᠬᠥᠮᠦᠨ ᠵᠢᠴᠢ ᠦᠨᠡᠯᠡᠨ ᠵᠢᠱᠢᠬᠦ ᠡᠲᠡᠭᠡᠳ ᠲᠠᠢ ᠠᠰᠢᠭ ᠬᠤᠣᠷ ᠤᠨ ᠬᠠᠷᠢᠴᠠᠭ᠎ᠠ ᠲᠠᠢ ᠪᠠᠶᠢᠪᠠᠯ ᠵᠠᠶᠢᠯᠠᠬᠤ ᠬᠡᠷᠡᠭᠲᠡᠢ︔    ᠳᠤᠯᠤᠭ᠎ᠠ᠂ ᠠᠵᠢᠯ ᠲᠥᠷᠥᠯ ᠤᠨ ᠨᠡᠶᠢᠭᠡᠮᠯᠢᠭ ᠤᠨ ᠪᠡᠶ᠎ᠡ ᠪᠠᠨ ᠪᠠᠷᠢᠬᠤ ᠬᠠᠮᠢᠶᠠᠷᠤᠯᠲᠠ ᠶᠢ ᠬᠦᠯᠢᠶᠡᠨ ᠠᠪᠴᠤ ᠠᠵᠢᠯ ᠲᠥᠷᠥᠯ ᠤᠨ ᠨᠡᠶᠢᠭᠡᠮᠯᠢᠭ ᠤᠨ ᠳᠦᠷᠢᠮ ᠳᠤ ᠲᠣᠭᠲᠠᠭᠠᠭᠰᠠᠨ ᠡᠭᠦᠷᠭᠡ ᠶᠢ ᠭᠦᠢᠴᠡᠳᠬᠡᠨ᠎ᠡ︔    ᠨᠠᠢᠮᠠ᠂  ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠡᠭᠦᠷᠭᠡ᠃    ᠠᠷᠪᠠᠨ ᠳᠥᠷᠪᠡᠳᠦᠭᠡᠷ ᠵᠤᠷᠪᠤᠰ  ᠦᠨᠡᠯᠡᠨ ᠵᠢᠱᠢᠬᠦ ᠲᠤᠰᠬᠠᠢ ᠠᠵᠢᠯ ᠤᠨ ᠠᠵᠢᠯᠲᠠᠳ ᠳᠣᠣᠷᠠᠬᠢ ᠦᠢᠯᠡ ᠠᠵᠢᠯᠯᠠᠭ᠎ᠠ ᠲᠠᠢ ᠪᠠᠶᠢᠵᠤ ᠪᠣᠯᠬᠤ ᠦᠭᠡᠢ᠄    ᠨᠢᠭᠡ  ᠂ ᠬᠤᠪᠢ ᠪᠠᠷ ᠢᠶᠠᠨ ᠨᠠᠶᠢᠳᠠᠯᠭ᠎ᠠ ᠶᠢ ᠬᠦᠯᠢᠶᠡᠨ‌ᠠᠪᠴᠦ᠂ ᠲᠤᠬᠠᠶᠢᠯᠠᠭᠰᠠᠨ ᠠᠵᠢᠯ ᠬᠢᠵᠦ ᠰᠦᠢᠳᠬᠡᠯ ᠬᠤᠷᠢᠶᠠᠬᠤ︔    ᠬᠤᠶᠠᠷ  ᠂ ᠬᠤᠶᠠᠷ ᠠᠴᠠ ᠳᠡᠭᠡᠭᠰᠢ ᠦᠨᠡᠯᠡᠨ ᠵᠢᠱᠢᠬᠦ ᠪᠠᠶᠢᠭᠤᠯᠤᠮᠵᠢ ᠳᠤ ᠬᠠᠮᠲᠤ ᠳᠤᠨᠢ ᠠᠵᠢᠯ ᠬᠢᠬᠦ  ︔    ᠭᠤᠷᠪᠠ᠂  ᠪᠤᠰᠤᠳ ᠦᠨᠡᠯᠡᠨ ᠵᠢᠱᠢᠬᠦ ᠲᠤᠰᠬᠠᠢ ᠮᠡᠷᠭᠡᠵᠢᠯ ᠤᠨ ᠠᠵᠢᠯᠲᠠᠨ ᠢ ᠮᠡᠬᠡᠯᠡᠬᠦ᠂ ᠠᠰᠢᠭ ᠢᠶᠠᠷ ᠲᠠᠲᠠᠬᠤ᠂ ᠠᠯᠪᠠᠲᠠᠨ ᠰᠦᠷᠳᠡᠭᠦᠯᠬᠦ ᠪᠤᠶᠤ ᠮᠠᠭᠤᠯᠠᠬᠤ᠂ ᠮᠠᠭᠤᠰᠢᠶᠠᠬᠤ ᠵᠡᠷᠭᠡ ᠵᠦᠢ ᠪᠤᠰᠤ ᠠᠷᠭ᠎ᠠ ᠪᠠᠷᠢᠯ ᠢᠶᠠᠷ ᠲᠤᠬᠠᠶᠢᠯᠠᠭᠰᠠᠨ ᠠᠵᠢᠯ ᠲᠠᠲᠠᠬᠤ︔    ᠳᠥᠷᠪᠡ᠂ ᠪᠤᠰᠤᠳ ᠬᠥᠮᠦᠨ ᠤ ᠥᠪᠡᠷ ᠤᠨ ᠨᠡᠷ᠎ᠡ ᠪᠠᠷ ᠲᠤᠬᠠᠶᠢᠯᠠᠭᠰᠠᠨ ᠠᠵᠢᠯ ᠡᠷᠬᠢᠯᠡᠬᠦ ᠪᠤᠶᠤ ᠪᠤᠰᠤᠳ ᠤᠨ ᠨᠡᠷ᠎ᠡ ᠪᠠᠷ ᠲᠤᠬᠠᠶᠢᠯᠠᠭᠰᠠᠨ ᠠᠵᠢᠯ ᠬᠢᠬᠦ ᠶᠢ ᠵᠥᠪᠰᠢᠶᠡᠷᠡᠬᠦ︔    ᠲᠠᠪᠤ᠂ ᠲᠤᠰ ᠬᠥᠮᠦᠨ ᠤ ᠳᠠᠭᠠᠭᠠᠴᠢᠯᠠᠨ ᠡᠷᠬᠢᠯᠡᠭᠰᠡᠨ ᠦᠭᠡᠢ ᠲᠤᠬᠠᠶᠢᠯᠠᠭᠰᠠᠨ ᠠᠵᠢᠯ ᠤᠨ ᠦᠨᠡᠯᠡᠨ ᠵᠢᠱᠢᠬᠦ ᠮᠡᠳᠡᠭᠦᠯᠦᠯᠲᠡ ᠳᠤ ᠭᠠᠷ ᠤᠨ ᠦᠰᠦᠭ ᠵᠢᠷᠤᠬᠤ︔    ᠵᠢᠷᠭᠤᠭ᠎ᠠ᠂ ᠭᠡᠷ᠎ᠡ ᠳᠤ ᠪᠣᠯᠵᠣᠨ ᠲᠣᠭᠲᠠᠭᠠᠭᠰᠠᠨ ᠠᠴᠠ ᠭᠠᠳᠠᠨᠠᠬᠢ ᠬᠥᠯᠥᠰᠥᠨ ᠮᠥᠩᠭᠦ᠂ ᠡᠳ᠋ ᠪᠣᠳᠠᠰ ᠢ ᠨᠡᠬᠡᠨ ᠠᠪᠬᠤ᠂ ᠬᠦᠯᠢᠶᠡᠨ ᠠᠪᠬᠤ ᠪᠤᠶᠤ ᠬᠡᠯᠪᠡᠷᠢ ᠶᠢ ᠨᠢ ᠥᠭᠡᠷᠡᠲᠦᠭᠦᠯᠦᠨ ᠠᠪᠬᠤ᠂ ᠬᠦᠯᠢᠶᠡᠨ ᠠᠪᠬᠤ᠂ ᠡᠰᠡᠬᠦᠯ᠎ᠡ ᠪᠤᠰᠤᠳ ᠵᠦᠢ ᠪᠤᠰᠤ ᠠᠰᠢᠭ ᠲᠤᠰᠠ ᠣᠯᠬᠤ︔    ᠳᠤᠯᠤᠭ᠎ᠠ᠂ ᠬᠤᠳᠠᠯ ᠬᠠᠭᠤᠷᠮᠠᠭ ᠦᠨᠡᠯᠡᠨ ᠵᠢᠱᠢᠬᠦ ᠮᠡᠳᠡᠭᠦᠯᠦᠯᠲᠡ ᠪᠤᠶᠤ ᠴᠢᠬᠤᠯᠠ ᠶᠡᠭᠡ ᠣᠷᠬᠢᠭᠳᠠᠭᠤᠯᠤᠯ ᠲᠠᠢ  ᠦᠨᠡᠯᠡᠨ ᠵᠢᠱᠢᠬᠦ ᠮᠡᠳᠡᠭᠦᠯᠦᠯᠲᠡ ᠳᠡᠭᠡᠷ᠎ᠡ ᠭᠠᠷ ᠤᠨ ᠦᠰᠦᠭ ᠵᠢᠷᠤᠬᠤ︔ᠨᠠᠢᠮᠠ᠂  ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ ᠵᠥᠷᠢᠴᠡᠭᠰᠡᠨ ᠪᠤᠰᠤᠳ ᠠᠵᠢᠯᠯᠠᠭ᠎ᠠ᠃    ᠭᠤᠷᠪᠠᠳᠤᠭᠠᠷ ᠪᠦᠯᠦᠭ   ᠦᠨᠡᠯᠡᠨ ᠵᠢᠱᠢᠬᠦ ᠪᠠᠶᠢᠭᠤᠯᠤᠮᠵᠢ    ᠠᠷᠪᠠᠨ ᠲᠠᠪᠤᠳᠤᠭᠠᠷ ᠵᠤᠷᠪᠤᠰ  ᠦᠨᠡᠯᠡᠨ ᠵᠢᠱᠢᠬᠦ ᠪᠠᠶᠢᠭᠤᠯᠤᠮᠵᠢ ᠨᠢ ᠬᠠᠤᠯᠢ ᠶᠣᠰᠣᠭᠠᠷ ᠬᠤᠷᠰᠢᠬᠤ ᠪᠤᠶᠤ ᠺᠣᠮᠫᠠᠨᠢ ᠶᠢᠨ ᠬᠡᠯᠪᠡᠷᠢ ᠪᠠᠷ ᠦᠨᠡᠯᠡᠨ ᠵᠢᠱᠢᠬᠦ ᠲᠤᠰᠬᠠᠢ ᠠᠵᠢᠯ ᠤᠨ ᠠᠵᠢᠯᠲᠠᠨ ᠢ ᠤᠷᠢᠵᠤ ᠦᠨᠡᠯᠡᠨ ᠵᠢᠱᠢᠬᠦ ᠲᠤᠬᠠᠶᠢᠯᠠᠭᠰᠠᠨ ᠠᠵᠢᠯ ᠢ ᠥᠷᠨᠢᠭᠦᠯᠬᠦ ᠬᠡᠷᠡᠭᠲᠡᠢ᠃    ᠬᠤᠷᠰᠢᠬᠤ ᠬᠡᠯᠪᠡᠷᠢ ᠪᠦᠬᠦᠢ ᠦᠨᠡᠯᠡᠨ ᠵᠢᠱᠢᠬᠦ ᠪᠠᠶᠢᠭᠤᠯᠤᠮᠵᠢ ᠳᠤ ᠬᠤᠶᠠᠷ ᠠᠴᠠ ᠳᠡᠭᠡᠭᠰᠢ ᠦᠨᠡᠯᠡᠨ ᠵᠢᠱᠢᠭᠴᠢ ᠲᠠᠢ  ᠪᠠᠶᠢᠬᠤ ᠬᠡᠷᠡᠭᠲᠡᠢ᠃ ᠲᠡᠭᠦᠨ ᠤ ᠬᠤᠷᠰᠢᠭᠴᠢ ᠶᠢᠨ ᠭᠤᠷᠪᠠᠨ ᠤ ᠬᠤᠶᠠᠷ ᠠᠴᠠ ᠳᠡᠭᠡᠭᠰᠢ ᠨᠢ ᠭᠤᠷᠪᠠᠨ ᠵᠢᠯ ᠠᠴᠠ ᠳᠡᠭᠡᠭᠰᠢ ᠠᠵᠢᠯᠯᠠᠭᠰᠠᠨ ᠥᠩᠭᠡᠷᠡᠯᠲᠡ ᠲᠠᠢ ᠪᠥᠭᠡᠳ ᠣᠶᠢᠷ᠎ᠠ ᠶᠢᠨ ᠭᠤᠷᠪᠠᠨ ᠵᠢᠯ ᠤᠨ ᠳᠣᠲᠣᠷ᠎ᠠ ᠠᠵᠢᠯ ᠡᠷᠬᠢᠯᠡᠬᠦ ᠶᠢ ᠨᠢ ᠵᠣᠭᠰᠣᠭᠠᠭᠰᠠᠨ ᠦᠭᠡᠢ ᠦᠨᠡᠯᠡᠨ ᠵᠢᠱᠢᠭᠴᠢ  ᠪᠠᠶᠢᠬᠤ ᠬᠡᠷᠡᠭᠲᠡᠢ᠃    ᠺᠤᠮᠫᠠᠨᠢ ᠶᠢᠨ ᠬᠡᠯᠪᠡᠷᠢ ᠮᠠᠶ᠋ᠢᠭ ᠤᠨ ᠦᠨᠡᠯᠡᠨ ᠵᠢᠱᠢᠬᠦ ᠪᠠᠶᠢᠭᠤᠯᠤᠮᠵᠢ ᠳᠤ ᠨᠠᠢᠮᠠᠨ ᠨᠡᠷᠡᠰ ᠠᠴᠠ ᠳᠡᠭᠡᠭᠰᠢ ᠦᠨᠡᠯᠡᠨ ᠵᠢᠱᠢᠭᠴᠢ ᠪᠠ ᠬᠤᠶᠠᠷ ᠠᠴᠠ ᠳᠡᠭᠡᠭᠰᠢ ᠬᠤᠪᠢ ᠣᠷᠣᠭᠤᠯᠤᠭᠴᠢᠳ ᠤᠨ ᠳᠣᠲᠣᠷᠠᠬᠢ ᠭᠤᠷᠪᠠᠨ ᠤ ᠬᠤᠶᠠᠷ ᠠᠴᠠ ᠳᠡᠭᠡᠭᠰᠢᠬᠢ ᠬᠤᠪᠢ ᠣᠷᠣᠭᠤᠯᠤᠭᠴᠢ ᠨᠢ ᠭᠤᠷᠪᠠᠨ ᠵᠢᠯ ᠠᠴᠠ ᠳᠡᠭᠡᠭᠰᠢ ᠠᠵᠢᠯ ᠡᠷᠬᠢᠯᠡᠭᠰᠡᠨ ᠥᠩᠭᠡᠷᠡᠯᠲᠡ ᠲᠠᠢ ᠪᠥᠭᠡᠳ ᠣᠶᠢᠷ᠎ᠠ ᠶᠢᠨ ᠭᠤᠷᠪᠠᠨ ᠵᠢᠯ ᠤᠨ ᠳᠣᠲᠣᠷ᠎ᠠ ᠠᠵᠢᠯ ᠡᠷᠬᠢᠯᠡᠬᠦ ᠶᠢ ᠨᠢ ᠵᠣᠭᠰᠣᠭᠠᠭᠰᠠᠨ ᠦᠭᠡᠢ ᠦᠨᠡᠯᠡᠨ ᠵᠢᠱᠢᠭᠴᠢ  ᠪᠠᠶᠢᠬᠤ ᠬᠡᠷᠡᠭᠲᠡᠢ᠃    ᠦᠨᠡᠯᠡᠨ ᠵᠢᠱᠢᠬᠦ ᠪᠠᠶᠢᠭᠤᠯᠤᠮᠵᠢ ᠶᠢᠨ ᠬᠤᠷᠰᠢᠭᠴᠢ ᠪᠤᠶᠤ ᠬᠤᠪᠢ ᠣᠷᠣᠭᠤᠯᠤᠭᠴᠢᠳ ᠨᠢ ᠬᠤᠶᠠᠷ ᠨᠡᠷᠡᠰ ᠪᠠᠶᠢᠬᠤ ᠨᠢ  ᠂ ᠬᠤᠶᠠᠷ ᠬᠤᠷᠰᠢᠭᠴᠢ ᠪᠤᠶᠤ ᠬᠤᠪᠢ ᠣᠷᠣᠭᠤᠯᠤᠭᠴᠢᠳ ᠨᠢ ᠴᠥᠮ ᠭᠤᠷᠪᠠᠨ ᠵᠢᠯ ᠠᠴᠠ ᠳᠡᠭᠡᠭᠰᠢ ᠠᠵᠢᠯ ᠡᠷᠬᠢᠯᠡᠭᠰᠡᠨ ᠥᠩᠭᠡᠷᠡᠯᠲᠡ ᠲᠠᠢ ᠪᠥᠭᠡᠳ ᠣᠶᠢᠷ᠎ᠠ ᠶᠢᠨ ᠭᠤᠷᠪᠠᠨ ᠵᠢᠯ ᠤᠨ ᠳᠣᠲᠣᠷ᠎ᠠ ᠠᠵᠢᠯ ᠡᠷᠬᠢᠯᠡᠬᠦ ᠶᠢ ᠨᠢ ᠵᠣᠭᠰᠣᠭᠠᠭᠰᠠᠨ ᠦᠭᠡᠢ ᠦᠨᠡᠯᠡᠨ ᠵᠢᠱᠢᠭᠴᠢ  ᠪᠠᠶᠢᠬᠤ ᠬᠡᠷᠡᠭᠲᠡᠢ᠃    ᠠᠷᠪᠠᠨ ᠵᠢᠷᠭᠤᠳᠤᠭᠠᠷ ᠵᠤᠷᠪᠤᠰ  ᠦᠨᠡᠯᠡᠨ ᠵᠢᠱᠢᠬᠦ ᠪᠠᠶᠢᠭᠤᠯᠤᠮᠵᠢ ᠶᠢ ᠪᠠᠶᠢᠭᠤᠯᠬᠤ ᠳᠤ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠠᠩᠰᠠᠯᠠᠭᠤᠯᠬᠤ ᠭᠤᠶᠤᠴᠢᠯᠠᠯ ᠭᠠᠷᠭᠠᠬᠤ ᠬᠡᠷᠡᠭᠲᠡᠢ᠃ ᠦᠨᠡᠯᠡᠨ ᠵᠢᠱᠢᠬᠦ ᠪᠠᠶᠢᠭᠤᠯᠤᠮᠵᠢ ᠠᠴᠠ ᠡᠵᠡᠩᠨᠡᠯᠲᠡ ᠶᠢᠨ ᠦᠨᠡᠮᠯᠡᠯ ᠣᠯᠤᠭᠰᠠᠨ ᠡᠳᠦᠷ ᠠᠴᠠ ᠡᠬᠢᠯᠡᠨ ᠭᠤᠴᠢᠨ ᠡᠳᠦᠷ ᠤᠨ ᠳᠣᠲᠣᠷ᠎ᠠ ᠬᠤᠯᠪᠣᠭᠳᠠᠯ ᠪᠦᠬᠦᠢ ᠦᠨᠡᠯᠡᠨ ᠵᠢᠱᠢᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠠᠩᠰᠠᠯᠠᠭᠤᠯᠬᠤ ᠬᠡᠷᠡᠭᠲᠡᠢ᠃ ᠦᠨᠡᠯᠡᠨ ᠵᠢᠱᠢᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠦᠨᠡᠯᠡᠨ ᠵᠢᠱᠢᠬᠦ ᠪᠠᠶᠢᠭᠤᠯᠤᠮᠵᠢ ᠶᠢᠨ ᠳᠠᠩᠰᠠᠯᠠᠭᠤᠯᠤᠭᠰᠠᠨ  ᠪᠠᠶᠢᠳᠠᠯ‌ᠢ ᠨᠡᠶᠢᠭᠡᠮ ᠳᠤ ᠴᠠᠭ ᠲᠤᠬᠠᠢ ᠳᠤᠨᠢ ᠨᠡᠶᠢᠲᠡᠯᠡᠬᠦ ᠬᠡᠷᠡᠭᠲᠡᠢ᠃    ᠠᠷᠪᠠᠨ ᠳᠣᠯᠣᠳᠤᠭᠠᠷ ᠵᠤᠷᠪᠤᠰ  ᠦᠨᠡᠯᠡᠨ ᠵᠢᠱᠢᠬᠦ ᠪᠠᠶᠢᠭᠤᠯᠤᠮᠵᠢ ᠠᠴᠠ ᠬᠠᠤᠯᠢ ᠶᠣᠰᠣᠭᠠᠷ ᠪᠡᠶ᠎ᠡ ᠪᠠᠨ ᠳᠠᠭᠠᠭᠠᠵᠤ᠂ ᠪᠤᠰᠤᠳᠴᠢ᠂ ᠲᠥᠪ ᠭᠤᠣᠯᠴᠢ ᠪᠠᠷ ᠲᠤᠬᠠᠶᠢᠯᠠᠭᠰᠠᠨ ᠠᠵᠢᠯ ᠢᠶᠠᠨ ᠥᠷᠨᠢᠭᠦᠯᠵᠦ᠂ ᠶᠠᠰᠤ ᠴᠢᠨᠠᠷ ᠢ ᠬᠢᠵᠠᠭᠠᠷᠯᠠᠬᠤ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠦᠨᠡᠯᠡᠨ ᠵᠢᠱᠢᠬᠦ ᠮᠡᠳᠡᠭᠦᠯᠦᠯᠲᠡ ᠶᠢᠨ ᠪᠤᠰᠤᠳᠴᠢ᠂ ᠦᠨᠡᠨ ᠪᠣᠳᠠᠲᠠᠢ᠂ ᠵᠦᠢ ᠶᠣᠰᠣᠲᠠᠢ ᠶᠢ ᠪᠠᠲᠤᠯᠠᠨ᠎ᠠ᠃    ᠦᠨᠡᠯᠡᠨ ᠵᠢᠱᠢᠬᠦ ᠪᠠᠶᠢᠭᠤᠯᠤᠮᠵᠢ ᠠᠴᠠ ᠳᠣᠲᠣᠭᠠᠳᠤ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ‌‍ᠲ᠋ᠡᠭᠦᠯᠳᠡᠷᠵᠢᠭᠦᠯᠬᠦ ᠬᠡᠷᠡᠭᠲᠡᠢ ᠪᠥᠭᠡᠳ ᠲᠤᠰ ᠪᠠᠶᠢᠭᠤᠯᠤᠮᠵᠢ ᠶᠢᠨ ᠦᠨᠡᠯᠡᠨ ᠵᠢᠱᠢᠬᠦ ᠲᠤᠰᠬᠠᠢ ᠠᠵᠢᠯ ᠤᠨ ᠠᠵᠢᠯᠲᠠᠨ ᠤ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠦᠨᠡᠯᠡᠨ ᠵᠢᠱᠢᠬᠦ ᠪᠠᠷᠢᠮᠵᠢᠶ᠎ᠠ ᠶᠢ ᠵᠢᠷᠤᠮᠯᠠᠭᠰᠠᠨ ᠪᠠᠶᠢᠳᠠᠯ‌‍ᠳᠤ ᠬᠢᠨᠠᠯᠲᠠ ᠲᠠᠯᠪᠢᠬᠤ ᠶᠢᠨ ᠬᠠᠮᠲᠤ᠂ ᠲᠡᠭᠦᠨ ᠤ ᠠᠵᠢᠯ ᠡᠷᠬᠢᠯᠡᠬᠦ ᠦᠢᠯᠡ ᠠᠵᠢᠯᠯᠠᠭ᠎ᠠ ᠳᠤ ᠬᠠᠷᠢᠭᠤᠴᠠᠬᠤ ᠬᠡᠷᠡᠭᠲᠡᠢ᠃    ᠦᠨᠡᠯᠡᠨ ᠵᠢᠱᠢᠬᠦ ᠪᠠᠶᠢᠭᠤᠯᠤᠮᠵᠢ ᠠᠴᠠ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠤᠯᠢ ᠶᠣᠰᠣᠭᠠᠷ ᠬᠦᠯᠢᠶᠡᠨ ᠠᠪᠴᠤ᠂ ᠦᠨᠡᠯᠡᠨ ᠵᠢᠱᠢᠬᠦ ᠳᠠᠩᠰᠠ ᠡᠪᠬᠡᠮᠡᠯ ᠵᠢᠴᠢ ᠬᠠᠮᠢᠶ᠎ᠠ ᠪᠦᠬᠦᠢ  ᠪᠠᠶᠢᠳᠠᠯ ᠢ ᠦᠨᠡᠨ ᠪᠣᠳᠠᠲᠠᠢ ᠪᠠᠷ ᠬᠠᠩᠭᠠᠬᠤ ᠬᠡᠷᠡᠭᠲᠡᠢ᠃    ᠠᠷᠪᠠᠨ ᠨᠠᠢᠮᠠᠳᠤᠭᠠᠷ ᠵᠤᠷᠪᠤᠰ   ᠨᠠᠶᠢᠳᠠᠭᠴᠢ ᠨᠢ ᠦᠨᠡᠯᠡᠨ ᠵᠢᠱᠢᠬᠦ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ᠬᠡᠷᠡᠭᠰᠡᠬᠦ ᠡᠷᠬᠡ ᠶᠢᠨ ᠬᠠᠷᠢᠶᠠᠯᠠᠯ ᠤᠨ ᠭᠡᠷᠡᠴᠢ ᠂ ᠡᠳ᠋ ᠤᠨ ᠶᠠᠪᠤᠳᠠᠯ ᠤᠨ ᠨᠢᠭᠲᠠᠯᠠᠨ ᠪᠣᠳᠣᠯᠲᠠ ᠶᠢᠨ ᠮᠡᠳᠡᠭᠡ ᠵᠠᠩᠭᠢ ᠪᠠ ᠪᠤᠰᠤᠳ ᠮᠠᠲ᠋ᠧᠷᠢᠶᠠᠯ ᠢ ᠬᠠᠩᠭᠠᠬᠤ ᠶᠢ ᠲᠡᠪᠴᠢᠭᠰᠡᠨ ᠪᠤᠶᠤ ᠦᠨᠡᠨ ᠮᠥᠨ ᠢᠶᠠᠷ ᠨᠢ ᠬᠠᠩᠭᠠᠬᠤ ᠦᠭᠡᠢ ᠪᠠᠶᠢᠪᠠᠯ᠂ ᠦᠨᠡᠯᠡᠨ ᠵᠢᠱᠢᠬᠦ ᠪᠠᠶᠢᠭᠤᠯᠤᠮᠵᠢ ᠠᠴᠠ ᠭᠡᠷ᠎ᠡ ᠶᠢᠨ ᠱᠠᠭᠠᠷᠳᠠᠯᠭ᠎ᠠ ᠶᠢ ᠬᠠᠤᠯᠢ ᠶᠣᠰᠣᠭᠠᠷ ᠲᠡᠪᠴᠢᠬᠦ ᠡᠷᠬᠡ ᠲᠠᠢ᠃    ᠠᠷᠪᠠ ᠶᠢᠰᠦᠳᠦᠭᠡᠷ ᠵᠤᠷᠪᠤᠰ   ᠨᠠᠶᠢᠳᠠᠭᠴᠢ ᠨᠢ ᠬᠤᠳᠠᠯ ᠬᠠᠭᠤᠷᠮᠠᠭ ᠦᠨᠡᠯᠡᠨ ᠵᠢᠱᠢᠬᠦ ᠮᠡᠳᠡᠭᠦᠯᠦᠯᠲᠡ ᠭᠠᠷᠭᠠᠭᠤᠯᠬᠤ ᠪᠠᠷ ᠱᠠᠭᠠᠷᠳᠠᠬᠤ ᠪᠤᠶᠤ ᠪᠤᠰᠤᠳ‌ᠬᠠᠤᠯᠢ ᠪᠤᠰᠤ ᠪᠠᠷ ᠦᠨᠡᠯᠡᠨ ᠵᠢᠱᠢᠬᠦ ᠦᠷ᠎ᠡ ᠳ᠋ᠦᠩ ᠤᠨ ᠪᠠᠶᠢᠳᠠᠯ ᠲᠤ ᠭᠠᠷ ᠲᠥᠷᠥᠭᠰᠡᠨ ᠪᠣᠯ᠂ ᠦᠨᠡᠯᠡᠨ ᠵᠢᠱᠢᠬᠦ ᠪᠠᠶᠢᠭᠤᠯᠤᠮᠵᠢ ᠠᠴᠠ ᠭᠡᠷ᠎ᠡ ᠶᠢ ᠴᠤᠴᠠᠯᠬᠤ ᠡᠷᠬᠡ ᠲᠠᠢ᠃    ᠬᠤᠷᠢᠳᠤᠭᠠᠷ ᠵᠤᠷᠪᠤᠰ  ᠦᠨᠡᠯᠡᠨ ᠵᠢᠱᠢᠬᠦ ᠪᠠᠶᠢᠭᠤᠯᠤᠮᠵᠢ ᠠᠴᠠ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢ ᠬᠢᠵᠦ ᠪᠣᠯᠬᠤ ᠦᠭᠡᠢ᠄    ᠨᠢᠭᠡ  ᠂  ᠠᠵᠢᠯ ᠤᠨ ᠳᠥᠭᠦᠮ ᠢᠶᠠᠨ ᠠᠰᠢᠭᠯᠠᠨ ᠬᠡᠪ ᠤᠨ ᠪᠤᠰᠤ ᠠᠰᠢᠭ ᠲᠤᠰᠠ ᠶᠢ ᠬᠥᠭᠡᠭᠡᠴᠡᠯᠳᠦᠬᠦ︔    ᠬᠤᠶᠠᠷ᠂ ᠪᠤᠰᠤᠳ ᠪᠠᠶᠢᠭᠤᠯᠤᠮᠵᠢ ᠶᠢᠨ ᠲᠤᠰ ᠪᠠᠶᠢᠭᠤᠯᠤᠮᠵᠢ ᠶᠢᠨ ᠨᠡᠷ᠎ᠡ ᠪᠠᠷ ᠲᠤᠬᠠᠶᠢᠯᠠᠭᠰᠠᠨ ᠠᠵᠢᠯ ᠥᠷᠨᠢᠭᠦᠯᠬᠦ ᠪᠤᠶᠤ ᠪᠤᠰᠤᠳ ᠪᠠᠶᠢᠭᠤᠯᠤᠮᠵᠢ ᠶᠢᠨ ᠨᠡᠷ᠎ᠡ ᠪᠠᠷ ᠲᠤᠬᠠᠶᠢᠯᠠᠭᠰᠠᠨ ᠠᠵᠢᠯ ᠥᠷᠨᠢᠭᠦᠯᠬᠦ ᠶᠢ ᠵᠦᠪᠰᠢᠶᠡᠷᠡᠬᠦ︔    ᠭᠤᠷᠪᠠ᠂ ᠮᠠᠭᠤ ᠴᠢᠨᠠᠷ ᠢᠶᠠᠷ ᠦᠨ᠎ᠡ ᠶᠢ ᠳᠠᠷᠤᠬᠤ᠂ ᠬᠠᠷᠢᠭᠤ ᠬᠠᠷᠠᠮᠵᠢ ᠠᠪᠬᠤ᠂ ᠬᠤᠳᠠᠯ ᠬᠠᠭᠤᠷᠮᠠᠭ ᠢᠶᠠᠷ ᠤᠬᠠᠭᠤᠯᠬᠤ ᠪᠤᠶᠤ ᠪᠤᠰᠤᠳ ᠦᠨᠡᠯᠡᠨ ᠵᠢᠱᠢᠬᠦ ᠪᠠᠶᠢᠭᠤᠯᠤᠮᠵᠢ ᠶᠢ ᠮᠠᠭᠤᠯᠠᠬᠤ᠂ ᠮᠠᠭᠤᠰᠢᠶᠠᠬᠤ ᠵᠡᠷᠭᠡ ᠲᠥᠪ ᠪᠤᠰᠤ ᠠᠷᠭ᠎ᠠ ᠪᠠᠷᠢᠯ ᠢᠶᠠᠷ ᠲᠤᠬᠠᠶᠢᠯᠠᠭᠰᠠᠨ ᠠᠵᠢᠯ ᠲᠠᠲᠠᠬᠤ︔    ᠳᠥᠷᠪᠡ᠂  ᠥᠪᠡᠷ ᠲᠠᠢ ᠪᠠᠨ ᠠᠰᠢᠭ ᠬᠤᠣᠷ ᠤᠨ ᠬᠠᠷᠢᠴᠠᠭ᠎ᠠ ᠲᠠᠢ ᠲᠤᠬᠠᠶᠢᠯᠠᠭᠰᠠᠨ ᠠᠵᠢᠯ ᠢ ᠬᠦᠯᠢᠶᠡᠨ ᠠᠪᠴᠤ ᠰᠢᠢᠳᠪᠦᠷᠢᠯᠡᠬᠦ︔    ᠲᠠᠪᠤ  ᠂  ᠠᠰᠢᠭ ᠲᠤᠰᠠ ᠶᠢᠨ ᠮᠥᠷᠭᠦᠯᠳᠦᠭᠡᠨ ᠢ ᠬᠦᠯᠢᠶᠡᠨ ᠠᠪᠬᠤ ᠬᠤᠶᠠᠷ ᠡᠲᠡᠭᠡᠳ ᠤᠨ ᠨᠠᠶᠢᠳᠠᠯᠭ᠎ᠠ ᠶᠢ ᠬᠦᠯᠢᠶᠡᠨ ᠠᠪᠴᠦ᠂ ᠠᠳᠠᠯᠢ ᠨᠢᠭᠡ  ᠦᠨᠡᠯᠡᠨ ᠵᠢᠱᠢᠬᠦ ᠡᠲᠡᠭᠡᠳ ᠲᠤ ᠦᠨᠡᠯᠡᠯᠲᠡ ᠬᠢᠬᠦ︔    ᠵᠢᠷᠭᠤᠭ᠎ᠠ᠂ ᠬᠤᠳᠠᠯ ᠬᠠᠭᠤᠷᠮᠠᠭ ᠦᠨᠡᠯᠡᠨ ᠵᠢᠱᠢᠬᠦ ᠮᠡᠳᠡᠭᠦᠯᠦᠯᠲᠡ ᠪᠤᠶᠤ ᠴᠢᠬᠤᠯᠠ ᠶᠡᠭᠡ ᠣᠷᠬᠢᠭᠳᠠᠭᠤᠯᠤᠯ ᠲᠠᠢ ᠦᠨᠡᠯᠡᠨ ᠵᠢᠱᠢᠬᠦ ᠮᠡᠳᠡᠭᠦᠯᠦᠯᠲᠡ ᠬᠢᠬᠦ︔    ᠳᠤᠯᠤᠭ᠎ᠠ᠂ ᠲᠤᠰ ᠬᠠᠤᠯᠢ ᠶᠢᠨ ᠲᠣᠭᠲᠠᠭᠠᠯ ᠳᠤ ᠦᠯᠦ ᠨᠡᠶᠢᠴᠡᠬᠦ ᠬᠥᠮᠦᠨ ᠢ ᠤᠷᠢᠵᠤ ᠬᠡᠷᠡᠭᠯᠡᠬᠦ ᠪᠤᠶᠤ ᠵᠢᠭᠠᠨ ᠲᠣᠭᠲᠠᠭᠠᠵᠤ ᠦᠨᠡᠯᠡᠨ ᠵᠢᠱᠢᠬᠦ ᠲᠤᠬᠠᠶᠢᠯᠠᠭᠰᠠᠨ ᠠᠵᠢᠯ ᠢ ᠬᠢᠯᠭᠡᠬᠦ︔    ᠨᠠᠢᠮᠠ᠂  ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ ᠵᠥᠷᠢᠴᠡᠭᠰᠡᠨ ᠪᠤᠰᠤᠳ ᠠᠵᠢᠯᠯᠠᠭ᠎ᠠ᠃    ᠬᠤᠷᠢᠨ ᠨᠢᠭᠡᠳᠦᠭᠡᠷ ᠵᠤᠷᠪᠤᠰ  ᠦᠨᠡᠯᠡᠨ ᠵᠢᠱᠢᠬᠦ ᠪᠠᠶᠢᠭᠤᠯᠤᠮᠵᠢ ᠠᠴᠠ ᠲᠤᠬᠠᠶᠢᠯᠠᠭᠰᠠᠨ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠲᠤᠬᠠᠶᠢᠯᠠᠭᠰᠠᠨ ᠠᠵᠢᠯ ᠤᠨ ᠲᠦᠭᠰᠢᠭᠦᠷᠢ ᠶᠢᠨ ᠰᠠᠭᠤᠷᠢ ᠮᠥᠩᠭᠦ ᠪᠠᠶᠢᠭᠤᠯᠬᠤ ᠪᠤᠶᠤ ᠡᠷᠬᠢᠯᠡᠭᠰᠡᠨ ᠠᠵᠢᠯ ᠤᠨ ᠬᠠᠷᠢᠭᠤᠴᠠᠯᠭ᠎ᠠ ᠶᠢᠨ ᠳᠠᠭᠠᠳᠬᠠᠯ ᠢ  ᠰᠠᠶᠢᠨ ᠳᠤᠷ᠎ᠠ ᠠᠴᠠ ᠪᠠᠨ ᠭᠦᠢᠴᠡᠳᠬᠡᠵᠦ᠂ ᠲᠦᠭᠰᠢᠭᠦᠷᠢ ᠰᠡᠷᠭᠡᠶᠢᠯᠡᠬᠦ ᠲᠣᠭᠲᠠᠴᠠ ᠶᠢ ᠪᠠᠶᠢᠭᠤᠯᠬᠤ ᠬᠡᠷᠡᠭᠲᠡᠢ᠃    ᠳᠥᠷᠪᠡᠳᠦᠭᠡᠷ ᠪᠦᠯᠦᠭ   ᠦᠨᠡᠯᠡᠨ ᠵᠢᠱᠢᠬᠦ ᠳᠡᠰ ᠳᠠᠷᠠᠭᠠᠯᠠᠯ    ᠬᠤᠷᠢᠨ ᠬᠤᠶᠠᠳᠤᠭᠠᠷ ᠵᠤᠷᠪᠤᠰ   ᠨᠠᠶᠢᠳᠠᠭᠴᠢ ᠠᠴᠠ ᠲᠤᠰ ᠬᠠᠤᠯᠢ ᠶᠢᠨ ᠲᠣᠭᠲᠠᠭᠠᠯ ᠳᠤ ᠨᠡᠶᠢᠴᠡᠬᠦ ᠦᠨᠡᠯᠡᠨ ᠵᠢᠱᠢᠬᠦ ᠪᠠᠶᠢᠭᠤᠯᠤᠮᠵᠢ ᠶᠢ ᠡᠵᠡᠨ ᠮᠡᠳᠡᠵᠦ ᠰᠣᠩᠭᠤᠬᠤ ᠡᠷᠬᠡ ᠲᠠᠢ᠃ ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ‌ᠡᠴᠠ ᠡᠵᠡᠨ ᠮᠡᠳᠡᠵᠦ ᠰᠣᠩᠭᠤᠬᠤ ᠪᠤᠶᠤ ᠲᠡᠭᠦᠨ ᠳᠤ ᠭᠠᠷ ᠲᠥᠷᠥᠵᠦ ᠪᠣᠯᠬᠤ ᠦᠭᠡᠢ᠃    ᠦᠨᠡᠯᠡᠨ ᠵᠢᠱᠢᠬᠦ ᠵᠦᠢᠯᠡᠰ ᠨᠢ ᠬᠤᠶᠠᠷ ᠠᠴᠠ ᠳᠡᠭᠡᠭᠰᠢ ᠲᠤᠬᠠᠢ ᠶᠢᠨ ᠬᠥᠮᠦᠨ ᠳᠤ ᠬᠤᠯᠪᠣᠭᠳᠠᠵᠤ ᠪᠠᠶᠢᠪᠠᠯ᠂ ᠪᠦᠬᠦ ᠲᠤᠬᠠᠢ ᠶᠢᠨ ᠬᠥᠮᠦᠨ ᠨᠢ ᠵᠥᠪᠳᠡᠯᠴᠡᠵᠦ ᠪᠠᠶᠢᠭᠠᠳ ᠦᠨᠡᠯᠡᠨ ᠵᠢᠱᠢᠬᠦ ᠪᠠᠶᠢᠭᠤᠯᠤᠮᠵᠢ ᠳᠤ ᠨᠠᠶᠢᠳᠠᠵᠤ ᠪᠣᠯᠤᠨ᠎ᠠ᠃    ᠬᠠᠤᠯᠢ ᠪᠠᠷ ᠲᠣᠭᠲᠠᠭᠠᠭᠰᠠᠨ ᠦᠨᠡᠯᠡᠨ ᠵᠢᠱᠢᠬᠦ ᠲᠤᠬᠠᠶᠢᠯᠠᠭᠰᠠᠨ ᠠᠵᠢᠯ ᠢ ᠥᠷᠨᠢᠭᠦᠯᠬᠦ ᠪᠠᠷ ᠨᠠᠶᠢᠳᠠᠬᠤ ᠳᠤ ᠦᠨᠡᠯᠡᠨ ᠵᠢᠱᠢᠬᠦ ᠪᠠᠶᠢᠭᠤᠯᠤᠮᠵᠢ ᠶᠢ ᠬᠠᠤᠯᠢ ᠶᠣᠰᠣᠭᠠᠷ ᠰᠣᠩᠭᠤᠬᠤ ᠬᠡᠷᠡᠭᠲᠡᠢ᠃    ᠬᠤᠷᠢᠨ ᠭᠤᠷᠪᠠᠳᠤᠭᠠᠷ ᠵᠤᠷᠪᠤᠰ   ᠨᠠᠶᠢᠳᠠᠭᠴᠢ ᠠᠴᠠ ᠦᠨᠡᠯᠡᠨ ᠵᠢᠱᠢᠬᠦ ᠪᠠᠶᠢᠭᠤᠯᠤᠮᠵᠢ ᠲᠠᠢ ᠨᠠᠶᠢᠳᠠᠯᠭ᠎ᠠ ᠶᠢᠨ ᠭᠡᠷ᠎ᠡ  ᠪᠠᠶᠢᠭᠤᠯᠵᠤ᠂ ᠬᠤᠶᠠᠷ ᠡᠲᠡᠭᠡᠳ ᠤᠨ ᠡᠷᠬᠡ ᠡᠭᠦᠷᠭᠡ ᠶᠢ ᠪᠣᠯᠵᠣᠨ ᠲᠣᠭᠲᠠᠭᠠᠬᠤ ᠬᠡᠷᠡᠭᠲᠡᠢ᠃    ᠨᠠᠶᠢᠳᠠᠭᠴᠢ ᠠᠴᠠ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ᠂ ᠦᠨᠡᠯᠡᠨ ᠵᠢᠱᠢᠬᠦ ᠪᠠᠶᠢᠭᠤᠯᠤᠮᠵᠢ ᠳᠤ ᠵᠠᠷᠤᠳᠠᠯ ᠰᠦᠢᠳᠬᠡᠯ ᠲᠤᠰᠢᠶᠠᠬᠤ ᠬᠡᠷᠡᠭᠲᠡᠢ᠂ ᠵᠠᠷᠤᠳᠠᠯ ᠠᠪᠬᠤ ᠪᠤᠶᠤ ᠬᠡᠯᠪᠡᠷᠢ ᠶᠢ ᠨᠢ ᠥᠭᠡᠷᠡᠳᠡᠭᠦᠯᠦᠨ ᠬᠢᠬᠠᠨ ᠠᠪᠴᠤ᠂ ᠬᠠᠷᠢᠭᠤ ᠬᠠᠷᠠᠮᠵᠢ ᠠᠪᠴᠤ ᠪᠣᠯᠬᠤ ᠦᠭᠡᠢ᠃    ᠨᠠᠶᠢᠳᠠᠭᠴᠢ ᠠᠴᠠ ᠲᠡᠭᠦᠨ ᠤ ᠬᠠᠩᠭᠠᠭᠰᠠᠨ ᠡᠷᠬᠡ ᠶᠢᠨ ᠬᠠᠷᠢᠶᠠᠯᠠᠯ ᠤᠨ ᠭᠡᠷᠡᠴᠢ᠂ ᠡᠳ᠋ ᠤᠨ ᠶᠠᠪᠤᠳᠠᠯ ᠤᠨ  ᠨᠢᠭᠲᠠᠯᠠᠨ ᠪᠣᠳᠣᠯᠲᠠ ᠶᠢᠨ ᠮᠡᠳᠡᠭᠡ ᠵᠠᠩᠭᠢ ᠪᠠ ᠪᠤᠰᠤᠳ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ ᠪᠠ ᠬᠠᠤᠯᠢ ᠶᠣᠰᠣᠴᠢ ᠴᠢᠨᠠᠷ ᠲᠤ ᠬᠠᠷᠢᠭᠤᠴᠠᠬᠤ ᠬᠡᠷᠡᠭᠲᠡᠢ᠃    ᠬᠤᠷᠢᠨ ᠳᠥᠷᠪᠡᠳᠦᠭᠡᠷ ᠵᠤᠷᠪᠤᠰ  ᠬᠦᠯᠢᠶᠡᠨ ᠠᠪᠴᠤ ᠰᠢᠢᠳᠪᠦᠷᠢᠯᠡᠬᠦ ᠦᠨᠡᠯᠡᠨ ᠵᠢᠱᠢᠬᠦ ᠲᠤᠬᠠᠶᠢᠯᠠᠭᠰᠠᠨ ᠠᠵᠢᠯ ᠢ ᠦᠨᠡᠯᠡᠨ ᠵᠢᠱᠢᠬᠦ ᠪᠠᠶᠢᠭᠤᠯᠤᠮᠵᠢ ᠡᠴᠡ‌ᠠᠳᠠᠭ ᠲᠠᠭᠠᠨ ᠬᠤᠶᠠᠷ ᠦᠨᠡᠯᠡᠨ ᠵᠢᠱᠢᠬᠦ ᠲᠤᠰᠬᠠᠢ ᠠᠵᠢᠯᠲᠠᠨ ᠢ ᠵᠢᠭᠠᠨ ᠲᠣᠭᠲᠠᠭᠠᠵᠤ ᠳᠠᠭᠠᠭᠠᠨ ᠰᠢᠢᠳᠪᠦᠷᠢᠯᠡᠭᠦᠯᠬᠦ ᠬᠡᠷᠡᠭᠲᠡᠢ᠃    ᠨᠠᠶᠢᠳᠠᠭᠴᠢ ᠠᠴᠠ ᠬᠤᠯᠪᠣᠭᠳᠠᠯ ᠪᠦᠬᠦᠢ ᠲᠤᠬᠠᠢ ᠶᠢᠨ ᠬᠥᠮᠦᠨ ᠵᠢᠴᠢ ᠦᠨᠡᠯᠡᠨ ᠵᠢᠱᠢᠬᠦ ᠡᠲᠡᠭᠡᠳ ᠲᠠᠢ ᠠᠰᠢᠭ ᠬᠤᠣᠷ ᠤᠨ ᠬᠠᠷᠢᠴᠠᠭ᠎ᠠ ᠲᠠᠢ ᠦᠨᠡᠯᠡᠨ ᠵᠢᠱᠢᠬᠦ ᠲᠤᠰᠬᠠᠢ ᠠᠵᠢᠯ ᠤᠨ ᠠᠵᠢᠯᠲᠠᠨ ᠢ ᠵᠠᠶᠢᠯᠠᠭᠤᠯᠬᠤ ᠪᠠᠷ ᠱᠠᠭᠠᠷᠳᠠᠬᠤ ᠡᠷᠬᠡ ᠲᠠᠢ᠃    ᠬᠤᠷᠢᠨ ᠲᠠᠪᠤᠳᠤᠭᠠᠷ ᠵᠤᠷᠪᠤᠰ  ᠦᠨᠡᠯᠡᠨ ᠵᠢᠱᠢᠬᠦ ᠲᠤᠰᠬᠠᠢ ᠠᠵᠢᠯ ᠤᠨ ᠠᠵᠢᠯᠲᠠᠨ ᠠᠴᠠ ᠦᠨᠡᠯᠡᠨ ᠵᠢᠱᠢᠬᠦ ᠲᠤᠬᠠᠶᠢᠯᠠᠭᠰᠠᠨ ᠠᠵᠢᠯ ᠤᠨ ᠪᠣᠳᠠᠲᠠᠢ ᠪᠠᠶᠢᠳᠠᠯ ᠢ ᠦᠨᠳᠦᠰᠦᠯᠡᠨ᠂ ᠦᠨᠡᠯᠡᠨ ᠵᠢᠱᠢᠬᠦ ᠡᠲᠡᠭᠡᠳ ᠲᠤ ᠲᠤᠬᠠᠢ ᠶᠢᠨ ᠭᠠᠵᠠᠷ ᠤᠨ  ᠪᠠᠶᠢᠴᠠᠭᠠᠯᠲᠠ‌‍ᠬᠢᠵᠦ ᠡᠷᠬᠡ ᠵᠢᠨ‌ᠬᠠᠷᠢᠶᠠᠯᠠᠯ ᠤᠨ ᠭᠡᠷᠡᠴᠢ᠂ ᠡᠳ᠋ ᠤᠨ ᠶᠠᠪᠤᠳᠠᠯ ᠤᠨ ᠨᠢᠭᠲᠠᠯᠠᠨ ᠪᠣᠳᠣᠯᠲᠠ ᠶᠢᠨ ᠮᠡᠳᠡᠭᠡ ᠵᠠᠩᠭᠢ ᠪᠣᠯᠤᠨ ᠪᠤᠰᠤᠳ ᠮᠠᠲ᠋ᠧᠷᠢᠶᠠᠯ ᠢ ᠴᠤᠭᠯᠠᠭᠤᠯᠬᠤ ᠶᠢᠨ ᠬᠠᠮᠲᠤ ᠬᠢᠨᠠᠨ ᠪᠠᠶᠢᠴᠠᠭᠠᠵᠤ᠂ ᠰᠢᠯᠭᠠᠨ ᠪᠠᠶᠢᠴᠠᠭᠠᠵᠤ᠂ ᠵᠠᠳᠠᠯᠤᠨ ᠡᠮᠬᠢᠳᠭᠡᠬᠦ ᠪᠠᠷ ᠦᠨᠡᠯᠡᠨ ᠵᠢᠱᠢᠬᠦ ᠦᠨᠳᠦᠰᠦᠯᠡᠯ ᠪᠣᠯᠭᠠᠬᠤ ᠬᠡᠷᠡᠭᠲᠡᠢ᠃    ᠬᠤᠷᠢᠨ ᠵᠢᠷᠭᠤᠳᠤᠭᠠᠷ ᠵᠤᠷᠪᠤᠰ  ᠦᠨᠡᠯᠡᠨ ᠵᠢᠱᠢᠬᠦ ᠲᠤᠰᠬᠠᠢ ᠠᠵᠢᠯ ᠤᠨ ᠠᠵᠢᠯᠲᠠᠨ ᠠᠴᠠ ᠦᠨᠡᠯᠡᠨ ᠵᠢᠱᠢᠬᠦ ᠠᠷᠭ᠎ᠠ ᠶᠢ ᠲᠣᠬᠢᠷᠠᠮᠵᠢᠲᠠᠢ ᠰᠣᠩᠭᠤᠬᠤ ᠬᠡᠷᠡᠭᠲᠡᠢ ᠃ ᠦᠨᠡᠯᠡᠨ ᠵᠢᠱᠢᠬᠦ ᠠᠵᠢᠯ ᠡᠷᠬᠢᠯᠡᠬᠦ ᠪᠠᠷᠢᠮᠵᠢᠶ᠎ᠠ ᠶᠢ ᠦᠨᠳᠦᠰᠦᠯᠡᠨ᠂ ᠨᠢᠭᠡ ᠵᠦᠢᠯ ᠤᠨ ᠦᠨᠡᠯᠡᠨ ᠵᠢᠱᠢᠬᠦ ᠠᠷᠭ᠎ᠠ ᠶᠢ ᠰᠣᠩᠭᠤᠵᠤ ᠪᠣᠯᠬᠤ ᠠᠴᠠ ᠭᠠᠳᠠᠨ᠎ᠠ᠂ ᠬᠤᠶᠠᠷ ᠵᠦᠢᠯ ᠠᠴᠠ ᠳᠡᠭᠡᠭᠰᠢᠬᠢ ᠦᠨᠡᠯᠡᠨ ᠵᠢᠱᠢᠬᠦ ᠠᠷᠭ᠎ᠠ ᠶᠢ ᠰᠣᠩᠭᠤᠵᠤ ᠶᠡᠷᠦᠩᠬᠡᠢᠯᠡᠨ ᠵᠠᠳᠠᠯᠤᠯᠲᠠ ᠬᠢᠯᠭᠡᠭᠡᠳ ᠦᠨᠡᠯᠡᠨ ᠵᠢᠱᠢᠬᠦ ᠳ᠋ᠦᠩ ᠢ ᠨᠠᠶᠢᠷᠠᠭᠤᠯᠤᠨ ᠵᠣᠬᠢᠶᠠᠭᠰᠠᠨ  ᠦᠨᠡᠯᠡᠨ ᠵᠢᠱᠢᠬᠦ ᠮᠡᠳᠡᠭᠦᠯᠦᠯᠲᠡ ᠶᠢ ᠪᠦᠷᠢᠯᠳᠦᠭᠦᠯᠬᠦ ᠬᠡᠷᠡᠭᠲᠡᠢ᠃    ᠦᠨᠡᠯᠡᠨ ᠵᠢᠱᠢᠬᠦ ᠪᠠᠶᠢᠭᠤᠯᠤᠮᠵᠢ ᠡᠴᠡ‌ᠦᠨᠡᠯᠡᠨ ᠵᠢᠱᠢᠬᠦ ᠮᠡᠳᠡᠭᠦᠯᠦᠯᠲᠡ ᠳᠤ ᠳᠣᠲᠣᠭᠠᠳᠤ ᠬᠢᠨᠠᠨ ᠬᠠᠷᠭᠤᠭᠤᠯᠤᠯᠲᠠ ᠬᠢᠬᠦ ᠬᠡᠷᠡᠭᠲᠡᠢ᠃    ᠬᠤᠷᠢᠨ ᠳᠣᠯᠣᠳᠤᠭᠠᠷ ᠵᠤᠷᠪᠤᠰ  ᠦᠨᠡᠯᠡᠨ ᠵᠢᠱᠢᠬᠦ ᠮᠡᠳᠡᠭᠦᠯᠦᠯᠲᠡ ᠳᠤ ᠠᠳᠠᠭ ᠲᠠᠭᠠᠨ ᠬᠤᠶᠠᠷ ᠨᠡᠷ᠎ᠡ ᠲᠤᠰ ᠲᠤᠬᠠᠶᠢᠯᠠᠭᠰᠠᠨ ᠠᠵᠢᠯ ᠢ ᠳᠠᠭᠠᠭᠠᠨ ᠭᠦᠢᠴᠡᠳᠬᠡᠭᠰᠡᠨ ᠦᠨᠡᠯᠡᠨ ᠵᠢᠱᠢᠬᠦ ᠲᠤᠰᠬᠠᠢ ᠮᠡᠷᠭᠡᠵᠢᠯ ᠤᠨ ᠠᠵᠢᠯᠲᠠᠨ ᠠᠴᠠ ᠭᠠᠷ ᠤᠨ ᠦᠰᠦᠭ ᠵᠢᠷᠤᠬᠤ ᠶᠢᠨ ᠬᠠᠮᠲᠤ ᠦᠨᠡᠯᠡᠨ ᠵᠢᠱᠢᠬᠦ ᠪᠠᠶᠢᠭᠤᠯᠤᠮᠵᠢ ᠶᠢᠨ ᠲᠠᠮᠠᠭ᠎ᠠ ᠶᠢ ᠳᠠᠷᠤᠬᠤ ᠬᠡᠷᠡᠭᠲᠡᠢ᠃    ᠦᠨᠡᠯᠡᠨ ᠵᠢᠱᠢᠬᠦ ᠪᠠᠶᠢᠭᠤᠯᠤᠮᠵᠢ ᠵᠢᠴᠢ ᠦᠨᠡᠯᠡᠨ ᠵᠢᠱᠢᠬᠦ ᠲᠤᠰᠬᠠᠢ ᠠᠵᠢᠯᠲᠠᠨ ᠭᠠᠷᠭᠠᠵᠤ ᠦᠭᠭᠦᠭᠰᠡᠨ ᠦᠨᠡᠯᠡᠨ ᠵᠢᠱᠢᠬᠦ ᠮᠡᠳᠡᠭᠦᠯᠦᠯᠲᠡ ᠳᠡᠭᠡᠨ ᠬᠠᠤᠯᠢ ᠶᠣᠰᠣᠭᠠᠷ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ᠨᠠᠶᠢᠳᠠᠭᠴᠢ ᠨᠢ ᠦᠨᠡᠯᠡᠨ ᠵᠢᠱᠢᠬᠦ ᠪᠠᠶᠢᠭᠤᠯᠤᠮᠵᠢ ᠪᠤᠶᠤ ᠦᠨᠡᠯᠡᠨ ᠵᠢᠱᠢᠬᠦ ᠲᠤᠰᠬᠠᠢ ᠠᠵᠢᠯᠲᠠᠨ ᠢ ᠬᠤᠳᠠᠯ ᠬᠠᠭᠤᠷᠮᠠᠭ ᠦᠨᠡᠯᠡᠨ ᠵᠢᠱᠢᠬᠦ ᠮᠡᠳᠡᠭᠦᠯᠦᠯᠲᠡ ᠬᠢᠯᠭᠡᠵᠦ ᠪᠣᠯᠬᠤ ᠦᠭᠡᠢ᠃    ᠬᠤᠷᠢᠨ ᠨᠠᠢᠮᠠᠳᠤᠭᠠᠷ ᠵᠤᠷᠪᠤᠰ  ᠦᠨᠡᠯᠡᠨ ᠵᠢᠱᠢᠬᠦ ᠪᠠᠶᠢᠭᠤᠯᠤᠮᠵᠢ ᠠᠴᠠ ᠬᠠᠤᠯᠢ ᠪᠠᠷ ᠲᠣᠭᠲᠠᠭᠠᠭᠰᠠᠨ ᠦᠨᠡᠯᠡᠨ ᠵᠢᠱᠢᠬᠦ ᠲᠤᠬᠠᠶᠢᠯᠠᠭᠰᠠᠨ ᠠᠵᠢᠯ ᠢ ᠥᠷᠨᠢᠭᠦᠯᠬᠦ ᠳᠡᠭᠡᠨ ᠠᠳᠠᠭ ᠲᠠᠭᠠᠨ ᠬᠤᠶᠠᠷ ᠵᠣᠬᠢᠴᠠᠩᠭᠤᠢ ᠲᠤᠰᠬᠠᠢ ᠮᠡᠷᠭᠡᠵᠢᠯ ᠤᠨ ᠲᠥᠷᠥᠯ ᠤᠨ ᠦᠨᠡᠯᠡᠨ ᠵᠢᠱᠢᠭᠴᠢ ᠶᠢ ᠵᠢᠭᠠᠨ ᠲᠣᠭᠲᠠᠭᠠᠵᠤ  ᠂ ᠦᠨᠡᠯᠡᠨ ᠵᠢᠱᠢᠬᠦ ᠮᠡᠳᠡᠭᠦᠯᠦᠯᠲᠡ ᠶᠢ ᠠᠳᠠᠭ ᠲᠠᠭᠠᠨ ᠬᠤᠶᠠᠷ ᠨᠡᠷᠡᠰ ᠲᠤᠰ ᠲᠤᠬᠠᠶᠢᠯᠠᠭᠰᠠᠨ ᠠᠵᠢᠯ ᠢ ᠳᠠᠭᠠᠭᠠᠨ ᠭᠦᠢᠴᠡᠳᠬᠡᠭᠰᠡᠨ ᠦᠨᠡᠯᠡᠨ ᠵᠢᠱᠢᠭᠴᠢ ᠪᠠᠷ ᠭᠠᠷ ᠤᠨ ᠦᠰᠦᠭ ᠵᠢᠷᠤᠭᠤᠯᠬᠤ ᠬᠡᠷᠡᠭᠲᠡᠢ ᠪᠥᠭᠡᠳ ᠦᠨᠡᠯᠡᠨ ᠵᠢᠱᠢᠬᠦ ᠪᠠᠶᠢᠭᠤᠯᠤᠮᠵᠢ ᠶᠢᠨ ᠲᠠᠮᠠᠭ᠎ᠠ ᠶᠢ ᠳᠠᠷᠤᠭᠤᠯᠬᠤ ᠬᠡᠷᠡᠭᠲᠡᠢ᠃    ᠬᠤᠷᠢ ᠶᠢᠰᠦᠳᠦᠭᠡᠷ ᠵᠤᠷᠪᠤᠰ  ᠦᠨᠡᠯᠡᠨ ᠵᠢᠱᠢᠬᠦ ᠳᠠᠩᠰᠠ ᠡᠪᠬᠡᠮᠡᠯ ᠢ ᠬᠠᠳᠠᠭᠠᠯᠠᠬᠤ ᠬᠤᠭᠤᠴᠠᠭ᠎ᠠ ᠨᠢ ᠠᠷᠪᠠᠨ ᠲᠠᠪᠤᠨ ᠵᠢᠯ ᠠᠴᠠ ᠳᠤᠲᠠᠭᠤ ᠪᠠᠶᠢᠵᠤ ᠪᠣᠯᠬᠤ ᠥᠬᠡᠢ᠃ ᠬᠠᠤᠯᠢ ᠪᠠᠷ ᠲᠣᠭᠲᠠᠭᠠᠭᠰᠠᠨ ᠦᠨᠡᠯᠡᠨ ᠵᠢᠱᠢᠬᠦ ᠲᠤᠬᠠᠶᠢᠯᠠᠭᠰᠠᠨ ᠠᠵᠢᠯ ᠳᠤ ᠬᠠᠷᠢᠶᠠᠯᠠᠭᠳᠠᠬᠤ ᠬᠤᠭᠤᠴᠠᠭ᠎ᠠ ᠨᠢ ᠭᠤᠴᠢᠨ ᠵᠢᠯ ᠠᠴᠠ ᠳᠤᠲᠠᠭᠤ ᠪᠠᠶᠢᠵᠤ ᠪᠣᠯᠬᠤ ᠥᠬᠡᠢ᠃    ᠭᠤᠴᠢᠳᠤᠭᠠᠷ ᠵᠤᠷᠪᠤᠰ   ᠨᠠᠶᠢᠳᠠᠭᠴᠢ ᠨᠢ ᠦᠨᠡᠯᠡᠨ ᠵᠢᠱᠢᠬᠦ ᠮᠡᠳᠡᠭᠦᠯᠦᠯᠲᠡ ᠳᠤ ᠣᠨᠳᠣᠣ ᠰᠠᠨᠠᠯ ᠲᠠᠢ ᠪᠣᠯ ᠦᠨᠡᠯᠡᠨ ᠵᠢᠱᠢᠬᠦ ᠪᠠᠶᠢᠭᠤᠯᠤᠮᠵᠢ ᠳᠤ ᠲᠠᠶᠢᠯᠪᠤᠷᠢ ᠬᠢᠯᠭᠡᠬᠦ ᠪᠠᠷ ᠱᠠᠭᠠᠷᠳᠠᠵᠤ ᠪᠣᠯᠤᠨ᠎ᠠ᠃    ᠭᠤᠴᠢᠨ ᠨᠢᠭᠡᠳᠦᠭᠡᠷ ᠵᠤᠷᠪᠤᠰ   ᠨᠠᠶᠢᠳᠠᠭᠴᠢ ᠨᠢ ᠦᠨᠡᠯᠡᠨ ᠵᠢᠱᠢᠬᠦ ᠪᠠᠶᠢᠭᠤᠯᠤᠮᠵᠢ ᠪᠤᠶᠤ ᠦᠨᠡᠯᠡᠨ ᠵᠢᠱᠢᠬᠦ ᠲᠤᠰᠬᠠᠢ ᠠᠵᠢᠯ ᠤᠨ ᠠᠵᠢᠯᠲᠠᠨ ᠢ ᠬᠠᠤᠯᠢ ᠠᠴᠠ ᠵᠥᠷᠢᠴᠡᠨ ᠲᠤᠬᠠᠶᠢᠯᠠᠭᠰᠠᠨ ᠠᠵᠢᠯ ᠥᠷᠨᠢᠭᠦᠯᠵᠦ ᠪᠠᠶᠢᠨ᠎ᠠ ᠭᠡᠵᠦ ᠦᠵᠡᠪᠡᠯ᠂ ᠬᠤᠯᠪᠣᠭᠳᠠᠯ ᠪᠦᠬᠦᠢ ᠦᠨᠡᠯᠡᠨ ᠵᠢᠱᠢᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠤᠶᠤ ᠠᠵᠢᠯ ᠲᠥᠷᠥᠯ ᠤᠨ ᠨᠡᠶᠢᠭᠡᠮᠯᠢᠭ ᠲᠤ ᠵᠠᠭᠠᠯᠳᠤᠵᠤ᠂ ᠦᠨᠡᠯᠡᠨ ᠵᠢᠱᠢᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠪᠤᠶᠤ ᠠᠵᠢᠯ ᠲᠥᠷᠥᠯ ᠤᠨ ᠨᠡᠶᠢᠭᠡᠮᠯᠢᠭ ᠠᠴᠠ ᠴᠠᠭ ᠲᠤᠬᠠᠢ ᠳᠤᠨᠢ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ  ᠨᠠᠶᠢᠳᠠᠭᠴᠢ ᠳᠤ ᠬᠠᠷᠢᠭᠤᠯᠲᠠ ᠥᠭᠬᠦ ᠬᠡᠷᠡᠭᠲᠡᠢ᠃    ᠭᠤᠴᠢᠨ ᠬᠤᠶᠠᠳᠤᠭᠠᠷ ᠵᠤᠷᠪᠤᠰ   ᠨᠠᠶᠢᠳᠠᠭᠴᠢ ᠪᠤᠶᠤ ᠦᠨᠡᠯᠡᠨ ᠵᠢᠱᠢᠬᠦ ᠮᠡᠳᠡᠭᠦᠯᠦᠯᠲᠡ ᠶᠢᠨ ᠬᠡᠷᠡᠭᠯᠡᠭᠴᠢ ᠠᠴᠠ᠂ ᠬᠠᠤᠯᠢ ᠴᠠᠭᠠᠵᠠ ᠶᠢᠨ ᠲᠣᠭᠲᠠᠭᠠᠯ ᠪᠠ ᠦᠨᠡᠯᠡᠨ ᠵᠢᠱᠢᠬᠦ ᠮᠡᠳᠡᠭᠦᠯᠦᠯᠲᠡ ᠶᠣᠰᠣᠭᠠᠷ ᠬᠡᠷᠡᠭᠯᠡᠭᠰᠡᠨ ᠬᠦᠷᠢᠶ᠎ᠡ ᠬᠡᠪᠴᠢᠶᠡᠨ ᠳᠤ ᠦᠨᠡᠯᠡᠨ  ᠵᠢᠱᠢᠬᠦ ᠮᠡᠳᠡᠭᠦᠯᠦᠯᠲᠡ ᠶᠢ ᠬᠡᠷᠡᠭᠯᠡᠬᠦ ᠬᠡᠷᠡᠭᠲᠡᠢ᠃    ᠨᠠᠶᠢᠳᠠᠭᠴᠢ ᠪᠤᠶᠤ ᠦᠨᠡᠯᠡᠨ‌ᠵᠢᠱᠢᠬᠦ ᠮᠡᠳᠡᠭᠦᠯᠦᠯᠲᠡ ᠶᠢᠨ ᠬᠡᠷᠡᠭᠯᠡᠭᠴᠢ ᠠᠴᠠ ᠡᠮᠦᠨᠡᠬᠢ ᠪᠠᠳᠠᠭ ᠤᠨ ᠲᠣᠭᠲᠠᠭᠠᠯ ᠢ ᠵᠥᠷᠢᠴᠡᠵᠦ ᠦᠨᠡᠯᠡᠨ ᠵᠢᠱᠢᠬᠦ ᠮᠡᠳᠡᠭᠦᠯᠦᠯᠲᠡ ᠶᠢ ᠬᠡᠷᠡᠭᠯᠡᠭᠰᠡᠨ ᠪᠣᠯ ᠦᠨᠡᠯᠡᠨ ᠵᠢᠱᠢᠬᠦ ᠪᠠᠶᠢᠭᠤᠯᠤᠮᠵᠢ ᠪᠣᠯᠤᠨ ᠦᠨᠡᠯᠡᠨ ᠵᠢᠱᠢᠬᠦ ᠲᠤᠰᠬᠠᠢ ᠠᠵᠢᠯᠲᠠᠨ ᠬᠠᠷᠢᠭᠤᠴᠠᠯᠭ᠎ᠠ ᠡᠭᠦᠷᠭᠡᠯᠡᠬᠦ ᠦᠭᠡᠢ᠃    ᠲᠠᠪᠤᠳᠤᠭᠠᠷ ᠪᠦᠯᠦᠭ   ᠠᠵᠢᠯ ᠲᠥᠷᠥᠯ ᠤᠨ ᠨᠡᠶᠢᠭᠡᠮᠯᠢᠭᠭᠤᠴᠢᠨ ᠭᠤᠷᠪᠠᠳᠤᠭᠠᠷ ᠵᠤᠷᠪᠤᠰ  ᠦᠨᠡᠯᠡᠨ ᠵᠢᠱᠢᠬᠦ ᠠᠵᠢᠯ ᠲᠥᠷᠥᠯ ᠤᠨ ᠨᠡᠶᠢᠭᠡᠮᠯᠢᠭ ᠪᠣᠯ ᠦᠨᠡᠯᠡᠨ ᠵᠢᠱᠢᠬᠦ ᠪᠠᠶᠢᠭᠤᠯᠤᠮᠵᠢ ᠪᠣᠯᠤᠨ ᠦᠨᠡᠯᠡᠨ ᠵᠢᠱᠢᠬᠦ ᠲᠤᠰᠬᠠᠢ ᠠᠵᠢᠯᠲᠠᠨ ᠤ ᠪᠡᠶ᠎ᠡ ᠪᠠᠨ ᠪᠠᠷᠢᠬᠤ ᠴᠢᠨᠠᠷᠲᠠᠢ ᠵᠣᠬᠢᠶᠠᠨ ᠪᠠᠶᠢᠭᠤᠯᠤᠯᠲᠠ ᠶᠢ ᠦᠨᠡᠯᠡᠨ ᠵᠢᠱᠢᠬᠦ ᠠᠵᠢᠯᠯᠠᠭ᠎ᠠ ᠶᠢ ᠬᠢᠵᠦ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠣᠯᠤᠨ ᠳᠦᠷᠢᠮ ᠲᠣᠭᠲᠠᠭᠠᠯ ᠤᠨ ᠶᠣᠰᠣᠭᠠᠷ ᠪᠡᠶ᠎ᠡ ᠪᠠᠨ ᠪᠠᠷᠢᠬᠤ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠢ᠃    ᠦᠨᠡᠯᠡᠨ ᠵᠢᠱᠢᠬᠦ ᠠᠵᠢᠯ ᠲᠥᠷᠥᠯ ᠨᠢ ᠲᠤᠰᠬᠠᠢ ᠮᠡᠷᠭᠡᠵᠢᠯ ᠤᠨ ᠬᠦᠷᠢᠶ᠎ᠡ ᠬᠡᠪᠴᠢᠶᠡᠨ ᠤ ᠶᠣᠰᠣᠭᠠᠷ ᠪᠦᠬᠦ ᠤᠯᠤᠰ ᠤᠨ ᠴᠢᠨᠠᠷᠲᠠᠢ ᠦᠨᠡᠯᠡᠨ ᠵᠢᠱᠢᠬᠦ ᠠᠵᠢᠯ ᠲᠥᠷᠥᠯ ᠤᠨ ᠨᠡᠶᠢᠭᠡᠮᠯᠢᠭ ᠢ ᠪᠠᠶᠢᠭᠤᠯᠬᠤ ᠬᠡᠷᠡᠭᠲᠡᠢ᠃ ᠬᠡᠷᠡᠭᠴᠡᠭᠡ ᠶᠢ ᠦᠨᠳᠦᠰᠦᠯᠡᠨ ᠭᠠᠵᠠᠷ ᠣᠷᠣᠨ ᠤ ᠴᠢᠨᠠᠷᠲᠠᠢ ᠦᠨᠡᠯᠡᠨ ᠵᠢᠱᠢᠬᠦ ᠠᠵᠢᠯ ᠲᠥᠷᠥᠯ ᠤᠨ ᠨᠡᠶᠢᠭᠡᠮᠯᠢᠭ ᠢ  ᠪᠠᠶᠢᠭᠤᠯᠤᠨ᠎ᠠ᠃    ᠭᠤᠴᠢᠨ ᠳᠥᠷᠪᠡᠳᠦᠭᠡᠷ ᠵᠤᠷᠪᠤᠰ  ᠦᠨᠡᠯᠡᠨ ᠵᠢᠱᠢᠬᠦ ᠠᠵᠢᠯ ᠲᠥᠷᠥᠯ ᠤᠨ ᠨᠡᠶᠢᠭᠡᠮᠯᠢᠭ ᠤᠨ ᠳᠦᠷᠢᠮ ᠢ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠡᠴᠠ‌‍ᠲ᠋ᠣᠭᠲᠠᠭᠠᠵᠤ᠂ ᠬᠠᠮᠢᠶᠠᠷᠬᠤ ᠪᠠᠶᠢᠭᠤᠯᠤᠯᠭ᠎ᠠ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠶᠢᠨ ᠬᠠᠮᠲᠤ ᠬᠤᠯᠪᠣᠭᠳᠠᠯ ᠪᠦᠬᠦᠢ ᠦᠨᠡᠯᠡᠨ ᠵᠢᠱᠢᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠤᠨ᠎ᠠ᠃    ᠭᠤᠴᠢᠨ ᠲᠠᠪᠤᠳᠤᠭᠠᠷ ᠵᠤᠷᠪᠤᠰ  ᠦᠨᠡᠯᠡᠨ ᠵᠢᠱᠢᠬᠦ ᠪᠠᠶᠢᠭᠤᠯᠤᠮᠵᠢ᠂ ᠦᠨᠡᠯᠡᠨ ᠵᠢᠱᠢᠬᠦ ᠲᠤᠰᠬᠠᠢ ᠠᠵᠢᠯᠲᠠᠨ ᠬᠤᠯᠪᠣᠭᠳᠠᠯ ᠪᠦᠬᠦᠢ ᠦᠨᠡᠯᠡᠨ ᠵᠢᠱᠢᠬᠦ ᠠᠵᠢᠯ ᠲᠥᠷᠥᠯ ᠤᠨ ᠨᠡᠶᠢᠭᠡᠮᠯᠢᠭ ᠲᠤ ᠣᠷᠣᠵᠤ  ᠂ ᠳᠦᠷᠢᠮ ᠳᠤ ᠲᠣᠭᠲᠠᠭᠠᠭᠰᠠᠨ ᠡᠷᠬᠡ ᠶᠢ ᠡᠷᠬᠡ ᠲᠡᠭᠰᠢ ᠪᠠᠷ ᠡᠳ᠋ᠯᠡᠵᠦ᠂ ᠳᠦᠷᠢᠮ ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ᠃ ᠬᠤᠯᠪᠣᠭᠳᠠᠯ ᠪᠦᠬᠦᠢ ᠦᠨᠡᠯᠡᠨ ᠵᠢᠱᠢᠬᠦ ᠠᠵᠢᠯ ᠲᠥᠷᠥᠯ ᠤᠨ ᠨᠡᠶᠢᠭᠡᠮᠯᠢᠭ ᠤᠳ ᠲᠤᠰ ᠨᠡᠶᠢᠭᠡᠮᠯᠢᠭ ᠲᠤ ᠣᠷᠣᠭᠰᠠᠨ ᠦᠨᠡᠯᠡᠨ ᠵᠢᠱᠢᠬᠦ ᠪᠠᠶᠢᠭᠤᠯᠤᠮᠵᠢ᠂ ᠦᠨᠡᠯᠡᠨ ᠵᠢᠱᠢᠬᠦ ᠲᠤᠰᠬᠠᠢ ᠠᠵᠢᠯ ᠤᠨ ᠠᠵᠢᠯᠲᠠᠨ ᠤ ᠨᠡᠷᠡᠰ ᠢ ᠨᠡᠶᠢᠲᠡᠯᠡᠨ᠎ᠡ᠃    ᠭᠤᠴᠢᠨ ᠵᠢᠷᠭᠤᠳᠤᠭᠠᠷ ᠵᠤᠷᠪᠤᠰ  ᠦᠨᠡᠯᠡᠨ ᠵᠢᠱᠢᠬᠦ ᠠᠵᠢᠯ ᠲᠥᠷᠥᠯ ᠤᠨ ᠨᠡᠶᠢᠭᠡᠮᠯᠢᠭ ᠳᠣᠣᠷ᠎ᠠ ᠵᠢᠭᠰᠠᠭᠠᠭᠰᠠᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠄    ᠨᠢᠭᠡ ᠂ ᠭᠡᠰᠢᠭᠦᠳ‌‍ᠤᠨ ᠪᠡᠶ᠎ᠡ ᠪᠠᠨ ᠱᠠᠭᠠᠷᠳᠠᠬᠤ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠭᠡᠰᠢᠭᠦᠳ ᠲᠤ ᠪᠡᠶ᠎ᠡ ᠪᠠᠨ ᠱᠠᠭᠠᠷᠳᠠᠬᠤ ᠬᠠᠮᠢᠶᠠᠷᠤᠯᠲᠠ ᠶᠢ ᠬᠡᠷᠡᠭᠵᠢᠭᠦᠯᠦᠨ᠎ᠡ︔    ᠬᠤᠶᠠᠷ᠂ ᠦᠨᠡᠯᠡᠬᠦ ᠦᠨᠳᠦᠰᠦᠨ ᠪᠠᠷᠢᠮᠵᠢᠶ᠎ᠠ ᠶᠢ ᠦᠨᠳᠦᠰᠦᠯᠡᠨ᠂ ᠠᠵᠢᠯ ᠡᠷᠬᠢᠯᠡᠬᠦ ᠪᠠᠷᠢᠮᠵᠢᠶ᠎ᠠ ᠪᠠ ᠠᠵᠢᠯ ᠮᠡᠷᠭᠡᠵᠢᠯ ᠤᠨ ᠶᠣᠰᠣ ᠮᠣᠷᠠᠯ ᠤᠨ ᠪᠠᠷᠢᠮᠵᠢᠶ᠎ᠠ ᠶᠢ ᠲᠣᠭᠲᠠᠭᠠᠨ᠎ᠠ︔    ᠭᠤᠷᠪᠠ᠂ ᠭᠡᠰᠢᠭᠦᠳ ᠤᠨ ᠦᠷᠭᠦᠯᠵᠢᠯᠡᠭᠰᠡᠨ ᠰᠤᠷᠭᠠᠨ ᠬᠥᠮᠦᠵᠢᠯ ᠢ ᠵᠣᠬᠢᠶᠠᠨ  ᠪᠠᠶᠢᠭᠤᠯᠵᠤ ᠥᠷᠨᠢᠭᠦᠯᠦᠨ᠎ᠡ︔    ᠳᠥᠷᠪᠡ᠂ ᠭᠡᠰᠢᠭᠦᠳ ᠤᠨ ᠢᠲᠡᠭᠡᠮᠵᠢ ᠶᠢᠨ ᠳᠠᠩᠰᠠ ᠡᠪᠬᠡᠮᠡᠯ ᠢ ᠪᠠᠶᠢᠭᠤᠯᠵᠤ᠂ ᠭᠡᠰᠢᠭᠦᠳ ᠤᠨ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠦᠨᠡᠯᠡᠨ ᠵᠢᠱᠢᠬᠦ ᠪᠠᠷᠢᠮᠵᠢᠶ᠎ᠠ ᠶᠢ ᠵᠢᠷᠤᠮᠯᠠᠭᠰᠠᠨ ᠪᠠᠶᠢᠳᠠᠯ ᠢ ᠢᠲᠡᠭᠡᠮᠵᠢ ᠶᠢᠨ ᠳᠠᠩᠰᠠ ᠡᠪᠬᠡᠮᠡᠯ ᠳᠤ ᠲᠡᠮᠳᠡᠭᠯᠡᠬᠦ ᠶᠢᠨ ᠬᠠᠮᠲᠤ ᠨᠡᠶᠢᠭᠡᠮ ᠳᠤ ᠢᠯᠡ ᠨᠡᠶᠢᠲᠡᠯᠡᠬᠦ ᠬᠡᠷᠡᠭᠲᠡᠢ︔    ᠲᠠᠪᠤ᠂ ᠭᠡᠰᠢᠭᠦᠳ ᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠲᠣᠭᠲᠠᠴᠠ ᠪᠠᠶᠢᠭᠤᠯᠤᠭᠰᠠᠨ ᠪᠠᠶᠢᠳᠠᠯ ᠢ  ᠪᠠᠶᠢᠴᠠᠭᠠᠨ᠎ᠠ  ︔    ᠵᠢᠷᠭᠤᠭ᠎ᠠ᠂ ᠭᠡᠰᠢᠭᠦᠳ ᠢ ᠵᠠᠭᠠᠯᠳᠤᠬᠤ᠂ ᠢᠯᠡᠴᠢᠯᠡᠬᠦ ᠶᠢ ᠬᠦᠯᠢᠶᠡᠨ ᠠᠪᠴᠤ ᠰᠢᠢᠳᠪᠦᠷᠢᠯᠡᠬᠦ  ᠂ ᠭᠡᠰᠢᠭᠦᠳ ᠤᠨ ᠭᠤᠮᠣᠳᠠᠯ ᠢ ᠬᠦᠯᠢᠶᠡᠨ ᠠᠪᠴᠤ ᠰᠢᠢᠳᠪᠦᠷᠢᠯᠡᠬᠦ  ᠂  ᠭᠡᠰᠢᠭᠦᠳ ᠤᠨ ᠠᠵᠢᠯ ᠡᠷᠬᠢᠯᠡᠬᠦ ᠵᠢᠭᠤᠷᠠᠯᠳᠤᠭᠠᠨ ᠢ ᠰᠢᠢᠳᠪᠦᠷᠢᠯᠡᠬᠦ︔    ᠳᠤᠯᠤᠭ᠎ᠠ᠂ ᠠᠵᠢᠯᠲᠠᠨ ᠤ ᠠᠵᠢᠯ ᠡᠷᠬᠢᠯᠡᠬᠦ ᠠᠵᠢᠯᠯᠠᠭ᠎ᠠ ᠶᠢ ᠵᠢᠷᠤᠮᠵᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠭᠡᠰᠢᠭᠦᠳ ᠤᠨ ᠭᠠᠷᠭᠠᠭᠰᠠᠨ ᠦᠨᠡᠯᠡᠨ ᠵᠢᠱᠢᠬᠦ ᠮᠡᠳᠡᠭᠦᠯᠦᠯᠲᠡ ᠶᠢ ᠪᠠᠶᠢᠴᠠᠭᠠᠵᠤ᠂ ᠳᠦᠷᠢᠮ ᠤᠨ ᠲᠣᠭᠲᠠᠭᠠᠯ ᠶᠣᠰᠣᠭᠠᠷ ᠭᠡᠰᠢᠭᠦᠳ ᠲᠤ ᠱᠠᠩᠨᠠᠵᠤ ᠲᠣᠷᠭᠠᠬᠤ ᠪᠥᠭᠡᠳ ᠱᠠᠩᠨᠠᠵᠤ ᠲᠣᠷᠭᠠᠭᠰᠠᠨ ᠪᠠᠶᠢᠳᠠᠯ ᠢ ᠴᠠᠭ ᠲᠤᠬᠠᠢ ᠳᠤᠨᠢ ᠬᠤᠯᠪᠣᠭᠳᠠᠯ ᠪᠦᠬᠦᠢ ᠦᠨᠡᠯᠡᠨ ᠵᠢᠱᠢᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠦᠨ᠎ᠡ︔    ᠨᠠᠢᠮᠠ᠂ ᠭᠡᠰᠢᠭᠦᠳ ᠤᠨ ᠬᠠᠤᠯᠢ ᠶᠣᠰᠣᠭᠠᠷ ᠲᠤᠬᠠᠶᠢᠯᠠᠭᠰᠠᠨ ᠠᠵᠢᠯ ᠢᠶᠠᠨ ᠥᠷᠨᠢᠭᠦᠯᠬᠦ ᠶᠢ ᠪᠠᠲᠤᠯᠠᠵᠤ  ᠂ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ︔    ᠶᠢᠰᠦ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠳᠦᠷᠢᠮ ᠳᠤ ᠲᠣᠭᠲᠠᠭᠠᠭᠰᠠᠨ ᠪᠤᠰᠤᠳ ᠡᠭᠦᠷᠭᠡ ᠬᠠᠷᠢᠭᠤᠴᠠᠯᠭ᠎ᠠ᠃    ᠭᠤᠴᠢᠨ ᠳᠣᠯᠣᠳᠤᠭᠠᠷ ᠵᠤᠷᠪᠤᠰ  ᠦᠨᠡᠯᠡᠨ ᠵᠢᠱᠢᠬᠦ ᠬᠤᠯᠪᠣᠭᠳᠠᠯ ᠪᠦᠬᠦᠢ ᠠᠵᠢᠯ ᠲᠥᠷᠥᠯ ᠤᠨ ᠨᠡᠶᠢᠭᠡᠮᠯᠢᠭ ᠤᠳ ᠨᠡᠪᠲᠡᠷᠡᠯᠴᠡᠨ ᠬᠠᠮᠵᠢᠯᠴᠠᠬᠤ ᠪᠠ ᠮᠡᠳᠡᠭᠡ ᠵᠠᠩᠭᠢ ᠶᠢ ᠬᠠᠮᠲᠤ ᠳᠠᠭᠠᠨ ᠬᠦᠷᠲᠡᠬᠦ ᠲᠣᠭᠲᠠᠴᠠ ᠶᠢ  ᠪᠠᠶᠢᠭᠤᠯᠵᠤ᠂ ᠬᠡᠷᠡᠭᠴᠡᠭᠡ ᠪᠠᠨ ᠦᠨᠳᠦᠰᠦᠯᠡᠨ ᠬᠠᠮᠲᠤ ᠶᠢᠨ ᠦᠢᠯᠡ ᠠᠵᠢᠯᠯᠠᠭ᠎ᠠ ᠶᠢᠨ ᠵᠢᠷᠤᠮᠵᠢᠯ ᠲᠣᠭᠲᠠᠭᠠᠵᠤ᠂ ᠦᠨᠡᠯᠡᠨ ᠵᠢᠱᠢᠬᠦ ᠠᠵᠢᠯ ᠲᠥᠷᠥᠯ ᠤᠨ ᠡᠷᠡᠭᠦᠯ ᠪᠥᠭᠡᠳ ᠡᠮᠬᠢ ᠵᠢᠷᠤᠮ ᠲᠠᠢ ᠪᠠᠷ ᠬᠥᠭᠵᠢᠬᠦ ᠶᠢ ᠠᠬᠢᠭᠤᠯᠬᠤ ᠬᠡᠷᠡᠭᠲᠡᠢ᠃    ᠭᠤᠴᠢᠨ ᠨᠠᠢᠮᠠᠳᠤᠭᠠᠷ ᠵᠤᠷᠪᠤᠰ  ᠦᠨᠡᠯᠡᠨ ᠵᠢᠱᠢᠬᠦ ᠠᠵᠢᠯ ᠲᠥᠷᠥᠯ ᠤᠨ ᠨᠡᠶᠢᠭᠡᠮᠯᠢᠭ ᠤᠨ ᠭᠡᠰᠢᠭᠦᠳ ᠤᠨ ᠬᠤᠷᠠᠯ ᠤᠨ ᠰᠦᠢᠳᠬᠡᠯ ᠬᠤᠷᠢᠶᠠᠬᠤ ᠪᠠᠷᠢᠮᠵᠢᠶ᠎ᠠ ᠶᠢ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠪᠠᠲᠤᠯᠠᠬᠤ ᠶᠢᠨ ᠬᠠᠮᠲᠤ ᠨᠡᠶᠢᠭᠡᠮ ᠳᠤ ᠨᠡᠶᠢᠲᠡᠯᠡᠨ᠎ᠡ᠃ ᠭᠡᠰᠢᠭᠦᠳ ᠤᠨ ᠬᠤᠷᠠᠯ ᠤᠨ ᠰᠦᠢᠳᠬᠡᠯ ᠲᠤᠰᠢᠶᠠᠭᠰᠠᠨ ᠲᠤᠭ᠎ᠠ ᠪᠠᠷ ᠠᠵᠢᠯ ᠲᠥᠷᠥᠯ ᠤᠨ ᠨᠡᠶᠢᠭᠡᠮᠯᠢᠭ ᠲᠤ ᠲᠤᠰᠢᠶᠠᠯ ᠡᠭᠦᠷᠭᠡᠯᠡᠬᠦ ᠨᠥᠬᠦᠴᠡᠯ ᠪᠣᠯᠭᠠᠵᠤ ᠪᠣᠯᠬᠤ ᠦᠭᠡᠢ᠃    ᠬᠤᠷᠠᠯ ᠤᠨ ᠰᠦᠢᠳᠬᠡᠯ ᠬᠤᠷᠢᠶᠠᠬᠤ ᠪᠠ ᠬᠡᠷᠡᠭᠯᠡᠬᠦ ᠨᠢ ᠲᠥᠯᠥᠭᠡᠯᠡᠭᠴᠢᠳ ᠤᠨ ᠶᠡᠭᠡ ᠬᠤᠷᠠᠯ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨᠠᠯᠲᠠ ᠶᠢ ᠬᠦᠯᠢᠶᠡᠵᠦ᠂ ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠡᠵᠡᠯᠡᠵᠦ᠂ ᠳᠣᠲᠣᠷ᠎ᠠ ᠵᠠᠭᠤᠷ᠎ᠠ ᠪᠠᠨ ᠬᠤᠪᠢᠶᠠᠬᠤ ᠪᠠ ᠨᠡᠭᠦᠯᠭᠡᠨ ᠬᠡᠷᠡᠭᠯᠡᠵᠦ ᠪᠣᠯᠬᠤ ᠦᠭᠡᠢ    ᠵᠢᠷᠭᠤᠳᠤᠭᠠᠷ ᠪᠦᠯᠦᠭ   ᠬᠢᠨᠠᠯᠲᠠ ᠬᠠᠮᠢᠶᠠᠷᠤᠯᠲᠠ    ᠭᠤᠴᠢ ᠶᠢᠰᠦᠳᠦᠭᠡᠷ ᠵᠤᠷᠪᠤᠰ  ᠲᠥᠷᠥ ᠶᠢᠨ ᠶᠠᠪᠤᠳᠠᠯ ᠤᠨ ᠬᠤᠷᠢᠶᠠᠨ ᠤ ᠦᠨᠡᠯᠡᠨ ᠵᠢᠱᠢᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠦᠨᠡᠯᠡᠨ ᠵᠢᠱᠢᠬᠦ ᠦᠨᠳᠦᠰᠦᠨ ᠪᠠᠷᠢᠮᠵᠢᠶ᠎ᠠ ᠪᠣᠯᠤᠨ ᠦᠨᠡᠯᠡᠨ ᠵᠢᠱᠢᠬᠦ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢ ᠵᠣᠬᠢᠶᠠᠨ‌‍ᠪᠠᠶᠢᠭᠤᠯᠤᠨ‌‍ᠲ᠋ᠣᠭᠲᠠᠭᠠᠨ᠎ᠠ᠃    ᠳᠥᠴᠢᠳᠦᠭᠡᠷ ᠵᠤᠷᠪᠤᠰ  ᠲᠣᠭᠤᠷᠢᠭ ᠪᠠᠶᠢᠭᠤᠯᠤᠭᠰᠠᠨ ᠬᠤᠲᠠ ᠶᠢᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠦᠨᠡᠯᠡᠨ ᠵᠢᠱᠢᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠡᠴᠡ‌‍ᠲ᠋ᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠬᠢᠨᠠᠨ ᠬᠠᠮᠢᠶᠠᠷᠴᠤ᠂ ᠦᠨᠡᠯᠡᠨ ᠵᠢᠱᠢᠬᠦ ᠠᠵᠢᠯ ᠲᠥᠷᠥᠯ ᠤᠨ ᠦᠨᠡᠯᠡᠨ ᠵᠢᠱᠢᠬᠦ ᠪᠠᠶᠢᠭᠤᠯᠤᠮᠵᠢ ᠪᠣᠯᠤᠨ ᠦᠨᠡᠯᠡᠨ ᠵᠢᠱᠢᠬᠦ ᠲᠤᠰᠬᠠᠢ ᠠᠵᠢᠯ ᠤᠨ ᠠᠵᠢᠯᠲᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠵᠠᠰᠠᠭ ᠵᠠᠬᠢᠷᠭᠠᠨ ᠢᠶᠠᠷ ᠰᠢᠢᠳᠬᠡᠨ ᠲᠤᠷᠠᠭᠠᠵᠤ᠂ ᠬᠡᠷᠡᠭᠵᠢᠭᠦᠯᠦᠭᠰᠡᠨ ᠪᠠᠶᠢᠳᠠᠯ ᠢ ᠦᠨᠡᠯᠡᠨ ᠵᠢᠱᠢᠬᠦ ᠬᠤᠯᠪᠣᠭᠳᠠᠯ ᠪᠦᠬᠦᠢ ᠠᠵᠢᠯ ᠲᠥᠷᠥᠯ ᠤᠨ ᠨᠡᠶᠢᠭᠡᠮᠯᠢᠭ ᠲᠤ ᠴᠠᠭ ᠲᠤᠬᠠᠢ ᠳᠤᠨᠢ ᠮᠡᠳᠡᠭᠦᠯᠬᠦ ᠶᠢᠨ ᠬᠠᠮᠲᠤ ᠨᠡᠶᠢᠭᠡᠮ ᠳᠤ ᠢᠯᠡ ᠨᠡᠶᠢᠲᠡᠯᠡᠬᠦ ᠬᠡᠷᠡᠭᠲᠡᠢ᠃    ᠳᠥᠴᠢᠨ ᠨᠢᠭᠡᠳᠦᠭᠡᠷ ᠵᠤᠷᠪᠤᠰ  ᠦᠨᠡᠯᠡᠨ ᠵᠢᠱᠢᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠦᠨᠡᠯᠡᠨ ᠵᠢᠱᠢᠬᠦ ᠠᠵᠢᠯ ᠲᠥᠷᠥᠯ ᠤᠨ ᠬᠤᠯᠪᠣᠭᠳᠠᠯ ᠪᠦᠬᠦᠢ ᠨᠡᠶᠢᠭᠡᠮᠯᠢᠭ ᠲᠤ ᠬᠢᠨᠠᠯᠲᠠ ᠲᠠᠯᠪᠢᠵᠤ ᠪᠠᠶᠢᠴᠠᠭᠠᠯᠲᠠ ᠬᠢᠵᠦ᠂ ᠢᠯᠡᠷᠡᠭᠦᠯᠦᠭᠰᠡᠨ ᠠᠰᠠᠭᠤᠳᠠᠯ ᠪᠠ ᠨᠡᠶᠢᠭᠡᠮᠯᠢᠭ ᠲᠤ ᠬᠠᠨᠳᠤᠭᠤᠯᠤᠭᠰᠠᠨ ᠵᠠᠭᠠᠯᠳᠤᠯᠭ᠎ᠠ᠂ ᠢᠯᠡᠴᠢᠯᠡᠨ ᠮᠡᠳᠡᠭᠦᠯᠦᠭᠰᠡᠨ ᠢ ᠴᠠᠭ ᠲᠤᠬᠠᠢ ᠳᠤᠨᠢ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃    ᠳᠥᠴᠢᠨ ᠬᠤᠶᠠᠳᠤᠭᠠᠷ ᠵᠤᠷᠪᠤᠰ  ᠦᠨᠡᠯᠡᠨ ᠵᠢᠱᠢᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ ᠂ ᠦᠨᠡᠯᠡᠨ ᠵᠢᠱᠢᠬᠦ ᠪᠠᠶᠢᠭᠤᠯᠤᠮᠵᠢ ᠶᠢᠨ ᠬᠠᠤᠯᠢ ᠶᠣᠰᠣᠭᠠᠷ ᠲᠤᠬᠠᠶᠢᠯᠠᠭᠰᠠᠨ ᠠᠵᠢᠯ ᠢᠶᠠᠨ ᠥᠷᠨᠢᠭᠦᠯᠬᠦ ᠶᠢ ᠬᠢᠵᠠᠭᠠᠷᠯᠠᠵᠤ ᠪᠣᠯᠬᠤ ᠦᠭᠡᠢ᠃    ᠳᠥᠴᠢᠨ ᠭᠤᠷᠪᠠᠳᠤᠭᠠᠷ ᠵᠤᠷᠪᠤᠰ  ᠦᠨᠡᠯᠡᠨ ᠵᠢᠱᠢᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠦᠨᠡᠯᠡᠨ ᠵᠢᠱᠢᠬᠦ ᠠᠵᠢᠯ ᠲᠥᠷᠥᠯ ᠤᠨ ᠨᠡᠶᠢᠭᠡᠮᠯᠢᠭ᠂ ᠦᠨᠡᠯᠡᠨ ᠵᠢᠱᠢᠬᠦ ᠪᠠᠶᠢᠭᠤᠯᠤᠮᠵᠢ ᠶᠢᠨ ᠣᠷᠣᠰᠢᠬᠤ ᠠᠵᠢᠯᠲᠠᠨ ᠪᠤᠶᠤ ᠪᠡᠯᠡ ᠮᠥᠩᠭᠦ ᠲᠠᠢ ᠬᠤᠯᠪᠣᠭᠳᠠᠵᠤ᠂ ᠡᠷᠬᠡ ᠲᠤᠰᠢᠶᠠᠯ ᠢᠶᠠᠨ ᠠᠰᠢᠭᠯᠠᠵᠤ ᠦᠨᠡᠯᠡᠨ ᠵᠢᠱᠢᠬᠦ ᠪᠠᠶᠢᠭᠤᠯᠤᠮᠵᠢ ᠳᠤ ᠲᠤᠬᠠᠶᠢᠯᠠᠭᠰᠠᠨ ᠠᠵᠢᠯ ᠲᠠᠲᠠᠵᠤ ᠪᠣᠯᠬᠤ ᠥᠬᠡᠢ᠃    ᠳᠣᠯᠣᠳᠤᠭᠠᠷ ᠪᠦᠯᠦᠭ   ᠬᠠᠤᠯᠢ ᠶᠢᠨ ᠬᠠᠷᠢᠭᠤᠴᠠᠯᠭ᠎ᠠ    ᠳᠥᠴᠢᠨ ᠳᠥᠷᠪᠡᠳᠦᠭᠡᠷ ᠵᠤᠷᠪᠤᠰ  ᠦᠨᠡᠯᠡᠨ ᠵᠢᠱᠢᠬᠦ ᠲᠤᠰᠬᠠᠢ ᠠᠵᠢᠯ ᠤᠨ ᠠᠵᠢᠯᠲᠠᠨ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠶᠢ ᠭᠠᠷᠭᠠᠭᠰᠠᠨ ᠪᠠᠶᠢᠪᠠᠯ᠂ ᠬᠤᠯᠪᠣᠭᠳᠠᠯ ᠪᠦᠬᠦᠢ ᠦᠨᠡᠯᠡᠨ ᠵᠢᠱᠢᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠰᠡᠷᠡᠮᠵᠢ ᠥᠭᠴᠦ᠂ ᠠᠵᠢᠯ ᠡᠷᠬᠢᠯᠡᠬᠦ ᠶᠢ ᠨᠢ ᠵᠢᠷᠭᠤᠭᠠᠨ ᠰᠠᠷ᠎ᠠ ᠠᠴᠠ ᠳᠡᠭᠡᠭᠰᠢ ᠨᠢᠭᠡ ᠵᠢᠯ ᠠᠴᠠ ᠳᠣᠷᠣᠭᠰᠢ ᠵᠠᠷᠯᠢᠭᠳᠠᠨ ᠵᠣᠭᠰᠣᠭᠠᠵᠤ ᠪᠣᠯᠤᠨ᠎ᠠ᠃ ᠬᠠᠤᠯᠢ ᠪᠤᠰᠤ ᠣᠯᠵᠠᠪᠤᠷᠢ ᠲᠠᠢ ᠪᠣᠯ ᠬᠠᠤᠯᠢ ᠪᠤᠰᠤ ᠣᠯᠵᠠᠪᠤᠷᠢ ᠶᠢ ᠨᠢ ᠬᠤᠷᠢᠶᠠᠨ ᠠᠪᠴᠤ᠂ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠠᠵᠢᠯ ᠡᠷᠬᠢᠯᠡᠬᠦ ᠶᠢ ᠨᠢ ᠨᠢᠭᠡ ᠵᠢᠯ ᠠᠴᠠ ᠳᠡᠭᠡᠭᠰᠢ ᠲᠠᠪᠤᠨ ᠵᠢᠯ ᠠᠴᠠ ᠳᠣᠷᠣᠭᠰᠢ ᠵᠠᠷᠯᠢᠭᠳᠠᠨ ᠵᠣᠭᠰᠣᠭᠠᠨ᠎ᠠ᠃ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ  ᠄    ᠨᠢᠭᠡ  ᠂ ᠬᠤᠪᠢ ᠪᠠᠷ ᠢᠶᠠᠨ ᠨᠠᠶᠢᠳᠠᠯᠭ᠎ᠠ ᠶᠢ ᠬᠦᠯᠢᠶᠡᠨ‌ᠠᠪᠴᠦ᠂ ᠲᠤᠬᠠᠶᠢᠯᠠᠭᠰᠠᠨ ᠠᠵᠢᠯ ᠬᠢᠵᠦ ᠰᠦᠢᠳᠬᠡᠯ ᠬᠤᠷᠢᠶᠠᠬᠤ︔    ᠬᠤᠶᠠᠷ  ᠂ ᠬᠤᠶᠠᠷ ᠠᠴᠠ ᠳᠡᠭᠡᠭᠰᠢ ᠦᠨᠡᠯᠡᠨ ᠵᠢᠱᠢᠬᠦ ᠪᠠᠶᠢᠭᠤᠯᠤᠮᠵᠢ ᠳᠤ ᠬᠠᠮᠲᠤ ᠳᠤᠨᠢ ᠠᠵᠢᠯ ᠬᠢᠬᠦ  ︔    ᠭᠤᠷᠪᠠ᠂  ᠪᠤᠰᠤᠳ ᠦᠨᠡᠯᠡᠨ ᠵᠢᠱᠢᠬᠦ ᠲᠤᠰᠬᠠᠢ ᠮᠡᠷᠭᠡᠵᠢᠯ ᠤᠨ ᠠᠵᠢᠯᠲᠠᠨ ᠢ ᠮᠡᠬᠡᠯᠡᠬᠦ᠂ ᠠᠰᠢᠭ ᠢᠶᠠᠷ ᠲᠠᠲᠠᠬᠤ᠂ ᠠᠯᠪᠠᠲᠠᠨ ᠰᠦᠷᠳᠡᠭᠦᠯᠬᠦ ᠪᠤᠶᠤ ᠮᠠᠭᠤᠯᠠᠬᠤ᠂ ᠮᠠᠭᠤᠰᠢᠶᠠᠬᠤ ᠵᠡᠷᠭᠡ ᠵᠦᠢ ᠪᠤᠰᠤ ᠠᠷᠭ᠎ᠠ ᠪᠠᠷᠢᠯ ᠢᠶᠠᠷ ᠲᠤᠬᠠᠶᠢᠯᠠᠭᠰᠠᠨ ᠠᠵᠢᠯ ᠲᠠᠲᠠᠬᠤ︔    ᠳᠥᠷᠪᠡ᠂ ᠪᠤᠰᠤᠳ ᠬᠥᠮᠦᠨ ᠤ ᠥᠪᠡᠷ ᠤᠨ ᠨᠡᠷ᠎ᠡ ᠪᠠᠷ ᠲᠤᠬᠠᠶᠢᠯᠠᠭᠰᠠᠨ ᠠᠵᠢᠯ ᠡᠷᠬᠢᠯᠡᠬᠦ ᠪᠤᠶᠤ ᠪᠤᠰᠤᠳ ᠤᠨ ᠨᠡᠷ᠎ᠡ ᠪᠠᠷ ᠲᠤᠬᠠᠶᠢᠯᠠᠭᠰᠠᠨ ᠠᠵᠢᠯ ᠬᠢᠬᠦ ᠶᠢ ᠵᠥᠪᠰᠢᠶᠡᠷᠡᠬᠦ︔    ᠲᠠᠪᠤ᠂ ᠲᠤᠰ ᠬᠥᠮᠦᠨ ᠤ ᠳᠠᠭᠠᠭᠠᠴᠢᠯᠠᠨ ᠡᠷᠬᠢᠯᠡᠭᠰᠡᠨ ᠦᠭᠡᠢ ᠲᠤᠬᠠᠶᠢᠯᠠᠭᠰᠠᠨ ᠠᠵᠢᠯ ᠤᠨ ᠦᠨᠡᠯᠡᠨ ᠵᠢᠱᠢᠬᠦ ᠮᠡᠳᠡᠭᠦᠯᠦᠯᠲᠡ ᠳᠤ ᠭᠠᠷ ᠤᠨ ᠦᠰᠦᠭ ᠵᠢᠷᠤᠬᠤ︔    ᠵᠢᠷᠭᠤᠭ᠎ᠠ᠂ ᠭᠡᠷ᠎ᠡ ᠳᠤ ᠪᠣᠯᠵᠣᠨ ᠲᠣᠭᠲᠠᠭᠠᠭᠰᠠᠨ ᠠᠴᠠ ᠭᠠᠳᠠᠨᠠᠬᠢ ᠬᠥᠯᠥᠰᠥᠨ ᠮᠥᠩᠭᠦ᠂ ᠡᠳ᠋ ᠪᠣᠳᠠᠰ ᠢ ᠨᠡᠬᠡᠨ ᠠᠪᠬᠤ᠂ ᠬᠦᠯᠢᠶᠡᠨ ᠠᠪᠬᠤ ᠪᠤᠶᠤ ᠬᠡᠯᠪᠡᠷᠢ ᠶᠢ ᠨᠢ ᠥᠭᠡᠷᠡᠲᠦᠭᠦᠯᠦᠨ ᠠᠪᠬᠤ᠂ ᠬᠦᠯᠢᠶᠡᠨ ᠠᠪᠬᠤ᠂ ᠡᠰᠡᠬᠦᠯ᠎ᠡ ᠪᠤᠰᠤᠳ ᠵᠦᠢ ᠪᠤᠰᠤ ᠠᠰᠢᠭ ᠲᠤᠰᠠ ᠣᠯᠬᠤ᠃    ᠳᠥᠴᠢᠨ ᠲᠠᠪᠤᠳᠤᠭᠠᠷ ᠵᠤᠷᠪᠤᠰ  ᠦᠨᠡᠯᠡᠨ ᠵᠢᠱᠢᠬᠦ ᠲᠤᠰᠬᠠᠢ ᠠᠵᠢᠯ ᠤᠨ ᠠᠵᠢᠯᠲᠠᠨ ᠠᠴᠠ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠬᠤᠳᠠᠯ ᠬᠠᠭᠤᠷᠮᠠᠭ ᠦᠨᠡᠯᠡᠨ ᠵᠢᠱᠢᠬᠦ ᠮᠡᠳᠡᠭᠦᠯᠦᠯᠲᠡ ᠪᠢᠴᠢᠭᠰᠡᠨ ᠪᠠᠶᠢᠪᠠᠯ᠂ ᠬᠤᠯᠪᠣᠭᠳᠠᠯ ᠪᠦᠬᠦᠢ ᠦᠨᠡᠯᠡᠨ ᠵᠢᠱᠢᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠠᠵᠢᠯ ᠡᠷᠬᠢᠯᠡᠬᠦ ᠶᠢ ᠨᠢ ᠬᠤᠶᠠᠷ ᠵᠢᠯ ᠠᠴᠠ ᠳᠡᠭᠡᠭᠰᠢ ᠲᠠᠪᠤᠨ ᠵᠢᠯ ᠠᠴᠠ ᠳᠣᠷᠣᠭᠰᠢ ᠵᠣᠭᠰᠣᠭᠠᠨ᠎ᠠ᠃ ᠬᠠᠤᠯᠢ ᠪᠤᠰᠤ ᠣᠯᠵᠠᠪᠤᠷᠢ ᠲᠠᠢ ᠪᠣᠯ ᠬᠠᠤᠯᠢ ᠪᠤᠰᠤ ᠣᠯᠵᠠᠪᠤᠷᠢ ᠶᠢ ᠨᠢ ᠬᠤᠷᠢᠶᠠᠨ ᠠᠪᠴᠤ᠂ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠠᠵᠢᠯ ᠡᠷᠬᠢᠯᠡᠬᠦ ᠶᠢ ᠨᠢ ᠲᠠᠪᠤᠨ ᠵᠢᠯ ᠠᠴᠠ ᠳᠡᠭᠡᠭᠰᠢ ᠠᠷᠪᠠᠨ ᠵᠢᠯ ᠠᠴᠠ ᠳᠣᠷᠣᠭᠰᠢ ᠵᠠᠷᠯᠢᠭᠳᠠᠨ ᠵᠣᠭᠰᠣᠭᠠᠨ᠎ᠠ᠃ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠳᠥᠴᠢᠨ ᠵᠢᠷᠭᠤᠳᠤᠭᠠᠷ ᠵᠤᠷᠪᠤᠰ  ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠦᠢᠯᠡᠳᠪᠦᠷᠢ ᠬᠤᠳᠠᠯᠳᠤᠭᠠᠨ ᠤ ᠳᠡᠩᠰᠡᠯᠡᠯᠲᠡ ᠬᠢᠯᠭᠡᠭᠰᠡᠨ ᠦᠭᠡᠢ ᠪᠠᠷ ᠦᠨᠡᠯᠡᠨ ᠵᠢᠱᠢᠬᠦ ᠪᠠᠶᠢᠭᠤᠯᠤᠮᠵᠢ ᠶᠢᠨ ᠨᠡᠷ᠎ᠡ ᠪᠠᠷ ᠦᠨᠡᠯᠡᠨ ᠵᠢᠱᠢᠬᠦ ᠲᠤᠬᠠᠶᠢᠯᠠᠭᠰᠠᠨ ᠠᠵᠢᠯ ᠬᠢᠭᠰᠡᠨ ᠪᠠᠶᠢᠪᠠᠯ᠂ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠨᠢ ᠵᠣᠭᠰᠣᠭᠠᠵᠤ᠂ ᠬᠠᠤᠯᠢ ᠪᠤᠰᠤ ᠣᠯᠵᠠᠪᠤᠷᠢ ᠲᠠᠢ ᠪᠣᠯ ᠬᠠᠤᠯᠢ ᠪᠤᠰᠤ ᠣᠯᠵᠠᠪᠤᠷᠢ ᠶᠢ ᠨᠢ ᠬᠤᠷᠢᠶᠠᠨ ᠠᠪᠴᠤ᠂ ᠬᠠᠤᠯᠢ ᠪᠤᠰᠤ ᠣᠯᠵᠠᠪᠤᠷᠢ ᠶᠢᠨ ᠨᠢᠭᠡ ᠳᠠᠬᠢᠨ ᠠᠴᠠ ᠳᠡᠭᠡᠭᠰᠢ ᠲᠠᠪᠤᠨ ᠳᠠᠬᠢᠨ ᠠᠴᠠ ᠳᠣᠷᠣᠭᠰᠢ ᠵᠣᠭᠤᠰ ᠢᠶᠠᠷ ᠲᠣᠷᠭᠠᠨ᠎ᠠ  ᠃    ᠳᠥᠴᠢᠨ ᠳᠣᠯᠣᠳᠤᠭᠠᠷ ᠵᠤᠷᠪᠤᠰ  ᠦᠨᠡᠯᠡᠨ ᠵᠢᠱᠢᠬᠦ ᠪᠠᠶᠢᠭᠤᠯᠤᠮᠵᠢ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠳᠣᠣᠷ᠎ᠠ ᠵᠢᠭᠰᠠᠭᠠᠭᠰᠠᠨ  ᠪᠠᠶᠢᠳᠠᠯ  ᠤᠳ ᠤᠨ ᠨᠢᠭᠡ ᠶᠢ ᠭᠠᠷᠭᠠᠭᠰᠠᠨ ᠪᠠᠶᠢᠪᠠᠯ᠂ ᠬᠤᠯᠪᠣᠭᠳᠠᠯ ᠪᠦᠬᠦᠢ ᠦᠨᠡᠯᠡᠨ ᠵᠢᠱᠢᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠰᠡᠷᠡᠮᠵᠢ ᠥᠭᠴᠦ᠂ ᠵᠠᠷᠯᠢᠭᠳᠠᠵᠤ ᠪᠠᠶᠢᠭᠠᠳ ᠠᠵᠢᠯ ᠢ ᠨᠢ ᠨᠢᠭᠡ ᠰᠠᠷ᠎ᠠ ᠠᠴᠠ ᠳᠡᠭᠡᠭᠰᠢ ᠵᠢᠷᠭᠤᠭᠠᠨ ᠰᠠᠷ᠎ᠠ ᠠᠴᠠ ᠳᠣᠷᠣᠭᠰᠢ ᠵᠣᠭᠰᠣᠭᠠᠵᠤ ᠪᠣᠯᠤᠨ᠎ᠠ᠃ ᠬᠠᠤᠯᠢ ᠪᠤᠰᠤ ᠣᠯᠵᠠᠪᠤᠷᠢ ᠲᠠᠢ ᠪᠣᠯ ᠬᠠᠤᠯᠢ ᠪᠤᠰᠤ ᠣᠯᠵᠠᠪᠤᠷᠢ ᠶᠢ ᠨᠢ ᠬᠤᠷᠢᠶᠠᠨ ᠠᠪᠴᠤ᠂ ᠬᠠᠤᠯᠢ ᠪᠤᠰᠤ ᠣᠯᠵᠠᠪᠤᠷᠢ ᠶᠢᠨ ᠨᠢᠭᠡ ᠳᠠᠬᠢᠨ ᠠᠴᠠ ᠳᠡᠭᠡᠭᠰᠢ ᠲᠠᠪᠤᠨ ᠳᠠᠬᠢᠨ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠡᠵᠡᠩᠨᠡᠯᠲᠡ ᠶᠢᠨ ᠦᠨᠡᠮᠯᠡᠯ ᠢ ᠨᠢ ᠬᠦᠴᠦᠨ ᠦᠭᠡᠢ ᠪᠣᠯᠭᠠᠵᠤ᠂ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄    ᠨᠢᠭᠡ  ᠂  ᠠᠵᠢᠯ ᠤᠨ ᠳᠥᠭᠦᠮ ᠢᠶᠠᠨ ᠠᠰᠢᠭᠯᠠᠨ ᠬᠡᠪ ᠤᠨ ᠪᠤᠰᠤ ᠠᠰᠢᠭ ᠲᠤᠰᠠ ᠶᠢ  ᠬᠥᠭᠡᠭᠡᠴᠡᠯᠳᠦᠬᠦ︔    ᠬᠤᠶᠠᠷ᠂ ᠪᠤᠰᠤᠳ ᠪᠠᠶᠢᠭᠤᠯᠤᠮᠵᠢ ᠶᠢᠨ ᠲᠤᠰ ᠪᠠᠶᠢᠭᠤᠯᠤᠮᠵᠢ ᠶᠢᠨ ᠨᠡᠷ᠎ᠡ ᠪᠠᠷ ᠲᠤᠬᠠᠶᠢᠯᠠᠭᠰᠠᠨ ᠠᠵᠢᠯ ᠥᠷᠨᠢᠭᠦᠯᠬᠦ ᠪᠤᠶᠤ ᠪᠤᠰᠤᠳ ᠪᠠᠶᠢᠭᠤᠯᠤᠮᠵᠢ ᠶᠢᠨ ᠨᠡᠷ᠎ᠡ ᠪᠠᠷ ᠲᠤᠬᠠᠶᠢᠯᠠᠭᠰᠠᠨ ᠠᠵᠢᠯ ᠥᠷᠨᠢᠭᠦᠯᠬᠦ ᠶᠢ ᠵᠦᠪᠰᠢᠶᠡᠷᠡᠬᠦ︔    ᠭᠤᠷᠪᠠ᠂ ᠮᠠᠭᠤ ᠴᠢᠨᠠᠷ ᠢᠶᠠᠷ ᠦᠨ᠎ᠡ ᠶᠢ ᠳᠠᠷᠤᠬᠤ᠂ ᠬᠠᠷᠢᠭᠤ ᠬᠠᠷᠠᠮᠵᠢ ᠠᠪᠬᠤ᠂ ᠬᠤᠳᠠᠯ ᠬᠠᠭᠤᠷᠮᠠᠭ ᠢᠶᠠᠷ ᠤᠬᠠᠭᠤᠯᠬᠤ ᠪᠤᠶᠤ ᠪᠤᠰᠤᠳ ᠦᠨᠡᠯᠡᠨ ᠵᠢᠱᠢᠬᠦ ᠪᠠᠶᠢᠭᠤᠯᠤᠮᠵᠢ ᠶᠢ ᠮᠠᠭᠤᠯᠠᠬᠤ᠂ ᠮᠠᠭᠤᠰᠢᠶᠠᠬᠤ ᠵᠡᠷᠭᠡ ᠲᠥᠪ ᠪᠤᠰᠤ ᠠᠷᠭ᠎ᠠ ᠪᠠᠷᠢᠯ ᠢᠶᠠᠷ ᠲᠤᠬᠠᠶᠢᠯᠠᠭᠰᠠᠨ ᠠᠵᠢᠯ ᠲᠠᠲᠠᠬᠤ︔    ᠳᠥᠷᠪᠡ᠂ ᠥᠪᠡᠷ ᠲᠠᠢ ᠪᠠᠨ ᠠᠰᠢᠭ ᠬᠤᠣᠷ ᠤᠨ ᠬᠠᠷᠢᠴᠠᠭ᠎ᠠ ᠲᠠᠢ ᠲᠤᠬᠠᠶᠢᠯᠠᠭᠰᠠᠨ ᠠᠵᠢᠯ ᠢ ᠬᠦᠯᠢᠶᠡᠨ ᠠᠪᠴᠤ ᠰᠢᠢᠳᠪᠦᠷᠢᠯᠡᠬᠦ︔    ᠲᠠᠪᠤ  ᠂  ᠠᠰᠢᠭ ᠲᠤᠰᠠ ᠶᠢᠨ ᠮᠥᠷᠭᠦᠯᠳᠦᠭᠡᠨ ᠢ ᠬᠦᠯᠢᠶᠡᠨ ᠠᠪᠬᠤ ᠬᠤᠶᠠᠷ ᠡᠲᠡᠭᠡᠳ ᠤᠨ ᠨᠠᠶᠢᠳᠠᠯᠭ᠎ᠠ ᠶᠢ ᠬᠦᠯᠢᠶᠡᠨ ᠠᠪᠴᠦ᠂ ᠠᠳᠠᠯᠢ ᠨᠢᠭᠡ  ᠦᠨᠡᠯᠡᠨ ᠵᠢᠱᠢᠬᠦ ᠡᠲᠡᠭᠡᠳ ᠲᠤ ᠦᠨᠡᠯᠡᠯᠲᠡ ᠬᠢᠬᠦ︔    ᠵᠢᠷᠭᠤᠭ᠎ᠠ᠂  ᠴᠢᠬᠤᠯᠠ ᠶᠡᠭᠡ ᠣᠷᠬᠢᠭᠳᠠᠭᠤᠯᠤᠯ ᠲᠠᠢ ᠦᠨᠡᠯᠡᠨ ᠵᠢᠱᠢᠬᠦ ᠮᠡᠳᠡᠭᠦᠯᠦᠯᠲᠡ ᠬᠢᠬᠦ︔    ᠳᠤᠯᠤᠭ᠎ᠠ᠂ ᠲᠤᠰ ᠬᠠᠤᠯᠢ ᠳᠤ ᠲᠣᠭᠲᠠᠭᠠᠭᠰᠠᠨ‌ᠬᠤᠭᠤᠴᠠᠭ᠎ᠠ ᠪᠠᠷ ᠦᠨᠡᠯᠡᠨ ᠵᠢᠱᠢᠬᠦ ᠳᠠᠩᠰᠠ ᠡᠪᠬᠡᠮᠡᠯ ᠢ  ᠬᠠᠳᠠᠭᠠᠯᠠᠭᠰᠠᠨ ᠦᠭᠡᠢ︔    ᠨᠠᠢᠮᠠ᠂ ᠲᠤᠰ ᠬᠠᠤᠯᠢ ᠶᠢᠨ ᠲᠣᠭᠲᠠᠭᠠᠯ ᠳᠤ ᠦᠯᠦ ᠨᠡᠶᠢᠴᠡᠬᠦ ᠬᠥᠮᠦᠨ ᠢ ᠤᠷᠢᠵᠤ ᠬᠡᠷᠡᠭᠯᠡᠬᠦ ᠪᠤᠶᠤ ᠵᠢᠭᠠᠨ ᠲᠣᠭᠲᠠᠭᠠᠵᠤ ᠦᠨᠡᠯᠡᠨ ᠵᠢᠱᠢᠬᠦ ᠲᠤᠬᠠᠶᠢᠯᠠᠭᠰᠠᠨ ᠠᠵᠢᠯ ᠢ ᠬᠢᠯᠭᠡᠬᠦ︔    ᠶᠢᠰᠦ᠂ ᠲᠤᠰ ᠪᠠᠶᠢᠭᠤᠯᠤᠮᠵᠢ ᠶᠢᠨ ᠦᠨᠡᠯᠡᠨ ᠵᠢᠱᠢᠬᠦ ᠲᠤᠰᠬᠠᠢ ᠠᠵᠢᠯ ᠤᠨ ᠠᠵᠢᠯᠲᠠᠨ ᠢ ᠬᠠᠮᠢᠶᠠᠷᠬᠤ ᠦᠭᠡᠢ ᠠᠴᠠ ᠪᠣᠯᠵᠤ ᠮᠠᠭᠤ ᠦᠷ᠎ᠡ ᠳ᠋ᠦᠩ ᠭᠠᠷᠭᠠᠭᠰᠠᠨ᠃    ᠦᠨᠡᠯᠡᠨ ᠵᠢᠱᠢᠬᠦ ᠪᠠᠶᠢᠭᠤᠯᠤᠮᠵᠢ ᠲᠤᠰ ᠬᠠᠤᠯᠢ ᠶᠢᠨ ᠲᠣᠭᠲᠠᠭᠠᠯ ᠶᠣᠰᠣᠭᠠᠷ ᠳᠠᠩᠰᠠᠯᠠᠭᠤᠯᠤᠭᠰᠠᠨ ᠦᠭᠡᠢ ᠪᠤᠶᠤ ᠲᠤᠰ ᠬᠠᠤᠯᠢ ᠶᠢᠨ ᠠᠷᠪᠠᠨ ᠲᠠᠪᠤᠳᠤᠭᠠᠷ ᠵᠣᠷᠪᠣᠰ ᠲᠤ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠦᠭᠡᠢ ᠪᠠᠶᠢᠪᠠᠯ᠂ ᠦᠨᠡᠯᠡᠨ ᠵᠢᠱᠢᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠨ᠎ᠠ᠃ ᠵᠠᠯᠠᠷᠠᠭᠤᠯᠬᠤ ᠶᠢ ᠲᠡᠪᠴᠢᠭᠰᠡᠨ ᠪᠠᠶᠢᠪᠠᠯ᠂ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ᠂ ᠨᠢᠭᠡ ᠲᠦᠮᠡᠨ ᠲᠥᠭᠦᠷᠢᠭ ᠠᠴᠠ ᠳᠡᠭᠡᠭᠰᠢ ᠲᠠᠪᠤᠨ ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃    ᠳᠥᠴᠢᠨ ᠨᠠᠢᠮᠠᠳᠤᠭᠠᠷ ᠵᠤᠷᠪᠤᠰ  ᠦᠨᠡᠯᠡᠨ ᠵᠢᠱᠢᠬᠦ ᠪᠠᠶᠢᠭᠤᠯᠤᠮᠵᠢ ᠠᠴᠠ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠬᠤᠳᠠᠯ ᠬᠠᠭᠤᠷᠮᠠᠭ ᠦᠨᠡᠯᠡᠨ ᠵᠢᠱᠢᠬᠦ ᠮᠡᠳᠡᠭᠦᠯᠦᠯᠲᠡ ᠭᠠᠷᠭᠠᠭᠰᠠᠨ ᠪᠠᠶᠢᠪᠠᠯ᠂ ᠬᠤᠯᠪᠣᠭᠳᠠᠯ ᠪᠦᠬᠦᠢ ᠦᠨᠡᠯᠡᠨ ᠵᠢᠱᠢᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ᠎ᠠ᠃  ᠬᠠᠤᠯᠢ ᠪᠤᠰᠤ ᠣᠯᠵᠠᠪᠤᠷᠢ ᠲᠠᠢ ᠪᠣᠯ ᠬᠠᠤᠯᠢ ᠪᠤᠰᠤ ᠣᠯᠵᠠᠪᠤᠷᠢ ᠶᠢ ᠨᠢ ᠬᠤᠷᠢᠶᠠᠨ ᠠᠪᠴᠤ᠂ ᠬᠠᠤᠯᠢ ᠪᠤᠰᠤ ᠣᠯᠵᠠᠪᠤᠷᠢ ᠶᠢᠨ ᠨᠢᠭᠡ ᠳᠠᠬᠢᠨ ᠠᠴᠠ ᠳᠡᠭᠡᠭᠰᠢ ᠲᠠᠪᠤᠨ ᠳᠠᠬᠢᠨ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ ᠦᠢᠯᠡ‌‍ᠪᠠᠶᠢᠳᠠᠯ‌ᠨᠢ ᠬᠦᠨᠳᠦ ᠨᠣᠴᠢᠲᠠᠢ ᠪᠠᠶᠢᠪᠠᠯ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠡᠵᠡᠩᠨᠡᠯᠲᠡ ᠶᠢᠨ ᠦᠨᠡᠮᠯᠡᠯ ᠢ ᠨᠢ ᠬᠦᠴᠦᠨ ᠦᠭᠡᠢ ᠪᠣᠯᠭᠠᠨ᠎ᠠ᠃ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠳᠥᠴᠢ ᠶᠢᠰᠦᠳᠦᠭᠡᠷ ᠵᠤᠷᠪᠤᠰ  ᠦᠨᠡᠯᠡᠨ ᠵᠢᠱᠢᠬᠦ ᠪᠠᠶᠢᠭᠤᠯᠤᠮᠵᠢ᠂ ᠦᠨᠡᠯᠡᠨ ᠵᠢᠱᠢᠬᠦ ᠲᠤᠰᠬᠠᠢ ᠠᠵᠢᠯ ᠤᠨ ᠠᠵᠢᠯᠲᠠᠨ ᠨᠢᠭᠡ ᠵᠢᠯ ᠤᠨ ᠳᠣᠲᠣᠷ᠎ᠠ ᠭᠤᠷᠪᠠ ᠤᠳᠠᠭ᠎ᠠ᠂ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠵᠤ᠂ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠭᠰᠠᠨ ᠠᠴᠠ ᠭᠠᠳᠠᠨ᠎ᠠ ᠰᠢᠢᠳᠬᠡᠭᠳᠡᠭᠦᠯᠵᠦ᠂ ᠬᠤᠯᠪᠣᠭᠳᠠᠯ ᠪᠦᠬᠦᠢ ᠦᠨᠡᠯᠡᠨ ᠵᠢᠱᠢᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠡᠭᠦᠨ ᠢ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠬᠤ ᠪᠤᠶᠤ ᠠᠵᠢᠯ ᠡᠷᠬᠢᠯᠡᠬᠦ ᠶᠢ ᠨᠢ ᠨᠢᠭᠡ ᠵᠢᠯ ᠠᠴᠠ ᠳᠡᠭᠡᠭᠰᠢ ᠲᠠᠪᠤᠨ ᠵᠢᠯ ᠠᠴᠠ ᠳᠣᠷᠣᠭᠰᠢ ᠵᠣᠭᠰᠣᠭᠠᠵᠤ ᠪᠣᠯᠤᠨ᠎ᠠ  ᠃    ᠲᠠᠪᠢᠳᠤᠭᠠᠷ ᠵᠤᠷᠪᠤᠰ  ᠦᠨᠡᠯᠡᠨ ᠵᠢᠱᠢᠬᠦ ᠲᠤᠰᠬᠠᠢ ᠠᠵᠢᠯ ᠤᠨ ᠠᠵᠢᠯᠲᠠᠨ᠂ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂  ᠨᠠᠶᠢᠳᠠᠭᠴᠢ ᠪᠤᠶᠤ ᠪᠤᠰᠤᠳ ᠬᠤᠯᠪᠣᠭᠳᠠᠯ ᠪᠦᠬᠦᠢ ᠲᠤᠬᠠᠢ ᠶᠢᠨ ᠬᠥᠮᠦᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠲᠡᠭᠦᠨ ᠤ ᠪᠠᠶᠢᠭ᠎ᠠ ᠦᠨᠡᠯᠡᠨ ᠵᠢᠱᠢᠬᠦ ᠪᠠᠶᠢᠭᠤᠯᠤᠮᠵᠢ ᠠᠴᠠ ᠬᠠᠤᠯᠢ ᠶᠣᠰᠣᠭᠠᠷ ᠲᠥᠯᠥᠬᠦ ᠬᠠᠷᠢᠭᠤᠴᠠᠯᠭ᠎ᠠ ᠡᠭᠦᠷᠭᠡᠯᠡᠨ᠎ᠡ᠃ ᠦᠨᠡᠯᠡᠨ ᠵᠢᠱᠢᠬᠦ ᠪᠠᠶᠢᠭᠤᠯᠤᠮᠵᠢ ᠲᠥᠯᠥᠪᠦᠷᠢ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠤ ᠳᠠᠷᠠᠭ᠎ᠠ ᠵᠣᠷᠢᠭᠤᠳᠠ ᠪᠤᠶᠤ ᠬᠦᠨᠳᠦ ᠶᠡᠭᠡ ᠠᠳᠡᠯ ᠭᠠᠷᠭᠠᠭᠰᠠᠨ ᠦᠢᠯᠡ ᠠᠵᠢᠯᠯᠠᠭ᠎ᠠ ᠲᠠᠢ ᠦᠨᠡᠯᠡᠨ ᠵᠢᠱᠢᠬᠦ ᠲᠤᠰᠬᠠᠢ ᠠᠵᠢᠯ ᠤᠨ ᠬᠥᠮᠦᠰ ᠠᠴᠠ ᠲᠥᠯᠥᠪᠦᠷᠢ ᠨᠡᠬᠡᠮᠵᠢᠯᠡᠵᠦ ᠪᠣᠯᠤᠨ᠎ᠠ᠃    ᠲᠠᠪᠢᠨ ᠨᠢᠭᠡᠳᠦᠭᠡᠷ ᠵᠤᠷᠪᠤᠰ  ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠦᠨᠡᠯᠡᠨ ᠵᠢᠱᠢᠬᠦ ᠪᠠᠶᠢᠭᠤᠯᠤᠮᠵᠢ ᠳᠤ  ᠨᠠᠶᠢᠳᠠᠵᠤ᠂ ᠬᠠᠤᠯᠢ ᠪᠠᠷ ᠲᠣᠭᠲᠠᠭᠠᠭᠰᠠᠨ ᠦᠨᠡᠯᠡᠨ ᠵᠢᠱᠢᠯᠲᠡ ᠬᠢᠯᠭᠡᠬᠦ ᠬᠡᠷᠡᠭᠲᠡᠢ ᠪᠠᠶᠢᠲᠠᠯ᠎ᠠ᠂ ᠨᠠᠢᠳᠠᠭᠰᠠᠨ ᠦᠭᠡᠢ ᠪᠠᠶᠢᠪᠠᠯ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠨ᠎ᠠ᠃ ᠵᠠᠯᠠᠷᠠᠭᠤᠯᠬᠤ ᠶᠢ ᠲᠡᠪᠴᠢᠭᠰᠡᠨ ᠪᠠᠶᠢᠪᠠᠯ᠂ ᠠᠷᠪᠠᠨ ᠲᠦᠮᠡᠨ ᠲᠥᠭᠦᠷᠢᠭ ᠠᠴᠠ ᠳᠡᠭᠡᠭᠰᠢ ᠲᠠᠪᠢᠨ ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ ᠦᠢᠯᠡ  ᠪᠠᠶᠢᠳᠠᠯ‌ᠨᠢ ᠬᠦᠨᠳᠦ ᠨᠣᠴᠢᠲᠠᠢ ᠪᠠᠶᠢᠪᠠᠯ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠳᠤ ᠬᠠᠤᠯᠢ ᠶᠣᠰᠣᠭᠠᠷ ᠰᠢᠢᠳᠬᠡᠯ ᠥᠭᠭᠦᠨ᠎ᠡ᠃ ᠬᠤᠬᠢᠷᠠᠯ ᠭᠠᠷᠭᠠᠭᠰᠠᠨ ᠪᠠᠶᠢᠪᠠᠯ᠂ ᠬᠠᠤᠯᠢ ᠶᠣᠰᠣᠭᠠᠷ ᠲᠥᠯᠥᠬᠦ ᠬᠠᠷᠢᠭᠤᠴᠠᠯᠭ᠎ᠠ ᠡᠭᠦᠷᠭᠡᠯᠡᠨ᠎ᠡ᠃ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠲᠠᠪᠢᠨ ᠬᠤᠶᠠᠳᠤᠭᠠᠷ ᠵᠤᠷᠪᠤᠰ  ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠨᠠᠶᠢᠳᠠᠭᠴᠢ ᠡᠴᠠ‌ᠬᠠᠤᠯᠢ ᠪᠠᠷ ᠲᠣᠭᠲᠠᠭᠠᠭᠰᠠᠨ ᠦᠨᠡᠯᠡᠨ ᠵᠢᠱᠢᠬᠦ ᠳᠤᠮᠳᠠ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠬᠤᠯᠪᠣᠭᠳᠠᠯ ᠪᠦᠬᠦᠢ ᠦᠨᠡᠯᠡᠨ ᠵᠢᠱᠢᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠵᠠᠷᠯᠢᠭᠳᠠᠨ ᠵᠠᠯᠠᠷᠠᠭᠤᠯᠤᠨ᠎ᠠ᠃ ᠵᠠᠯᠠᠷᠠᠭᠤᠯᠬᠤ ᠶᠢ ᠲᠡᠪᠴᠢᠭᠰᠡᠨ ᠪᠠᠶᠢᠪᠠᠯ  ᠂ ᠠᠷᠪᠠᠨ ᠲᠦᠮᠡᠨ ᠲᠥᠭᠦᠷᠢᠭ ᠠᠴᠠ ᠳᠡᠭᠡᠭᠰᠢ ᠲᠠᠪᠢᠨ ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ ᠬᠠᠤᠯᠢ ᠪᠤᠰᠤ ᠣᠯᠵᠠᠪᠤᠷᠢ ᠲᠠᠢ  ᠪᠣᠯ ᠬᠠᠤᠯᠢ ᠪᠤᠰᠤ ᠣᠯᠵᠠᠪᠤᠷᠢ ᠶᠢ ᠨᠢ ᠬᠤᠷᠢᠶᠠᠨ ᠠᠪᠴᠤ᠂ ᠦᠢᠯᠡ  ᠪᠠᠶᠢᠳᠠᠯ ᠨᠢ ᠬᠦᠨᠳᠦ ᠨᠣᠴᠢᠲᠠᠢ ᠪᠠᠶᠢᠪᠠᠯ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠳᠤ ᠬᠠᠤᠯᠢ ᠶᠣᠰᠣᠭᠠᠷ ᠰᠢᠢᠳᠬᠡᠯ ᠥᠭᠭᠦᠨ᠎ᠡ᠃ ᠬᠤᠬᠢᠷᠠᠯ ᠭᠠᠷᠭᠠᠭᠰᠠᠨ ᠪᠠᠶᠢᠪᠠᠯ  ᠂ ᠬᠠᠤᠯᠢ ᠶᠣᠰᠣᠭᠠᠷ ᠲᠥᠯᠥᠬᠦ ᠬᠠᠷᠢᠭᠤᠴᠠᠯᠭ᠎ᠠ ᠡᠭᠦᠷᠭᠡᠯᠡᠨ᠎ᠡ᠃ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠨᠢᠭᠡ  ᠂ ᠦᠨᠡᠯᠡᠨ ᠵᠢᠱᠢᠬᠦ ᠪᠠᠶᠢᠭᠤᠯᠤᠮᠵᠢ ᠶᠢ ᠬᠠᠤᠯᠢ ᠶᠣᠰᠣᠭᠠᠷ ᠰᠣᠩᠭᠤᠭᠰᠠᠨ ᠦᠭᠡᠢ︔    ᠬᠤᠶᠠᠷ᠂  ᠳᠤᠮᠳᠠ ᠠᠴᠠ ᠨᠢ ᠠᠪᠬᠤ᠂ ᠬᠦᠯᠢᠶᠡᠨ ᠠᠪᠬᠤ ᠪᠤᠶᠤ ᠬᠡᠯᠪᠡᠷᠢ ᠶᠢ ᠨᠢ ᠥᠭᠡᠷᠡᠳᠡᠭᠦᠯᠦᠨ‌ᠠᠪᠬᠤ᠂ ᠬᠠᠷᠢᠭᠤ ᠬᠠᠷᠠᠮᠵᠢ ᠠᠪᠬᠤ︔    ᠭᠤᠷᠪᠠ᠂ ᠰᠦᠯᠪᠡᠭᠡᠯᠳᠦᠵᠦ᠂ ᠥᠳᠥᠭᠡᠵᠦ ᠪᠠᠶᠢᠭᠠᠳ ᠦᠨᠡᠯᠡᠨ ᠵᠢᠱᠢᠬᠦ ᠪᠠᠶᠢᠭᠤᠯᠤᠮᠵᠢ ᠪᠤᠶᠤ ᠦᠨᠡᠯᠡᠨ ᠵᠢᠱᠢᠭᠴᠢ ᠠᠴᠠ ᠬᠤᠳᠠᠯ ᠬᠠᠭᠤᠷᠮᠠᠭ ᠦᠨᠡᠯᠡᠨ ᠵᠢᠱᠢᠬᠦ ᠮᠡᠳᠡᠭᠦᠯᠦᠯᠲᠡ ᠭᠠᠷᠭᠠᠭᠰᠠᠨ︔    ᠳᠥᠷᠪᠡ᠂ ᠦᠨᠡᠯᠡᠨ ᠵᠢᠱᠢᠬᠦ ᠪᠠᠶᠢᠭᠤᠯᠤᠮᠵᠢ ᠳᠤ ᠡᠷᠬᠡ ᠶᠢᠨ ᠬᠠᠷᠢᠶᠠᠯᠠᠯ ᠤᠨ ᠭᠡᠷᠡᠴᠢ᠂ ᠡᠳ᠋ ᠤᠨ ᠶᠠᠪᠤᠳᠠᠯ ᠤᠨ ᠨᠢᠭᠲᠠᠯᠠᠨ ᠪᠣᠳᠣᠯᠲᠠ ᠶᠢᠨ ᠮᠡᠳᠡᠭᠡ ᠵᠠᠩᠭᠢ ᠪᠠ ᠪᠤᠰᠤᠳ ᠮᠠᠲ᠋ᠧᠷᠢᠶᠠᠯ ᠢ ᠦᠨᠡᠨ ᠮᠥᠨ ᠢᠶᠠᠷ ᠨᠢ ᠬᠠᠩᠭᠠᠬᠤ ᠦᠭᠡᠢ︔    ᠲᠠᠪᠤ᠂ ᠬᠠᠤᠯᠢ ᠴᠠᠭᠠᠵᠠ ᠶᠢᠨ ᠲᠣᠭᠲᠠᠭᠠᠯ ᠪᠠ ᠦᠨᠡᠯᠡᠨ ᠵᠢᠱᠢᠬᠦ ᠮᠡᠳᠡᠭᠦᠯᠦᠯᠲᠡ ᠳᠤ ᠲᠣᠳᠣᠷᠬᠠᠢᠯᠠᠭᠰᠠᠨ ᠬᠡᠷᠡᠭᠯᠡᠬᠦ ᠬᠦᠷᠢᠶ᠎ᠡ ᠬᠡᠪᠴᠢᠶ᠎ᠡ ᠶᠢ ᠦᠯᠦ ᠵᠢᠷᠤᠮᠯᠠᠨ ᠦᠨᠡᠯᠡᠨ ᠵᠢᠱᠢᠬᠦ ᠮᠡᠳᠡᠭᠦᠯᠦᠯᠲᠡ ᠶᠢ ᠬᠡᠷᠡᠭᠯᠡᠭᠰᠡᠨ᠃ᠡᠮᠦᠨᠡᠬᠢ ᠪᠠᠳᠠᠭ ᠤᠨ ᠲᠣᠭᠲᠠᠭᠠᠯ ᠠᠴᠠ ᠪᠤᠰᠤᠳ ᠨᠠᠶᠢᠳᠠᠭᠴᠢ ᠠᠴᠠ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ ᠪᠤᠰᠤᠳ ᠲᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠥᠯᠥᠬᠦ ᠬᠠᠷᠢᠭᠤᠴᠠᠯᠭ᠎ᠠ ᠡᠭᠦᠷᠭᠡᠯᠡᠨ᠎ᠡ᠃    ᠲᠠᠪᠢᠨ ᠭᠤᠷᠪᠠᠳᠤᠭᠠᠷ ᠵᠤᠷᠪᠤᠰ  ᠦᠨᠡᠯᠡᠨ ᠵᠢᠱᠢᠬᠦ ᠠᠵᠢᠯ ᠲᠥᠷᠥᠯ ᠤᠨ ᠨᠡᠶᠢᠭᠡᠮᠯᠢᠭ ᠠᠴᠠ ᠲᠤᠰ ᠬᠠᠤᠯᠢ ᠶᠢᠨ ᠲᠣᠭᠲᠠᠭᠠᠯ ᠢ ᠵᠥᠷᠢᠴᠡᠭᠰᠡᠨ ᠪᠠᠶᠢᠪᠠᠯ᠂ ᠬᠤᠯᠪᠣᠭᠳᠠᠯ ᠪᠦᠬᠦᠢ ᠦᠨᠡᠯᠡᠨ ᠵᠢᠱᠢᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠰᠡᠷᠡᠮᠵᠢ ᠥᠭᠴᠦ ᠵᠠᠷᠯᠢᠭᠳᠠᠨ ᠵᠠᠯᠠᠷᠠᠭᠤᠯᠤᠨ᠎ᠠ᠃ ᠵᠠᠯᠠᠷᠠᠭᠤᠯᠬᠤ ᠶᠢ ᠲᠡᠪᠴᠢᠪᠡᠯ᠂ ᠪᠦᠷᠢᠳᠬᠡᠨ ᠳᠠᠩᠰᠠᠯᠠᠬᠤ ᠬᠠᠮᠢᠶᠠᠷᠤᠯᠲᠠ ᠶᠢᠨ ᠪᠠᠢᠭᠤᠯᠤᠯᠭ᠎ᠠ ᠳᠤ ᠮᠡᠳᠡᠭᠳᠡᠵᠦ᠂ ᠲᠡᠭᠦᠨ ᠢ ᠬᠠᠤᠯᠢ ᠶᠣᠰᠣᠭᠠᠷ ᠰᠢᠢᠳᠬᠡᠨ ᠲᠣᠷᠭᠠᠵᠤ ᠪᠣᠯᠤᠨ᠎ᠠ᠃    ᠲᠠᠪᠢᠨ ᠳᠥᠷᠪᠡᠳᠦᠭᠡᠷ ᠵᠤᠷᠪᠤᠰ  ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠦᠨᠡᠯᠡᠨ ᠵᠢᠱᠢᠬᠦ ᠠᠵᠢᠯ ᠲᠥᠷᠥᠯ ᠤᠨ ᠨᠡᠶᠢᠭᠡᠮᠯᠢᠭ ᠤᠨ ᠠᠵᠢᠯᠲᠠᠨ ᠠᠴᠠ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠢᠯᠠᠭᠰᠠᠨ ᠪᠤᠶᠤ ᠬᠤᠪᠢ ᠶᠢᠨ ᠨᠠᠢᠷ ᠬᠠᠷᠠᠵᠤ ᠬᠠᠤᠯᠢ ᠶᠣᠰᠣ ᠶᠢ ᠵᠥᠷᠢᠴᠡᠭᠰᠡᠨ ᠪᠠᠶᠢᠪᠠᠯ ᠬᠠᠤᠯᠢ ᠶᠣᠰᠣᠭᠠᠷ ᠰᠢᠢᠳᠬᠡᠯ ᠥᠭᠭᠦᠨ᠎ᠡ᠃ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠨᠠᠢᠮᠠᠳᠤᠭᠠᠷ ᠪᠦᠯᠦᠭ  ᠳᠠᠭᠠᠯᠳᠤᠭᠤᠯᠤᠭᠰᠠᠨ ᠳᠦᠷᠢᠮ    ᠲᠠᠪᠢᠨ ᠲᠠᠪᠤᠳᠤᠭᠠᠷ ᠵᠤᠷᠪᠤᠰ  ᠲᠤᠰ ᠬᠠᠤᠯᠢ ᠶᠢ 2016 ᠣᠨ ᠤ 12 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
ᠢᠷᠡᠯᠲᠡ᠄ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ ᠶᠢᠨ ᠲᠢᠩᠬᠢᠮ
Baidu
map