ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠷᠢᠯᠭ᠎ᠠ ᠶᠢᠨ ᠬᠠᠤᠯᠢ
ᠨᠡᠶᠢᠲᠡᠯᠡᠭᠰᠡᠨ ᠴᠠᠭ᠄
2021/1/5
   ᠨᠢᠭᠡᠳᠦᠭᠡᠷ ᠪᠦᠯᠦᠭ   ᠶᠡᠷᠦᠩᠬᠡᠢ ᠳᠦᠷᠢᠮ    ᠨᠢᠭᠡᠳᠦᠭᠡᠷ ᠵᠤᠷᠪᠤᠰ  ᠪᠠᠷᠢᠯᠭ᠎ᠠ ᠶᠢᠨ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠵᠤ᠂ ᠪᠠᠷᠢᠯᠭ᠎ᠠ ᠶᠢᠨ ᠠᠵᠢᠯ ᠤᠨ ᠶᠠᠰᠤ ᠴᠢᠨᠠᠷ ᠪᠠ ᠠᠶᠤᠯ ᠦᠭᠡᠢ ᠪᠠᠶᠢᠬᠤ ᠶᠢ ᠪᠠᠲᠤᠯᠠᠵᠤ᠂ ᠪᠠᠷᠢᠯᠭ᠎ᠠ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠥᠯᠥᠭᠡ᠂ ᠲᠤᠰ ᠬᠠᠤᠯᠢ ᠶᠢ ᠲᠣᠭᠲᠠᠭᠠᠪᠠ  ᠃    ᠬᠤᠶᠠᠳᠤᠭᠠᠷ ᠵᠤᠷᠪᠤᠰ   ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠶᠢᠨ ᠳᠣᠲᠣᠷ᠎ᠠ ᠪᠠᠷᠢᠯᠭ᠎ᠠ ᠶᠢᠨ ᠠᠵᠢᠯᠯᠠᠭ᠎ᠠ ᠬᠢᠬᠦ ᠳᠤ᠂ ᠪᠠᠷᠢᠯᠭ᠎ᠠ ᠶᠢᠨ ᠠᠵᠢᠯᠯᠠᠭ᠎ᠠ ᠳᠤ ᠬᠢᠨᠠᠯᠲᠠ ᠬᠠᠮᠢᠶᠠᠷᠤᠯᠲᠠ ᠶᠠᠪᠤᠭᠤᠯᠬᠤ ᠳᠤ᠂ ᠲᠤᠰ ᠬᠠᠤᠯᠢ ᠶᠢ ᠵᠢᠷᠤᠮᠯᠠᠬᠤ ᠬᠡᠷᠡᠭᠲᠡᠢ᠃ᠲᠤᠰ ᠬᠠᠤᠯᠢ ᠳᠤ ᠬᠡᠯᠡᠵᠦ ᠪᠠᠶᠢᠭ᠎ᠠ ᠪᠠᠷᠢᠯᠭ᠎ᠠ ᠶᠢᠨ ᠠᠵᠢᠯᠯᠠᠭ᠎ᠠ ᠭᠡᠳᠡᠭ ᠪᠣᠯ ᠡᠯ᠎ᠡ ᠲᠥᠷᠥᠯ ᠤᠨ ᠭᠡᠷ ᠪᠠᠶᠢᠰᠢᠩ ᠤᠨ ᠪᠠᠷᠢᠯᠭ᠎ᠠ ᠪᠣᠯᠤᠨ ᠲᠡᠭᠦᠨ ᠳᠤ ᠬᠠᠷᠢᠶᠠᠯᠠᠭᠳᠠᠬᠤ ᠲᠥᠬᠦᠭᠡᠷᠦᠮᠵᠢ ᠶᠢ ᠪᠠᠶᠢᠭᠤᠯᠵᠤ ᠪᠦᠲᠦᠭᠡᠬᠦ ᠪᠠ ᠲᠡᠭᠦᠨ ᠳᠤ ᠢᠵᠢ ᠪᠦᠷᠢᠳᠦᠭᠦᠯᠬᠦ ᠤᠲᠠᠰᠤ᠂ ᠬᠤᠭᠤᠯᠠᠢ᠂ ᠲᠣᠨᠤᠭ ᠲᠥᠬᠦᠭᠡᠷᠦᠮᠵᠢ ᠶᠢ ᠤᠭᠰᠠᠷᠠᠬᠤ ᠠᠵᠢᠯᠯᠠᠭ᠎ᠠ ᠶᠢ ᠬᠡᠯᠡᠵᠦ ᠪᠠᠢᠨ᠎ᠠ᠃    ᠭᠤᠷᠪᠠᠳᠤᠭᠠᠷ ᠵᠤᠷᠪᠤᠰ   ᠪᠠᠷᠢᠯᠭ᠎ᠠ ᠶᠢᠨ ᠠᠵᠢᠯᠯᠠᠭ᠎ᠠ ᠨᠢ ᠪᠠᠷᠢᠯᠭ᠎ᠠ ᠶᠢᠨ ᠠᠵᠢᠯ ᠤᠨ ᠶᠠᠰᠤ ᠴᠢᠨᠠᠷ ᠪᠠ ᠠᠶᠤᠯ ᠦᠭᠡᠢ ᠪᠠᠶᠢᠬᠤ ᠶᠢ᠂ ᠤᠯᠤᠰ ᠤᠨ ᠪᠠᠷᠢᠯᠭ᠎ᠠ ᠶᠢᠨ ᠠᠵᠢᠯ ᠤᠨ ᠠᠶᠤᠯ ᠦᠭᠡᠢ ᠶᠢᠨ ᠪᠠᠷᠢᠮᠵᠢᠶ᠎ᠠ ᠳᠤ ᠨᠡᠶᠢᠴᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃    ᠳᠥᠷᠪᠡᠳᠦᠭᠡᠷ ᠵᠤᠷᠪᠤᠰ  ᠤᠯᠤᠰ ᠠᠴᠠ ᠪᠠᠷᠢᠯᠭ᠎ᠠ ᠶᠢᠨ ᠦᠢᠯᠡᠰ ᠤᠨ ᠬᠥᠭᠵᠢᠯᠲᠡ ᠶᠢ ᠲᠡᠳᠬᠦᠨ ᠳᠠᠮᠵᠢᠵᠤ᠂ ᠪᠠᠷᠢᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠢ ᠳᠡᠮᠵᠢᠵᠦ᠂ ᠭᠡᠷ ᠪᠠᠶᠢᠰᠢᠩ ᠤᠨ ᠪᠠᠷᠢᠯᠭ᠎ᠠ ᠶᠢᠨ ᠵᠢᠷᠤᠵᠤ ᠲᠥᠯᠥᠪᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠡᠨᠧᠷᠭᠢ ᠶᠢᠨ ᠡᠬᠢ ᠰᠤᠷᠪᠤᠯᠵᠢ ᠶᠢ ᠠᠷᠪᠢᠯᠠᠬᠤ ᠪᠠ ᠣᠷᠴᠢᠨ ᠠᠬᠤᠢ ᠶᠢ ᠬᠠᠮᠠᠭᠠᠯᠠᠬᠤ ᠶᠢ ᠵᠣᠷᠢᠭᠵᠢᠭᠤᠯᠵᠤ᠂ ᠲᠡᠷᠢᠭᠦᠨ ᠤ ᠲᠧᠭᠨᠢᠭ ᠮᠡᠷᠭᠡᠵᠢᠯ᠂ ᠲᠡᠷᠢᠭᠦᠨ ᠤ ᠲᠣᠨᠤᠭ ᠲᠥᠬᠦᠭᠡᠷᠦᠮᠵᠢ᠂ ᠲᠡᠷᠢᠭᠦᠨ ᠤ ᠤᠷᠠᠨ ᠮᠡᠷᠭᠡᠰᠢᠯ᠂ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠪᠠ ᠣᠳᠣ ᠦᠶ᠎ᠡ ᠶᠢᠨ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠬᠡᠷᠡᠭᠯᠡᠬᠦ ᠶᠢ ᠰᠠᠨᠠᠭᠠᠴᠢᠯᠠᠨ᠎ᠠ᠃    ᠲᠠᠪᠤᠳᠤᠭᠠᠷ ᠵᠤᠷᠪᠤᠰ  ᠪᠠᠷᠢᠯᠭ᠎ᠠ ᠶᠢᠨ ᠠᠵᠢᠯᠯᠠᠭ᠎ᠠ ᠬᠢᠬᠦ ᠳᠡᠭᠡᠨ ᠬᠠᠤᠯᠢ ᠴᠠᠭᠠᠵᠠ᠂ ᠬᠠᠤᠯᠢ ᠲᠣᠭᠲᠠᠭᠠᠯ ᠢ ᠵᠢᠷᠤᠮᠯᠠᠬᠤ ᠬᠡᠷᠡᠭᠲᠡᠢ᠃ ᠨᠡᠶᠢᠭᠡᠮ ᠨᠡᠶᠢᠲᠡ ᠶᠢᠨ ᠠᠰᠢᠭ ᠲᠤᠰᠠ ᠪᠠ ᠪᠤᠰᠤᠳ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠵᠤ ᠪᠣᠯᠬᠤ ᠥᠬᠡᠢ᠃    ᠶᠠᠮᠠᠷᠪᠠ ᠨᠢᠭᠡᠴᠡ ᠬᠢᠭᠡᠳ ᠬᠤᠪᠢ ᠬᠥᠮᠦᠨ ᠴᠥᠮ ᠬᠠᠤᠯᠢ ᠶᠣᠰᠣᠭᠠᠷ ᠬᠢᠵᠦ ᠪᠠᠶᠢᠭ᠎ᠠ ᠪᠠᠷᠢᠯᠭ᠎ᠠ ᠶᠢᠨ ᠠᠵᠢᠯᠯᠠᠭ᠎ᠠ ᠶᠢ ᠬᠠᠷᠰᠢᠯᠠᠵᠤ ᠬᠤᠷᠢᠭᠯᠠᠵᠤ ᠪᠣᠯᠬᠤ ᠦᠭᠡᠢ    ᠵᠢᠷᠭᠤᠳᠤᠭᠠᠷ ᠵᠤᠷᠪᠤᠰ ᠲᠥᠷᠥ ᠶᠢᠨ ᠶᠠᠪᠤᠳᠠᠯ ᠤᠨ ᠬᠤᠷᠢᠶᠠᠨ ᠤ ᠪᠦᠲᠦᠭᠡᠨ ᠪᠠᠶᠢᠭᠤᠯᠤᠯᠲᠠ‌‍ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠪᠦᠬᠦ ᠤᠯᠤᠰ ᠤᠨ ᠪᠠᠷᠢᠯᠭ᠎ᠠ ᠶᠢᠨ ᠠᠵᠢᠯᠯᠠᠭ᠎ᠠ ᠶᠢ ᠨᠢᠭᠡᠳᠦᠯᠲᠡᠢ ᠬᠢᠨᠠᠵᠤ ᠬᠠᠮᠢᠶᠠᠷᠤᠨ᠎ᠠ᠃    ᠬᠤᠶᠠᠳᠤᠭᠠᠷ ᠪᠦᠯᠦᠭ   ᠪᠠᠷᠢᠯᠭ᠎ᠠ ᠪᠠᠷᠢᠬᠤ ᠵᠥᠪᠰᠢᠶᠡᠷᠡᠯ ᠠᠪᠬᠤ    ᠨᠢᠭᠡᠳᠦᠭᠡᠷ ᠬᠡᠰᠡᠭ   ᠪᠠᠷᠢᠯᠭ᠎ᠠ ᠶᠢᠨ ᠠᠵᠢᠯ ᠬᠢᠬᠦ ᠵᠥᠪᠰᠢᠶᠡᠷᠡᠯ ᠠᠪᠬᠤ    ᠳᠣᠯᠣᠳᠤᠭᠠᠷ ᠵᠤᠷᠪᠤᠰ  ᠪᠠᠷᠢᠯᠭ᠎ᠠ ᠶᠢᠨ ᠠᠵᠢᠯ ᠡᠬᠢᠯᠡᠬᠦ ᠠᠴᠠ ᠡᠮᠦᠨ᠎ᠡ᠂ ᠪᠦᠲᠦᠭᠡᠨ ᠪᠠᠶᠢᠭᠤᠯᠬᠤ ᠨᠢᠭᠡᠴᠡ ᠨᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠠᠷᠢᠯᠭ᠎ᠠ ᠶᠢᠨ ᠠᠵᠢᠯ ᠬᠢᠵᠦ ᠪᠠᠶᠢᠭ᠎ᠠ ᠭᠠᠵᠠᠷ ᠤᠨ ᠢᠶᠠᠨ ᠰᠢᠶᠠᠨ ᠤ  ᠱᠠᠲᠤᠨ ᠠᠴᠠ ᠳᠡᠭᠡᠭᠰᠢ ᠠᠷᠠᠳ ᠤᠨ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ‌‍ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠵᠤ᠂ ᠪᠠᠷᠢᠯᠭ᠎ᠠ ᠶᠢᠨ ᠠᠵᠢᠯ ᠬᠢᠬᠦ ᠵᠥᠪᠰᠢᠶᠡᠷᠡᠯ ᠤᠨ ᠦᠨᠡᠮᠯᠡᠯ ᠠᠪᠬᠤ ᠬᠡᠷᠡᠭᠲᠡᠢ᠃ ᠭᠡᠪᠡᠴᠦ ᠲᠥᠷᠥ ᠶᠢᠨ ᠶᠠᠪᠤᠳᠠᠯ ᠤᠨ ᠬᠤᠷᠢᠶᠠᠨ ᠤ ᠪᠦᠲᠦᠭᠡᠨ ᠪᠠᠶᠢᠭᠤᠯᠤᠯᠲᠠ‌‍ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠲᠣᠭᠲᠠᠭᠠᠭᠰᠠᠨ ᠬᠢᠵᠠᠭᠠᠷᠯᠠᠬᠤ ᠬᠡᠮᠵᠢᠶᠡᠨ ᠠᠴᠠ ᠳᠣᠣᠷ᠎ᠠ ᠪᠠᠭ᠎ᠠ ᠬᠡᠯᠪᠡᠷᠢ ᠶᠢᠨ ᠪᠠᠷᠢᠯᠭ᠎ᠠ ᠡᠭᠦᠨ ᠳᠤ ᠪᠠᠭᠲᠠᠬᠤ ᠥᠬᠡᠢ᠃    ᠲᠥᠷᠥ ᠶᠢᠨ ᠶᠠᠪᠤᠳᠠᠯ ᠤᠨ ᠬᠤᠷᠢᠶᠠᠨ ᠠᠴᠠ ᠲᠣᠭᠲᠠᠭᠠᠭᠰᠠᠨ ᠡᠷᠬᠡ ᠮᠠᠲᠠᠯ ᠤᠨ ᠬᠡᠪᠴᠢᠶ᠎ᠡ ᠪᠠ ᠵᠢᠷᠤᠮ ᠤᠨ ᠶᠣᠰᠣᠭᠠᠷ ᠠᠵᠢᠯ ᠡᠬᠢᠯᠡᠭᠦᠯᠬᠦ ᠮᠡᠳᠡᠭᠦᠯᠦᠯᠲᠡ ᠶᠢ ᠨᠢ ᠵᠥᠪᠰᠢᠶᠡᠷᠡᠭᠰᠡᠨ ᠪᠠᠷᠢᠯᠭ᠎ᠠ ᠶᠢᠨ ᠠᠵᠢᠯ ᠳᠤ᠂ ᠪᠠᠷᠢᠯᠭ᠎ᠠ ᠶᠢᠨ ᠠᠵᠢᠯ ᠬᠢᠬᠦ ᠵᠥᠪᠰᠢᠶᠡᠷᠡᠯ ᠤᠨ ᠦᠨᠡᠮᠯᠡᠯ ᠢ ᠲᠠᠬᠢᠵᠤ ᠠᠪᠬᠤ ᠬᠡᠷᠡᠭ ᠥᠬᠡᠢ᠃    ᠨᠠᠢᠮᠠᠳᠤᠭᠠᠷ ᠵᠤᠷᠪᠤᠰ  ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠠᠪᠬᠤ ᠪᠠᠷ ᠭᠤᠶᠤᠴᠢᠯᠠᠬᠤ ᠳᠤ ᠳᠣᠣᠷᠠᠬᠢ ᠨᠥᠬᠦᠴᠡᠯ ᠤᠳ ᠢ ᠪᠦᠷᠢᠯᠳᠦᠭᠦᠯᠬᠦ ᠬᠡᠷᠡᠭᠲᠡᠢ    ︵ᠨᠢᠭᠡ︶ ᠲᠤᠰ ᠪᠠᠷᠢᠯᠭ᠎ᠠ ᠳᠤ ᠬᠡᠷᠡᠭᠯᠡᠬᠦ ᠭᠠᠵᠠᠷ ᠢ ᠵᠥᠪᠰᠢᠶᠡᠷᠡᠭᠰᠡᠨ ᠭᠠᠷ ᠭᠦᠢᠴᠡᠳᠬᠡᠯ ᠢ ᠨᠢᠭᠡᠨᠲᠡ ᠬᠢᠭᠰᠡᠨ  ᠃    ︵ᠬᠤᠶᠠᠷ︶ ᠪᠦᠲᠦᠭᠡᠨ ᠪᠠᠶᠢᠭᠤᠯᠤᠯᠲᠠ‌‍ᠶᠢᠨ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠢ ᠬᠠᠤᠯᠢ ᠶᠣᠰᠣᠭᠠᠷ ᠭᠦᠢᠴᠡᠳᠬᠡᠬᠦ ᠶᠣᠰᠣᠲᠠᠢ ᠂ ᠨᠢᠭᠡᠨᠲᠡ ᠪᠦᠲᠦᠭᠡᠨ ᠪᠠᠶᠢᠭᠤᠯᠤᠯᠲᠠ‌‍ᠶᠢᠨ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠣᠯᠤᠭᠰᠠᠨ᠃    ︵ᠭᠤᠷᠪᠠ︶ ᠨᠤᠷᠠᠭᠠᠵᠤ ᠨᠡᠭᠦᠯᠭᠡᠬᠦ ᠴᠢᠬᠤᠯᠠᠲᠠᠢ ᠪᠣᠯ ᠨᠤᠷᠠᠭᠠᠵᠤ ᠨᠡᠭᠦᠯᠭᠡᠬᠦ ᠠᠬᠢᠴᠠ ᠨᠢ ᠪᠠᠷᠢᠯᠭ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ᠃    ︵ᠳᠥᠷᠪᠡ︶ ᠪᠠᠷᠢᠯᠭ᠎ᠠ ᠪᠠᠷᠢᠬᠤ ᠠᠵᠤ ᠠᠬᠤᠶᠢᠯᠠᠯ ᠢ ᠨᠢᠭᠡᠨᠲᠡ ᠲᠣᠭᠲᠠᠭᠠᠭᠰᠠᠨ᠃    ︵ᠲᠠᠪᠤ︶ ᠪᠠᠷᠢᠯᠭ᠎ᠠ ᠶᠢᠨ ᠬᠡᠷᠡᠭᠴᠡᠭᠡ ᠶᠢ ᠬᠠᠩᠭᠠᠬᠤ ᠪᠡᠯᠡ ᠮᠥᠩᠭᠦᠨ ᠤ ᠲᠣᠬᠢᠷᠠᠭᠤᠯᠤᠯᠲᠠ᠂ ᠪᠠᠷᠢᠯᠭ᠎ᠠ ᠪᠠᠷᠢᠬᠤ ᠵᠢᠷᠤᠭ ᠲᠥᠯᠥᠪᠯᠡᠭᠡ ᠵᠢᠴᠢ ᠲᠧᠭᠨᠢᠭ ᠮᠡᠷᠭᠡᠵᠢᠯ ᠤᠨ ᠮᠠᠲ᠋ᠧᠷᠢᠶᠠᠯ ᠲᠠᠢ ᠪᠠᠶᠢᠬᠤ᠃    ︵ᠵᠢᠷᠭᠤᠭ᠎ᠠ︶ ᠪᠠᠷᠢᠯᠭ᠎ᠠ ᠶᠢᠨ ᠶᠠᠰᠤ ᠴᠢᠨᠠᠷ ᠪᠠ ᠠᠶᠤᠯ ᠦᠭᠡᠢ ᠪᠠᠶᠢᠬᠤ ᠶᠢ ᠪᠠᠲᠤᠯᠠᠬᠤ ᠪᠣᠳᠠᠲᠠᠢ ᠠᠷᠭ᠎ᠠ ᠬᠡᠮᠵᠢᠶ᠎ᠡ ᠲᠠᠢ ᠪᠠᠶᠢᠬᠤ᠃    ᠪᠦᠲᠦᠭᠡᠨ ᠪᠠᠶᠢᠭᠤᠯᠤᠯᠲᠠ‌‍ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠨᠢ ᠭᠤᠶᠤᠴᠢᠯᠠᠯ ᠢ ᠣᠯᠤᠭᠰᠠᠨ ᠡᠳᠦᠷ ᠠᠴᠠ ᠡᠬᠢᠯᠡᠨ ᠳᠣᠯᠣᠭᠠᠨ ᠡᠳᠦᠷ ᠤᠨ ᠳᠣᠲᠣᠷ᠎ᠠ᠂ ᠨᠥᠬᠦᠴᠡᠯ ᠳᠤ ᠨᠡᠶᠢᠴᠡᠭᠰᠡᠨ ᠭᠤᠶᠤᠴᠢᠯᠠᠯ ᠳᠤ ᠪᠠᠷᠢᠯᠭ᠎ᠠ ᠶᠢᠨ ᠠᠵᠢᠯ ᠬᠢᠬᠦ ᠵᠥᠪᠰᠢᠶᠡᠷᠡᠯ ᠤᠨ ᠦᠨᠡᠮᠯᠡᠯ ᠣᠯᠭᠤᠬᠤ ᠬᠡᠷᠡᠭᠲᠡᠢ᠃    ᠶᠢᠰᠦᠳᠦᠭᠡᠷ ᠵᠤᠷᠪᠤᠰ  ᠪᠦᠲᠦᠭᠡᠨ ᠪᠠᠶᠢᠭᠤᠯᠬᠤ ᠨᠢᠭᠡᠴᠡ ᠨᠢ ᠪᠠᠷᠢᠯᠭ᠎ᠠ ᠶᠢᠨ ᠠᠵᠢᠯ ᠬᠢᠬᠦ ᠵᠥᠪᠰᠢᠶᠡᠷᠡᠯ ᠤᠨ ᠦᠨᠡᠮᠯᠡᠯ ᠣᠯᠤᠭᠰᠠᠨ ᠡᠳᠦᠷ ᠠᠴᠠ ᠡᠬᠢᠯᠡᠨ ᠭᠤᠷᠪᠠᠨ ᠰᠠᠷ᠎ᠠ ᠶᠢᠨ ᠳᠣᠲᠣᠷ᠎ᠠ᠂ ᠠᠵᠢᠯ ᠢᠶᠠᠨ ᠡᠬᠢᠯᠡᠭᠦᠯᠬᠦ ᠬᠡᠷᠡᠭᠲᠡᠢ᠃ ᠶᠠᠮᠠᠷ ᠨᠢᠭᠡᠨ ᠰᠢᠯᠲᠠᠭᠠᠨ ᠠᠴᠠ ᠪᠣᠯᠤᠭᠠᠳ᠂ ᠲᠣᠭᠲᠠᠭᠰᠠᠨ ᠴᠠᠭ ᠲᠠᠭᠠᠨ ᠠᠵᠢᠯ ᠢᠶᠠᠨ ᠡᠬᠢᠯᠡᠭᠦᠯᠵᠦ ᠳᠡᠶᠢᠯᠬᠦ ᠥᠬᠡᠢ ᠪᠣᠯ ᠦᠨᠡᠮᠯᠡᠯ ᠣᠯᠭᠤᠭᠰᠠᠨ ᠪᠠᠶᠢᠭᠤᠯᠤᠯᠭ᠎ᠠ ᠳᠤ ᠬᠤᠭᠤᠴᠠᠭ᠎ᠠ ᠤᠷᠲᠤᠳᠬᠠᠬᠤ ᠭᠤᠶᠤᠴᠢᠯᠠᠯ ᠭᠠᠷᠭᠠᠬᠤ ᠬᠡᠷᠡᠭᠲᠡᠢ᠃ ᠬᠤᠭᠤᠴᠠᠭ᠎ᠠ ᠤᠷᠲᠤᠳᠬᠠᠬᠤ ᠶᠢ ᠬᠤᠶᠠᠷ ᠤᠳᠠᠭ᠎ᠠ ᠪᠠᠷ ᠬᠢᠵᠠᠭᠠᠷᠯᠠᠵᠤ᠂ ᠤᠳᠠᠭ᠎ᠠ ᠪᠦᠷᠢ ᠭᠤᠷᠪᠠᠨ ᠰᠠᠷ᠎ᠠ ᠠᠴᠠ ᠬᠡᠲᠦᠷᠡᠵᠦ ᠪᠣᠯᠬᠤ ᠦᠭᠡᠢ᠃ ᠪᠠᠷᠢᠯᠭ᠎ᠠ ᠶᠢᠨ ᠠᠵᠢᠯ ᠢᠶᠠᠨ ᠡᠬᠢᠯᠡᠭᠦᠯᠬᠦ ᠦᠭᠡᠢ ᠮᠥᠷᠲᠡᠭᠡᠨ ᠪᠠᠰᠠ ᠬᠤᠭᠤᠴᠠᠭ᠎ᠠ ᠤᠷᠲᠤᠳᠬᠠᠬᠤ ᠭᠤᠶᠤᠴᠢᠯᠠᠯ ᠭᠠᠷᠭᠠᠭᠰᠠᠨ ᠦᠭᠡᠢ ᠪᠤᠶᠤ ᠤᠷᠲᠤᠳᠬᠠᠭᠰᠠᠨ ᠬᠤᠭᠤᠴᠠᠭ᠎ᠠ ᠠᠴᠠ ᠪᠠᠨ ᠬᠡᠲᠦᠷᠡᠭᠰᠡᠨ ᠪᠣᠯ᠂ ᠪᠠᠷᠢᠯᠭ᠎ᠠ ᠶᠢᠨ ᠠᠵᠢᠯ ᠬᠢᠬᠦ ᠵᠥᠪᠰᠢᠶᠡᠷᠡᠯ ᠤᠨ ᠦᠨᠡᠮᠯᠡᠯ ᠢ ᠥᠪᠡᠷ ᠢᠶᠠᠨ ᠬᠦᠴᠦᠨ ᠦᠭᠡᠢ ᠪᠣᠯᠭᠠᠨ᠎ᠠ᠃    ᠠᠷᠪᠠᠳᠤᠭᠠᠷ ᠵᠤᠷᠪᠤᠰ  ᠶᠠᠭ ᠶᠠᠪᠤᠭᠳᠠᠵᠤ ᠪᠠᠶᠢᠭ᠎ᠠ ᠪᠠᠷᠢᠯᠭ᠎ᠠ ᠶᠢᠨ ᠠᠵᠢᠯ ᠶᠠᠮᠠᠷ ᠨᠢᠭᠡᠨ ᠰᠢᠯᠲᠠᠭᠠᠨ ᠠᠴᠠ ᠪᠣᠯᠤᠭᠠᠳ ᠳᠤᠲᠠᠭᠤ ᠵᠣᠭᠰᠣᠬᠤ ᠳᠤ ᠬᠦᠷᠪᠡᠯ᠂ ᠪᠦᠲᠦᠭᠡᠨ ᠪᠠᠶᠢᠭᠤᠯᠵᠤ ᠪᠠᠶᠢᠭ᠎ᠠ ᠨᠢᠭᠡᠴᠡ ᠨᠢ ᠠᠵᠢᠯ ᠢᠶᠠᠨ ᠳᠤᠲᠠᠭᠤ ᠵᠣᠭᠰᠣᠭᠠᠭᠰᠠᠨ ᠡᠳᠦᠷ ᠠᠴᠠ ᠡᠬᠢᠯᠡᠨ ᠨᠢᠭᠡ ᠰᠠᠷ᠎ᠠ ᠶᠢᠨ ᠳᠣᠲᠣᠷ᠎ᠠ᠂ ᠦᠨᠡᠮᠯᠡᠯ ᠣᠯᠭᠤᠭᠰᠠᠨ ᠪᠠᠶᠢᠭᠤᠯᠤᠯᠭ᠎ᠠ ᠳᠤ ᠮᠡᠳᠡᠭᠦᠯᠬᠦ ᠶᠢᠨ ᠬᠠᠮᠲᠤ᠂ ᠲᠣᠭᠲᠠᠭᠠᠯ ᠶᠣᠰᠣᠭᠠᠷ ᠪᠠᠷᠢᠯᠭ᠎ᠠ ᠶᠢᠨ ᠠᠵᠢᠯ ᠢ ᠬᠠᠮᠠᠭᠠᠯᠠᠵᠤ ᠬᠠᠮᠢᠶᠠᠷᠬᠤ ᠠᠵᠢᠯ ᠢ ᠰᠠᠶᠢᠲᠤᠷ ᠬᠢᠬᠦ ᠬᠡᠷᠡᠭᠲᠡᠢ᠃    ᠪᠠᠷᠢᠯᠭ᠎ᠠ ᠶᠢᠨ ᠠᠵᠢᠯ ᠢᠶᠠᠨ ᠳᠠᠬᠢᠨ ᠰᠡᠷᠭᠦᠭᠡᠵᠦ ᠬᠢᠬᠦ ᠦᠶ᠎ᠡ ᠳᠤ ᠦᠨᠡᠮᠯᠡᠯ ᠣᠯᠭᠤᠭᠰᠠᠨ ᠪᠠᠶᠢᠭᠤᠯᠤᠯᠭ᠎ᠠ ᠳᠤ ᠮᠡᠳᠡᠭᠦᠯᠬᠦ ᠬᠡᠷᠡᠭᠲᠡᠢ᠃ ᠳᠤᠲᠠᠭᠤ ᠵᠣᠭᠰᠣᠭᠠᠳ ᠪᠦᠬᠦᠯᠢ ᠨᠢᠭᠡ ᠵᠢᠯ ᠪᠣᠯᠤᠭᠰᠠᠨ ᠪᠠᠷᠢᠯᠭ᠎ᠠ ᠶᠢ ᠰᠡᠷᠭᠦᠭᠡᠵᠦ ᠪᠠᠷᠢᠬᠤ ᠠᠴᠠ ᠡᠮᠦᠨ᠎ᠡ᠂ ᠪᠦᠲᠦᠭᠡᠨ ᠪᠠᠶᠢᠭᠤᠯᠬᠤ ᠨᠢᠭᠡᠴᠡ ᠨᠢ ᠪᠠᠷᠢᠯᠭ᠎ᠠ ᠶᠢᠨ ᠠᠵᠢᠯ ᠬᠢᠬᠦ ᠵᠥᠪᠰᠢᠶᠡᠷᠡᠯ ᠤᠨ ᠦᠨᠡᠮᠯᠡᠯ ᠢᠶᠠᠨ ᠦᠨᠡᠮᠯᠡᠯ ᠣᠯᠭᠤᠭᠰᠠᠨ  ᠪᠠᠶᠢᠭᠤᠯᠤᠯᠭ᠎ᠠ ᠪᠠᠷ ᠰᠢᠯᠭᠠᠭᠤᠯᠤᠨ‌‍ᠪᠠᠶᠢᠴᠠᠭᠠᠯᠭᠠᠬᠤ ᠬᠡᠷᠡᠭᠲᠡᠢ᠃    ᠠᠷᠪᠠᠨ ᠨᠢᠭᠡᠳᠦᠭᠡᠷ ᠵᠤᠷᠪᠤᠰ  ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠵᠢᠯ ᠡᠬᠢᠯᠡᠭᠦᠯᠬᠦ ᠮᠡᠳᠡᠭᠦᠯᠦᠯᠲᠡ ᠶᠢ ᠨᠢ ᠵᠥᠪᠰᠢᠶᠡᠷᠡᠭᠰᠡᠨ ᠪᠠᠷᠢᠯᠭ᠎ᠠ ᠶᠢᠨ ᠠᠵᠢᠯ᠂ ᠶᠠᠮᠠᠷ ᠨᠢᠭᠡᠨ ᠰᠢᠯᠲᠠᠭᠠᠨ ᠠᠴᠠ ᠪᠣᠯᠤᠭᠠᠳ ᠲᠣᠭᠲᠠᠭᠰᠠᠨ ᠬᠤᠭᠤᠴᠠᠭᠠᠨ ᠳᠠᠭᠠᠨ ᠠᠵᠢᠯ ᠢᠶᠠᠨ ᠡᠬᠢᠯᠡᠭᠦᠯᠵᠦ ᠳᠡᠶᠢᠯᠬᠦ ᠥᠬᠡᠢ ᠪᠤᠶᠤ ᠠᠵᠢᠯ ᠢᠶᠠᠨ ᠳᠤᠲᠠᠭᠤ ᠵᠣᠭᠰᠣᠭᠠᠭᠰᠠᠨ ᠪᠠᠶᠢᠪᠠᠯ᠂  ᠪᠠᠶᠢᠳᠠᠯ ᠢᠶᠠᠨ ᠵᠥᠪᠰᠢᠶᠡᠷᠡᠭᠰᠡᠨ ᠪᠠᠶᠢᠭᠤᠯᠤᠯᠭ᠎ᠠ ᠳᠤ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ᠃ ᠶᠠᠮᠠᠷ ᠨᠢᠭᠡᠨ ᠰᠢᠯᠲᠠᠭᠠᠨ ᠠᠴᠠ ᠪᠣᠯᠤᠭᠠᠳ ᠲᠣᠭᠲᠠᠭᠰᠠᠨ ᠬᠤᠭᠤᠴᠠᠭᠠᠨ ᠳᠠᠭᠠᠨ ᠠᠵᠢᠯ ᠢᠶᠠᠨ ᠡᠬᠢᠯᠡᠭᠦᠯᠵᠦ ᠳᠡᠶᠢᠯᠬᠦ ᠥᠬᠡᠢ᠂ ᠵᠢᠷᠭᠤᠭᠠᠨ ᠰᠠᠷ᠎ᠠ ᠬᠡᠲᠦᠷᠡᠭᠰᠡᠨ ᠪᠠᠶᠢᠪᠠᠯ᠂ ᠠᠵᠢᠯ ᠡᠬᠢᠯᠡᠭᠦᠯᠬᠦ ᠮᠡᠳᠡᠭᠦᠯᠦᠯᠲᠡ ᠶᠢ ᠵᠥᠪᠰᠢᠶᠡᠷᠡᠭᠦᠯᠬᠦ ᠭᠠᠷᠳᠠᠮ ᠢ ᠳᠠᠬᠢᠨ ᠰᠢᠨ᠎ᠡ ᠪᠠᠷ ᠭᠦᠢᠴᠡᠳᠬᠡᠬᠦ ᠬᠡᠷᠡᠭᠲᠡᠢ᠃    ᠬᠤᠶᠠᠳᠤᠭᠠᠷ ᠬᠡᠰᠡᠭ  ᠠᠵᠢᠯ ᠡᠷᠬᠢᠯᠡᠬᠦ ᠬᠢᠷᠢ ᠭᠡᠮ    ᠠᠷᠪᠠᠨ ᠬᠤᠶᠠᠳᠤᠭᠠᠷ ᠵᠤᠷᠪᠤᠰ  ᠪᠠᠷᠢᠯᠭ᠎ᠠ ᠶᠢᠨ ᠠᠵᠢᠯᠯᠠᠭ᠎ᠠ ᠬᠢᠬᠦ ᠪᠠᠷᠢᠯᠭ᠎ᠠ ᠪᠠᠷᠢᠬᠤ ᠠᠵᠤ ᠠᠬᠤᠶᠢᠯᠠᠯ᠂ ᠬᠠᠶᠢᠨ  ᠪᠠᠶᠢᠴᠠᠭᠠᠬᠤ ᠨᠢᠭᠡᠴᠡ᠂ ᠵᠢᠷᠤᠵᠤ ᠲᠥᠯᠥᠪᠯᠡᠬᠦ ᠨᠢᠭᠡᠴᠡ ᠪᠠ ᠪᠠᠷᠢᠯᠭ᠎ᠠ ᠶᠢᠨ ᠠᠵᠢᠯ ᠢ ᠬᠢᠨᠠᠵᠤ ᠬᠠᠮᠢᠶᠠᠷᠬᠤ ᠨᠢᠭᠡᠴᠡ ᠨᠦᠭᠦᠳ ᠳᠣᠣᠷᠠᠬᠢ ᠨᠥᠬᠦᠴᠡᠯ ᠤᠳ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ᠄    ︵ᠨᠢᠭᠡ︶ ᠤᠯᠤᠰ ᠤᠨ ᠲᠣᠭᠲᠠᠭᠠᠯ ᠳᠤ ᠨᠡᠶᠢᠴᠡᠭᠰᠡᠨ ᠳᠠᠩᠰᠠᠯᠠᠭᠤᠯᠤᠭᠰᠠᠨ ᠬᠥᠷᠥᠩᠭᠡ ᠲᠠᠢ ᠪᠠᠶᠢᠬᠤ᠃    ︵ᠬᠤᠶᠠᠷ︶ ᠡᠷᠬᠢᠯᠡᠵᠦ ᠪᠠᠶᠢᠭ᠎ᠠ ᠪᠠᠷᠢᠯᠭ᠎ᠠ ᠶᠢᠨ ᠠᠵᠢᠯᠯᠠᠭ᠎ᠠ ᠲᠠᠢ ᠨᠢ ᠵᠣᠬᠢᠴᠠᠭᠰᠠᠨ ᠬᠠᠤᠯᠢ ᠪᠠᠷ ᠲᠣᠭᠲᠠᠭᠠᠭᠰᠠᠨ ᠠᠵᠢᠯ ᠡᠷᠬᠢᠯᠡᠬᠦ ᠬᠢᠷᠢ ᠭᠡᠮ ᠪᠦᠬᠦᠢ ᠲᠤᠰᠬᠠᠢ ᠮᠡᠷᠭᠡᠵᠢᠯ ᠤᠨ ᠠᠵᠢᠯᠲᠠᠨ ᠲᠠᠢ᠃    ︵ᠭᠤᠷᠪᠠ︶ ᠪᠠᠷᠢᠯᠭ᠎ᠠ ᠶᠢᠨ ᠠᠵᠢᠯᠯᠠᠭ᠎ᠠ ᠬᠢᠬᠦ ᠳᠤ ᠬᠤᠯᠪᠣᠭᠳᠠᠬᠤ ᠪᠠᠶᠢᠪᠠᠰᠤ ᠵᠣᠬᠢᠬᠤ ᠮᠡᠷᠭᠡᠵᠢᠯ ᠤᠨ ᠲᠥᠬᠦᠭᠡᠷᠦᠮᠵᠢ ᠲᠠᠢ ᠪᠠᠶᠢᠬᠤ᠃    ︵ᠳᠥᠷᠪᠡ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠨᠥᠬᠦᠴᠡᠯ᠃    ᠠᠷᠪᠠᠨ ᠭᠤᠷᠪᠠᠳᠤᠭᠠᠷ ᠵᠤᠷᠪᠤᠰ   ᠪᠠᠷᠢᠯᠭ᠎ᠠ ᠶᠢᠨ ᠠᠵᠢᠯᠯᠠᠭ᠎ᠠ ᠬᠢᠬᠦ ᠪᠠᠷᠢᠯᠭ᠎ᠠ ᠪᠠᠷᠢᠬᠤ ᠠᠵᠤ  ᠠᠬᠤᠶᠢᠯᠠᠯ᠂ ᠬᠠᠶᠢᠨ  ᠪᠠᠶᠢᠴᠠᠭᠠᠬᠤ ᠨᠢᠭᠡᠴᠡ᠂ ᠵᠢᠷᠤᠵᠤ ᠲᠥᠯᠥᠪᠯᠡᠬᠦ ᠨᠢᠭᠡᠴᠡ ᠪᠠ ᠪᠠᠷᠢᠯᠭ᠎ᠠ ᠶᠢᠨ ᠠᠵᠢᠯ ᠢ ᠬᠢᠨᠠᠨ ᠬᠠᠮᠢᠶᠠᠷᠬᠤ ᠨᠢᠭᠡᠴᠡ ᠨᠢ ᠲᠡᠭᠦᠨ ᠤ ᠡᠵᠡᠮᠰᠢᠵᠦ ᠪᠠᠶᠢᠭ᠎ᠠ ᠳᠠᠩᠰᠠᠯᠠᠭᠤᠯᠤᠭᠰᠠᠨ ᠬᠥᠷᠥᠩᠭᠡ᠂ ᠲᠤᠰᠬᠠᠢ ᠮᠡᠷᠭᠡᠵᠢᠯ ᠤᠨ ᠠᠵᠢᠯᠲᠠᠨ᠂ ᠮᠡᠷᠭᠡᠵᠢᠯ ᠤᠨ ᠲᠣᠨᠣᠭᠯᠠᠯ ᠪᠠ ᠨᠢᠭᠡᠨᠲᠡ ᠪᠡᠶᠡᠯᠡᠭᠦᠯᠦᠭᠰᠡᠨ ᠪᠠᠷᠢᠯᠭ᠎ᠠ ᠶᠢᠨ ᠠᠵᠢᠯ ᠤᠨ ᠠᠮᠵᠢᠯᠲᠠ ᠪᠦᠲᠦᠮᠵᠢ ᠵᠡᠷᠭᠡ ᠬᠢᠷᠢ ᠬᠡᠮ ᠤᠨ ᠨᠥᠬᠦᠴᠡᠯ ᠤᠨ ᠶᠣᠰᠣᠭᠠᠷ᠂ ᠠᠳᠠᠯᠢ ᠪᠤᠰᠤ ᠬᠢᠷᠢ ᠬᠡᠮ ᠤᠨ ᠵᠡᠷᠭᠡ ᠳᠡᠰ ᠬᠤᠪᠢᠶᠠᠵᠤ᠂ ᠬᠢᠷᠢ ᠬᠡᠮ ᠤᠨ ᠬᠢᠨᠠᠨ ᠪᠠᠢᠴᠠᠭᠠᠯᠲᠠ ᠳᠤ ᠬᠢᠷᠢ ᠲᠡᠩᠴᠡᠵᠦ  ᠂ ᠵᠣᠬᠢᠴᠠᠩᠭᠤᠢ ᠵᠡᠷᠭᠡ ᠳᠡᠰ ᠤᠨ ᠬᠢᠷᠢ ᠬᠡᠮ ᠤᠨ ᠦᠨᠡᠮᠯᠡᠯ ᠣᠯᠣᠭᠰᠠᠨ ᠤ ᠳᠠᠷᠠᠭ᠎ᠠ ᠰᠠᠶ᠋ᠢ ᠬᠢᠷᠢ ᠬᠡᠮ ᠤᠨ ᠦᠨᠡᠮᠯᠡᠯ ᠤᠨ ᠵᠥᠪᠰᠢᠶᠡᠷᠡᠭᠰᠡᠨ ᠬᠡᠪᠴᠢᠶᠡᠨ ᠳᠤ ᠪᠠᠷᠢᠯᠭ᠎ᠠ ᠶᠢᠨ ᠠᠵᠢᠯᠯᠠᠭ᠎ᠠ ᠬᠢᠬᠦ ᠬᠡᠷᠡᠭᠲᠡᠢ᠃    ᠠᠷᠪᠠᠨ ᠳᠥᠷᠪᠡᠳᠦᠭᠡᠷ ᠵᠤᠷᠪᠤᠰ  ᠪᠠᠷᠢᠯᠭ᠎ᠠ ᠶᠢᠨ ᠠᠵᠢᠯᠯᠠᠭ᠎ᠠ ᠬᠢᠬᠦ ᠲᠤᠰᠬᠠᠢ ᠮᠡᠷᠭᠡᠵᠢᠯ ᠤᠨ ᠠᠵᠢᠯᠲᠠᠨ᠂ ᠠᠵᠢᠯ ᠡᠷᠬᠢᠯᠡᠬᠦ ᠬᠢᠷᠢ ᠭᠡᠮ ᠤᠨ ᠵᠣᠬᠢᠴᠠᠩᠭᠤᠢ ᠦᠨᠡᠮᠯᠡᠯ ᠢ ᠬᠠᠤᠯᠢ ᠶᠣᠰᠣᠭᠠᠷ ᠣᠯᠬᠤ ᠶᠢᠨ ᠬᠠᠮᠲᠤ᠂ ᠠᠵᠢᠯ ᠡᠷᠬᠢᠯᠡᠬᠦ ᠬᠢᠷᠢ ᠭᠡᠮ ᠤᠨ ᠦᠨᠡᠮᠯᠡᠯ ᠤᠨ ᠵᠥᠪᠰᠢᠶᠡᠷᠡᠭᠰᠡᠨ ᠬᠡᠪᠴᠢᠶᠡᠨ ᠳᠤ ᠪᠠᠷᠢᠯᠭ᠎ᠠ ᠶᠢᠨ ᠠᠵᠢᠯᠯᠠᠭ᠎ᠠ ᠬᠢᠬᠦ ᠬᠡᠷᠡᠭᠲᠡᠢ᠃    ᠭᠤᠷᠪᠠᠳᠤᠭᠠᠷ ᠪᠦᠯᠦᠭ   ᠪᠠᠷᠢᠯᠭ᠎ᠠ ᠶᠢᠨ ᠠᠵᠢᠯ ᠢ ᠳᠠᠭᠠᠭᠠᠴᠢᠯᠠᠭᠤᠯᠬᠤ ᠪᠠ ᠳᠠᠭᠠᠭᠠᠴᠢᠯᠠᠬᠤ    ᠨᠢᠭᠡᠳᠦᠭᠡᠷ ᠬᠡᠰᠡᠭ   ᠡᠩ ᠤᠨ ᠲᠣᠭᠲᠠᠭᠠᠯ    ᠠᠷᠪᠠᠨ ᠲᠠᠪᠤᠳᠤᠭᠠᠷ ᠵᠤᠷᠪᠤᠰ   ᠪᠠᠷᠢᠯᠭ᠎ᠠ ᠶᠢᠨ ᠠᠵᠢᠯ ᠢ ᠳᠠᠭᠠᠭᠠᠴᠢᠯᠠᠭᠤᠯᠬᠤ ᠨᠢᠭᠡᠴᠡ ᠪᠠ ᠳᠠᠭᠠᠭᠠᠴᠢᠯᠠᠬᠤ ᠨᠢᠭᠡᠴᠡ ᠬᠠᠤᠯᠢ ᠶᠣᠰᠣᠭᠠᠷ ᠪᠢᠴᠢᠭ ᠤᠨ ᠭᠡᠷ᠎ᠡ ᠲᠣᠭᠲᠠᠭᠠᠬᠤ ᠬᠡᠷᠡᠭᠲᠡᠢ᠃ ᠬᠤᠶᠠᠷ ᠡᠲᠡᠭᠡᠳ ᠤᠨ ᠡᠷᠬᠡ ᠪᠠ ᠡᠭᠦᠷᠭᠡ ᠪᠠᠨ ᠲᠣᠳᠣᠷᠬᠠᠢᠯᠠᠬᠤ ᠬᠡᠷᠡᠭᠲᠡᠢ᠃    ᠳᠠᠭᠠᠭᠠᠴᠢᠯᠠᠭᠤᠯᠬᠤ ᠨᠢᠭᠡᠴᠡ ᠪᠠ ᠳᠠᠭᠠᠭᠠᠴᠢᠯᠠᠬᠤ ᠨᠢᠭᠡᠴᠡ ᠨᠢ ᠭᠡᠷ᠎ᠡ ᠳᠤ ᠪᠣᠯᠵᠣᠨ ᠲᠣᠭᠲᠠᠭᠠᠭᠰᠠᠨ ᠡᠭᠦᠷᠭᠡ ᠪᠠᠨ ᠪᠥᠬᠦ ᠲᠠᠯ᠎ᠠ ᠪᠠᠷ ᠭᠦᠢᠴᠡᠳᠬᠡᠬᠦ ᠬᠡᠷᠡᠭᠲᠡᠢ᠃ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠡᠭᠦᠷᠭᠡ ᠪᠠᠨ ᠭᠦᠢᠴᠡᠳᠬᠡᠬᠦ ᠦᠭᠡᠢ ᠪᠣᠯ ᠭᠡᠷ᠎ᠡ ᠶᠢ ᠵᠥᠷᠢᠴᠡᠭᠰᠡᠨ ᠬᠠᠷᠢᠭᠤᠴᠠᠯᠭ᠎ᠠ ᠶᠢ ᠬᠠᠤᠯᠢ ᠶᠣᠰᠣᠭᠠᠷ ᠡᠭᠦᠷᠭᠡᠯᠡᠬᠦ ᠬᠡᠷᠡᠭᠲᠡᠢ᠃    ᠠᠷᠪᠠᠨ ᠵᠢᠷᠭᠤᠳᠤᠭᠠᠷ ᠵᠤᠷᠪᠤᠰ   ᠪᠠᠷᠢᠯᠭ᠎ᠠ ᠶᠢᠨ ᠠᠵᠢᠯ ᠤᠨ ᠳᠠᠭᠠᠭᠠᠴᠢᠯᠠᠭᠤᠯᠤᠯᠲᠠ ᠪᠠ ᠳᠠᠭᠠᠭᠠᠴᠢᠯᠠᠯᠲᠠ ᠶᠢᠨ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠳᠤ ᠣᠷᠣᠯᠴᠠᠬᠤ ᠬᠢᠬᠦ ᠳᠡᠭᠡᠨ ᠢᠯᠡ ᠲᠣᠳᠣᠷᠬᠠᠢ ᠪᠠᠶᠢᠬᠤ᠂ ᠲᠥᠪ ᠭᠤᠣᠯᠴᠢ ᠪᠠᠶᠢᠬᠤ᠂ ᠡᠷᠬᠡ ᠲᠡᠭᠰᠢ ᠥᠷᠢᠰᠦᠯᠳᠦᠬᠦ ᠵᠠᠷᠴᠢᠮ ᠢ ᠵᠢᠷᠤᠮᠯᠠᠨ᠂ ᠳᠠᠭᠠᠭᠠᠴᠢᠯᠠᠬᠤ‌ᠨᠢᠭᠡᠴᠡ ᠨᠦᠭᠦᠳ ᠠᠴᠠ ᠰᠢᠯᠢᠳᠡᠭ ᠢ ᠨᠢ ᠰᠣᠩᠭᠤᠬᠤ ᠬᠡᠷᠡᠭᠲᠡᠢ᠃    ᠪᠠᠷᠢᠯᠭ᠎ᠠ ᠶᠢᠨ ᠠᠵᠢᠯ ᠤᠨ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠳᠤ ᠣᠷᠣᠯᠴᠠᠬᠤ ᠲᠤᠬᠠᠢ᠂ ᠲᠤᠰ ᠬᠠᠤᠯᠢ ᠳᠤ ᠲᠣᠭᠲᠠᠭᠠᠭᠰᠠᠨ ᠦᠭᠡᠢ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠳᠤ ᠣᠷᠣᠯᠴᠠᠬᠤ ᠲᠤᠬᠠᠢ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠢ ᠬᠡᠷᠡᠭᠯᠡᠨ᠎ᠡ᠃    ᠠᠷᠪᠠᠨ ᠳᠣᠯᠣᠳᠤᠭᠠᠷ ᠵᠤᠷᠪᠤᠰ ᠳᠠᠭᠠᠭᠠᠴᠢᠯᠠᠭᠤᠯᠬᠤ ᠨᠢᠭᠡᠴᠡ ᠪᠣᠯᠤᠨ ᠲᠡᠭᠦᠨ ᠤ ᠠᠵᠢᠯᠲᠠᠨ ᠪᠠᠷᠢᠯᠭ᠎ᠠ ᠶᠢᠨ ᠠᠵᠢᠯ ᠢ ᠳᠠᠭᠠᠭᠠᠴᠢᠯᠠᠭᠤᠯᠬᠤ ᠶᠠᠪᠤᠴᠠ ᠳᠤ ᠬᠡᠭᠡᠯᠢ ᠬᠠᠭ᠋ᠤᠤᠯᠢ᠂ ᠬᠠᠷᠢᠭᠤ ᠬᠠᠷᠠᠮᠵᠢ ᠠᠪᠬᠤ ᠪᠤᠶᠤ ᠪᠤᠰᠤᠳ ᠠᠰᠢᠭ ᠢ ᠨᠡᠬᠡᠨ ᠠᠪᠴᠤ ᠪᠣᠯᠬᠤ ᠥᠬᠡᠢ᠃    ᠳᠠᠭᠠᠭᠠᠴᠢᠯᠠᠬᠤ ᠨᠢᠭᠡᠴᠡ ᠪᠣᠯᠤᠨ ᠲᠡᠭᠦᠨ ᠤ ᠠᠵᠢᠯᠲᠠᠨ ᠳᠠᠭᠠᠭᠠᠴᠢᠯᠠᠭᠤᠯᠬᠤ ᠨᠢᠭᠡᠴᠡ ᠪᠣᠯᠤᠨ ᠲᠡᠭᠦᠨ ᠤ ᠠᠵᠢᠯᠲᠠᠨ ᠳᠤ ᠬᠡᠭᠡᠯᠢ ᠲᠦᠯᠬᠢᠬᠦ᠂ ᠬᠠᠷᠢᠭᠤ ᠬᠠᠷᠠᠮᠵᠢ ᠥᠭᠬᠦ ᠪᠤᠶᠤ ᠪᠤᠰᠤᠳ ᠠᠰᠢᠭ ᠣᠯᠭᠤᠬᠤ ᠵᠡᠷᠭᠡ ᠲᠥᠪ ᠪᠤᠰᠤ ᠠᠷᠭ᠎ᠠ ᠶᠢ ᠬᠡᠷᠡᠭᠯᠡᠨ ᠪᠠᠷᠢᠯᠭ᠎ᠠ ᠳᠠᠭᠠᠭᠠᠴᠢᠯᠠᠵᠤ ᠪᠣᠯᠬᠤ ᠦᠭᠡᠢ᠃    ᠠᠷᠪᠠᠨ ᠨᠠᠢᠮᠠᠳᠤᠭᠠᠷ ᠵᠤᠷᠪᠤᠰ  ᠪᠠᠷᠢᠯᠭ᠎ᠠ ᠶᠢᠨ ᠠᠵᠢᠯ ᠤᠨ ᠦᠢᠯᠡᠳᠬᠦ ᠦᠨ᠎ᠡ ᠥᠷᠲᠡᠭ ᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠳᠠᠭᠠᠭᠠᠴᠢᠯᠠᠭᠤᠯᠬᠤ ᠨᠢᠭᠡᠴᠡ ᠪᠠ ᠳᠠᠭᠠᠭᠠᠴᠢᠯᠠᠬᠤ ᠨᠢᠭᠡᠴᠡ ᠭᠡᠷ᠎ᠡ ᠳᠡᠭᠡᠨ ᠪᠣᠯᠵᠣᠨ ᠲᠣᠭᠲᠠᠭᠠᠨ᠎ᠠ᠃ ᠢᠯᠡ ᠪᠠᠷ ᠳᠠᠭᠠᠭᠠᠴᠢᠯᠠᠯᠲᠠ ᠵᠠᠷᠯᠠᠨ ᠳᠠᠭᠠᠭᠠᠴᠢᠯᠠᠭᠤᠯᠬᠤ ᠶᠢᠨ ᠦᠢᠯᠡᠳᠬᠦ ᠦᠨ᠎ᠡ ᠥᠷᠲᠡᠭ ᠢ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠳᠤ ᠣᠷᠣᠯᠴᠠᠬᠤ ᠬᠠᠤᠯᠢ ᠴᠠᠭᠠᠵᠠ ᠶᠢᠨ ᠲᠣᠭᠲᠠᠭᠠᠯ ᠢ ᠵᠢᠷᠤᠮᠯᠠᠨ ᠪᠣᠯᠵᠣᠨ ᠲᠣᠭᠲᠠᠭᠠᠬᠤ ᠬᠡᠷᠡᠭᠲᠡᠢ᠃    ᠳᠠᠭᠠᠭᠠᠴᠢᠯᠠᠭᠤᠯᠬᠤ ᠨᠢᠭᠡᠴᠡ ᠨᠢ ᠭᠡᠷ᠎ᠡ ᠳᠤ ᠪᠣᠯᠵᠣᠨ ᠲᠣᠭᠲᠠᠭᠠᠭᠰᠠᠨ ᠶᠣᠰᠣᠭᠠᠷ ᠪᠠᠷᠢᠯᠭ᠎ᠠ ᠶᠢᠨ ᠵᠣᠭᠤᠰ ᠢᠶᠠᠨ ᠴᠠᠭ ᠲᠤᠬᠠᠢ ᠳᠤᠨᠢ ᠰᠢᠯᠵᠢᠭᠦᠯᠵᠦ ᠥᠭᠬᠦ ᠬᠡᠷᠡᠭᠲᠡᠢ᠃    ᠬᠤᠶᠠᠳᠤᠭᠠᠷ ᠬᠡᠰᠡᠭ   ᠳᠠᠭᠠᠭᠠᠴᠢᠯᠠᠭᠤᠯᠬᠤᠠᠷᠪᠠ ᠶᠢᠰᠦᠳᠦᠭᠡᠷ ᠵᠤᠷᠪᠤᠰ  ᠪᠠᠷᠢᠯᠭ᠎ᠠ ᠶᠢᠨ ᠠᠵᠢᠯ ᠳᠤ ᠬᠠᠤᠯᠢ ᠶᠣᠰᠣᠭᠠᠷ ᠳᠠᠭᠠᠭᠠᠴᠢᠯᠠᠯᠲᠠ ᠵᠠᠷᠯᠠᠨ ᠳᠠᠭᠠᠭᠠᠴᠢᠯᠠᠭᠤᠯᠬᠤ ᠠᠷᠭ᠎ᠠ ᠶᠢ ᠬᠡᠷᠡᠭᠯᠡᠨ᠎ᠡ᠃ ᠳᠠᠭᠠᠭᠠᠴᠢᠯᠠᠯᠲᠠ ᠵᠠᠷᠯᠠᠨ ᠳᠠᠭᠠᠭᠠᠴᠢᠯᠠᠭᠤᠯᠬᠤ ᠳᠤ ᠲᠣᠬᠢᠷᠠᠮᠵᠢ ᠥᠬᠡᠢ ᠪᠣᠯ ᠰᠢᠭᠤᠳ ᠳᠠᠭᠠᠭᠠᠴᠢᠯᠠᠭᠤᠯᠵᠤ ᠪᠣᠯᠤᠨ᠎ᠠ᠃    ᠬᠤᠷᠢᠳᠤᠭᠠᠷ ᠵᠤᠷᠪᠤᠰ  ᠪᠠᠷᠢᠯᠭ᠎ᠠ ᠶᠢᠨ ᠠᠵᠢᠯ ᠢ ᠢᠯᠡ ᠪᠠᠷ ᠳᠠᠭᠠᠭᠠᠴᠢᠯᠠᠯᠲᠠ ᠵᠠᠷᠯᠠᠬᠤ ᠶᠢ ᠬᠡᠷᠡᠭᠵᠢᠭᠦᠯᠵᠦ ᠪᠠᠶᠢᠭ᠎ᠠ᠂ ᠳᠠᠭᠠᠭᠠᠴᠢᠯᠠᠭᠤᠯᠬᠤ ᠨᠢᠭᠡᠴᠡ ᠨᠢ ᠬᠠᠤᠯᠢ ᠪᠠᠷ ᠲᠣᠭᠲᠠᠭᠠᠭᠰᠠᠨ ᠵᠢᠷᠤᠮ ᠪᠠ ᠠᠷᠭ᠎ᠠ ᠬᠡᠯᠪᠡᠷᠢ ᠶᠢ ᠦᠨᠳᠦᠰᠦᠯᠡᠨ᠂ ᠳᠠᠭᠠᠭᠠᠴᠢᠯᠠᠯᠲᠠ ᠵᠠᠷᠯᠠᠬᠤ ᠠᠯᠪᠠᠨ ᠵᠠᠷ ᠳᠡᠭᠡᠷ᠎ᠡ᠂ ᠳᠠᠭᠠᠭᠠᠴᠢᠯᠠᠯᠲᠠ ᠵᠠᠷᠯᠠᠬᠤ ᠪᠠᠷᠢᠯᠭ᠎ᠠ ᠶᠢᠨ ᠲᠧᠭᠨᠢᠭ ᠮᠡᠷᠭᠡᠵᠢᠯ ᠤᠨ ᠭᠤᠣᠯ ᠱᠠᠭᠠᠷᠳᠠᠯᠭ᠎ᠠ᠂ ᠭᠡᠷ᠎ᠡ ᠶᠢᠨ ᠭᠤᠣᠯ ᠵᠦᠢᠯ ᠵᠤᠷᠪᠤᠰ᠂ ᠳᠠᠭᠠᠭᠠᠴᠢᠯᠠᠯᠲᠠ ᠶᠢ ᠦᠨᠡᠯᠡᠬᠦ ᠪᠠᠷᠢᠮᠵᠢᠶ᠎ᠠ ᠪᠣᠯᠤᠨ ᠠᠷᠭ᠎ᠠ ᠵᠢᠴᠢ ᠳᠠᠭᠠᠭᠠᠴᠢᠯᠠᠯᠲᠠ ᠨᠡᠶᠢᠲᠡᠯᠡᠬᠦ᠂ ᠳᠠᠭᠠᠭᠠᠴᠢᠯᠠᠯᠲᠠ ᠦᠨᠡᠯᠡᠬᠦ᠂ ᠳᠠᠭᠠᠭᠠᠴᠢᠯᠠᠯᠲᠠ ᠲᠣᠭᠲᠠᠬᠤ ᠶᠢᠨ ᠵᠢᠷᠤᠮ ᠵᠡᠷᠭᠡ ᠠᠭᠤᠯᠭ᠎ᠠ ᠶᠢ ᠪᠢᠴᠢᠭᠰᠡᠨ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠬᠠᠩᠭᠠᠬᠤ ᠬᠡᠷᠡᠭᠲᠡᠢ᠃    ᠳᠠᠭᠠᠭᠠᠴᠢᠯᠠᠯᠲᠠ‌ᠨᠡᠶᠢᠲᠡᠯᠡᠬᠦ ᠠᠵᠢᠯ ᠢ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠴᠠᠭ᠂ ᠭᠠᠵᠠᠷ ᠲᠤ ᠢᠯᠡ ᠪᠠᠷ ᠬᠢᠬᠦ ᠬᠡᠷᠡᠭᠲᠡᠢ᠃ ᠳᠠᠭᠠᠭᠠᠴᠢᠯᠠᠯᠲᠠ  ᠨᠡᠶᠢᠲᠡᠯᠡᠭᠰᠡᠨ ᠤ ᠳᠠᠷᠠᠭ᠎ᠠ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠳᠠᠭᠠᠭᠠᠴᠢᠯᠠᠯᠲᠠ ᠦᠨᠡᠯᠡᠬᠦ ᠪᠠᠷᠢᠮᠵᠢᠶ᠎ᠠ ᠪᠣᠯᠤᠨ ᠵᠢᠷᠤᠮ ᠤᠨ ᠶᠣᠰᠣᠭᠠᠷ ᠳᠠᠭᠠᠭᠠᠴᠢᠯᠠᠯᠲᠠ ᠶᠢᠨ ᠪᠢᠴᠢᠭ ᠢ ᠦᠨᠡᠯᠡᠵᠦ᠂ ᠬᠠᠷᠢᠴᠠᠭᠤᠯᠵᠤ᠂ ᠬᠠᠷᠢᠴᠠᠩᠭᠤᠢ ᠬᠢᠷᠢ ᠬᠡᠮ ᠤᠨ ᠨᠥᠬᠦᠴᠡᠯ ᠪᠦᠷᠢᠯᠳᠦᠭᠦᠯᠦᠭᠰᠡᠨ ᠳᠠᠭᠠᠭᠠᠴᠢᠯᠠᠯᠲᠠ ᠬᠦᠯᠢᠶᠡᠭᠴᠢᠳ ᠤᠨ ᠳᠣᠲᠣᠷ᠎ᠠ ᠠᠴᠠ ᠰᠢᠯᠢᠳᠡᠭ ᠢ ᠨᠢ ᠰᠣᠩᠭᠤᠨ ᠳᠠᠭᠠᠭᠠᠴᠢᠯᠠᠯᠲᠠ ᠣᠯᠤᠭᠴᠢ ᠶᠢ ᠲᠣᠭᠲᠠᠭᠠᠬᠤ ᠬᠡᠷᠡᠭᠲᠡᠢ᠃    ᠬᠤᠷᠢᠨ ᠨᠢᠭᠡᠳᠦᠭᠡᠷ ᠵᠤᠷᠪᠤᠰ  ᠪᠠᠷᠢᠯᠭ᠎ᠠ ᠶᠢᠨ ᠠᠵᠢᠯ ᠤᠨ ᠳᠠᠭᠠᠭᠠᠴᠢᠯᠠᠯᠲᠠ ᠵᠠᠷᠯᠠᠬᠤ ᠶᠠᠪᠤᠳᠠᠯ ᠤᠨ ᠳᠠᠭᠠᠭᠠᠴᠢᠯᠠᠯᠲᠠ ᠨᠡᠶᠢᠲᠡᠯᠡᠬᠦ᠂ ᠳᠠᠭᠠᠭᠠᠴᠢᠯᠠᠯᠲᠠ ᠦᠨᠡᠯᠡᠬᠦ ᠂ ᠳᠠᠭᠠᠭᠠᠴᠢᠯᠠᠯᠲᠠ ᠲᠣᠭᠲᠠᠬᠤ ᠵᠡᠷᠭᠡ ᠶᠢ ᠪᠦᠲᠦᠭᠡᠨ ᠪᠠᠶᠢᠭᠤᠯᠬᠤ ᠨᠢᠭᠡᠴᠡ ᠠᠴᠠ ᠬᠠᠤᠯᠢ ᠶᠣᠰᠣᠭᠠᠷ ᠵᠣᠬᠢᠶᠠᠨ ᠪᠠᠶᠢᠭᠤᠯᠵᠤ ᠶᠠᠪᠤᠭᠤᠯᠬᠤ ᠶᠢᠨ ᠬᠠᠮᠲᠤ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠯᠲᠠ ᠶᠢ ᠬᠦᠯᠢᠶᠡᠨ᠎ᠡ᠃    ᠬᠤᠷᠢᠨ ᠬᠤᠶᠠᠳᠤᠭᠠᠷ ᠵᠤᠷᠪᠤᠰ  ᠪᠠᠷᠢᠯᠭ᠎ᠠ ᠶᠢᠨ ᠠᠵᠢᠯ ᠢ ᠳᠠᠭᠠᠭᠠᠴᠢᠯᠠᠯᠲᠠ ᠵᠠᠷᠯᠠᠨ ᠳᠠᠭᠠᠭᠠᠴᠢᠯᠠᠭᠤᠯᠬᠤ ᠳᠤ᠂ ᠳᠠᠭᠠᠭᠠᠴᠢᠯᠠᠭᠤᠯᠬᠤ ᠨᠢᠭᠡᠴᠡ ᠨᠢ ᠪᠠᠷᠢᠯᠭ᠎ᠠ ᠶᠢᠨ ᠠᠵᠢᠯ ᠢᠶᠠᠨ ᠬᠠᠤᠯᠢ ᠶᠣᠰᠣᠭᠠᠷ ᠳᠠᠭᠠᠭᠠᠴᠢᠯᠠᠯᠲᠠ ᠣᠯᠤᠭᠰᠠᠨ ᠳᠠᠭᠠᠭᠠᠴᠢᠯᠠᠬᠤ ᠨᠢᠭᠡᠴᠡ ᠳᠤ ᠳᠠᠭᠠᠭᠠᠴᠢᠯᠠᠭᠤᠯᠵᠤ ᠥᠭᠬᠦ ᠬᠡᠷᠡᠭᠲᠡᠢ᠃ ᠪᠠᠷᠢᠯᠭ᠎ᠠ ᠶᠢᠨ ᠠᠵᠢᠯ ᠢ ᠰᠢᠭᠤᠳ ᠳᠠᠭᠠᠭᠠᠴᠢᠯᠠᠭᠤᠯᠳᠠᠭ ᠳᠠᠭᠠᠭᠠᠴᠢᠯᠠᠭᠤᠯᠬᠤ ᠨᠢᠭᠡᠴᠡ ᠨᠢ ᠪᠠᠷᠢᠯᠭ᠎ᠠ ᠶᠢᠨ ᠠᠵᠢᠯ ᠢᠶᠠᠨ ᠬᠢᠷᠢ ᠬᠡᠮ ᠤᠨ ᠵᠣᠬᠢᠴᠠᠩᠭᠤᠢ ᠨᠥᠬᠦᠴᠡᠯ ᠪᠦᠬᠦᠢ ᠳᠠᠭᠠᠭᠠᠴᠢᠯᠠᠬᠤ ᠨᠢᠭᠡᠴᠡ ᠳᠤ ᠳᠠᠭᠠᠭᠠᠴᠢᠯᠠᠭᠤᠯᠵᠤ ᠥᠭᠬᠦ ᠬᠡᠷᠡᠭᠲᠡᠢ᠃    ᠬᠤᠷᠢᠨ ᠭᠤᠷᠪᠠᠳᠤᠭᠠᠷ ᠵᠤᠷᠪᠤᠰ  ᠵᠠᠰᠠᠭ ᠤᠨ ᠣᠷᠳᠣᠨ ᠵᠢᠴᠢ ᠲᠡᠭᠦᠨ ᠤ ᠬᠠᠷᠢᠶ᠎ᠠ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠡᠷᠬᠡ ᠪᠠᠨ ᠳᠤᠷ᠎ᠠ ᠪᠠᠷ ᠢᠶᠠᠨ ᠬᠡᠷᠡᠭᠯᠡᠨ᠂ ᠳᠠᠭᠠᠭᠠᠴᠢᠯᠠᠭᠤᠯᠬᠤ ᠨᠢᠭᠡᠴᠡ ᠶᠢᠨ ᠳᠠᠭᠠᠭᠠᠴᠢᠯᠠᠯᠲᠠ ᠵᠠᠷᠯᠠᠨ ᠳᠠᠭᠠᠭᠠᠴᠢᠯᠠᠭᠤᠯᠬᠤ ᠪᠠᠷᠢᠯᠭ᠎ᠠ ᠶᠢᠨ ᠠᠵᠢᠯ ᠢ ᠵᠢᠭᠠᠨ ᠲᠣᠭᠲᠠᠭᠠᠭᠰᠠᠨ ᠳᠠᠭᠠᠭᠠᠴᠢᠯᠠᠬᠤ ᠨᠢᠭᠡᠴᠡ ᠳᠤ ᠳᠠᠭᠠᠭᠠᠴᠢᠯᠠᠭᠤᠯᠵᠤ ᠪᠣᠯᠬᠤ ᠦᠭᠡᠢ᠃    ᠬᠤᠷᠢᠨ ᠳᠥᠷᠪᠡᠳᠦᠭᠡᠷ ᠵᠤᠷᠪᠤᠰ  ᠪᠠᠷᠢᠯᠭ᠎ᠠ ᠶᠢᠨ ᠠᠵᠢᠯ ᠢ ᠶᠡᠷᠦᠩᠬᠡᠢᠯᠡᠨ ᠳᠠᠭᠠᠭᠠᠴᠢᠯᠠᠭᠤᠯᠬᠤ ᠶᠢ ᠰᠠᠨᠠᠭᠠᠴᠢᠯᠠᠵᠤ᠂ ᠪᠠᠷᠢᠯᠭ᠎ᠠ ᠶᠢᠨ ᠠᠵᠢᠯ ᠢ ᠬᠡᠰᠡᠭᠯᠡᠨ ᠳᠠᠭᠠᠭᠠᠴᠢᠯᠠᠭᠤᠯᠬᠤ ᠶᠢ ᠴᠠᠭᠠᠵᠠᠯᠠᠨ᠎ᠠ᠃    ᠪᠠᠷᠢᠯᠭ᠎ᠠ ᠶᠢᠨ ᠠᠵᠢᠯ ᠢ ᠳᠠᠭᠠᠭᠠᠴᠢᠯᠠᠭᠤᠯᠬᠤ ᠨᠢᠭᠡᠴᠡ ᠨᠢ ᠪᠠᠷᠢᠯᠭ᠎ᠠ ᠶᠢᠨ ᠠᠵᠢᠯ ᠤᠨ ᠬᠠᠶᠢᠨ  ᠪᠠᠶᠢᠴᠠᠭᠠᠬᠤ᠂ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠲᠣᠨᠤᠭ ᠲᠥᠬᠦᠭᠡᠷᠦᠮᠵᠢ ᠬᠤᠳᠠᠯᠳᠤᠨ ᠠᠪᠬᠤ ᠠᠵᠢᠯ ᠢ ᠬᠠᠮᠲᠤ ᠳᠤᠨᠢ ᠪᠠᠷᠢᠯᠭ᠎ᠠ ᠶᠢᠨ ᠠᠵᠢᠯ ᠢ ᠶᠡᠷᠦᠩᠬᠡᠢᠯᠡᠨ ᠳᠠᠭᠠᠭᠠᠴᠢᠯᠠᠬᠤ ᠨᠢᠭᠡ ᠨᠢᠭᠡᠴᠡ ᠳᠤ ᠳᠠᠭᠠᠭᠠᠴᠢᠯᠠᠭᠤᠯᠤᠨ ᠥᠭᠴᠦ ᠪᠤᠯᠤᠨ᠎ᠠ᠃ ᠪᠠᠰᠠ ᠪᠠᠷᠢᠯᠭ᠎ᠠ ᠶᠢᠨ ᠠᠵᠢᠯ ᠤᠨ ᠬᠠᠶᠢᠨ ᠪᠠᠶᠢᠴᠠᠭᠠᠬᠤ᠂ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠲᠣᠨᠤᠭ ᠲᠥᠬᠦᠭᠡᠷᠦᠮᠵᠢ ᠬᠤᠳᠠᠯᠳᠤᠨ ᠠᠪᠬᠤ ᠠᠵᠢᠯ ᠤᠨ ᠨᠢᠭᠡ ᠵᠦᠢᠯ ᠪᠤᠶᠤ ᠣᠯᠠᠨ ᠵᠦᠢᠯ ᠢ ᠪᠠᠷᠢᠯᠭ᠎ᠠ ᠶᠢᠨ ᠠᠵᠢᠯ ᠢ ᠶᠡᠷᠦᠩᠬᠡᠢᠯᠡᠨ ᠳᠠᠭᠠᠭᠠᠴᠢᠯᠠᠬᠤ ᠨᠢᠭᠡ ᠨᠢᠭᠡᠴᠡ ᠳᠤ ᠳᠠᠭᠠᠭᠠᠴᠢᠯᠠᠭᠤᠯᠤᠨ ᠥᠭᠴᠦ ᠪᠣᠯᠤᠨ᠎ᠠ᠃ ᠭᠡᠪᠡᠴᠦ ᠨᠢᠭᠡ ᠳᠠᠭᠠᠭᠠᠴᠢᠯᠠᠬᠤ ᠨᠢᠭᠡᠴᠡ ᠶᠢᠨ ᠪᠡᠶᠡᠯᠡᠭᠦᠯᠬᠦ ᠶᠣᠰᠣᠲᠠᠢ ᠪᠠᠷᠢᠯᠭ᠎ᠠ ᠶᠢᠨ ᠠᠵᠢᠯ ᠢ ᠬᠡᠳᠦᠨ ᠬᠡᠰᠡᠭ ᠰᠠᠯᠭᠠᠭᠠᠳ ᠬᠡᠳᠦᠨ ᠳᠠᠭᠠᠭᠠᠴᠢᠯᠠᠬᠤ ᠨᠢᠭᠡᠴᠡ ᠳᠤ ᠳᠠᠭᠠᠭᠠᠴᠢᠯᠠᠭᠤᠯᠵᠤ ᠪᠣᠯᠬᠤ ᠥᠬᠡᠢ᠃    ᠬᠤᠷᠢᠨ ᠲᠠᠪᠤᠳᠤᠭᠠᠷ ᠵᠦᠢᠯ  ᠭᠡᠷ᠎ᠡ ᠳᠤ ᠪᠣᠯᠵᠣᠨ ᠲᠣᠭᠲᠠᠭᠠᠭᠰᠠᠨ ᠶᠣᠰᠣᠭᠠᠷ᠂ ᠪᠠᠷᠢᠯᠭ᠎ᠠ ᠶᠢᠨ ᠮᠠᠲ᠋ᠧᠷᠢᠶᠠᠯ᠂ ᠪᠠᠷᠢᠯᠭ᠎ᠠ ᠶᠢᠨ ᠪᠦᠲᠦᠴᠡ ᠲᠣᠨᠤᠭ ᠰᠡᠯᠪᠢᠭᠡᠰᠦ ᠪᠠ ᠲᠣᠨᠤᠭ ᠲᠥᠬᠦᠭᠡᠷᠦᠮᠵᠢ ᠶᠢ ᠪᠠᠷᠢᠯᠭ᠎ᠠ ᠳᠠᠭᠠᠭᠠᠴᠢᠯᠠᠭᠰᠠᠨ ᠨᠢᠭᠡᠴᠡ ᠠᠴᠠ ᠬᠤᠳᠠᠯᠳᠤᠨ ᠠᠪᠬᠤ ᠶᠢ ᠳᠠᠭᠠᠭᠠᠴᠢᠯᠠᠭᠤᠯᠬᠤ ᠨᠢᠭᠡᠴᠡ ᠨᠢ ᠳᠠᠭᠠᠭᠠᠴᠢᠯᠠᠭᠰᠠᠨ ᠨᠢᠭᠡᠴᠡ ᠶᠢᠨ ᠪᠠᠷᠢᠯᠭ᠎ᠠ ᠳᠤ ᠬᠡᠷᠡᠭᠯᠡᠬᠦ ᠪᠠᠷ ᠬᠤᠳᠠᠯᠳᠤᠨ ᠠᠪᠬᠤ ᠪᠠᠷᠢᠯᠭ᠎ᠠ ᠶᠢᠨ ᠮᠠᠲ᠋ᠧᠷᠢᠶᠠᠯ᠂ ᠪᠠᠷᠢᠯᠭ᠎ᠠ ᠶᠢᠨ ᠪᠦᠲᠦᠴᠡ ᠲᠣᠨᠤᠭ ᠰᠡᠯᠪᠢᠭᠡᠰᠦ ᠪᠠ ᠲᠣᠨᠤᠭ ᠲᠥᠬᠦᠭᠡᠷᠦᠮᠵᠢ ᠶᠢ ᠵᠢᠭᠠᠨ ᠲᠣᠭᠲᠠᠭᠠᠬᠤ ᠪᠤᠶᠤ ᠲᠡᠳᠡᠭᠡᠷ ᠢ ᠦᠢᠯᠡᠳᠪᠦᠷᠢᠯᠡᠬᠦ ᠦᠢᠯᠡᠳᠪᠦᠷᠢ᠂ ᠬᠠᠩᠭᠠᠬᠤ ᠬᠤᠳᠠᠯᠳᠤᠭᠠᠴᠢᠨ ᠢ ᠵᠢᠭᠠᠨ ᠲᠣᠭᠲᠠᠭᠠᠵᠤ ᠪᠣᠯᠬᠤ ᠦᠭᠡᠢ    ᠭᠤᠷᠪᠠᠳᠤᠭᠠᠷ ᠬᠡᠰᠡᠭ  ᠳᠠᠭᠠᠭᠠᠴᠢᠯᠠᠬᠤ    ᠬᠤᠷᠢᠨ ᠵᠢᠷᠭᠤᠳᠤᠭᠠᠷ ᠵᠤᠷᠪᠤᠰ  ᠪᠠᠷᠢᠯᠭ᠎ᠠ ᠶᠢᠨ ᠠᠵᠢᠯ ᠢ ᠳᠠᠭᠠᠭᠠᠴᠢᠯᠠᠬᠤ ᠨᠢᠭᠡᠴᠡ ᠨᠢ ᠬᠠᠤᠯᠢ ᠶᠣᠰᠣᠭᠠᠷ ᠣᠯᠤᠭᠰᠠᠨ ᠬᠢᠷᠢ ᠬᠡᠮ ᠤᠨ ᠦᠨᠡᠮᠯᠡᠯ ᠲᠠᠢ ᠪᠠᠶᠢᠬᠤ ᠬᠡᠷᠡᠭᠲᠡᠢ ᠪᠥᠭᠡᠳ ᠬᠢᠷᠢ ᠬᠡᠮ ᠤᠨ ᠵᠡᠷᠭᠡ ᠳᠡᠰ ᠤᠨ ᠵᠥᠪᠰᠢᠶᠡᠷᠡᠭᠰᠡᠨ ᠲᠤᠬᠠᠶᠢᠯᠠᠭᠰᠠᠨ ᠠᠵᠢᠯ ᠤᠨ ᠬᠡᠪᠴᠢᠶᠡᠨ ᠳᠤ ᠪᠠᠷᠢᠯᠭ᠎ᠠ ᠳᠠᠭᠠᠭᠠᠴᠢᠯᠠᠬᠤ ᠬᠡᠷᠡᠭᠲᠡᠢ᠃    ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠬᠢᠷᠢ ᠬᠡᠮ ᠤᠨ ᠵᠡᠷᠭᠡ ᠳᠡᠰ ᠤᠨ ᠵᠥᠪᠰᠢᠶᠡᠷᠡᠭᠰᠡᠨ ᠲᠤᠬᠠᠶᠢᠯᠠᠭᠰᠠᠨ ᠠᠵᠢᠯ ᠤᠨ ᠬᠡᠪᠴᠢᠶᠡᠨ ᠠᠴᠠ ᠪᠠᠨ ᠳᠠᠪᠠᠭᠠᠳ᠂ ᠡᠰᠡᠬᠦᠯ᠎ᠡ ᠶᠠᠮᠠᠷᠪᠠ ᠬᠡᠯᠪᠡᠷᠢ ᠪᠠᠷ ᠪᠤᠰᠤᠳ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠨᠡᠷ᠎ᠡ ᠪᠠᠷ ᠪᠠᠷᠢᠯᠭ᠎ᠠ ᠳᠠᠭᠠᠭᠠᠴᠢᠯᠠᠬᠤ ᠶᠢ ᠴᠠᠭᠠᠵᠠᠯᠠᠨ᠎ᠠ᠃ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠶᠠᠮᠠᠷᠪᠠ ᠬᠡᠯᠪᠡᠷᠢ ᠪᠠᠷ ᠪᠤᠰᠤᠳ ᠨᠢᠭᠡᠴᠡ ᠪᠤᠶᠤ ᠬᠤᠪᠢ ᠬᠥᠮᠦᠨ ᠢᠶᠠᠷ ᠲᠤᠰ ᠠᠵᠤ ᠠᠬᠤᠶᠢᠯᠠᠯ ᠤᠨ ᠬᠢᠷᠢ ᠬᠡᠮ ᠤᠨ ᠦᠨᠡᠮᠯᠡᠯ᠂ ᠡᠵᠡᠩᠨᠡᠯᠲᠡ ᠶᠢᠨ ᠦᠨᠡᠮᠯᠡᠯ ᠢ ᠬᠡᠷᠡᠭᠯᠡᠬᠦ ᠶᠢ ᠴᠠᠭᠠᠵᠠᠯᠠᠵᠤ᠂ ᠲᠤᠰ ᠠᠵᠤ ᠠᠬᠤᠶᠢᠯᠠᠯ ᠤᠨ ᠨᠡᠷ᠎ᠡ ᠪᠠᠷ ᠪᠠᠷᠢᠯᠭ᠎ᠠ ᠳᠠᠭᠠᠭᠠᠴᠢᠯᠠᠬᠤ ᠶᠢ ᠵᠥᠪᠰᠢᠶᠡᠷᠡᠬᠦ ᠶᠢ ᠴᠠᠭᠠᠵᠠᠯᠠᠨ᠎ᠠ᠃    ᠬᠤᠷᠢᠨ ᠳᠣᠯᠣᠳᠤᠭᠠᠷ ᠵᠤᠷᠪᠤᠰ  ᠲᠣᠮᠣ ᠬᠡᠯᠪᠡᠷᠢ ᠶᠢᠨ ᠪᠠᠷᠢᠯᠭ᠎ᠠ ᠶᠢᠨ ᠠᠵᠢᠯ ᠪᠤᠶᠤ ᠪᠦᠲᠦᠴᠡ ᠨᠢ ᠪᠤᠳᠤᠯᠢᠶᠠᠨᠲᠠᠢ ᠪᠠᠷᠢᠯᠭ᠎ᠠ ᠶᠢᠨ ᠠᠵᠢᠯ ᠢ ᠬᠤᠶᠠᠷ ᠠᠴᠠ ᠳᠡᠭᠡᠭᠰᠢ ᠳᠠᠭᠠᠭᠠᠴᠢᠯᠠᠬᠤ ᠨᠢᠭᠡᠴᠡ ᠬᠤᠯᠪᠣᠭᠠᠯᠠᠵᠤ ᠬᠠᠮᠲᠤ ᠪᠠᠷ ᠳᠠᠭᠠᠭᠠᠴᠢᠯᠠᠵᠤ ᠪᠣᠯᠤᠨ᠎ᠠ᠃ ᠬᠠᠮᠲᠤ ᠪᠠᠷ ᠳᠠᠭᠠᠭᠠᠴᠢᠯᠠᠭᠰᠠᠨ ᠡᠯ᠎ᠡ ᠲᠠᠯ᠎ᠠ ᠨᠢ ᠳᠠᠭᠠᠭᠠᠴᠢᠯᠠᠯᠲᠠ ᠶᠢᠨ ᠭᠡᠷ᠎ᠡ ᠶᠢ ᠭᠦᠢᠴᠡᠳᠬᠡᠬᠦ ᠳᠤ ᠬᠤᠯᠪᠣᠯᠳᠤᠭᠰᠠᠨ ᠬᠠᠷᠢᠭᠤᠴᠠᠯᠭ᠎ᠠ ᠡᠭᠦᠷᠭᠡᠯᠡᠨ᠎ᠡ᠃      ᠬᠤᠶᠠᠷ ᠠᠴᠠ ᠳᠡᠭᠡᠭᠰᠢ ᠠᠳᠠᠯᠢ ᠪᠤᠰᠤ ᠬᠢᠷᠢ ᠬᠡᠮ ᠤᠨ ᠵᠡᠷᠭᠡ ᠳᠡᠰ ᠪᠦᠬᠦᠢ ᠨᠢᠭᠡᠴᠡ ᠬᠤᠯᠪᠣᠭᠠᠯᠠᠵᠤ ᠬᠠᠮᠲᠤ ᠪᠠᠷ ᠳᠠᠭᠠᠭᠠᠴᠢᠯᠠᠪᠠᠯ᠂ ᠬᠢᠷᠢ ᠬᠡᠮ ᠤᠨ ᠵᠡᠷᠭᠡ ᠳᠡᠰ ᠨᠢ ᠳᠣᠣᠷ᠎ᠠ ᠨᠢᠭᠡᠴᠡ ᠶᠢᠨ ᠲᠤᠬᠠᠶᠢᠯᠠᠭᠰᠠᠨ ᠠᠵᠢᠯ ᠤᠨ ᠵᠥᠪᠰᠢᠶᠡᠷᠡᠭᠰᠡᠨ ᠬᠡᠪᠴᠢᠶᠡᠨ ᠳᠤ ᠪᠠᠷᠢᠯᠭ᠎ᠠ ᠳᠠᠭᠠᠭᠠᠴᠢᠯᠠᠬᠤ ᠬᠡᠷᠡᠭᠲᠡᠢ᠃    ᠬᠤᠷᠢᠨ ᠨᠠᠢᠮᠠᠳᠤᠭᠠᠷ ᠵᠤᠷᠪᠤᠰ  ᠳᠠᠭᠠᠭᠠᠴᠢᠯᠠᠭᠰᠠᠨ ᠨᠢᠭᠡᠴᠡ ᠠᠴᠠ ᠳᠠᠭᠠᠭᠠᠴᠢᠯᠠᠭᠰᠠᠨ ᠪᠦᠬᠦ ᠪᠠᠷᠢᠯᠭ᠎ᠠ ᠶᠢᠨ ᠠᠵᠢᠯ ᠢᠶᠠᠨ ᠪᠤᠰᠤᠳ ᠲᠤ ᠰᠢᠯᠵᠢᠭᠦᠯᠵᠦ ᠳᠠᠭᠠᠭᠠᠴᠢᠯᠠᠭᠤᠯᠬᠤ ᠶᠢ ᠴᠠᠭᠠᠵᠠᠯᠠᠨ᠎ᠠ᠃ ᠳᠠᠭᠠᠭᠠᠴᠢᠯᠠᠭᠰᠠᠨ ᠨᠢᠭᠡᠴᠡ ᠠᠴᠠ ᠳᠠᠭᠠᠭᠠᠴᠢᠯᠠᠭᠰᠠᠨ ᠪᠦᠬᠦ ᠪᠠᠷᠢᠯᠭ᠎ᠠ ᠶᠢᠨ ᠠᠵᠢᠯ ᠢᠶᠠᠨ ᠬᠡᠰᠡᠭᠯᠡᠨ ᠰᠠᠯᠭᠠᠭᠰᠠᠨ ᠤ ᠳᠠᠷᠠᠭ᠎ᠠ᠂ ᠬᠤᠪᠢᠶᠠᠵᠤ ᠳᠠᠭᠠᠭᠠᠴᠢᠯᠠᠬᠤ ᠨᠡᠷ᠎ᠡ ᠪᠠᠷ ᠪᠤᠰᠤᠳ ᠲᠤ ᠲᠤᠰ ᠲᠤᠰ ᠰᠢᠯᠵᠢᠭᠦᠯᠵᠦ ᠳᠠᠭᠠᠭᠠᠴᠢᠯᠠᠭᠤᠯᠬᠤ ᠶᠢ ᠴᠠᠭᠠᠵᠠᠯᠠᠨ᠎ᠠ᠃    ᠬᠤᠷᠢ ᠶᠢᠰᠦᠳᠦᠭᠡᠷ ᠵᠤᠷᠪᠤᠰ  ᠪᠠᠷᠢᠯᠭ᠎ᠠ ᠵᠢᠨ‌ᠠᠵᠢᠯ ᠢ ᠶᠡᠷᠦᠩᠬᠡᠢᠯᠡᠨ ᠳᠠᠭᠠᠭᠠᠴᠢᠯᠠᠭᠰᠠᠨ ᠨᠢᠭᠡᠴᠡ ᠠᠴᠠ ᠳᠠᠭᠠᠭᠠᠴᠢᠯᠠᠭᠰᠠᠨ ᠪᠠᠷᠢᠯᠭ᠎ᠠ ᠶᠢᠨ ᠢᠶᠠᠨ ᠳᠣᠲᠣᠷᠠᠬᠢ ᠬᠡᠰᠡᠭ ᠪᠠᠷᠢᠯᠭ᠎ᠠ ᠶᠢ ᠵᠣᠬᠢᠴᠠᠩᠭᠤᠢ ᠬᠢᠷᠢ ᠬᠡᠮ ᠤᠨ ᠨᠥᠬᠦᠴᠡᠯ ᠪᠦᠬᠦᠢ ᠬᠤᠪᠢᠶᠠᠨ ᠳᠠᠭᠠᠭᠠᠴᠢᠯᠠᠬᠤ ᠨᠢᠭᠡᠴᠡ ᠳᠤ ᠳᠠᠭᠠᠭᠠᠴᠢᠯᠠᠭᠤᠯᠵᠤ ᠪᠣᠯᠤᠨ᠎ᠠ᠃ ᠭᠡᠪᠡᠴᠦ ᠶᠡᠷᠦᠩᠬᠡᠢᠯᠡᠨ ᠳᠠᠭᠠᠭᠠᠴᠢᠯᠠᠬᠤ ᠭᠡᠷ᠎ᠡ ᠳᠤ ᠪᠣᠯᠵᠣᠨ ᠲᠣᠭᠲᠠᠭᠠᠭᠰᠠᠨ ᠬᠤᠪᠢᠶᠠᠨ ᠳᠠᠭᠠᠭᠠᠴᠢᠯᠠᠭᠤᠯᠬᠤ ᠬᠡᠰᠡᠭ ᠠᠴᠠ ᠭᠠᠳᠠᠨᠠᠬᠢ ᠵᠤᠷᠪᠤᠰ ᠢ ᠡᠷᠬᠡᠪᠰᠢ ᠪᠦᠲᠦᠭᠡᠨ ᠪᠠᠶᠢᠭᠤᠯᠬᠤ ᠨᠢᠭᠡᠴᠡ ᠪᠠᠷ ᠵᠥᠪᠰᠢᠶᠡᠷᠡᠭᠦᠯᠬᠦ ᠬᠡᠷᠡᠭᠲᠡᠢ᠃ ᠪᠠᠷᠢᠯᠭ᠎ᠠ ᠪᠠᠷᠢᠬᠤ ᠶᠢ ᠶᠡᠷᠦᠩᠬᠡᠢᠯᠡᠨ ᠳᠠᠭᠠᠭᠠᠴᠢᠯᠠᠭᠰᠠᠨ ᠨᠢ᠂ ᠪᠠᠷᠢᠯᠭ᠎ᠠ ᠶᠢᠨ ᠭᠤᠣᠯ ᠴᠣᠭᠴᠠ ᠪᠦᠲᠦᠴᠡ ᠶᠢ ᠪᠠᠷᠢᠬᠤ ᠠᠵᠢᠯ ᠢ ᠡᠷᠬᠡᠪᠰᠢ ᠶᠡᠷᠦᠩᠬᠡᠢᠯᠡᠨ ᠳᠠᠭᠠᠭᠠᠴᠢᠯᠠᠭᠰᠠᠨ ᠨᠢᠭᠡᠴᠡ ᠥᠪᠡᠷ ᠢᠶᠠᠨ ᠪᠡᠶᠡᠯᠡᠭᠦᠯᠬᠦ ᠬᠡᠷᠡᠭᠲᠡᠢ᠃    ᠪᠠᠷᠢᠯᠭ᠎ᠠ ᠶᠢᠨ ᠠᠵᠢᠯ ᠢ ᠶᠡᠷᠦᠩᠬᠡᠢᠯᠡᠨ ᠳᠠᠭᠠᠭᠠᠴᠢᠯᠠᠭᠰᠠᠨ ᠨᠢᠭᠡᠴᠡ ᠨᠢ ᠶᠡᠷᠦᠩᠬᠡᠢᠯᠡᠨ ᠳᠠᠭᠠᠭᠠᠴᠢᠯᠠᠬᠤ ᠭᠡᠷ᠎ᠡ ᠳᠤ ᠪᠣᠯᠵᠣᠨ ᠲᠣᠭᠲᠠᠭᠠᠭᠰᠠᠨ ᠶᠣᠰᠣᠭᠠᠷ ᠪᠦᠲᠦᠭᠡᠨ ᠪᠠᠶᠢᠭᠤᠯᠬᠤ ᠨᠢᠭᠡᠴᠡ ᠳᠤ ᠬᠠᠷᠢᠭᠤᠴᠠᠨ᠎ᠠ᠃ ᠬᠤᠪᠢᠶᠠᠨ ᠳᠠᠭᠠᠭᠠᠴᠢᠯᠠᠭᠰᠠᠨ ᠨᠢᠭᠡᠴᠡ ᠨᠢ ᠬᠤᠪᠢᠶᠠᠨ ᠳᠠᠭᠠᠭᠠᠴᠢᠯᠠᠬᠤ ᠭᠡᠷ᠎ᠡ ᠳᠤ ᠪᠣᠯᠵᠣᠨ ᠲᠣᠭᠲᠠᠭᠠᠭᠰᠠᠨ ᠶᠣᠰᠣᠭᠠᠷ ᠶᠡᠷᠦᠩᠬᠡᠢᠯᠡᠨ ᠳᠠᠭᠠᠭᠠᠴᠢᠯᠠᠭᠰᠠᠨ ᠨᠢᠭᠡᠴᠡ ᠳᠤ ᠬᠠᠷᠢᠭᠤᠴᠠᠨ᠎ᠠ᠃ ᠶᠡᠷᠦᠩᠬᠡᠢᠯᠡᠨ ᠳᠠᠭᠠᠭᠠᠴᠢᠯᠠᠭᠰᠠᠨ ᠨᠢᠭᠡᠴᠡ ᠪᠣᠯᠤᠨ ᠬᠤᠪᠢᠶᠠᠨ ᠳᠠᠭᠠᠭᠠᠴᠢᠯᠠᠭᠰᠠᠨ ᠨᠢᠭᠡᠴᠡ ᠨᠢ ᠬᠤᠪᠢᠶᠠᠨ ᠳᠠᠭᠠᠭᠠᠴᠢᠯᠠᠭᠰᠠᠨ ᠪᠠᠷᠢᠯᠭ᠎ᠠ ᠶᠢᠨ ᠲᠠᠯ᠎ᠠ ᠪᠠᠷ ᠪᠦᠲᠦᠭᠡᠨ ᠪᠠᠶᠢᠭᠤᠯᠬᠤ ᠨᠢᠭᠡᠴᠡ ᠳᠤ ᠬᠤᠯᠪᠣᠯᠳᠤᠭᠰᠠᠨ ᠬᠠᠷᠢᠭᠤᠴᠠᠯᠭ᠎ᠠ ᠡᠭᠦᠷᠭᠡᠯᠡᠨ᠎ᠡ᠃    ᠶᠡᠷᠦᠩᠬᠡᠢᠯᠡᠨ ᠳᠠᠭᠠᠭᠠᠴᠢᠯᠠᠭᠰᠠᠨ ᠨᠢᠭᠡᠴᠡ ᠠᠴᠠ ᠪᠠᠷᠢᠯᠭ᠎ᠠ ᠪᠠᠨ ᠵᠣᠬᠢᠴᠠᠩᠭᠤᠢ ᠬᠢᠷᠢ ᠬᠡᠮ ᠤᠨ ᠨᠥᠬᠦᠴᠡᠯ ᠦᠭᠡᠢ ᠨᠢᠭᠡᠴᠡ ᠳᠤ ᠬᠤᠪᠢᠶᠠᠨ ᠳᠠᠭᠠᠭᠠᠴᠢᠯᠠᠭᠤᠯᠬᠤ ᠶᠢ ᠴᠠᠭᠠᠵᠠᠯᠠᠨ᠎ᠠ᠃ ᠬᠤᠪᠢᠶᠠᠨ ᠳᠠᠭᠠᠭᠠᠴᠢᠯᠠᠭᠰᠠᠨ ᠨᠢᠭᠡᠴᠡ ᠶᠢᠨ ᠳᠠᠭᠠᠭᠠᠴᠢᠯᠠᠭᠰᠠᠨ ᠪᠠᠷᠢᠯᠭ᠎ᠠ ᠪᠠᠨ ᠳᠠᠬᠢᠨ ᠬᠤᠪᠢᠶᠠᠨ ᠳᠠᠭᠠᠭᠠᠴᠢᠯᠠᠭᠤᠯᠬᠤ ᠶᠢ ᠴᠠᠭᠠᠵᠠᠯᠠᠨ᠎ᠠ᠃    ᠳᠥᠷᠪᠡᠳᠦᠭᠡᠷ ᠪᠦᠯᠦᠭ   ᠪᠠᠷᠢᠯᠭ᠎ᠠ ᠶᠢᠨ ᠠᠵᠢᠯ ᠢ ᠬᠢᠨᠠᠵᠤ ᠬᠠᠮᠢᠶᠠᠷᠬᠤᠭᠤᠴᠢᠳᠤᠭᠠᠷ ᠵᠤᠷᠪᠤᠰ   ᠤᠯᠤᠰ ᠠᠴᠠ ᠪᠠᠷᠢᠯᠭ᠎ᠠ ᠶᠢᠨ ᠠᠵᠢᠯ ᠢ ᠬᠢᠨᠠᠵᠤ ᠬᠠᠮᠢᠶᠠᠷᠬᠤ ᠳᠦᠷᠢᠮ ᠢ ᠬᠡᠷᠡᠭᠵᠢᠭᠦᠯᠦᠨ᠎ᠡ᠃    ᠲᠥᠷᠥ ᠶᠢᠨ ᠶᠠᠪᠤᠳᠠᠯ ᠤᠨ ᠬᠤᠷᠢᠶᠠᠨ ᠠᠴᠠ ᠠᠯᠪᠠᠲᠠᠨ ᠬᠢᠨᠠᠵᠤ ᠬᠠᠮᠢᠶᠠᠷᠬᠤ ᠪᠠᠷᠢᠯᠭ᠎ᠠ ᠶᠢᠨ ᠠᠵᠢᠯ ᠤᠨ ᠬᠦᠷᠢᠶ᠎ᠡ ᠬᠡᠪᠴᠢᠶ᠎ᠡ ᠶᠢ ᠲᠣᠭᠲᠠᠭᠠᠵᠤ ᠪᠣᠯᠤᠨ᠎ᠠ᠃    ᠭᠤᠴᠢᠨ ᠨᠢᠭᠡᠳᠦᠭᠡᠷ ᠵᠤᠷᠪᠤᠰ  ᠬᠢᠨᠠᠯᠲᠠ ᠬᠠᠮᠢᠶᠠᠷᠤᠯᠲᠠ ᠬᠡᠷᠡᠭᠵᠢᠭᠦᠯᠬᠦ ᠪᠠᠷᠢᠯᠭ᠎ᠠ ᠶᠢᠨ ᠠᠵᠢᠯ ᠢ ᠪᠦᠲᠦᠭᠡᠨ ᠪᠠᠶᠢᠭᠤᠯᠬᠤ ᠨᠢᠭᠡᠴᠡ ᠠᠴᠠ ᠬᠢᠷᠢ ᠬᠡᠮ ᠤᠨ ᠵᠣᠬᠢᠴᠠᠩᠭᠤᠢ ᠨᠥᠬᠦᠴᠡᠯ ᠪᠦᠬᠦᠢ ᠪᠠᠷᠢᠯᠭ᠎ᠠ ᠬᠢᠨᠠᠵᠤ ᠬᠠᠮᠢᠶᠠᠷᠬᠤ ᠨᠢᠭᠡᠴᠡ ᠳᠤ ᠨᠠᠶᠢᠳᠠᠨ ᠬᠢᠨᠠᠵᠤ ᠬᠠᠮᠢᠶᠠᠷᠤᠭᠤᠯᠤᠨ᠎ᠠ᠃ ᠪᠦᠲᠦᠭᠡᠨ ᠪᠠᠶᠢᠭᠤᠯᠬᠤ ᠨᠢᠭᠡᠴᠡ ᠨᠢ ᠲᠡᠭᠦᠨ ᠤ ᠨᠠᠶᠢᠳᠠᠭᠰᠠᠨ ᠪᠠᠷᠢᠯᠭ᠎ᠠ ᠬᠢᠨᠠᠵᠤ ᠬᠠᠮᠢᠶᠠᠷᠬᠤ ᠨᠢᠭᠡᠴᠡ ᠯᠦᠭᠡ ᠨᠠᠶᠢᠳᠠᠨ ᠬᠢᠨᠠᠵᠤ ᠬᠠᠮᠢᠶᠠᠷᠤᠭᠤᠯᠬᠤ ᠪᠢᠴᠢᠭ ᠤᠨ ᠭᠡᠷ᠎ᠡ ᠲᠣᠭᠲᠠᠭᠠᠬᠤ ᠬᠡᠷᠡᠭᠲᠡᠢ᠃    ᠭᠤᠴᠢᠨ ᠬᠤᠶᠠᠳᠤᠭᠠᠷ ᠵᠤᠷᠪᠤᠰ  ᠪᠠᠷᠢᠯᠭ᠎ᠠ ᠶᠢᠨ ᠠᠵᠢᠯ ᠢ ᠬᠢᠨᠠᠵᠤ ᠬᠠᠮᠢᠶᠠᠷᠬᠤ ᠡᠲᠡᠭᠡᠳ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠣᠯᠤᠨ ᠬᠤᠯᠪᠣᠭᠳᠠᠯ ᠪᠦᠬᠦᠢ ᠲᠧᠭᠨᠢᠭ ᠮᠡᠷᠭᠡᠵᠢᠯ ᠤᠨ ᠪᠠᠷᠢᠮᠵᠢᠶ᠎ᠠ᠂ ᠵᠢᠷᠤᠭ ᠲᠥᠯᠦᠪᠯᠡᠭᠡᠨ ᠤ ᠪᠢᠴᠢᠭ ᠮᠠᠲ᠋ᠧᠷᠢᠶᠠᠯ ᠪᠠ ᠪᠠᠷᠢᠯᠭ᠎ᠠ ᠶᠢᠨ ᠠᠵᠢᠯ ᠤᠨ ᠳᠠᠭᠠᠭᠠᠴᠢᠯᠠᠯᠲᠠ ᠶᠢᠨ ᠭᠡᠷ᠎ᠡ ᠶᠢᠨ ᠶᠣᠰᠣᠭᠠᠷ᠂ ᠳᠠᠭᠠᠭᠠᠴᠢᠯᠠᠭᠰᠠᠨ ᠨᠢᠭᠡᠴᠡ ᠶᠢᠨ ᠠᠵᠢᠯ ᠤᠨ ᠶᠠᠰᠤ ᠴᠢᠨᠠᠷ᠂ ᠪᠦᠲᠦᠭᠡᠨ ᠪᠠᠶᠢᠭᠤᠯᠬᠤ ᠠᠵᠢᠯ ᠤᠨ ᠬᠤᠭᠤᠴᠠᠭ᠎ᠠ ᠬᠢᠭᠡᠳ ᠪᠦᠲᠦᠭᠡᠨ ᠪᠠᠶᠢᠭᠤᠯᠬᠤ ᠪᠡᠯᠡ ᠮᠥᠩᠭᠦ ᠶᠢᠨ ᠬᠡᠷᠡᠭᠯᠡᠯᠲᠡ ᠵᠡᠷᠭᠡ ᠲᠠᠯ᠎ᠠ ᠪᠠᠷ ᠪᠦᠲᠦᠭᠡᠨ ᠪᠠᠶᠢᠭᠤᠯᠬᠤ ᠨᠢᠭᠡᠴᠡ ᠶᠢ ᠲᠥᠯᠥᠭᠡᠯᠡᠨ ᠬᠢᠨᠠᠯᠲᠠ ᠲᠠᠯᠪᠢᠨ᠎ᠠ᠃    ᠪᠠᠷᠢᠯᠭ᠎ᠠ ᠬᠢᠨᠠᠵᠤ ᠬᠠᠮᠢᠶᠠᠷᠬᠤ ᠠᠵᠢᠯᠲᠠᠨ ᠠᠴᠠ ᠪᠠᠷᠢᠯᠭ᠎ᠠ ᠶᠢᠨ ᠠᠵᠢᠯ ᠨᠢ ᠪᠠᠷᠢᠯᠭ᠎ᠠ ᠶᠢᠨ ᠵᠢᠷᠤᠭ ᠲᠥᠯᠥᠪᠯᠡᠯᠭᠡ ᠶᠢᠨ ᠱᠠᠭᠠᠷᠳᠠᠯᠭ᠎ᠠ᠂ ᠪᠠᠷᠢᠯᠭ᠎ᠠ ᠪᠠᠷᠢᠬᠤ ᠲᠧᠭᠨᠢᠭ ᠮᠡᠷᠭᠡᠵᠢᠯ ᠤᠨ ᠪᠠᠷᠢᠮᠵᠢᠶ᠎ᠠ ᠪᠣᠯᠤᠨ ᠭᠡᠷ᠎ᠡ ᠳᠤ ᠪᠣᠯᠵᠣᠨ ᠲᠣᠭᠲᠠᠭᠠᠭᠰᠠᠨ ᠱᠠᠭᠠᠷᠳᠠᠯᠭ᠎ᠠ ᠲᠠᠢ ᠨᠡᠶᠢᠴᠡᠬᠦ ᠦᠭᠡᠢ ᠭᠡᠵᠦ ᠦᠵᠡᠪᠡᠯ᠂ ᠪᠠᠷᠢᠯᠭ᠎ᠠ ᠪᠠᠷᠢᠬᠤ ᠠᠵᠤ ᠠᠬᠤᠶᠢᠯᠠᠯ ᠳᠤ ᠵᠠᠯᠠᠷᠠᠭᠤᠯᠬᠤ ᠱᠠᠭᠠᠷᠳᠠᠯᠭ᠎ᠠ ᠲᠠᠯᠪᠢᠬᠤ ᠡᠷᠬᠡ ᠲᠠᠢ᠃    ᠪᠠᠷᠢᠯᠭ᠎ᠠ ᠬᠢᠨᠠᠵᠤ ᠬᠠᠮᠢᠶᠠᠷᠬᠤ ᠠᠵᠢᠯᠲᠠᠨ ᠠᠴᠠ ᠪᠠᠷᠢᠯᠭ᠎ᠠ ᠶᠢᠨ ᠵᠢᠷᠤᠭ ᠲᠥᠯᠥᠪᠯᠡᠭᠡ ᠨᠢ ᠪᠠᠷᠢᠯᠭ᠎ᠠ ᠶᠢᠨ ᠠᠵᠢᠯ ᠤᠨ ᠶᠠᠰᠤ ᠴᠢᠨᠠᠷ ᠤᠨ ᠪᠠᠷᠢᠮᠵᠢᠶ᠎ᠠ ᠪᠤᠶᠤ ᠭᠡᠷ᠎ᠡ ᠳᠤ ᠪᠣᠯᠵᠣᠨ ᠲᠣᠭᠲᠠᠭᠠᠭᠰᠠᠨ ᠶᠠᠰᠤ ᠴᠢᠨᠠᠷ ᠤᠨ ᠱᠠᠭᠠᠷᠳᠠᠯᠭ᠎ᠠ ᠳᠤ ᠨᠡᠶᠢᠴᠡᠬᠦ ᠥᠬᠡᠢ ᠪᠠᠶᠢᠬᠤ ᠶᠢ ᠣᠯᠵᠤ ᠮᠡᠳᠡᠪᠡᠯ᠂ ᠪᠦᠲᠦᠭᠡᠨ ᠪᠠᠶᠢᠭᠤᠯᠬᠤ ᠨᠢᠭᠡᠴᠡ ᠳᠤ ᠮᠡᠳᠡᠭᠦᠯᠵᠦ ᠵᠢᠷᠤᠵᠤ ᠲᠥᠯᠥᠪᠯᠡᠭᠰᠡᠨ ᠨᠢᠭᠡᠴᠡ ᠳᠤ ᠵᠠᠯᠠᠷᠠᠭᠤᠯᠬᠤ ᠱᠠᠭᠠᠷᠳᠠᠯᠭ᠎ᠠ ᠲᠠᠯᠪᠢᠬᠤ ᠬᠡᠷᠡᠭᠲᠡᠢ᠃    ᠭᠤᠴᠢᠨ ᠭᠤᠷᠪᠠᠳᠤᠭᠠᠷ ᠵᠤᠷᠪᠤᠰ  ᠪᠠᠷᠢᠯᠭ᠎ᠠ ᠶᠢᠨ ᠠᠵᠢᠯ ᠳᠤ ᠬᠢᠨᠠᠯᠲᠠ ᠬᠠᠮᠢᠶᠠᠷᠤᠯᠲᠠ ᠶᠠᠪᠤᠭᠤᠯᠬᠤ ᠠᠴᠠ ᠡᠮᠦᠨ᠎ᠡ᠂ ᠪᠦᠲᠦᠭᠡᠨ ᠪᠠᠶᠢᠭᠤᠯᠬᠤ ᠨᠢᠭᠡᠴᠡ‌ᠡᠴᠡ‌ᠨᠠᠶᠢᠳᠠᠭᠰᠠᠨ ᠪᠠᠷᠢᠯᠭ᠎ᠠ ᠬᠢᠨᠠᠵᠤ ᠬᠠᠮᠢᠶᠠᠷᠬᠤ ᠨᠢᠭᠡᠴᠡ᠂ ᠬᠢᠨᠠᠵᠤ ᠬᠠᠮᠢᠶᠠᠷᠬᠤ ᠠᠭᠤᠯᠭ᠎ᠠ ᠵᠢᠴᠢ ᠬᠢᠨᠠᠵᠤ ᠬᠠᠮᠢᠶᠠᠷᠬᠤ ᠡᠷᠬᠡ ᠮᠠᠲᠠᠯ ᠤᠨ ᠬᠡᠪᠴᠢᠶ᠎ᠡ ᠶᠢ ᠬᠢᠨᠠᠭᠳᠠᠨ ᠬᠠᠮᠢᠶᠠᠷᠤᠭᠳᠠᠬᠤ ᠪᠠᠷᠢᠯᠭ᠎ᠠ ᠪᠠᠷᠢᠬᠤ ᠠᠵᠤ  ᠠᠬᠤᠶᠢᠯᠠᠯ ᠳᠤ ᠪᠢᠴᠢᠭ ᠢᠶᠠᠷ ᠮᠡᠳᠡᠭᠳᠡᠬᠦ ᠬᠡᠷᠡᠭᠲᠡᠢ᠃    ᠭᠤᠴᠢᠨ ᠳᠥᠷᠪᠡᠳᠦᠭᠡᠷ ᠵᠤᠷᠪᠤᠰ  ᠪᠠᠷᠢᠯᠭ᠎ᠠ ᠬᠢᠨᠠᠵᠤ ᠬᠠᠮᠢᠶᠠᠷᠬᠤ ᠨᠢᠭᠡᠴᠡ ᠠᠴᠠ ᠲᠡᠭᠦᠨ ᠤ ᠬᠢᠷᠢ ᠬᠡᠮ ᠤᠨ ᠵᠡᠷᠭᠡ ᠳᠡᠰ ᠤᠨ ᠵᠥᠪᠰᠢᠶᠡᠷᠡᠭᠰᠡᠨ ᠬᠢᠨᠠᠵᠤ ᠬᠠᠮᠢᠶᠠᠷᠬᠤ ᠬᠡᠪᠴᠢᠶᠡᠨ ᠳᠣᠲᠣᠷ᠎ᠠ᠂ ᠪᠠᠷᠢᠯᠭ᠎ᠠ ᠬᠢᠨᠠᠵᠤ ᠬᠠᠮᠢᠶᠠᠷᠬᠤ ᠲᠤᠬᠠᠶᠢᠯᠠᠭᠰᠠᠨ ᠠᠵᠢᠯ ᠢ ᠡᠭᠦᠷᠭᠡᠯᠡᠬᠦ ᠬᠡᠷᠡᠭᠲᠡᠢ᠃    ᠪᠠᠷᠢᠯᠭ᠎ᠠ ᠬᠢᠨᠠᠵᠤ ᠬᠠᠮᠢᠶᠠᠷᠬᠤ ᠨᠢᠭᠡᠴᠡ ᠨᠢ ᠪᠦᠲᠦᠭᠡᠨ ᠪᠠᠶᠢᠭᠤᠯᠬᠤ ᠨᠢᠭᠡᠴᠡ ᠶᠢᠨ ᠨᠠᠢᠳᠠᠯᠭ᠎ᠠ ᠶᠢ ᠦᠨᠳᠦᠰᠦᠯᠡᠨ ᠬᠢᠨᠠᠵᠤ ᠬᠠᠮᠢᠶᠠᠷᠬᠤ ᠡᠭᠦᠷᠭᠡ ᠪᠠᠨ ᠪᠤᠰᠤᠳᠴᠢ ᠪᠠᠷ᠂ ᠲᠥᠪ ᠭᠤᠣᠯᠴᠢ ᠪᠠᠷ ᠭᠦᠢᠴᠡᠳᠬᠡᠬᠦ ᠬᠡᠷᠡᠭᠲᠡᠢ᠃    ᠪᠠᠷᠢᠯᠭ᠎ᠠ ᠬᠢᠨᠠᠵᠤ ᠬᠠᠮᠢᠶᠠᠷᠬᠤ ᠨᠢᠭᠡᠴᠡ ᠨᠢ ᠬᠢᠨᠠᠭᠳᠠᠨ ᠬᠠᠮᠢᠶᠠᠷᠤᠭᠳᠠᠬᠤ ᠪᠠᠷᠢᠯᠭ᠎ᠠ ᠶᠢ ᠳᠠᠭᠠᠭᠠᠴᠢᠯᠠᠭᠰᠠᠨ ᠨᠢᠭᠡᠴᠡ ᠵᠢᠴᠢ ᠪᠠᠷᠢᠯᠭ᠎ᠠ ᠶᠢᠨ ᠮᠠᠲ᠋ᠧᠷᠢᠶᠠᠯ᠂ ᠪᠠᠷᠢᠯᠭ᠎ᠠ ᠶᠢᠨ ᠪᠦᠲᠦᠴᠡ ᠲᠣᠨᠤᠭ ᠰᠡᠯᠪᠢᠭᠡᠰᠦ ᠪᠣᠯᠤᠨ ᠲᠣᠨᠤᠭ ᠲᠥᠬᠦᠭᠡᠷᠦᠮᠵᠢ ᠬᠠᠩᠭᠠᠬᠤ ᠨᠢᠭᠡᠴᠡ ᠯᠦᠭᠡ ᠬᠠᠷᠢᠶᠠᠯᠠᠭᠳᠠᠬᠤ ᠬᠠᠷᠢᠴᠠᠭ᠎ᠠ ᠪᠤᠶᠤ ᠪᠤᠰᠤᠳ ᠠᠰᠢᠭ ᠬᠤᠣᠷ ᠤᠨ ᠬᠠᠷᠢᠴᠠᠭ᠎ᠠ ᠲᠠᠢ ᠪᠠᠶᠢᠵᠤ ᠪᠣᠯᠬᠤ ᠦᠭᠡᠢ᠃    ᠪᠠᠷᠢᠯᠭ᠎ᠠ ᠬᠢᠨᠠᠵᠤ ᠬᠠᠮᠢᠶᠠᠷᠬᠤ ᠨᠢᠭᠡᠴᠡ ᠨᠢ ᠪᠠᠷᠢᠯᠭ᠎ᠠ ᠬᠢᠨᠠᠵᠤ ᠬᠠᠮᠢᠶᠠᠷᠬᠤ ᠲᠤᠬᠠᠶᠢᠯᠠᠭᠰᠠᠨ ᠠᠵᠢᠯ ᠢᠶᠠᠨ ᠪᠤᠰᠤᠳ ᠲᠤ ᠰᠢᠯᠵᠢᠭᠦᠯᠦᠨ ᠥᠭᠴᠦ ᠪᠣᠯᠬᠤ ᠦᠭᠡᠢ᠃    ᠭᠤᠴᠢᠨ ᠲᠠᠪᠤᠳᠤᠭᠠᠷ ᠵᠤᠷᠪᠤᠰ   ᠪᠠᠷᠢᠯᠭ᠎ᠠ ᠬᠢᠨᠠᠵᠤ ᠬᠠᠮᠢᠶᠠᠷᠬᠤ ᠨᠢᠭᠡᠴᠡ ᠨᠢ ᠨᠠᠶᠢᠳᠠᠨ ᠬᠢᠨᠠᠵᠤ ᠬᠠᠮᠢᠶᠠᠷᠤᠭᠤᠯᠬᠤ ᠭᠡᠷ᠎ᠡ ᠳᠤ ᠲᠣᠭᠲᠠᠭᠠᠭᠰᠠᠨ ᠪᠣᠯᠵᠣᠯ ᠶᠣᠰᠣᠭᠠᠷ ᠬᠢᠨᠠᠵᠤ ᠬᠠᠮᠢᠶᠠᠷᠬᠤ ᠡᠭᠦᠷᠭᠡ ᠪᠠᠨ ᠭᠦᠢᠴᠡᠳᠬᠡᠬᠦ ᠥᠬᠡᠢ᠂ ᠬᠢᠨᠠᠯᠲᠠ ᠲᠠᠯᠪᠢᠨ  ᠪᠠᠶᠢᠴᠠᠭᠠᠬᠤ ᠶᠣᠰᠣᠲᠠᠢ ᠵᠤᠷᠪᠤᠰ ᠢ ᠪᠠᠶᠢᠴᠠᠭᠠᠬᠤ ᠥᠬᠡᠢ ᠪᠤᠶᠤ ᠪᠦᠲᠦᠭᠡᠨ ᠪᠠᠶᠢᠭᠤᠯᠬᠤ ᠨᠢᠭᠡᠴᠡ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠲᠣᠭᠲᠠᠭᠠᠯ ᠶᠣᠰᠣᠭᠠᠷ ᠵᠣᠬᠢᠴᠠᠩᠭᠤᠢ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃    ᠪᠠᠷᠢᠯᠭ᠎ᠠ ᠬᠢᠨᠠᠵᠤ ᠬᠠᠮᠢᠶᠠᠷᠬᠤ ᠨᠢᠭᠡᠴᠡ ᠨᠢ ᠳᠠᠭᠠᠭᠠᠴᠢᠯᠠᠭᠰᠠᠨ ᠨᠢᠭᠡᠴᠡ ᠲᠠᠢ ᠰᠦᠯᠪᠡᠭᠡᠯᠡᠵᠦ ᠪᠠᠶᠢᠭᠠᠳ ᠳᠠᠭᠠᠭᠠᠴᠢᠯᠠᠭᠰᠠᠨ ᠨᠢᠭᠡᠴᠡ ᠳᠤ ᠬᠠᠤᠯᠢ ᠪᠤᠰᠤ ᠠᠰᠢᠭ ᠲᠤᠰᠠ ᠣᠯᠭᠤᠵᠤ᠂ ᠪᠦᠲᠦᠭᠡᠨ ᠪᠠᠶᠢᠭᠤᠯᠬᠤ ᠨᠢᠭᠡᠴᠡ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠳᠠᠭᠠᠭᠠᠴᠢᠯᠠᠭᠰᠠᠨ ᠨᠢᠭᠡᠴᠡ ᠲᠠᠢ ᠬᠤᠯᠪᠣᠯᠳᠤᠭᠰᠠᠨ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃    ᠲᠠᠪᠤᠳᠤᠭᠠᠷ ᠪᠦᠯᠦᠭ   ᠪᠠᠷᠢᠯᠭ᠎ᠠ ᠶᠢᠨ ᠠᠶᠤᠯ ᠦᠭᠡᠢ ᠦᠢᠯᠡᠳᠪᠦᠷᠢᠯᠡᠬᠦ ᠶᠢᠨ ᠬᠠᠮᠢᠶᠠᠷᠤᠯᠲᠠ    ᠭᠤᠴᠢᠨ ᠵᠢᠷᠭᠤᠳᠤᠭᠠᠷ ᠵᠤᠷᠪᠤᠰ   ᠪᠠᠷᠢᠯᠭ᠎ᠠ ᠶᠢᠨ ᠠᠵᠢᠯ ᠤᠨ ᠠᠶᠤᠯ ᠦᠭᠡᠢ ᠦᠢᠯᠡᠳᠪᠦᠷᠢᠯᠡᠬᠦ ᠶᠢᠨ ᠬᠠᠮᠢᠶᠠᠷᠤᠯᠲᠠ ᠨᠢ ᠡᠷᠬᠡᠪᠰᠢ ᠠᠶᠤᠯ ᠦᠭᠡᠢ ᠪᠠᠶᠢᠬᠤ ᠶᠢ ᠲᠡᠷᠢᠭᠦᠨ ᠳᠤ ᠲᠠᠯᠪᠢᠵᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠴᠢᠭᠯᠡᠯᠲᠡ ᠶᠢ ᠪᠠᠷᠢᠮᠲᠠᠯᠠᠵᠤ᠂  ᠠᠶᠤᠯ ᠦᠭᠡᠢ ᠦᠢᠯᠡᠳᠪᠦᠷᠢᠯᠡᠬᠦ ᠬᠠᠷᠢᠭᠤᠴᠠᠯᠭ᠎ᠠ ᠶᠢᠨ ᠳᠦᠷᠢᠮ ᠪᠣᠯᠤᠨ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠳᠦᠷᠢᠮ ᠢ ᠪᠠᠶᠢᠭᠤᠯᠵᠤ ᠲᠡᠭᠦᠯᠳᠡᠷᠵᠢᠭᠦᠯᠬᠦ ᠬᠡᠷᠡᠭᠲᠡᠢ᠃    ᠭᠤᠴᠢᠨ ᠳᠣᠯᠣᠳᠤᠭᠠᠷ ᠵᠤᠷᠪᠤᠰ  ᠪᠠᠷᠢᠯᠭ᠎ᠠ ᠶᠢᠨ ᠵᠢᠷᠤᠭ ᠲᠥᠯᠥᠪᠯᠡᠭᠡ ᠨᠢ ᠤᠯᠤᠰ ᠤᠨ ᠲᠣᠭᠲᠠᠭᠠᠯ ᠶᠣᠰᠣᠭᠠᠷ ᠲᠣᠭᠲᠠᠭᠠᠭᠰᠠᠨ ᠪᠠᠷᠢᠯᠭ᠎ᠠ ᠶᠢᠨ ᠠᠶᠤᠯ ᠦᠭᠡᠢ ᠶᠢᠨ ᠲᠣᠭᠲᠠᠭᠠᠯ ᠵᠢᠷᠤᠮ ᠪᠠ ᠲᠧᠭᠨᠢᠭ ᠮᠡᠷᠭᠡᠵᠢᠯ ᠤᠨ ᠵᠢᠷᠤᠮᠵᠢᠯ ᠳᠤ ᠨᠡᠶᠢᠴᠡᠭᠰᠡᠨ ᠪᠠᠶᠢᠵᠤ᠂ ᠪᠠᠷᠢᠯᠭ᠎ᠠ ᠶᠢᠨ ᠠᠶᠤᠯ ᠦᠭᠡᠢ ᠰᠢᠨᠵᠢ ᠴᠢᠨᠠᠷ ᠢ ᠪᠠᠲᠤᠯᠠᠬᠤ ᠬᠡᠷᠡᠭᠲᠡᠢ᠃    ᠭᠤᠴᠢᠨ ᠨᠠᠢᠮᠠᠳᠤᠭᠠᠷ ᠵᠤᠷᠪᠤᠰ   ᠪᠠᠷᠢᠯᠭ᠎ᠠ ᠪᠠᠷᠢᠬᠤ ᠠᠵᠤ ᠠᠬᠤᠶᠢᠯᠠᠯ ᠨᠢ ᠪᠠᠷᠢᠯᠭ᠎ᠠ ᠶᠢᠨ ᠠᠵᠢᠯ ᠢ ᠵᠣᠬᠢᠶᠠᠨ ᠪᠠᠶᠢᠭᠤᠯᠬᠤ ᠵᠢᠷᠤᠭ ᠲᠥᠯᠥᠪᠯᠡᠭᠡ ᠵᠣᠬᠢᠶᠠᠬᠤ ᠳᠠᠭᠠᠨ᠂ ᠪᠠᠷᠢᠯᠭ᠎ᠠ ᠶᠢᠨ ᠠᠵᠢᠯ ᠤᠨ ᠣᠨᠴᠠᠯᠢᠭ ᠢ ᠦᠨᠳᠦᠰᠦᠯᠡᠨ᠂ ᠠᠶᠤᠯ ᠦᠭᠡᠢ ᠪᠠᠶᠢᠬᠤ ᠵᠣᠬᠢᠴᠠᠩᠭᠤᠢ ᠲᠧᠭᠨᠢᠭ ᠮᠡᠷᠭᠡᠵᠢᠯ ᠤᠨ ᠠᠷᠭ᠎ᠠ ᠬᠡᠮᠵᠢᠶ᠎ᠡ ᠲᠣᠭᠲᠠᠭᠠᠬᠤ ᠬᠡᠷᠡᠭᠲᠡᠢ᠃ ᠲᠤᠰᠬᠠᠢ ᠮᠡᠷᠭᠡᠵᠢᠯ ᠤᠨ ᠴᠢᠨᠠᠷ ᠢᠶᠠᠷ ᠨᠡᠯᠢᠶᠡᠳ ᠴᠢᠩᠭ᠎ᠠ ᠪᠠᠷᠢᠯᠭ᠎ᠠ ᠶᠢᠨ ᠵᠦᠢᠯᠡᠰ ᠲᠤ᠂ ᠠᠶᠤᠯ ᠦᠭᠡᠢ ᠪᠠᠷᠢᠯᠭ᠎ᠠ ᠪᠠᠷᠢᠬᠤ ᠲᠤᠰᠬᠠᠢ ᠵᠣᠬᠢᠶᠠᠨ ᠪᠠᠶᠢᠭᠤᠯᠤᠯᠲᠠ‌‍ᠶᠢᠨ ᠵᠢᠷᠤᠭ ᠲᠥᠯᠥᠪᠯᠡᠭᠡ ᠵᠣᠬᠢᠶᠠᠬᠤ ᠶᠢᠨ ᠬᠠᠮᠲᠤ᠂ ᠠᠶᠤᠯ ᠦᠭᠡᠢ ᠶᠢᠨ ᠮᠡᠷᠭᠡᠵᠢᠯ ᠤᠨ ᠠᠷᠭ᠎ᠠ ᠬᠡᠮᠵᠢᠶ᠎ᠡ ᠠᠪᠬᠤ ᠬᠡᠷᠡᠭᠲᠡᠢ᠃    ᠭᠤᠴᠢ ᠶᠢᠰᠦᠳᠦᠭᠡᠷ ᠵᠤᠷᠪᠤᠰ  ᠪᠠᠷᠢᠯᠭ᠎ᠠ ᠪᠠᠷᠢᠬᠤ ᠠᠵᠤ ᠠᠬᠤᠶᠢᠯᠠᠯ ᠨᠢ ᠪᠠᠷᠢᠯᠭ᠎ᠠ ᠶᠢᠨ ᠭᠠᠵᠠᠷ ᠲᠠᠭᠠᠨ ᠠᠮᠤᠷ ᠲᠦᠪᠰᠢᠨ ᠢ ᠬᠠᠮᠠᠭᠠᠯᠠᠬᠤ᠂ ᠠᠶᠤᠯ ᠢ ᠰᠡᠷᠭᠡᠶᠢᠯᠡᠬᠦ᠂ ᠭᠠᠯ ᠤᠨ ᠠᠶᠤᠯ ᠢ ᠰᠡᠷᠭᠡᠶᠢᠯᠡᠬᠦ ᠵᠡᠷᠭᠡ ᠠᠷᠭ᠎ᠠ ᠬᠡᠮᠵᠢᠶ᠎ᠡ ᠠᠪᠬᠤ ᠬᠡᠷᠡᠭᠲᠡᠢ᠃ ᠨᠥᠬᠦᠴᠡᠯ ᠲᠠᠢ ᠨᠢ ᠪᠠᠷᠢᠯᠭ᠎ᠠ ᠶᠢᠨ ᠭᠠᠵᠠᠷ ᠢ ᠪᠢᠲᠡᠭᠦᠮᠵᠢᠯᠡᠨ ᠬᠠᠮᠢᠶᠠᠷᠬᠤ ᠬᠡᠷᠡᠭᠲᠡᠢ᠃    ᠪᠠᠷᠢᠯᠭ᠎ᠠ ᠶᠢᠨ ᠭᠠᠵᠠᠷ ᠨᠢ ᠣᠶᠢᠷ᠎ᠠ ᠣᠷᠴᠢᠮ ᠤᠨ ᠪᠠᠷᠢᠯᠭ᠎ᠠ᠂  ᠪᠦᠲᠦᠴᠡ ᠶᠢᠨ ᠪᠣᠳᠠᠰ ᠪᠠ ᠣᠨᠴᠠᠭᠠᠢ ᠠᠵᠢᠯᠯᠠᠬᠤ ᠣᠷᠴᠢᠨ ᠳᠤ ᠬᠤᠬᠢᠷᠠᠯ ᠤᠴᠠᠷᠠᠭᠤᠯᠵᠤ ᠮᠡᠳᠡᠬᠦ᠂ ᠪᠠᠷᠢᠯᠭ᠎ᠠ ᠪᠠᠷᠢᠬᠤ ᠠᠵᠤ ᠠᠬᠤᠶᠢᠯᠠᠯ ᠤᠳ ᠠᠶᠤᠯ ᠦᠭᠡᠢ ᠪᠠᠶᠢᠬᠤ ᠶᠢ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃ᠳᠥᠴᠢᠳᠦᠭᠡᠷ ᠵᠤᠷᠪᠤᠰ  ᠪᠦᠲᠦᠭᠡᠨ ᠪᠠᠶᠢᠭᠤᠯᠬᠤ ᠨᠢᠭᠡᠴᠡ ᠨᠢ ᠪᠠᠷᠢᠯᠭ᠎ᠠ ᠪᠠᠷᠢᠬᠤ ᠠᠵᠤ ᠠᠬᠤᠶᠢᠯᠠᠯ ᠳᠤ ᠪᠠᠷᠢᠯᠭ᠎ᠠ ᠪᠠᠷᠢᠬᠤ ᠭᠠᠵᠠᠷ ᠲᠠᠢ ᠬᠤᠯᠪᠣᠭᠳᠠᠬᠤ ᠭᠠᠵᠠᠷ ᠳᠣᠣᠷᠠᠬᠢ ᠬᠤᠭᠤᠯᠠᠢ ᠤᠲᠠᠰᠤᠨ ᠤ ᠲᠤᠬᠠᠢ ᠮᠠᠲ᠋ᠧᠷᠢᠶᠠᠯ ᠢ ᠬᠠᠩᠭᠠᠬᠤ ᠬᠡᠷᠡᠭᠲᠡᠢ᠂ ᠪᠠᠷᠢᠯᠭ᠎ᠠ ᠪᠠᠷᠢᠬᠤ ᠠᠵᠤ  ᠠᠬᠤᠶᠢᠯᠠᠯ ᠠᠷᠭ᠎ᠠ ᠬᠡᠮᠵᠢᠶ᠎ᠡ ᠠᠪᠴᠤ ᠲᠡᠳᠡᠭᠡᠷ ᠢ ᠬᠠᠮᠠᠭᠠᠯᠠᠬᠤ ᠬᠡᠷᠡᠭᠲᠡᠢ᠃    ᠳᠥᠴᠢᠨ ᠨᠢᠭᠡᠳᠦᠭᠡᠷ ᠵᠤᠷᠪᠤᠰ   ᠪᠠᠷᠢᠯᠭ᠎ᠠ ᠪᠠᠷᠢᠬᠤ ᠠᠵᠤ ᠠᠬᠤᠶᠢᠯᠠᠯ ᠨᠢ ᠣᠷᠴᠢᠨ ᠠᠬᠤᠢ ᠶᠢ ᠬᠠᠮᠠᠭᠠᠯᠠᠬᠤ ᠪᠠ ᠠᠶᠤᠯ ᠦᠭᠡᠢ ᠦᠢᠯᠡᠳᠪᠦᠷᠢᠯᠡᠬᠦ ᠲᠤᠬᠠᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠢ ᠵᠢᠷᠤᠮᠯᠠᠵᠤ᠂ ᠪᠠᠷᠢᠯᠭ᠎ᠠ ᠶᠢᠨ ᠭᠠᠵᠠᠷ ᠤᠨ ᠡᠯ᠎ᠡ ᠵᠤᠷᠪᠤᠰ ᠤᠨ ᠬᠤᠮᠠᠬᠢ ᠲᠣᠭᠤᠰᠣ᠂ ᠬᠠᠶᠠᠭᠳᠠᠮᠠᠯ ᠬᠡᠢ᠂ ᠬᠠᠶᠠᠭᠳᠠᠮᠠᠯ ᠤᠰᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠵᠢᠴᠢ ᠱᠤᠤᠭᠢᠶᠠᠨ᠂ ᠳᠣᠷᠭᠢᠶᠠᠨ ᠤ ᠣᠷᠴᠢᠨ ᠲᠣᠭᠤᠷᠢᠨ ᠳᠤ ᠦᠵᠡᠭᠦᠯᠬᠦ ᠪᠣᠬᠢᠷᠲᠤᠭᠤᠯᠤᠯ ᠪᠠ ᠬᠤᠣᠷᠳᠠᠭᠤᠯᠦᠯ ᠢ ᠬᠤᠷᠢᠭᠯᠠᠨ ᠰᠢᠢᠳᠪᠦᠷᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠢ᠃    ᠳᠥᠴᠢᠨ ᠬᠤᠶᠠᠳᠤᠭᠠᠷ ᠵᠤᠷᠪᠤᠰ  ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠬᠤ ᠪᠦᠲᠦᠭᠡᠨ ᠪᠠᠶᠢᠭᠤᠯᠬᠤ ᠨᠢᠭᠡᠴᠡ ᠠᠴᠠ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠤᠶᠤᠴᠢᠯᠠᠨ ᠵᠥᠪᠰᠢᠶᠡᠷᠡᠭᠦᠯᠬᠦ ᠭᠠᠷᠳᠠᠮ ᠭᠦᠢᠴᠡᠳᠬᠡᠬᠦ ᠬᠡᠷᠡᠭᠲᠡᠢ᠄    ︵ᠨᠢᠭᠡ︶ ᠲᠥᠯᠥᠪᠵᠢᠭᠦᠯᠭᠡ ᠳᠤ ᠵᠥᠪᠰᠢᠶᠡᠷᠡᠭᠰᠡᠨ ᠬᠡᠪᠴᠢᠶᠡᠨ ᠠᠴᠠ ᠭᠠᠳᠠᠨᠠᠬᠢ ᠭᠠᠵᠠᠷ ᠢ ᠲᠦᠷ ᠡᠵᠡᠯᠡᠬᠦ ᠴᠢᠬᠤᠯᠠᠲᠠᠢ ᠪᠠᠶᠢᠬᠤ᠃    ︵ᠬᠤᠶᠠᠷ︶ ᠵᠠᠮ᠂ ᠬᠤᠭᠤᠯᠠᠢ ᠤᠲᠠᠰᠤ᠂ ᠴᠠᠬᠢᠯᠭᠠᠨ ᠬᠦᠴᠦ᠂ ᠰᠢᠤᠳᠠᠨ ᠬᠤᠯᠪᠣᠭ᠎ᠠ ᠵᠡᠷᠭᠡ ᠣᠯᠠᠨ ᠨᠡᠶᠢᠲᠡ ᠶᠢᠨ ᠲᠥᠬᠦᠭᠡᠷᠦᠮᠵᠢ ᠶᠢ ᠡᠪᠳᠡᠵᠦ ᠬᠤᠬᠢᠷᠠᠭᠤᠯᠵᠤ ᠮᠡᠳᠡᠬᠦ  ᠃    ︵ᠭᠤᠷᠪᠠ︶ ᠲᠦᠷ ᠴᠠᠭ ᠤᠰᠤ ᠵᠣᠭᠰᠣᠭᠠᠬᠤ᠂ ᠴᠠᠬᠢᠯᠭᠠᠨ ᠵᠣᠭᠰᠣᠭᠠᠬᠤ᠂ ᠵᠠᠮ ᠬᠠᠷᠢᠯᠴᠠᠭ᠎ᠠ ᠶᠢ ᠲᠠᠰᠤᠯᠬᠤ ᠴᠢᠬᠤᠯᠠᠲᠠᠢ ᠪᠠᠶᠢᠬᠤ᠃    ︵ᠳᠥᠷᠪᠡ︶ ᠳᠡᠯᠪᠡᠴᠢᠯᠲᠡ ᠶᠢᠨ ᠠᠵᠢᠯ ᠬᠢᠬᠦ ᠴᠢᠬᠤᠯᠠ ᠲᠠᠢ ᠪᠣᠯᠤᠭᠰᠠᠨ᠃    ︵ᠲᠠᠪᠤ  ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠮᠡᠳᠡᠭᠦᠯᠦᠨ ᠵᠥᠪᠰᠢᠶᠡᠷᠡᠭᠦᠯᠬᠦ ᠭᠠᠷᠳᠠᠮ ᠭᠦᠢᠴᠡᠳᠬᠡᠬᠦ ᠴᠢᠬᠤᠯᠠᠲᠠᠢ ᠪᠤᠰᠤᠳ ᠪᠠᠶᠢᠳᠠᠯ    ᠳᠥᠴᠢᠨ ᠭᠤᠷᠪᠠᠳᠤᠭᠠᠷ ᠵᠤᠷᠪᠤᠰ   ᠪᠦᠲᠦᠭᠡᠨ ᠪᠠᠶᠢᠭᠤᠯᠤᠯᠲᠠ‌‍ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠪᠠᠷᠢᠯᠭ᠎ᠠ ᠶᠢᠨ ᠠᠶᠤᠯ ᠦᠭᠡᠢ ᠦᠢᠯᠡᠳᠪᠦᠷᠢᠯᠡᠬᠦ ᠶᠢᠨ ᠬᠠᠮᠢᠶᠠᠷᠤᠯᠲᠠ ᠶᠢ ᠬᠠᠷᠢᠭᠤᠴᠠᠬᠤ ᠶᠢᠨ ᠬᠠᠮᠲᠤ᠂ ᠬᠥᠳᠡᠯᠮᠦᠷᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠪᠠᠷᠢᠯᠭ᠎ᠠ ᠶᠢᠨ ᠠᠶᠤᠯ ᠦᠭᠡᠢ ᠦᠢᠯᠡᠳᠪᠦᠷᠢᠯᠡᠬᠦ ᠳᠤ ᠲᠠᠯᠪᠢᠬᠤ ᠵᠢᠯᠣᠭᠤᠳᠤᠯᠭ᠎ᠠ ᠪᠠ ᠬᠢᠨᠠᠯᠲᠠ ᠶᠢ ᠬᠠᠤᠯᠢ ᠶᠣᠰᠣᠭᠠᠷ ᠬᠦᠯᠢᠶᠡᠨ᠎ᠡ᠃    ᠳᠥᠴᠢᠨ ᠳᠥᠷᠪᠡᠳᠦᠭᠡᠷ ᠵᠤᠷᠪᠤᠰ  ᠪᠠᠷᠢᠯᠭ᠎ᠠ ᠪᠠᠷᠢᠬᠤ ᠠᠵᠤ ᠠᠬᠤᠶᠢᠯᠠᠯ ᠠᠴᠠ ᠪᠠᠷᠢᠯᠭ᠎ᠠ ᠶᠢᠨ ᠠᠶᠤᠯ ᠦᠭᠡᠢ ᠦᠢᠯᠡᠳᠪᠦᠷᠢᠯᠡᠬᠦ ᠶᠢᠨ ᠬᠠᠮᠢᠶᠠᠷᠤᠯᠲᠠ ᠪᠠᠨ ᠬᠠᠤᠯᠢ ᠶᠣᠰᠣᠭᠠᠷ ᠴᠢᠩᠭᠠᠳᠬᠠᠵᠤ᠂ ᠠᠶᠤᠯ ᠦᠭᠡᠢ ᠦᠢᠯᠡᠳᠪᠦᠷᠢᠯᠡᠬᠦ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠬᠡᠷᠡᠭᠲᠡᠢ ᠪᠥᠭᠡᠳ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠰᠢᠷᠠᠭᠳᠤᠯ ᠦᠷᠡᠭᠳᠡᠯ ᠪᠠ ᠠᠶᠤᠯ ᠦᠭᠡᠢ ᠦᠢᠯᠡᠳᠪᠦᠷᠢᠯᠡᠬᠦ ᠲᠠᠯ᠎ᠠ ᠶᠢᠨ ᠪᠤᠰᠤᠳ ᠠᠳᠡᠯ ᠭᠠᠷᠬᠤ ᠶᠢ ᠰᠡᠷᠭᠡᠶᠢᠯᠡᠵᠦ ᠬᠤᠷᠢᠭᠯᠠᠬᠤ ᠬᠡᠷᠡᠭᠲᠡᠢ᠃    ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠨᠢ ᠲᠤᠰ ᠠᠵᠤ  ᠠᠬᠤᠶᠢᠯᠠᠯ ᠤᠨ ᠢᠶᠠᠨ  ᠠᠶᠤᠯ ᠦᠭᠡᠢ ᠦᠢᠯᠡᠳᠪᠦᠷᠢᠯᠡᠬᠦ ᠶᠢ ᠬᠠᠷᠢᠭᠤᠴᠠᠨ᠎ᠠ᠃    ᠳᠥᠴᠢᠨ ᠲᠠᠪᠤᠳᠤᠭᠠᠷ ᠵᠤᠷᠪᠤᠰ  ᠪᠠᠷᠢᠯᠭ᠎ᠠ ᠶᠢᠨ ᠭᠠᠵᠠᠷ ᠤᠨ ᠠᠶᠤᠯ ᠦᠭᠡᠢ ᠪᠠᠶᠢᠬᠤ ᠶᠢ ᠪᠠᠷᠢᠯᠭ᠎ᠠ ᠪᠠᠷᠢᠬᠤ ᠠᠵᠤ  ᠠᠬᠤᠶᠢᠯᠠᠯ ᠬᠠᠷᠢᠭᠤᠴᠠᠨ᠎ᠠ᠃ ᠪᠠᠷᠢᠯᠭ᠎ᠠ ᠪᠠᠷᠢᠬᠤ ᠶᠢ ᠶᠡᠷᠦᠩᠬᠡᠢᠯᠡᠨ ᠳᠠᠭᠠᠭᠠᠴᠢᠯᠠᠭᠰᠠᠨ ᠪᠠᠶᠢᠪᠠᠯ ᠶᠡᠷᠦᠩᠬᠡᠢᠯᠡᠨ ᠳᠠᠭᠠᠭᠠᠴᠢᠯᠠᠭᠰᠠᠨ ᠨᠢᠭᠡᠴᠡ ᠬᠠᠷᠢᠭᠤᠴᠠᠨ᠎ᠠ᠃ ᠬᠤᠪᠢᠶᠠᠨ ᠳᠠᠭᠠᠭᠠᠴᠢᠯᠠᠭᠰᠠᠨ ᠨᠢᠭᠡᠴᠡ ᠨᠢ ᠶᠡᠷᠦᠩᠬᠡᠢᠯᠡᠨ ᠳᠠᠭᠠᠭᠠᠴᠢᠯᠠᠭᠰᠠᠨ ᠨᠢᠭᠡᠴᠡ ᠳᠤ ᠪᠠᠷᠢᠯᠭ᠎ᠠ ᠶᠢᠨ ᠭᠠᠵᠠᠷ ᠤᠨ ᠠᠶᠤᠯ ᠦᠭᠡᠢ ᠦᠢᠯᠡᠳᠪᠦᠷᠢᠯᠡᠬᠦ ᠲᠠᠯ᠎ᠠ ᠪᠠᠷ ᠬᠢ ᠶᠡᠷᠦᠩᠬᠡᠢᠯᠡᠨ ᠳᠠᠭᠠᠭᠠᠴᠢᠯᠠᠭᠰᠠᠨ ᠨᠢᠭᠡᠴᠡ ᠶᠢᠨ ᠬᠠᠮᠢᠶᠠᠷᠤᠯᠲᠠ ᠶᠢ ᠳᠠᠭᠠᠨ᠎ᠠ᠃    ᠳᠥᠴᠢᠨ ᠵᠢᠷᠭᠤᠳᠤᠭᠠᠷ ᠵᠤᠷᠪᠤᠰ  ᠪᠠᠷᠢᠯᠭ᠎ᠠ ᠪᠠᠷᠢᠬᠤ ᠠᠵᠤ ᠠᠬᠤᠶᠢᠯᠠᠯ ᠨᠢ ᠠᠶᠤᠯ ᠦᠭᠡᠢ ᠬᠥᠳᠡᠯᠮᠦᠷᠢᠯᠡᠨ ᠦᠢᠯᠡᠳᠪᠦᠷᠢᠯᠡᠬᠦ ᠲᠤᠬᠠᠢ ᠬᠥᠮᠦᠵᠢᠯ ᠪᠣᠯᠪᠠᠰᠣᠷᠠᠭᠤᠯᠤᠯ ᠬᠢᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠃  ᠠᠵᠢᠯᠲᠠᠨ ᠠᠵᠢᠯᠴᠢᠨ ᠳᠤ ᠠᠶᠤᠯ ᠦᠭᠡᠢ ᠦᠢᠯᠡᠳᠪᠦᠷᠢᠯᠡᠬᠦ ᠲᠤᠬᠠᠢ ᠬᠥᠮᠦᠵᠢᠯ ᠪᠣᠯᠪᠠᠰᠣᠷᠠᠭᠤᠯᠤᠯ ᠬᠢᠬᠦ ᠶᠢ ᠴᠢᠩᠭᠠᠳᠬᠠᠬᠤ ᠬᠡᠷᠡᠭᠲᠡᠢ᠃ ᠠᠶᠤᠯ ᠦᠭᠡᠢ ᠦᠢᠯᠡᠳᠪᠦᠷᠢᠯᠡᠯ ᠤᠨ ᠬᠥᠮᠦᠵᠢᠯ ᠪᠣᠯᠪᠠᠰᠣᠷᠠᠭᠤᠯᠤᠯ ᠬᠦᠷᠲᠡᠭᠰᠡᠨ ᠥᠬᠡᠢ ᠬᠥᠮᠦᠰ ᠠᠵᠢᠯ ᠤᠨ ᠪᠠᠶᠢᠷᠢᠨ ᠳᠤ ᠭᠠᠷᠴᠤ ᠠᠵᠢᠯᠯᠠᠵᠤ ᠪᠣᠯᠬᠤ ᠥᠬᠡᠢ᠃    ᠳᠥᠴᠢᠨ ᠳᠣᠯᠣᠳᠤᠭᠠᠷ ᠵᠤᠷᠪᠤᠰ  ᠪᠠᠷᠢᠯᠭ᠎ᠠ ᠪᠠᠷᠢᠬᠤ ᠠᠵᠤ ᠠᠬᠤᠶᠢᠯᠠᠯ ᠪᠣᠯᠤᠨ ᠠᠵᠢᠯᠯᠠᠭᠴᠢᠳ ᠪᠠᠷᠢᠯᠭ᠎ᠠ ᠶᠢᠨ ᠠᠵᠢᠯ ᠬᠢᠬᠦ ᠶᠠᠪᠤᠴᠠ ᠳᠠᠭᠠᠨ᠂ ᠠᠶᠤᠯ ᠦᠭᠡᠢ ᠦᠢᠯᠡᠳᠪᠦᠷᠢᠯᠡᠬᠦ ᠳᠤ ᠬᠤᠯᠪᠣᠭᠳᠠᠬᠤ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠪᠠᠷᠢᠯᠭ᠎ᠠ ᠶᠢᠨ ᠠᠵᠢᠯ ᠲᠥᠷᠥᠯ ᠤᠨ ᠠᠶᠤᠯ ᠦᠭᠡᠢ ᠠᠵᠢᠯᠯᠠᠬᠤ ᠳᠦᠷᠢᠮ᠂ ᠲᠣᠭᠲᠠᠭᠠᠯ ᠢ ᠵᠢᠷᠤᠮᠯᠠᠵᠤ᠂ ᠳᠦᠷᠢᠮ ᠢ ᠵᠥᠷᠢᠴᠡᠨ ᠵᠢᠯᠣᠭᠤᠳᠬᠤ ᠪᠤᠶᠤ ᠳᠦᠷᠢᠮ ᠠᠴᠠ ᠵᠥᠷᠢᠴᠡᠨ ᠠᠵᠢᠯᠯᠠᠵᠤ ᠪᠣᠯᠬᠤ ᠥᠬᠡᠢ᠃ ᠠᠵᠢᠯᠯᠠᠭᠴᠢᠳ ᠪᠡᠶ᠎ᠡ ᠶᠢᠨ ᠡᠷᠡᠭᠦᠯ ᠮᠡᠨᠳᠦ ᠶᠢ ᠨᠥᠯᠥᠭᠡᠯᠡᠬᠦ ᠠᠵᠢᠯ ᠤᠨ ᠵᠢᠷᠤᠮ ᠪᠠ ᠠᠵᠢᠯ ᠤᠨ ᠨᠥᠬᠦᠴᠡᠯ ᠢ ᠬᠠᠯᠠᠨ ᠰᠠᠶᠢᠵᠢᠷᠠᠭᠤᠯᠬᠤ ᠰᠠᠨᠠᠯ ᠲᠠᠯᠪᠢᠬᠤ ᠡᠷᠬᠡ ᠲᠠᠢ᠂ ᠠᠶᠤᠯ ᠦᠭᠡᠢ ᠦᠢᠯᠡᠳᠪᠦᠷᠢᠯᠡᠬᠦ ᠳᠤ ᠬᠡᠷᠡᠭᠰᠡᠬᠦ ᠬᠠᠮᠠᠭᠠᠯᠠᠯᠲᠠ ᠶᠢᠨ ᠬᠡᠷᠡᠭᠰᠡᠯ ᠢ ᠣᠯᠬᠤ ᠡᠷᠬᠡ ᠲᠠᠢ᠃ ᠠᠵᠢᠯᠯᠠᠭᠴᠢᠳ ᠠᠴᠠ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠶᠢᠨ ᠡᠷᠡᠭᠦᠯ ᠴᠢᠭᠢᠷᠠᠭ ᠲᠤ ᠠᠶᠤᠯ ᠤᠴᠠᠷᠠᠭᠤᠯᠵᠤ ᠪᠠᠶᠢᠭ᠎ᠠ ᠠᠵᠢᠯᠯᠠᠭ᠎ᠠ ᠶᠢ ᠰᠢᠭᠦᠮᠵᠢᠯᠡᠬᠦ᠂ ᠢᠯᠡᠴᠢᠯᠡᠬᠦ ᠪᠠ ᠵᠠᠭᠠᠯᠳᠤᠬᠤ ᠡᠷᠬᠡ ᠲᠠᠢ᠃    ᠳᠥᠴᠢᠨ ᠨᠠᠢᠮᠠᠳᠤᠭᠠᠷ ᠵᠤᠷᠪᠤᠰ  ᠪᠠᠷᠢᠯᠭ᠎ᠠ ᠪᠠᠷᠢᠬᠤ ᠠᠵᠤ ᠠᠬᠤᠶᠢᠯᠠᠯ ᠨᠢ ᠬᠠᠤᠯᠢ ᠶᠣᠰᠣᠭᠠᠷ ᠠᠵᠢᠯᠲᠠᠨ ᠠᠵᠢᠯᠴᠢᠨ ᠤ ᠠᠵᠢᠯ ᠤᠨ ᠬᠠᠷᠠᠭ᠎ᠠ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠵᠤ᠂ ᠠᠵᠢᠯ ᠤᠨ ᠬᠠᠷᠠᠭ᠎ᠠ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠦᠢᠳᠬᠡᠯ ᠢ ᠲᠤᠰᠢᠶᠠᠬᠤ ᠬᠡᠷᠡᠭᠲᠡᠢ᠃ ᠠᠵᠤ ᠠᠬᠤᠶᠢᠯᠠᠯ ᠢ ᠵᠣᠷᠢᠭᠵᠢᠭᠤᠯᠵᠤ ᠪᠠᠶᠢᠭᠠᠳ ᠠᠶᠤᠯ ᠲᠠᠢ ᠠᠵᠢᠯ ᠬᠢᠵᠦ ᠪᠠᠶᠢᠭ᠎ᠠ ᠠᠵᠢᠯᠲᠠᠨ ᠠᠵᠢᠯᠴᠢᠨ ᠤ ᠰᠠᠨᠠᠭᠠᠨ ᠳᠤ ᠦᠭᠡᠢ ᠭᠡᠮᠲᠦᠯ ᠤᠨ ᠳᠠᠭᠠᠳᠬᠠᠯ ᠤᠨ ᠵᠠᠷᠤᠳᠠᠯ ᠭᠦᠢᠴᠡᠳᠬᠡᠯᠭᠡᠨ᠎ᠡ᠃    ᠳᠥᠴᠢ ᠶᠢᠰᠦᠳᠦᠭᠡᠷ ᠵᠤᠷᠪᠤᠰ  ᠪᠠᠷᠢᠯᠭ᠎ᠠ ᠶᠢᠨ ᠭᠤᠣᠯ ᠴᠣᠭᠴᠠ ᠪᠠ ᠲᠤᠯᠭᠠᠭᠤᠷᠢ ᠪᠦᠲᠦᠴᠡ ᠶᠢ ᠬᠤᠪᠢᠷᠠᠭᠤᠯᠬᠤ ᠳᠤ ᠬᠤᠯᠪᠣᠭᠳᠠᠬᠤ ᠲᠣᠨᠣᠭᠯᠠᠨ ᠰᠡᠯᠪᠢᠬᠦ ᠠᠵᠢᠯ ᠢ ᠬᠢᠬᠦ ᠨᠢᠭᠡᠴᠡ ᠨᠢ ᠠᠵᠢᠯ ᠡᠬᠢᠯᠡᠬᠦ ᠠᠴᠠ ᠡᠮᠦᠨ᠎ᠡ ᠤᠭ ᠤᠨ ᠵᠢᠷᠤᠵᠤ ᠲᠥᠯᠥᠪᠯᠡᠭᠰᠡᠨ ᠨᠢᠭᠡᠴᠡ ᠪᠤᠶᠤ ᠵᠣᠬᠢᠴᠠᠩᠭᠤᠢ ᠬᠢᠷᠢ ᠬᠡᠮ ᠤᠨ ᠨᠥᠬᠦᠴᠡᠯ ᠲᠠᠢ ᠵᠢᠷᠤᠵᠤ ᠲᠥᠯᠥᠪᠯᠡᠬᠦ ᠨᠢᠭᠡᠴᠡ ᠳᠤ ᠨᠠᠶᠢᠳᠠᠨ ᠵᠢᠷᠤᠭ ᠲᠥᠯᠥᠪᠯᠡᠭᠡ ᠶᠢᠨ ᠲᠥᠰᠦᠯ ᠬᠢᠯᠭᠡᠬᠦ ᠬᠡᠷᠡᠭᠲᠡᠢ᠂ ᠵᠢᠷᠤᠭ ᠲᠥᠯᠦᠪᠯᠡᠭᠡᠨ ᠤ ᠲᠥᠰᠦᠯ ᠪᠠᠶᠢᠬᠤ ᠦᠭᠡᠢ ᠪᠣᠯ ᠪᠠᠷᠢᠯᠭ᠎ᠠ ᠪᠠᠷᠢᠵᠤ ᠪᠣᠯᠬᠤ ᠦᠭᠡᠢ᠃    ᠲᠠᠪᠢᠳᠤᠭᠠᠷ ᠵᠤᠷᠪᠤᠰ   ᠭᠡᠷ ᠪᠠᠶᠢᠰᠢᠩ ᠢ ᠨᠤᠷᠠᠭᠠᠬᠤ ᠠᠵᠢᠯ ᠢ ᠠᠶᠤᠯ ᠦᠭᠡᠢ ᠪᠠᠶᠢᠬᠤ ᠶᠢ ᠪᠠᠲᠤᠯᠠᠬᠤ ᠨᠥᠬᠦᠴᠡᠯ‌‍ᠲ᠋ᠠᠢ ᠪᠦᠬᠦᠢ ᠪᠠᠷᠢᠯᠭ᠎ᠠ ᠪᠠᠷᠢᠬᠤ ᠨᠢᠭᠡᠴᠡ ᠠᠴᠠ ᠡᠭᠦᠷᠭᠡᠯᠡᠨ᠎ᠡ᠂ ᠪᠠᠷᠢᠯᠭ᠎ᠠ ᠪᠠᠷᠢᠬᠤ ᠨᠢᠭᠡᠴᠡ ᠶᠢᠨ ᠬᠠᠷᠢᠭᠤᠴᠠᠯᠭᠠᠲᠠᠨ ᠨᠢ ᠠᠶᠤᠯ ᠦᠭᠡᠢ  ᠪᠠᠶᠢᠳᠠᠯ ᠢ ᠬᠠᠷᠢᠭᠤᠴᠠᠨ᠎ᠠ᠃    ᠲᠠᠪᠢᠨ ᠨᠢᠭᠡᠳᠦᠭᠡᠷ ᠵᠤᠷᠪᠤᠰ   ᠪᠠᠷᠢᠯᠭ᠎ᠠ ᠶᠢᠨ ᠠᠵᠢᠯ ᠤᠨ ᠳᠤᠮᠳᠠ ᠠᠳᠡᠯ ᠭᠠᠷᠤᠭᠰᠠᠨ ᠦᠶ᠎ᠡ ᠳᠤ᠂ ᠪᠠᠷᠢᠯᠭ᠎ᠠ ᠪᠠᠷᠢᠬᠤ ᠠᠵᠤ ᠠᠬᠤᠶᠢᠯᠠᠯ ᠨᠢ ᠪᠠᠴᠢᠮ ᠠᠷᠭ᠎ᠠ ᠬᠡᠮᠵᠢᠶ᠎ᠡ ᠠᠪᠴᠤ ᠬᠥᠮᠦᠨ ᠤ ᠰᠢᠷᠬᠠᠲᠤᠯ ᠦᠷᠡᠭᠳᠡᠯ ᠪᠠ ᠠᠳᠡᠯ ᠤᠨ ᠬᠤᠬᠢᠷᠠᠯ ᠢ ᠪᠠᠭᠠᠰᠬᠠᠬᠤ ᠶᠢᠨ ᠬᠠᠮᠲᠤ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ᠃    ᠵᠢᠷᠭᠤᠳᠤᠭᠠᠷ ᠪᠦᠯᠦᠭ   ᠪᠠᠷᠢᠯᠭ᠎ᠠ ᠶᠢᠨ ᠠᠵᠢᠯ ᠤᠨ ᠶᠠᠰᠤ ᠴᠢᠨᠠᠷ ᠤᠨ ᠬᠠᠮᠢᠶᠠᠷᠤᠯᠲᠠ    ᠲᠠᠪᠢᠨ ᠬᠤᠶᠠᠳᠤᠭᠠᠷ ᠵᠤᠷᠪᠤᠰ   ᠪᠠᠷᠢᠯᠭ᠎ᠠ ᠶᠢᠨ ᠠᠵᠢᠯ ᠤᠨ ᠬᠠᠶᠢᠨ  ᠪᠠᠶᠢᠴᠠᠭᠠᠬᠤ᠂ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ ᠶᠠᠰᠤ ᠴᠢᠨᠠᠷ ᠨᠢ ᠡᠷᠬᠡᠪᠰᠢ ᠪᠠᠷᠢᠯᠭ᠎ᠠ ᠶᠢᠨ ᠠᠵᠢᠯ ᠤᠨ  ᠠᠶᠤᠯ ᠦᠭᠡᠢ ᠶᠢᠨ ᠪᠠᠷᠢᠮᠵᠢᠶ᠎ᠠ ᠶᠢᠨ ᠲᠤᠬᠠᠢ ᠤᠯᠤᠰ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃ ᠬᠠᠮᠢᠶᠠᠷᠤᠯᠲᠠ ᠶᠢᠨ ᠪᠣᠳᠠᠲᠠᠢ ᠠᠷᠭ᠎ᠠ ᠶᠢ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠲᠣᠭᠲᠠᠭᠠᠨ᠎ᠠ᠃    ᠪᠠᠷᠢᠯᠭ᠎ᠠ ᠶᠢᠨ ᠠᠵᠢᠯ ᠤᠨ ᠠᠶᠤᠯ ᠦᠭᠡᠢ ᠶᠢᠨ ᠲᠤᠬᠠᠢ ᠤᠯᠤᠰ ᠤᠨ ᠪᠠᠷᠢᠮᠵᠢᠶ᠎ᠠ ᠨᠢ ᠪᠠᠷᠢᠯᠭ᠎ᠠ ᠶᠢᠨ ᠠᠶᠤᠯ ᠦᠭᠡᠢ ᠶᠢ ᠦᠨᠡᠨᠬᠦ ᠪᠠᠲᠤᠯᠠᠬᠤ ᠱᠠᠭᠠᠷᠳᠠᠯᠭ᠎ᠠ ᠳᠤ ᠵᠣᠬᠢᠴᠠᠬᠤ ᠥᠬᠡᠢ ᠪᠣᠯᠪᠠᠯ ᠴᠠᠭ ᠲᠤᠬᠠᠢ ᠳᠤᠨᠢ ᠵᠠᠰᠠᠪᠤᠷᠢ ᠣᠷᠣᠭᠤᠯᠬᠤ ᠬᠡᠷᠡᠭᠲᠡᠢ᠃    ᠲᠠᠪᠢᠨ ᠭᠤᠷᠪᠠᠳᠤᠭᠠᠷ ᠵᠤᠷᠪᠤᠰ  ᠤᠯᠤᠰ ᠠᠴᠠ ᠪᠠᠷᠢᠯᠭ᠎ᠠ ᠶᠢᠨ ᠠᠵᠢᠯᠯᠠᠭ᠎ᠠ ᠬᠢᠬᠦ ᠨᠢᠭᠡᠴᠡ ᠳᠤ ᠶᠠᠰᠤ ᠴᠢᠨᠠᠷ ᠤᠨ ᠰᠢᠰᠲ᠋ᠧᠮ ᠤᠨ ᠭᠡᠷᠡᠴᠢᠯᠡᠨ ᠮᠠᠭᠠᠳᠯᠠᠬᠤ ᠳᠦᠷᠢᠮ ᠢ ᠶᠠᠪᠤᠭᠤᠯᠤᠨ᠎ᠠ᠃ ᠪᠠᠷᠢᠯᠭ᠎ᠠ ᠶᠢᠨ ᠠᠵᠢᠯᠯᠠᠭ᠎ᠠ ᠬᠢᠬᠦ ᠨᠢᠭᠡᠴᠡ ᠰᠠᠶᠢᠨ ᠳᠤᠷ᠎ᠠ ᠶᠢᠨ ᠵᠠᠷᠴᠢᠮ ᠢᠶᠠᠷ ᠲᠥᠷᠥ ᠶᠢᠨ ᠶᠠᠪᠤᠳᠠᠯ ᠤᠨ ᠬᠤᠷᠢᠶᠠᠨ ᠤ ᠦᠢᠯᠡᠳᠬᠦᠨ ᠤ ᠶᠠᠰᠤ ᠴᠢᠨᠠᠷ ᠢ ᠬᠢᠨᠠᠨ ᠬᠠᠮᠢᠶᠠᠷᠬᠤ ᠰᠠᠯᠠᠭ᠎ᠠ ᠮᠥᠴᠢᠷ ᠪᠤᠶᠤ ᠲᠥᠷᠥ ᠶᠢᠨ ᠶᠠᠪᠤᠳᠠᠯ ᠤᠨ ᠬᠤᠷᠢᠶᠠᠨ ᠤ ᠦᠢᠯᠡᠳᠬᠦᠨ ᠤ ᠶᠠᠰᠤ ᠴᠢᠨᠠᠷ ᠢ ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ ᠡᠷᠬᠡ ᠣᠯᠭᠤᠭᠰᠠᠨ ᠰᠠᠯᠠᠭ᠎ᠠ ᠮᠥᠴᠢᠷ ᠤᠨ ᠵᠥᠪᠰᠢᠶᠡᠷᠡᠭᠰᠡᠨ ᠭᠡᠷᠡᠴᠢᠯᠡᠨ ᠮᠠᠭᠠᠳᠯᠠᠬᠤ ᠪᠠᠢᠭᠤᠯᠤᠮᠵᠢ ᠳᠤ ᠶᠠᠰᠤ ᠴᠢᠨᠠᠷ ᠤᠨ ᠰᠢᠰᠲ᠋ᠧᠮ ᠢ ᠭᠡᠷᠡᠴᠢᠯᠡᠭᠦᠯᠦᠨ ᠮᠠᠭᠠᠳᠯᠠᠭᠤᠯᠬᠤ ᠭᠤᠶᠤᠴᠢᠯᠠᠯ ᠭᠠᠷᠭᠠᠵᠤ ᠪᠣᠯᠤᠨ᠎ᠠ᠃ ᠭᠡᠷᠡᠴᠢᠯᠡᠨ ᠮᠠᠭᠠᠳᠯᠠᠭᠠᠳ ᠬᠢᠷᠢ ᠲᠡᠩᠴᠡᠭᠰᠡᠳ ᠲᠤ ᠭᠡᠷᠡᠴᠢᠯᠡᠨ ᠮᠠᠭᠠᠳᠯᠠᠬᠤ ᠪᠠᠢᠭᠤᠯᠤᠮᠵᠢ ᠠᠴᠠ ᠶᠠᠰᠤ ᠴᠢᠨᠠᠷ ᠤᠨ ᠰᠢᠰᠲ᠋ᠧᠮ ᠢ ᠭᠡᠷᠡᠴᠢᠯᠡᠨ ᠮᠠᠭᠠᠳᠯᠠᠭᠰᠠᠨ ᠦᠨᠡᠮᠯᠡᠯ ᠣᠯᠭᠤᠨ᠎ᠠ᠃    ᠲᠠᠪᠢᠨ ᠳᠥᠷᠪᠡᠳᠦᠭᠡᠷ ᠵᠤᠷᠪᠤᠰ  ᠪᠦᠲᠦᠭᠡᠨ ᠪᠠᠶᠢᠭᠤᠯᠬᠤ ᠨᠢᠭᠡᠴᠡ ᠨᠢ ᠶᠠᠮᠠᠷᠪᠠ ᠰᠢᠯᠲᠠᠭ ᠢᠶᠠᠷ᠂ ᠪᠠᠷᠢᠯᠭ᠎ᠠ ᠶᠢ ᠵᠢᠷᠤᠵᠤ ᠲᠥᠯᠥᠪᠯᠡᠬᠦ ᠪᠤᠶᠤ ᠪᠠᠷᠢᠯᠭ᠎ᠠ ᠪᠠᠷᠢᠬᠤ ᠠᠵᠢᠯ ᠤᠨ ᠳᠤᠮᠳᠠ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠣᠯᠤᠨ ᠪᠠᠷᠢᠯᠭ᠎ᠠ ᠶᠢᠨ ᠠᠵᠢᠯ ᠤᠨ ᠶᠠᠰᠤ ᠴᠢᠨᠠᠷ᠂ ᠠᠶᠤᠯ ᠦᠭᠡᠢ ᠶᠢᠨ ᠪᠠᠷᠢᠮᠵᠢᠶ᠎ᠠ ᠶᠢ ᠵᠥᠷᠢᠴᠡᠨ ᠪᠠᠷᠢᠯᠭ᠎ᠠ ᠶᠢᠨ ᠶᠠᠰᠤ ᠴᠢᠨᠠᠷ ᠢ ᠪᠠᠭᠤᠷᠠᠭᠤᠯᠬᠤ ᠶᠢ ᠪᠠᠷᠢᠯᠭ᠎ᠠ ᠵᠢᠷᠤᠵᠤ ᠲᠥᠯᠥᠪᠯᠡᠬᠦ ᠨᠢᠭᠡᠴᠡ ᠪᠤᠶᠤ ᠪᠠᠷᠢᠯᠭ᠎ᠠ ᠪᠠᠷᠢᠬᠤ ᠠᠵᠤ ᠠᠬᠤᠶᠢᠯᠠᠯ ᠳᠤ ᠱᠠᠭᠠᠷᠳᠠᠵᠤ ᠪᠣᠯᠬᠤ ᠦᠭᠡᠢ᠃    ᠪᠠᠷᠢᠯᠭ᠎ᠠ ᠵᠢᠷᠤᠵᠤ ᠲᠥᠯᠥᠪᠯᠡᠬᠦ ᠨᠢᠭᠡᠴᠡ ᠪᠠ ᠪᠠᠷᠢᠯᠭ᠎ᠠ ᠪᠠᠷᠢᠬᠤ ᠠᠵᠤ ᠠᠬᠤᠶᠢᠯᠠᠯ ᠨᠢ ᠪᠦᠲᠦᠭᠡᠨ ᠪᠠᠶᠢᠭᠤᠯᠬᠤ ᠨᠢᠭᠡᠴᠡ ᠶᠢᠨ ᠡᠮᠦᠨᠡᠬᠢ ᠪᠠᠳᠠᠭ ᠤᠨ ᠲᠣᠭᠲᠠᠭᠠᠯ ᠢ ᠵᠥᠷᠢᠴᠡᠵᠦ ᠳᠤᠷᠠᠳᠤᠭᠰᠠᠨ ᠪᠠᠷᠢᠯᠭ᠎ᠠ ᠶᠢᠨ ᠶᠠᠰᠤ ᠴᠢᠨᠠᠷ ᠢ ᠪᠠᠭᠤᠷᠠᠭᠤᠯᠬᠤ ᠱᠠᠭᠠᠷᠳᠠᠯᠭ᠎ᠠ ᠶᠢ ᠬᠦᠯᠢᠶᠡᠬᠦ ᠥᠬᠡᠢ ᠪᠠᠶᠢᠬᠤ ᠶᠣᠰᠣᠲᠠᠢ᠃    ᠲᠠᠪᠢᠨ ᠲᠠᠪᠤᠳᠤᠭᠠᠷ ᠵᠤᠷᠪᠤᠰ   ᠪᠠᠷᠢᠯᠭ᠎ᠠ ᠶᠢᠨ ᠠᠵᠢᠯ ᠢ ᠶᠡᠷᠦᠩᠬᠡᠢᠯᠡᠨ ᠳᠠᠭᠠᠭᠠᠴᠢᠯᠠᠭᠰᠠᠨ ᠨᠢ᠂ ᠪᠠᠷᠢᠯᠭ᠎ᠠ ᠶᠢᠨ ᠶᠠᠰᠤ ᠴᠢᠨᠠᠷ ᠢ ᠪᠠᠷᠢᠯᠭ᠎ᠠ ᠶᠢ ᠶᠡᠷᠦᠩᠬᠡᠢᠯᠡᠨ ᠳᠠᠭᠠᠭᠠᠴᠢᠯᠠᠭᠰᠠᠨ ᠨᠢᠭᠡᠴᠡ ᠠᠴᠠ ᠬᠠᠷᠢᠭᠤᠴᠠᠵᠤ᠂ ᠶᠡᠷᠦᠩᠬᠡᠢᠯᠡᠨ ᠳᠠᠭᠠᠭᠠᠴᠢᠯᠠᠭᠰᠠᠨ ᠨᠢᠭᠡᠴᠡ ᠨᠢ ᠪᠠᠷᠢᠯᠭ᠎ᠠ ᠶᠢᠨ ᠠᠵᠢᠯ ᠢ ᠪᠤᠰᠤᠳ ᠨᠢᠭᠡᠴᠡ ᠳᠤ ᠬᠤᠪᠢᠶᠠᠨ ᠳᠠᠭᠠᠭᠠᠴᠢᠯᠠᠭᠤᠯᠤᠭᠰᠠᠨ ᠨᠢ᠂ ᠪᠠᠷᠢᠯᠭ᠎ᠠ ᠶᠢᠨ ᠶᠠᠰᠤ ᠴᠢᠨᠠᠷ ᠤᠨ ᠲᠠᠯ᠎ᠠ ᠪᠠᠷ ᠬᠤᠪᠢᠶᠠᠨ ᠳᠠᠭᠠᠭᠠᠴᠢᠯᠠᠭᠰᠠᠨ ᠨᠢᠭᠡᠴᠡ ᠯᠦᠭᠡ ᠬᠤᠯᠪᠣᠯᠳᠤᠭᠰᠠᠨ ᠬᠠᠷᠢᠭᠤᠴᠠᠯᠭ᠎ᠠ ᠡᠭᠦᠷᠭᠡᠯᠡᠨ᠎ᠡ᠃ ᠬᠤᠪᠢᠶᠠᠨ ᠳᠠᠭᠠᠭᠠᠴᠢᠯᠠᠭᠰᠠᠨ ᠨᠢᠭᠡᠴᠡ ᠨᠢ ᠶᠠᠰᠤ ᠴᠢᠨᠠᠷ ᠤᠨ ᠲᠠᠯ᠎ᠠ ᠪᠠᠷ ᠬᠢ ᠶᠡᠷᠦᠩᠬᠡᠢᠯᠡᠨ ᠳᠠᠭᠠᠭᠠᠴᠢᠯᠠᠭᠰᠠᠨ ᠨᠢᠭᠡᠴᠡ ᠶᠢᠨ ᠬᠠᠮᠢᠶᠠᠷᠤᠯᠲᠠ ᠶᠢ ᠬᠦᠯᠢᠶᠡᠬᠦ ᠬᠡᠷᠡᠭᠲᠡᠢ᠃    ᠲᠠᠪᠢᠨ ᠵᠢᠷᠭᠤᠳᠤᠭᠠᠷ ᠵᠤᠷᠪᠤᠰ   ᠪᠠᠷᠢᠯᠭ᠎ᠠ ᠶᠢᠨ ᠠᠵᠢᠯ ᠤᠨ ᠬᠠᠶᠢᠨ ᠰᠢᠨᠵᠢᠬᠦ᠂ ᠵᠢᠷᠤᠵᠤ ᠲᠥᠯᠥᠪᠯᠡᠬᠦ ᠨᠢᠭᠡᠴᠡ ᠡᠷᠬᠡᠪᠰᠢ ᠬᠠᠶᠢᠨ ᠰᠢᠨᠵᠢᠯᠡᠭᠡ᠂ ᠵᠢᠷᠤᠭ ᠲᠥᠯᠥᠪᠯᠡᠭᠡ ᠶᠢᠨ ᠢᠶᠠᠨ ᠶᠠᠰᠤ ᠴᠢᠨᠠᠷ ᠢ ᠬᠠᠷᠢᠭᠤᠴᠠᠬᠤ ᠬᠡᠷᠡᠭᠲᠡᠢ᠃ ᠬᠠᠶᠢᠨ ᠰᠢᠨᠵᠢᠯᠡᠭᠰᠡᠨ᠂ ᠵᠢᠷᠤᠵᠤ ᠲᠥᠯᠥᠪᠯᠡᠭᠰᠡᠨ ᠪᠢᠴᠢᠭ ᠮᠠᠲ᠋ᠧᠷᠢᠶᠠᠯ ᠨᠢ ᠬᠤᠯᠪᠣᠭᠳᠠᠯ ᠪᠥᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠪᠠ ᠪᠠᠷᠢᠯᠭ᠎ᠠ ᠶᠢᠨ ᠠᠵᠢᠯ ᠤᠨ ᠶᠠᠰᠤ ᠴᠢᠨᠠᠷ᠂ ᠠᠶᠤᠯ ᠦᠭᠡᠢ ᠶᠢᠨ ᠪᠠᠷᠢᠮᠵᠢᠶ᠎ᠠ᠂ ᠪᠠᠷᠢᠯᠭ᠎ᠠ ᠶᠢᠨ ᠠᠵᠢᠯ ᠤᠨ ᠬᠠᠶᠢᠨ ᠰᠢᠨᠵᠢᠬᠦ᠂ ᠵᠢᠷᠤᠵᠤ ᠲᠥᠯᠥᠪᠯᠡᠬᠦ ᠲᠧᠭᠨᠢᠭ ᠮᠡᠷᠭᠡᠵᠢᠯ ᠤᠨ ᠵᠢᠷᠤᠮᠵᠢᠯ ᠵᠢᠴᠢ ᠭᠡᠷ᠎ᠡ ᠶᠢᠨ ᠪᠣᠯᠵᠣᠯ ᠳᠤ ᠨᠡᠶᠢᠴᠡᠭᠰᠡᠨ ᠪᠠᠶᠢᠬᠤ ᠬᠡᠷᠡᠭᠲᠡᠢ᠃ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠳᠤ ᠬᠡᠷᠡᠭᠯᠡᠬᠦ ᠪᠠᠷ ᠰᠣᠩᠭᠤᠭᠰᠠᠨ ᠪᠠᠷᠢᠯᠭ᠎ᠠ ᠶᠢᠨ ᠮᠠᠲ᠋ᠧᠷᠢᠶᠠᠯ᠂ ᠪᠠᠷᠢᠯᠭ᠎ᠠ ᠶᠢᠨ ᠪᠦᠲᠦᠴᠡ ᠲᠣᠨᠤᠭ ᠰᠡᠯᠪᠢᠭᠡᠰᠦ ᠪᠠ ᠲᠣᠨᠤᠭ ᠲᠥᠬᠦᠭᠡᠷᠦᠮᠵᠢ ᠶᠢᠨ ᠬᠡᠪ ᠪᠠᠷᠢᠮᠵᠢᠶ᠎ᠠ᠂ ᠬᠡᠪ ᠰᠢᠨᠵᠢ᠂ ᠰᠢᠨᠵᠢ ᠴᠢᠳᠠᠪᠤᠷᠢ ᠵᠡᠷᠭᠡ ᠲᠧᠭᠨᠢᠭ ᠮᠡᠷᠭᠡᠵᠢᠯ ᠤᠨ ᠭᠦᠢᠴᠡᠳᠬᠡᠬᠦ ᠲᠣᠭᠠᠨ ᠤ ᠱᠠᠭᠠᠷᠳᠠᠯᠭ᠎ᠠ ᠨᠢ ᠡᠷᠬᠡᠪᠰᠢ ᠤᠯᠤᠰ ᠤᠨ ᠲᠣᠭᠲᠠᠭᠠᠭᠰᠠᠨ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃    ᠲᠠᠪᠢᠨ ᠳᠣᠯᠣᠳᠤᠭᠠᠷ ᠵᠤᠷᠪᠤᠰ   ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠨᠢᠭᠡᠴᠡ ᠨᠢ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠳᠤ ᠬᠡᠷᠡᠭᠯᠡᠬᠦ ᠪᠠᠷ ᠰᠣᠩᠭᠤᠭᠰᠠᠨ ᠪᠠᠷᠢᠯᠭ᠎ᠠ ᠶᠢᠨ ᠮᠠᠲ᠋ᠧᠷᠢᠶᠠᠯ᠂ ᠪᠠᠷᠢᠯᠭ᠎ᠠ ᠶᠢᠨ ᠪᠦᠲᠦᠴᠡ ᠲᠣᠨᠤᠭ ᠰᠡᠯᠪᠢᠭᠡᠰᠦ ᠪᠠ ᠲᠣᠨᠤᠭ ᠲᠥᠬᠦᠭᠡᠷᠦᠮᠵᠢ ᠳᠤ ᠦᠢᠯᠡᠳᠪᠦᠷᠢᠯᠡᠬᠦ ᠦᠢᠯᠡᠳᠪᠦᠷᠢ᠂ ᠬᠠᠩᠭᠠᠬᠤ ᠬᠤᠳᠠᠯᠳᠤᠭᠠᠴᠢᠨ ᠢ ᠵᠢᠭᠠᠨ ᠲᠣᠭᠲᠠᠭᠠᠵᠤ ᠪᠣᠯᠬᠤ ᠦᠭᠡᠢ᠃    ᠲᠠᠪᠢᠨ ᠨᠠᠢᠮᠠᠳᠤᠭᠠᠷ ᠵᠤᠷᠪᠤᠰ   ᠪᠠᠷᠢᠯᠭ᠎ᠠ ᠪᠠᠷᠢᠬᠤ ᠠᠵᠤ ᠠᠬᠤᠶᠢᠯᠠᠯ ᠨᠢ ᠪᠠᠷᠢᠯᠭ᠎ᠠ ᠶᠢᠨ ᠠᠵᠢᠯ ᠤᠨ ᠶᠠᠰᠤ ᠴᠢᠨᠠᠷ ᠢ ᠬᠠᠷᠢᠭᠤᠴᠠᠨ᠎ᠠ᠃    ᠪᠠᠷᠢᠯᠭ᠎ᠠ ᠪᠠᠷᠢᠬᠤ ᠠᠵᠤ ᠠᠬᠤᠶᠢᠯᠠᠯ ᠡᠷᠬᠡᠪᠰᠢ ᠪᠠᠷᠢᠯᠭ᠎ᠠ ᠶᠢᠨ ᠵᠢᠷᠤᠭ ᠲᠥᠯᠥᠪᠯᠡᠭᠡ ᠪᠣᠯᠤᠨ ᠪᠠᠷᠢᠯᠭ᠎ᠠ ᠪᠠᠷᠢᠬᠤ ᠲᠧᠭᠨᠢᠭ ᠮᠡᠷᠭᠡᠵᠢᠯ ᠤᠨ ᠪᠠᠷᠢᠮᠵᠢᠶ᠎ᠠ ᠶᠣᠰᠣᠭᠠᠷ ᠠᠵᠢᠯᠯᠠᠵᠤ᠂ ᠠᠵᠢᠯ ᠳᠥᠭᠦᠮᠴᠢᠯᠡᠨ ᠮᠠᠲ᠋ᠧᠷᠢᠶᠠᠯ ᠢ ᠬᠠᠰᠤᠵᠤ ᠪᠣᠯᠬᠤ ᠦᠭᠡᠢ᠃ ᠪᠠᠷᠢᠯᠭ᠎ᠠ ᠶᠢᠨ ᠵᠢᠷᠤᠭ ᠲᠥᠯᠥᠪᠯᠡᠯᠭᠡ ᠳᠤ ᠵᠠᠰᠠᠪᠤᠷᠢ ᠣᠷᠣᠭᠤᠯᠬᠤ ᠶᠠᠪᠤᠳᠠᠯ ᠢ ᠤᠤᠯ ᠤᠨ ᠵᠢᠷᠤᠵᠤ ᠲᠥᠯᠥᠪᠯᠡᠭᠰᠡᠨ ᠨᠢᠭᠡᠴᠡ ᠬᠠᠷᠢᠭᠤᠴᠠᠨ᠎ᠠ᠃ ᠪᠠᠷᠢᠯᠭ᠎ᠠ ᠪᠠᠷᠢᠬᠤ ᠠᠵᠤ ᠠᠬᠤᠶᠢᠯᠠᠯ ᠪᠠᠷᠢᠯᠭ᠎ᠠ ᠶᠢᠨ ᠵᠢᠷᠤᠭ ᠲᠥᠯᠥᠪᠯᠡᠯᠭᠡ ᠳᠤ ᠳᠤᠷ᠎ᠠ ᠪᠠᠷ ᠢᠶᠠᠨ ᠵᠠᠰᠠᠪᠤᠷᠢ ᠣᠷᠣᠭᠤᠯᠵᠤ ᠪᠣᠯᠬᠤ ᠦᠭᠡᠢ᠃    ᠲᠠᠪᠢ ᠶᠢᠰᠦᠳᠦᠭᠡᠷ ᠵᠤᠷᠪᠤᠰ   ᠪᠠᠷᠢᠯᠭ᠎ᠠ ᠪᠠᠷᠢᠬᠤ ᠠᠵᠤ ᠠᠬᠤᠶᠢᠯᠠᠯ ᠡᠷᠬᠡᠪᠰᠢ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠱᠠᠭᠠᠷᠳᠠᠯᠭ᠎ᠠ᠂ ᠪᠠᠷᠢᠯᠭ᠎ᠠ ᠪᠠᠷᠢᠬᠤ ᠲᠧᠭᠨᠢᠭ ᠮᠡᠷᠭᠡᠵᠢᠯ ᠤᠨ ᠪᠠᠷᠢᠮᠵᠢᠶ᠎ᠠ ᠪᠣᠯᠤᠨ ᠭᠡᠷ᠎ᠡ ᠶᠢᠨ ᠪᠣᠯᠵᠣᠯ ᠶᠣᠰᠣᠭᠠᠷ ᠪᠠᠷᠢᠯᠭ᠎ᠠ ᠶᠢᠨ ᠮᠠᠲ᠋ᠧᠷᠢᠶᠠᠯ᠂ ᠪᠠᠷᠢᠯᠭ᠎ᠠ ᠶᠢᠨ ᠪᠦᠲᠦᠴᠡ ᠲᠣᠨᠤᠭ ᠰᠡᠯᠪᠢᠭᠡᠰᠦ ᠪᠣᠯᠤᠨ ᠲᠣᠨᠤᠭ ᠲᠥᠬᠦᠭᠡᠷᠦᠮᠵᠢ ᠶᠢ ᠰᠢᠯᠭᠠᠨ ᠪᠠᠶᠢᠴᠠᠭᠠᠵᠤ᠂ ᠬᠢᠷᠢ ᠲᠡᠩᠴᠡᠭᠰᠡᠨ ᠥᠬᠡᠢ ᠵᠤᠷᠪᠤᠰ ᠢ ᠬᠡᠷᠡᠭᠯᠡᠵᠦ ᠪᠣᠯᠬᠤ ᠥᠬᠡᠢ᠃    ᠵᠢᠷᠠᠳᠤᠭᠠᠷ ᠵᠤᠷᠪᠤᠰ   ᠪᠠᠷᠢᠯᠭ᠎ᠠ ᠶᠢᠨ ᠵᠦᠢ ᠵᠣᠬᠢᠰᠲᠠᠢ ᠬᠡᠷᠡᠭᠯᠡᠬᠦ ᠬᠤᠭᠤᠴᠠᠭᠠᠨ ᠳᠤ᠂ ᠲᠡᠭᠦᠨ ᠤ ᠰᠠᠭᠤᠷᠢ ᠶᠢᠨ ᠰᠠᠭᠤᠷᠢ ᠪᠠᠷᠢᠯᠭ᠎ᠠ ᠪᠣᠯᠤᠨ ᠭᠤᠣᠯ ᠴᠣᠭᠴᠠ ᠪᠦᠲᠦᠴᠡ ᠶᠢᠨ ᠶᠠᠰᠤ ᠴᠢᠨᠠᠷ ᠢ ᠡᠷᠬᠡᠪᠰᠢ ᠦᠨᠡᠨᠬᠦ ᠪᠠᠲᠤᠯᠠᠬᠤ ᠬᠡᠷᠡᠭᠲᠡᠢ᠃    ᠪᠠᠷᠢᠯᠭ᠎ᠠ ᠶᠢ ᠪᠠᠷᠢᠵᠤ ᠳᠠᠭᠤᠰᠬᠤ ᠦᠶ᠎ᠡ ᠳᠤ᠂ ᠭᠡᠷ ᠤᠨ ᠣᠷᠣᠢ᠂ ᠬᠡᠷᠡᠮ ᠳᠤ ᠨᠡᠪᠴᠢᠵᠦ ᠭᠤᠭᠤᠵᠢᠬᠤ᠂ ᠠᠩ ᠭᠠᠷᠬᠤ ᠵᠡᠷᠭᠡ ᠶᠠᠰᠤ ᠴᠢᠨᠠᠷ ᠤᠨ ᠭᠡᠮ ᠰᠡᠪ ᠪᠠᠶᠢᠵᠤ ᠪᠣᠯᠬᠤ ᠥᠬᠡᠢ᠃ ᠨᠢᠭᠡᠨᠲᠡ ᠣᠯᠵᠤ ᠮᠡᠳᠡᠭᠰᠡᠨ ᠶᠠᠰᠤ ᠴᠢᠨᠠᠷ ᠤᠨ ᠭᠡᠮ ᠰᠡᠪ ᠢ᠂ ᠪᠠᠷᠢᠯᠭ᠎ᠠ ᠪᠠᠷᠢᠬᠤ ᠠᠵᠤ ᠠᠬᠤᠶᠢᠯᠠᠯ ᠠᠴᠠ ᠵᠠᠰᠠᠨ ᠰᠢᠨᠡᠳᠬᠡᠬᠦ ᠬᠡᠷᠡᠭᠲᠡᠢ᠃ᠵᠢᠷᠠᠨ ᠨᠢᠭᠡᠳᠦᠭᠡᠷ ᠵᠤᠷᠪᠤᠰ   ᠪᠠᠷᠢᠵᠤ ᠳᠠᠭᠤᠰᠬᠠᠭᠠᠳ ᠰᠢᠯᠭᠠᠭᠤᠯᠵᠤ ᠲᠤᠰᠢᠶᠠᠬᠤ ᠪᠠᠷᠢᠯᠭ᠎ᠠ ᠨᠢ ᠡᠷᠬᠡᠪᠰᠢ ᠪᠠᠷᠢᠯᠭ᠎ᠠ ᠶᠢᠨ ᠲᠣᠭᠲᠠᠭᠰᠠᠨ ᠶᠠᠰᠤ ᠴᠢᠨᠠᠷ ᠤᠨ ᠪᠠᠷᠢᠮᠵᠢᠶᠠᠨ ᠳᠤ ᠨᠡᠶᠢᠴᠡᠵᠦ᠂ ᠪᠠᠷᠢᠯᠭ᠎ᠠ ᠶᠢᠨ ᠲᠧᠭᠨᠢᠭ ᠮᠡᠷᠭᠡᠵᠢᠯ ᠠᠵᠤ ᠠᠬᠤᠢ ᠶᠢᠨ ᠪᠦᠷᠢᠨ ᠪᠦᠲᠦᠨ ᠮᠠᠲ᠋ᠧᠷᠢᠶᠠᠯ ᠪᠣᠯᠤᠨ ᠭᠠᠷ ᠤᠨ ᠥᠰᠥᠭ ᠵᠢᠷᠤᠭᠰᠠᠨ ᠪᠠᠷᠢᠯᠭ᠎ᠠ ᠶᠢ ᠰᠡᠯᠪᠢᠨ ᠵᠠᠰᠠᠬᠤ ᠪᠠᠲᠤᠯᠠᠭ᠎ᠠ ᠶᠢᠨ ᠪᠢᠴᠢᠭ ᠲᠠᠢ ᠪᠠᠶᠢᠬᠤ ᠶᠢᠨ ᠬᠠᠮᠲᠤ ᠠᠵᠢᠯ ᠳᠠᠭᠤᠰᠬᠠᠬᠤ ᠲᠤᠬᠠᠢ ᠤᠯᠤᠰ ᠤᠨ ᠲᠣᠭᠲᠠᠭᠠᠭᠰᠠᠨ ᠪᠤᠰᠤᠳ ᠨᠥᠬᠦᠴᠡᠯ ᠤᠳ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ᠃    ᠪᠠᠷᠢᠯᠭ᠎ᠠ ᠶᠢᠨ ᠠᠵᠢᠯ ᠳᠠᠭᠤᠰᠴᠤ᠂ ᠰᠢᠯᠭᠠᠨ ᠠᠪᠤᠭᠠᠳ ᠬᠢᠷᠢ ᠲᠡᠩᠴᠡᠭᠰᠡᠨ ᠤ ᠳᠠᠷᠠᠭ᠎ᠠ ᠰᠠᠶ᠋ᠢ ᠲᠤᠰᠢᠶᠠᠨ ᠥᠭᠴᠦ ᠬᠡᠷᠡᠭᠯᠡᠭᠦᠯᠵᠦ ᠪᠣᠯᠤᠨ᠎ᠠ᠃ ᠰᠢᠯᠭᠠᠨ ᠠᠪᠬᠤ ᠶᠢ ᠳᠠᠮᠵᠢᠭᠰᠠᠨ ᠦᠭᠡᠢ ᠪᠤᠶᠤ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠪᠣᠯ ᠲᠤᠰᠢᠶᠠᠨ ᠥᠭᠴᠦ ᠬᠡᠷᠡᠭᠯᠡᠭᠦᠯᠵᠦ ᠪᠣᠯᠬᠤ ᠦᠭᠡᠢ᠃ᠵᠢᠷᠠᠨ ᠬᠤᠶᠠᠳᠤᠭᠠᠷ ᠵᠤᠷᠪᠤᠰ  ᠪᠠᠷᠢᠯᠭ᠎ᠠ ᠶᠢᠨ ᠠᠵᠢᠯ ᠳᠤ ᠶᠠᠰᠤ ᠴᠢᠨᠠᠷ ᠤᠨ ᠲᠠᠯ᠎ᠠ ᠪᠠᠷ ᠰᠡᠯᠪᠢᠨ ᠵᠠᠰᠠᠬᠤ ᠪᠠᠲᠤᠯᠠᠭ᠎ᠠ ᠶᠢᠨ ᠳᠦᠷᠢᠮ ᠢ ᠬᠡᠷᠡᠭᠵᠢᠭᠦᠯᠦᠨ᠎ᠡ᠃    ᠪᠠᠷᠢᠯᠭ᠎ᠠ ᠶᠢᠨ ᠠᠵᠢᠯ ᠤᠨ ᠰᠡᠯᠪᠢᠨ ᠵᠠᠰᠠᠬᠤ ᠪᠠᠲᠤᠯᠠᠭ᠎ᠠ ᠶᠢᠨ ᠬᠡᠪᠴᠢᠶᠡᠨ ᠳᠤ ᠪᠠᠷᠢᠯᠭ᠎ᠠ ᠶᠢᠨ ᠰᠠᠭᠤᠷᠢ ᠶᠢᠨ ᠰᠠᠭᠤᠷᠢ ᠪᠠᠷᠢᠯᠭ᠎ᠠ᠂ ᠭᠤᠣᠯ ᠴᠣᠭᠴᠠ ᠶᠢᠨ ᠪᠦᠲᠦᠴᠡ ᠶᠢᠨ ᠪᠠᠷᠢᠯᠭ᠎ᠠ᠂ ᠭᠡᠷ ᠤᠨ ᠠᠲᠠᠷ ᠤᠨ ᠤᠰᠤ ᠶᠢ ᠰᠡᠷᠭᠡᠶᠢᠯᠡᠬᠦ ᠪᠠᠷᠢᠯᠭ᠎ᠠ ᠪᠣᠯᠤᠨ ᠪᠤᠰᠤᠳ ᠰᠢᠪᠠᠷ ᠰᠢᠷᠣᠢ ᠶᠢᠨ ᠪᠠᠷᠢᠯᠭ᠎ᠠ ᠶᠢᠨ ᠠᠵᠢᠯ ᠵᠢᠴᠢ ᠴᠠᠬᠢᠯᠭᠠᠨ ᠬᠤᠭᠤᠯᠠᠢ ᠶᠢᠨ ᠱᠤᠭᠤᠮ᠂ ᠤᠰᠤ ᠲᠠᠲᠠᠵᠤ ᠭᠠᠷᠭᠠᠬᠤ ᠬᠤᠭᠤᠯᠠᠢ ᠱᠤᠭᠤᠮ ᠢ ᠤᠭᠰᠠᠷᠠᠬᠤ᠂ ᠪᠠᠷᠢᠯᠭ᠎ᠠ ᠶᠢᠨ ᠢᠯᠴᠢ ᠬᠠᠩᠭᠠᠬᠤ᠂ ᠬᠦᠢᠲᠡᠨ‌ᠬᠠᠩᠭᠠᠬᠤ ᠰᠢᠰᠲ᠋ᠧᠮ ᠤᠨ ᠪᠠᠷᠢᠯᠭ᠎ᠠ ᠵᠡᠷᠭᠡ ᠵᠤᠷᠪᠤᠰ ᠢ ᠪᠠᠭᠲᠠᠭᠠᠬᠤ ᠬᠡᠷᠡᠭᠲᠡᠢ᠃ ᠰᠡᠯᠪᠢᠨ ᠵᠠᠰᠠᠬᠤ ᠪᠠᠲᠤᠯᠠᠭ᠎ᠠ ᠶᠢᠨ ᠬᠤᠭᠤᠴᠠᠭ᠎ᠠ ᠶᠢ ᠪᠠᠷᠢᠯᠭ᠎ᠠ ᠶᠢᠨ ᠵᠦᠢ ᠵᠣᠬᠢᠰᠲᠠᠢ ᠬᠡᠷᠡᠭᠯᠡᠬᠦ ᠬᠤᠭᠤᠴᠠᠭᠠᠨ ᠳᠤ ᠬᠡᠪ ᠤᠨ ᠬᠡᠷᠡᠭᠯᠡᠯᠲᠡ ᠶᠢ ᠪᠠᠲᠤᠯᠠᠵᠤ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠵᠠᠷᠴᠢᠮ ᠢᠶᠠᠷ ᠲᠣᠭᠲᠠᠭᠠᠬᠤ ᠬᠡᠷᠡᠭᠲᠡᠢ᠃ ᠰᠡᠯᠪᠢᠨ ᠵᠠᠰᠠᠬᠤ ᠪᠠᠲᠤᠯᠠᠭ᠎ᠠ ᠶᠢᠨ ᠪᠣᠳᠠᠲᠠᠢ ᠬᠡᠪᠴᠢᠶ᠎ᠡ ᠪᠣᠯᠤᠨ ᠰᠡᠯᠪᠢᠨ ᠵᠠᠰᠠᠬᠤ ᠪᠠᠲᠤᠯᠠᠭ᠎ᠠ ᠶᠢᠨ ᠨᠠᠭᠠᠳᠤ ᠵᠠᠬ᠎ᠠ ᠶᠢᠨ ᠬᠤᠭᠤᠴᠠᠭ᠎ᠠ ᠶᠢ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠲᠣᠭᠲᠠᠭᠠᠨ᠎ᠠ᠃    ᠵᠢᠷᠠᠨ ᠭᠤᠷᠪᠠᠳᠤᠭᠠᠷ ᠵᠤᠷᠪᠤᠰ   ᠶᠠᠮᠠᠷᠪᠠ ᠨᠢᠭᠡᠴᠡ ᠪᠠ ᠬᠤᠪᠢ ᠬᠥᠮᠦᠨ ᠠᠴᠠ ᠴᠥᠮ ᠪᠠᠷᠢᠯᠭ᠎ᠠ ᠶᠢᠨ ᠠᠵᠢᠯ ᠤᠨ ᠶᠠᠰᠤ ᠴᠢᠨᠠᠷ ᠤᠨ ᠠᠳᠡᠯ᠂ ᠶᠠᠰᠤ ᠴᠢᠨᠠᠷ ᠤᠨ ᠭᠡᠮ ᠰᠠᠮ ᠤᠨ ᠲᠤᠬᠠᠢ ᠪᠦᠲᠦᠭᠡᠨ ᠪᠠᠶᠢᠭᠤᠯᠤᠯᠲᠠ‌‍ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠬᠤᠯᠪᠣᠭᠳᠠᠯ ᠪᠦᠬᠦᠢ ᠪᠤᠰᠤᠳ ᠰᠠᠯᠠᠭ᠎ᠠ ᠮᠥᠴᠢᠷ ᠲᠤ ᠢᠯᠡᠴᠢᠯᠡᠬᠦ᠂ ᠵᠠᠭᠠᠯᠳᠤᠬᠤ᠂ ᠵᠠᠭᠠᠯᠳᠤᠬᠤ ᠡᠷᠬᠡ ᠲᠠᠢ᠃    ᠳᠣᠯᠣᠳᠤᠭᠠᠷ ᠪᠦᠯᠦᠭ    ᠬᠠᠤᠯᠢ ᠶᠢᠨ ᠬᠠᠷᠢᠭᠤᠴᠠᠯᠭ᠎ᠠ    ᠵᠢᠷᠠᠨ ᠳᠥᠷᠪᠡᠳᠦᠭᠡᠷ ᠵᠤᠷᠪᠤᠰ   ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠣᠯᠤᠭᠰᠠᠨ ᠦᠭᠡᠢ ᠪᠤᠶᠤ ᠠᠵᠢᠯ ᠡᠬᠢᠯᠡᠭᠦᠯᠬᠦ ᠮᠡᠳᠡᠭᠦᠯᠦᠯᠲᠡ ᠪᠠᠨ ᠵᠥᠪᠰᠢᠶᠡᠷᠡᠭᠦᠯᠦᠭᠰᠡᠨ ᠦᠭᠡᠢ ᠪᠠᠷ ᠳᠤᠷ᠎ᠠ ᠪᠠᠷ ᠢᠶᠠᠨ ᠪᠠᠷᠢᠯᠭ᠎ᠠ ᠪᠠᠷᠢᠭᠰᠠᠨ ᠪᠠᠶᠢᠪᠠᠯ᠂ ᠵᠠᠷᠯᠢᠭᠳᠠᠵᠤ ᠪᠠᠶᠢᠭᠠᠳ ᠵᠠᠯᠠᠷᠠᠭᠤᠯᠤᠭᠠᠳ᠂ ᠠᠵᠢᠯ ᠡᠬᠢᠯᠡᠬᠦ ᠨᠥᠬᠦᠴᠡᠯ ᠳᠤ ᠨᠡᠶᠢᠴᠡᠬᠦ ᠦᠭᠡᠢ ᠪᠠᠶᠢᠪᠠᠯ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠵᠤ᠂ ᠵᠣᠭᠤᠰ ᠢᠶᠠᠷ ᠲᠣᠷᠭᠠᠬᠤ ᠪᠠᠷ  ᠰᠢᠢᠳᠬᠡᠵᠦ ᠪᠣᠯᠤᠨ᠎ᠠ᠃    ᠵᠢᠷᠠᠨ ᠲᠠᠪᠤᠳᠤᠭᠠᠷ ᠵᠤᠷᠪᠤᠰ   ᠳᠠᠭᠠᠭᠠᠴᠢᠯᠠᠭᠤᠯᠬᠤ ᠨᠢᠭᠡᠴᠡ ᠪᠠᠷᠢᠯᠭ᠎ᠠ ᠶᠢᠨ ᠠᠵᠢᠯ ᠢᠶᠠᠨ ᠬᠢᠷᠢ ᠬᠡᠮ ᠤᠨ ᠵᠣᠬᠢᠴᠠᠩᠭᠤᠢ ᠨᠥᠬᠦᠴᠡᠯ ᠦᠭᠡᠢ ᠳᠠᠭᠠᠭᠠᠴᠢᠯᠠᠬᠤ ᠨᠢᠭᠡᠴᠡ ᠳᠤ ᠳᠠᠭᠠᠭᠠᠴᠢᠯᠠᠭᠤᠯᠤᠭᠰᠠᠨ ᠪᠤᠶᠤ ᠲᠤᠰ ᠬᠠᠤᠯᠢ ᠶᠢᠨ ᠲᠣᠭᠲᠠᠭᠠᠯ ᠢ ᠵᠥᠷᠢᠴᠡᠨ ᠪᠠᠷᠢᠯᠭ᠎ᠠ ᠶᠢᠨ ᠠᠵᠢᠯ ᠢᠶᠠᠨ ᠬᠡᠰᠡᠭᠯᠡᠨ ᠳᠠᠭᠠᠭᠠᠴᠢᠯᠠᠭᠤᠯᠤᠭᠰᠠᠨ ᠪᠠᠶᠢᠪᠠᠯ ᠵᠠᠷᠯᠢᠭᠳᠠᠵᠤ ᠪᠠᠶᠢᠭᠠᠳ ᠵᠠᠯᠠᠷᠠᠭᠤᠯᠵᠤ᠂ ᠵᠣᠭᠤᠰ ᠢᠶᠠᠷ ᠲᠣᠷᠭᠠᠨ᠎ᠠ᠃    ᠲᠤᠰ ᠨᠢᠭᠡᠴᠡ ᠶᠢᠨ ᠢᠶᠠᠨ ᠬᠢᠷᠢ ᠬᠡᠮ ᠤᠨ ᠵᠡᠷᠭᠡ ᠳᠡᠰ ᠠᠴᠠ ᠳᠠᠪᠠᠭᠠᠳ ᠪᠠᠷᠢᠯᠭ᠎ᠠ ᠶᠢᠨ ᠠᠵᠢᠯ ᠳᠠᠭᠠᠭᠠᠴᠢᠯᠠᠭᠰᠠᠨ ᠪᠠᠶᠢᠪᠠᠯ᠂ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠵᠣᠭᠤᠰ ᠢᠶᠠᠷ ᠲᠣᠷᠭᠠᠬᠤ ᠪᠠᠷ  ᠰᠢᠢᠳᠬᠡᠵᠦ᠂ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ ᠴᠡᠭᠴᠡᠯᠡᠭᠦᠯᠵᠦ᠂ ᠬᠢᠷᠢ ᠬᠡᠮ ᠤᠨ ᠵᠡᠷᠭᠡ ᠳᠡᠰ ᠢ ᠨᠢ ᠪᠠᠭᠤᠷᠠᠭᠤᠯᠵᠤ ᠪᠣᠯᠤᠨ᠎ᠠ᠃ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ ᠬᠢᠷᠢ ᠬᠡᠮ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠥᠬᠡᠢ ᠪᠣᠯᠭᠠᠨ᠎ᠠ᠃ ᠬᠠᠤᠯᠢ ᠶᠢ ᠵᠥᠷᠢᠴᠡᠵᠦ ᠣᠯᠤᠭᠰᠠᠨ ᠠᠰᠢᠭ ᠣᠯᠵᠠᠪᠤᠷᠢ ᠲᠠᠢ ᠪᠠᠶᠢᠪᠠᠯ ᠬᠤᠷᠢᠶᠠᠵᠤ ᠠᠪᠤᠨ᠎ᠠ᠃    ᠬᠢᠷᠢ ᠬᠡᠮ ᠤᠨ ᠦᠨᠡᠮᠯᠡᠯ ᠣᠯᠤᠭᠰᠠᠨ ᠥᠬᠡᠢ ᠪᠠᠷ ᠪᠠᠷᠢᠯᠭ᠎ᠠ ᠶᠢᠨ ᠠᠵᠢᠯ ᠳᠠᠭᠠᠭᠠᠴᠢᠯᠠᠭᠰᠠᠨ ᠪᠠᠶᠢᠪᠠᠯ ᠴᠠᠭᠠᠵᠠᠯᠠᠨ ᠵᠣᠭᠰᠣᠭᠠᠵᠤ᠂ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ᠃ ᠬᠠᠤᠯᠢ ᠶᠢ ᠵᠥᠷᠢᠴᠡᠵᠦ ᠣᠯᠤᠭᠰᠠᠨ ᠠᠰᠢᠭ ᠣᠯᠵᠠᠪᠤᠷᠢ ᠲᠠᠢ ᠪᠠᠶᠢᠪᠠᠯ ᠬᠤᠷᠢᠶᠠᠵᠤ ᠠᠪᠤᠨ᠎ᠠ᠃    ᠮᠡᠬᠡᠯᠡᠬᠦ ᠠᠷᠭ᠎ᠠ ᠪᠠᠷ ᠬᠢᠷᠢ ᠬᠡᠮ ᠤᠨ ᠦᠨᠡᠮᠯᠡᠯ ᠣᠯᠤᠭᠰᠠᠨ ᠪᠠᠶᠢᠪᠠᠯ᠂ ᠬᠢᠷᠢ ᠬᠡᠮ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠥᠬᠡᠢ ᠪᠣᠯᠭᠠᠵᠤ ᠵᠣᠭᠤᠰ ᠢᠶᠠᠷ ᠲᠣᠷᠭᠠᠨ᠎ᠠ᠃ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠵᠢᠷᠠᠨ ᠵᠢᠷᠭᠤᠳᠤᠭᠠᠷ ᠵᠤᠷᠪᠤᠰ   ᠪᠠᠷᠢᠯᠭ᠎ᠠ ᠪᠠᠷᠢᠬᠤ ᠠᠵᠤ ᠠᠬᠤᠶᠢᠯᠠᠯ ᠠᠴᠠ ᠬᠢᠷᠢ ᠬᠡᠮ ᠤᠨ ᠦᠨᠡᠮᠯᠡᠯ ᠢᠶᠠᠨ ᠪᠤᠰᠤᠳ ᠲᠤ ᠰᠢᠯᠵᠢᠭᠦᠯᠵᠦ᠂ ᠵᠢᠭᠡᠯᠡᠭᠦᠯᠵᠦ ᠥᠭᠬᠦ ᠪᠤᠶᠤ ᠪᠤᠰᠤᠳ ᠠᠷᠭ᠎ᠠ ᠮᠠᠶ᠋ᠢᠭ ᠢᠶᠠᠷ ᠪᠤᠰᠤᠳ ᠬᠥᠮᠦᠨ ᠤ ᠲᠤᠰ ᠠᠵᠤ  ᠠᠬᠤᠶᠢᠯᠠᠯ ᠤᠨ ᠨᠡᠷ᠎ᠡ ᠪᠠᠷ ᠪᠠᠷᠢᠯᠭ᠎ᠠ ᠶᠢᠨ ᠠᠵᠢᠯ ᠳᠠᠭᠠᠭᠠᠴᠢᠯᠠᠬᠤ ᠶᠢ ᠵᠠᠷᠯᠢᠭᠳᠠᠵᠤ ᠪᠠᠶᠢᠭᠠᠳ ᠵᠠᠯᠠᠷᠠᠭᠤᠯᠵᠤ᠂ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠠᠨ ᠠᠪᠤᠭᠠᠳ᠂ ᠵᠣᠭᠤᠰ ᠢᠶᠠᠷ ᠲᠣᠷᠭᠠᠬᠤ ᠪᠠᠷ ᠳᠠᠪᠬᠤᠷ ᠰᠢᠢᠳᠬᠡᠵᠦ᠂ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ ᠴᠡᠭᠴᠡᠯᠡᠭᠦᠯᠵᠦ᠂ ᠬᠢᠷᠢ ᠬᠡᠮ ᠤᠨ ᠵᠡᠷᠭᠡ ᠳᠡᠰ ᠢ ᠨᠢ ᠪᠠᠭᠤᠷᠠᠭᠤᠯᠵᠤ ᠪᠣᠯᠤᠨ᠎ᠠ᠃ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠬᠢᠷᠢ ᠬᠡᠮ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ  ᠦᠭᠡᠢ ᠪᠣᠯᠭᠠᠨ᠎ᠠ᠃ ᠲᠤᠰ ᠳᠠᠭᠠᠭᠠᠴᠢᠯᠠᠭᠰᠠᠨ ᠪᠠᠷᠢᠯᠭ᠎ᠠ ᠨᠢ ᠲᠣᠭᠲᠠᠭᠠᠭᠰᠠᠨ ᠶᠠᠰᠤ ᠴᠢᠨᠠᠷ ᠤᠨ ᠪᠠᠷᠢᠮᠵᠢᠶ᠎ᠠ ᠳᠤ ᠨᠡᠶᠢᠴᠡᠭᠰᠡᠨ ᠦᠭᠡᠢ ᠠᠴᠠ ᠪᠣᠯᠤᠭᠰᠠᠨ ᠬᠤᠬᠢᠷᠠᠯ ᠢ ᠪᠠᠷᠢᠯᠭ᠎ᠠ ᠪᠠᠷᠢᠬᠤ ᠠᠵᠤ ᠠᠬᠤᠶᠢᠯᠠᠯ ᠬᠢᠭᠡᠳ ᠲᠤᠰ ᠠᠵᠤ ᠠᠬᠤᠶᠢᠯᠠᠯ ᠤᠨ ᠨᠡᠷ᠎ᠡ ᠶᠢ ᠬᠡᠷᠡᠭᠯᠡᠭᠰᠡᠨ ᠨᠢᠭᠡᠴᠡ ᠪᠤᠶᠤ ᠬᠤᠪᠢ ᠬᠥᠮᠦᠨ ᠳᠤ ᠬᠤᠯᠪᠣᠯᠳᠤᠭᠰᠠᠨ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠨ᠎ᠡ᠃    ᠵᠢᠷᠠᠨ ᠳᠣᠯᠣᠳᠤᠭᠠᠷ ᠵᠤᠷᠪᠤᠰ  ᠳᠠᠭᠠᠭᠠᠴᠢᠯᠠᠭᠰᠠᠨ ᠨᠢᠭᠡᠴᠡ ᠠᠴᠠ ᠳᠠᠭᠠᠭᠠᠴᠢᠯᠠᠭᠰᠠᠨ ᠪᠠᠷᠢᠯᠭ᠎ᠠ ᠶᠢᠨ ᠠᠵᠢᠯ ᠢᠶᠠᠨ ᠰᠢᠯᠵᠢᠭᠦᠯᠦᠨ ᠳᠠᠭᠠᠭᠠᠴᠢᠯᠠᠭᠤᠯᠤᠭᠰᠠᠨ ᠪᠤᠶᠤ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ ᠬᠤᠪᠢᠶᠠᠨ ᠳᠠᠭᠠᠭᠠᠴᠢᠯᠠᠭᠤᠯᠤᠭᠰᠠᠨ ᠪᠠᠶᠢᠪᠠᠯ ᠵᠠᠷᠯᠢᠭᠳᠠᠵᠤ ᠪᠠᠶᠢᠭᠠᠳ ᠵᠠᠯᠠᠷᠠᠭᠤᠯᠵᠤ᠂ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠠᠨ ᠠᠪᠴᠤ ᠵᠣᠭᠤᠰ ᠢᠶᠠᠷ ᠲᠣᠷᠭᠠᠬᠤ ᠪᠠᠷ ᠳᠠᠪᠬᠤᠷ ᠰᠢᠢᠳᠬᠡᠵᠦ ᠪᠣᠯᠤᠨ᠎ᠠ᠃ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ ᠬᠢᠷᠢ ᠬᠡᠮ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ  ᠦᠭᠡᠢ ᠪᠣᠯᠭᠠᠨ᠎ᠠ᠃    ᠳᠠᠭᠠᠭᠠᠴᠢᠯᠠᠭᠰᠠᠨ ᠨᠢᠭᠡᠴᠡ ᠡᠮᠦᠨᠡᠬᠢ ᠪᠠᠳᠠᠭ ᠲᠤ ᠲᠣᠭᠲᠠᠭᠠᠭᠰᠠᠨ ᠬᠠᠤᠯᠢ ᠶᠢ ᠵᠥᠷᠢᠴᠡᠭᠰᠡᠨ ᠠᠵᠢᠯᠯᠠᠭ᠎ᠠ ᠬᠢᠭᠰᠡᠨ᠂ ᠰᠢᠯᠵᠢᠭᠦᠯᠦᠨ ᠳᠠᠭᠠᠭᠠᠴᠢᠯᠠᠭᠤᠯᠤᠭᠰᠠᠨ ᠪᠠᠷᠢᠯᠭ᠎ᠠ ᠪᠤᠶᠤ ᠬᠠᠤᠯᠢ ᠶᠢ ᠵᠥᠷᠢᠴᠡᠨ ᠬᠤᠪᠢᠶᠠᠨ ᠳᠠᠭᠠᠭᠠᠴᠢᠯᠠᠭᠤᠯᠤᠭᠰᠠᠨ ᠪᠠᠷᠢᠯᠭ᠎ᠠ ᠨᠢ ᠲᠣᠭᠲᠠᠭᠠᠭᠰᠠᠨ ᠶᠠᠰᠤ ᠴᠢᠨᠠᠷ ᠤᠨ ᠪᠠᠷᠢᠮᠵᠢᠶ᠎ᠠ ᠳᠤ ᠨᠡᠶᠢᠴᠡᠭᠰᠡᠨ ᠥᠬᠡᠢ ᠠᠴᠠ ᠪᠣᠯᠤᠭᠰᠠᠨ ᠬᠤᠬᠢᠷᠠᠯ ᠲᠠᠢ ᠪᠣᠯ᠂ ᠰᠢᠯᠵᠢᠭᠦᠯᠦᠨ ᠳᠠᠭᠠᠭᠠᠴᠢᠯᠠᠭᠤᠯᠬᠤ ᠪᠤᠶᠤ ᠬᠤᠪᠢᠶᠠᠨ ᠳᠠᠭᠠᠭᠠᠴᠢᠯᠠᠭᠤᠯᠬᠤ ᠶᠢ ᠬᠦᠯᠢᠶᠡᠨ ᠠᠪᠤᠭᠰᠠᠨ ᠨᠢᠭᠡᠴᠡ ᠯᠦᠭᠡ ᠬᠤᠯᠪᠣᠯᠳᠤᠭᠰᠠᠨ ᠲᠥᠯᠥᠪᠦᠷᠢ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃    ᠵᠢᠷᠠᠨ ᠨᠠᠢᠮᠠᠳᠤᠭᠠᠷ ᠵᠤᠷᠪᠤᠰ   ᠪᠠᠷᠢᠯᠭ᠎ᠠ ᠶᠢᠨ ᠠᠵᠢᠯ ᠢ ᠳᠠᠭᠠᠭᠠᠴᠢᠯᠠᠭᠤᠯᠬᠤ ᠪᠠ ᠳᠠᠭᠠᠭᠠᠴᠢᠯᠠᠬᠤ ᠳᠤᠮᠳᠠ ᠬᠠᠭ᠋ᠤᠤᠯᠢ ᠨᠡᠬᠡᠵᠦ᠂ ᠬᠡᠭᠡᠯᠢ ᠢᠳᠡᠵᠦ᠂ ᠬᠡᠭᠡᠯᠢ ᠲᠦᠯᠬᠢᠭᠡᠳ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠶᠠᠯ᠎ᠠ ᠪᠣᠯᠵᠤ ᠪᠦᠷᠢᠯᠳᠦᠭᠰᠡᠨ ᠦᠭᠡᠢ ᠪᠣᠯ ᠵᠣᠭᠤᠰ ᠢᠶᠠᠷ ᠲᠣᠷᠭᠠᠵᠤ  ᠂  ᠠᠪᠤᠭᠰᠠᠨ ᠬᠡᠭᠡᠯᠢ ᠬᠠᠭ᠋ᠤᠤᠯᠢ ᠶᠢᠨ ᠵᠣᠭᠤᠰ ᠮᠥᠩᠭᠦ ᠡᠳ᠋ ᠪᠣᠳᠠᠰ ᠢ ᠬᠤᠷᠢᠶᠠᠨ ᠠᠪᠴᠦ᠂ ᠰᠢᠭᠤᠳ ᠬᠠᠷᠢᠭᠤᠴᠠᠯᠭ᠎ᠠ ᠲᠠᠢ ᠡᠷᠬᠢᠯᠡᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠳᠤ ᠲᠤᠰ ᠲᠤᠰ  ᠰᠢᠢᠳᠬᠡᠯ ᠥᠭᠭᠦᠨ᠎ᠡ᠃    ᠪᠠᠷᠢᠯᠭ᠎ᠠ ᠶᠢᠨ ᠠᠵᠢᠯ ᠢ ᠳᠠᠭᠠᠭᠠᠴᠢᠯᠠᠬᠤ ᠳᠤᠮᠳᠠ ᠬᠡᠭᠡᠯᠢ ᠲᠦᠯᠬᠢᠭᠰᠡᠨ ᠳᠠᠭᠠᠭᠠᠴᠢᠯᠠᠭᠰᠠᠨ ᠨᠢᠭᠡᠴᠡ ᠶᠢ ᠡᠮᠦᠨᠡᠬᠢ ᠪᠠᠳᠠᠭ ᠤᠨ ᠲᠣᠭᠲᠠᠭᠠᠯ ᠶᠣᠰᠣᠭᠠᠷ ᠰᠢᠢᠳᠬᠡᠬᠦ ᠠᠴᠠ ᠭᠠᠳᠠᠨ᠎ᠠ᠂ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ ᠴᠡᠭᠴᠡᠯᠡᠭᠦᠯᠵᠦ᠂ ᠬᠢᠷᠢ ᠬᠡᠮ ᠤᠨ ᠵᠡᠷᠭᠡ ᠳᠡᠰ ᠢ ᠨᠢ ᠪᠠᠭᠤᠷᠠᠭᠤᠯᠬᠤ ᠪᠤᠶᠤ ᠬᠢᠷᠢ ᠬᠡᠮ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠥᠬᠡᠢ ᠪᠣᠯᠭᠠᠵᠤ ᠪᠣᠯᠤᠨ᠎ᠠ᠃    ᠵᠢᠷᠠ ᠶᠢᠰᠦᠳᠦᠭᠡᠷ ᠵᠤᠷᠪᠤᠰ   ᠪᠠᠷᠢᠯᠭ᠎ᠠ ᠬᠢᠨᠠᠵᠤ ᠬᠠᠮᠢᠶᠠᠷᠬᠤ ᠨᠢᠭᠡᠴᠡ ᠨᠢ ᠪᠦᠲᠦᠭᠡᠨ ᠪᠠᠶᠢᠭᠤᠯᠬᠤ ᠨᠢᠭᠡᠴᠡ ᠪᠤᠶᠤ ᠪᠠᠷᠢᠯᠭ᠎ᠠ ᠪᠠᠷᠢᠬᠤ ᠠᠵᠤ ᠠᠬᠤᠶᠢᠯᠠᠯ ᠲᠠᠢ ᠰᠦᠯᠪᠡᠭᠡᠯᠳᠦᠵᠦ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ᠂ ᠪᠠᠷᠢᠯᠭ᠎ᠠ ᠶᠢᠨ ᠶᠠᠰᠤ ᠴᠢᠨᠠᠷ ᠢ ᠪᠠᠭᠤᠷᠠᠭᠤᠯᠬᠤ ᠶᠠᠪᠤᠳᠠᠯ ᠢ ᠵᠠᠷᠯᠢᠭᠳᠠᠵᠤ ᠪᠠᠶᠢᠭᠠᠳ ᠵᠠᠯᠠᠷᠠᠭᠤᠯᠵᠤ᠂ ᠵᠣᠭᠤᠰ ᠢᠶᠠᠷ ᠲᠣᠷᠭᠠᠵᠤ᠂ ᠬᠢᠷᠢ ᠬᠡᠮ ᠤᠨ ᠵᠡᠷᠭᠡ ᠳᠡᠰ ᠢ ᠨᠢ ᠪᠠᠭᠤᠷᠠᠭᠤᠯᠬᠤ ᠪᠤᠶᠤ ᠬᠢᠷᠢ ᠬᠡᠮ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠥᠬᠡᠢ ᠪᠣᠯᠭᠠᠨ᠎ᠠ ᠃ ᠬᠠᠤᠯᠢ ᠶᠢ ᠵᠥᠷᠢᠴᠡᠵᠦ ᠣᠯᠤᠭᠰᠠᠨ ᠠᠰᠢᠭ ᠣᠯᠵᠠᠪᠤᠷᠢ ᠲᠠᠢ ᠪᠠᠶᠢᠪᠠᠯ ᠬᠤᠷᠢᠶᠠᠵᠤ ᠠᠪᠤᠨ᠎ᠠ᠃ ᠬᠤᠬᠢᠷᠠᠯ ᠤᠴᠠᠷᠠᠭᠤᠯᠤᠭᠰᠠᠨ ᠪᠠᠶᠢᠪᠠᠯ ᠬᠤᠯᠪᠣᠯᠳᠤᠭᠰᠠᠨ ᠲᠥᠯᠥᠬᠦ ᠬᠠᠷᠢᠭᠤᠴᠠᠯᠭ᠎ᠠ ᠡᠭᠦᠷᠭᠡᠯᠡᠨ᠎ᠡ᠂ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠪᠠᠷᠢᠯᠭ᠎ᠠ ᠬᠢᠨᠠᠵᠤ ᠬᠠᠮᠢᠶᠠᠷᠬᠤ ᠨᠢᠭᠡᠴᠡ ᠨᠢ ᠬᠢᠨᠠᠵᠤ ᠬᠠᠮᠢᠶᠠᠷᠬᠤ ᠲᠤᠬᠠᠶᠢᠯᠠᠭᠰᠠᠨ ᠠᠵᠢᠯ ᠢᠶᠠᠨ ᠪᠤᠰᠤᠳ ᠲᠤ ᠰᠢᠯᠵᠢᠭᠦᠯᠵᠦ ᠦᠭᠭᠦᠭᠰᠡᠨ ᠪᠠᠶᠢᠪᠠᠯ᠂ ᠵᠠᠷᠯᠢᠭᠳᠠᠵᠤ ᠪᠠᠶᠢᠭᠠᠳ ᠵᠠᠯᠠᠷᠠᠭᠤᠯᠵᠤ᠂ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠠᠵᠤ ᠠᠪᠤᠨ᠎ᠠ᠂ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ ᠴᠡᠭᠴᠡᠯᠡᠭᠦᠯᠵᠦ᠂ ᠬᠢᠷᠢ ᠬᠡᠮ ᠤᠨ ᠵᠡᠷᠭᠡ ᠳᠡᠰ ᠢ ᠨᠢ ᠪᠠᠭᠤᠷᠠᠭᠤᠯᠵᠤ ᠪᠣᠯᠤᠨ᠎ᠠ᠃ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠬᠢᠷᠢ ᠬᠡᠮ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ᠃ ᠳᠠᠯᠠᠳᠤᠭᠠᠷ ᠵᠤᠷᠪᠤᠰ   ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠪᠠᠷᠢᠯᠭ᠎ᠠ ᠶᠢᠨ ᠭᠤᠣᠯ ᠴᠣᠭᠴᠠ ᠪᠤᠶᠤ ᠲᠤᠯᠭᠠᠭᠤᠷᠢ ᠪᠦᠲᠦᠴᠡ ᠶᠢ ᠬᠤᠪᠢᠷᠠᠭᠤᠯᠬᠤ ᠳᠤ ᠬᠤᠯᠪᠣᠭᠳᠠᠬᠤ ᠲᠣᠨᠣᠭᠯᠠᠨ ᠰᠡᠯᠪᠢᠬᠦ ᠠᠵᠢᠯ ᠢ ᠳᠤᠷ᠎ᠠ ᠪᠠᠷ ᠢᠶᠠᠨ ᠬᠢᠭᠰᠡᠨ ᠪᠠᠶᠢᠪᠠᠯ᠂ ᠵᠠᠷᠯᠢᠭᠳᠠᠵᠤ ᠪᠠᠶᠢᠭᠠᠳ ᠵᠠᠯᠠᠷᠠᠭᠤᠯᠵᠤ᠂ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ᠃ ᠬᠤᠬᠢᠷᠠᠯ ᠤᠴᠠᠷᠠᠭᠤᠯᠤᠭᠰᠠᠨ ᠪᠠᠶᠢᠪᠠᠯ ᠲᠥᠯᠥᠬᠦ ᠬᠠᠷᠢᠭᠤᠴᠠᠯᠭ᠎ᠠ ᠡᠭᠦᠷᠭᠡᠯᠡᠨ᠎ᠡ᠃ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠳᠠᠯᠠᠨ ᠨᠢᠭᠡᠳᠦᠭᠡᠷ ᠵᠤᠷᠪᠤᠰ  ᠪᠠᠷᠢᠯᠭ᠎ᠠ ᠪᠠᠷᠢᠬᠤ ᠠᠵᠤ ᠠᠬᠤᠶᠢᠯᠠᠯ ᠠᠴᠠ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠪᠠᠷᠢᠯᠭ᠎ᠠ ᠶᠢᠨ ᠠᠶᠤᠯ ᠦᠭᠡᠢ ᠶᠢ ᠨᠥᠯᠥᠭᠡᠯᠡᠬᠦ ᠠᠳᠡᠯ ᠭᠠᠷᠴᠤ ᠮᠡᠳᠡᠬᠦ ᠳᠠᠯᠳᠠ ᠭᠡᠮ ᠢ ᠠᠷᠭ᠎ᠠ ᠬᠡᠮᠵᠢᠶ᠎ᠡ ᠠᠪᠴᠤ ᠠᠷᠢᠯᠭᠠᠬᠤ ᠥᠬᠡᠢ ᠪᠠᠶᠢᠪᠠᠯ᠂ ᠵᠠᠷᠯᠢᠭᠳᠠᠵᠤ ᠪᠠᠶᠢᠭᠠᠳ ᠵᠠᠯᠠᠷᠠᠭᠤᠯᠵᠤ᠂ ᠵᠣᠭᠤᠰ ᠢᠶᠠᠷ ᠲᠣᠷᠭᠠᠬᠤ ᠪᠠᠷ ᠰᠢᠢᠳᠬᠡᠵᠦ ᠪᠣᠯᠤᠨ᠎ᠠ᠃ ᠦᠢᠯᠡ  ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ ᠴᠡᠭᠴᠡᠯᠡᠭᠦᠯᠵᠦ᠂ ᠬᠢᠷᠢ ᠬᠡᠮ ᠤᠨ ᠵᠡᠷᠭᠡ ᠳᠡᠰ ᠢ ᠨᠢ ᠪᠠᠭᠤᠷᠠᠭᠤᠯᠬᠤ ᠪᠤᠶᠤ ᠬᠢᠷᠢ ᠬᠡᠮ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠥᠬᠡᠢ ᠪᠣᠯᠭᠠᠨ᠎ᠠ᠃ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠬᠠᠮᠢᠶᠠᠷᠤᠯᠲᠠ ᠶᠢᠨ ᠠᠵᠢᠯᠲᠠᠨ ᠲᠣᠭᠲᠠᠭᠠᠯ ᠢ ᠵᠥᠷᠢᠴᠡᠨ ᠵᠢᠯᠣᠭᠤᠳᠴᠤ᠂ ᠠᠵᠢᠯᠲᠠᠨ ᠠᠵᠢᠯᠴᠢᠨ ᠢ ᠠᠯᠪᠠᠲᠠᠨ ᠭᠡᠨᠡᠨ ᠢᠶᠠᠷ ᠠᠵᠢᠯᠯᠠᠭᠤᠯᠤᠭᠰᠠᠨ ᠠᠴᠠ ᠪᠣᠯᠵᠤ᠂ ᠰᠢᠷᠬᠠᠲᠤᠵᠤ ᠦᠬᠦᠭᠰᠡᠨ ᠬᠦᠨᠳᠦ ᠶᠡᠭᠡ ᠠᠳᠡᠯ ᠭᠠᠷᠭᠠᠭᠰᠠᠨ ᠪᠤᠶᠤ ᠪᠤᠰᠤᠳ ᠬᠦᠨᠳᠦ ᠨᠣᠴᠢᠲᠠᠢ ᠤᠷᠰᠢᠭ ᠲᠠᠲᠠᠭᠰᠠᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠳᠠᠯᠠᠨ ᠬᠤᠶᠠᠳᠤᠭᠠᠷ ᠵᠤᠷᠪᠤᠰ   ᠪᠦᠲᠦᠭᠡᠨ ᠪᠠᠶᠢᠭᠤᠯᠬᠤ ᠨᠢᠭᠡᠴᠡ ᠠᠴᠠ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠪᠠᠷᠢᠯᠭ᠎ᠠ ᠵᠢᠷᠤᠵᠤ ᠲᠥᠯᠥᠪᠯᠡᠬᠦ ᠨᠢᠭᠡᠴᠡ ᠪᠤᠶᠤ ᠪᠠᠷᠢᠯᠭ᠎ᠠ ᠪᠠᠷᠢᠬᠤ ᠠᠵᠤ ᠠᠬᠤᠶᠢᠯᠠᠯ ᠢ ᠪᠠᠷᠢᠯᠭ᠎ᠠ ᠶᠢᠨ ᠶᠠᠰᠤ ᠴᠢᠨᠠᠷ᠂  ᠠᠶᠤᠯ ᠦᠭᠡᠢ ᠶᠢᠨ ᠪᠠᠷᠢᠮᠵᠢᠶ᠎ᠠ ᠶᠢ ᠳᠣᠭᠤᠭᠰᠢᠯᠠᠭᠤᠯᠬᠤ ᠭᠡᠵᠦ ᠱᠠᠭᠠᠷᠳᠠᠭᠰᠠᠨ ᠪᠠᠶᠢᠪᠠᠯ᠂ ᠵᠠᠷᠯᠢᠭᠳᠠᠵᠤ ᠪᠠᠶᠢᠭᠠᠳ ᠵᠠᠯᠠᠷᠠᠭᠤᠯᠵᠤ  ᠂ ᠵᠣᠭᠤᠰ ᠢᠶᠠᠷ ᠲᠣᠷᠭᠠᠵᠤ ᠪᠣᠯᠤᠨ᠎ᠠ᠃ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠳᠠᠯᠠᠨ ᠭᠤᠷᠪᠠᠳᠤᠭᠠᠷ ᠵᠤᠷᠪᠤᠰ   ᠪᠠᠷᠢᠯᠭ᠎ᠠ ᠵᠢᠷᠤᠵᠤ ᠲᠥᠯᠥᠪᠯᠡᠬᠦ ᠨᠢᠭᠡᠴᠡ ᠠᠴᠠ ᠪᠠᠷᠢᠯᠭ᠎ᠠ ᠶᠢᠨ ᠶᠠᠰᠤ ᠴᠢᠨᠠᠷ᠂  ᠠᠶᠤᠯ ᠦᠭᠡᠢ ᠶᠢᠨ ᠪᠠᠷᠢᠮᠵᠢᠶ᠎ᠠ ᠶᠣᠰᠣᠭᠠᠷ ᠵᠢᠷᠤᠵᠤ ᠲᠥᠯᠥᠪᠯᠡᠭᠰᠡᠨ ᠥᠬᠡᠢ ᠪᠣᠯ ᠵᠠᠷᠯᠢᠭᠳᠠᠵᠤ ᠪᠠᠶᠢᠭᠠᠳ ᠵᠠᠯᠠᠷᠠᠭᠤᠯᠵᠤ᠂ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ᠃ ᠪᠠᠷᠢᠯᠭ᠎ᠠ ᠶᠢᠨ ᠶᠠᠰᠤ ᠴᠢᠨᠠᠷ ᠤᠨ ᠠᠳᠡᠯ ᠭᠠᠷᠭᠠᠭᠰᠠᠨ ᠪᠠᠶᠢᠪᠠᠯ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ ᠴᠡᠭᠴᠡᠯᠡᠭᠦᠯᠵᠦ᠂ ᠬᠢᠷᠢ ᠬᠡᠮ ᠤᠨ ᠵᠡᠷᠭᠡ ᠳᠡᠰ ᠢ ᠨᠢ ᠪᠠᠭᠤᠷᠠᠭᠤᠯᠬᠤ ᠪᠤᠶᠤ ᠬᠢᠷᠢ ᠬᠡᠮ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠥᠬᠡᠢ ᠪᠣᠯᠭᠠᠬᠤ ᠪᠥᠭᠡᠳ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠠᠨ ᠠᠪᠴᠤ᠂ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ᠃ ᠬᠤᠬᠢᠷᠠᠯ ᠤᠴᠠᠷᠠᠭᠤᠯᠤᠭᠰᠠᠨ ᠪᠠᠶᠢᠪᠠᠯ ᠲᠥᠯᠥᠬᠦ ᠬᠠᠷᠢᠭᠤᠴᠠᠯᠭ᠎ᠠ ᠡᠭᠦᠷᠭᠡᠯᠡᠨ᠎ᠡ᠃ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠳᠠᠯᠠᠨ ᠳᠥᠷᠪᠡᠳᠦᠭᠡᠷ ᠵᠤᠷᠪᠤᠰ   ᠪᠠᠷᠢᠯᠭ᠎ᠠ ᠪᠠᠷᠢᠬᠤ ᠠᠵᠤ ᠠᠬᠤᠶᠢᠯᠠᠯ ᠪᠠᠷᠢᠯᠭ᠎ᠠ ᠪᠠᠷᠢᠬᠤ ᠶᠠᠪᠤᠴᠠ ᠳ᠋ᠠᠭᠠᠨ‌ᠠᠵᠢᠯ ᠢ ᠳᠥᠭᠦᠮᠴᠢᠯᠡᠨ ᠮᠠᠲ᠋ᠧᠷᠢᠶᠠᠯ ᠢ ᠬᠠᠰᠤᠭᠰᠠᠨ ᠂ ᠪᠠᠷᠢᠮᠵᠢᠶᠠᠨ ᠳᠤ ᠬᠦᠷᠬᠦ ᠦᠭᠡᠢ ᠪᠠᠷᠢᠯᠭ᠎ᠠ ᠶᠢᠨ ᠮᠠᠲ᠋ᠧᠷᠢᠶᠠᠯ᠂ ᠪᠠᠷᠢᠯᠭ᠎ᠠ ᠶᠢᠨ ᠪᠦᠲᠦᠴᠡ ᠲᠣᠨᠤᠭ ᠰᠡᠯᠪᠢᠭᠡᠰᠦ ᠪᠠ ᠲᠣᠨᠤᠭ ᠲᠥᠬᠦᠭᠡᠷᠦᠮᠵᠢ ᠶᠢ ᠬᠡᠷᠡᠭᠯᠡᠭᠰᠡᠨ ᠪᠤᠶᠤ ᠪᠠᠷᠢᠯᠭ᠎ᠠ ᠶᠢᠨ ᠵᠢᠷᠤᠭ ᠲᠥᠯᠥᠪᠯᠡᠭᠡ ᠪᠤᠶᠤ ᠪᠠᠷᠢᠯᠭ᠎ᠠ ᠪᠠᠷᠢᠬᠤ ᠮᠡᠷᠭᠡᠵᠢᠯ ᠤᠨ ᠪᠠᠷᠢᠮᠵᠢᠶ᠎ᠠ ᠶᠣᠰᠣᠭᠠᠷ ᠪᠠᠷᠢᠯᠭ᠎ᠠ ᠪᠠᠷᠢᠭᠰᠠᠨ ᠥᠬᠡᠢ ᠡᠰᠡᠬᠦᠯ᠎ᠡ ᠪᠤᠰᠤᠳ ᠠᠵᠢᠯᠯᠠᠭ᠎ᠠ  ᠲᠠᠢ ᠪᠣᠯ ᠵᠠᠷᠯᠢᠭᠳᠠᠨ ᠵᠠᠯᠠᠷᠠᠭᠤᠯᠵᠤ᠂ ᠵᠣᠭᠤᠰ ᠢᠶᠠᠷ ᠲᠣᠷᠭᠠᠨ᠎ᠠ᠃ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ ᠴᠡᠭᠴᠡᠯᠡᠭᠦᠯᠵᠦ᠂ ᠬᠢᠷᠢ ᠬᠡᠮ ᠤᠨ ᠵᠡᠷᠭᠡ ᠳᠡᠰ ᠢ ᠨᠢ ᠪᠠᠭᠤᠷᠠᠭᠤᠯᠬᠤ ᠪᠤᠶᠤ ᠬᠢᠷᠢ ᠬᠡᠮ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠥᠬᠡᠢ ᠪᠣᠯᠭᠠᠨ᠎ᠠ᠃ ᠪᠠᠷᠢᠯᠭ᠎ᠠ ᠶᠢᠨ ᠶᠠᠰᠤ ᠴᠢᠨᠠᠷ ᠨᠢ ᠲᠣᠭᠲᠠᠭᠠᠭᠰᠠᠨ ᠶᠠᠰᠤ ᠴᠢᠨᠠᠷ ᠤᠨ ᠪᠠᠷᠢᠮᠵᠢᠶ᠎ᠠ ᠳᠤ ᠦᠯᠦ  ᠨᠡᠶᠢᠴᠡᠬᠦ ᠳᠤᠨᠢ ᠲᠠᠬᠢᠵᠤ ᠬᠢᠬᠦ᠂ ᠰᠡᠯᠪᠢᠨ ᠵᠠᠰᠠᠬᠤ ᠶᠢ ᠬᠠᠷᠢᠭᠤᠴᠠᠬᠤ ᠪᠥᠭᠡᠳ ᠡᠭᠦᠨ ᠠᠴᠠ ᠪᠣᠯᠤᠭᠰᠠᠨ ᠬᠤᠬᠢᠷᠠᠯ ᠢ ᠲᠥᠯᠥᠬᠦ ᠬᠡᠷᠡᠭᠲᠡᠢ᠃ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠳᠠᠯᠠᠨ ᠲᠠᠪᠤᠳᠤᠭᠠᠷ ᠵᠤᠷᠪᠤᠰ   ᠪᠠᠷᠢᠯᠭ᠎ᠠ ᠪᠠᠷᠢᠬᠤ ᠠᠵᠤ ᠠᠬᠤᠶᠢᠯᠠᠯ ᠠᠴᠠ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ ᠰᠡᠯᠪᠢᠨ ᠵᠠᠰᠠᠬᠤ ᠪᠠᠲᠤᠯᠠᠭ᠎ᠠ ᠶᠢᠨ ᠡᠭᠦᠷᠭᠡ ᠪᠠᠨ ᠭᠦᠢᠴᠡᠳᠬᠡᠬᠦ ᠦᠭᠡᠢ ᠪᠤᠶᠤ ᠰᠡᠯᠪᠢᠨ ᠵᠠᠰᠠᠬᠤ ᠪᠠᠲᠤᠯᠠᠭ᠎ᠠ ᠶᠢᠨ ᠡᠭᠦᠷᠭᠡ ᠪᠠᠨ ᠭᠦᠢᠴᠡᠳᠬᠡᠬᠦ ᠶᠢ ᠬᠤᠶᠢᠰᠢᠯᠠᠭᠤᠯᠪᠠᠯ᠂ ᠵᠠᠷᠯᠢᠭᠳᠠᠵᠤ ᠪᠠᠶᠢᠭᠠᠳ ᠵᠠᠯᠠᠷᠠᠭᠤᠯᠵᠤ᠂ ᠵᠣᠭᠤᠰ ᠢᠶᠠᠷ ᠲᠣᠷᠭᠠᠬᠤ ᠪᠠᠷ ᠰᠢᠢᠳᠬᠡᠵᠦ ᠪᠣᠯᠬᠤ ᠪᠥᠭᠡᠳ ᠰᠡᠯᠪᠢᠨ ᠵᠠᠰᠠᠬᠤ ᠪᠠᠲᠤᠯᠠᠭ᠎ᠠ ᠶᠢᠨ ᠬᠤᠭᠤᠴᠠᠭᠠᠨ ᠳᠤ ᠭᠡᠷ ᠤᠨ ᠣᠷᠣᠢ᠂ ᠬᠡᠷᠡᠮ ᠨᠡᠪᠴᠢᠵᠦ ᠭᠤᠭᠤᠵᠢᠬᠤ᠂ ᠠᠩ ᠭᠠᠷᠬᠤ ᠵᠡᠷᠭᠡ ᠶᠠᠰᠤ ᠴᠢᠨᠠᠷ ᠤᠨ ᠭᠡᠮ ᠰᠡᠮ ᠠᠴᠠ ᠪᠣᠯᠤᠭᠰᠠᠨ ᠬᠤᠬᠢᠷᠠᠯ ᠳᠤ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠨ᠎ᠡ᠃    ᠳᠠᠯᠠᠨ ᠵᠢᠷᠭᠤᠳᠤᠭᠠᠷ ᠵᠤᠷᠪᠤᠰ  ᠲᠤᠰ ᠬᠠᠤᠯᠢ ᠳᠤ ᠲᠣᠭᠲᠠᠭᠠᠭᠰᠠᠨ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ ᠴᠡᠭᠴᠡᠯᠡᠭᠦᠯᠬᠦ᠂ ᠬᠢᠷᠢ ᠬᠡᠮ ᠤᠨ ᠵᠡᠷᠭᠡ ᠳᠡᠰ ᠢ ᠨᠢ ᠪᠠᠭᠤᠷᠠᠭᠤᠯᠬᠤ ᠪᠤᠶᠤ ᠬᠢᠷᠢ ᠬᠡᠮ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠥᠬᠡᠢ ᠪᠣᠯᠭᠠᠬᠤ ᠵᠡᠷᠭᠡ ᠵᠠᠰᠠᠭ ᠵᠠᠬᠢᠷᠭᠠᠨ ᠤ ᠰᠢᠢᠳᠬᠡᠯ ᠢ ᠬᠢᠷᠢ ᠬᠡᠮ ᠤᠨ ᠦᠨᠡᠮᠯᠡᠯ ᠣᠯᠭᠤᠭᠰᠠᠨ  ᠪᠠᠶᠢᠭᠤᠯᠤᠯᠭ᠎ᠠ ᠠᠴᠠ ᠲᠣᠭᠲᠠᠭᠠᠨ᠎ᠠ᠃ ᠵᠠᠰᠠᠭ ᠵᠠᠬᠢᠷᠭᠠᠨ ᠤ ᠪᠤᠰᠤᠳ ᠰᠢᠢᠳᠬᠡᠯ ᠢ ᠪᠦᠲᠦᠭᠡᠨ ᠪᠠᠶᠢᠭᠤᠯᠤᠯᠲᠠ‌‍ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠬᠠᠤᠯᠢ ᠴᠠᠭᠠᠵᠠ ᠪᠣᠯᠤᠨ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠭᠰᠠᠨ ᠡᠷᠬᠡ ᠲᠤᠰᠢᠶᠠᠯ ᠤᠨ ᠬᠡᠪᠴᠢᠶ᠎ᠡ ᠶᠣᠰᠣᠭᠠᠷ ᠲᠣᠭᠲᠠᠭᠠᠨ᠎ᠠ᠃    ᠲᠤᠰ ᠬᠠᠤᠯᠢ ᠶᠢᠨ ᠲᠣᠭᠲᠠᠭᠠᠯ ᠶᠣᠰᠣᠭᠠᠷ ᠬᠢᠷᠢ ᠬᠡᠮ ᠤᠨ ᠦᠨᠡᠮᠯᠡᠯ ᠢᠶᠠᠨ ᠬᠤᠷᠢᠶᠠᠭᠳᠠᠵᠤ ᠬᠦᠴᠦᠨ ᠦᠭᠡᠢ ᠪᠣᠯᠭᠠᠭᠳᠠᠭᠰᠠᠨ ᠪᠠᠶᠢᠪᠠᠯ᠂ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠡᠭᠦᠨ ᠤ ᠡᠵᠡᠩᠨᠡᠯᠲᠡ ᠶᠢᠨ ᠭᠡᠷᠡᠴᠢ ᠶᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ᠃    ᠳᠠᠯᠠᠨ ᠳᠣᠯᠣᠳᠤᠭᠠᠷ ᠵᠤᠷᠪᠤᠰ   ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠬᠢᠷᠢ ᠬᠡᠮ ᠤᠨ ᠵᠡᠷᠭᠡ ᠳᠡᠰ ᠤᠨ ᠵᠣᠬᠢᠴᠠᠩᠭᠤᠢ ᠨᠥᠬᠦᠴᠡᠯ ᠪᠦᠷᠢᠯᠳᠦᠭᠦᠯᠦᠭᠡᠳᠦᠢ ᠨᠢᠭᠡᠴᠡ ᠳᠤ ᠲᠤᠰ ᠵᠡᠷᠭᠡ ᠳᠡᠰ ᠤᠨ ᠬᠢᠷᠢ ᠬᠡᠮ ᠤᠨ ᠦᠨᠡᠮᠯᠡᠯ ᠣᠯᠭᠤᠭᠰᠠᠨ ᠪᠠᠶᠢᠪᠠᠯ᠂ ᠲᠡᠭᠦᠨ ᠤ ᠳᠡᠭᠡᠷ᠎ᠡ ᠱᠠᠲᠤᠨ ᠤ ᠪᠠᠶᠢᠭᠤᠯᠤᠯᠭ᠎ᠠ ᠠᠴᠠ ᠵᠠᠷᠯᠢᠭᠳᠠᠵᠤ ᠪᠠᠶᠢᠭᠠᠳ ᠣᠯᠭᠤᠭᠰᠠᠨ ᠬᠢᠷᠢ ᠬᠡᠮ ᠤᠨ ᠦᠨᠡᠮᠯᠡᠯ ᠢ ᠨᠢ ᠬᠤᠷᠢᠶᠠᠨ ᠠᠪᠴᠤ᠂ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠳᠤ ᠵᠠᠰᠠᠭ ᠵᠠᠬᠢᠷᠭᠠᠨ ᠤ ᠰᠢᠢᠳᠬᠡᠯ ᠥᠭᠭᠦᠨ᠎ᠡ᠃ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠳᠠᠯᠠᠨ ᠨᠠᠢᠮᠠᠳᠤᠭᠠᠷ ᠵᠤᠷᠪᠤᠰ   ᠵᠠᠰᠠᠭ ᠤᠨ ᠣᠷᠳᠣᠨ ᠪᠣᠯᠤᠨ ᠲᠡᠭᠦᠨ ᠤ ᠬᠠᠷᠢᠶ᠎ᠠ ᠰᠠᠯᠠᠭ᠎ᠠ ᠮᠥᠴᠢᠷ ᠤᠨ ᠠᠵᠢᠯᠲᠠᠨ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠳᠠᠭᠠᠭᠠᠴᠢᠯᠠᠭᠤᠯᠬᠤ ᠨᠢᠭᠡᠴᠡ ᠶᠢᠨ ᠳᠠᠭᠠᠭᠠᠴᠢᠯᠠᠯᠲᠠ ᠵᠠᠷᠯᠠᠨ ᠳᠠᠭᠠᠭᠠᠴᠢᠯᠠᠭᠤᠯᠬᠤ ᠪᠠᠷᠢᠯᠭ᠎ᠠ ᠶᠢᠨ ᠠᠵᠢᠯ ᠢ ᠵᠢᠭᠠᠨ ᠲᠣᠭᠲᠠᠭᠠᠭᠰᠠᠨ ᠳᠠᠭᠠᠭᠠᠴᠢᠯᠠᠬᠤ ᠨᠢᠭᠡᠴᠡ ᠳᠤ ᠳᠠᠭᠠᠭᠠᠴᠢᠯᠠᠭᠤᠯᠵᠤ ᠥᠭᠭᠦᠭᠦᠯᠬᠦ ᠪᠠᠷ ᠬᠢᠵᠠᠭᠠᠷᠯᠠᠨ ᠲᠣᠭᠲᠠᠭᠠᠭᠰᠠᠨ ᠪᠠᠶᠢᠪᠠᠯ᠂ ᠳᠡᠭᠡᠷ᠎ᠡ ᠱᠠᠲᠤᠨ ᠤ ᠪᠠᠶᠢᠭᠤᠯᠤᠯᠭ᠎ᠠ ᠠᠴᠠ ᠵᠠᠷᠯᠢᠭᠳᠠᠵᠤ ᠪᠠᠶᠢᠭᠠᠳ ᠵᠠᠯᠠᠷᠠᠭᠤᠯᠤᠨ᠎ᠠ᠃ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠳᠠᠯᠠ ᠶᠢᠰᠦᠳᠦᠭᠡᠷ ᠵᠤᠷᠪᠤᠰ   ᠪᠠᠷᠢᠯᠭ᠎ᠠ ᠶᠢᠨ ᠠᠵᠢᠯ ᠬᠢᠬᠦ ᠵᠥᠪᠰᠢᠶᠡᠷᠡᠯ ᠤᠨ ᠦᠨᠡᠮᠯᠡᠯ ᠣᠯᠭᠤᠬᠤ ᠶᠢ ᠬᠠᠷᠢᠭᠤᠴᠠᠵᠤ ᠪᠠᠶᠢᠭ᠎ᠠ ᠰᠠᠯᠠᠭ᠎ᠠ ᠮᠥᠴᠢᠷ ᠵᠢᠴᠢ ᠲᠡᠭᠦᠨ ᠤ ᠠᠵᠢᠯᠲᠠᠨ ᠪᠠᠷᠢᠯᠭ᠎ᠠ ᠪᠠᠷᠢᠬᠤ ᠨᠥᠬᠦᠴᠡᠯ ᠳᠤ ᠦᠯᠦ ᠨᠡᠶᠢᠴᠡᠬᠦ ᠪᠠᠷᠢᠯᠭ᠎ᠠ ᠶᠢᠨ ᠠᠵᠢᠯ ᠳᠤ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠣᠯᠭᠤᠭᠰᠠᠨ᠂ ᠪᠠᠷᠢᠯᠭ᠎ᠠ ᠶᠢᠨ ᠶᠠᠰᠤ ᠴᠢᠨᠠᠷ ᠢ ᠬᠢᠨᠠᠵᠤ  ᠪᠠᠶᠢᠴᠠᠭᠠᠬᠤ ᠪᠤᠶᠤ ᠪᠠᠷᠢᠯᠭ᠎ᠠ ᠳᠠᠭᠤᠰᠴᠤ ᠰᠢᠯᠭᠠᠨ ᠠᠪᠬᠤ ᠶᠢ ᠬᠠᠷᠢᠭᠤᠴᠠᠬᠤ ᠰᠠᠯᠠᠭ᠎ᠠ ᠮᠥᠴᠢᠷ ᠵᠢᠴᠢ ᠲᠡᠭᠦᠨ ᠤ ᠠᠵᠢᠯᠲᠠᠨ ᠨᠢ ᠬᠢᠷᠢ ᠲᠡᠩᠴᠡᠬᠦ ᠦᠭᠡᠢ ᠪᠠᠷᠢᠯᠭ᠎ᠠ ᠳᠤ ᠪᠠᠷᠢᠯᠭ᠎ᠠ ᠶᠢᠨ ᠠᠵᠢᠯ ᠤᠨ ᠶᠠᠰᠤ ᠴᠢᠨᠠᠷ ᠤᠨ ᠬᠢᠷᠢ ᠲᠡᠩᠴᠡᠭᠰᠡᠨ ᠪᠢᠴᠢᠭ ᠮᠠᠲ᠋ᠧᠷᠢᠶᠠᠯ ᠭᠠᠷᠭᠠᠬᠤ ᠪᠤᠶᠤ ᠬᠢᠷᠢ ᠲᠡᠩᠴᠡᠭᠰᠡᠨ ᠪᠠᠷᠢᠯᠭ᠎ᠠ ᠪᠠᠷ ᠰᠢᠯᠭᠠᠨ ᠠᠪᠤᠭᠰᠠᠨ᠂ ᠶᠠᠯ᠎ᠠ ᠪᠣᠯᠵᠤ ᠪᠦᠷᠢᠯᠳᠦᠭᠰᠡᠨ ᠢ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠬᠤᠬᠢᠷᠠᠯ ᠤᠴᠠᠷᠠᠭᠤᠯᠤᠭᠰᠠᠨ ᠪᠠᠶᠢᠪᠠᠯ ᠲᠤᠰ ᠰᠠᠯᠠᠭ᠎ᠠ ᠮᠥᠴᠢᠷ ᠵᠣᠬᠢᠴᠠᠩᠭᠤᠢ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠨ᠎ᠡ᠃    ᠨᠠᠶᠠᠳᠤᠭᠠᠷ ᠵᠤᠷᠪᠤᠰ   ᠪᠠᠷᠢᠯᠭ᠎ᠠ ᠶᠢᠨ ᠵᠦᠢ ᠵᠣᠬᠢᠰᠲᠠᠢ ᠬᠡᠷᠡᠭᠯᠡᠬᠦ ᠬᠤᠭᠤᠴᠠᠭᠠᠨ ᠳᠤ᠂ ᠪᠠᠷᠢᠯᠭ᠎ᠠ ᠶᠢᠨ ᠠᠵᠢᠯ ᠤᠨ ᠶᠠᠰᠤ ᠴᠢᠨᠠᠷ ᠬᠢᠷᠢ ᠳᠤ ᠲᠡᠩᠴᠡᠬᠦ ᠥᠬᠡᠢ ᠠᠴᠠ ᠪᠣᠯᠵᠤ ᠬᠤᠬᠢᠷᠠᠯ ᠠᠮᠰᠠᠭᠰᠠᠨ ᠪᠠᠶᠢᠪᠠᠯ᠂ ᠬᠠᠷᠢᠭᠤᠴᠠᠯᠭ᠎ᠠ ᠲᠠᠢ ᠡᠲᠡᠭᠡᠳ ᠢᠶᠠᠷ ᠲᠥᠯᠥᠭᠦᠯᠬᠦ ᠱᠠᠭᠠᠷᠳᠠᠯᠭ᠎ᠠ ᠲᠠᠯᠪᠢᠬᠤ ᠡᠷᠬᠡ ᠲᠠᠢ᠃    ᠨᠠᠢᠮᠠᠳᠤᠭᠠᠷ ᠪᠦᠯᠦᠭ   ᠳᠠᠭᠠᠯᠳᠤᠭᠤᠯᠤᠭᠰᠠᠨ ᠳᠦᠷᠢᠮ    ᠨᠠᠶᠠᠨ ᠨᠢᠭᠡᠳᠦᠭᠡᠷ ᠵᠤᠷᠪᠤᠰ  ᠲᠤᠰ ᠬᠠᠤᠯᠢ ᠳᠠᠬᠢ ᠪᠠᠷᠢᠯᠭ᠎ᠠ ᠪᠠᠷᠢᠬᠤ ᠶᠢ ᠵᠥᠪᠰᠢᠶᠡᠷᠡᠬᠦ᠂ ᠪᠠᠷᠢᠯᠭ᠎ᠠ ᠪᠠᠷᠢᠬᠤ ᠠᠵᠤ  ᠠᠬᠤᠶᠢᠯᠠᠯ ᠤᠨ ᠬᠢᠷᠢ ᠬᠡᠮ ᠢ ᠬᠢᠨᠠᠨ ᠪᠠᠶᠢᠴᠠᠭᠠᠬᠤ ᠪᠠ ᠪᠠᠷᠢᠯᠭ᠎ᠠ ᠶᠢᠨ ᠠᠵᠢᠯ ᠢ ᠳᠠᠭᠠᠭᠠᠴᠢᠯᠠᠭᠤᠯᠬᠤ᠂ ᠳᠠᠭᠠᠭᠠᠴᠢᠯᠠᠬᠤ᠂ ᠰᠢᠯᠵᠢᠭᠦᠯᠵᠦ ᠳᠠᠭᠠᠭᠠᠴᠢᠯᠠᠭᠤᠯᠬᠤ ᠶᠢ ᠴᠠᠭᠠᠵᠠᠯᠠᠬᠤ ᠵᠢᠴᠢ ᠪᠠᠷᠢᠯᠭ᠎ᠠ ᠶᠢᠨ ᠠᠵᠢᠯ ᠢ ᠬᠢᠨᠠᠵᠤ ᠬᠠᠮᠢᠶᠠᠷᠬᠤ᠂ ᠪᠠᠷᠢᠯᠭ᠎ᠠ ᠶᠢᠨ ᠠᠵᠢᠯ ᠤᠨ ᠠᠶᠤᠯ ᠦᠭᠡᠢ ᠪᠠ ᠶᠠᠰᠤ ᠴᠢᠨᠠᠷ ᠢ ᠬᠠᠮᠢᠶᠠᠷᠬᠤ ᠲᠤᠬᠠᠢ ᠲᠣᠭᠲᠠᠭᠠᠯ᠂ ᠪᠤᠰᠤᠳ ᠲᠤᠰᠬᠠᠢ ᠪᠠᠷᠢᠯᠭ᠎ᠠ ᠪᠠᠷᠢᠬᠤ ᠪᠠᠷᠢᠯᠭ᠎ᠠ ᠶᠢᠨ ᠠᠵᠢᠯᠯᠠᠭ᠎ᠠ ᠳᠤ ᠬᠡᠷᠡᠭᠯᠡᠬᠦ ᠪᠣᠳᠠᠲᠠᠢ ᠠᠷᠭ᠎ᠠ ᠶᠢ ᠲᠥᠷᠥ ᠶᠢᠨ ᠶᠠᠪᠤᠳᠠᠯ ᠤᠨ ᠬᠤᠷᠢᠶᠠᠨ ᠠᠴᠠ ᠲᠣᠭᠲᠠᠭᠠᠨ᠎ᠠ᠃    ᠨᠠᠶᠠᠨ ᠬᠤᠶᠠᠳᠤᠭᠠᠷ ᠵᠤᠷᠪᠤᠰ  ᠪᠦᠲᠦᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠣᠯᠤᠨ ᠬᠤᠯᠪᠣᠭᠳᠠᠯ ᠪᠦᠬᠦᠢ ᠪᠤᠰᠤᠳ ᠰᠠᠯᠠᠭ᠎ᠠ ᠮᠥᠴᠢᠷ ᠤᠳ ᠪᠠᠷᠢᠯᠭ᠎ᠠ ᠶᠢᠨ ᠠᠵᠢᠯᠯᠠᠭ᠎ᠠ ᠶᠢ ᠬᠢᠨᠠᠨ ᠬᠠᠮᠢᠶᠠᠷᠬᠤ ᠶᠠᠪᠤᠴᠠ ᠳᠠᠭᠠᠨ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠦᠢᠳᠬᠡᠯ ᠠᠪᠬᠤ ᠠᠴᠠ ᠭᠠᠳᠠᠨ᠎ᠠ ᠪᠤᠰᠤᠳ ᠰᠦᠢᠳᠬᠡᠯ ᠠᠪᠴᠤ ᠪᠣᠯᠬᠤ ᠦᠭᠡᠢ᠃ᠨᠠᠶᠠᠨ ᠭᠤᠷᠪᠠᠳᠤᠭᠠᠷ ᠵᠤᠷᠪᠤᠰ   ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠪᠠᠭ᠎ᠠ ᠬᠡᠯᠪᠡᠷᠢ ᠶᠢᠨ ᠭᠡᠷ ᠪᠠᠶᠢᠰᠢᠩ ᠪᠠᠷᠢᠬᠤ ᠪᠠᠷᠢᠯᠭ᠎ᠠ ᠶᠢᠨ ᠠᠵᠢᠯᠯᠠᠭ᠎ᠠ ᠳᠤ ᠲᠤᠰ ᠬᠠᠤᠯᠢ ᠶᠢ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃    ᠲᠡᠦᠬᠡ ᠶᠢᠨ ᠳᠤᠷᠠᠰᠬᠠᠯᠲᠤ ᠵᠦᠢᠯ ᠪᠣᠯᠭᠠᠨ ᠬᠠᠮᠠᠭᠠᠯᠠᠬᠤ ᠪᠠᠷ ᠬᠠᠤᠯᠢ ᠶᠣᠰᠣᠭᠠᠷ ᠬᠢᠨᠠᠨ ᠲᠣᠭᠲᠠᠭᠠᠭᠰᠠᠨ ᠳᠤᠷᠠᠰᠬᠠᠯᠲᠤ ᠪᠠᠷᠢᠯᠭ᠎ᠠ ᠪᠠ ᠡᠷᠲᠡᠨ ᠤ ᠪᠠᠷᠢᠯᠭ᠎ᠠ ᠵᠡᠷᠭᠡ ᠶᠢ ᠰᠡᠯᠪᠢᠨ ᠵᠠᠰᠠᠬᠤ ᠳᠠᠭᠠᠨ᠂ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠲᠤᠬᠠᠢ ᠬᠤᠯᠪᠣᠭᠳᠠᠯ ᠪᠦᠬᠦᠢ ᠬᠠᠤᠯᠢ ᠶᠢᠨ ᠲᠣᠭᠲᠠᠭᠠᠯ ᠢ ᠵᠢᠷᠤᠮᠯᠠᠨ ᠬᠡᠷᠡᠭᠵᠢᠭᠦᠯᠦᠨ᠎ᠡ᠃    ᠠᠶᠤᠯ ᠠᠴᠠ ᠠᠪᠤᠷᠠᠨ ᠭᠠᠮᠰᠢᠭ ᠠᠴᠠ ᠲᠡᠩᠬᠡᠷᠡᠭᠦᠯᠬᠦ ᠭᠡᠷ ᠪᠠᠶᠢᠰᠢᠩ ᠵᠢᠴᠢ ᠪᠤᠰᠤᠳ ᠲᠦᠷ ᠴᠠᠭ ᠤᠨ ᠭᠡᠷ ᠪᠠᠶᠢᠰᠢᠩ ᠤᠨ ᠪᠠᠷᠢᠯᠭ᠎ᠠ ᠪᠠ ᠲᠠᠷᠢᠶᠠᠴᠢᠳ ᠤᠨ ᠥᠪᠡᠷ ᠢᠶᠠᠨ ᠪᠠᠷᠢᠬᠤ ᠪᠣᠭᠤᠨᠢ ᠣᠷᠣᠨ ᠰᠠᠭᠤᠴᠠ ᠶᠢᠨ ᠪᠠᠷᠢᠯᠭ᠎ᠠ ᠶᠢᠨ ᠠᠵᠢᠯᠯᠠᠭ᠎ᠠ ᠳᠤ ᠲᠤᠰ ᠬᠠᠤᠯᠢ ᠶᠢ ᠬᠡᠷᠡᠭᠯᠡᠬᠦ ᠥᠬᠡᠢ᠃    ᠨᠠᠶᠠᠨ ᠳᠥᠷᠪᠡᠳᠦᠭᠡᠷ ᠵᠤᠷᠪᠤᠰ   ᠴᠡᠷᠢᠭ ᠤᠨ ᠬᠡᠷᠡᠭᠯᠡᠭᠡᠨ ᠤ ᠭᠡᠷ ᠪᠠᠶᠢᠰᠢᠩ ᠪᠠᠷᠢᠬᠤ ᠪᠠᠷᠢᠯᠭ᠎ᠠ ᠶᠢᠨ ᠠᠵᠢᠯᠯᠠᠭ᠎ᠠ ᠶᠢᠨ ᠪᠣᠳᠠᠲᠠᠢ ᠬᠠᠮᠢᠶᠠᠷᠤᠯᠲᠠ ᠶᠢᠨ ᠠᠷᠭ᠎ᠠ ᠶᠢ ᠲᠥᠷᠥ ᠶᠢᠨ ᠶᠠᠪᠤᠳᠠᠯ ᠤᠨ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠠᠴᠠ ᠲᠤᠰ ᠬᠠᠤᠯᠢ ᠶᠢ ᠦᠨᠳᠦᠰᠦᠯᠡᠵᠦ ᠲᠣᠭᠲᠠᠭᠠᠨ᠎ᠠ᠃    ᠨᠠᠶᠠᠨ ᠲᠠᠪᠤᠳᠤᠭᠠᠷ ᠵᠤᠷᠪᠤᠰ  ᠲᠤᠰ ᠬᠠᠤᠯᠢ ᠶᠢ 1998 ᠣᠨ ᠤ 3 ᠰᠠᠷ᠎ᠠ ᠶᠢᠨ 1 ᠤ ᠡᠳᠦᠷ ᠠᠴᠠ ᠬᠡᠷᠡᠭᠵᠢᠭᠦᠯᠦᠨ᠎ᠡ᠃
ᠢᠷᠡᠯᠲᠡ᠄ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ ᠶᠢᠨ ᠲᠢᠩᠬᠢᠮ
Baidu
map