ᠵᠠᠩ ᠾᠧ    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠢᠩᠬᠢᠮ ᠤᠨ ᠳᠠᠷᠤᠭ᠎ᠠ
ᠨᠡᠶᠢᠲᠡᠯᠡᠭᠰᠡᠨ ᠴᠠᠭ᠄
2021/11/17
zhang.jpg
     ᠮᠢᠨᠦ ᠠᠵᠢᠯ     ᠭᠦᠸᠧ ᠢᠦᠢ ᠹᠧᠩ ᠨᠥᠬᠦᠷ ᠢ ᠬᠠᠮᠵᠢᠨ ᠪᠠᠶᠢᠭᠤᠯᠭ᠎ᠠ ᠶᠢᠨ ᠬᠠᠮᠢᠶᠠᠷᠤᠯᠲᠠ᠂ ᠨᠠᠮ ᠤᠨ ᠶᠠᠪᠤᠳᠠᠯ᠂ ᠠᠵᠢᠯᠲᠠᠨ ᠤ ᠶᠠᠪᠤᠳᠠᠯ᠂ ᠣᠷᠣᠨ ᠰᠠᠭᠤᠴᠠ ᠶᠢᠨ ᠪᠠᠲᠤᠯᠠᠭ᠎ᠠ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠰᠠᠭᠤᠭᠠᠯᠢ ᠲᠣᠭᠤᠷᠢᠭ ᠬᠢᠭᠡᠳ ᠠᠳᠠᠯ ᠠᠬᠤᠶ ᠶᠢᠨ ᠬᠠᠮᠢᠶᠠᠷᠤᠯᠲᠠ᠂ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠬᠠᠮᠢᠶᠠᠷᠤᠯᠲᠠ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠪᠠᠯᠠ ᠣᠷᠣᠭᠤᠯᠤᠭᠰᠠᠨ ᠡᠵᠡᠩᠨᠡᠯᠲᠡ ᠶᠢᠨ ᠪᠤᠰᠤ ᠴᠢᠨᠠᠷᠲᠠᠶ ᠲᠥᠷᠥᠯ ᠵᠦᠢᠯ ᠤᠨ ᠣᠷᠣᠯᠠᠨ ᠪᠠᠶᠢᠭᠤᠯᠬᠤ᠂ 12345 ᠠᠷᠠᠳ ᠲᠤ ᠳᠥᠭᠦᠮ ᠦᠢᠯᠡᠴᠢᠯᠡᠭᠡᠨ ᠤ ᠬᠠᠯᠠᠮᠱᠢᠯ ᠤᠲᠠᠰᠤ ᠵᠡᠷᠭᠡ ᠲᠠᠯ᠎ᠠ ᠶᠢᠨ ᠠᠵᠢᠯ ᠢ ᠬᠠᠮᠢᠶᠠᠷᠤᠨ᠎ᠠ ᠃ ᠠᠯᠪᠠᠨ ᠭᠡᠷ᠂ ᠠᠵᠢᠯᠲᠠᠨ ᠤ ᠶᠠᠪᠤᠳᠠᠯ ᠤᠨ ᠭᠠᠵᠠᠷ᠂ ᠣᠷᠣᠨ ᠰᠠᠭᠤᠴᠠ ᠶᠢᠨ ᠪᠠᠲᠤᠯᠠᠭ᠎ᠠ ᠬᠢᠭᠡᠳ ᠨᠡᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠭᠠᠵᠠᠷ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ᠂ ᠰᠠᠭᠤᠭᠠᠯᠢ ᠲᠣᠭᠤᠷᠢᠭ ᠬᠢᠭᠡᠳ ᠠᠳᠠᠯ ᠠᠬᠤᠶ ᠶᠢᠨ ᠬᠠᠮᠢᠶᠠᠷᠤᠯᠲᠠ ᠶᠢᠨ ᠭᠠᠵᠠᠷ᠂ ᠪᠠᠶᠢᠭᠤᠯᠭ᠎ᠠ ᠶᠢᠨ ᠨᠠᠮ ᠤᠨ ᠬᠤᠷᠢᠶ᠎ᠠ᠂ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠠᠵᠢᠯ ᠤᠨ ᠭᠠᠵᠠᠷ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠪᠠᠯᠠ ᠣᠷᠣᠭᠤᠯᠤᠭᠰᠠᠨ ᠡᠵᠡᠩᠨᠡᠯᠲᠡ ᠶᠢᠨ ᠪᠤᠰᠤ ᠴᠢᠨᠠᠷᠲᠠᠶ ᠲᠥᠷᠥᠯ ᠵᠦᠶᠯ ᠤᠨ ᠣᠷᠣᠯᠠᠨ ᠪᠠᠶᠢᠭᠤᠯᠬᠤ ᠲᠥᠪ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠵᠡᠷᠭᠡ ᠭᠠᠵᠠᠷ ᠲᠠᠰᠤᠭ ᠢ ᠬᠤᠪᠢᠳᠠᠨ ᠬᠠᠮᠢᠶᠠᠷᠤᠨ᠎ᠠ᠃        ᠮᠢᠨᠦ ᠲᠣᠪᠴᠢ ᠨᠠᠮᠲᠠᠷ      ᠵᠠᠩ ᠾᠧ᠂ ᠡᠷᠡᠭᠲᠡᠢ᠂ ᠬᠢᠲᠠᠳ ᠦᠨᠳᠦᠰᠦᠲᠡᠨ᠂ 1966 ᠣᠨ ᠤ 7 ᠳ᠋ᠤᠭᠠᠷ ᠰᠠᠷ᠎ᠠ ᠳᠤ ᠲᠦᠷᠦᠵᠡᠢ᠃ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠬᠠᠤᠯᠢ ᠶᠢᠨ ᠤᠬᠠᠭᠠᠨ ᠤ ᠮᠠᠰᠲ᠋ᠧᠷ ᠤᠨ ᠡᠷᠳᠡᠮ ᠤᠨ ᠴᠣᠯᠠ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠤᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠶᠢᠨ ᠲᠤᠰᠢᠶᠠᠯ ᠲᠠᠢ᠃      
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ
Baidu
map