ᠢᠦᠶ ᠰᠢᠨ ᠹᠠᠩ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ
ᠨᠡᠶᠢᠲᠡᠯᠡᠭᠰᠡᠨ ᠴᠠᠭ᠄
2021/11/27
 
yu.jpg
     ᠮᠢᠨᠦ ᠠᠵᠢᠯ    ᠭᠦᠸᠧ ᠢᠦᠢ ᠹᠧᠩ ᠨᠥᠬᠦᠷ ᠢ ᠬᠠᠮᠵᠢᠨ ᠬᠤᠲᠠ ᠶᠢᠨ ᠪᠥᠲᠥᠭᠡᠨ ᠪᠠᠶᠢᠭᠤᠯᠤᠯᠲᠠ᠂ ᠬᠤᠲᠠ ᠶᠢᠨ ᠬᠠᠮᠢᠶᠠᠷᠤᠯᠲᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠭᠠᠵᠠᠷ᠂ ᠬᠤᠲᠠ ᠶᠢᠨ ᠬᠠᠮᠢᠶᠠᠷᠤᠯᠲᠠ ᠶᠢᠨ ᠭᠠᠵᠠᠷ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠭᠠᠵᠠᠷ᠂ ᠬᠤᠲᠠ ᠶᠢᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠬᠥᠭᠵᠢᠯᠲᠡ ᠶᠢ ᠠᠬᠢᠭᠤᠯᠬᠤ ᠲᠥᠪ ᠢ ᠬᠤᠪᠢᠳᠠᠨ ᠬᠠᠮᠢᠶᠠᠷᠤᠨ᠎ᠠ᠃        ᠮᠢᠨᠦ ᠲᠣᠪᠴᠢ ᠨᠠᠮᠲᠠᠷ   ᠢᠦᠢ ᠰᠢᠨ ᠹᠠᠩ᠂ ᠡᠷᠡᠭᠲᠡᠢ᠂ ᠬᠢᠲᠠᠳ ᠦᠨᠳᠦᠰᠦᠲᠡᠨ᠂ 1967 ᠣᠨ ᠤ 9 ᠳ᠋ᠤᠭᠡᠷ ᠰᠠᠷ᠎ᠠ ᠳᠤ ᠲᠦᠷᠦᠵᠠᠢ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠤᠯᠠᠨ ᠨᠡᠶᠢᠲᠡ ᠶᠢᠨ ᠬᠠᠮᠢᠶᠠᠷᠤᠯᠲᠠ ᠶᠢᠨ ᠮᠠᠰᠲ᠋ᠧᠷ ᠴᠣᠯᠠ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠃ ᠤᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠶᠢᠨ ᠲᠤᠰᠢᠶᠠᠯ ᠲᠠᠢ᠃ 
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ
Baidu
map