ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ︽ᠬᠤᠲᠠ ᠶᠢᠨ ᠠᠮᠢ ᠨᠠᠰᠤᠨ ᠤ ᠱᠤᠭᠤᠮ ᠤᠨ ᠠᠮᠤᠷ ᠲᠦᠪᠰᠢᠨ ᠤ ᠢᠨᠵᠧᠨᠧᠷᠢᠩ︾ ᠢ ᠪᠠᠶᠢᠷᠢᠯᠠᠭᠤᠯᠤᠨ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/11/4
      11ᠳ᠋ᠤᠭᠡᠷ ᠰᠠᠷ᠎ᠠ ᠶᠢᠨ 2 ᠤᠨ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠬᠤᠷᠠᠯ ᠬᠤᠷᠠᠯᠳᠤᠭᠤᠯᠵᠤ᠂ ᠮᠠᠨ ᠤ ᠣᠷᠣᠨ ᠤ ︽ᠬᠤᠲᠠ ᠶᠢᠨ ᠠᠮᠢ ᠨᠠᠰᠤᠨ ᠤ ᠱᠤᠭᠤᠮ ᠤᠨ ᠠᠮᠤᠷ ᠲᠦᠪᠰᠢᠨ ᠤ ᠢᠨᠵᠧᠨᠧᠷᠢᠩ︾ ᠤᠨ ᠬᠠᠮᠢᠶ᠎ᠠ ᠪᠥᠬᠦᠶ ᠠᠵᠢᠯ ᠢ ᠪᠠᠶᠢᠷᠢᠯᠠᠭᠤᠯᠤᠨ ᠠᠬᠢᠭᠤᠯᠬᠤ ᠬᠤᠷᠠᠯ ᠬᠤᠷᠠᠯᠳᠤᠭᠤᠯᠪᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠯᠢᠦ ᠵᠢᠶᠠᠨ ᠬᠤᠸᠠ ᠬᠤᠷᠠᠯ ᠢ ᠡᠷᠭᠢᠯᠡᠵᠦ᠂ ᠲᠢᠩᠬᠢᠮ ᠤᠨ ᠬᠠᠮᠢᠶ᠎ᠠ ᠪᠥᠬᠦᠶ ᠭᠠᠵᠠᠷ ᠬᠡᠷ ᠤᠨ ᠬᠠᠷᠢᠭᠤᠴᠠᠯᠭᠠᠲᠠᠨ ᠨᠥᠬᠦᠳ ᠣᠷᠣᠯᠴᠠᠵᠠᠶ᠃
c.jpg
      ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠠᠮᠢ ᠨᠠᠰᠤᠨ ᠤ ᠱᠤᠭᠤᠮ ᠤᠨ ᠠᠮᠤᠷ ᠲᠦᠪᠰᠢᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ ︵ᠠᠩᠬᠠᠨ ᠤ ᠨᠣᠤᠷᠠᠭ︶︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠠᠮᠢ ᠨᠠᠰᠤᠨ ᠤ ᠱᠤᠭᠤᠮ ᠤᠨ ᠠᠮᠤᠷ ᠲᠦᠪᠰᠢᠨ ᠤ ᠬᠢᠨᠠᠨ ᠬᠡᠮᠵᠢᠯᠲᠡ ᠶᠢᠨ ᠲᠠᠪᠴᠠᠩ ᠤᠨ ᠪᠥᠲᠥᠭᠡᠨ ᠪᠠᠶᠢᠭᠤᠯᠤᠯᠲᠠ ᠶᠢᠨ ᠲᠥᠰᠦᠯ ︵ᠠᠩᠬᠠᠨ ᠤ ᠨᠣᠤᠷᠠᠭ︶︾ ᠢ ᠭᠦᠨᠵᠡᠭᠡᠶ ᠶᠠᠷᠢᠯᠴᠠᠵᠤ᠂ ᠵᠠᠰᠠᠪᠤᠷᠢ ᠣᠷᠣᠭᠤᠯᠬᠤ ᠰᠠᠨᠠᠭᠤᠯᠭ᠎ᠠ ᠶᠢ ᠳᠤᠷᠠᠳᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠳᠤ ᠪᠠᠶᠢᠷᠢᠯᠠᠭᠤᠯᠤᠯᠲᠠ ᠬᠢᠵᠡᠶ᠃
c1.jpg
       ᠬᠤᠷᠠᠯ ᠠᠴᠠ ᠱᠠᠭᠠᠷᠳᠠᠭᠰᠠᠨ ᠨᠢ᠂ ᠵᠠᠰᠠᠪᠤᠷᠢ ᠣᠷᠣᠭᠤᠯᠬᠤ ᠰᠠᠨᠠᠭᠤᠯᠭ᠎ᠠ ᠶᠣᠰᠣᠭᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠠᠮᠢ ᠨᠠᠰᠤᠨ ᠤ ᠱᠤᠭᠤᠮ ᠤᠨ ᠠᠮᠤᠷ ᠲᠦᠪᠰᠢᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠠᠮᠢ ᠨᠠᠰᠤᠨ ᠤ ᠱᠤᠭᠤᠮ ᠤᠨ ᠠᠮᠤᠷ ᠲᠦᠪᠰᠢᠨ ᠤ ᠬᠢᠨᠠᠨ  ᠬᠡᠮᠵᠢᠯᠳᠡ ᠶᠢᠨ ᠲᠠᠪᠴᠠᠩ ᠤᠨ ᠪᠥᠲᠥᠭᠡᠨ ᠪᠠᠶᠢᠭᠤᠯᠤᠯᠲᠠ ᠶᠢᠨ ᠲᠥᠰᠦᠯ︾ ᠢ ᠲᠦᠷᠭᠡᠬᠡᠨ ᠵᠠᠰᠠᠵᠤ ᠲᠡᠭᠦᠯᠳᠡᠷᠵᠢᠭᠦᠯᠬᠦ ᠬᠡᠷᠡᠭᠲᠡᠶ︔ ᠠᠵᠢᠯ ᠤᠨ ᠲᠤᠰᠬᠠᠶ ᠠᠩᠭᠢ ᠶᠢ ᠲᠦᠷᠭᠡᠬᠡᠨ ᠪᠠᠶᠢᠭᠤᠯᠵᠤ᠂ ︽ᠬᠤᠲᠠ ᠶᠢᠨ ᠠᠮᠢ ᠨᠠᠰᠤᠨ ᠤ ᠱᠤᠭᠤᠮ ᠤᠨ ᠠᠮᠤᠷ ᠲᠦᠪᠰᠢᠨ ᠤ ᠢᠨᠵᠧᠨᠧᠷᠢᠩ︾ ᠤᠨ ᠬᠠᠮᠢᠶ᠎ᠠ ᠪᠥᠬᠦᠶ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ︔ ᠣᠲᠣ ᠶᠢᠨ ᠪᠠᠶᠢᠭ᠎ᠠ ᠰᠢᠲᠠᠮᠠᠬᠠᠶ ᠬᠡᠶ᠂ ᠬᠥᠭᠦᠷᠭᠡ᠂ ᠤᠰᠤ ᠬᠠᠩᠭᠠᠬᠤ ᠤᠰᠤ ᠵᠠᠯᠠᠬᠤ᠂ ᠪᠠᠷᠢᠯᠭ᠎ᠠ ᠶᠢᠨ ᠠᠵᠢᠯ ᠤᠨ ᠨᠢᠭᠡᠨᠲᠡ ᠪᠠᠶᠢᠭᠤᠯᠤᠭᠰᠠᠨ ᠪᠠᠶᠢᠴᠠᠭᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠵᠢᠴᠢ ᠬᠢᠨᠠᠨ ᠡᠵᠡᠮᠳᠡᠬᠦ ᠡᠬᠢ ᠪᠠᠶᠠᠯᠢᠭ ᠢ ᠪᠥᠬᠦ ᠲᠠᠯ᠎ᠠ ᠪᠠᠷ ᠡᠮᠬᠢᠯᠡᠬᠦ ᠬᠡᠷᠡᠭᠲᠡᠶ ᠭᠡᠪᠡ᠃       ᠬᠤᠷᠠᠯ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠯᠪᠣᠭᠳᠠᠯ ᠪᠥᠬᠦᠶ ᠨᠢᠭᠡᠴᠡ ᠪᠣᠯᠤᠨ ᠠᠵᠢᠯᠲᠠᠳ ᠸᠢᠳᠢᠤ᠋ ᠬᠡᠯᠪᠡᠷᠢ ᠪᠠᠷ ᠬᠤᠷᠠᠯ ᠳᠤ ᠣᠷᠣᠯᠴᠠᠵᠠᠶ᠃
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ
Baidu
map