2021 ᠣᠨ ᠤ ᠠᠷᠪᠠᠨ ᠲᠠᠪᠤᠳᠤᠭᠠᠷ ᠪᠦᠯᠦᠭ ᠤᠨ ᠬᠥᠮᠦᠰ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ ᠤᠨ ᠨᠡᠶᠢᠳᠡᠯᠡᠯ
ᠨᠡᠶᠢᠲᠡᠯᠡᠭᠰᠡᠨ ᠴᠠᠭ᠄
2021/5/17
      ᠣᠷᠣᠨ ᠰᠠᠭᠤᠴᠠ ᠪᠣᠯᠤᠨ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ︽ᠳᠠᠩᠰᠠᠯᠠᠭᠤᠯᠤᠭᠰᠠᠨ  ᠪᠠᠷᠢᠯᠭᠠᠴᠢᠨ ᠤ ᠬᠠᠮᠢᠶᠠᠷᠤᠯᠲᠠ ᠶᠢᠨ ᠲᠣᠭᠲᠠᠭᠠᠯ︾ ︵ᠪᠥᠲᠥᠭᠡᠨ ᠪᠠᠶᠢᠭᠤᠯᠤᠯᠲᠠ ᠶᠠᠮᠤᠨ  ᠵᠠᠷᠯᠢᠭ 153 ᠳ᠋ᠤᠭᠠᠷ ᠲᠣᠭᠠᠲᠤ︶᠂  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠳᠡᠰ ᠤᠨ ᠪᠠᠷᠢᠯᠭᠠᠴᠢᠨ ᠤ ᠳᠡᠩᠰᠡᠯᠡᠯᠲᠡ ᠶᠢᠨ ᠬᠡᠷᠡᠭᠵᠢᠭᠦᠯᠬᠦ ᠠᠷᠭ᠎ᠠ︾ ︵ᠥᠪᠥᠷ ᠪᠥᠲᠥᠭᠡᠨ ᠪᠠᠶᠢᠭᠤᠯᠤᠯᠲᠠ ﹇2007﹈  285 ᠳ᠋ᠤᠭᠠᠷ ᠲᠣᠭᠠᠲᠤ︶ ᠶᠢ ᠦᠨᠳᠦᠰᠦᠯᠡᠪᠡᠯ᠂ ︽ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ᠂ ᠲᠥᠷᠥᠯ ᠵᠦᠢᠯ ᠤᠨ ᠬᠠᠷᠢᠭᠤᠴᠠᠯᠭᠠᠲᠠᠨ ᠪᠠ ᠠᠶᠤᠯᠭᠦᠶ   ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠤᠰᠬᠠᠶ ᠲᠤᠰᠢᠶᠠᠯᠲᠤ ᠠᠵᠢᠯᠲᠠᠨ ᠤ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠣᠭᠲᠠᠭᠠᠯ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠵᠠᠷᠯᠢᠭ 17 ᠳ᠋ᠤᠭᠠᠷ ᠲᠣᠭᠠᠲᠤ︶᠂ ︽ᠳᠠᠩᠰᠠᠯᠠᠭᠤᠯᠤᠭᠰᠠᠨ ᠪᠠᠶᠢᠭᠤᠯᠤᠭᠰᠠᠨ ᠦᠨ᠎ᠡ ᠶᠢᠨ ᠢᠨᠵᠧᠨᠧᠷ ᠤᠨ ᠬᠠᠮᠢᠶᠠᠷᠤᠯᠲᠠ ᠶᠢᠨ ᠠᠷᠭ᠎ᠠ︾ ︵ᠪᠥᠲᠥᠭᠡᠨ ᠪᠠᠶᠢᠭᠤᠯᠤᠯᠲᠠ  ᠶᠠᠮᠤᠨ ᠵᠠᠷᠯᠢᠭ 150 ᠳ᠋ᠤᠭᠠᠷ ᠲᠣᠭᠠᠲᠤ︶᠂ ︽ᠪᠥᠬᠦ ᠣᠷᠣᠨ ᠤ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ᠂ ᠲᠥᠷᠥᠯ ᠵᠦᠢᠯ ᠤᠨ ᠬᠠᠷᠢᠭᠤᠴᠠᠯᠭᠠᠲᠠᠨ ᠪᠠ ᠠᠶᠦᠯᠭᠦᠢ ᠦᠢᠯᠡᠳᠪᠦᠷᠢᠯᠡᠯ ᠤᠨ ᠲᠤᠰᠬᠠᠶ ᠲᠤᠰᠢᠶᠠᠯᠲᠤ ᠬᠠᠮᠢᠶᠠᠷᠤᠯᠲᠠ ᠶᠢᠨ ᠠᠵᠢᠯᠲᠠᠨ ᠤ ᠠᠶᠦᠯᠭᠦᠢ ᠦᠢᠯᠡᠳᠪᠦᠷᠢᠯᠡᠯ ᠢ ᠰᠢᠯᠭᠠᠨ ᠬᠢᠨᠠᠬᠤ ᠬᠠᠮᠢᠶᠠᠷᠤᠯᠲᠠ ᠶᠢᠨ ᠠᠵᠢᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠣᠯᠤᠨ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ︾ ︵ᠥᠪᠥᠷ ᠪᠥᠲᠥᠭᠡᠨ ᠪᠠᠶᠢᠭᠤᠯᠤᠯᠲᠠ  ﹇2016﹈  221 ᠳ᠋ᠦ᠋ᠭᠡᠷ ᠲᠣᠭᠠᠲᠤ︶᠂ ᠠᠵᠤ ᠠᠬᠤᠶᠢᠯᠠᠯ ᠠᠴᠠ ᠭᠤᠶᠤᠴᠢᠯᠠᠨ ᠮᠡᠳᠡᠭᠦᠯᠬᠦ᠂ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠠᠩᠬᠠᠨ ᠤ ᠬᠢᠨᠠᠯᠲᠠ ᠶᠢᠨ ᠰᠠᠭᠤᠷᠢᠨ ᠳᠡᠭᠡᠷ᠎ᠡ᠂ ᠬᠢᠨᠠᠨ ᠬᠠᠷᠭᠤᠭᠤᠯᠬᠤ ᠪᠠᠷ ᠳᠡᠮᠵᠢᠨ ᠯᠢ ᠾᠦᠢ ᠯᠦᠩ ᠵᠡᠷᠭᠡ 635 ᠬᠥᠮᠦᠨ ᠤ ᠪᠠᠷᠢᠯᠭ᠎ᠠ ᠪᠠᠷᠢᠬᠤ ᠠᠵᠤ ᠠᠬᠤᠶᠢᠯᠠᠯ ᠤᠨ ︽ᠠᠶᠦᠯᠭᠦᠢ ᠶᠢᠨ ᠬᠠᠮᠢᠶᠠᠷᠤᠯᠲᠠ ᠶᠢᠨ ᠠᠵᠢᠯᠲᠠᠨ︾ ᠤ ᠠᠶᠦᠯᠭᠦᠢ ᠦᠢᠯᠡᠳᠪᠦᠷᠢᠯᠡᠯ ᠤᠨ ᠬᠢᠨᠠᠨ ᠰᠢᠯᠭᠠᠯᠲᠠ ᠳᠤ ᠬᠢᠷᠢ ᠲᠡᠩᠴᠡᠵᠦ᠂ ᠬᠠᠨ ᠶᠤᠸᠠᠨ ᠵᠡᠷᠭᠡ 536 ᠬᠥᠮᠦᠨ ᠬᠤᠶᠠᠳᠤᠭᠠᠷ ᠳᠡᠰ ᠤᠨ ᠪᠠᠷᠢᠯᠭᠠᠴᠢᠨ ᠤ ᠳᠠᠩᠰᠠᠯᠠᠭᠤᠯᠬᠤ ᠨᠥᠬᠦᠴᠡᠯ ᠳᠤ ᠨᠡᠶᠢᠴᠡᠵᠦ᠂ ᠯᠢ ᠵᠢᠶᠠᠨ ᠹᠧᠩ ᠵᠡᠷᠭᠡ 24 ᠬᠥᠮᠦᠨ ᠬᠤᠶᠠᠳᠤᠭᠠᠷ ᠳᠡᠰ ᠤᠨ ᠪᠠᠷᠢᠯᠭ᠎ᠠ ᠶᠢᠨ ᠦᠨ᠎ᠡ ᠶᠢᠨ ᠢᠨᠵᠧᠨᠧᠷ ᠤᠨ ᠳᠠᠩᠰᠠᠯᠠᠭᠤᠯᠬᠤ ᠨᠥᠬᠦᠴᠡᠯ ᠳᠤ ᠨᠡᠶᠢᠴᠡᠪᠡ︔ ᠭᠦᠸᠧ ᠵᠥᠩ ᠵᠡᠷᠭᠡ 130 ᠬᠥᠮᠦᠨ ᠪᠠᠷᠢᠯᠭ᠎ᠠ ᠶᠢᠨ ᠠᠵᠤ ᠠᠬᠤᠶᠢᠯᠠᠯ ᠤᠨ ︽ᠠᠶᠦᠯᠭᠦᠢ ᠶᠢᠨ ᠬᠠᠮᠢᠶᠠᠷᠤᠯᠲᠠ ᠶᠢᠨ ᠠᠵᠢᠯᠲᠠᠨ︾ ᠤ ᠠᠶᠦᠯᠭᠦᠢ ᠦᠢᠯᠡᠳᠪᠦᠷᠢᠯᠡᠯ ᠤᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠥᠬᠡᠶ᠂ ᠭᠤᠤ ᠹᠧᠩ ᠵᠡᠷᠭᠡ 55 ᠬᠥᠮᠦᠨ ᠬᠤᠶᠠᠳᠤᠭᠠᠷ ᠳᠡᠰ ᠤᠨ ᠪᠠᠷᠢᠯᠭᠠᠴᠢᠨ ᠤ ᠳᠠᠩᠰᠠᠯᠠᠭᠤᠯᠬᠤ ᠨᠥᠬᠦᠴᠡᠯ ᠳᠤ ᠨᠡᠶᠢᠴᠡᠭᠰᠡᠨ ᠥᠬᠡᠶ᠂ ᠼᠤᠤ ᠯᠢ ᠵᠡᠷᠭᠡ 23 ᠬᠥᠮᠦᠨ ᠬᠤᠶᠠᠳᠤᠭᠠᠷ ᠳᠡᠰ ᠤᠨ ᠦᠢᠯᠡᠳᠬᠦ ᠦᠨ᠎ᠡ ᠶᠢᠨ ᠢᠨᠵᠧᠨᠧᠷ ᠤᠨ ᠳᠠᠩᠰᠠᠯᠠᠭᠤᠯᠬᠤ ᠨᠥᠬᠦᠴᠡᠯ ᠳᠤ ᠨᠡᠶᠢᠴᠡᠭᠰᠡᠨ ᠥᠬᠡᠶ᠂ ᠡᠳᠦᠭᠡ ᠨᠡᠷᠡᠰ ᠢ ᠢᠯᠡ ᠨᠡᠶᠢᠲᠡᠯᠡᠶ᠎ᠡ᠃ ᠵᠠᠷᠯᠠᠨ ᠨᠡᠶᠢᠲᠡᠯᠡᠬᠦ ᠡᠳᠦᠷ ᠬᠤᠭᠤᠴᠠᠭ᠎ᠠ ᠨᠢ 2021 ᠣᠨ ᠤ 5 ᠳ᠋ᠤᠭᠠᠷ ᠰᠠᠷ᠎ᠠ ᠶᠢᠨ 20 ᠤ ᠡᠳᠦᠷ ᠤᠨ 17᠄ 30 ᠪᠤᠯᠲᠠᠯ᠎ᠠ᠃ ᠵᠠᠷᠯᠠᠨ ᠨᠡᠶᠢᠲᠡᠯᠡᠭᠰᠡᠨ ᠰᠠᠨᠠᠯ ᠳᠤ ᠣᠨᠳᠣᠤ ᠰᠠᠨᠠᠯ ᠲᠠᠢ ᠪᠤᠶᠤ ᠠᠰᠠᠭᠤᠳᠠᠯ ᠲᠠᠢ ᠪᠠᠶᠢᠪᠠᠯ᠂ ᠵᠥᠪᠲᠦᠭᠡᠨ ᠲᠣᠳᠣᠷᠬᠠᠶᠢᠯᠠᠬᠤ ᠪᠠᠨ ᠳᠤᠷᠠᠳᠴᠤ ᠪᠣᠯᠤᠨ᠎ᠠ᠂ ᠬᠢᠨᠠᠨ ᠪᠠᠶᠢᠴᠠᠭᠠᠭᠰᠠᠨ ᠰᠠᠨᠠᠯ ᠨᠢ ︽ᠬᠢᠷᠢ ᠲᠡᠩᠴᠡᠭᠰᠡᠨ ᠥᠬᠡᠶ︾ ᠬᠥᠮᠦᠰ ᠠᠶᠢᠮᠠᠭ ᠬᠤᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠣᠳᠠᠲᠠᠶ ᠬᠢᠨᠠᠨ ᠪᠠᠶᠢᠴᠠᠭᠠᠭᠰᠠᠨ ᠰᠠᠨᠠᠯ ᠢ ᠯᠠᠪᠯᠠᠨ ᠠᠰᠠᠭᠤᠵᠤ ᠪᠣᠯᠤᠨ᠎ᠠ᠃       ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠶᠠᠮᠠᠷᠪᠠ ᠨᠢᠭᠡᠴᠢ ᠪᠠ ᠬᠤᠪᠢ ᠬᠥᠮᠦᠨ ᠵᠠᠷᠯᠠᠨ ᠨᠡᠶᠢᠲᠡᠯᠡᠬᠦ ᠨᠡᠷᠡᠰ ᠲᠤ ᠣᠨᠳᠣᠤ ᠰᠠᠨᠠᠯ ᠲᠠᠢ ᠪᠠᠶᠢᠪᠠᠯ᠂ ᠴᠥᠮ ᠮᠠᠨ ᠤ ᠲᠢᠩᠬᠢᠮ ᠳᠤ ᠪᠠᠶᠢᠳᠠᠯ ᠢᠶᠠᠨ ᠲᠤᠰᠬᠠᠵᠤ ᠪᠣᠯᠤᠨ᠎ᠠ᠂  ᠪᠠᠶᠢᠳᠠᠯ ᠢ ᠳᠤᠰᠬᠠᠬᠤ ᠳᠤ ᠦᠨᠡᠨ ᠠᠴᠠ ᠵᠥᠪ ᠢ ᠡᠷᠢᠬᠦ ᠬᠡᠷᠡᠭᠲᠡᠶ᠃ ᠪᠠᠶᠢᠭᠤᠯᠭ᠎ᠠ ᠨᠢᠭᠡᠴᠢ ᠶᠢᠨ ᠨᠡᠷ᠎ᠡ ᠪᠠᠷ ᠪᠠᠶᠢᠳᠠᠯ ᠢ ᠲᠤᠰᠬᠠᠭᠰᠠᠨ ᠪᠠᠶᠢᠪᠠᠯ᠂  ᠪᠠᠶᠢᠭᠤᠯᠭ᠎ᠠ ᠨᠢᠭᠡᠴᠢ ᠶᠢᠨ ᠠᠯᠪᠠᠨ ᠲᠠᠮᠠᠭ᠎ᠠ ᠪᠠᠶᠢᠬᠤ ᠬᠡᠷᠡᠭᠲᠡᠶ︔ ᠬᠤᠪᠢ ᠬᠥᠮᠦᠨ ᠤ ᠨᠡᠷ᠎ᠡ ᠪᠠᠷ ᠪᠠᠶᠢᠳᠠᠯ ᠢ ᠲᠤᠰᠬᠠᠭᠰᠠᠨ ᠪᠠᠶᠢᠪᠠᠯ᠂ ᠦᠨᠡᠨ ᠪᠣᠳᠠᠲᠠᠶ ᠤᠪᠤᠭ ᠨᠡᠷ᠎ᠡ ᠪᠠ ᠬᠠᠷᠢᠯᠴᠠᠬᠤ ᠤᠲᠠᠰᠤ ᠪᠠᠨ ᠪᠢᠴᠢᠬᠦ ᠬᠡᠷᠡᠭᠲᠡᠶ᠃       ᠬᠠᠷᠢᠯᠴᠠᠬᠤ ᠤᠲᠠᠰᠤ᠄ 0471 — 5332426       ᠬᠠᠷᠢᠯᠴᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ 6 ᠳ᠋ᠤᠭᠠᠷ ᠨᠣᠮᠧᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠣᠪᠴᠢᠶ᠎ᠠ ᠶᠢᠨ 12 ᠳ᠋ᠤᠭᠠᠷ ᠠᠰᠠᠷ ᠤᠨ 33᠂ 34᠂ 35 ᠳ᠋ᠤᠭᠠᠷ ᠴᠣᠩᠬᠤᠪᠴᠢ          ᠳᠠᠭᠠᠯᠳᠤᠭᠤᠯᠤᠯ᠄ 1᠂ ᠯᠢ ᠾᠦᠢ ᠯᠦᠩ ᠵᠡᠷᠭᠡ 635 ᠬᠥᠮᠦᠨ ᠤ ᠪᠠᠷᠢᠯᠭ᠎ᠠ ᠶᠢᠨ ᠠᠵᠢᠯ ᠤᠨ ᠠᠵᠤ ᠠᠬᠤᠶᠢᠯᠠᠯ ᠤᠨ ︽ᠠᠶᠤᠯᠭᠦᠶ ᠶᠢᠨ ᠬᠠᠮᠢᠶᠠᠷᠤᠯᠲᠠ ᠶᠢᠨ ᠠᠵᠢᠯᠳᠡᠨ︾ ᠤ ᠠᠶᠤᠯᠭᠦᠶ ᠦᠢᠯᠡᠳᠪᠦᠷᠢᠯᠡᠯ ᠤᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠬᠥᠮᠦᠰ ᠤᠨ ᠨᠡᠷᠡᠰ2᠂ ᠬᠠᠨ ᠶᠤᠸᠠᠨ ᠵᠡᠷᠭᠡ 536 ᠬᠥᠮᠦᠨ ᠤ ᠬᠤᠶᠠᠳᠤᠭᠠᠷ ᠳᠡᠰ ᠤᠨ ᠪᠠᠷᠢᠯᠭᠠᠴᠢᠨ ᠤ ᠳᠠᠩᠰᠠᠯᠠᠭᠤᠯᠬᠤ ᠨᠥᠬᠦᠴᠡᠯ ᠳᠤ ᠨᠡᠶᠢᠴᠡᠭᠰᠡᠨ ᠬᠥᠮᠦᠰ ᠤᠨ ᠨᠡᠷᠡᠰ3. ᠭᠦᠸᠧ ᠵᠥᠩ ᠵᠡᠷᠭᠡ 130 ᠬᠥᠮᠦᠨ ᠤ ᠪᠠᠷᠢᠯᠭ᠎ᠠ ᠪᠠᠷᠢᠬᠤ ᠠᠵᠤ ᠠᠬᠤᠶᠢᠯᠠᠯ ᠤᠨ ︽ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ︾ ᠤ ᠠᠶᠤᠯᠭᠦᠶ ᠦᠢᠯᠡᠳᠪᠦᠷᠢᠯᠡᠯ ᠤᠨ ᠬᠢᠨᠠᠨ ᠰᠢᠯᠭᠠᠯᠲᠠ ᠳᠤ ᠥᠯᠦ ᠬᠢᠷᠢ ᠲᠡᠩᠴᠡᠭᠰᠡᠨ ᠬᠥᠮᠦᠰ ᠤᠨ ᠨᠡᠷᠡᠰ4᠂ ᠭᠤᠤ ᠹᠧᠩ ᠵᠡᠷᠭᠡ 55 ᠬᠥᠮᠦᠨ ᠬᠤᠶᠠᠳᠤᠭᠠᠷ ᠳᠡᠰ ᠤᠨ ᠪᠠᠷᠢᠯᠭᠠᠴᠢᠨ ᠳᠠᠩᠰᠠᠯᠠᠭᠤᠯᠬᠤ ᠨᠥᠬᠦᠴᠡᠯ ᠳᠤ ᠥᠯᠦ ᠨᠡᠶᠢᠴᠡᠭᠰᠡᠨ ᠬᠥᠮᠦᠰ ᠤᠨ ᠨᠡᠷᠡᠰ5. ᠯᠢ ᠵᠢᠶᠠᠨ ᠹᠧᠩ ᠵᠡᠷᠭᠡ 24 ᠬᠥᠮᠦᠨ ᠬᠤᠶᠠᠳᠤᠭᠠᠷ ᠳᠡᠰ ᠤᠨ ᠦᠢᠯᠡᠳᠬᠦ ᠦᠨ᠎ᠡ ᠶᠢᠨ ᠢᠨᠵᠧᠨᠧᠷ ᠤᠨ ᠳᠠᠩᠰᠠᠯᠠᠭᠤᠯᠬᠤ ᠨᠥᠬᠦᠴᠡᠯ ᠳᠤ ᠨᠡᠶᠢᠴᠡᠭᠰᠡᠨ ᠬᠥᠮᠦᠰ ᠤᠨ ᠨᠡᠷᠡᠰ6. ᠼᠤᠤ ᠯᠢ ᠵᠡᠷᠭᠡ 23 ᠬᠥᠮᠦᠨ ᠬᠤᠶᠠᠳᠤᠭᠠᠷ ᠳᠡᠰ ᠤᠨ ᠦᠢᠯᠡᠳᠬᠦ ᠦᠨ᠎ᠡ ᠶᠢᠨ ᠢᠨᠵᠧᠨᠧᠷ ᠤᠨ ᠳᠠᠩᠰᠠᠯᠠᠭᠤᠯᠬᠤ ᠨᠥᠬᠦᠴᠡᠯ ᠳᠤ ᠥᠯᠥ ᠨᠡᠶᠢᠴᠡᠭᠰᠡᠨ ᠬᠥᠮᠦᠰ ᠤᠨ ᠨᠡᠷᠡᠰ                                          2021 ᠣᠨ ᠤ 5  ᠳ᠋ᠤᠭᠠᠷ ᠰᠠᠷ᠎ᠠ ᠶᠢᠨ 14
ᠢᠷᠡᠯᠲᠡ᠄ ᠥᠪᠦᠷ ᠮᠣᠩᠭᠤᠯ ᠤᠨ ᠣᠷᠤᠨ ᠰᠠᠭᠤᠴᠠ ᠪᠣᠯᠤᠨ ᠬᠤᠲᠠ ᠬᠦᠳᠡᠭᠡ ᠶᠢᠨ ᠪᠥᠲᠦᠭᠡᠨ ᠪᠠᠶᠢᠭᠤᠯᠤᠯᠲᠠ ᠶᠢᠨ ᠲᠢᠩᠬᠢᠮ
Baidu
map