2021 ᠣᠨ ᠤ ᠠᠷᠪᠠᠨ ᠵᠢᠷᠭᠤᠳᠤᠭᠠᠷ ᠪᠦᠯᠦᠭ ᠬᠥᠮᠦᠰ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ ᠤᠨ ᠠᠯᠪᠠᠨ ᠨᠡᠶᠢᠲᠡᠯᠡᠯ
ᠨᠡᠶᠢᠲᠡᠯᠡᠭᠰᠡᠨ ᠴᠠᠭ᠄
2021/5/26
      ᠣᠷᠣᠨ ᠰᠠᠭᠤᠴᠠ ᠪᠣᠯᠤᠨ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ︽ᠳᠠᠩᠰᠠᠯᠠᠭᠤᠯᠤᠭᠰᠠᠨ  ᠪᠠᠷᠢᠯᠭᠠᠴᠢᠨ ᠤ ᠬᠠᠮᠢᠶᠠᠷᠤᠯᠲᠠ ᠶᠢᠨ ᠲᠣᠭᠲᠠᠭᠠᠯ︾ ︵ᠪᠥᠲᠥᠭᠡᠨ ᠪᠠᠶᠢᠭᠤᠯᠤᠯᠲᠠ ᠶᠠᠮᠤᠨ ᠵᠠᠷᠯᠢᠭ 153 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠳᠡᠰ ᠤᠨ ᠪᠠᠷᠢᠯᠭᠠᠴᠢᠨ ᠤ ᠳᠡᠩᠰᠡᠯᠡᠯᠲᠡ ᠶᠢᠨ ᠬᠡᠷᠡᠭᠵᠢᠭᠦᠯᠬᠦ ᠠᠷᠭ᠎ᠠ︾ ︵ᠥᠪᠥᠷ ᠪᠥᠲᠥᠭᠡᠨ ᠪᠠᠶᠢᠭᠤᠯᠤᠯᠲᠠ ︹ 2007 ︺ 285 ᠳ᠋ᠤᠭᠠᠷ ᠲᠣᠭᠠᠲᠤ︶ ᠶᠢ ᠦᠨᠳᠦᠰᠦᠯᠡᠪᠡᠯ᠂ ︽ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ᠂ ᠲᠥᠷᠥᠯ ᠵᠦᠢᠯ ᠤᠨ ᠬᠠᠷᠢᠭᠤᠴᠠᠯᠭᠠᠲᠠᠨ ᠪᠠ ᠠᠶᠤᠯᠭᠦᠶ  ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠤᠰᠬᠠᠶ ᠲᠤᠰᠢᠶᠠᠯᠲᠤ ᠠᠵᠢᠯᠲᠠᠨ ᠠᠶᠤᠯᠭᠦᠶ ᠦᠶ᠋ᠯᠡᠳᠪᠦᠷᠢᠯᠡᠯ ᠤᠨ ᠬᠠᠮᠢᠶᠠᠷᠤᠯᠲᠠ ᠶᠢᠨ ᠲᠣᠭᠲᠠᠭᠠᠯ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ‌ᠵᠠᠷᠯᠢᠭ 17 ᠳ᠋ᠤᠭᠠᠷ ᠲᠣᠭᠠᠲᠤ︶᠂ ︽ᠳᠠᠩᠰᠠᠯᠠᠭᠤᠯᠤᠭᠰᠠᠨ ᠪᠠᠶᠢᠭᠤᠯᠤᠭᠰᠠᠨ ᠦᠨ᠎ᠡ ᠶᠢᠨ ᠢᠨᠵᠧᠨᠧᠷ ᠤᠨ ᠬᠠᠮᠢᠶᠠᠷᠤᠯᠲᠠ ᠶᠢᠨ ᠠᠷᠭ᠎ᠠ︾ ︵ᠪᠥᠲᠥᠭᠡᠨ ᠪᠠᠶᠢᠭᠤᠯᠤᠯᠲᠠ ᠶᠠᠮᠤᠨ ᠵᠠᠷᠯᠢᠭ 150 ᠳ᠋ᠤᠭᠠᠷ ᠲᠣᠭᠠᠲᠤ︶᠂ ︽ᠪᠥᠬᠦ ᠣᠷᠣᠨ ᠤ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ᠂ ᠲᠥᠷᠥᠯ ᠵᠦᠢᠯ ᠤᠨ ᠬᠠᠷᠢᠭᠤᠴᠠᠯᠭᠠᠲᠠᠨ ᠪᠠ  ᠠᠶᠤᠯᠭᠦᠢ ᠦᠢᠯᠡᠳᠪᠦᠷᠢᠯᠡᠯ ᠤᠨ ᠲᠤᠰᠬᠠᠶ ᠲᠤᠰᠢᠶᠠᠯᠲᠤ ᠬᠠᠮᠢᠶᠠᠷᠤᠯᠲᠠ ᠶᠢᠨ ᠠᠵᠢᠯᠲᠠᠨ ᠤ ᠠᠶᠤᠯᠭᠦᠢ ᠦᠢᠯᠡᠳᠪᠦᠷᠢᠯᠡᠯ ᠢ ᠰᠢᠯᠭᠠᠨ ᠬᠢᠨᠠᠬᠤ ᠬᠠᠮᠢᠶᠠᠷᠤᠯᠲᠠ ᠶᠢᠨ ᠠᠵᠢᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ︾ ︵ᠥᠪᠥᠷ ᠪᠥᠲᠥᠭᠡᠨ ᠪᠠᠶᠢᠭᠤᠯᠤᠯᠲᠠ ︹ 2016 ︺ 221 ᠳ᠋ᠦ᠋ᠭᠡᠷ ᠲᠣᠭᠠᠲᠤ︶᠂ ᠠᠵᠤ ᠠᠬᠤᠶᠢᠯᠠᠯ ᠭᠤᠶᠤᠴᠢᠯᠠᠨ ᠮᠡᠳᠡᠭᠦᠯᠵᠦ᠂ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠩᠬ᠎ᠠ ᠬᠢᠨᠠᠭᠰᠠᠨ ᠰᠠᠭᠤᠷᠢᠨ ᠳᠡᠭᠡᠷ᠎ᠡ᠂ ᠹᠠᠩ ᠶᠠᠨ ᠵᠢᠶᠤᠤ ᠵᠡᠷᠭᠡ 214 ᠬᠥᠮᠦᠨ ᠪᠠᠷᠢᠯᠭ᠎ᠠ ᠶᠢᠨ ᠠᠵᠤ ᠠᠬᠤᠶᠢᠯᠠᠯ ᠤᠨ ︽  ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ︾ ᠤ ᠠᠶᠤᠯᠭᠦᠢ ᠦᠢᠯᠡᠳᠪᠦᠷᠢᠯᠡᠯ ᠤᠨ ᠬᠢᠨᠠᠨ ᠰᠢᠯᠭᠠᠯᠲᠠ ᠳᠤ ᠬᠢᠷᠢ ᠲᠡᠩᠴᠡᠵᠦ᠂ ᠶᠠᠩ ᠵᠢᠩ ᠵᠡᠷᠭᠡ 389 ᠬᠥᠮᠦᠨ ᠬᠤᠶᠠᠳᠤᠭᠠᠷ ᠳᠡᠰ ᠤᠨ ᠪᠠᠷᠢᠯᠭ᠎ᠠ ᠶᠢᠨ ᠢᠨᠵᠧᠨᠧᠷ ᠤᠨ ᠳᠠᠩᠰᠠᠯᠠᠭᠤᠯᠬᠤ ᠨᠥᠬᠦᠴᠡᠯ ᠳᠤ ᠨᠡᠶᠢᠴᠡᠵᠦ᠂ ᠬᠠᠨ ᠯᠸᠢ ᠹᠤᠩ ᠵᠡᠷᠭᠡ 14 ᠬᠥᠮᠦᠨ ᠬᠤᠶᠠᠳᠤᠭᠠᠷ ᠳᠡᠰ ᠤᠨ ᠦᠢᠯᠡᠳᠬᠦ ᠦᠨ᠎ᠡ ᠶᠢᠨ ᠢᠨᠵᠧᠨᠧᠷ ᠤᠨ ᠳᠠᠩᠰᠠᠯᠠᠭᠤᠯᠬᠤ ᠨᠥᠬᠦᠴᠡᠯ ᠳᠤ ᠨᠡᠶᠢᠴᠡᠵᠦ᠂ ᠵᠣᠣ ᠰᠢᠤᠸᠠᠢ ᠳ᠋ᠦᠩ ᠵᠡᠷᠭᠡ 2 ᠬᠥᠮᠦᠨ ᠬᠤᠶᠠᠳᠤᠭᠠᠷ ᠳᠡᠰ ᠤᠨ ᠪᠦᠲᠦᠴᠡ ᠶᠢᠨ ᠢᠨᠵᠧᠨᠧᠷ ᠤᠨ ᠳᠠᠩᠰᠠᠯᠠᠭᠤᠯᠬᠤ ᠨᠥᠬᠦᠴᠡᠯ ᠳᠤ ᠨᠡᠶᠢᠴᠡᠪᠡ︔ ᠵᠢᠶᠠ ᠱᠣ᠋ ᠰᠢᠶᠦ᠋ᠨ ᠵᠡᠷᠭᠡ 53 ᠬᠥᠮᠦᠨ ᠪᠠᠷᠢᠯᠭ᠎ᠠ ᠶᠢᠨ ᠠᠵᠤ ᠠᠬᠤᠶᠢᠯᠠᠯ ᠤᠨ ︽ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ︾ ᠤ ᠠᠶᠤᠯᠭᠦᠢ ᠦᠢᠯᠡᠳᠪᠦᠷᠢᠯᠡᠯ ᠤᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠥᠬᠡᠶ᠂ ᠴᠧᠩ ᠵᠢᠶᠦ᠋ᠨ ᠴᠢᠩ ᠵᠡᠷᠭᠡ 17 ᠬᠥᠮᠦᠨ ᠬᠤᠶᠠᠳᠤᠭᠠᠷ ᠳᠡᠰ ᠤᠨ ᠪᠠᠷᠢᠯᠭᠠᠴᠢᠨ ᠤ ᠳᠠᠩᠰᠠᠯᠠᠭᠤᠯᠬᠤ ᠨᠥᠬᠦᠴᠡᠯ ᠳᠤ ᠨᠡᠶᠢᠴᠡᠬᠦ ᠥᠬᠡᠶ᠂ ᠮᠠ ᠼᠦᠩ ᠶᠢᠩ ᠵᠡᠷᠭᠡ 12 ᠬᠥᠮᠦᠨ ᠬᠤᠶᠠᠳᠤᠭᠠᠷ ᠳᠡᠰ ᠤᠨ ᠦᠢᠯᠡᠳᠬᠦ ᠦᠨ᠎ᠡ ᠶᠢᠨ ᠢᠨᠵᠧᠨᠧᠷ ᠤᠨ ᠳᠠᠩᠰᠠᠯᠠᠭᠤᠯᠬᠤ ᠨᠥᠬᠦᠴᠡᠯ ᠳᠤ ᠨᠡᠶᠢᠴᠡᠬᠦ ᠥᠬᠡᠶ᠂ ᠡᠳᠦᠭᠡ ᠨᠡᠷᠡᠰ ᠢ ᠵᠠᠷᠯᠠᠨ ᠨᠡᠶᠢᠲᠡᠯᠡᠶ᠎ᠡ᠃ ᠵᠠᠷᠯᠠᠨ ᠨᠡᠶᠢᠲᠡᠯᠡᠬᠦ ᠬᠤᠭᠤᠴᠠᠭ᠎ᠠ ᠨᠢ 2021 ᠣᠨ ᠤ 5 ᠰᠠᠷ᠎ᠠ ᠶᠢᠨ 27 ᠤ ᠡᠳᠦᠷ ᠤᠨ 17᠄ 30 ᠪᠤᠯᠲᠠᠯ᠎ᠠ᠃ ᠵᠠᠷᠯᠠᠨ ᠨᠡᠶᠢᠲᠡᠯᠡᠭᠰᠡᠨ ᠰᠠᠨᠠᠯ ᠳᠤ ᠣᠨᠳᠣᠤ ᠰᠠᠨᠠᠯ ᠲᠠᠢ ᠪᠤᠶᠤ ᠠᠰᠠᠭᠤᠳᠠᠯ ᠲᠠᠢ ᠪᠠᠶᠢᠪᠠᠯ᠂ ᠵᠥᠪᠲᠦᠭᠡᠨ ᠲᠣᠳᠣᠷᠬᠠᠶᠢᠯᠠᠬᠤ ᠪᠠᠷ ᠳᠤᠷᠠᠳᠴᠤ ᠪᠣᠯᠤᠨ᠎ᠠ᠂ ᠬᠢᠨᠠᠨ ᠪᠠᠶᠢᠴᠠᠭᠠᠭᠰᠠᠨ ᠰᠠᠨᠠᠯ ᠨᠢ ︽ᠬᠢᠷᠢ ᠲᠡᠩᠴᠡᠭᠰᠡᠨ ᠥᠬᠡᠶ︾ ᠬᠥᠮᠦᠰ ᠠᠶᠢᠮᠠᠭ ᠬᠤᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠣᠳᠠᠲᠠᠶ ᠬᠢᠨᠠᠨ ᠪᠠᠶᠢᠴᠠᠭᠠᠭᠰᠠᠨ ᠰᠠᠨᠠᠯ ᠢ ᠯᠠᠪᠯᠠᠨ ᠠᠰᠠᠭᠤᠵᠤ ᠪᠣᠯᠤᠨ᠎ᠠ᠃       ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠶᠠᠮᠠᠷᠪᠠ ᠨᠢᠭᠡᠴᠢ ᠪᠠ ᠬᠤᠪᠢ ᠬᠥᠮᠦᠨ ᠵᠠᠷᠯᠠᠨ ᠨᠡᠶᠢᠲᠡᠯᠡᠬᠦ ᠨᠡᠷᠡᠰ ᠲᠤ ᠣᠨᠳᠣᠤ ᠰᠠᠨᠠᠯ ᠲᠠᠢ ᠪᠠᠶᠢᠪᠠᠯ᠂ ᠴᠥᠮ ᠮᠠᠨ ᠤ ᠲᠢᠩᠬᠢᠮ ᠳᠤ ᠪᠠᠶᠢᠳᠠᠯ ᠢᠶᠠᠨ ᠲᠤᠰᠬᠠᠵᠤ ᠪᠣᠯᠤᠨ᠎ᠠ᠂ ᠲᠤᠰᠬᠠᠭᠰᠠᠨ ᠪᠠᠶᠢᠳᠠᠯ ᠨᠢ ᠦᠨᠡᠨ ᠠᠴᠠ ᠵᠥᠪ ᠢ ᠡᠷᠢᠬᠦ ᠬᠡᠷᠡᠭᠲᠡᠶ᠃ ᠨᠢᠭᠡᠴᠢ ᠶᠢᠨ ᠨᠡᠷ᠎ᠡ ᠪᠠᠷ ᠪᠠᠶᠢᠳᠠᠯ ᠢ ᠲᠤᠰᠬᠠᠭᠰᠠᠨ ᠪᠠᠶᠢᠪᠠᠯ᠂ ᠨᠢᠭᠡᠴᠢ ᠶᠢᠨ ᠠᠯᠪᠠᠨ ᠲᠠᠮᠠᠭ᠎ᠠ ᠶᠢ ᠳᠠᠷᠤᠬᠤ ᠬᠡᠷᠡᠭᠲᠡᠶ︔ ᠬᠤᠪᠢ ᠬᠥᠮᠦᠨ ᠤ ᠨᠡᠷ᠎ᠡ ᠪᠠᠷ ᠪᠠᠶᠢᠳᠠᠯ ᠢ ᠲᠤᠰᠬᠠᠭᠰᠠᠨ ᠪᠠᠶᠢᠪᠠᠯ᠂ ᠦᠨᠡᠨ ᠪᠣᠳᠠᠲᠠᠶ ᠤᠪᠤᠭ ᠨᠡᠷ᠎ᠡ ᠪᠠ ᠬᠠᠷᠢᠯᠴᠠᠬᠤ ᠤᠲᠠᠰᠤ ᠪᠠᠨ ᠪᠢᠴᠢᠬᠦ ᠬᠡᠷᠡᠭᠲᠡᠶ᠃       ᠬᠠᠷᠢᠯᠴᠠᠬᠤ ᠤᠲᠠᠰᠤ᠄ 0471-5332426       ᠬᠠᠷᠢᠯᠴᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ 6 ᠳ᠋ᠤᠭᠠᠷ ᠨᠣᠮᠧᠷᠲᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠣᠪᠴᠢᠶ᠎ᠠ ᠶᠢᠨ 12 ᠳ᠋ᠤᠭᠠᠷ ᠠᠰᠠᠷ ᠤᠨ 33᠂ 34᠂ 35 ᠳ᠋ᠤᠭᠠᠷ ᠴᠣᠩᠬᠤᠪᠴᠢ      ᠳᠠᠭᠠᠯᠳᠤᠭᠤᠯᠤᠯ᠄       1.ᠹᠠᠩ ᠶᠠᠨ ᠵᠢᠶᠤᠤ ᠵᠡᠷᠭᠡ 214 ᠬᠥᠮᠦᠨ ᠤ ᠪᠠᠷᠢᠯᠭ᠎ᠠ ᠪᠠᠷᠢᠬᠤ ᠠᠵᠤ ᠠᠬᠤᠶᠢᠯᠠᠯ ᠤᠨ ︽ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ︾ ᠤ ᠠᠶᠤᠯᠭᠦᠢ ᠦᠢᠯᠡᠳᠪᠦᠷᠢᠯᠡᠯ ᠤᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠬᠥᠮᠦᠰ ᠤᠨ ᠨᠡᠷᠡᠰ       2.ᠶᠠᠩ ᠵᠢᠩ ᠵᠡᠷᠭᠡ 389 ᠬᠥᠮᠦᠨ ᠤ ᠬᠤᠶᠠᠳᠤᠭᠠᠷ ᠳᠡᠰ ᠤᠨ ᠪᠠᠷᠢᠯᠭ᠎ᠠ ᠶᠢᠨ ᠪᠠᠭᠰᠢ ᠶᠢᠨ ᠳᠠᠩᠰᠠᠯᠠᠭᠤᠯᠬᠤ ᠨᠥᠬᠦᠴᠡᠯ ᠳᠤ ᠨᠡᠶᠢᠴᠡᠭᠰᠡᠨ ᠬᠥᠮᠦᠰ ᠤᠨ ᠨᠡᠷᠡᠰ       3.ᠵᠢᠶᠠ ᠱᠣ᠋ ᠰᠢᠶᠦ᠋ᠨ ᠵᠡᠷᠭᠡ 53 ᠬᠥᠮᠦᠨ ᠤ  ᠪᠠᠷᠢᠯᠭ᠎ᠠ ᠶᠢᠨ ᠠᠵᠢᠯ ᠤᠨ ᠠᠵᠤ ᠠᠬᠤᠶᠢᠯᠠᠯ ᠤᠨ ︽ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ︾ ᠤ ᠠᠶᠤᠯᠭᠦᠶ ᠦᠢᠯᠡᠳᠪᠦᠷᠢᠯᠡᠯ ᠤᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠦᠭᠡᠢ ᠬᠥᠮᠦᠰ ᠤᠨ ᠨᠡᠷᠡᠰ       4.ᠴᠧᠩ ᠵᠢᠶᠦ᠋ᠨ ᠴᠢᠩ ᠵᠡᠷᠭᠡ 17 ᠬᠥᠮᠦᠨ ᠤ ᠬᠤᠶᠠᠳᠤᠭᠠᠷ ᠳᠡᠰ ᠤᠨ ᠪᠠᠷᠢᠯᠭᠠᠴᠢᠨ ᠤ ᠳᠠᠩᠰᠠᠯᠠᠭᠤᠯᠬᠤ ᠨᠥᠬᠦᠴᠡᠯ ᠳᠤ ᠥᠯᠥ ᠨᠡᠶᠢᠴᠡᠬᠦ ᠬᠥᠮᠦᠰ ᠤᠨ ᠨᠡᠷᠡᠰ       5.ᠬᠠᠨ ᠯᠸᠢ ᠹᠤᠩ ᠵᠡᠷᠭᠡ 14 ᠬᠥᠮᠦᠨ ᠤ ᠬᠤᠶᠠᠳᠤᠭᠠᠷ ᠳᠡᠰ ᠤᠨ ᠦᠢᠯᠡᠳᠬᠦ ᠦᠨ᠎ᠡ ᠶᠢᠨ ᠢᠨᠵᠧᠨᠧᠷ ᠤᠨ ᠳᠠᠩᠰᠠᠯᠠᠭᠤᠯᠬᠤ ᠨᠥᠬᠦᠴᠡᠯ ᠳᠤ ᠨᠡᠶᠢᠴᠡᠭᠰᠡᠨ ᠬᠥᠮᠦᠰ ᠤᠨ ᠨᠡᠷᠡᠰ       6.ᠮᠠ ᠼᠦᠩ ᠢᠩ ᠵᠡᠷᠭᠡ 12 ᠬᠥᠮᠦᠨ ᠤ ᠬᠤᠶᠠᠳᠤᠭᠠᠷ ᠳᠡᠰ ᠤᠨ ᠦᠢᠯᠡᠳᠬᠦ ᠦᠨ᠎ᠡ ᠶᠢᠨ ᠢᠨᠵᠧᠨᠧᠷ ᠤᠨ ᠳᠠᠩᠰᠠᠯᠠᠭᠤᠯᠬᠤ ᠨᠥᠬᠦᠴᠡᠯ ᠳᠤ ᠥᠯᠥ ᠨᠡᠶᠢᠴᠡᠬᠦ ᠬᠥᠮᠦᠰ ᠤᠨ ᠨᠡᠷᠡᠰ       7.ᠵᠣᠣ ᠰᠢᠤᠸᠠᠢ ᠳ᠋ᠦᠩ ᠵᠡᠷᠭᠡ 2 ᠬᠥᠮᠦᠨ ᠬᠤᠶᠠᠳᠤᠭᠠᠷ ᠳᠡᠰ ᠤᠨ ᠪᠦᠲᠦᠴᠡ ᠶᠢᠨ ᠢᠨᠵᠧᠨᠧᠷ ᠬᠤᠶᠠᠳᠤᠭᠠᠷ ᠳᠡᠰ ᠤᠨ ᠪᠠᠷᠢᠯᠭ᠎ᠠ ᠶᠢᠨ ᠢᠨᠵᠧᠨᠧᠷ ᠤᠨ ᠳᠠᠩᠰᠠᠯᠠᠭᠤᠯᠬᠤ ᠨᠥᠬᠦᠴᠡᠯ ᠳᠤ ᠨᠡᠶᠢᠴᠡᠭᠰᠡᠨ ᠬᠥᠮᠦᠰ ᠤᠨ ᠨᠡᠷᠡᠰ                                                                   2021 ᠣᠨ ᠤ 5 ᠰᠠᠷ᠎ᠠ ᠶᠢᠨ 21 ᠤ ᠡᠳᠦᠷ
ᠢᠷᠡᠯᠲᠡ᠄ ᠥᠪᠦᠷ ᠮᠣᠩᠭᠤᠯ ᠤᠨ ᠣᠷᠤᠨ ᠰᠠᠭᠤᠴᠠ ᠪᠣᠯᠤᠨ ᠬᠤᠲᠠ ᠬᠦᠳᠡᠭᠡ ᠶᠢᠨ ᠪᠥᠲᠦᠭᠡᠨ ᠪᠠᠶᠢᠭᠤᠯᠤᠯᠲᠠ ᠶᠢᠨ ᠲᠢᠩᠬᠢᠮ
Baidu
map