2021 ᠣᠨ ᠤ ᠠᠷᠪᠠᠨ ᠳᠣᠯᠣᠳᠤᠭᠠᠷ ᠪᠦᠯᠦᠭ ᠤᠨ ᠬᠥᠮᠦᠰ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ ᠤᠨ ᠲᠤᠬᠠᠶ ᠠᠯᠪᠠᠨ ᠨᠡᠶᠢᠳᠡᠯᠡᠯ
ᠨᠡᠶᠢᠲᠡᠯᠡᠭᠰᠡᠨ ᠴᠠᠭ᠄
2021/6/1
      ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ︽ᠳᠠᠩᠰᠠᠯᠠᠭᠤᠯᠤᠭᠰᠠᠨ  ᠪᠠᠷᠢᠯᠭᠠᠴᠢᠨ ᠤ ᠬᠠᠮᠢᠶᠠᠷᠤᠯᠲᠠ ᠶᠢᠨ ᠲᠣᠭᠲᠠᠭᠠᠯ︾ ︵ᠪᠥᠲᠥᠭᠡᠨ ᠪᠠᠶᠢᠭᠤᠯᠤᠯᠲᠠ ᠶᠠᠮᠤᠨ ᠵᠠᠷᠯᠢᠭ 153 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠳᠡᠰ ᠤᠨ ᠪᠠᠷᠢᠯᠭᠠᠴᠢᠨ ᠤ ᠳᠡᠩᠰᠡᠯᠡᠯᠲᠡ ᠶᠢᠨ ᠬᠡᠷᠡᠭᠵᠢᠭᠦᠯᠬᠦ ᠠᠷᠭ᠎ᠠ︾ ︵ᠥᠪᠥᠷ ᠪᠥᠲᠥᠭᠡᠨ ᠪᠠᠶᠢᠭᠤᠯᠤᠯᠲᠠ ﹇2007﹈  285 ᠳ᠋ᠤᠭᠠᠷ ᠲᠣᠭᠠᠲᠤ︶ ᠶᠢ ᠦᠨᠳᠦᠰᠦᠯᠡᠪᠡᠯ᠂ ︽ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ᠂ ᠲᠥᠷᠥᠯ ᠵᠦᠢᠯ ᠤᠨ ᠬᠠᠷᠢᠭᠤᠴᠠᠯᠭᠠᠲᠠᠨ ᠪᠠ ᠠᠶᠤᠯᠭᠦᠶ  ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠤᠰᠬᠠᠶ ᠲᠤᠰᠢᠶᠠᠯᠲᠤ ᠠᠵᠢᠯᠲᠠᠨ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠣᠭᠲᠠᠭᠠᠯ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠵᠠᠷᠯᠢᠭ 17 ᠳ᠋ᠤᠭᠠᠷ ᠲᠣᠭᠠᠲᠤ︶᠂ ︽ᠳᠠᠩᠰᠠᠯᠠᠭᠤᠯᠤᠭᠰᠠᠨ ᠪᠠᠶᠢᠭᠤᠯᠤᠭᠰᠠᠨ ᠦᠨ᠎ᠡ ᠶᠢᠨ ᠢᠨᠵᠧᠨᠧᠷ ᠤᠨ ᠬᠠᠮᠢᠶᠠᠷᠤᠯᠲᠠ ᠶᠢᠨ ᠠᠷᠭ᠎ᠠ︾ ︵ᠪᠥᠲᠥᠭᠡᠨ ᠪᠠᠶᠢᠭᠤᠯᠤᠯᠲᠠ ᠶᠠᠮᠤᠨ ᠵᠠᠷᠯᠢᠭ 150 ᠳ᠋ᠤᠭᠠᠷ ᠲᠣᠭᠠᠲᠤ︶᠂ ︽ᠪᠥᠬᠦ ᠣᠷᠣᠨ ᠤ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ᠂ ᠲᠥᠷᠥᠯ ᠵᠦᠢᠯ ᠤᠨ ᠬᠠᠷᠢᠭᠤᠴᠠᠯᠭᠠᠲᠠᠨ ᠪᠠ ᠠᠶᠤᠯᠭᠦᠶ ᠦᠢᠯᠡᠳᠪᠦᠷᠢᠯᠡᠯ ᠤᠨ ᠲᠤᠰᠬᠠᠶ ᠲᠤᠰᠢᠶᠠᠯᠲᠤ ᠬᠠᠮᠢᠶᠠᠷᠤᠯᠲᠠ ᠶᠢᠨ ᠠᠵᠢᠯᠲᠠᠨ ᠤ ᠠᠶᠤᠯᠭᠦᠶ ᠦᠢᠯᠡᠳᠪᠦᠷᠢᠯᠡᠯ ᠢ ᠰᠢᠯᠭᠠᠨ ᠬᠢᠨᠠᠬᠤ ᠬᠠᠮᠢᠶᠠᠷᠤᠯᠲᠠ ᠶᠢᠨ ᠠᠵᠢᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ︾ ︵ᠥᠪᠥᠷ ᠪᠥᠲᠥᠭᠡᠨ ᠪᠠᠶᠢᠭᠤᠯᠤᠯᠲᠠ ﹇2016﹈  221 ᠳ᠋ᠤᠭᠡᠷ ᠲᠣᠭᠠᠲᠤ︶᠂ ᠠᠵᠤ ᠠᠬᠤᠶᠢᠯᠠᠯ ᠭᠤᠶᠤᠴᠢᠯᠠᠨ ᠮᠡᠳᠡᠭᠦᠯᠵᠦ᠂ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠩᠬ᠎ᠠ ᠬᠢᠨᠠᠭᠰᠠᠨ ᠰᠠᠭᠤᠷᠢᠨ ᠳᠡᠭᠡᠷ᠎ᠡ᠂ ᠬᠢᠨᠠᠨ ᠬᠠᠷᠭᠤᠭᠤᠯᠬᠤ ᠪᠠᠷ ᠳᠠᠮᠵᠢᠭᠠᠳ ᠰᠢᠤᠢ ᠬᠤᠩ ᠵᠢᠦ ᠵᠡᠷᠭᠡ 493 ᠬᠥᠮᠦᠨ ᠤ ᠪᠠᠷᠢᠯᠭ᠎ᠠ ᠶᠢᠨ ᠠᠵᠤ ᠠᠬᠤᠶᠢᠯᠠᠯ ᠤᠨ ︽ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ︾ ᠤ ᠠᠶᠤᠯᠭᠦᠶ ᠦᠢᠯᠡᠳᠪᠦᠷᠢᠯᠡᠯ ᠤᠨ ᠬᠢᠨᠠᠨ ᠰᠢᠯᠭᠠᠯᠲᠠ ᠳᠤ ᠬᠢᠷᠢ ᠲᠡᠩᠴᠡᠵᠣ᠂ ᠹᠠᠨ ᠵᠢᠩ ᠵᠡᠷᠭᠡ 304 ᠬᠥᠮᠦᠨ ᠬᠤᠶᠠᠳᠤᠭᠠᠷ ᠳᠡᠰ ᠤᠨ ᠪᠠᠷᠢᠯᠭ᠎ᠠ ᠶᠢᠨ ᠢᠨᠵᠧᠨᠧᠷ ᠤᠨ ᠳᠠᠩᠰᠠᠯᠠᠭᠤᠯᠬᠤ ᠨᠥᠬᠦᠴᠡᠯ ᠳᠤ ᠲᠡᠩᠴᠡᠵᠣ᠂ ᠰᠢᠤᠸᠠᠢ ᠾᠦᠢ ᠵᠡᠷᠭᠡ 20 ᠬᠥᠮᠦᠨ ᠤ ᠬᠤᠶᠠᠳᠤᠭᠠᠷ ᠳᠡᠰ ᠤᠨ ᠦᠢᠯᠡᠳᠬᠦ ᠦᠨ᠎ᠡ ᠶᠢᠨ ᠢᠨᠵᠧᠨᠧᠷ ᠤᠨ ᠳᠠᠩᠰᠠᠯᠠᠭᠤᠯᠬᠤ ᠨᠥᠬᠦᠴᠡᠯ ᠳᠤ ᠲᠡᠩᠴᠡᠵᠣ ᠂ ᠮᠠ ᠵᠢᠶᠠᠨ ᠪᠢᠨ ᠵᠡᠷᠭᠡ 3 ᠬᠥᠮᠦᠨ ᠬᠤᠶᠠᠳᠤᠭᠠᠷ ᠳᠡᠰ ᠤᠨ ᠪᠦᠲᠦᠴᠡ ᠶᠢᠨ ᠢᠨᠵᠧᠨᠧᠷ ᠤᠨ ᠳᠠᠩᠰᠠᠯᠠᠭᠤᠯᠬᠤ ᠨᠥᠬᠦᠴᠡᠯ ᠳᠤ ᠨᠡᠶᠢᠴᠡᠭᠰᠡᠨ ᠪᠠᠶᠢᠨ᠎ᠠ︔ ᠰᠢᠤᠢ ᠵᠢᠶᠦ᠋ᠨ ᠹᠦ᠋ ᠵᠡᠷᠭᠡ 56 ᠬᠥᠮᠦᠨ ᠪᠠᠷᠢᠯᠭ᠎ᠠ ᠪᠠᠷᠢᠬᠤ ᠠᠵᠤ ᠠᠬᠤᠶᠢᠯᠠᠯ ᠤᠨ ︽ᠠᠶᠦᠯᠭᠦᠢ ᠶᠢᠨ ᠬᠠᠮᠢᠶᠠᠷᠤᠯᠲᠠ ᠶᠢᠨ ᠠᠵᠢᠯᠲᠠᠨ︾ ᠤ ᠠᠶᠤᠯᠭᠦᠶ ᠦᠢᠯᠡᠳᠪᠦᠷᠢᠯᠡᠯ ᠤᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠥᠬᠡᠶ᠂ ᠵᠠᠩ ᠵᠢᠶᠠᠨ ᠯᠢᠨ ᠵᠡᠷᠭᠡ 28 ᠬᠥᠮᠦᠨ ᠬᠤᠶᠠᠳᠤᠭᠠᠷ ᠳᠡᠰ ᠤᠨ ᠪᠠᠷᠢᠯᠭᠠᠴᠢᠨ ᠳᠠᠩᠰᠠᠯᠠᠭᠤᠯᠬᠤ ᠨᠥᠬᠦᠴᠡᠯ ᠳᠤ ᠨᠡᠶᠢᠴᠡᠬᠦ ᠥᠬᠡᠶ᠂ ᠶᠧ ᠿᠤ᠋ ᠵᠡᠷᠭᠡ 15 ᠬᠥᠮᠦᠨ ᠬᠤᠶᠠᠳᠤᠭᠠᠷ ᠳᠡᠰ ᠤᠨ ᠪᠠᠶᠢᠭᠤᠯᠤᠭᠰᠠᠨ ᠦᠨ᠎ᠡ ᠶᠢᠨ ᠢᠨᠵᠧᠨᠧᠷ ᠤᠨ ᠳᠠᠩᠰᠠᠯᠠᠭᠤᠯᠬᠤ ᠨᠥᠬᠦᠴᠡᠯ ᠳᠤ ᠨᠡᠶᠢᠴᠡᠭᠰᠡᠨ ᠥᠬᠡᠶ᠂ ᠡᠳᠦᠭᠡ ᠨᠡᠷᠡᠰ ᠢ ᠢᠯᠡ ᠨᠡᠶᠢᠲᠡᠯᠡᠶ᠎ᠡ᠃ ᠵᠠᠷᠯᠠᠨ ᠨᠡᠶᠢᠲᠡᠯᠡᠬᠦ ᠡᠳᠦᠷ ᠬᠤᠭᠤᠴᠠᠭ᠎ᠠ ᠨᠢ 2021 ᠣᠨ ᠤ 6 ᠳ᠋ᠤᠭᠠᠷ ᠰᠠᠷ᠎ᠠ ᠶᠢᠨ 3 ᠤ ᠡᠳᠦᠷ ᠤᠨ 17᠄ 30 ᠪᠤᠯᠲᠠᠯ᠎ᠠ᠃ ᠵᠠᠷᠯᠠᠨ ᠨᠡᠶᠢᠲᠡᠯᠡᠭᠰᠡᠨ ᠳᠤ ᠣᠨᠳᠣᠤ ᠰᠠᠨᠠᠯ ᠲᠠᠢ ᠪᠤᠶᠤ ᠠᠰᠠᠭᠤᠳᠠᠯ ᠲᠠᠢ ᠪᠠᠶᠢᠪᠠᠯ᠂ ᠵᠥᠪᠲᠦᠭᠡᠨ ᠲᠣᠳᠣᠷᠬᠠᠶᠢᠯᠠᠬᠤ ᠪᠠᠷ ᠳᠤᠷᠠᠳᠴᠤ ᠪᠣᠯᠤᠨ᠎ᠠ᠂ ᠬᠢᠨᠠᠨ ᠪᠠᠶᠢᠴᠠᠭᠠᠭᠰᠠᠨ ᠰᠠᠨᠠᠯ ᠨᠢ ︽ᠬᠢᠷᠢ ᠲᠡᠩᠴᠡᠭᠰᠡᠨ ᠥᠬᠡᠶ︾ ᠬᠥᠮᠦᠰ ᠠᠶᠢᠮᠠᠭ ᠬᠤᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠣᠳᠠᠲᠠᠶ ᠬᠢᠨᠠᠨ ᠪᠠᠶᠢᠴᠠᠭᠠᠭᠰᠠᠨ ᠰᠠᠨᠠᠯ ᠢ ᠯᠠᠪᠯᠠᠨ ᠠᠰᠠᠭᠤᠵᠤ ᠪᠣᠯᠤᠨ᠎ᠠ᠃       ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠶᠠᠮᠠᠷᠪᠠ ᠨᠢᠭᠡᠴᠢ ᠪᠠ ᠬᠤᠪᠢ ᠬᠥᠮᠦᠨ ᠵᠠᠷᠯᠠᠨ ᠨᠡᠶᠢᠲᠡᠯᠡᠬᠦ ᠨᠡᠷᠡᠰ ᠲᠤ ᠣᠨᠳᠣᠤ ᠰᠠᠨᠠᠯ ᠲᠠᠢ ᠪᠠᠶᠢᠪᠠᠯ᠂ ᠴᠥᠮ ᠮᠠᠨ ᠤ ᠲᠢᠩᠬᠢᠮ ᠳᠤ ᠪᠠᠶᠢᠳᠠᠯ ᠢᠶᠠᠨ ᠲᠤᠰᠬᠠᠵᠤ ᠪᠣᠯᠤᠨ᠎ᠠ᠂ ᠲᠤᠰᠬᠠᠭᠰᠠᠨ ᠪᠠᠶᠢᠳᠠᠯ ᠨᠢ ᠦᠨᠡᠨ ᠠᠴᠠ ᠵᠥᠪ ᠢ ᠡᠷᠢᠬᠦ ᠬᠡᠷᠡᠭᠲᠡᠶ᠃ ᠪᠠᠶᠢᠭᠤᠯᠭ᠎ᠠ ᠨᠢᠭᠡᠴᠢ ᠶᠢᠨ ᠨᠡᠷ᠎ᠡ ᠪᠠᠷ ᠪᠠᠶᠢᠳᠠᠯ ᠢ ᠲᠤᠰᠬᠠᠭᠰᠠᠨ ᠪᠠᠶᠢᠪᠠᠯ᠂  ᠪᠠᠶᠢᠭᠤᠯᠭ᠎ᠠ ᠨᠢᠭᠡᠴᠢ ᠶᠢᠨ ᠠᠯᠪᠠᠨ ᠲᠠᠮᠠᠭ᠎ᠠ ᠶᠢ ᠳᠠᠷᠤᠬᠤ ᠬᠡᠷᠡᠭᠲᠡᠶ︔ ᠬᠤᠪᠢ ᠬᠥᠮᠦᠨ ᠤ ᠨᠡᠷ᠎ᠡ ᠪᠠᠷ ᠪᠠᠶᠢᠳᠠᠯ ᠢ ᠲᠤᠰᠬᠠᠭᠰᠠᠨ ᠪᠠᠶᠢᠪᠠᠯ᠂ ᠦᠨᠡᠨ ᠪᠣᠳᠠᠲᠠᠶ ᠤᠪᠤᠭ ᠨᠡᠷ᠎ᠡ ᠪᠠ ᠬᠠᠷᠢᠯᠴᠠᠬᠤ ᠤᠲᠠᠰᠤ ᠪᠠᠨ ᠪᠢᠴᠢᠬᠦ ᠬᠡᠷᠡᠭᠲᠡᠶ᠃       ᠬᠠᠷᠢᠯᠴᠠᠬᠤ ᠤᠲᠠᠰᠤ᠄ 0471 — 5332426       ᠬᠠᠷᠢᠯᠴᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ 6 ᠳ᠋ᠤᠭᠠᠷ ᠨᠣᠮᠧᠷᠲᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠣᠪᠴᠢᠶ᠎ᠠ ᠶᠢᠨ 12 ᠳ᠋ᠤᠭᠠᠷ ᠠᠰᠠᠷ ᠤᠨ 33᠂ 34᠂ 35 ᠳ᠋ᠤᠭᠠᠷ ᠴᠣᠩᠬᠤᠪᠴᠢ      ᠳᠠᠭᠠᠯᠳᠤᠭᠤᠯᠤᠯ᠄ 1᠂ ᠰᠢᠤᠢ ᠬᠤᠩ ᠵᠢᠦ ᠵᠡᠷᠭᠡ 493 ᠬᠥᠮᠦᠨ ᠤ ᠪᠠᠷᠢᠯᠭ᠎ᠠ ᠪᠠᠷᠢᠬᠤ ᠠᠵᠤ ᠠᠬᠤᠶᠢᠯᠠᠯ ᠤᠨ ︽ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ︾ ᠤ ᠠᠶᠤᠯᠭᠦᠶ ᠦᠢᠯᠡᠳᠪᠦᠷᠢᠯᠡᠯ ᠤᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠬᠥᠮᠦᠰ ᠤᠨ ᠨᠡᠷᠡᠰ 2᠂ ᠹᠠᠨ ᠵᠢᠩ ᠵᠡᠷᠭᠡ 304 ᠬᠥᠮᠦᠨ ᠤ ᠬᠤᠶᠠᠳᠤᠭᠠᠷ ᠳᠡᠰ ‍ᠤᠨ‌‍ᠪᠠᠷᠢᠯᠭᠠᠴᠢᠨ ᠤ ᠳᠠᠩᠰᠠᠯᠠᠭᠤᠯᠬᠤ ᠨᠥᠬᠦᠴᠡᠯ ᠳᠤ ᠨᠡᠶᠢᠴᠡᠭᠰᠡᠨ ᠬᠥᠮᠦᠰ ᠤᠨ ᠨᠡᠷᠡᠰ 3᠂ ᠰᠢᠤᠢ ᠵᠢᠶᠦ᠋ᠨ ᠹᠦ᠋ ᠵᠡᠷᠭᠡ 56 ᠬᠥᠮᠦᠨ ᠤ ᠪᠠᠷᠢᠯᠭ᠎ᠠ ᠪᠠᠷᠢᠬᠤ ᠠᠵᠤ ᠠᠬᠤᠶᠢᠯᠠᠯ ᠤᠨ ︽ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ︾ ᠤ ᠠᠶᠤᠯᠭᠦᠶ ᠦᠢᠯᠡᠳᠪᠦᠷᠢᠯᠡᠯ ᠤᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠦᠭᠡᠶ ᠬᠥᠮᠦᠰ ᠤᠨ ᠨᠡᠷᠡᠰ 4᠂ ᠵᠠᠩ ᠵᠢᠶᠠᠨ ᠯᠢᠨ ᠵᠡᠷᠭᠡ 28 ᠬᠥᠮᠦᠨ ᠤ ᠬᠤᠶᠠᠳᠤᠭᠠᠷ ᠳᠡᠰ ᠤᠨ ᠪᠠᠷᠢᠯᠭᠠᠴᠢᠨ ᠳᠠᠩᠰᠠᠯᠠᠭᠤᠯᠬᠤ ᠨᠥᠬᠦᠴᠡᠯ ᠳᠤ ᠥᠯᠥ  ᠨᠡᠶᠢᠴᠡᠭᠰᠡᠨ ᠬᠥᠮᠦᠰ ᠤᠨ ᠨᠡᠷᠡᠰ 5᠂ ᠰᠢᠤᠸᠠᠢ ᠾᠦᠢ ᠵᠡᠷᠭᠡ 20 ᠬᠥᠮᠦᠨ ᠤ ᠬᠤᠶᠠᠳᠤᠭᠠᠷ ᠳᠡᠰ ᠤᠨ ᠦᠢᠯᠡᠳᠬᠦ ᠦᠨ᠎ᠡ ᠶᠢᠨ ᠢᠨᠵᠧᠨᠧᠷ ᠤᠨ ᠳᠠᠩᠰᠠᠯᠠᠭᠤᠯᠬᠤ ᠨᠥᠬᠦᠴᠡᠯ ᠳᠤ ᠨᠡᠶᠢᠴᠡᠭᠰᠡᠨ ᠬᠥᠮᠦᠰ ᠤᠨ ᠨᠡᠷᠡᠰ 6᠂ ᠶᠧ ᠿᠤ᠋ ᠵᠡᠷᠭᠡ 15 ᠬᠥᠮᠦᠨ ᠬᠤᠶᠠᠳᠤᠭᠠᠷ ᠳᠡᠰ ᠤᠨ ᠪᠠᠶᠢᠭᠤᠯᠤᠭᠰᠠᠨ ᠦᠨ᠎ᠡ ᠶᠢᠨ ᠢᠨᠵᠧᠨᠧᠷ ᠤᠨ ᠳᠠᠩᠰᠠᠯᠠᠭᠤᠯᠬᠤ ᠨᠥᠬᠦᠴᠡᠯ ᠳᠤ ᠥᠯᠥ ᠨᠡᠶᠢᠴᠡᠭᠰᠡᠨ ᠬᠥᠮᠦᠰ ᠤᠨ ᠨᠡᠷᠡᠰ 7᠂ ᠮᠠ ᠵᠢᠶᠠᠨ ᠪᠢᠨ ᠵᠡᠷᠭᠡ 3 ᠬᠥᠮᠦᠨ ᠤ ᠬᠤᠶᠠᠳᠤᠭᠠᠷ ᠳᠡᠰ ᠤᠨ ᠪᠦᠲᠦᠴᠡ ᠶᠢᠨ ᠢᠨᠵᠧᠨᠧᠷ ᠬᠤᠶᠠᠳᠤᠭᠠᠷ ᠳᠡᠰ ᠤᠨ ᠪᠠᠷᠢᠯᠭ᠎ᠠ ᠶᠢᠨ ᠢᠨᠵᠧᠨᠧᠷ ᠤᠨ ᠳᠠᠩᠰᠠᠯᠠᠭᠤᠯᠬᠤ ᠨᠥᠬᠦᠴᠡᠯ ᠳᠤ ᠨᠡᠶᠢᠴᠡᠭᠰᠡᠨ ᠬᠥᠮᠦᠰ ᠤᠨ ᠨᠡᠷᠡᠰ                                     2021 ᠣᠨ ᠤ 5 ᠳ᠋ᠤᠭᠠᠷ ᠰᠠᠷ᠎ᠠ ᠶᠢᠨ 28 ᠤ ᠡᠳᠦᠷ    
ᠢᠷᠡᠯᠲᠡ᠄ ᠥᠪᠦᠷ ᠮᠣᠩᠭᠤᠯ ᠤᠨ ᠣᠷᠤᠨ ᠰᠠᠭᠤᠴᠠ ᠪᠣᠯᠤᠨ ᠬᠤᠲᠠ ᠬᠦᠳᠡᠭᠡ ᠶᠢᠨ ᠪᠥᠲᠦᠭᠡᠨ ᠪᠠᠶᠢᠭᠤᠯᠤᠯᠲᠠ ᠶᠢᠨ ᠲᠢᠩᠬᠢᠮ
Baidu
map