2021 ᠣᠨ ᠤ ᠠᠷᠪᠠᠨ ᠳᠣᠯᠣᠳᠤᠭᠠᠷ ᠪᠦᠯᠦᠭ ᠤᠨ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠠᠯᠪᠠᠨ ᠨᠡᠶᠢᠲᠡᠯᠡᠯ
ᠨᠡᠶᠢᠲᠡᠯᠡᠭᠰᠡᠨ ᠴᠠᠭ᠄
2021/6/1
       ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠵᠢᠴᠢ ᠬᠤᠯᠪᠣᠭᠳᠠᠯ ᠪᠦᠬᠦᠢ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠵᠤ ᠠᠬᠤᠶᠢᠯᠠᠯ ᠤᠨ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ ᠮᠠᠨ ᠤ ᠲᠢᠩᠬᠢᠮ ᠠᠴᠠ 2021 ᠣᠨ ᠤ ᠠᠷᠪᠠᠨ ᠳᠣᠯᠣᠳᠤᠭᠠᠷ ᠪᠦᠯᠦᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠥᠷᠥᠯ ᠵᠦᠢᠯ ᠤᠨ ᠮᠡᠳᠡᠭᠦᠯᠬᠦ ᠮᠠᠲ᠋ᠧᠷᠢᠶᠠᠯ ᠳᠤ ᠬᠢᠨᠠᠨ ᠪᠠᠶᠢᠴᠠᠭᠠᠯᠲᠠ ᠬᠢᠵᠦ᠂ ᠣᠲᠣ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠬᠦ 1 ᠠᠵᠤ ᠠᠬᠤᠶᠢᠯᠠᠯ᠂ ᠪᠠᠷᠢᠯᠭ᠎ᠠ ᠶᠢᠨ ᠦᠢᠯᠡᠰ ᠤᠨ 2 ᠠᠵᠤ ᠠᠬᠤᠶᠢᠯᠠᠯ᠂ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ 3 ᠠᠵᠤ ᠠᠬᠤᠶᠢᠯᠠᠯ᠂ ᠢᠨᠵᠧᠨᠧᠷᠢᠩ ᠤᠨ ᠪᠠᠶᠢᠭᠤᠯᠤᠭᠰᠠᠨ ᠦᠨ᠎ᠡ ᠶᠢᠨ ᠵᠥᠪᠯᠡᠯᠭᠡ ᠥᠭᠬᠦ 5 ᠠᠵᠤ ᠠᠬᠤᠶᠢᠯᠠᠯ᠂ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠪᠠᠶᠢᠴᠠᠭᠠᠨ ᠰᠢᠯᠭᠠᠬᠤ 6 ᠪᠠᠶᠢᠭᠤᠯᠤᠮᠵᠢ᠂ ᠪᠠᠷᠢᠯᠭ᠎ᠠ ᠶᠢᠨ ᠬᠢᠨᠠᠨ ᠬᠠᠮᠢᠶᠠᠷᠦᠯᠳᠡ ᠶᠢᠨ 2 ᠠᠵᠤ ᠠᠬᠤᠶᠢᠯᠠᠯ ᠵᠢᠴᠢ ᠪᠠᠷᠢᠯᠭ᠎ᠠ ᠶᠢᠨ ᠦᠢᠯᠡᠰ ᠤᠨ 39 ᠠᠵᠤ ᠠᠬᠤᠶᠢᠯᠠᠯ ᠤᠨ ᠠᠶᠤᠯᠭᠦᠶ ᠦᠢᠯᠡᠳᠪᠦᠶᠢᠯᠡᠯ ᠤᠨ ᠵᠥᠪᠰᠢᠶᠡᠷᠡᠯ ᠤᠨ ᠦᠨᠡᠮᠯᠡᠯ ᠢ ᠬᠢᠨᠠᠨ ᠪᠠᠶᠢᠴᠠᠭᠠᠭᠰᠠᠨ ᠰᠠᠨᠠᠯ ᠢ ᠵᠠᠷᠯᠠᠨ ᠨᠡᠶᠢᠲᠡᠯᠡᠪᠡ ︵ᠳᠠᠭᠠᠯᠳᠤᠭᠤᠯᠤᠯ ᠳᠤ ᠦᠵᠡ︶᠃ ᠬᠢᠨᠠᠨ ᠪᠠᠶᠢᠴᠠᠭᠠᠭᠰᠠᠨ ᠰᠠᠨᠠᠯ ᠢ ᠵᠠᠷᠯᠠᠨ ᠨᠡᠶᠢᠲᠡᠯᠡᠬᠦ ᠬᠤᠭᠤᠴᠠᠭ᠎ᠠ ᠨᠢ 2021 ᠣᠨ ᠤ 6 ᠳ᠋ᠤᠭᠠᠷ ᠰᠠᠷ᠎ᠠ ᠶᠢᠨ 3 ᠤ ᠡᠳᠦᠷ ᠤᠨ 17 ᠴᠠᠭ 30 ᠮᠢᠨᠦ᠋ᠲ ᠳᠠᠭᠤᠰᠤᠨ᠎ᠠ᠂ ᠵᠠᠷᠯᠠᠨ ᠨᠡᠶᠢᠲᠡᠯᠡᠭᠰᠡᠨ ᠰᠠᠨᠠᠯ ᠳᠤ ᠣᠨᠳᠣᠤ ᠰᠠᠨᠠᠯ ᠲᠠᠢ ᠪᠤᠶᠤ ᠠᠰᠠᠭᠤᠳᠠᠯ ᠲᠠᠢ ᠪᠣᠯ ᠵᠥᠪᠲᠦᠭᠡᠨ ᠲᠣᠳᠣᠷᠬᠠᠶᠢᠯᠠᠵᠤ ᠪᠣᠯᠤᠨ᠎ᠠ᠂ ᠬᠢᠨᠠᠨ ᠪᠠᠶᠢᠴᠠᠭᠠᠭᠰᠠᠨ ᠰᠠᠨᠠᠯ ᠨᠢ ᠪᠠᠲᠤᠯᠠᠭᠳᠠᠭᠰᠠᠨ ᠥᠬᠡᠶ ᠠᠵᠤ ᠠᠬᠤᠶᠢᠯᠠᠯ ᠨᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠢᠰᠲ᠋ᠧᠮ ᠠᠴᠠ ᠪᠣᠳᠠᠲᠠᠶ ᠰᠠᠨᠠᠯ ᠢ ᠨᠢ ᠪᠠᠶᠢᠴᠠᠭᠠᠨ ᠦᠵᠡᠵᠦ ᠪᠣᠯᠤᠨ᠎ᠠ᠃         ᠶᠠᠮᠠᠷᠪᠠ ᠬᠤᠯᠪᠣᠭᠳᠠᠯ ᠪᠥᠬᠦᠶ ᠨᠢᠭᠡᠴᠢ ᠵᠢᠴᠢ ᠬᠤᠪᠢ ᠬᠥᠮᠦᠨ᠂ ᠬᠡᠷᠪᠡ ᠠᠵᠤ ᠠᠬᠤᠶᠢᠯᠠᠯ ᠤᠨ ᠮᠡᠳᠡᠭᠦᠯᠦᠭᠰᠡᠨ ᠬᠢᠷᠢ ᠬᠡᠮ ᠤᠨ ᠪᠠᠶᠢᠳᠠᠯ ᠳᠤ ᠣᠨᠳᠣᠤ ᠰᠠᠨᠠᠯ ᠲᠠᠢ ᠪᠠᠶᠢᠪᠠᠯ᠂ ᠴᠥᠮ ᠮᠠᠨ ᠤ ᠲᠢᠩᠬᠢᠮ ᠳᠤ ᠪᠠᠶᠢᠳᠠᠯ ᠢᠶᠠᠨ ᠲᠤᠰᠬᠠᠵᠤ ᠪᠣᠯᠤᠨ᠎ᠠ᠂ ᠨᠢᠭᠡᠴᠢ ᠠᠴᠠ ᠪᠠᠶᠢᠳᠠᠯ ᠢᠶᠠᠨ ᠲᠤᠰᠬᠠᠬᠤ ᠳᠤ ᠠᠯᠪᠠᠨ ᠲᠠᠮᠠᠭ᠎ᠠ ᠳᠠᠷᠤᠬᠤ ᠬᠡᠷᠡᠭᠲᠡᠶ᠂ ᠬᠤᠪᠢ ᠬᠥᠮᠦᠨ ᠠᠴᠠ ᠪᠠᠶᠢᠳᠠᠯ ᠢᠶᠠᠨ ᠲᠤᠰᠬᠠᠬᠤ ᠳᠤ ᠦᠨᠡᠨ ᠣᠪᠣᠭ ᠨᠡᠷ᠎ᠡ ᠪᠠᠨ ᠪᠢᠴᠢᠬᠦ ᠶᠢᠨ ᠬᠠᠮᠲᠤ ᠬᠠᠷᠢᠯᠴᠠᠬᠤ ᠤᠲᠠᠰᠤ᠂ ᠬᠠᠶ᠋ᠢᠭ ᠪᠠ ᠰᠢᠤᠳᠠᠨ ᠳ᠋ᠤᠭᠠᠷ ᠢᠶᠠᠨ ᠦᠯᠡᠳᠡᠭᠡᠬᠦ ᠬᠡᠷᠡᠭᠲᠡᠶ᠃ ᠮᠠᠲ᠋ᠧᠷᠢᠶᠠᠯ ᠢ ᠰᠢᠦᠳᠠᠨ ᠢᠶᠠᠷ ᠮᠡᠳᠡᠭᠦᠯᠦᠨ ᠬᠦᠷᠭᠡᠭᠰᠡᠨ ᠠᠵᠤ ᠠᠬᠤᠶᠢᠯᠠᠯ ᠪᠤᠶᠤ ᠬᠤᠪᠢ ᠬᠥᠮᠦᠨ ᠡᠷᠬᠡᠪᠰᠢ ᠬᠠᠷᠢᠯᠴᠠᠬᠤ ᠠᠷᠭ᠎ᠠ ᠮᠠᠶ᠋ᠢᠭ ᠢᠶᠠᠨ ᠦᠯᠡᠳᠡᠭᠡᠵᠦ᠂ ᠬᠡᠷᠡᠭᠯᠡᠬᠦ ᠳᠤ ᠪᠡᠯᠡᠳᠬᠡᠬᠦ ᠬᠡᠷᠡᠭᠲᠡᠶ᠃        ᠬᠠᠷᠢᠯᠴᠠᠬᠤ ᠤᠲᠠᠰᠤ᠄ 0471 — 5332426       ᠬᠠᠷᠢᠯᠴᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ 6 ᠳ᠋ᠤᠭᠠᠷ ᠨᠣᠮᠧᠷᠲᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠣᠪᠴᠢᠶ᠎ᠠ ᠶᠢᠨ 12 ᠳ᠋ᠤᠭᠠᠷ ᠠᠰᠠᠷ ᠤᠨ 33᠂ 34᠂ 35 ᠳ᠋ᠤᠭᠠᠷ ᠴᠣᠩᠬᠤᠪᠴᠢ      ᠳᠠᠭᠠᠯᠳᠤᠭᠤᠯᠤᠯ᠄ 1᠂ ᠠᠷᠪᠠᠨ ᠳᠣᠯᠣᠳᠤᠭᠠᠷ ᠪᠦᠯᠦᠭ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠬᠢᠷᠢ ᠴᠢᠳᠠᠮᠵᠢ ᠶᠢ ᠬᠢᠨᠠᠨ ᠪᠠᠶᠢᠴᠠᠭᠠᠭᠰᠠᠨ ᠰᠠᠨᠠᠯ 2᠂ ᠠᠷᠪᠠᠨ ᠳᠣᠯᠣᠳᠤᠭᠠᠷ ᠪᠦᠯᠦᠭ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ 3᠂ ᠠᠷᠪᠠᠨ ᠳᠣᠯᠣᠳᠤᠭᠠᠷ ᠪᠦᠯᠦᠭ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠠᠵᠤ ᠠᠬᠤᠶᠢᠯᠠᠯ ᠤᠨ ᠬᠢᠷᠢ ᠴᠢᠳᠠᠮᠵᠢ ᠶᠢ ᠬᠢᠨᠠᠨ ᠪᠠᠶᠢᠴᠠᠭᠠᠭᠰᠠᠨ ᠰᠠᠨᠠᠯ 4᠂ ᠠᠷᠪᠠᠨ ᠳᠣᠯᠣᠳᠤᠭᠠᠷ ᠪᠦᠯᠦᠭ ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠶᠢᠨ ᠠᠵᠤ ᠠᠬᠤᠶᠢᠯᠠᠯ ᠤᠨ ᠬᠢᠷᠢ ᠴᠢᠳᠠᠮᠵᠢ ᠶᠢ ᠬᠢᠨᠠᠨ ᠪᠠᠶᠢᠴᠠᠭᠠᠭᠰᠠᠨ ᠰᠠᠨᠠᠯ 5᠂ ᠠᠷᠪᠠᠨ ᠳᠣᠯᠣᠳᠤᠭᠠᠷ ᠪᠦᠯᠦᠭ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ 6᠂ ᠠᠷᠪᠠᠨ ᠳᠣᠯᠣᠳᠤᠭᠠᠷ ᠪᠦᠯᠦᠭ ᠪᠠᠷᠢᠯᠭ᠎ᠠ ᠶᠢᠨ ᠬᠢᠨᠠᠨ ᠬᠠᠮᠢᠶᠠᠷᠤᠯᠳᠠ ᠶᠢᠨ ᠠᠵᠤ ᠠᠬᠤᠶᠢᠯᠠᠯ ᠤᠨ ᠬᠢᠷᠢ ᠴᠢᠳᠠᠮᠵᠢ ᠶᠢ ᠬᠢᠨᠠᠨ ᠪᠠᠶᠢᠴᠠᠭᠠᠭᠰᠠᠨ ᠰᠠᠨᠠᠯ 7᠂ ᠠᠷᠪᠠᠨ ᠳᠣᠯᠣᠳᠤᠭᠠᠷ ᠪᠦᠯᠦᠭ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠬᠢᠨᠠᠨ ᠪᠠᠶᠢᠴᠠᠭᠠᠭᠰᠠᠨ ᠰᠠᠨᠠᠯ                                     2021 ᠣᠨ ᠤ 5 ᠳ᠋ᠤᠭᠠᠷ ᠰᠠᠷ᠎ᠠ ᠶᠢᠨ 28 ᠤ ᠡᠳᠦᠷ
ᠢᠷᠡᠯᠲᠡ᠄ ᠥᠪᠦᠷ ᠮᠣᠩᠭᠤᠯ ᠤᠨ ᠣᠷᠤᠨ ᠰᠠᠭᠤᠴᠠ ᠪᠣᠯᠤᠨ ᠬᠤᠲᠠ ᠬᠦᠳᠡᠭᠡ ᠶᠢᠨ ᠪᠥᠲᠦᠭᠡᠨ ᠪᠠᠶᠢᠭᠤᠯᠤᠯᠲᠠ ᠶᠢᠨ ᠲᠢᠩᠬᠢᠮ
Baidu
map