︽ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠬᠠᠮᠢᠶᠠᠷᠤᠯᠲᠠ ᠶᠢᠨ ᠲᠥᠷ ᠬᠡᠷᠡᠭᠵᠢᠭᠦᠯᠬᠦ ᠲᠣᠭᠲᠠᠭᠠᠯ︾ ᠪᠣᠯᠤᠨ ︽ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠠᠵᠢᠯ ᠤᠨ ᠨᠠᠷᠢᠨ ᠲᠥᠷᠢᠮ︾ ᠢ  ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠣᠷᠤᠨ ᠰᠠᠭᠤᠴᠠ ᠪᠣᠯᠤᠨ ᠬᠤᠲᠠ ᠬᠦᠳᠡᠭᠡ ᠶᠢᠨ ᠪᠥᠲᠦᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2021/6/3
                           ᠦᠪᠦᠷ ᠪᠥᠲᠦᠭᠡᠨ ᠴᠢᠨᠠᠷ  ﹇2021﹈   88 ᠳ᠋ᠤᠭᠠᠷ ᠲᠣᠭᠠᠲᠤᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠳᠤ᠄       ︽ᠪᠠᠭᠤᠯᠭᠠᠬᠤ ᠬᠠᠮᠢᠶᠠᠷᠠᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠦᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ︽ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠲᠣᠭᠲᠠᠭᠠᠯ︾ ︵ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠵᠠᠷᠯᠢᠭ 51 ᠳ᠋ᠤᠭᠡᠷ ᠲᠣᠭᠠᠲᠤ︶ ︽︿ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠠᠵᠢᠯ ᠤᠨ ᠨᠠᠷᠢᠨ ᠳᠦᠷᠢᠮ﹀ ᠪᠣᠯᠤᠨ ︿ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ᠂ ᠭᠠᠯ ᠤᠨᠲᠠᠷᠠᠭᠠᠬᠤ ᠶᠢ ᠰᠢᠯᠭᠠᠨ ᠠᠪᠬᠤ᠂ ᠳᠠᠩᠰᠠᠯᠠᠬᠤ ᠪᠠ ᠰᠣᠩᠭᠤᠨ ᠪᠠᠶᠢᠴᠠᠭᠠᠬᠤ ᠪᠢᠴᠢᠭ ᠬᠠᠷ᠎ᠠ ᠶᠢᠨ ᠶᠠᠩᠵᠤ ᠮᠠᠶ᠋ᠢᠭ﹀ ᠢ ᠳᠠᠷᠤᠮᠠᠯᠯᠠᠨ ᠶᠠᠪᠤᠭᠤᠯᠬᠤ ᠲᠤᠬᠠᠶ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠮᠡᠳᠡᠭᠳᠡᠯ︾ ︵ᠪᠦᠲᠦᠭᠡᠨ ᠪᠠᠶᠢᠭᠤᠯᠤᠯᠲᠠ ᠰᠠᠯᠠᠭ᠎ᠠ ᠲᠣᠭᠲᠠᠭᠠᠯ ﹇2020﹈   5 ᠳ᠋ᠤᠭᠠᠷ ᠲᠣᠭᠠᠲᠤ︶ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠲᠠ᠂ ᠪᠥᠬᠦ ᠣᠷᠣᠨ ᠤ ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠡᠳᠦᠭᠡ ᠬᠤᠯᠪᠣᠭᠳᠠᠯ ᠪᠥᠬᠦᠢ ᠵᠦᠢᠯ ᠢ ᠳᠣᠣᠷᠠᠬᠢ ᠮᠡᠲᠦ ᠮᠡᠳᠡᠭᠳᠡᠶ᠎ᠡ᠄           ᠨᠢᠭᠡ᠂ ᠡᠯ᠎ᠡ ᠭᠠᠵᠠᠷ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ︽ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠲᠣᠭᠲᠠᠭᠠᠯ︾ ︽ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠠᠵᠢᠯ ᠤᠨ ᠨᠠᠷᠢᠨ ᠲᠦᠷᠢᠮ︾ ᠪᠠ ︽ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ᠂ ᠭᠠᠯ ᠤᠨᠲᠠᠷᠠᠭᠠᠬᠤ ᠶᠢ ᠰᠢᠯᠭᠠᠨ ᠠᠪᠬᠤ᠂ ᠳᠠᠩᠰᠠᠯᠠᠬᠤ ᠪᠠ ᠰᠤᠭᠤᠴᠢᠨ ᠪᠠᠶᠢᠴᠠᠭᠠᠬᠤ ᠪᠢᠴᠢᠭ ᠬᠠᠷ᠎ᠠ ᠶᠢᠨ ᠶᠠᠩᠵᠤ ᠬᠡᠯᠪᠡᠷᠢ︾ ᠶᠢ ᠬᠢᠨᠠᠮᠠᠭᠠᠶ ᠰᠤᠷᠤᠯᠴᠠᠨ ᠣᠶᠢᠯᠠᠭᠠᠬᠤ ᠬᠡᠷᠡᠭᠲᠡᠶ᠃ ᠡᠭᠦᠨ ᠤ ᠬᠠᠮᠲᠤ ᠭᠠᠵᠠᠷ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠢᠯᠠᠩᠭᠤᠶ᠎ᠠ ᠣᠲᠣ ᠶᠢᠨ ᠪᠠᠶᠢᠭ᠎ᠠ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠠᠵᠢᠯ ᠤᠨ ᠵᠠᠭᠪᠤᠷ᠂ ᠭᠤᠶᠤᠴᠢᠯᠠᠯ ᠤᠨ ᠮᠠᠲ᠋ᠧᠷᠢᠶᠠᠯ ᠵᠡᠷᠭᠡ ᠶᠢ ᠴᠠᠭ ᠲᠤᠬᠠᠶ ᠳᠤᠨᠢ ᠳᠣᠭᠢᠷᠠᠭᠤᠯᠤᠨ ᠰᠢᠯᠢᠳᠡᠭᠵᠢᠭᠦᠯᠵᠦ᠂ ᠬᠤᠯᠪᠣᠭᠳᠠᠯ ᠪᠥᠬᠦᠶ ᠠᠵᠢᠯ ᠤᠨ ᠬᠦᠰᠦᠨᠦᠭᠲᠦ ᠪᠤᠶᠤ ᠠᠵᠢᠯ ᠤᠨ ᠲᠠᠰ ᠳᠠᠷᠠᠭᠠᠯᠠᠯ ᠢ ᠨᠥᠬᠦᠪᠥᠷᠢᠯᠡᠨ ᠲᠡᠭᠦᠯᠳᠡᠷᠵᠢᠭᠦᠯᠬᠦ ᠬᠡᠷᠡᠭᠲᠡᠶ᠃ ᠨᠢᠭᠡᠳᠦᠭᠡᠷ ᠹᠷᠣᠨᠲ ᠤᠨ ᠠᠵᠢᠯᠲᠠᠨ ᠤ ᠪᠣᠯᠪᠠᠰᠤᠷᠠᠭᠤᠯᠤᠯ ᠪᠠ ᠵᠢᠯᠣᠭᠤᠳᠣᠯᠭ᠎ᠠ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠬᠢᠷᠢ ᠬᠡᠮᠵᠢᠶ᠎ᠡ ᠪᠠ ᠠᠵᠢᠯ ᠤᠨ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠦᠨ᠂ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠶ᠃       ᠬᠤᠶᠠᠷ᠂ ᠪᠦᠲᠦᠭᠡᠨ ᠪᠠᠶᠢᠭᠤᠯᠤᠯᠲᠠ ᠶᠢᠨ ᠨᠢᠭᠡᠴᠢ ᠠᠴᠠ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠪᠠᠷ ᠭᠤᠶᠤᠴᠢᠯᠠᠬᠤ ᠳᠠᠭᠠᠨ᠂ ᠡᠯ᠎ᠡ ᠭᠠᠵᠠᠷ ᠤᠨ ᠣᠷᠣᠨ ᠰᠠᠭᠤᠴᠠ ᠪᠣᠯᠤᠨ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ︽ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠬᠠᠮᠢᠶᠠᠷᠤᠯᠲᠠ ᠶᠢᠨ ᠲᠥᠷ ᠬᠡᠷᠡᠭᠵᠢᠭᠦᠯᠬᠦ ᠲᠣᠭᠲᠠᠭᠠᠯ︾ ᠤᠨ ᠠᠷᠪᠠᠨ ᠵᠢᠷᠭᠤᠳᠤᠭᠠᠷ ᠵᠦᠢᠯ᠂ ᠠᠷᠪᠠᠨ ᠳᠣᠯᠣᠳᠤᠭᠠᠷ ᠵᠦᠢᠯ᠂ ᠬᠤᠷᠢᠨ ᠨᠠᠢᠮᠠᠳᠤᠭᠠᠷ ᠵᠦᠢᠯ ᠪᠣᠯᠤᠨ ᠭᠤᠴᠢᠨ ᠳᠥᠷᠪᠡᠳᠦᠭᠡᠷ ᠵᠦᠢᠯ ᠤᠨ ᠲᠣᠭᠲᠠᠭᠠᠯ ᠢ ᠴᠢᠩᠭ᠎ᠠ ᠵᠢᠷᠤᠮᠯᠠᠨ ᠬᠡᠷᠡᠭᠵᠢᠭᠦᠯᠵᠦ᠂ ᠭᠤᠶᠤᠴᠢᠯᠠᠯ ᠤᠨ ᠮᠠᠲ᠋ᠧᠷᠢᠶᠠᠯ ᠢ ᠳᠤᠷ᠎ᠠ ᠪᠠᠷ ᠢᠶᠠᠨ ᠨᠡᠮᠡᠬᠦ ᠶᠢ ᠴᠢᠩᠭ᠎ᠠ ᠴᠠᠭᠠᠵᠠᠯᠠᠨ᠎ᠠ ︵ᠵᠢᠱᠢᠶᠡᠯᠡᠪᠡᠯ ᠭᠠᠯ ᠤᠨᠲᠠᠷᠠᠭᠠᠬᠤ ᠶᠢ ᠰᠢᠯᠭᠠᠨ ᠠᠪᠬᠤ ᠪᠠ ᠭᠠᠯ ᠤᠨᠲᠠᠷᠠᠭᠠᠬᠤ ᠶᠢ ᠰᠢᠯᠭᠠᠨ ᠠᠪᠬᠤ ᠶᠢ ᠳᠠᠩᠰᠠᠯᠠᠭᠤᠯᠬᠤ ᠪᠠᠷ ᠭᠤᠶᠤᠴᠢᠯᠠᠬᠤ ᠳᠤ᠂ ᠪᠠᠷᠢᠯᠭ᠎ᠠ ᠪᠠᠷᠢᠭᠤᠯᠬᠤ ᠨᠢᠭᠡᠴᠢ  ᠶᠢᠨ ᠪᠠᠷᠢᠯᠭ᠎ᠠ ᠶᠢᠨ ᠠᠵᠢᠯ ᠤᠨ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠪᠤᠶᠤ ᠠᠵᠢᠯ ᠡᠬᠢᠯᠡᠭᠦᠯᠬᠦ ᠮᠡᠳᠡᠭᠦᠯᠦᠯᠲᠡ ᠶᠢ ᠠᠰ ᠲᠤᠨᠢ  ᠬᠠᠩᠭᠠᠬᠤ ᠶᠢ ᠱᠠᠭᠠᠷᠳᠠᠨ᠎ᠠ᠂ ᠭᠠᠯ ᠤᠨᠲᠠᠷᠠᠭᠠᠬᠤ ᠶᠢ ᠰᠢᠯᠭᠠᠨ ᠠᠪᠬᠤ ᠶᠢ ᠳᠠᠩᠰᠠᠯᠠᠭᠤᠯᠬᠤ ᠪᠠᠷ ᠭᠤᠶᠤᠴᠢᠯᠠᠬᠤ ᠳᠤ᠂ ᠪᠠᠷᠢᠯᠭ᠎ᠠ ᠪᠠᠷᠢᠭᠤᠯᠬᠤ ᠨᠢᠭᠡᠴᠢ ᠶᠢᠨ ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠪᠢᠴᠢᠭ ᠮᠠᠲ᠋ᠧᠷᠢᠶᠠᠯ ᠢ ᠠᠰ ᠲᠤᠨᠢ ᠬᠠᠩᠭᠠᠯᠭᠠᠬᠤ ᠶᠢ ᠱᠠᠭᠠᠷᠳᠠᠬᠤ ᠵᠡᠷᠭᠡ︶᠃       ᠭᠤᠷᠪᠠ᠂ ᠪᠥᠳᠥᠭᠡᠨ ᠪᠠᠶᠢᠭᠤᠯᠤᠯᠲᠠ ᠶᠢᠨ ᠨᠢᠭᠡᠴᠢ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠭᠠᠷᠳᠠᠮ ᠭᠦᠢᠴᠡᠳᠬᠡᠬᠦ ᠪᠠᠷ ᠭᠤᠶᠤᠴᠢᠯᠠᠬᠤ ᠳᠠᠭᠠᠨ ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠲᠠᠢ ᠨᠢᠭᠡᠳᠦᠯᠲᠡᠶ ᠪᠠᠶᠢᠬᠤ ᠬᠡᠷᠡᠭᠲᠡᠶ᠃ ᠦᠨᠡᠬᠡᠷ ᠬᠡᠰᠡᠭ ᠲᠠᠯ᠎ᠠ ᠶᠢ ᠨᠢ ᠠᠰᠢᠭᠯᠠᠯᠲᠠ ᠳᠤ ᠣᠷᠣᠭᠤᠯᠬᠤ ᠴᠢᠬᠤᠯᠠ ᠲᠠᠢ ᠪᠣᠯ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠶᠠᠮᠤᠨ ᠠᠴᠠ ᠰᠢᠨ᠎ᠡ ᠬᠠᠮᠢᠶᠠᠷᠤᠯᠲᠠ ᠶᠢᠨ ᠲᠣᠭᠲᠠᠭᠠᠯ ᠪᠠ ᠤᠯᠤᠰ ᠤᠨ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠭᠠᠯ ᠰᠡᠷᠭᠡᠶᠢᠯᠡᠨ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠶᠢ ᠨᠡᠶᠢᠲᠡᠯᠡᠨ ᠬᠡᠷᠡᠭᠵᠢᠭᠦᠯᠬᠦ ᠠᠴᠠ ᠡᠮᠦᠨ᠎ᠡ᠂ ᠪᠦᠳᠦᠭᠡᠨ ᠪᠠᠶᠢᠭᠤᠯᠤᠯᠲᠠ ᠶᠢᠨ ᠨᠢᠭᠡᠴᠢ ᠶᠢᠨ ᠭᠤᠶᠤᠴᠢᠯᠠᠯ ᠢ ᠦᠨᠳᠦᠰᠦᠯᠡᠨ᠂ ᠬᠡᠰᠡᠭ ᠲᠠᠯ᠎ᠠ ᠶᠢᠨ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠰᠡᠷᠭᠡᠶᠢᠯᠡᠨ ᠤᠨᠲᠠᠷᠠᠭᠠᠬᠤ ᠰᠢᠯᠭᠠᠨ ᠠᠪᠬᠤ ᠶᠢ ᠬᠡᠷᠡᠭᠵᠢᠭᠦᠯᠵᠦ ᠪᠣᠯᠬᠤ ᠪᠥᠭᠡᠳ ᠳᠣᠣᠷ᠎ᠠ ᠵᠢᠭᠰᠠᠭᠠᠭᠰᠠᠨ ᠨᠥᠬᠦᠴᠡᠯ ᠳᠤ ᠬᠠᠮᠲᠤ ᠳᠤᠨᠢ ᠨᠡᠶᠢᠴᠡᠭᠰᠡᠨ ᠪᠠᠶᠢᠬᠤ ᠬᠡᠷᠡᠭᠲᠡᠶ᠄ ᠨᠢᠭᠡ ᠳᠤ᠂ ᠬᠡᠷᠡᠭᠯᠡᠭᠡᠨ ᠤ ᠪᠤᠰᠤ ᠣᠷᠣᠨ ᠪᠦᠰᠡ ᠲᠠᠢ ᠭᠠᠯ ᠰᠡᠷᠭᠡᠶᠢᠯᠡᠨ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ ᠭᠠᠯ ᠰᠡᠷᠭᠡᠶᠢᠯᠡᠬᠦ᠂ ᠤᠲᠤᠭ᠎ᠠ ᠰᠡᠷᠭᠡᠶᠢᠯᠡᠬᠦ ᠪᠦᠷᠢᠨ ᠪᠦᠲᠦᠨ ᠵᠠᠭᠠᠭ ᠲᠠᠢ ᠪᠠᠶᠢᠬᠤ︔ ᠬᠤᠶᠠᠷ ᠲᠤ᠂ ᠬᠡᠰᠡᠭ ᠲᠠᠯ᠎ᠠ ᠶᠢᠨ ᠠᠰᠢᠭᠯᠠᠯᠲᠠ ᠳᠤ ᠣᠷᠣᠭᠤᠯᠤᠭᠰᠠᠨ ᠬᠡᠰᠡᠭ ᠤᠨ ᠠᠶᠤᠯᠭᠦᠶ ᠭᠠᠷᠬᠤ ᠡᠭᠦᠳᠡ᠂ ᠲᠠᠷᠬᠠᠭᠠᠬᠤ ᠠᠰᠠᠷ ᠤᠨ ᠱᠠᠳᠤ ᠨᠢ ᠭᠠᠯ ᠰᠡᠷᠭᠡᠶᠢᠯᠡᠨ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ︔ ᠭᠤᠷᠪᠠ ᠳᠤ᠂ ᠭᠠᠯ ᠤᠨᠲᠠᠷᠠᠭᠠᠬᠤ ᠤᠰᠤᠨ ᠰᠤᠷᠪᠤᠯᠵᠢ ᠂ ᠭᠠᠯ ᠤᠨᠲᠠᠷᠠᠭᠠᠬᠤ ᠴᠠᠬᠢᠯᠭᠠᠨ ᠡᠭᠦᠰᠭᠡᠭᠴᠢ ᠨᠢ ᠴᠥᠮ ᠭᠠᠯ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠪᠠ ᠭᠠᠯ ᠤᠨᠲᠠᠷᠠᠭᠠᠬᠤ ᠵᠢᠷᠤᠭ ᠲᠥᠯᠥᠪᠯᠡᠭᠡᠨ ᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠬᠠᠩᠭᠠᠬᠤ︔ ᠲᠦᠷᠪᠡ ᠳᠤ᠂ ᠬᠡᠰᠡᠭ ᠲᠠᠯ᠎ᠠ ᠶᠢᠨ ᠠᠰᠢᠭᠯᠠᠯᠲᠠ ᠳᠤ ᠣᠷᠣᠭᠤᠯᠤᠭᠰᠠᠨ ᠬᠡᠰᠡᠭ ᠤᠨ ᠡᠯ᠎ᠡ ᠵᠦᠢᠯ ᠤᠨ ᠭᠠᠯ ᠰᠡᠷᠭᠡᠶᠢᠯᠡᠨ ᠤᠨᠲᠠᠷᠠᠭᠠᠬᠤ ᠲᠥᠬᠦᠭᠡᠷᠦᠮᠵᠢ ᠶᠢ ᠪᠠᠶᠢᠴᠠᠭᠠᠨ ᠰᠢᠯᠭᠠᠭᠠᠳ ᠬᠢᠷᠢ ᠲᠡᠩᠴᠡᠭᠰᠡᠨ ᠮᠡᠳᠡᠭᠦᠯᠦᠯᠲᠡ ᠶᠢ ᠤᠯᠬᠤ ᠶᠢᠨ ᠬᠠᠮᠲᠤ ᠲᠡᠭᠦᠨ ᠤ ᠪᠡᠶ᠎ᠡ ᠪᠠᠨ ᠳᠠᠭᠠᠭᠠᠵᠤ ᠠᠵᠢᠯᠯᠠᠬᠤ ᠶᠢ ᠪᠠᠲᠤᠯᠠᠭᠰᠠᠨ ᠪᠠᠶᠢᠬᠤ︔ ᠲᠠᠪᠤ ᠳᠤ᠂ ᠭᠠᠯ ᠰᠡᠷᠭᠡᠶᠢᠯᠡᠨ ᠤᠨᠲᠠᠷᠠᠭᠠᠬᠤ ᠠᠶᠤᠯᠭᠦᠶ ᠶᠢᠨ ᠪᠠᠶᠢᠷᠢᠰᠢᠯ ᠢ ᠵᠦᠢ ᠵᠣᠬᠢᠰᠲᠠᠶ ᠪᠠᠶᠢᠯᠭᠠᠵᠤ᠂ ᠭᠠᠯ ᠤᠨᠲᠠᠷᠠᠭᠠᠬᠤ ᠲᠡᠷᠭᠡᠨ ᠤ ᠨᠡᠪᠲᠡᠷᠡᠬᠦ ᠵᠠᠮ ᠢ ᠬᠡᠪ ᠢᠶᠠᠷ ᠬᠡᠷᠡᠭᠯᠡᠵᠦ ᠴᠢᠳᠠᠬᠤ ᠪᠣᠯᠭᠠᠬᠤ ᠬᠡᠷᠡᠭᠲᠡᠶ᠃       ᠲᠦᠷᠪᠡ᠂ ᠡᠯ᠎ᠡ ᠭᠠᠵᠠᠷ ᠤᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠪᠥᠳᠥᠭᠡᠨ ᠪᠠᠶᠢᠭᠤᠯᠤᠯᠲᠠ ᠶᠢᠨ ᠨᠢᠭᠡᠴᠢ ᠶᠢ ᠢᠳᠡᠪᠬᠢᠲᠡᠶ ᠪᠠᠷ ᠵᠢᠯᠣᠭᠤᠳᠴᠤ ᠪᠠᠶᠢᠭᠠᠳ ︽ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠬᠠᠮᠢᠶᠠᠷᠤᠯᠲᠠ ᠶᠢᠨ ᠲᠥᠷ ᠬᠡᠷᠡᠭᠵᠢᠭᠦᠯᠬᠦ ᠲᠣᠭᠲᠠᠭᠠᠯ︾ ᠪᠣᠯᠤᠨ ︽ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠠᠵᠢᠯ ᠤᠨ ᠨᠠᠷᠢᠨ ᠲᠥᠷᠢᠮ︾ ᠤᠨ ᠬᠤᠯᠪᠣᠭᠳᠠᠯ ᠪᠥᠬᠦᠢ ᠱᠠᠭᠠᠷᠳᠠᠯᠭ᠎ᠠ ᠶᠣᠰᠣᠭᠠᠷ ᠠᠵᠢᠯ ᠳᠠᠭᠤᠰᠤᠭᠰᠠᠨ ᠢ ᠰᠢᠯᠭᠠᠨ ᠠᠪᠬᠤ ᠭᠠᠯ ᠤᠨᠲᠠᠷᠠᠭᠠᠬᠤ ᠪᠠᠶᠢᠴᠠᠭᠠᠨ ᠰᠢᠯᠭᠠᠯᠲᠠ ᠶᠢ ᠥᠷᠨᠢᠭᠦᠯᠬᠦ ᠶᠢᠨ ᠬᠠᠮᠲᠤ ︽ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠠᠪᠬᠤ ᠭᠠᠯ ᠤᠨᠲᠠᠷᠠᠭᠠᠬᠤ ᠶᠢᠨ ᠪᠠᠶᠢᠴᠠᠭᠠᠨ ᠰᠢᠯᠭᠠᠭᠰᠠᠨ ᠮᠡᠳᠡᠭᠦᠯᠦᠯᠲᠡ︾ ᠶᠢ ᠨᠠᠶᠢᠷᠠᠭᠤᠯᠤᠨ ᠵᠣᠬᠢᠶᠠᠬᠤ ᠬᠡᠷᠡᠭᠲᠡᠶ᠃       ᠲᠠᠪᠤ᠂ ᠣᠨᠴᠠᠭᠠᠢ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢᠨ ᠲᠤᠰᠬᠠᠶ ᠮᠡᠷᠭᠡᠵᠢᠯᠲᠡᠨ ᠤ ᠬᠢᠨᠠᠨ ᠲᠣᠭᠲᠠᠭᠠᠬᠤ ᠴᠢᠬᠤᠯᠠ ᠲᠠᠢ ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ᠶᠢ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠶᠢ ᠬᠥᠯᠢᠶᠡᠨ ᠠᠪᠴᠤ ᠰᠢᠢᠳᠪᠦᠷᠢᠯᠡᠬᠦ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠲᠢᠩᠬᠢᠮ ᠳᠤ ᠰᠢᠭᠤᠳ ᠮᠡᠳᠡᠭᠦᠯᠵᠦ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠬᠢᠨᠠᠨ ᠲᠣᠭᠲᠠᠭᠠᠯᠭᠠᠬᠤ ᠶᠢᠨ ᠬᠠᠮᠲᠤ ᠠᠶᠢᠮᠠᠭ ᠬᠤᠳᠠ ᠶᠢᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠠᠭᠤᠯᠤᠨ ᠬᠦᠷᠭᠡᠵᠦ᠂ ᠮᠡᠳᠡᠭᠦᠯᠦᠨ ᠬᠢᠨᠠᠭᠤᠯᠬᠤ ᠭᠤᠭᠴᠤᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ᠃       ᠵᠢᠷᠭᠤᠭ᠎ᠠ᠂ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠭᠠᠯ ᠰᠡᠷᠭᠡᠶᠢᠯᠡᠨ ᠤᠨᠲᠠᠷᠠᠭᠠᠬᠤ ᠵᠢᠷᠤᠭ ᠲᠥᠯᠥᠪᠯᠡᠭᠡ ᠪᠠ ᠪᠠᠷᠢᠯᠭ᠎ᠠ ᠶᠢᠨ ᠠᠵᠢᠯ ᠨᠢ ᠡᠷᠬᠡᠪᠰᠢ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠭᠠᠯ ᠰᠡᠷᠭᠡᠶᠢᠯᠡᠨ ᠤᠨᠲᠠᠷᠠᠭᠠᠬᠤ ᠮᠡᠷᠭᠡᠵᠢᠯ ᠤᠨ ᠤᠯᠤᠰ ᠤᠨ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ ᠣᠨᠴᠠᠭᠠᠢ ᠪᠥᠳᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠰᠢᠯᠭᠠᠨ ᠠᠪᠬᠤ ᠳᠤ ᠭᠠᠯ ᠰᠡᠷᠭᠡᠶᠢᠯᠡᠨ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ ᠭᠠᠯ ᠰᠡᠷᠭᠡᠶᠢᠯᠡᠨ ᠤᠨᠲᠠᠷᠠᠭᠠᠬᠤ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠢᠶᠠᠷ ᠦᠨᠳᠦᠰᠦᠯᠡᠯ ᠪᠣᠯᠭᠠᠬᠤ ᠶᠢᠨ ᠬᠠᠮᠲᠤ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ ᠰᠠᠨᠠᠯ ᠢ ᠣᠯᠤᠭᠰᠠᠨ ᠦᠶ᠎ᠡ ᠶᠢᠨ ᠪᠠᠷᠢᠮᠵᠢᠶ᠎ᠠ ᠪᠠᠷ ᠬᠡᠷᠡᠭᠵᠢᠭᠦᠯᠬᠦ ᠬᠡᠷᠡᠭᠲᠡᠶ᠃ ᠪᠤᠰᠤᠳ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠭᠠᠯ ᠰᠡᠷᠭᠡᠶᠢᠯᠡᠨ ᠤᠨᠲᠠᠷᠠᠭᠠᠬᠤ ᠶᠢ ᠰᠢᠯᠭᠠᠨ ᠠᠪᠴᠤ ᠳᠠᠩᠰᠠᠯᠠᠬᠤ᠂ ᠰᠣᠩᠭᠤᠨ ᠪᠠᠶᠢᠴᠠᠭᠠᠬᠤ ᠳᠤ ᠭᠠᠯ ᠰᠡᠷᠭᠡᠶᠢᠯᠡᠨ ᠤᠨᠲᠠᠷᠠᠭᠠᠬᠤ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ ᠦᠶ᠎ᠡ ᠳᠤ ᠬᠡᠷᠡᠭᠵᠢᠭᠦᠯᠦᠭᠰᠡᠨ ᠤᠯᠤᠰ ᠤᠨ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠭᠠᠯ ᠰᠡᠷᠭᠡᠶᠢᠯᠡᠨ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠪᠠᠷ ᠦᠨᠳᠦᠰᠦᠯᠡᠯ ᠪᠣᠯᠭᠠᠬᠤ ᠬᠡᠷᠡᠭᠲᠡᠶ᠃       ᠲᠤᠯᠤᠭ᠎ᠠ᠂ ᠡᠯ᠎ᠡ ᠭᠠᠵᠠᠷ ᠤᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠪᠥᠬᠦ ᠣᠷᠣᠨ ᠤ ᠪᠥᠳᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠠᠪᠴᠠᠩ ᠢ ᠭᠦᠢᠴᠡᠳ ᠠᠰᠢᠭᠯᠠᠨ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠶᠢ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠪᠥᠬᠦ ᠣᠷᠣᠨ ᠤ ᠪᠥᠳᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠬᠢᠭᠡᠳ ᠠᠵᠢᠯᠯᠠᠭᠰᠠᠳ ᠤᠨ ᠮᠡᠳᠡᠭᠡ ᠵᠠᠩᠭᠢ᠂ ᠭᠠᠯ ᠤᠨᠲᠠᠷᠠᠭᠠᠬᠤ ᠪᠡᠯᠡᠳᠬᠡᠮᠵᠢ ᠶᠢᠨ ᠪᠠᠶᠢᠴᠠᠭᠠᠨ ᠬᠡᠮᠵᠢᠭᠰᠡᠨ ᠮᠡᠳᠡᠭᠦᠯᠦᠯᠲᠡ ᠵᠡᠷᠭᠡ ᠮᠡᠷᠭᠡᠵᠢᠯ ᠤᠨ ᠮᠠᠲ᠋ᠧᠷᠢᠶᠠᠯ ᠢ ᠪᠥᠬᠦᠨ ᠢ ᠬᠢᠨᠠᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠠᠪᠴᠠᠩ ᠳᠤ ᠬᠦᠷᠲᠡᠯ᠎ᠡ ᠳᠠᠮᠵᠢᠭᠤᠯᠵᠤ᠂ ᠮᠡᠳᠡᠭᠡ ᠵᠠᠩᠬᠢᠴᠢᠯᠠᠭᠰᠠᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠂ ᠡᠯ᠎ᠡ ᠭᠠᠵᠠᠷ ᠤᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠤᠳᠠᠯ ᠬᠠᠭᠤᠷᠮᠠᠭ ᠮᠡᠳᠡᠭᠦᠯᠦᠯᠲᠡ ᠭᠠᠷᠭᠠᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃ ︽ᠪᠥᠲᠥᠭᠡᠨ ᠪᠠᠶᠢᠭᠤᠯᠬᠤ ᠨᠢᠭᠡᠴᠢ ᠶᠢᠨ ᠢᠨᠵᠧᠨᠧᠷᠢᠩ ᠤᠨ ᠶᠠᠰᠤ ᠴᠢᠨᠠᠷ ᠤᠨ ᠲᠡᠷᠢᠭᠦᠨ ᠴᠢᠬᠤᠯᠠ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠤᠬᠠᠶ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠮᠡᠳᠡᠭᠳᠡᠯ︾ ︵ᠪᠥᠲᠥᠭᠡᠨ ᠪᠠᠶᠢᠭᠤᠯᠤᠯᠳᠠ ᠶᠠᠰᠤ ᠴᠢᠨᠠᠷ ᠲᠣᠭᠲᠠᠭᠠᠯ ﹇2020﹈   9 ᠳ᠋ᠤᠭᠡᠷ ᠲᠣᠭᠠᠲᠤ︶ ᠢ ᠦᠨᠳᠦᠰᠦᠯᠡᠪᠡᠯ᠂ ᠪᠥᠲᠥᠭᠡᠨ ᠪᠠᠶᠢᠭᠤᠯᠬᠤ ᠨᠢᠭᠡᠴᠢ ᠶᠢᠨ ᠨᠠᠶᠢᠳᠠᠭᠰᠠᠨ ᠪᠤᠰᠤ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠭᠠᠷᠭᠠᠭᠰᠠᠨ ᠪᠠᠶᠢᠴᠠᠭᠠᠨ ᠰᠢᠯᠭᠠᠭᠰᠠᠨ ᠮᠡᠳᠡᠭᠦᠯᠦᠯᠲᠡ ᠶᠢ ᠢᠨᠵᠧᠨᠧᠷᠢᠩ ᠤᠨ ᠶᠠᠰᠤ ᠴᠢᠨᠠᠷ ᠢ ᠰᠢᠯᠭᠠᠨ ᠠᠪᠬᠤ ᠦᠨᠳᠦᠰᠦᠯᠡᠯ ᠪᠣᠯᠭᠠᠵᠤ ᠪᠣᠯᠬᠤ ᠥᠬᠡᠶ᠃ ᠳᠡᠩᠰᠡᠯᠡᠵᠦ ᠰᠤᠭᠤᠴᠢᠨ ᠪᠠᠶᠢᠴᠠᠭᠠᠬᠤ ᠬᠦᠷᠢᠶ᠎ᠡ ᠬᠡᠪᠴᠢᠶ᠎ᠡ ᠳᠤ ᠬᠠᠷᠢᠶᠠᠯᠠᠭᠳᠠᠬᠤ ᠢᠨᠵᠧᠨᠧᠷᠢᠩ ᠤᠨ ᠪᠠᠷᠢᠯᠭ᠎ᠠ᠂ ᠬᠥᠮᠦᠨ ᠬᠠᠷ᠎ᠠ ᠨᠢᠭᠲᠠᠷᠠᠨ ᠴᠤᠭᠯᠠᠷᠠᠬᠤ ᠭᠠᠵᠠᠷ ᠲᠠᠯᠠᠪᠤᠷ ᠵᠢᠴᠢ ᠬᠥᠮᠦᠨ ᠬᠠᠷ᠎ᠠ ᠨᠢᠭᠲᠠᠷᠠᠨ ᠴᠤᠭᠯᠠᠷᠠᠬᠤ ᠭᠠᠵᠠᠷ ᠲᠠᠯᠠᠪᠤᠷ ᠪᠠᠶᠢᠭᠤᠯᠤᠭᠰᠠᠨ ᠢᠨᠵᠧᠨᠧᠷᠢᠩ ᠤᠨ ᠪᠠᠷᠢᠯᠭ᠎ᠠ ᠶᠢᠨ ᠳᠡᠩᠰᠡᠯᠡᠵᠦ ᠰᠤᠭᠤᠴᠢᠨ ᠪᠠᠶᠢᠴᠠᠭᠠᠬᠤ ᠬᠠᠷᠢᠴᠠᠯ ᠢ 50% ᠠᠴᠠ ᠳᠣᠤᠷ᠎ᠠ ᠪᠠᠶᠢᠯᠭᠠᠵᠤ ᠪᠣᠯᠬᠤ ᠥᠬᠡᠶ︔ ᠠᠷᠠᠳ ᠤᠨ ᠬᠡᠷᠡᠭᠯᠡᠭᠡᠨ ᠤ ᠥᠨᠳᠥᠷ ᠪᠠᠷᠢᠯᠭ᠎ᠠ ᠶᠢᠨ ᠳᠡᠩᠰᠡᠯᠡᠵᠦ ᠰᠣᠩᠭᠤᠨ ᠪᠠᠶᠢᠴᠠᠭᠠᠬᠤ ᠬᠠᠷᠢᠴᠠᠯ ᠢ 30% ᠠᠴᠠ ᠳᠣᠤᠷ᠎ᠠ ᠪᠠᠶᠢᠯᠭᠠᠵᠤ ᠪᠣᠯᠬᠤ ᠥᠬᠡᠶ︔ ᠪᠤᠰᠤᠳ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠳᠡᠩᠰᠡᠯᠡᠵᠦ ᠰᠤᠭᠤᠴᠢᠨ ᠪᠠᠶᠢᠴᠠᠭᠠᠬᠤ ᠬᠠᠷᠢᠴᠠᠯ ᠢ 20% ᠠᠴᠠ ᠳᠣᠤᠷ᠎ᠠ ᠪᠠᠶᠢᠯᠭᠠᠵᠤ ᠪᠣᠯᠬᠤ ᠥᠬᠡᠶ᠃       ᠨᠠᠢᠮᠠ᠂ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ ᠳᠤ ᠬᠠᠷᠠᠭᠠᠯᠵᠠᠭᠰᠠᠨ ᠴᠢᠳᠠᠪᠤᠷᠢ ᠪᠥᠬᠦᠢ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ︵ᠪᠠᠷᠢᠯᠭ᠎ᠠ ᠶᠢᠨ ᠵᠢᠷᠤᠭ ᠢ ᠬᠢᠨᠠᠨ ᠪᠠᠶᠢᠴᠠᠭᠠᠬᠤ ᠪᠠᠶᠢᠭᠤᠯᠤᠮᠵᠢ᠂ ᠬᠠᠮᠢᠶ᠎ᠠ ᠪᠥᠬᠦᠢ ᠲᠤᠰᠬᠠᠶ ᠮᠡᠷᠭᠡᠵᠢᠯ ᠤᠨ ᠵᠢᠷᠤᠭ ᠲᠥᠯᠥᠪᠯᠡᠭᠡᠨ ᠤ ᠬᠦᠷᠢᠶᠡᠯᠡᠩ ᠵᠡᠷᠭᠡ︶ ᠠᠴᠠ ᠵᠢᠷᠤᠭ ᠲᠤ ᠮᠡᠷᠭᠡᠵᠢᠯ ᠤᠨ ᠬᠢᠨᠠᠨ ᠪᠠᠶᠢᠴᠠᠭᠠᠯᠲᠠ ᠬᠢᠵᠦ᠂ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠠᠴᠠ ᠭᠠᠷᠭᠠᠵᠤ ᠥᠭᠭᠦᠭᠰᠡᠨ ᠮᠡᠷᠭᠡᠵᠢᠯ ᠤᠨ ᠬᠢᠨᠠᠨ ᠪᠠᠶᠢᠴᠠᠭᠠᠭᠰᠠᠨ ᠰᠠᠨᠠᠯ ᠳᠤ ᠬᠠᠷᠢᠭᠤᠴᠠᠨ᠎ᠠ᠃ ᠡᠯ᠎ᠡ ᠭᠠᠵᠠᠷ ᠤᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ  ᠮᠠᠶ᠋ᠢᠭ ᠢᠶᠠᠷ ᠳᠠᠮᠵᠢᠭᠤᠯᠤᠨ᠂ ᠵᠣᠬᠢᠬᠤ ᠴᠢᠳᠠᠪᠤᠷᠢ ᠪᠥᠬᠦᠢ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠳᠤ ᠨᠠᠶᠢᠳᠠᠵᠤ ᠪᠥᠳᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠭᠠᠯ ᠤᠨᠲᠠᠷᠠᠭᠠᠬᠤ ᠶᠢ ᠰᠢᠯᠭᠠᠨ ᠠᠪᠬᠤ ᠲᠤᠬᠠᠶ ᠶᠢᠨ ᠲᠠᠯᠠᠪᠠᠢ ᠶᠢᠨ ᠦᠨᠡᠯᠡᠨ ᠲᠣᠭᠲᠠᠭᠠᠬᠤ ᠵᠡᠷᠭᠡ ᠠᠵᠢᠯ ᠢ ᠥᠷᠨᠢᠭᠦᠯᠵᠦ ᠪᠣᠯᠤᠨ᠎ᠠ᠃       ᠶᠢᠰᠦ᠂ ᠡᠯ᠎ᠡ ᠭᠠᠵᠠᠷ ᠤᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠪᠥᠳᠥᠭᠡᠨ ᠪᠠᠶᠢᠭᠤᠯᠤᠯᠲᠠ ᠵᠢᠨ‌ᠢᠨᠵᠧᠨᠧᠷᠢᠩ ᠤᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠲᠠᠩᠰᠠ ᠡᠪᠬᠡᠮᠡᠯ ᠤᠨ ᠲᠥᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠂ ᠴᠠᠭ ᠲᠤᠬᠠᠶ ᠳᠤ ᠨᠢ ᠲᠠᠩᠰᠠ ᠡᠪᠬᠡᠮᠡᠯ ᠳᠤ ᠣᠷᠣᠭᠤᠯᠬᠤ᠂ ᠲᠠᠩᠰᠠ ᠡᠪᠬᠡᠮᠡᠯ ᠤᠨ ᠪᠦᠷᠢᠨ ᠪᠦᠲᠦᠨ ᠣᠨᠣᠪᠴᠢᠲᠠᠶ ᠪᠠᠶᠢᠬᠤ᠂ ᠮᠥᠷᠳᠡᠵᠦ ᠪᠣᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ᠂ ᠭᠠᠯ ᠤᠨᠲᠠᠷᠠᠭᠠᠬᠤ ᠶᠢ ᠰᠢᠯᠭᠠᠨ ᠠᠪᠬᠤ᠂ ᠳᠠᠩᠰᠠᠯᠠᠭᠤᠯᠬᠤ ᠪᠠ ᠰᠤᠭᠤᠴᠢᠨ ᠪᠠᠶᠢᠴᠠᠭᠠᠬᠤ ᠠᠩᠬᠠᠨ ᠤ ᠮᠡᠷᠭᠡᠵᠢᠯ ᠤᠨ ᠮᠠᠲ᠋ᠧᠷᠢᠶᠠᠯ ᠢ ᠤᠷᠳᠤ ᠬᠤᠭᠤᠴᠠᠭ᠎ᠠ ᠪᠠᠷ ᠬᠠᠳᠠᠭᠠᠯᠠᠬᠤ ᠬᠡᠷᠡᠭᠲᠡᠶ᠃       ᠠᠷᠪᠠ᠂ ᠪᠦᠬᠦ ᠣᠷᠣᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠠᠵᠢᠯ ᠤᠨ ᠪᠠᠷᠢᠮᠵᠢᠶ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠦ᠂ ᠬᠢᠨᠠᠨ ᠵᠥᠪᠰᠢᠶᠡᠷᠡᠬᠦ ᠶᠠᠪᠤᠴᠠ ᠶᠢ ᠰᠢᠯᠢᠳᠡᠭᠵᠢᠭᠦᠯᠬᠦ ᠶᠢᠨ ᠲᠦᠯᠦᠭᠡ᠂ ᠮᠠᠨ ᠤ ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ ᠵᠠᠭᠪᠤᠷ ︵ᠲᠤᠷᠰᠢᠨ ᠬᠡᠷᠡᠭᠵᠢᠭᠦᠯᠬᠦ︶︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠤᠨ ᠮᠡᠷᠭᠡᠵᠢᠯ ᠤᠨ ᠬᠢᠨᠠᠨ ᠪᠠᠶᠢᠴᠠᠭᠠᠯᠲᠠ ᠶᠢᠨ ᠮᠡᠳᠡᠭᠦᠯᠦᠯᠲᠡ ︵ᠲᠤᠷᠰᠢᠨ ᠬᠡᠷᠡᠭᠵᠢᠭᠦᠯᠬᠦ︶︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠢᠯ ᠳᠠᠭᠤᠰᠤᠭᠰᠠᠨ ᠢ ᠰᠢᠯᠭᠠᠨ ᠠᠪᠬᠤ ᠭᠠᠯ ᠤᠨᠲᠠᠷᠠᠭᠠᠬᠤ ᠪᠠᠶᠢᠴᠠᠭᠠᠨ ᠰᠢᠯᠭᠠᠯᠲᠠ ᠶᠢᠨ ᠮᠡᠳᠡᠭᠦᠯᠦᠯᠲᠡ ︵ᠲᠤᠷᠰᠢᠨ ᠬᠡᠷᠡᠭᠵᠢᠭᠦᠯᠬᠦ︶︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠭᠠᠯ ᠤᠨᠲᠠᠷᠠᠭᠠᠬᠤ ᠠᠵᠢᠯ ᠢ ᠰᠢᠯᠭᠠᠨ ᠠᠪᠬᠤ ᠲᠤᠬᠠᠶ ᠶᠢᠨ ᠲᠠᠯᠠᠪᠠᠶ ᠶᠢ ᠦᠨᠡᠯᠡᠨ ᠲᠣᠭᠲᠠᠭᠠᠭᠰᠠᠨ ᠲᠡᠮᠳᠡᠭᠯᠡᠯ ︵ᠲᠤᠷᠰᠢᠨ ᠬᠡᠷᠡᠭᠵᠢᠭᠦᠯᠬᠦ︶︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠭᠠᠯ ᠤᠨᠲᠠᠷᠠᠭᠠᠬᠤ ᠪᠡᠯᠡᠳᠬᠡᠮᠵᠢ ᠶᠢ ᠬᠢᠨᠡᠨ ᠰᠢᠯᠭᠠᠬᠤ ᠮᠡᠳᠡᠭᠦᠯᠦᠯᠳᠡ ︵ᠲᠤᠷᠰᠢᠨ ᠬᠡᠷᠡᠭᠵᠢᠭᠦᠯᠬᠦ︶︾ ᠶᠢ ᠲᠤᠭᠳᠠᠭᠠᠪᠠ᠂ ᠵᠢᠷᠤᠮᠯᠠᠨ ᠬᠡᠷᠡᠭᠵᠢᠭᠦᠯᠦᠭᠡᠷᠡᠶ᠂ ᠡᠯ᠎ᠡ ᠭᠠᠵᠠᠷ ᠤᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠷᠢᠯᠢᠬᠵᠢᠭᠤᠯᠵᠤ ᠪᠣᠯᠤᠨ᠎ᠠ᠃       ᠳᠠᠭᠠᠯᠳᠤᠭᠤᠯᠤᠯ᠄ 1᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ ᠵᠠᠭᠪᠤᠷ ︵ᠲᠤᠷᠰᠢᠨ ᠬᠡᠷᠡᠭᠵᠢᠭᠦᠯᠬᠦ︶︾ 2᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠤᠨ ᠮᠡᠷᠭᠡᠵᠢᠯ ᠤᠨ ᠬᠢᠨᠠᠨ ᠪᠠᠶᠢᠴᠠᠭᠠᠯᠲᠠ ᠶᠢᠨ ᠮᠡᠳᠡᠭᠦᠯᠦᠯᠲᠡ ︵ᠲᠤᠷᠰᠢᠨ ᠬᠡᠷᠡᠭᠵᠢᠭᠦᠯᠬᠦ︶︾ 3᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠲᠥᠭᠡᠨ ᠪᠠᠶᠢᠭᠤᠯᠤᠯᠲᠠ ᠵᠢᠨ‌ᠢᠨᠵᠧᠨᠧᠷᠢᠩ ᠤᠨ ᠠᠵᠢᠯ ᠳᠠᠭᠤᠰᠤᠭᠰᠠᠨ ᠢ ᠰᠢᠯᠭᠠᠨ ᠠᠪᠬᠤ ᠭᠠᠯ ᠤᠨᠲᠠᠷᠠᠭᠠᠬᠤ ᠬᠢᠨᠠᠨ ᠰᠢᠯᠭᠠᠯᠲᠠ ᠶᠢᠨ ᠮᠡᠳᠡᠭᠦᠯᠦᠯᠲᠡ ︵ᠲᠤᠷᠰᠢᠨ ᠬᠡᠷᠡᠭᠵᠢᠭᠦᠯᠬᠦ︶︾ 4᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠭᠠᠯ ᠤᠨᠲᠠᠷᠠᠭᠠᠬᠤ ᠰᠢᠯᠭᠠᠨ ᠠᠪᠬᠤ ᠲᠤᠬᠠᠶ ᠶᠢᠨ ᠲᠠᠯᠠᠪᠠᠶ ᠶᠢᠨ ᠦᠨᠡᠯᠡᠨ ᠲᠣᠭᠲᠠᠭᠠᠭᠰᠠᠨ ᠲᠡᠮᠳᠡᠭᠯᠡᠯ ᠤᠨ ᠬᠦᠰᠦᠨᠦᠭᠲᠦ ︵ᠲᠤᠷᠰᠢᠨ ᠬᠡᠷᠡᠭᠵᠢᠭᠦᠯᠬᠦ︶︾ 5᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠭᠠᠯ ᠤᠨᠲᠠᠷᠠᠭᠠᠬᠤ ᠪᠡᠯᠡᠳᠬᠡᠮᠵᠢ ᠶᠢ ᠬᠢᠨᠠᠨ ᠬᠡᠮᠵᠢᠭᠰᠡᠨ ᠮᠡᠳᠡᠭᠦᠯᠦᠯᠲᠡ ︵ᠲᠤᠷᠰᠢᠨ ᠬᠡᠷᠡᠭᠵᠢᠭᠦᠯᠬᠦ︶︾   
ᠢᠷᠡᠯᠲᠡ᠄ ᠥᠪᠦᠷ ᠮᠣᠩᠭᠤᠯ ᠤᠨ ᠣᠷᠤᠨ ᠰᠠᠭᠤᠴᠠ ᠪᠣᠯᠤᠨ ᠬᠤᠲᠠ ᠬᠦᠳᠡᠭᠡ ᠶᠢᠨ ᠪᠥᠲᠦᠭᠡᠨ ᠪᠠᠶᠢᠭᠤᠯᠤᠯᠲᠠ ᠶᠢᠨ ᠲᠢᠩᠬᠢᠮ
Baidu
map