2021 ᠣᠨ ᠤ ᠬᠤᠷᠢᠨ ᠲᠠᠪᠤᠳᠤᠭᠠᠷ ᠪᠦᠯᠦᠭ ᠤᠨ ᠬᠥᠮᠦᠰ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ ᠤᠨ ᠠᠯᠪᠠᠨ ᠨᠡᠶᠢᠲᠡᠯᠡᠯ
ᠨᠡᠶᠢᠲᠡᠯᠡᠭᠰᠡᠨ ᠴᠠᠭ᠄
2021/7/28
      ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ︽ᠳᠠᠩᠰᠠᠯᠠᠭᠤᠯᠤᠭᠰᠠᠨ  ᠪᠠᠷᠢᠯᠭᠠᠴᠢᠨ ᠤ ᠬᠠᠮᠢᠶᠠᠷᠤᠯᠲᠠ ᠶᠢᠨ ᠲᠣᠭᠲᠠᠭᠠᠯ︾ ︵ᠪᠥᠲᠥᠭᠡᠨ ᠪᠠᠶᠢᠭᠤᠯᠤᠯᠲᠠ ᠶᠠᠮᠤᠨ ᠵᠠᠷᠯᠢᠭ 153 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠳᠡᠰ ᠤᠨ ᠪᠠᠷᠢᠯᠭᠠᠴᠢᠨ ᠤ ᠳᠡᠩᠰᠡᠯᠡᠯᠲᠡ ᠶᠢᠨ ᠬᠡᠷᠡᠭᠵᠢᠭᠦᠯᠬᠦ ᠠᠷᠭ᠎ᠠ︾ ︵ᠥᠪᠥᠷ ᠪᠥᠲᠥᠭᠡᠨ ᠪᠠᠶᠢᠭᠤᠯᠤᠯᠲᠠ ︹ 2007 ︺ 285 ᠳ᠋ᠤᠭᠠᠷ ᠲᠣᠭᠠᠲᠤ︶ ᠶᠢ ᠦᠨᠳᠦᠰᠦᠯᠡᠪᠡᠯ᠂ ︽ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ᠂ ᠲᠥᠷᠥᠯ ᠵᠦᠶ᠋ᠯ ᠤᠨ ᠬᠠᠷᠢᠭᠤᠴᠠᠯᠭᠠᠲᠠᠨ ᠪᠠ ᠠᠶᠤᠯᠭᠦᠶ ᠦᠶ᠋ᠯᠡᠳᠪᠦᠷᠢᠯᠡᠯ ᠤᠨ ᠬᠠᠮᠢᠶᠠᠷᠤᠯᠲᠠ ᠶᠢᠨ ᠲᠤᠰᠬᠠᠶ ᠲᠤᠰᠢᠶᠠᠯᠲᠤ ᠠᠵᠢᠯᠲᠠᠨ ᠠᠶᠤᠯᠭᠦᠶ ᠦᠶ᠋ᠯᠡᠳᠪᠦᠷᠢᠯᠡᠯ ᠤᠨ ᠬᠠᠮᠢᠶᠠᠷᠤᠯᠲᠠ ᠶᠢᠨ ᠲᠣᠭᠲᠠᠭᠠᠯ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠵᠠᠷᠯᠢᠭ 17 ᠳ᠋ᠤᠭᠠᠷ ᠲᠣᠭᠠᠲᠤ︶᠂ ︽ᠳᠠᠩᠰᠠᠯᠠᠭᠤᠯᠤᠭᠰᠠᠨ ᠪᠠᠶᠢᠭᠤᠯᠤᠭᠰᠠᠨ ᠦᠨ᠎ᠡ ᠶᠢᠨ ᠢᠨᠵᠧᠨᠧᠷ ᠤᠨ ᠬᠠᠮᠢᠶᠠᠷᠤᠯᠲᠠ ᠶᠢᠨ ᠠᠷᠭ᠎ᠠ︾ ︵ᠪᠥᠲᠥᠭᠡᠨ ᠪᠠᠶᠢᠭᠤᠯᠤᠯᠲᠠ ᠶᠠᠮᠤᠨ ᠵᠠᠷᠯᠢᠭ 150 ᠳ᠋ᠤᠭᠠᠷ ᠲᠣᠭᠠᠲᠤ︶᠂ ︽ᠪᠥᠬᠦ ᠣᠷᠣᠨ ᠤ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ᠂ ᠲᠥᠷᠥᠯ ᠵᠦᠢᠯ ᠤᠨ ᠬᠠᠷᠢᠭᠤᠴᠠᠯᠭᠠᠲᠠᠨ ᠪᠠ  ᠠᠶᠤᠯᠭᠦᠢ ᠦᠢᠯᠡᠳᠪᠦᠷᠢᠯᠡᠯ ᠤᠨ ᠲᠤᠰᠬᠠᠶ ᠲᠤᠰᠢᠶᠠᠯᠲᠤ ᠬᠠᠮᠢᠶᠠᠷᠤᠯᠲᠠ ᠶᠢᠨ ᠠᠵᠢᠯᠲᠠᠨ ᠤ ᠠᠶᠤᠯᠭᠦᠢ ᠦᠢᠯᠡᠳᠪᠦᠷᠢᠯᠡᠯ ᠢ ᠰᠢᠯᠭᠠᠨ ᠬᠢᠨᠠᠬᠤ ᠬᠠᠮᠢᠶᠠᠷᠤᠯᠲᠠ ᠶᠢᠨ ᠠᠵᠢᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ︾ ︵ᠥᠪᠥᠷ ᠪᠥᠲᠥᠭᠡᠨ ᠪᠠᠶᠢᠭᠤᠯᠤᠯᠲᠠ ︹ 2016 ︺ 221 ᠳ᠋ᠦ᠋ᠭᠡᠷ ᠲᠣᠭᠠᠲᠤ︶᠂ ᠠᠵᠤ ᠠᠬᠤᠶᠢᠯᠠᠯ ᠭᠤᠶᠤᠴᠢᠯᠠᠨ ᠮᠡᠳᠡᠭᠦᠯᠬᠦ᠂ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠠᠩᠬᠠᠨ ᠤ ᠬᠢᠨᠠᠯᠲᠠ ᠶᠢᠨ ᠰᠠᠭᠤᠷᠢᠨ ᠳᠡᠭᠡᠷ᠎ᠡ᠂ ᠰᠤ᠋ ᠽᠦᠩ ᠪᠦᠦ ᠵᠡᠷᠭᠡ 415 ᠬᠥᠮᠦᠨ ᠤ ᠪᠠᠷᠢᠯᠭ᠎ᠠ ᠶᠢᠨ ᠠᠵᠤ ᠠᠬᠤᠶᠢᠯᠠᠯ ᠤᠨ ︽ᠠᠶᠤᠯ ᠥᠬᠡᠶ ᠶᠢᠨ ᠬᠠᠮᠢᠶᠠᠷᠤᠯᠲᠠ ᠶᠢᠨ ᠠᠵᠢᠯᠲᠠᠨ︾ ᠠᠶᠤᠯᠭᠦᠢ ᠦᠢᠯᠡᠳᠪᠦᠷᠢᠯᠡᠯ ᠤᠨ ᠬᠢᠨᠠᠨ ᠰᠢᠯᠭᠠᠯᠲᠠ ᠳᠤ ᠬᠢᠷᠢ ᠲᠡᠩᠴᠡᠵᠦ᠂ ᠮᠠ ᠪᠢᠨ ᠪᠢᠨ ᠵᠡᠷᠭᠡ 40 ᠬᠥᠮᠦᠨ ᠬᠤᠶᠠᠳᠤᠭᠠᠷ ᠳᠡᠰ ᠤᠨ ᠪᠠᠷᠢᠯᠭᠠᠴᠢᠨ ᠤ ᠳᠠᠩᠰᠠᠯᠠᠭᠤᠯᠬᠤ ᠨᠥᠬᠦᠴᠡᠯ ᠳᠤ ᠨᠡᠶᠢᠴᠡᠵᠦ᠂ ᠯᠢ ᠵᠢᠤᠸᠠᠨ ᠵᠡᠷᠭᠡ 12 ᠬᠥᠮᠦᠨ ᠬᠤᠶᠠᠳᠤᠭᠠᠷ ᠳᠡᠰ ᠤᠨ ᠪᠠᠷᠢᠯᠭ᠎ᠠ ᠶᠢᠨ ᠦᠨ᠎ᠡ ᠶᠢᠨ ᠢᠨᠵᠧᠨᠧᠷ ᠤᠨ ᠳᠠᠩᠰᠠᠯᠠᠭᠤᠯᠬᠤ ᠨᠥᠬᠦᠴᠡᠯ ᠳᠤ ᠨᠡᠶᠢᠴᠡᠪᠡ︔ ᠵᠣᠣ ᠼᠠᠢ ᠶᠢᠩ ᠵᠡᠷᠭᠡ 85 ᠬᠥᠮᠦᠨ ᠤ ᠪᠠᠷᠢᠯᠭ᠎ᠠ ᠶᠢᠨ ᠠᠵᠤ ᠠᠬᠤᠶᠢᠯᠠᠯ ᠤᠨ ︽ᠠᠶᠤᠯ ᠥᠬᠡᠶ ᠶᠢᠨ ᠬᠠᠮᠢᠶᠠᠷᠤᠯᠲᠠ ᠶᠢᠨ ᠠᠵᠢᠯᠲᠠᠨ︾ ᠤ ᠠᠶᠤᠯᠭᠦᠢ ᠦᠢᠯᠡᠳᠪᠦᠷᠢᠯᠡᠯ ᠤᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠥᠬᠡᠶ᠂ ᠱᠣᠤ ᠯᠢ ᠪᠦᠦ ᠵᠡᠷᠭᠡ 2 ᠬᠥᠮᠦᠨ ᠬᠤᠶᠠᠳᠤᠭᠠᠷ ᠳᠡᠰ ᠤᠨ ᠪᠠᠷᠢᠯᠭᠠᠴᠢᠨ ᠤ ᠳᠠᠩᠰᠠᠯᠠᠭᠤᠯᠬᠤ ᠨᠥᠬᠦᠴᠡᠯ ᠳᠤ ᠨᠡᠶᠢᠴᠡᠬᠦ ᠥᠬᠡᠶ᠂ ᠵᠠᠩ ᠰᠢᠨ ᠢᠦᠶ ᠵᠡᠷᠭᠡ 5 ᠬᠥᠮᠦᠨ ᠬᠤᠶᠠᠳᠤᠭᠠᠷ ᠳᠡᠰ ᠤᠨ ᠦᠢᠯᠡᠳᠬᠦ ᠦᠨ᠎ᠡ ᠶᠢᠨ ᠢᠨᠵᠧᠨᠧᠷ ᠤᠨ ᠳᠠᠩᠰᠠᠯᠠᠭᠤᠯᠬᠤ ᠨᠥᠬᠦᠴᠡᠯ ᠳᠤ ᠨᠡᠶᠢᠴᠡᠬᠦ ᠥᠬᠡᠶ᠂ ᠡᠳᠦᠭᠡ ᠨᠡᠷᠡᠰ ᠢ ᠵᠠᠷᠯᠠᠨ ᠨᠡᠶᠢᠲᠡᠯᠡᠶ᠎ᠡ᠃ ᠵᠠᠷᠯᠠᠨ ᠨᠡᠶᠢᠲᠡᠯᠡᠬᠦ ᠡᠳᠦᠷ ᠬᠤᠭᠤᠴᠠᠭ᠎ᠠ ᠨᠢ 2021 ᠣᠨ ᠤ 7 ᠰᠠᠷ᠎ᠠ ᠶᠢᠨ 30 ᠤ ᠡᠳᠦᠷ ᠤᠨ 17᠄ 30 ᠪᠤᠯᠲᠠᠯ᠎ᠠ᠃ ᠵᠠᠷᠯᠠᠨ ᠨᠡᠶᠢᠲᠡᠯᠡᠭᠰᠡᠨ ᠰᠠᠨᠠᠯ ᠳᠤ ᠣᠨᠳᠣᠤ ᠰᠠᠨᠠᠯ ᠲᠠᠢ ᠪᠤᠶᠤ ᠠᠰᠠᠭᠤᠳᠠᠯ ᠲᠠᠢ ᠪᠠᠶᠢᠪᠠᠯ᠂ ᠵᠥᠪᠲᠦᠭᠡᠨ ᠲᠣᠳᠣᠷᠬᠠᠶᠢᠯᠠᠬᠤ ᠪᠠᠨ ᠳᠤᠷᠠᠳᠴᠤ ᠪᠣᠯᠤᠨ᠎ᠠ᠂ ᠬᠢᠨᠠᠨ ᠪᠠᠶᠢᠴᠠᠭᠠᠭᠰᠠᠨ ᠰᠠᠨᠠᠯ ᠨᠢ ︽ᠬᠢᠷᠢ ᠲᠡᠩᠴᠡᠭᠰᠡᠨ ᠥᠬᠡᠶ︾ ᠬᠥᠮᠦᠰ ᠠᠶᠢᠮᠠᠭ ᠬᠤᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠣᠳᠠᠲᠠᠶ ᠬᠢᠨᠠᠨ ᠪᠠᠶᠢᠴᠠᠭᠠᠭᠰᠠᠨ ᠰᠠᠨᠠᠯ ᠢ ᠯᠠᠪᠯᠠᠨ ᠠᠰᠠᠭᠤᠵᠤ ᠪᠣᠯᠤᠨ᠎ᠠ᠃       ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠶᠠᠮᠠᠷᠪᠠ ᠨᠢᠭᠡᠴᠢ ᠪᠠ ᠬᠤᠪᠢ ᠬᠥᠮᠦᠨ ᠵᠠᠷᠯᠠᠨ ᠨᠡᠶᠢᠲᠡᠯᠡᠬᠦ ᠨᠡᠷᠡᠰ ᠲᠤ ᠣᠨᠳᠣᠤ ᠰᠠᠨᠠᠯ ᠲᠠᠢ ᠪᠠᠶᠢᠪᠠᠯ᠂ ᠴᠥᠮ ᠮᠠᠨ ᠤ ᠲᠢᠩᠬᠢᠮ ᠳᠤ ᠪᠠᠶᠢᠳᠠᠯ ᠢᠶᠠᠨ ᠲᠤᠰᠬᠠᠵᠤ ᠪᠣᠯᠤᠨ᠎ᠠ᠂ ᠲᠤᠰᠬᠠᠭᠰᠠᠨ ᠪᠠᠶᠢᠳᠠᠯ ᠨᠢ ᠦᠨᠡᠨ ᠠᠴᠠ ᠵᠥᠪ ᠢ ᠡᠷᠢᠬᠦ ᠬᠡᠷᠡᠭᠲᠡᠶ᠃ ᠨᠢᠭᠡᠴᠢ ᠶᠢᠨ ᠨᠡᠷ᠎ᠡ ᠪᠠᠷ ᠪᠠᠶᠢᠳᠠᠯ ᠢ ᠲᠤᠰᠬᠠᠭᠰᠠᠨ ᠪᠠᠶᠢᠪᠠᠯ᠂ ᠨᠢᠭᠡᠴᠢ ᠶᠢᠨ ᠠᠯᠪᠠᠨ ᠲᠠᠮᠠᠭ᠎ᠠ ᠶᠢ ᠳᠠᠷᠤᠬᠤ ᠬᠡᠷᠡᠭᠲᠡᠶ︔ ᠬᠤᠪᠢ ᠬᠥᠮᠦᠨ ᠤ ᠨᠡᠷ᠎ᠡ ᠪᠠᠷ ᠪᠠᠶᠢᠳᠠᠯ ᠢ ᠲᠤᠰᠬᠠᠭᠰᠠᠨ ᠪᠠᠶᠢᠪᠠᠯ᠂ ᠦᠨᠡᠨ ᠪᠣᠳᠠᠲᠠᠶ ᠤᠪᠤᠭ ᠨᠡᠷ᠎ᠡ ᠪᠠ ᠬᠠᠷᠢᠯᠴᠠᠬᠤ ᠤᠲᠠᠰᠤ ᠪᠠᠨ ᠪᠢᠴᠢᠬᠦ ᠬᠡᠷᠡᠭᠲᠡᠶ᠃       ᠬᠠᠷᠢᠯᠴᠠᠬᠤ ᠤᠲᠠᠰᠤ᠄ 0471-5332426       ᠬᠠᠷᠢᠯᠴᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ 6 ᠳ᠋ᠤᠭᠠᠷ ᠨᠣᠮᠧᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠣᠪᠴᠢᠶ᠎ᠠ ᠶᠢᠨ 12 ᠳ᠋ᠤᠭᠠᠷ ᠠᠰᠠᠷ ᠤᠨ 33᠂ 34᠂ 35 ᠳ᠋ᠤᠭᠠᠷ ᠴᠣᠩᠬᠤ       ᠳᠠᠭᠠᠯᠳᠤᠭᠤᠯᠤᠯ᠄ 1.ᠰᠤ᠋ ᠽᠦᠩ ᠪᠦᠦ ᠵᠡᠷᠭᠡ 415 ᠬᠥᠮᠦᠨ ᠤ ᠪᠠᠷᠢᠯᠭ᠎ᠠ ᠪᠠᠷᠢᠬᠤ ᠠᠵᠤ ᠠᠬᠤᠶᠢᠯᠠᠯ ᠤᠨ ︽ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ︾ ᠤ ᠠᠶᠤᠯᠭᠦᠢ ᠦᠢᠯᠡᠳᠪᠦᠷᠢᠯᠡᠯ ᠤᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠬᠥᠮᠦᠰ ᠤᠨ ᠨᠡᠷᠡᠰ       2.ᠮᠠ ᠪᠢᠨ ᠪᠢᠨ ᠵᠡᠷᠭᠡ 40 ᠬᠥᠮᠦᠨ ᠬᠤᠶᠠᠳᠤᠭᠠᠷ ᠳᠡᠰ ᠤᠨ ᠪᠠᠷᠢᠯᠭᠠᠴᠢᠨ ᠤ ᠳᠠᠩᠰᠠᠯᠠᠭᠤᠯᠬᠤ ᠨᠥᠬᠦᠴᠡᠯ ᠳᠤ ᠨᠡᠶᠢᠴᠡᠭᠰᠡᠨ ᠬᠥᠮᠦᠰ ᠤᠨ ᠨᠡᠷᠡᠰ       3. ᠵᠣᠤ ᠼᠠᠢ ᠢᠩ ᠵᠡᠷᠭᠡ 85 ᠪᠠᠷᠢᠯᠭ᠎ᠠ ᠶᠢᠨ ᠠᠵᠢᠯ ᠤᠨ ᠠᠵᠤ ᠠᠬᠤᠶᠢᠯᠠᠯ ᠤᠨ ᠠᠶᠤᠯᠭᠦᠶ ᠶᠢᠨ ᠬᠠᠮᠢᠶᠠᠷᠤᠯᠲᠠ ᠶᠢᠨ ᠠᠵᠢᠯᠲᠠᠳ ᠤᠨ ᠠᠶᠤᠯᠭᠦᠶ ᠦᠢᠯᠡᠳᠪᠦᠷᠢᠯᠡᠯ ᠤᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠣᠢᠭᠡᠢ ᠬᠥᠮᠦᠰ ᠤᠨ ᠨᠡᠷᠡᠰ       4.ᠱᠣᠣ ᠯᠢ ᠪᠦᠦ ᠵᠡᠷᠭᠡ 2 ᠬᠥᠮᠦᠨ ᠬᠤᠶᠠᠳᠤᠭᠠᠷ ᠳᠡᠰ ᠤᠨ ᠪᠠᠷᠢᠯᠭᠠᠴᠢᠨ ᠤ ᠳᠠᠩᠰᠠᠯᠠᠭᠤᠯᠬᠤ ᠨᠥᠬᠦᠴᠡᠯ ᠳᠤ ᠥᠯᠥ ᠨᠡᠶᠢᠴᠡᠬᠦ ᠬᠥᠮᠦᠰ ᠤᠨ ᠨᠡᠷᠡᠰ       5.ᠯᠢ ᠵᠢᠤᠸᠠᠨ ᠵᠡᠷᠭᠡ 12 ᠬᠥᠮᠦᠨ ᠤ ᠬᠤᠶᠠᠳᠤᠭᠠᠷ ᠳᠡᠰ ᠤᠨ ᠦᠢᠯᠡᠳᠬᠦ ᠦᠨ᠎ᠡ ᠶᠢᠨ ᠢᠨᠵᠧᠨᠧᠷ ᠤᠨ ᠳᠠᠩᠰᠠᠯᠠᠭᠤᠯᠬᠤ ᠨᠥᠬᠦᠴᠡᠯ ᠳᠤ ᠨᠡᠶᠢᠴᠡᠭᠰᠡᠨ ᠬᠥᠮᠦᠰ ᠤᠨ ᠨᠡᠷᠡᠰ       6.ᠵᠠᠩ ᠰᠢᠨ ᠢᠦᠶ ᠵᠡᠷᠭᠡ 5 ᠬᠥᠮᠦᠨ ᠬᠤᠶᠠᠳᠤᠭᠠᠷ ᠳᠡᠰ ᠤᠨ ᠦᠢᠯᠡᠳᠬᠦ ᠦᠨ᠎ᠡ ᠶᠢᠨ ᠢᠨᠵᠧᠨᠧᠷ ᠤᠨ ᠳᠠᠩᠰᠠᠯᠠᠭᠤᠯᠬᠤ ᠨᠥᠬᠦᠴᠡᠯ ᠳᠤ ᠥᠯᠥ ᠨᠡᠶᠢᠴᠡᠬᠦ ᠬᠥᠮᠦᠰ ᠤᠨ ᠨᠡᠷᠡᠰ                                                                2021 ᠣᠨ ᠤ 7 ᠰᠠᠷ᠎ᠠ ᠶᠢᠨ 23  ᠤ ᠡᠳᠦᠷ   
ᠢᠷᠡᠯᠲᠡ᠄ ᠥᠪᠦᠷ ᠮᠣᠩᠭᠤᠯ ᠤᠨ ᠣᠷᠤᠨ ᠰᠠᠭᠤᠴᠠ ᠪᠣᠯᠤᠨ ᠬᠤᠲᠠ ᠬᠦᠳᠡᠭᠡ ᠶᠢᠨ ᠪᠥᠲᠦᠭᠡᠨ ᠪᠠᠶᠢᠭᠤᠯᠤᠯᠲᠠ ᠶᠢᠨ ᠲᠢᠩᠬᠢᠮ
Baidu
map