ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠣᠯᠠᠨ ᠨᠡᠶᠢᠲᠡ ᠶᠢᠨ ᠲᠡᠷᠭᠡᠨ ᠵᠣᠭᠰᠣᠭᠠᠯ ᠤᠨ ᠬᠠᠮᠢᠶᠠᠷᠤᠯᠲᠠ ᠶᠢᠨ ᠠᠷᠭ᠎ᠠ
ᠨᠡᠶᠢᠲᠡᠯᠡᠭᠰᠡᠨ ᠴᠠᠭ᠄
2022/1/11
ᠨᠢᠭᠡᠳᠦᠭᠡᠷ ᠪᠦᠯᠦᠭ  ᠵᠡᠷᠦᠩᠬᠡᠶ ᠲᠦᠷᠢᠮ       ᠨᠢᠭᠡᠳᠦᠭᠡᠷ ᠵᠦᠢᠯ ᠪᠦᠬᠦ ᠣᠷᠣᠨ ᠤ ᠣᠯᠠᠨ ᠨᠡᠶᠢᠲᠡ ᠶᠢᠨ ᠲᠡᠷᠭᠡᠨ ᠵᠣᠭᠰᠣᠭᠠᠯ ᠤᠨ ᠬᠠᠮᠢᠶᠠᠷᠤᠯᠲᠠ᠂ ᠣᠯᠠᠨ ᠨᠡᠶᠢᠲᠡ ᠶᠢᠨ ᠲᠡᠷᠭᠡᠨ ᠵᠣᠭᠰᠣᠭᠠᠯ ᠤᠨ ᠦᠢᠯᠡᠴᠢᠯᠡᠭᠡᠨ ᠤ ᠠᠵᠢᠯᠯᠠᠭ᠎ᠠ ᠵᠢᠴᠢ ᠲᠡᠷᠭᠡ ᠵᠣᠭᠰᠣᠬᠤ ᠡᠮᠬᠢ ᠳᠢᠭᠯᠢᠮ ᠢ ᠵᠢᠷᠤᠮᠵᠢᠭᠤᠯᠬᠤ ᠶᠢᠨ ᠲᠦᠯᠦᠭᠡ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠬᠠᠤᠯᠢ ᠶᠢ ᠦᠨᠳᠦᠰᠦᠯᠡᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠠᠷᠭ᠎ᠠ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ︽ᠬᠤᠲᠠ ᠶᠢᠨ ᠶᠠᠪᠤᠳᠠᠯ ᠤᠨ ᠣᠯᠠᠨ ᠨᠡᠶᠢᠲᠡ ᠶᠢᠨ ᠡᠬᠢ ᠪᠠᠶᠠᠯᠢᠭ ᠢ ᠲᠥᠯᠥᠪᠦᠷᠢ ᠲᠠᠢ ᠬᠡᠷᠡᠭᠯᠡᠬᠦ ᠳᠤ ᠤᠷᠤᠭᠤᠯᠬᠤ ᠬᠠᠮᠢᠶᠠᠷᠤᠯᠲᠠ ᠶᠢᠨ ᠠᠷᠭ᠎ᠠ︾ ︵ᠡᠳ᠋ ᠵᠠᠰᠠᠭ ᠭᠠᠶᠢᠯᠢ  ﹇2016﹈ 116 ᠳ᠋ᠤᠭᠠᠷ ᠲᠣᠭᠠᠲᠤ︶᠂ ︽ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠨ ︿ᠬᠤᠲᠠ ᠶᠢᠨ ᠲᠡᠷᠭᠡ ᠵᠣᠭᠰᠣᠭᠠᠬᠤ ᠲᠦᠭᠦᠭᠡᠷᠦᠮᠵᠢ ᠶᠢᠨ ᠬᠥᠭᠵᠢᠯᠲᠡ ᠶᠢ ᠳᠥᠯᠭᠢᠨ ᠠᠬᠢᠭᠤᠯᠬᠤ ᠲᠤᠬᠠᠶ ᠰᠠᠨᠠᠯ﹀ ᠢ ᠤᠯᠠᠮᠵᠢᠯᠠᠨ ᠲᠠᠷᠬᠠᠭᠠᠬᠤ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠵᠠᠬᠢᠳᠠᠯ  ﹇2021﹈ 46 ᠳ᠋ᠤᠭᠠᠷ ᠲᠣᠭᠠᠲᠤ︶ ᠵᠡᠷᠭᠡ ᠤᠯᠤᠰ ᠤᠨ ᠬᠤᠯᠪᠣᠭᠳᠠᠯ ᠪᠥᠬᠦᠶ ᠬᠠᠤᠯᠢ ᠴᠠᠭᠠᠵᠠ᠂ ᠪᠢᠴᠢᠭ ᠮᠠᠲ᠋ᠧᠷᠢᠶᠠᠯ ᠤᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃       ᠬᠤᠶᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠤᠯᠠᠨ ᠨᠡᠶᠢᠲᠡ ᠶᠢᠨ ᠲᠡᠷᠭᠡᠨ ᠵᠣᠭᠰᠣᠭᠠᠯ ᠭᠡᠳᠡᠭ ᠨᠢ ᠬᠤᠳᠠ ᠪᠣᠯᠤᠨ ᠬᠤᠳᠠ ᠶᠢᠨ ᠬᠠᠷᠢᠶ᠎ᠠ ᠪᠠᠯᠭᠠᠰᠤ ︵ᠳᠣᠷᠣᠭᠰᠢ ᠬᠤᠳᠠ ᠭᠡᠵᠦ ᠶᠡᠷᠦᠩᠬᠡᠶᠢᠯᠡᠨ ᠨᠡᠷᠡᠯᠡᠨ᠎ᠡ︶ ᠶᠢᠨ ᠪᠠᠶᠢᠭᠤᠯᠤᠭᠰᠠᠨ ᠣᠷᠣᠨ ᠤ ᠳᠣᠲᠣᠷ᠎ᠠ ᠪᠠᠶᠢᠭᠤᠯᠤᠭᠰᠠᠨ ︵ᠪᠠᠶᠢᠷᠢᠯᠠᠭᠤᠯᠤᠭᠰᠠᠨ︶ ᠭᠤᠣᠯᠳᠠᠭᠤ ᠨᠡᠶᠢᠭᠡᠮ ᠤᠨ ᠮᠠᠰᠢᠨ ᠲᠡᠷᠭᠡᠨ ᠳᠤ ᠦᠢᠯᠡᠴᠢᠯᠡᠭᠡ ᠬᠠᠩᠭᠠᠬᠤ ᠲᠡᠷᠭᠡᠨ ᠵᠣᠭᠰᠣᠭᠠᠯ ︵ᠵᠠᠮ ᠤᠨ ᠬᠠᠵᠠᠭᠤᠳᠡᠬᠢ ᠲᠡᠷᠭᠡ ᠵᠣᠭᠰᠣᠭᠠᠬᠤ ᠵᠣᠭᠰᠣᠭᠠᠯ ᠪᠠᠭᠲᠠᠨ᠎ᠠ︶ ᠢ ᠵᠢᠭᠠᠵᠤ ᠪᠤᠢ᠃       ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠤᠯᠠᠨ ᠨᠡᠶᠢᠲᠡ ᠶᠢᠨ ᠲᠡᠷᠭᠡᠨ ᠵᠣᠭᠰᠣᠭᠠᠯ ᠢ ᠲᠥᠯᠥᠪᠵᠢᠭᠦᠯᠬᠦ᠂ ᠬᠢᠨᠠᠨ ᠵᠥᠪᠰᠢᠶᠡᠷᠡᠬᠦ᠂ ᠪᠥᠳᠥᠭᠡᠨ ᠪᠠᠶᠢᠭᠤᠯᠬᠤ᠂ ᠰᠢᠯᠭᠠᠨ ᠠᠪᠬᠤ᠂ ᠡᠵᠡᠩᠨᠡᠬᠦ ᠪᠠ ᠬᠢᠨᠠᠨ ᠬᠠᠯᠢᠶᠠᠷᠤᠯᠳᠠ ᠳᠤ ᠲᠤᠰ ᠠᠷᠭ᠎ᠠ ᠲᠤᠬᠢᠷᠠᠨ᠎ᠠ᠃       ᠳᠥᠷᠪᠡᠳᠦᠭᠡᠷ ᠵᠦᠢᠯ ᠤᠯᠠᠨ ᠨᠡᠶᠢᠲᠡ ᠶᠢᠨ ᠲᠡᠷᠭᠡᠨ ᠵᠣᠭᠰᠣᠭᠠᠯ ᠢ ᠲᠥᠯᠥᠪᠵᠢᠭᠦᠯᠬᠦ᠂ ᠬᠢᠨᠠᠨ ᠵᠥᠪᠰᠢᠶᠡᠷᠡᠬᠦ᠂ ᠪᠥᠳᠥᠭᠡᠨ ᠪᠠᠶᠢᠭᠤᠯᠬᠤ᠂ ᠰᠢᠯᠭᠠᠨ ᠠᠪᠬᠤ᠂ ᠡᠵᠡᠩᠨᠡᠬᠦ ᠪᠠ ᠬᠢᠨᠠᠨ ᠬᠠᠮᠢᠶᠠᠷᠬᠤ ᠳᠠᠭᠠᠨ ᠵᠠᠮ ᠬᠠᠷᠢᠯᠴᠠᠭᠠᠨ ᠤ ᠰᠠᠭᠠᠳ ᠥᠭᠡᠢ ᠪᠥᠭᠡᠳ ᠡᠮᠬᠢ ᠵᠢᠷᠤᠮ ᠲᠠᠢ ᠪᠠᠶᠢᠬᠤ ᠶᠢ ᠪᠠᠲᠤᠯᠠᠬᠤ᠂ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠪᠠᠷ ᠵᠣᠷᠢᠯᠭ᠎ᠠ ᠪᠣᠯᠭᠠᠨ᠂ ᠵᠠᠰᠠᠭ ᠤᠨ  ᠣᠷᠳᠣᠨ ᠲᠥᠯᠬᠢᠨ ᠠᠬᠢᠭᠤᠯᠬᠤ᠂ ᠵᠠᠬ᠎ᠠ ᠳᠡᠯᠭᠡᠭᠦᠷ ᠢᠶᠠᠷ ᠭᠤᠣᠯ ᠴᠣᠭᠴᠠ ᠪᠣᠯᠭᠠᠬᠤ᠂ ᠨᠢᠭᠡᠳᠦᠯᠲᠡᠶ ᠲᠥᠯᠥᠪᠵᠢᠭᠦᠯᠬᠦ᠂ ᠬᠡᠪᠴᠢᠶ᠎ᠡ ᠵᠦᠢ ᠵᠣᠬᠢᠰᠲᠠᠶ᠂ ᠵᠣᠬᠢᠴᠠᠩᠭᠤᠶ ᠪᠠᠷ ᠬᠥᠭᠵᠢᠭᠦᠯᠬᠦ᠂ ᠤᠯᠠᠨ ᠲᠦᠮᠡᠨ ᠳᠤ ᠲᠥᠭᠦᠮ ᠦᠵᠡᠭᠦᠯᠬᠦ᠂ ᠵᠢᠷᠤᠮᠵᠢᠯ ᠲᠠᠢ ᠬᠠᠮᠢᠶᠠᠷᠤᠯᠳᠠ ᠶᠢᠨ ᠵᠠᠷᠴᠢᠮ ᠢ ᠵᠢᠷᠤᠮᠯᠠᠨ᠎ᠠ᠃       ᠲᠠᠪᠤᠳᠤᠭᠠᠷ ᠵᠦᠢᠯ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠣᠯᠠᠨ ᠨᠡᠶᠢᠲᠡ ᠶᠢᠨ ᠲᠡᠷᠭᠡᠨ ᠵᠣᠭᠰᠣᠭᠠᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ᠎ᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠵᠠᠮ ᠤᠨ ᠬᠠᠵᠠᠭᠤᠳᠡᠬᠢ ᠲᠡᠷᠭᠡᠨ ᠵᠤᠭᠰᠤᠭᠠᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ᠎ᠠ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠳᠣᠤᠷ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠡᠳ᠋ ᠤᠨ ᠵᠠᠰᠠᠭ᠂ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ ᠭᠠᠶᠢᠯᠢ ᠶᠢᠨ ᠶᠠᠪᠤᠳᠠᠯ ᠪᠠ ᠲᠣᠮᠣ ᠳ᠋ᠠᠶᠢᠲ᠋ᠠ ᠵᠡᠷᠭᠡ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠣᠯᠠᠨ ᠨᠡᠶᠢᠲᠡ ᠶᠢᠨ ᠲᠡᠷᠭᠡᠨ ᠵᠣᠭᠰᠣᠭᠠᠯ ᠤᠨ ᠲᠥᠯᠥᠪᠵᠢᠭᠦᠯᠭᠡ᠂ ᠬᠢᠨᠠᠨ ᠵᠥᠪᠰᠢᠶᠡᠷᠡᠬᠦ᠂ ᠪᠥᠲᠥᠭᠡᠨ ᠪᠠᠶᠢᠭᠤᠯᠬᠤ ᠪᠠ ᠬᠢᠨᠠᠯᠲᠠ ᠲᠠᠯᠪᠢᠵᠤ ᠬᠠᠮᠢᠶᠠᠷᠤᠯᠳᠠ ᠵᠡᠷᠭᠡ ᠬᠠᠮᠢᠶ᠎ᠠ ᠪᠥᠬᠦᠶ ᠠᠵᠢᠯ ᠢ ᠰᠠᠶᠢᠲᠤᠷ ᠬᠢᠨ᠎ᠠ᠃       ᠬᠤᠶᠠᠳᠤᠭᠠᠷ ᠪᠦᠯᠦᠭ  ᠲᠦᠯᠦᠪᠵᠢᠭᠦᠯᠭᠡ ᠪᠠ ᠪᠦᠳᠦᠭᠡᠨ ᠪᠠᠶᠢᠭᠤᠯᠤᠯᠳᠠ      ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠤᠲᠠ ᠶᠢᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ᠂ ᠬᠤᠲᠠ ᠶᠢᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠰᠢᠰᠲ᠋ᠧᠮ ᠤᠨ ᠲᠥᠯᠥᠪᠵᠢᠭᠦᠯᠭᠡ ᠵᠢᠴᠢ ᠵᠠᠮ ᠬᠠᠷᠢᠯᠴᠠᠭᠠᠨ ᠤ ᠬᠦᠭᠵᠢᠯᠳᠡ ᠥᠭᠡᠷᠡᠴᠢᠯᠡᠯᠲᠡ᠂ ᠡᠳ᠋ ᠤᠨ ᠵᠠᠰᠠᠭ᠂ ᠪᠠᠶᠢᠭᠠᠯᠢ ᠶᠢᠨ ᠡᠬᠢ ᠪᠠᠶᠠᠯᠢᠭ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ᠂ ᠬᠤᠲᠠ ᠶᠢᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠣᠯᠠᠨ ᠨᠡᠶᠢᠲᠡ ᠶᠢᠨ ᠲᠡᠷᠭᠡᠨ ᠵᠣᠭᠰᠣᠭᠠᠯ ᠤᠨ ᠲᠤᠰᠬᠠᠶ ᠵᠦᠢᠯ ᠤᠨ ᠲᠥᠯᠥᠪᠵᠢᠭᠦᠯᠭᠡ ᠪᠠ ᠣᠨ ᠤ ᠪᠥᠲᠥᠭᠡᠨ ᠪᠠᠶᠢᠭᠤᠯᠤᠯᠲᠠ ᠶᠢᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ᠂ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠵᠦ ᠬᠡᠷᠡᠭᠵᠢᠭᠦᠯᠦᠨ᠎ᠡ︔ ᠪᠠᠶᠢᠭᠠᠯᠢ ᠶᠢᠨ ᠡᠬᠢ ᠪᠠᠶᠠᠯᠢᠭ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ᠂ ᠬᠤᠲᠠ ᠶᠢᠨ ᠬᠠᠮᠢᠶᠠᠷᠤᠯᠲᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠣᠯᠠᠨ ᠨᠡᠶᠢᠲᠡ ᠶᠢᠨ ᠲᠡᠷᠭᠡᠨ ᠵᠣᠭᠰᠣᠭᠠᠯ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠵᠢᠴᠢ ᠳᠠᠭᠠᠯᠲᠠ ᠲᠦᠭᠦᠭᠡᠷᠦᠮᠵᠢ ᠳᠤ ᠣᠯᠠᠨ ᠨᠡᠶᠢᠲᠡ ᠶᠢᠨ ᠲᠡᠷᠭᠡᠨ ᠵᠣᠭᠰᠣᠭᠠᠯ ᠢ ᠠᠭᠤᠯᠤᠭᠰᠠᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠪᠠᠷᠢᠯᠭ᠎ᠠ ᠳᠠᠭᠤᠰᠴᠤ ᠬᠠᠮᠲᠤᠷᠠᠨ ᠰᠢᠯᠭᠠᠨ ᠠᠪᠬᠤ ᠶᠢ ᠥᠷᠨᠢᠭᠦᠯᠦᠨ᠎ᠡ᠃       ᠣᠯᠠᠨ ᠨᠡᠶᠢᠲᠡ ᠶᠢᠨ ᠲᠡᠷᠭᠡᠨ ᠵᠣᠭᠰᠣᠭᠠᠯ ᠤᠨ ᠲᠤᠰᠬᠠᠶ ᠵᠦᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ ᠠᠳᠠᠯᠢ ᠪᠤᠰᠤ ᠬᠤᠲᠠ ᠵᠢᠴᠢ ᠠᠳᠠᠯᠢ ᠪᠤᠰᠤ ᠣᠷᠣᠨ ᠪᠦᠰᠡ ᠶᠢᠨ ᠴᠢᠳᠠᠮᠵᠢ ᠶᠢᠨ ᠱᠠᠭᠠᠷᠳᠠᠯᠭ᠎ᠠ ᠶᠢ ᠢᠯᠭᠠᠵᠤ᠂ ᠵᠦᠷᠢᠶᠡᠴᠢᠯᠡᠭᠰᠡᠨ ᠬᠠᠩᠭᠠᠯᠭ᠎ᠠ ᠶᠢᠨ ᠠᠷᠭ᠎ᠠ ᠪᠣᠳᠣᠯᠭ᠎ᠠ ᠪᠠ ᠡᠷᠴᠢᠮᠯᠢᠭ ᠠᠪᠰᠠᠷᠬᠠᠨ ᠬᠥᠭᠵᠢᠯᠲᠡ ᠶᠢᠨ ᠵᠠᠭᠪᠤᠷ ᠶᠣᠰᠣᠭᠠᠷ᠂ ᠭᠠᠵᠠᠷ ᠳᠡᠭᠡᠷᠡᠬᠢ ᠪᠠ ᠭᠠᠵᠠᠷ ᠳᠣᠤᠷᠠᠬᠢ ᠣᠷᠣᠨ ᠵᠠᠶ ᠶᠢᠨ ᠠᠰᠢᠭᠯᠠᠯᠲᠠ ᠶᠢ ᠨᠢᠭᠡᠳᠦᠯᠲᠡᠶ ᠲᠥᠯᠥᠪᠯᠡᠨ᠂ ᠲᠡᠷᠭᠡᠨ ᠵᠣᠭᠰᠣᠭᠠᠯ ᠤᠨ ᠪᠠᠶᠢᠷᠢᠰᠢᠭᠤᠯᠤᠯᠲᠠ᠂ ᠪᠥᠲᠥᠭᠡᠨ ᠪᠠᠶᠢᠭᠤᠯᠬᠤ ᠬᠡᠪᠴᠢᠶ᠎ᠡ ᠪᠠ ᠪᠥᠲᠥᠭᠡᠨ ᠪᠠᠶᠢᠭᠤᠯᠬᠤ ᠪᠠᠷᠢᠮᠵᠢᠶ᠎ᠠ ᠵᠡᠷᠭᠡ ᠠᠭᠤᠯᠭ᠎ᠠ ᠶᠢ ᠲᠤᠳᠤᠷᠬᠠᠶᠢᠯᠠᠨ᠎ᠠ᠃ ᠬᠤᠳᠠ ᠶᠢᠨ ᠰᠢᠨ᠎ᠡ ᠲᠣᠭᠤᠷᠢᠭ ᠢ ᠨᠡᠭᠡᠭᠡᠨ ᠬᠥᠭᠵᠢᠭᠦᠯᠬᠦ᠂ ᠬᠠᠭᠤᠴᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠪᠠ ᠬᠤᠳᠠ ᠶᠢᠨ ᠵᠠᠮ ᠢ ᠪᠦᠳᠦᠭᠡᠨ ᠪᠠᠶᠢᠭᠤᠯᠬᠤ ᠳᠠᠭᠠᠨ ᠤᠯᠠᠨ ᠨᠡᠶᠢᠲᠡ ᠶᠢᠨ ᠲᠡᠷᠭᠡᠨ ᠵᠣᠭᠰᠣᠭᠠᠯ ᠢ ᠬᠠᠮᠲᠤ ᠳᠤᠨᠢ ᠲᠥᠯᠥᠪᠵᠢᠭᠦᠯᠦᠨ ᠪᠦᠳᠦᠭᠡᠨ  ᠪᠠᠶᠢᠭᠤᠯᠤᠨ᠎ᠠ᠃       ᠳᠣᠯᠣᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠳ ᠤᠯᠠᠨ ᠨᠡᠶᠢᠲᠡ ᠶᠢᠨ ᠲᠡᠷᠭᠡᠨ ᠵᠣᠭᠰᠣᠭᠠᠯ ᠤᠨ ᠲᠤᠰᠬᠠᠶ ᠵᠦᠢᠯ ᠤᠨ ᠲᠥᠯᠥᠪᠵᠢᠭᠦᠯᠭᠡ ᠶᠢ ᠬᠤᠳᠠ ᠶᠢᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠳᠤ ᠣᠷᠣᠭᠤᠯᠵᠤ᠂ ᠤᠯᠤᠰ ᠤᠨ ᠬᠠᠮᠢᠶ᠎ᠠ ᠪᠥᠬᠦᠢ ᠲᠣᠭᠲᠠᠭᠠᠯ ᠶᠣᠰᠣᠭᠠᠷ ᠤᠯᠠᠨ ᠨᠡᠶᠢᠲᠡ ᠶᠢᠨ ᠲᠡᠷᠭᠡᠨ ᠵᠣᠭᠰᠣᠭᠠᠯ ᠤᠨ ᠲᠥᠯᠥᠪᠵᠢᠭᠦᠯᠭᠡ ᠶᠢ ᠬᠢᠨᠠᠨ ᠵᠥᠪᠰᠢᠶᠡᠷᠡᠬᠦ ᠨᠥᠬᠦᠴᠡᠯ᠂ ᠬᠡᠷᠡᠭᠯᠡᠬᠦ ᠭᠠᠵᠠᠷ ᠤᠨ ᠰᠢᠨᠵᠢ ᠴᠢᠨᠠᠷ ᠢ ᠲᠤᠳᠤᠷᠬᠠᠶᠢᠯᠠᠨ᠎ᠠ᠃ ᠡᠵᠡᠮᠳᠡᠬᠦ ᠴᠢᠨᠠᠷᠲᠠᠶ ᠨᠠᠷᠢᠨ ᠲᠥᠯᠥᠪᠵᠢᠭᠦᠯᠭᠡ ᠶᠢᠨ ᠱᠠᠲᠤᠨ ᠳᠤ ᠬᠤᠲᠠ ᠶᠢᠨ ᠣᠯᠠᠨ ᠨᠡᠶᠢᠲᠡ ᠶᠢᠨ ᠲᠡᠷᠭᠡᠨ ᠵᠣᠭᠰᠣᠭᠠᠯ ᠤᠨ ᠬᠡᠷᠡᠭᠯᠡᠬᠦ ᠭᠠᠵᠠᠷ ᠤᠨ ᠪᠠᠶᠢᠷᠢᠰᠢᠭᠤᠯᠤᠯᠲᠠ ᠶᠢ ᠡᠵᠡᠮᠳᠡᠬᠦ ᠭᠦᠢᠴᠡᠳᠭᠡᠯ ᠲᠤᠭ᠎ᠠ ᠪᠠ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠵᠠᠷᠴᠢᠮ ᠢ ᠲᠣᠭᠲᠠᠭᠠᠨ᠎ᠠ︔ ᠣᠯᠠᠨ ᠨᠡᠶᠢᠲᠡ ᠶᠢᠨ ᠲᠡᠷᠭᠡᠨ ᠵᠣᠭᠰᠣᠭᠠᠯ ᠤᠨ ᠭᠠᠵᠠᠷ ᠰᠢᠷᠣᠶ ᠬᠡᠷᠡᠭᠯᠡᠬᠦ ᠬᠤᠭᠤᠴᠠᠭ᠎ᠠ ᠶᠢ ᠬᠠᠤᠯᠢ ᠶᠣᠰᠣᠭᠠᠷ ᠲᠣᠭᠲᠠᠭᠠᠵᠤ᠂ ᠭᠠᠵᠠᠷ ᠰᠢᠷᠣᠶ ᠬᠠᠩᠭᠠᠬᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ᠂ ᠭᠠᠵᠠᠷ ᠰᠢᠷᠣᠶ ᠬᠠᠩᠭᠠᠬᠤ ᠲᠥᠷᠥ ᠶᠢᠨ ᠪᠣᠳᠣᠯᠭ᠎ᠠ ᠶᠢ ᠨᠠᠷᠢᠯᠢᠬᠵᠢᠭᠤᠯᠤᠨ᠂ ᠣᠯᠠᠨ ᠨᠡᠶᠢᠲᠡ ᠶᠢᠨ ᠲᠡᠷᠭᠡᠨ ᠵᠣᠭᠰᠣᠭᠠᠯ ᠤᠨ ᠪᠥᠲᠥᠭᠡᠨ ᠪᠠᠶᠢᠭᠤᠯᠤᠯᠲᠠ ᠳᠤ ᠭᠠᠵᠠᠷ ᠰᠢᠷᠣᠶ ᠬᠡᠷᠡᠭᠯᠡᠬᠦ ᠪᠠᠲᠤᠯᠠᠭ᠎ᠠ ᠬᠠᠩᠭᠠᠨ᠎ᠠ︔ ᠭᠠᠵᠠᠷ ᠰᠢᠷᠣᠶ ᠶᠢ ᠬᠠᠩᠭᠠᠭᠰᠠᠨ ᠤ ᠳᠠᠷᠠᠭᠠᠬᠢ ᠬᠠᠮᠢᠶᠠᠷᠤᠯᠲᠠ ᠶᠢ ᠵᠢᠷᠤᠮᠵᠢᠭᠤᠯᠵᠤ᠂ ᠤᠯᠠᠨ ᠨᠡᠶᠢᠲᠡ ᠶᠢᠨ ᠲᠡᠷᠭᠡᠨ ᠵᠣᠭᠰᠣᠭᠠᠯ ᠤᠨ ᠥᠮᠴᠢᠯᠡᠯ ᠤᠨ ᠡᠷᠬᠡ ᠶᠢ ᠳᠠᠩᠰᠠᠯᠠᠬᠤ ᠠᠵᠢᠯ ᠢ ᠬᠠᠤᠯᠢ ᠲᠣᠭᠲᠠᠭᠠᠯ ᠶᠣᠰᠣᠭᠠᠷ ᠥᠷᠨᠢᠭᠦᠯᠵᠦ᠂ ᠭᠠᠵᠠᠷ ᠬᠡᠷᠡᠭᠯᠡᠬᠦ ᠳᠤ ᠬᠢᠨᠠᠯᠲᠠ ᠲᠠᠯᠪᠢᠬᠤ ᠶᠢ ᠴᠢᠩᠭᠠᠳᠬᠠᠨ᠎ᠠ᠃       ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠳᠠ ᠶᠢᠨ ᠬᠠᠮᠢᠶᠠᠷᠤᠯᠲᠠ ︵ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ︶ ᠶᠢᠨ ᠰᠠᠯᠠᠭ᠎ᠠ ᠮᠥᠴᠢᠷ ᠤᠳ ᠤᠯᠠᠨ ᠨᠡᠶᠢᠲᠡ ᠶᠢᠨ ᠲᠡᠷᠭᠡᠨ ᠵᠣᠭᠰᠣᠭᠠᠯ ᠤᠨ ᠪᠥᠳᠥᠭᠡᠨ ᠪᠠᠶᠢᠭᠤᠯᠤᠯᠲᠠ ᠶᠢᠨ ᠪᠠᠷᠢᠮᠵᠢᠶ᠎ᠠ᠂ ᠬᠤᠳᠠ ᠶᠢᠨ ᠵᠠᠮ ᠬᠠᠷᠢᠯᠴᠠᠭᠠᠨ ᠤ ᠬᠥᠭᠵᠢᠯᠲᠡ ᠶᠢᠨ ᠪᠠᠶᠢᠳᠠᠯ ᠪᠣᠯᠤᠨ ᠤᠯᠤᠰ ᠤᠨ ᠬᠤᠯᠪᠣᠭᠳᠠᠯ ᠪᠥᠬᠦᠢ ᠲᠣᠭᠲᠠᠭᠠᠯ ᠢ ᠦᠨᠳᠦᠰᠦᠯᠡᠨ᠂ ᠤᠯᠠᠨ ᠨᠡᠶᠢᠲᠡ ᠶᠢᠨ ᠲᠡᠷᠭᠡᠨ ᠵᠣᠭᠰᠣᠭᠠᠯ ᠤᠨ ᠪᠥᠳᠥᠭᠡᠨ ᠪᠠᠶᠢᠭᠤᠯᠤᠯᠲᠠ ᠶᠢ ᠬᠢᠨᠠᠨ ᠵᠥᠪᠰᠢᠶᠡᠷᠡᠬᠦ ᠶᠢᠨ ᠬᠠᠮᠲᠤ ᠬᠢᠨᠠᠨ ᠵᠥᠪᠰᠢᠶᠡᠷᠡᠬᠦ ᠴᠠᠭ ᠬᠤᠭᠤᠴᠠᠭ᠎ᠠ᠂ ᠲᠡᠰ ᠳᠠᠷᠠᠭᠠᠯᠠᠯ ᠢ ᠨᠡᠶᠢᠭᠡᠮ ᠳᠤ ᠨᠡᠶᠢᠳᠡᠯᠡᠨ᠎ᠡ᠃ ᠵᠠᠰᠠᠭ ᠤᠨ ᠣᠷᠳᠣᠨ ᠠᠴᠠ ᠦᠨ᠎ᠡ ᠬᠠᠩᠰᠢ ᠲᠣᠭᠲᠠᠭᠠᠬᠤ ᠶᠢ ᠬᠡᠷᠡᠭᠵᠢᠭᠦᠯᠬᠦ ᠶᠣᠰᠣᠲᠠᠶ ᠲᠡᠷᠭᠡᠨ ᠵᠣᠭᠰᠣᠭᠠᠯ ᠳᠤ ᠲᠡᠷᠭᠡᠨ ᠵᠣᠭᠰᠣᠭᠠᠯ ᠢ ᠬᠢᠨᠠᠨ ᠵᠥᠪᠰᠢᠶᠡᠷᠡᠭᠰᠡᠨ ᠤ ᠳᠠᠷᠠᠭ᠎ᠠ 30 ᠡᠳᠦᠷ ᠤᠨ ᠳᠣᠲᠣᠷ᠎ᠠ ᠠᠳᠠᠯᠢ ᠱᠠᠲᠤᠨ ᠤ ᠦᠨ᠎ᠡ ᠬᠠᠩᠰᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠦᠷᠴᠦ ᠦᠨ᠎ᠡ ᠬᠠᠩᠰᠢ ᠲᠣᠭᠲᠠᠭᠠᠬᠤ ᠵᠢᠷᠤᠮ ᠢ  ᠭᠦᠢᠴᠡᠳᠭᠡᠨ᠎ᠡ᠃ ᠲᠦᠷ ᠴᠠᠭ ᠤᠨ ᠣᠯᠠᠨ ᠨᠡᠶᠢᠲᠡ ᠶᠢᠨ ᠲᠡᠷᠭᠡ ᠵᠣᠭᠰᠣᠭᠠᠬᠤ ᠲᠦᠭᠦᠭᠡᠷᠦᠮᠵᠢ ᠶᠢ ᠬᠤᠲᠠ ᠶᠢᠨ ᠵᠠᠰᠠᠭ ᠤᠨ ᠣᠷᠳᠣᠨ ᠤ ᠪᠥᠲᠥᠭᠡᠨ ᠪᠠᠶᠢᠭᠤᠯᠤᠯᠲᠠ ᠪᠠ ᠲᠥᠯᠥᠪᠵᠢᠭᠦᠯᠭᠡ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠠᠴᠠ ᠬᠠᠮᠲᠤᠷᠠᠭᠰᠠᠨ ᠬᠤᠷᠠᠯ ︵ᠪᠤᠶᠤ ᠬᠠᠮᠢᠶ᠎ᠠ ᠪᠥᠬᠦᠶ ᠶᠡᠷᠦᠩᠬᠡᠶᠢᠯᠡᠨ ᠵᠣᠬᠢᠴᠠᠭᠤᠯᠬᠤ ᠲᠦᠷᠢᠮ︶ ᠢᠶᠠᠷ ᠳᠡᠮᠵᠢᠨ ᠬᠢᠨᠠᠨ ᠲᠣᠭᠲᠠᠭᠠᠵᠤ ᠪᠣᠯᠤᠨ᠎ᠠ᠂ ᠬᠠᠮᠢᠶ᠎ᠠ ᠪᠥᠬᠦᠶ ᠬᠢᠨᠠᠨ ᠵᠥᠪᠰᠢᠶᠡᠷᠡᠭᠦᠯᠬᠦ ᠭᠠᠷᠳᠠᠮ ᠢ  ᠭᠦᠢᠴᠡᠳᠭᠡᠬᠦ ᠴᠢᠬᠤᠯᠠ ᠥᠬᠡᠶ᠃       ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠵᠠᠮ ᠤᠨ ᠬᠠᠵᠠᠭᠤᠳᠡᠬᠢ ᠲᠡᠷᠭᠡᠨ ᠵᠤᠭᠰᠤᠭᠠᠯ ᠪᠠᠶᠢᠷᠢᠯᠠᠭᠤᠯᠬᠤ ᠶᠢᠨ ᠬᠠᠮᠲᠤ ᠵᠠᠮ ᠤᠨ ᠬᠠᠵᠠᠭᠤᠳᠡᠬᠢ ᠲᠡᠷᠭᠡᠨ ᠵᠤᠭᠰᠤᠭᠠᠯ ᠤᠨ ᠪᠠᠶᠢᠷᠢ᠂ ᠵᠣᠭᠰᠣᠬᠤ ᠶᠢ ᠵᠥᠪᠰᠢᠶᠡᠷᠡᠭᠰᠡᠨ ᠴᠠᠭ ᠵᠡᠷᠭᠡ ᠮᠡᠳᠡᠭᠡ ᠵᠠᠩᠭᠢ ᠶᠢ ᠨᠡᠶᠢᠭᠡᠮ ᠳᠤ ᠨᠡᠶᠢᠲᠡᠯᠡᠵᠦ᠂ ᠰᠦᠢᠳᠬᠡᠯ ᠬᠤᠷᠢᠶᠠᠬᠤ ᠲᠡᠷᠭᠡᠨ ᠵᠤᠭᠰᠤᠭᠠᠯ ᠤᠨ ᠰᠦᠢᠳᠬᠡᠯ ᠬᠤᠷᠢᠶᠠᠬᠤ ᠪᠠᠷᠢᠮᠵᠢᠶ᠎ᠠ ᠪᠠᠨ ᠨᠡᠶᠢᠭᠡᠮ ᠳᠤ ᠨᠡᠶᠢᠳᠡᠯᠡᠨ᠎ᠡ᠃ ᠵᠠᠮ ᠤᠨ ᠬᠠᠵᠠᠭᠤᠳᠡᠬᠢ ᠲᠡᠷᠭᠡᠨ ᠵᠤᠭᠰᠤᠭᠠᠯ ᠤᠨ ᠨᠢᠭᠡᠳᠦᠯᠲᠡᠶ ᠲᠡᠮᠳᠡᠭ᠂ ᠫᠠᠶᠢᠰᠠ ᠶᠢ ᠪᠠᠶᠢᠭᠤᠯᠬᠤ ᠬᠡᠷᠡᠭᠲᠡᠶ᠃       ᠠᠷᠪᠠᠳᠤᠭᠠᠷ ᠵᠦᠢᠯ  ᠵᠠᠮ ᠤᠨ ᠬᠠᠵᠠᠭᠤᠳᠡᠬᠢ ᠲᠡᠷᠭᠡᠨ ᠵᠤᠭᠰᠤᠭᠠᠯ ᠳᠣᠣᠷᠠᠬᠢ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠄       ︵ᠨᠢᠭᠡ︶ ᠶᠠᠪᠠᠭᠠᠨ ᠬᠥᠮᠦᠨ᠂ ᠲᠡᠷᠭᠡ ᠬᠥᠰᠬᠡ ᠶᠢᠨ ᠨᠡᠪᠲᠡᠷᠡᠬᠦ ᠪᠠ ᠠᠮᠤᠷ ᠲᠦᠪᠰᠢᠨ ᠢ ᠪᠠᠲᠤᠯᠠᠨ᠎ᠠ︔       ︵ᠬᠤᠶᠠᠷ︶ ᠣᠷᠣᠨ ᠪᠦᠰᠡ ᠶᠢᠨ ᠵᠠᠮ ᠬᠠᠷᠢᠯᠴᠠᠭᠠᠨ ᠤ ᠲᠡᠷᠭᠡ ᠬᠥᠰᠬᠡ ᠵᠣᠭᠰᠣᠭᠠᠬᠤ ᠶᠡᠷᠦᠩᠬᠡᠶ ᠬᠡᠮᠵᠢᠶᠡᠨ ᠤ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ︔       ︵ᠭᠤᠷᠪᠠ︶ ᠣᠷᠣᠨ ᠪᠦᠰᠡ ᠶᠢᠨ ᠲᠡᠷᠭᠡ ᠬᠥᠰᠬᠡ ᠶᠢᠨ ᠬᠠᠩᠭᠠᠯᠭ᠎ᠠ ᠬᠡᠷᠡᠭᠴᠡᠭᠡᠨ ᠤ ᠪᠠᠶᠢᠳᠠᠯ᠂ ᠲᠡᠷᠭᠡ ᠬᠥᠰᠬᠡ ᠶᠢᠨ ᠨᠡᠪᠲᠡᠷᠡᠬᠦ ᠨᠥᠬᠦᠴᠡᠯ ᠪᠣᠯᠤᠨ ᠵᠠᠮ ᠤᠨ ᠳᠠᠭᠠᠭᠠᠴᠠ ᠶᠢᠨ ᠴᠢᠳᠠᠪᠤᠷᠢ ᠯᠤᠭ᠎ᠠ ᠵᠣᠬᠢᠴᠠᠭᠤᠯᠤᠨ᠎ᠠ︔       ︵ᠲᠦᠷᠪᠡ︶ ᠦᠶᠡᠷ ᠢ ᠰᠡᠷᠭᠡᠶᠢᠯᠡᠬᠦ᠂ ᠭᠠᠯ ᠰᠡᠷᠭᠡᠶᠢᠯᠡᠨ ᠤᠨᠲᠠᠷᠠᠭᠠᠬᠤ ᠵᠡᠷᠭᠡ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠭᠰᠠᠨ ᠪᠠᠶᠢᠳᠠᠯ ᠢ ᠦᠨᠡᠯᠡᠨ ᠵᠢᠱᠢᠵᠦ ᠤᠷᠢᠳᠴᠢᠯᠠᠨ ᠰᠡᠷᠭᠡᠶᠢᠯᠡᠬᠦ︔       ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠪᠤᠰᠤᠳ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠬᠤ᠃       ᠠᠷᠪᠠᠨ ᠨᠢᠭᠡᠳᠦᠭᠡᠷ ᠵᠦᠢᠯ ᠲᠡᠷᠭᠡᠨ ᠵᠣᠭᠰᠣᠭᠠᠯ ᠤᠨ ᠪᠥᠳᠥᠭᠡᠨ ᠪᠠᠶᠢᠭᠤᠯᠬᠤ ᠨᠢᠭᠡᠴᠡ ᠤᠯᠠᠨ ᠨᠡᠶᠢᠲᠡ ᠶᠢᠨ ᠲᠡᠷᠭᠡᠨ ᠵᠣᠭᠰᠣᠭᠠᠯ ᠢ ᠪᠥᠳᠥᠭᠡᠨ ᠪᠠᠶᠢᠭᠤᠯᠬᠤ ᠳᠤ᠂ ᠲᠡᠷᠭᠡᠨ ᠵᠣᠭᠰᠣᠭᠠᠯ ᠤᠨ ᠲᠤᠬᠠᠶ ᠶᠢᠨ ᠴᠠᠭ ᠤᠨ ᠬᠥᠳᠡᠯᠦᠩᠭᠦᠶ ᠮᠡᠳᠡᠭᠡ ᠵᠠᠩᠭᠢ ᠶᠢᠨ  ᠰᠢᠰᠲ᠋ᠧᠮ ᠢ ᠵᠡᠷᠭᠡ ᠲᠤᠨᠢ ᠲᠣᠬᠢᠷᠠᠭᠤᠯᠤᠨ ᠪᠠᠶᠢᠭᠤᠯᠤᠨ᠎ᠠ᠃ ᠤᠯᠠᠨ ᠨᠡᠶᠢᠲᠡ ᠶᠢᠨ ᠲᠡᠷᠭᠡᠨ ᠵᠣᠭᠰᠣᠭᠠᠯ ᠢ ᠨᠢᠭᠡᠨᠲᠡ ᠪᠠᠶᠢᠭᠤᠯᠤᠭᠰᠠᠨ ᠪᠠᠶᠢᠪᠠᠯ᠂ ᠲᠡᠷᠭᠡᠨ ᠵᠣᠭᠰᠣᠭᠠᠯ ᠤᠨ ᠡᠵᠡᠩᠨᠡᠯᠲᠡ ᠬᠠᠮᠢᠶᠠᠷᠤᠯᠲᠠ ᠶᠢᠨ ᠨᠢᠭᠡᠴᠢ ᠨᠢ ᠲᠡᠷᠭᠡᠨ ᠵᠣᠭᠰᠣᠭᠠᠯ ᠤᠨ ᠲᠤᠬᠠᠶ ᠶᠢᠨ ᠴᠠᠭ ᠤᠨ ᠬᠥᠳᠡᠯᠦᠩᠭᠦᠶ ᠮᠡᠳᠡᠭᠡ ᠵᠠᠩᠭᠢ ᠶᠢᠨ ᠰᠢᠰᠲ᠋ᠧᠮ ᠢ ᠨᠥᠬᠦᠨ ᠪᠠᠶᠢᠭᠤᠯᠬᠤ ᠬᠡᠷᠡᠭᠲᠡᠶ᠃ ᠲᠡᠷᠭᠡᠨ ᠵᠣᠭᠰᠣᠭᠠᠯ ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠨᠢ ᠣᠶᠤᠨᠴᠢᠯᠠᠭᠰᠠᠨ ᠬᠠᠮᠢᠶᠠᠷᠤᠯᠲᠠ ᠶᠢᠨ ᠴᠢᠳᠠᠮᠵᠢ ᠶᠢ ᠪᠦᠷᠢᠳᠦᠭᠦᠯᠵᠦ᠂ ᠰᠦᠯᠵᠢᠶᠡᠨ ᠳᠡᠭᠡᠷ᠎ᠡ ᠡᠯᠧᠺᠲᠷᠣᠨ ᠢᠶᠠᠷ ᠨᠢᠭᠡᠳᠦᠯᠲᠡᠶ ᠲᠣᠭᠠᠴᠠᠭ᠎ᠠ ᠬᠢᠬᠦ᠂ ᠪᠡᠯᠡᠨ ᠵᠣᠭᠤᠰ ᠢᠶᠠᠷ ᠲᠣᠭᠠᠴᠠᠭ᠎ᠠ ᠬᠢᠬᠦ ᠵᠡᠷᠭᠡ ᠣᠯᠠᠨ ᠵᠦᠢᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠢ ᠪᠡᠶᠡᠯᠡᠭᠦᠯᠬᠦ ᠬᠡᠷᠡᠭᠲᠡᠶ᠃ ᠣᠯᠠᠨ ᠨᠡᠶᠢᠲᠡ ᠶᠢᠨ ᠲᠡᠷᠭᠡᠨ ᠵᠣᠭᠰᠣᠭᠠᠯ ᠤᠨ ᠲᠤᠬᠠᠶ ᠶᠢᠨ ᠴᠠᠭ ᠤᠨ ᠬᠥᠳᠡᠯᠦᠩᠭᠦᠶ ᠮᠡᠳᠡᠭᠡ ᠵᠠᠩᠭᠢ ᠶᠢᠨ ᠰᠢᠰᠲ᠋ᠧᠮ ᠢ ᠲᠣᠰ ᠭᠠᠵᠠᠷ ᠣᠷᠣᠨ ᠤ ᠪᠠᠨ ᠲᠡᠷᠭᠡ ᠵᠣᠭᠰᠣᠭᠠᠬᠤ ᠰᠠᠭᠤᠷᠢ ᠳ᠋ᠠᠶᠢᠲ᠋ᠠ ᠬᠦᠮᠦᠷᠭᠡ ᠳᠤ ᠤᠷᠤᠭᠤᠯᠤᠨ᠎ᠠ᠃       ᠠᠷᠪᠠᠨ ᠬᠤᠶᠠᠳᠤᠭᠠᠷ ᠵᠦᠢᠯ ᠤᠯᠠᠨ ᠨᠡᠶᠢᠲᠡ ᠶᠢᠨ ᠲᠡᠷᠭᠡᠨ ᠵᠣᠭᠰᠣᠭᠠᠯ ᠨᠢ ᠲᠤᠰᠬᠠᠶ ᠵᠦᠢᠯ ᠤᠨ ᠲᠥᠯᠥᠪᠵᠢᠭᠦᠯᠭᠡ ᠶᠢᠨ ᠪᠥᠳᠥᠭᠡᠨ ᠪᠠᠶᠢᠭᠤᠯᠬᠤ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠂ ᠴᠠᠬᠢᠯᠭᠠᠨ ᠴᠡᠨᠡᠭᠯᠡᠭᠦᠷ ᠪᠠᠶᠢᠭᠤᠯᠬᠤ ᠪᠤᠶᠤ ᠪᠥᠳᠥᠭᠡᠨ ᠪᠠᠶᠢᠭᠤᠯᠵᠤ ᠤᠭᠰᠠᠷᠠᠬᠤ ᠨᠥᠬᠦᠴᠡᠯ ᠢ ᠤᠷᠢᠳᠴᠢᠯᠠᠨ ᠦᠯᠡᠳᠡᠭᠡᠭᠰᠡᠨ ᠲᠡᠷᠭᠡᠨ ᠵᠣᠭᠰᠣᠭᠠᠯ ᠤᠨ ᠬᠠᠷᠢᠴᠠᠯ ᠢ 10% ᠠᠴᠠ ᠳᠣᠣᠷ᠎ᠠ ᠪᠠᠶᠢᠯᠭᠠᠬᠤ ᠪᠤᠯᠬᠤ ᠦᠭᠡᠢ᠂ ᠨᠢᠭᠡᠨᠲᠡ ᠪᠠᠶᠢᠭ᠎ᠠ ᠤᠯᠠᠨ ᠨᠡᠶᠢᠲᠡ ᠶᠢᠨ ᠲᠡᠷᠭᠡᠨ ᠵᠣᠭᠰᠣᠭᠠᠯ ᠳᠤ ᠴᠠᠬᠢᠯᠭᠠᠨ ᠴᠡᠨᠡᠭᠯᠡᠬᠦ  ᠲᠦᠭᠦᠭᠡᠷᠦᠮᠵᠢ ᠲᠣᠬᠢᠷᠠᠭᠤᠯᠤᠨ ᠪᠠᠶᠢᠭᠤᠯᠬᠤ ᠳᠤ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠬᠡᠷᠡᠭᠴᠡᠭᠡ ᠪᠣᠯᠤᠨ ᠴᠠᠬᠢᠯᠭᠠᠨ ᠲᠣᠣᠷ ᠤᠨ ᠣᠳᠣᠬᠢ ᠪᠠᠶᠢᠳᠠᠯ ᠲᠠᠢ ᠤᠶᠠᠯᠳᠤᠭᠤᠯᠤᠨ ᠵᠦᠢ ᠵᠣᠬᠢᠰᠲᠠᠶ ᠲᠥᠯᠥᠪᠵᠢᠭᠦᠯᠵᠦ᠂ ᠠᠯᠬᠤᠮ ᠬᠤᠪᠢᠶᠠᠨ  ᠬᠡᠷᠡᠭᠵᠢᠭᠦᠯᠦᠨ᠎ᠡ       ᠠᠷᠪᠠᠨ ᠭᠤᠷᠪᠠᠳᠤᠭᠠᠷ ᠵᠦᠢᠯ ᠤᠯᠠᠨ ᠨᠡᠶᠢᠲᠡ ᠶᠢᠨ ᠲᠡᠷᠭᠡᠨ ᠵᠣᠭᠰᠣᠭᠠᠯ ᠢ ᠰᠠᠭᠠᠳ ᠥᠭᠡᠢ ᠲᠦᠭᠦᠭᠡᠷᠦᠮᠵᠢ ᠶᠢᠨ ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠣᠰᠣᠭᠠᠷ ᠪᠠᠶᠢᠷᠢᠯᠠᠭᠤᠯᠬᠤ ᠶᠢᠨ ᠬᠠᠮᠲᠤ ᠰᠠᠭᠠᠳ ᠥᠭᠡᠢ ᠲᠡᠷᠭᠡᠨ ᠵᠤᠭᠰᠤᠭᠠᠯ ᠤᠨ ᠪᠠᠶᠢᠷᠢ ᠶᠢ ᠲᠤᠳᠤᠷᠬᠠᠶᠢᠯᠠᠨ᠎ᠠ᠃       ᠭᠤᠷᠪᠠᠳᠤᠭᠠᠷ ᠪᠦᠯᠦᠭ ᠡᠵᠡᠩᠨᠡᠯᠳᠡ ᠪᠠ ᠬᠠᠮᠢᠶᠠᠷᠤᠯᠳᠠ      ᠠᠷᠪᠠᠨ ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠤᠯᠤᠰ ᠤᠨ ᠬᠤᠯᠪᠣᠭᠳᠠᠯ ᠪᠦᠬᠦᠢ ᠵᠢᠷᠤᠮᠵᠢᠯ ᠪᠠ ᠪᠠᠷᠢᠮᠵᠢᠶ᠎ᠠ ᠶᠢ ᠦᠨᠳᠦᠰᠦᠯᠡᠵᠦ᠂ ᠬᠤᠲᠠ ᠶᠢᠨ ᠲᠣᠭᠤᠷᠢᠭ ᠤᠨ ᠵᠠᠮ ᠲᠠᠭᠠᠤ ᠴᠢᠯᠠᠭᠤ ᠠᠴᠠ ᠬᠤᠶᠠᠷ ᠬᠠᠵᠠᠭᠤ ᠶᠢᠨ ᠬᠠᠤᠯᠢ ᠶᠣᠰᠣᠨ ᠤ ᠪᠠᠷᠢᠯᠭ᠎ᠠ ᠶᠢᠨ ᠬᠤᠭᠤᠷᠣᠨᠳᠣᠬᠢ ᠣᠷᠣᠨ ᠪᠦᠰᠡ ᠳᠤ ᠲᠡᠷᠭᠡ ᠵᠣᠭᠰᠣᠭᠠᠬᠤ ᠪᠠᠶᠢᠷᠢ ᠶᠢ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠵᠤ᠂ ᠣᠯᠠᠨ ᠨᠡᠶᠢᠲᠡ ᠶᠢᠨ ᠲᠡᠷᠭᠡᠨ ᠵᠣᠭᠰᠣᠭᠠᠯ ᠤᠨ ᠠᠵᠢᠯᠯᠠᠭᠠᠨ ᠤ ᠡᠮᠬᠢ ᠳᠢᠭᠯᠢᠮ ᠢ ᠵᠢᠷᠤᠮᠵᠢᠭᠤᠯᠤᠨ᠂ ᠣᠯᠠᠨ ᠨᠡᠶᠢᠲᠡ ᠶᠢᠨ ᠲᠡᠷᠭᠡᠨ ᠵᠣᠭᠰᠣᠭᠠᠯ ᠤᠨ ᠡᠳᠦᠷ ᠲᠤᠲᠤᠮ ᠤᠨ ᠡᠵᠡᠩᠨᠡᠯᠲᠡ ᠳᠤ ᠬᠥᠳᠡᠯᠦᠩᠭᠦᠶ ᠬᠢᠨᠠᠯᠲᠠ ᠪᠠ ᠬᠠᠮᠢᠶᠠᠷᠤᠯᠲᠠ ᠶᠢᠨ ᠠᠵᠢᠯ ᠢ ᠥᠷᠨᠢᠭᠦᠯᠵᠦ᠂ ᠮᠡᠳᠡᠭᠡ ᠵᠠᠩᠬᠢᠴᠢᠯᠠᠭᠰᠠᠨ ᠂ ᠤᠶᠤᠨᠴᠢᠯᠠᠭᠰᠠᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ᠎ᠠ᠃       ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠬᠤᠲᠠ ᠶᠢᠨ ᠲᠡᠷᠭᠡ ᠵᠣᠭᠰᠣᠭᠠᠬᠤ ᠲᠦᠭᠦᠭᠡᠷᠦᠮᠵᠢ ᠶᠢᠨ ᠬᠠᠩᠭᠠᠯᠭ᠎ᠠ ᠶᠢᠨ ᠴᠢᠳᠠᠪᠤᠷᠢ ᠶᠢ ᠦᠨᠡᠯᠡᠬᠦ ᠲᠦᠷᠢᠮ ᠪᠠ ᠲᠡᠷᠭᠡ ᠵᠣᠭᠰᠣᠭᠠᠬᠤ ᠰᠠᠭᠤᠷᠢ ᠳ᠋ᠠᠶᠢᠲ᠋ᠠ ᠬᠥᠮᠥᠷᠭᠡ ᠶᠢ ᠪᠠᠶᠢᠭᠤᠯᠬᠤ ᠶᠢᠨ ᠬᠠᠮᠲᠤ᠂ ᠬᠤᠲᠠ ᠶᠢᠨ ᠠᠵᠢᠯᠯᠠᠭᠠᠨ ᠤ ᠬᠠᠮᠢᠶᠠᠷᠤᠯᠲᠠ ᠶᠢᠨ ᠦᠢᠯᠡᠴᠢᠯᠡᠭᠡᠨ ᠤ ᠨᠢᠭᠡᠳᠦᠯᠲᠡᠶ ᠲᠡᠷᠭᠡ ᠵᠣᠭᠰᠣᠭᠠᠬᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠣᠯᠠᠨ ᠨᠡᠶᠢᠲᠡ ᠶᠢᠨ ᠲᠡᠷᠭᠡᠨ ᠵᠣᠭᠰᠣᠭᠠᠯ ᠤᠨ ᠲᠠᠷᠬᠠᠯᠲᠠ ᠶᠢᠨ ᠣᠷᠣᠨ ᠪᠠᠶᠢᠷᠢ᠂ ᠲᠤᠭ᠎ᠠ ᠬᠡᠮᠵᠢᠶ᠎ᠡ ᠵᠢᠴᠢ  ᠰᠦᠢᠳᠭᠡᠯ ᠬᠤᠷᠢᠶᠠᠬᠤ ᠪᠠᠷᠢᠮᠵᠢᠶ᠎ᠠ ᠵᠡᠷᠭᠡ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠲᠡᠷᠭᠡ ᠵᠣᠭᠰᠣᠭᠠᠬᠤ ᠲᠤᠭ᠎ᠠ ᠪᠠᠷᠢᠮᠲᠠ ᠶᠢ ᠬᠠᠮᠤᠭ ᠤᠨ ᠶᠡᠭᠡ ᠬᠡᠮᠵᠢᠶ᠎ᠡ ᠪᠠᠷ ᠨᠡᠭᠡᠭᠡᠵᠦ᠂ ᠲᠡᠷᠭᠡ ᠵᠣᠭᠰᠣᠭᠠᠬᠤ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ  ᠠᠬᠢᠭᠤᠯᠤᠨ᠎ᠠ᠃       ᠠᠷᠪᠠᠨ ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ  ᠤᠳ ᠵᠠᠮ ᠤᠨ ᠨᠥᠬᠦᠴᠡᠯ᠂ ᠵᠠᠮ ᠬᠠᠷᠢᠯᠴᠠᠭᠠᠨ ᠤ ᠴᠤᠪᠤᠷᠠᠯ ᠶᠢᠨ ᠬᠡᠮᠵᠢᠶ᠎ᠡ᠂ ᠲᠡᠷᠭᠡ ᠵᠣᠭᠰᠣᠬᠤ ᠬᠡᠷᠡᠭᠴᠡᠭᠡ ᠱᠠᠭᠠᠷᠳᠠᠯᠭ᠎ᠠ ᠶᠢᠨ ᠬᠤᠪᠢᠷᠠᠯᠲᠠ ᠵᠡᠷᠭᠡ ᠪᠠᠶᠢᠳᠠᠯ ᠢ ᠦᠨᠳᠦᠰᠦᠯᠡᠨ᠂ ᠨᠡᠶᠢᠭᠡᠮ ᠤᠨ ᠤᠯᠠᠨ ᠨᠡᠶᠢᠲᠡ ᠶᠢᠨ ᠰᠠᠨᠠᠯ ᠲᠠᠢ ᠤᠶᠠᠯᠳᠤᠭᠤᠯᠤᠨ᠂ ᠵᠠᠮ ᠤᠨ ᠬᠠᠵᠠᠭᠤᠳᠡᠬᠢ ᠲᠡᠷᠭᠡ ᠵᠣᠭᠰᠣᠬᠤ ᠭᠠᠵᠠᠷ ᠢ ᠲᠣᠬᠢᠷᠠᠭᠤᠯᠬᠤ ᠪᠠ ᠬᠠᠮᠢᠶᠠᠷᠤᠨ᠎ᠠ᠃       ᠠᠷᠪᠠᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ︽ᠬᠤᠶᠠᠷ ᠢ ᠲᠠᠰᠢᠷᠠᠮ ᠳᠠᠭᠠᠤ᠂ ᠨᠢᠭᠡ ᠶᠢ ᠢᠯᠡ ᠪᠣᠯᠭᠠᠬᠤ︾ ᠱᠠᠭᠠᠷᠳᠠᠯᠭ᠎ᠠ ᠶᠣᠰᠣᠭᠠᠷ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠤᠯᠠᠨ ᠨᠡᠶᠢᠲᠡ ᠶᠢᠨ ᠲᠡᠷᠭᠡᠨ ᠵᠣᠭᠰᠣᠭᠠᠯ ᠳᠤ ᠲᠥᠯᠥᠪᠯᠡᠭᠡ ᠶᠣᠰᠣᠭᠠᠷ ᠰᠤᠭᠤᠴᠠᠨ ᠪᠠᠶᠢᠴᠠᠭᠠᠬᠤ ᠶᠢ ᠥᠷᠨᠢᠭᠦᠯᠵᠦ᠂ ᠵᠠᠭᠠᠯᠳᠤᠵᠤ ᠢᠯᠡᠴᠢᠯᠡᠨ ᠮᠡᠳᠡᠭᠦᠯᠬᠦ ᠶᠢ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ᠂ ᠬᠡᠷᠡᠭᠯᠡᠭᠴᠢᠳ ᠪᠣᠯᠤᠨ ᠡᠵᠡᠩᠨᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃       ᠠᠷᠪᠠᠨ ᠳᠣᠯᠣᠳᠤᠭᠠᠷ ᠵᠦᠢᠯ ᠬᠤᠳᠠ ᠶᠢᠨ ᠤᠯᠠᠨ ᠨᠡᠶᠢᠳᠡ ᠶᠢᠨ ᠲᠡᠷᠭᠡᠨ ᠵᠣᠭᠰᠣᠭᠠᠯ ᠤᠨ ᠰᠦᠢᠳᠬᠡᠯ ᠬᠤᠷᠢᠶᠠᠬᠤ ᠳᠤ ᠵᠠᠰᠠᠭ ᠤᠨ ᠣᠷᠳᠣᠨ ᠠᠴᠠ ᠦᠨ᠎ᠡ ᠲᠣᠭᠲᠠᠭᠠᠬᠤ ᠪᠠ ᠵᠠᠬ᠎ᠠ ᠳᠡᠯᠭᠡᠭᠦᠷ ᠢᠶᠠᠷ ᠲᠣᠬᠢᠷᠠᠭᠤᠯᠬᠤ ᠦᠨ᠎ᠡ ᠭᠡᠬᠦ ᠬᠤᠶᠠᠷ ᠵᠦᠢᠯ ᠤᠨ ᠦᠨ᠎ᠡ ᠬᠠᠩᠰᠢ ᠶᠢᠨ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠬᠡᠷᠡᠭᠵᠢᠭᠦᠯᠦᠨ᠎ᠡ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠳᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠬᠠᠷᠢᠶ᠎ᠠ ᠣᠷᠣᠨ ᠤ ᠳᠣᠲᠣᠷᠠᠬᠢ ᠵᠠᠰᠠᠭ ᠤᠨ ᠣᠷᠳᠣᠨ ᠤ ᠦᠨ᠎ᠡ ᠲᠣᠭᠲᠠᠭᠠᠬᠤ ᠬᠠᠮᠢᠶᠠᠷᠤᠯᠲᠠ ᠶᠢᠨ ᠬᠡᠪᠴᠢᠶᠡᠨ ᠳᠤ ᠣᠷᠣᠭᠤᠯᠤᠭᠰᠠᠨ ᠤᠯᠠᠨ ᠨᠡᠶᠢᠲᠡ ᠶᠢᠨ ᠲᠡᠷᠭᠡᠨ ᠵᠣᠭᠰᠣᠭᠠᠯ ᠤᠨ ᠲᠡᠷᠭᠡ ᠵᠣᠭᠰᠣᠭᠠᠬᠤ ᠦᠢᠯᠡᠴᠢᠯᠡᠭᠡᠨ ᠤ ᠰᠦᠢᠳᠬᠡᠯ ᠬᠤᠷᠢᠶᠠᠬᠤ ᠪᠠᠷᠢᠮᠵᠢᠶ᠎ᠠ ᠶᠢ ᠲᠣᠭᠲᠠᠭᠠᠬᠤ ᠶᠢ ᠬᠠᠷᠢᠭᠤᠴᠠᠨ᠎ᠠ᠃ ᠵᠠᠬ᠎ᠠ ᠳᠡᠯᠭᠡᠭᠦᠷ ᠤᠨ ᠲᠣᠬᠢᠷᠠᠭᠤᠯᠤᠯᠲᠠ ᠶᠢᠨ ᠦᠨ᠎ᠡ ᠶᠢ ᠬᠡᠷᠡᠭᠵᠢᠭᠦᠯᠵᠦ ᠪᠠᠶᠢᠭ᠎ᠠ ᠣᠯᠠᠨ ᠨᠡᠶᠢᠲᠡ ᠶᠢᠨ ᠲᠡᠷᠭᠡᠨ ᠵᠣᠭᠰᠣᠭᠠᠯ ᠤᠨ ᠲᠡᠷᠭᠡ ᠵᠣᠭᠰᠣᠭᠠᠬᠤ  ᠰᠦᠢᠳᠭᠡᠯ ᠬᠤᠷᠢᠶᠠᠬᠤ ᠪᠠᠷᠢᠮᠵᠢᠶ᠎ᠠ ᠶᠢ ᠲᠡᠷᠭᠡᠨ ᠵᠣᠭᠰᠣᠭᠠᠯ ᠤᠨ ᠡᠵᠡᠩᠨᠡᠭᠴᠢ ᠠᠴᠠ ᠡᠵᠡᠩᠨᠡᠯᠲᠡ ᠶᠢᠨ ᠥᠪᠡᠷ ᠤᠨ ᠥᠷᠲᠡᠭ ᠪᠠ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠵᠡᠷᠭᠡ ᠬᠦᠴᠦᠨ ᠵᠦᠶ᠋ᠯ ᠢ ᠦᠨᠳᠦᠰᠦᠯᠡᠨ᠂ ᠵᠦᠶ ᠵᠣᠬᠢᠰᠲᠠᠶ ᠥᠪᠡᠷ ᠤᠨ ᠥᠷᠲᠡᠭ ᠢ ᠨᠥᠬᠦᠪᠥᠷᠢᠯᠡᠬᠦ᠂ ᠵᠦᠶ ᠵᠣᠬᠢᠰᠲᠠᠶ ᠠᠰᠢᠭ ᠬᠤᠨᠵᠢᠪᠣᠷᠢ ᠤᠯᠬᠤ ᠵᠠᠷᠴᠢᠮ ᠶᠣᠰᠣᠭᠠᠷ ᠪᠡᠶ᠎ᠡ ᠪᠠᠨ ᠳᠠᠭᠠᠭᠠᠵᠤ ᠲᠣᠭᠲᠠᠭᠠᠨ᠎ᠠ᠃       ᠠᠷᠪᠠᠨ ᠨᠠᠢᠮᠠᠳᠤᠭᠠᠷ ᠵᠦᠢᠯ ᠬᠤᠳᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠭᠰᠡᠨ ᠵᠠᠰᠠᠭ ᠤᠨ  ᠣᠷᠳᠣᠨ ᠠᠴᠠ ᠪᠡᠯᠡ ᠣᠷᠣᠭᠤᠯᠵᠤ ᠪᠠᠶᠢᠭᠤᠯᠤᠭᠰᠠᠨ ᠤᠯᠠᠨ ᠨᠡᠶᠢᠲᠡ ᠶᠢᠨ ᠲᠡᠷᠭᠡᠨ ᠵᠣᠭᠰᠣᠭᠠᠯ ᠤᠨ ᠰᠦᠢᠳᠬᠡᠯ ᠬᠤᠷᠢᠶᠠᠬᠤ ᠵᠢᠴᠢ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠭᠰᠡᠨ ᠵᠠᠮ ᠤᠨ ᠬᠠᠵᠠᠭᠤᠳᠡᠬᠢ ᠲᠡᠷᠭᠡ ᠵᠣᠭᠰᠣᠬᠤ ᠭᠠᠵᠠᠷ ᠤᠨ ᠰᠦᠢᠳᠬᠡᠯ ᠬᠤᠷᠢᠶᠠᠬᠤ ᠳᠤ ︽ᠥᠪᠥᠷ ᠮᠣᠩᠭᠤᠯ ᠤᠨ  ᠥᠪᠡᠷᠲᠡᠭᠡᠨ ᠵᠠᠰᠠᠬᠤ ᠣᠷᠣᠨ ᠤ ᠮᠠᠰᠢᠨᠲᠤ ᠲᠡᠷᠭᠡ ᠵᠣᠭᠰᠣᠭᠠᠬᠤ ᠦᠢᠯᠡᠴᠢᠯᠡᠭᠡᠨ ᠤ ᠰᠦᠢᠳᠬᠡᠯ ᠬᠤᠷᠢᠶᠠᠬᠤ ᠬᠠᠮᠢᠶᠠᠷᠤᠯᠲᠠ ᠶᠢᠨ ᠠᠷᠭ᠎ᠠ︾ ᠶᠢᠨ ᠶᠣᠰᠣᠭᠠᠷ ᠬᠡᠷᠡᠭᠵᠢᠭᠦᠯᠦᠨ᠎ᠡ᠃       ᠠᠷᠪᠠ ᠶᠢᠰᠦᠳᠦᠭᠡᠷ ᠵᠦᠢᠯ ︽ᠪᠡᠯᠡ ᠤᠷᠤᠭᠤᠯᠤᠯᠳᠠ᠂ ᠪᠥᠳᠥᠭᠡᠨ ᠪᠠᠶᠢᠭᠤᠯᠤᠯᠳᠠ᠂ ᠡᠵᠡᠩᠨᠡᠯᠳᠡ︾ ᠶᠢ ᠨᠢᠭᠡ ᠴᠤᠭᠴᠠᠵᠢᠭᠤᠯᠤᠭᠰᠠᠨ ᠤᠯᠠᠨ ᠨᠡᠶᠢᠲᠡ ᠶᠢᠨ ᠲᠡᠷᠭᠡᠨ ᠵᠣᠭᠰᠣᠭᠠᠯ ᠤᠨ ᠵᠠᠬ᠎ᠠ ᠳᠡᠯᠭᠡᠭᠦᠷᠴᠢᠯᠡᠭᠰᠡᠨ ᠠᠵᠢᠯᠯᠠᠭᠠᠨ ᠤ ᠲᠣᠭᠲᠠᠴᠠ ᠶᠢ ᠪᠠᠶᠢᠭᠤᠯᠤᠨ ᠪᠥᠷᠢᠨᠰᠢᠬᠦᠯᠬᠦ ᠶᠢ ᠵᠣᠷᠢᠭᠵᠢᠭᠤᠯᠤᠨ᠎ᠠ᠃ ᠨᠢᠭᠡᠴᠢ ᠪᠠ ᠬᠤᠪᠢ ᠬᠥᠮᠦᠨ ᠤ ᠪᠡᠯᠡ ᠣᠷᠣᠭᠤᠯᠵᠤ ᠪᠠᠶᠢᠭᠤᠯᠤᠭᠰᠠᠨ ᠤᠯᠠᠨ ᠨᠡᠶᠢᠲᠡ ᠶᠢᠨ ᠲᠡᠷᠭᠡᠨ ᠵᠣᠭᠰᠣᠭᠠᠯ ᠢ ᠥᠮᠴᠢᠯᠡᠯ ᠤᠨ ᠡᠷᠬᠡᠲᠦ ᠬᠥᠮᠦᠨ ᠥᠪᠡᠷ ᠢᠶᠠᠨ ᠡᠵᠡᠩᠨᠡᠵᠦ ᠪᠣᠯᠤᠨ᠎ᠠ᠃       ᠬᠤᠷᠢᠳᠤᠭᠠᠷ ᠵᠦᠢᠯ ᠨᠢᠭᠡᠴᠡ ᠵᠢᠴᠢ ᠨᠥᠬᠦᠴᠡᠯ ᠲᠠᠢ ᠣᠷᠣᠨ ᠰᠠᠭᠤᠴᠠ ᠶᠢᠨ ᠬᠤᠷᠤᠭᠠᠯᠠᠯ ᠤᠨ ᠳᠣᠲᠣᠭᠠᠳᠤ ᠶᠢᠨ ᠲᠡᠷᠭᠡᠨ ᠵᠣᠭᠰᠣᠭᠠᠯ ᠢᠶᠠᠨ ᠨᠡᠭᠡᠭᠡᠵᠦ᠂ ᠲᠡᠷᠭᠡ ᠵᠣᠭᠰᠣᠬᠤ ᠡᠬᠢ ᠪᠠᠶᠠᠯᠢᠭ ᠢ ᠬᠠᠮᠲᠤᠪᠠᠷ ᠡᠳ᠋ᠯᠡᠬᠦ ᠶᠢ ᠵᠣᠷᠢᠭᠵᠢᠭᠤᠯᠤᠨ᠎ᠠ᠃ ᠬᠠᠮᠢᠶᠠᠷᠤᠯᠲᠠ ᠶᠢ ᠵᠢᠷᠤᠮᠵᠢᠭᠤᠯᠵᠤ᠂ ᠵᠦᠢ ᠵᠣᠬᠢᠰᠲᠠᠶ ᠪᠠᠷ ᠰᠦᠢᠳᠬᠡᠯ ᠬᠤᠷᠢᠶᠠᠬᠤ ᠪᠠᠶᠢᠳᠠᠯ ᠤᠨ ᠳᠣᠣᠷ᠎ᠠ᠂ ᠬᠤᠳᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠠᠩᠰᠠᠯᠠᠭᠤᠯᠤᠭᠰᠠᠨ ᠤ ᠲᠡᠷᠠᠭ᠎ᠠ ᠲᠥᠯᠥᠪᠦᠷᠢ ᠲᠠᠢ ᠪᠠᠷ ᠬᠡᠷᠡᠭᠯᠡᠭᠦᠯᠦᠨ᠎ᠡ᠃       ᠬᠤᠷᠢᠨ ᠨᠢᠭᠡᠳᠦᠭᠡᠷ ᠵᠦᠢᠯ ᠤᠯᠠᠨ ᠨᠡᠶᠢᠲᠡ ᠶᠢᠨ ᠲᠡᠷᠭᠡᠨ ᠵᠣᠭᠰᠣᠭᠠᠯ ᠤᠨ ᠡᠵᠡᠩᠨᠡᠯᠲᠡ ᠶᠢᠨ ᠨᠢᠭᠡᠴᠢ ᠤᠯᠠᠨ ᠨᠡᠶᠢᠲᠡ ᠶᠢᠨ ᠲᠡᠷᠭᠡᠨ ᠵᠣᠭᠰᠣᠭᠠᠯ ᠤᠨ ᠡᠳᠦᠷ ᠲᠤᠳᠤᠮ ᠤᠨ ᠠᠵᠢᠯᠯᠠᠭᠠᠨ ᠤ ᠡᠮᠬᠢ ᠵᠢᠷᠤᠮ ᠢ ᠬᠠᠷᠢᠭᠤᠴᠠᠨ ᠬᠠᠮᠠᠭᠠᠯᠠᠬᠤ ᠳᠤ ᠳᠣᠣᠷᠠᠬᠢ ᠲᠣᠭᠲᠠᠭᠠᠯ ᠤᠳ ᠢ ᠵᠢᠷᠤᠮᠯᠠᠬᠤ ᠬᠡᠷᠡᠭᠲᠡᠶ᠄       ︵ᠨᠢᠭᠡ︶ ᠲᠡᠷᠭᠡᠨ ᠵᠣᠭᠰᠣᠭᠠᠯ ᠤᠨ ᠲᠡᠮᠳᠡᠭ᠂ ᠵᠢᠷᠤᠭᠠᠰᠤ ᠨᠢ ᠲᠣᠳᠣᠷᠬᠠᠶ ᠪᠠᠶᠢᠬᠤ ᠶᠢ ᠪᠠᠲᠤᠯᠠᠵᠤ᠂ ᠲᠡᠷᠭᠡ ᠵᠣᠭᠰᠣᠭᠠᠬᠤ ᠡᠯ᠎ᠡ ᠲᠥᠷᠥᠯ ᠤᠨ ᠲᠦᠭᠦᠭᠡᠷᠦᠮᠵᠢ ᠨᠢ ᠪᠦᠷᠢᠨ ᠪᠦᠲᠦᠨ᠂ ᠤᠰᠤ ᠵᠠᠯᠠᠬᠤ ᠶᠢ ᠰᠠᠭᠠᠳ ᠥᠭᠡᠢ ᠨᠡᠪᠲᠡᠷᠡᠭᠦᠯᠵᠦ᠂ ᠵᠠᠮ ᠤᠨ ᠭᠠᠳᠠᠷᠭᠤ ᠶᠢ ᠴᠡᠪᠡᠷ ᠲᠡᠭᠰᠢ ᠪᠠᠶᠢᠯᠭᠠᠬᠤ ᠶᠢ ᠪᠠᠲᠤᠯᠠᠨ᠎ᠠ︔       ︵ᠬᠤᠶᠠᠷ︶ ᠬᠠᠮᠢᠶᠠᠷᠤᠯᠲᠠ ᠶᠢᠨ ᠲᠦᠷᠢᠮ᠂ ᠬᠢᠨᠠᠯᠲᠠ ᠲᠠᠯᠪᠢᠬᠤ ᠤᠳᠠᠰᠦ᠂ ᠡᠵᠡᠩᠨᠡᠯᠲᠡ ᠶᠢᠨ ᠦᠨᠡᠮᠯᠡᠯ ᠵᠢᠴᠢ ᠰᠦᠢᠳᠭᠡᠯ ᠬᠤᠷᠢᠶᠠᠬᠤ ᠪᠠᠷᠢᠮᠵᠢᠶ᠎ᠠ᠂ ᠰᠦᠢᠳᠭᠡᠯ ᠪᠤᠳᠤᠬᠤ ᠠᠷᠭ᠎ᠠ᠂ ᠰᠦᠢᠳᠭᠡᠯ ᠬᠤᠷᠢᠶᠠᠬᠤ ᠦᠨᠳᠦᠰᠦᠯᠡᠯ᠂ ᠰᠦᠢᠳᠭᠡᠯ ᠬᠤᠷᠢᠶᠠᠬᠤ ᠥᠬᠡᠶ ᠲᠣᠭᠲᠠᠭᠠᠯ᠂ ᠵᠠᠭᠠᠯᠳᠤᠵᠤ ᠢᠯᠡᠴᠢᠯᠡᠨ ᠮᠡᠳᠡᠭᠦᠯᠬᠦ ᠤᠳᠠᠰᠦ ᠵᠡᠷᠭᠡ ᠠᠭᠤᠯᠭ᠎ᠠ ᠶᠢ ᠲᠣᠭᠲᠠᠭᠠᠯ ᠶᠣᠰᠣᠭᠠᠷ ᠢᠯᠡ ᠭᠠᠵᠠᠷ ᠲᠤ ᠢᠯᠡ ᠨᠡᠶᠢᠲᠡᠯᠡᠵᠦ᠂ ᠨᠡᠶᠢᠭᠡᠮ ᠤᠨ ᠬᠢᠨᠠᠯᠲᠠ ᠶᠢ ᠥᠷᠭᠡᠨ ᠢᠶᠠᠷ ᠬᠦᠯᠢᠶᠡᠨ᠎ᠡ︔       ︵ᠭᠤᠷᠪᠠ︶ ᠭᠠᠯ ᠤᠨᠲᠠᠷᠠᠭᠠᠬᠤ ᠵᠡᠮ ᠤᠨ ᠰᠠᠭᠠᠳ ᠤᠢᠭᠡᠢ ᠨᠡᠪᠲᠡᠷᠡᠬᠦ ᠶᠢ ᠪᠠᠲᠤᠯᠠᠵᠤ᠂ ᠭᠠᠯ ᠤᠨᠲᠠᠷᠠᠭᠠᠬᠤ ᠬᠡᠷᠡᠭᠰᠡᠯ ᠢ ᠲᠣᠭᠲᠠᠭᠠᠯ ᠶᠣᠰᠣᠭᠠᠷ ᠲᠣᠬᠢᠷᠠᠭᠤᠯᠬᠤ︔       ︵ᠲᠥᠷᠪᠡ︶ ᠲᠡᠷᠭᠡᠨ ᠵᠣᠭᠰᠣᠭᠠᠯ ᠳᠤ ᠤᠭᠰᠠᠷᠠᠭᠤᠯᠤᠨ ᠬᠡᠷᠡᠭᠯᠡᠬᠦ ᠲᠡᠷᠭᠡ ᠵᠣᠭᠰᠣᠭᠠᠬᠤ ᠴᠠᠭ ᠪᠤᠳᠤᠬᠤ ᠡᠯᠧᠺᠲᠷᠣᠨ ᠰᠦᠢᠳᠬᠡᠯ ᠬᠤᠷᠢᠶᠠᠬᠤ ᠬᠦᠰᠦᠨᠦᠭᠲᠦ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠭᠦᠷ ᠢ ᠬᠠᠤᠯᠢ ᠶᠣᠰᠣᠭᠠᠷ ᠰᠢᠯᠭᠠᠨ ᠲᠣᠭᠲᠠᠭᠠᠵᠤ᠂ ᠬᠢᠷᠢ ᠲᠡᠩᠴᠡᠭᠰᠡᠨ ᠤ ᠲᠠᠷᠠᠭ᠎ᠠ ᠬᠦᠴᠦᠨ ᠲᠠᠢ ᠬᠤᠭᠤᠴᠠᠭᠠᠨ ᠳᠤ ᠬᠡᠷᠡᠭᠯᠡᠬᠦ ᠬᠡᠷᠡᠭᠲᠡᠶ︔ ᡾       ︵ᠲᠠᠪᠤ︶ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠡᠳ᠋ ᠤᠨ ᠵᠠᠰᠠᠭ ᠤᠨ ᠫᠢᠶᠣᠣ ᠪᠠᠷᠢᠮᠲᠠ ᠪᠤᠶᠤ ᠭᠠᠶᠢᠯᠢ ᠶᠢᠨ ᠶᠠᠪᠤᠳᠠᠯ ᠤᠨ ᠪᠠᠷᠢᠮᠲᠠ ᠶᠢ ᠬᠡᠷᠡᠭᠯᠡᠬᠦ︔       ︵ᠵᠢᠷᠭᠤᠭ᠎ᠠ︶ ᠬᠢᠨᠠᠨ ᠵᠥᠪᠰᠢᠶᠡᠷᠡᠭᠦᠯᠦᠭᠰᠡᠨ ᠦᠭᠡᠢ ᠪᠣᠯ ᠲᠡᠷᠭᠡᠨ ᠵᠣᠭᠰᠣᠭᠠᠯ ᠤᠨ ᠬᠡᠷᠡᠭᠯᠡᠬᠦ ᠰᠢᠨᠵᠢ ᠴᠢᠨᠠᠷ᠂ ᠬᠦᠷᠢᠶ᠎ᠡ ᠬᠡᠪᠴᠢᠶ᠎ᠡ ᠶᠢ ᠳᠤᠷ᠎ᠠ ᠪᠠᠷ ᠢᠶᠠᠨ ᠬᠤᠪᠢᠷᠠᠭᠤᠯᠬᠤ ᠪᠤᠶᠤ ᠲᠡᠷᠭᠡᠨ ᠵᠣᠭᠰᠣᠭᠠᠯ ᠢ ᠪᠤᠰᠤᠳ ᠵᠦᠢᠯ ᠳᠤ ᠨᠡᠭᠦᠯᠭᠡᠨ ᠬᠡᠷᠡᠭᠯᠡᠵᠦ ᠪᠣᠯᠬᠤ ᠦᠭᠡᠢ︔       ︵ᠲᠤᠯᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠵᠢᠷᠤᠮᠯᠠᠬᠤ ᠶᠤᠰᠤᠳᠠᠢ ᠪᠤᠰᠤᠳ ᠥᠢᠯᠡ ᠠᠵᠢᠯᠯᠠᠭ᠎ᠠ᠃       ᠬᠤᠷᠢᠨ ᠬᠤᠶᠠᠳᠤᠭᠠᠷ ᠵᠦᠢᠯ ᠮᠠᠰᠢᠨᠲᠤ ᠲᠡᠷᠭᠡᠨ ᠤ ᠵᠢᠯᠣᠭᠤᠴᠢ ᠤᠯᠠᠨ ᠨᠡᠶᠢᠲᠡ ᠶᠢᠨ ᠲᠡᠷᠭᠡᠨ ᠵᠣᠭᠰᠣᠭᠠᠯ ᠳᠤ ᠣᠷᠣᠬᠤ ᠳᠠᠭᠠᠨ ᠳᠣᠣᠷᠠᠬᠢ ᠲᠣᠭᠲᠠᠭᠠᠯ ᠤᠳ ᠢ ᠵᠢᠷᠤᠮᠯᠠᠬᠤ ᠬᠡᠷᠡᠭᠲᠡᠶ᠄       ︵ᠨᠢᠭᠡ︶ ᠲᠡᠷᠭᠡ ᠵᠣᠭᠰᠣᠭᠠᠬᠤ ᠬᠠᠮᠢᠶᠠᠷᠤᠯᠲᠠ ᠶᠢᠨ ᠠᠵᠢᠯᠳᠠᠨ ᠤ ᠲᠤᠬᠢᠷᠠᠭᠤᠯᠭ᠎ᠠ ᠶᠢ ᠰᠣᠨᠣᠰᠴᠤ᠂ ᠤᠬᠠᠮᠰᠠᠷ ᠠᠴᠠ ᠪᠠᠨ ᠪᠣᠯᠪᠠᠰᠤᠨ ᠢᠶᠠᠷ ᠲᠡᠷᠭᠡ ᠵᠣᠭᠰᠣᠭᠠᠬᠤ︔  ᡾       ︵ᠬᠤᠶᠠᠷ︶ ᠲᠣᠭᠲᠠᠭᠠᠭᠰᠠᠨ ᠪᠠᠷᠢᠮᠵᠢᠶ᠎ᠠ ᠶᠣᠰᠣᠭᠠᠷ ᠲᠡᠷᠭᠡ ᠵᠣᠭᠰᠣᠭᠠᠬᠤ ᠰᠦᠢᠳᠬᠡᠯ ᠲᠤᠰᠢᠶᠠᠬᠤ︔ ᡾       ︵ᠭᠤᠷᠪᠠ︶ ᠠᠶᠦᠯᠭᠦᠢ ᠶᠢᠨ ᠭᠠᠯ ᠰᠡᠷᠭᠡᠶᠢᠯᠡᠬᠦ ᠲᠣᠭᠲᠠᠭᠠᠯ ᠢ ᠴᠢᠩᠭ᠎ᠠ ᠵᠢᠷᠤᠮᠯᠠᠨ᠂ ᠨᠣᠴᠣᠮᠠᠲᠠᠭᠠᠶ᠂ ᠳᠡᠯᠪᠡᠷᠡᠮᠡᠲᠡᠭᠡᠶ᠂ ᠬᠤᠣᠷ ᠲᠠᠢ᠂ ᠬᠥᠨᠥᠭᠡᠯ ᠲᠠᠢ ᠵᠡᠷᠭᠡ ᠠᠶᠤᠯ ᠲᠠᠢ ᠪᠣᠳᠠᠰ ᠵᠢᠴᠢ ᠴᠠᠭᠠᠵᠠ ᠲᠠᠢ ᠪᠣᠳᠠᠰ ᠲᠡᠭᠡᠭᠡᠭᠰᠡᠨ ᠲᠡᠷᠭᠡ ᠬᠥᠰᠬᠡ ᠶᠢᠨ ᠤᠯᠠᠨ ᠨᠡᠶᠢᠲᠡ ᠶᠢᠨ ᠲᠡᠷᠭᠡᠨ ᠵᠣᠭᠰᠣᠭᠠᠯ ᠳᠤ ᠣᠷᠣᠬᠤ ᠶᠢ ᠴᠢᠩᠭ᠎ᠠ ᠴᠠᠭᠠᠵᠠᠯᠠᠨ᠎ᠠ︔  ᡾       ︵ᠳᠥᠷᠪᠡ︶ ᠲᠡᠮᠳᠡᠭ ᠫᠠᠶᠢᠰᠠ᠂ ᠤᠶᠤᠨᠲᠤ ᠵᠠᠮ ᠤᠨ ᠬᠠᠭᠠᠯᠲᠠ ᠵᠡᠷᠭᠡ ᠲᠡᠷᠭᠡᠨ ᠵᠣᠭᠰᠣᠭᠠᠯ ᠤᠨ ᠲᠦᠭᠦᠭᠡᠷᠦᠮᠵᠢ ᠶᠢ ᠡᠪᠳᠡᠵᠦ ᠪᠣᠯᠬᠤ ᠥᠬᠡᠶ︔       ︵ᠲᠠᠪᠤ︶ ᠲᠡᠷᠭᠡᠨ ᠵᠣᠭᠰᠣᠭᠠᠯ ᠤᠨ ᠬᠠᠮᠢᠶᠠᠷᠤᠯᠲᠠ ᠶᠢ ᠬᠠᠷᠰᠢᠯᠠᠬᠤ ᠪᠤᠰᠤᠳ ᠦᠢᠯᠡ ᠠᠵᠢᠯᠯᠠᠭ᠎ᠠ ᠲᠠᠢ ᠪᠠᠶᠢᠵᠤ ᠪᠣᠯᠬᠤ ᠦᠭᠡᠢ᠃       ᠬᠤᠷᠢᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ᠂ ᠬᠤᠲᠠ ᠶᠢᠨ ᠬᠠᠮᠢᠶᠠᠷᠤᠯᠲᠠ᠂ ᠭᠠᠶᠢᠯᠢ ᠶᠢᠨ ᠶᠠᠪᠤᠳᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ᠂ ᠲᠣᠮᠣ ᠳ᠋ᠠᠶᠢᠲ᠋ᠠ ᠵᠡᠷᠭᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠬᠠᠮᠲᠤᠷᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠶᠢ  ᠪᠡᠶᠡᠯᠡᠭᠦᠯᠦᠨ᠎ᠡ᠃ ᠣᠯᠠᠨ ᠨᠡᠶᠢᠲᠡ ᠶᠢᠨ ᠲᠡᠷᠭᠡᠨ ᠵᠣᠭᠰᠣᠭᠠᠯ ᠢ ᠲᠥᠯᠥᠪᠵᠢᠭᠦᠯᠬᠦ᠂ ᠬᠢᠨᠠᠨ ᠵᠥᠪᠰᠢᠶᠡᠷᠡᠬᠦ᠂ ᠪᠥᠲᠥᠭᠡᠨ ᠪᠠᠶᠢᠭᠤᠯᠬᠤ᠂ ᠰᠢᠯᠭᠠᠨ ᠠᠪᠬᠤ᠂ ᠡᠵᠡᠩᠨᠡᠯᠳᠡ ᠪᠠ ᠬᠠᠮᠢᠶᠠᠷᠤᠯᠳᠠ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠨ᠎ᠠ︔ ᠬᠤᠯᠪᠤᠭᠠᠯᠠᠨ ᠬᠠᠤᠯᠢ ᠬᠡᠷᠡᠭᠵᠢᠭᠦᠯᠬᠦ ᠲᠣᠭᠲᠠᠴᠠ ᠶᠢ ᠪᠠᠶᠢᠭᠤᠯᠵᠤ᠂ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠬᠠᠤᠯᠢ ᠶᠣᠰᠣᠭᠠᠷ ᠴᠠᠭ ᠲᠤᠬᠠᠶ ᠳᠤᠨᠢ ᠪᠠᠶᠢᠴᠠᠭᠠᠨ ᠰᠢᠢᠳᠪᠦᠷᠢᠯᠡᠨ᠎ᠡ᠃       ᠳᠥᠷᠪᠡᠳᠦᠭᠡᠷ ᠪᠦᠯᠦᠭ  ᠲᠠᠭᠠᠯᠳᠤᠭᠤᠯᠤᠯ ᠲᠦᠷᠢᠮ       ᠬᠤᠷᠢᠨ ᠳᠥᠷᠪᠡᠳᠦᠭᠡᠷ ᠵᠦᠢᠯ ᠲᠣᠰ ᠠᠷᠭ᠎ᠠ ᠶᠢ 2022 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ
Baidu
map