ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠦᠨ᠎ᠡ ᠶᠢ ᠪᠤᠳᠤᠬᠤ ᠦᠨᠳᠦᠰᠦᠯᠡᠯ ᠨᠢ ᠭᠤᠣᠯᠳᠠᠭᠤ ᠶᠠᠭᠤ ᠶᠠᠭᠤ ᠪᠠᠶᠢᠳᠠᠭ ᠪᠣᠶ︖
ᠨᠡᠶᠢᠲᠡᠯᠡᠭᠰᠡᠨ ᠴᠠᠭ᠄
2022/11/21
   ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠦᠨ᠎ᠡ ᠶᠢ ᠪᠤᠳᠤᠬᠤ ᠦᠨᠳᠦᠰᠦᠯᠡᠯ ᠭᠡᠳᠡᠭ ᠨᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠶᠢ ᠪᠤᠳᠤᠬᠤ ᠠᠵᠢᠯᠯᠠᠭ᠎ᠠ ᠳᠤᠮᠳᠠ ᠬᠡᠷᠡᠭᠯᠡᠬᠦ ᠡᠯ᠎ᠡ ᠲᠥᠷᠥᠯ ᠤᠨ ᠵᠢᠷᠤᠮᠵᠢᠯ᠂ ᠪᠠᠷᠢᠮᠵᠢᠶ᠎ᠠ᠂ ᠲᠣᠭᠲᠠᠭᠰᠠᠨ ᠨᠣᠷᠮ᠎ᠠ᠂ ᠪᠠᠶᠢᠭᠤᠯᠤᠭᠰᠠᠨ ᠦᠨ᠎ᠡ ᠶᠢᠨ ᠮᠡᠳᠡᠭᠡ ᠵᠠᠩᠭᠢ ᠵᠢᠴᠢ ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠶᠢᠨ ᠬᠠᠮᠢᠶᠠᠷᠤᠯᠲᠠ ᠶᠢᠨ ᠳᠦᠷᠢᠮ ᠵᠡᠷᠭᠡ ᠶᠢ ᠵᠢᠭᠠᠵᠤ ᠪᠣᠶ᠂ ᠡᠭᠦᠨ ᠳᠤ ᠭᠤᠣᠯᠳᠠᠭᠤ᠄   ︵ᠨᠢᠭᠡ︶ ᠪᠡᠯᠡ ᠣᠷᠣᠭᠤᠯᠤᠯᠲᠠ ᠶᠢ ᠪᠠᠷᠤᠭᠴᠠᠭᠠᠯᠠᠨ ᠪᠤᠳᠤᠬᠤ ᠭᠦᠢᠴᠡᠳᠬᠡᠯ ᠲᠤᠭ᠎ᠠ᠂ ᠲᠦᠢᠮᠣᠴᠢᠯᠠᠨ ᠪᠤᠳᠤᠬᠤ ᠭᠦᠢᠴᠡᠳᠬᠡᠯ ᠲᠤᠭ᠎ᠠ᠂ ᠪᠠᠷᠢᠯᠭ᠎ᠠ ᠶᠢᠨ ᠤᠭᠰᠠᠷᠠᠬᠤ ᠵᠠᠷᠤᠳᠠᠯ ᠤᠨ ᠲᠣᠭᠲᠠᠭᠰᠠᠨ ᠨᠣᠷᠮ᠎ᠠ᠃   ︵ᠬᠤᠶᠠᠷ︶ ᠪᠠᠷᠢᠯᠭ᠎ᠠ ᠶᠢᠨ ᠬᠤᠭᠤᠴᠠᠭᠠᠨ ᠤ ᠲᠣᠭᠲᠠᠭᠰᠠᠨ ᠨᠣᠷᠮ᠎ᠠ᠂ ᠬᠥᠳᠡᠯᠮᠦᠷᠢ ᠶᠢᠨ ᠲᠣᠭᠲᠠᠭᠰᠠᠨ ᠨᠣᠷᠮ᠎ᠠ᠂ ᠲᠦᠢᠮᠣᠴᠢᠯᠠᠨ ᠪᠣᠳᠣᠬᠤ ᠲᠣᠭᠲᠠᠭᠰᠠᠨ ᠨᠣᠷᠮ᠎ᠠ᠂ ᠲᠥᠰᠥᠪ ᠤᠨ ᠲᠣᠭᠲᠠᠭᠰᠠᠨ ᠨᠣᠷᠮ᠎ᠠ ᠵᠢᠴᠢ ᠬᠤᠯᠪᠣᠭᠳᠠᠯ ᠪᠦᠬᠦᠢ ᠨᠥᠬᠦᠪᠦᠷᠢ ᠶᠢᠨ ᠲᠣᠭᠲᠠᠭᠰᠠᠨ ᠨᠤᠷᠮ᠎ᠠ᠃   ︵ᠭᠤᠷᠪᠠ︶ ᠬᠥᠮᠥᠨ ᠤ ᠬᠦᠴᠦ᠂ ᠮᠠᠲ᠋ᠧᠷᠢᠶᠠᠯ᠂ ᠲᠥᠬᠦᠭᠡᠷᠦᠮᠵᠢ ᠪᠠ ᠪᠠᠷᠢᠯᠭ᠎ᠠ ᠶᠢᠨ ᠮᠠᠰᠢᠨ ᠤ ᠰᠠᠤᠷᠢ ᠡᠭᠡᠯᠵᠢ ᠶᠢᠨ ᠦᠨ᠎ᠡ᠃   ︵ᠳᠥᠷᠪᠡ︶ ᠪᠠᠷᠢᠯᠭ᠎ᠠ ᠶᠢᠨ ᠬᠡᠮᠵᠢᠶ᠎ᠡ ᠶᠢᠨ ᠨᠠᠷᠢᠨ ᠬᠠᠭᠤᠳᠠᠰᠤ ᠶᠢ ᠬᠡᠮᠵᠢᠬᠦ ᠪᠠ ᠦᠨ᠎ᠡ ᠪᠤᠳᠤᠬᠤ ᠵᠢᠷᠤᠮᠵᠢᠯ᠃   ︵ᠲᠠᠪᠤ︶ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ ᠪᠤᠰᠤᠳ ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠶᠢ ᠪᠤᠳᠤᠬᠤ ᠦᠨᠳᠦᠰᠦᠯᠡᠯ᠃
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ
Baidu
map