ᠳᠤᠮᠳᠠᠳᠤ ᠤᠯᠤᠰ ᠤᠨ ᠪᠠᠩᠬᠢ ᠪᠠ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ︽ᠪᠠᠩᠬᠢ ᠪᠠ ᠳᠠᠭᠠᠳᠬᠠᠯ ᠤᠨ ᠪᠠᠶᠢᠭᠤᠯᠤᠮᠵᠢ ᠶᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠬᠥᠭᠵᠢᠯᠲᠡ ᠶᠢ ᠳᠡᠮᠵᠢᠬᠦ ᠲᠤᠬᠠᠢ ᠵᠢᠯᠤᠭᠤᠳᠬᠤ ᠰᠠᠨᠠᠯ︾ ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ
ᠨᠡᠶᠢᠲᠡᠯᠡᠭᠰᠡᠨ ᠴᠠᠭ᠄
2022/3/1
      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠬᠥᠭᠵᠢᠭᠦᠯᠬᠦ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠦ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠡᠵᠡᠩᠨᠡᠯᠲᠡ ᠳᠤ ᠮᠥᠩᠭᠦᠨ ᠭᠦᠢᠯᠭᠡᠭᠡᠨ ᠤ ᠳᠡᠮᠵᠢᠯᠭᠡ ᠦᠵᠡᠭᠦᠯᠬᠦ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠦᠯᠦᠭᠡ᠂ ᠳᠤᠮᠳᠠᠳᠤ ᠤᠯᠤᠰ ᠤᠨ ᠪᠠᠩᠬᠢ ᠪᠠ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠬᠠᠮᠲᠤᠷᠠᠨ ︽ᠪᠠᠩᠬᠢ ᠪᠠ ᠳᠠᠭᠠᠳᠬᠠᠯ ᠤᠨ ᠪᠠᠶᠢᠭᠤᠯᠤᠮᠵᠢ ᠶᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠬᠥᠭᠵᠢᠯᠲᠡ ᠶᠢ ᠳᠡᠮᠵᠢᠬᠦ ᠲᠤᠬᠠᠢ ᠵᠢᠯᠤᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠪᠠ᠂ ᠨᠠᠷᠢᠨ ᠪᠠᠶᠢᠳᠠᠯ ︵ᠳᠣᠷᠣᠭᠰᠢ ︽ᠵᠢᠯᠤᠭᠤᠳᠬᠤ ᠰᠠᠨᠠᠯ︾ ᠭᠡᠵᠦ ᠲᠣᠪᠴᠢᠯᠠᠨ᠎ᠠ︶ ᠢ ᠲᠤᠪᠴᠢᠳᠠᠵᠦ ᠤᠶᠢᠯᠠᠭᠠᠭᠠᠷᠠᠢ᠃ ᠣᠶᠢᠷ᠎ᠠ ᠳᠤ᠂ ᠳᠤᠮᠳᠠᠳᠤ ᠤᠯᠤᠰ ᠤᠨ ᠪᠠᠩᠬᠢ ᠪᠠ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ᠠᠰᠠᠭᠤᠯᠳᠠ᠄      ︽ᠵᠢᠯᠤᠭᠤᠳᠬᠤ ᠰᠠᠨᠠᠯ︾ ᠢ ᠨᠡᠶᠢᠲᠡᠯᠡᠭᠰᠡᠨ ᠠᠬᠤᠢ ᠪᠠᠶᠢᠳᠠᠯ ᠨᠢ ᠶᠠᠭᠤ ᠪᠤᠶ︖ᠬᠠᠷᠢᠭᠤᠯᠳᠠ᠄      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠰᠢᠨ᠎ᠡ ᠬᠤᠲᠠ ᠶᠢᠨ ᠠᠷᠠᠳ᠂ ᠵᠠᠯᠠᠭᠤᠴᠤᠳ ᠵᠡᠷᠭᠡ ᠬᠥᠮᠥᠰ ᠤᠨ ᠣᠷᠣᠨ ᠰᠠᠭᠤᠴᠠ ᠶᠢᠨ ᠬᠦᠴᠢᠷᠳᠡᠯ ᠤᠨ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠦ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ᠵᠢᠭᠠᠵᠤ ᠭᠠᠷᠭᠠᠭᠰᠠᠨ ᠨᠢ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠢ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠳᠤ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠬᠠᠩᠭᠠᠯᠭ᠎ᠠ ᠶᠢ ᠦᠨᠡᠨ ᠬᠦ ᠨᠡᠮᠡᠭᠳᠡᠭᠦᠯᠬᠦ ᠪᠠᠷ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠡᠭᠦᠷᠭᠡ ᠪᠣᠯᠭᠠᠨ᠎ᠠ᠃ 2021 ᠣᠨ ᠤ 6 ᠳ᠋ᠤᠭᠠᠷ ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠬᠥᠭᠵᠢᠯᠲᠡ ᠶᠢ ᠲᠦᠷᠭᠡᠳᠬᠡᠬᠦ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠵᠤ᠂ ᠡᠭᠦᠨ ᠳᠤ ᠮᠥᠩᠭᠦᠨ ᠭᠦᠢᠯᠭᠡᠭᠡᠨ ᠤ ᠳᠡᠮᠵᠢᠯᠭᠡ ᠶᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ ᠭᠡᠵᠦ ᠲᠣᠳᠣᠷᠬᠠᠢ ᠱᠠᠭᠠᠷᠳᠠᠵᠠᠢ᠃      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠬᠥᠭᠵᠢᠭᠦᠯᠬᠦ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠬᠤ ᠶᠢᠨ ᠲᠥᠯᠥᠭᠡ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠬᠥᠭᠵᠢᠯᠲᠡ ᠳᠤ ᠦᠵᠡᠭᠦᠯᠬᠦ ᠮᠥᠩᠭᠦᠨ ᠭᠦᠢᠯᠭᠡᠭᠡᠨ ᠤ ᠳᠡᠮᠵᠢᠯᠭᠡ ᠶᠢ ᠨᠡᠮᠡᠭᠳᠡᠭᠦᠯᠵᠦ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠬᠠᠩᠭᠠᠯᠭ᠎ᠠ ᠶᠢ ᠥᠷᠭᠡᠳᠬᠡᠬᠦ ᠳᠤ ᠬᠦᠴᠦᠨ ᠨᠡᠮᠡᠷᠢᠯᠡᠵᠦ᠂ ᠰᠢᠨ᠎ᠡ ᠬᠤᠲᠠ ᠶᠢᠨ ᠠᠷᠠᠳ᠂ ᠵᠠᠯᠠᠭᠤᠴᠤᠳ ᠵᠡᠷᠭᠡ ᠶᠢᠨ ᠣᠷᠣᠨ ᠰᠠᠭᠤᠴᠠ ᠶᠢᠨ ᠬᠦᠴᠢᠷᠳᠡᠯ ᠢ ᠨᠠᠮᠳᠠᠭᠤᠯᠬᠤ ᠳᠤ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ᠂ ᠳᠤᠮᠳᠠᠳᠤ ᠤᠯᠤᠰ ᠤᠨ ᠪᠠᠩᠬᠢ ᠪᠠ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠬᠠᠮᠲᠤᠷᠠᠨ ︽ᠵᠢᠯᠤᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠪᠠ᠃ᠠᠰᠠᠭᠤᠯᠳᠠ᠄      ︽ᠵᠢᠯᠤᠭᠤᠳᠬᠤ ᠰᠠᠨᠠᠯ︾ ᠳᠤ ᠪᠠᠩᠬᠢ ᠪᠠ ᠳᠠᠭᠠᠳᠬᠠᠯ ᠤᠨ ᠪᠠᠶᠢᠭᠤᠯᠤᠮᠵᠢ ᠳᠤ ᠶᠠᠮᠠᠷ ᠶᠠᠮᠠᠷ ᠱᠠᠭᠠᠷᠳᠠᠯᠭ᠎ᠠ ᠳᠤᠷᠠᠳᠤᠭᠰᠠᠨ ᠪᠣᠶ︖ᠬᠠᠷᠢᠭᠤᠯᠳᠠ᠄      ︽ᠵᠢᠯᠤᠭᠤᠳᠬᠤ ᠰᠠᠨᠠᠯ︾ ᠳᠤ ᠠᠷᠠᠳ ᠲᠦᠮᠡᠨ ᠢᠶᠠᠷ ᠭᠤᠣᠯ ᠪᠣᠯᠭᠠᠬᠤ᠂ ᠵᠠᠬ᠎ᠠ ᠳᠡᠯᠭᠡᠭᠦᠷᠴᠢᠯᠡᠬᠦ ᠪᠠᠷ ᠤᠳᠤᠷᠢᠳᠤᠮᠵᠢ ᠪᠣᠯᠭᠠᠬᠤ᠂ ᠲᠦᠭᠰᠢᠭᠦᠷᠢ ᠶᠢ ᠡᠵᠡᠮᠳᠡᠵᠦ ᠪᠣᠯᠬᠤ ᠪᠠᠷ ᠤᠷᠢᠲᠠᠯ ᠪᠣᠯᠭᠠᠬᠤ᠂ ᠣᠯᠠᠨ ᠲᠠᠯ᠎ᠠ ᠶᠢᠨ ᠬᠠᠮᠵᠢᠯᠴᠠᠭ᠎ᠠ ᠪᠠᠷ ᠪᠠᠲᠤᠯᠠᠭ᠎ᠠ ᠪᠣᠯᠭᠠᠬᠤ ᠶᠢ ᠪᠠᠷᠢᠮᠲᠠᠯᠠᠵᠤ᠂ ᠳᠣᠣᠷᠠᠬᠢ ᠱᠠᠭᠠᠷᠳᠠᠯᠭ᠎ᠠ ᠶᠢ ᠳᠤᠷᠠᠳᠪᠠ᠃      ᠨᠢᠭᠡ ᠳᠤ᠂ ᠡᠯ᠎ᠡ ᠲᠦᠷᠦᠯ ᠤᠨ ᠪᠠᠶᠢᠭᠤᠯᠤᠮᠵᠢ ᠶᠢᠨ ᠲᠤᠰ ᠪᠡᠶ᠎ᠡ ᠶᠢᠨ ᠲᠠᠪᠠᠭᠤᠯᠢᠭ ᠢ ᠪᠠᠳᠠᠷᠠᠭᠤᠯᠤᠨ᠎ᠠ᠃ ᠤᠯᠤᠰ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ᠂ ᠬᠤᠳᠠᠯᠳᠤᠭᠠᠨ ᠤ ᠪᠠᠩᠬᠢ᠂ ᠳᠠᠭᠠᠳᠬᠠᠯ ᠤᠨ ᠪᠠᠶᠢᠭᠤᠯᠤᠮᠵᠢ᠂ ᠢᠳᠡᠭᠡᠮᠵᠢᠳᠦ ᠺᠣᠮᠫᠠᠨᠢ ᠵᠡᠷᠭᠡ ᠨᠢ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠲᠣᠰ ᠪᠡᠶ᠎ᠡ ᠶᠢᠨ ᠲᠤᠬᠠᠶᠢᠯᠠᠭᠰᠠᠨ ᠠᠵᠢᠯ ᠤᠨ ᠣᠨᠴᠠᠯᠢᠭ ᠲᠤ ᠪᠠᠨ ᠰᠠᠭᠤᠷᠢᠯᠠᠨ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠤᠨ᠎ᠠ᠃      ᠬᠤᠶᠠᠷ ᠲᠤ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠪᠡᠯᠡ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢᠨ ᠣᠨᠴᠠᠯᠢᠭ ᠢ ᠡᠵᠡᠮᠰᠢᠨ᠎ᠡ᠃ ᠪᠠᠩᠬᠢ ᠳᠠᠭᠠᠳᠬᠠᠯ ᠤᠨ ᠪᠠᠶᠢᠭᠤᠯᠤᠮᠵᠢ ᠨᠤᠭᠤᠳ ᠥᠪᠡᠷ ᠢᠶᠠᠨ ᠡᠵᠡᠮᠰᠢᠬᠦ ᠲᠥᠷᠥᠯ ᠪᠠ ᠥᠪᠡᠷ ᠤᠨ ᠥᠮᠴᠢᠯᠡᠯ ᠤᠨ ᠪᠤᠰᠤ ᠥᠮᠴᠢᠯᠡᠬᠦ ᠡᠷᠬᠡ ᠶᠢᠨ ᠲᠥᠷᠥᠯ ᠤᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠣᠨᠴᠠᠯᠢᠭ ᠢ ᠦᠨᠳᠦᠰᠦᠯᠡᠨ᠂ ᠬᠡᠷᠡᠭᠴᠡᠭᠡ ᠱᠠᠭᠠᠷᠳᠠᠯᠭ᠎ᠠ ᠯᠤᠭ᠎ᠠ ᠬᠠᠷᠢᠯᠴᠠᠨ ᠵᠣᠬᠢᠴᠠᠭᠰᠠᠨ ᠮᠥᠩᠭᠦᠨ ᠭᠦᠢᠯᠭᠡᠭᠡᠨ ᠤ ᠳᠡᠮᠵᠢᠯᠭᠡ ᠶᠢ ᠲᠣᠰ ᠲᠣᠰ ᠬᠠᠩᠭᠠᠨ᠎ᠠ᠃ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠣᠨᠴᠠᠯᠢᠭ ᠲᠤ ᠨᠡᠶᠢᠴᠡᠬᠦ  ᠪᠠᠳᠤᠯᠠᠯᠳᠠ ᠶᠢᠨ ᠠᠷᠭ᠎ᠠ ᠮᠠᠶ᠋ᠢᠭ ᠢ ᠰᠦᠪᠡᠭᠴᠢᠯᠡᠨ᠎ᠡ᠃       ᠭᠤᠷᠪᠠ ᠳᠤ᠂ ᠳᠣᠲᠣᠭᠠᠳᠤ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠪᠠᠩᠬᠢ ᠳᠠᠭᠠᠳᠬᠠᠯ ᠤᠨ ᠪᠠᠶᠢᠭᠤᠯᠤᠮᠵᠢ ᠨᠤᠭᠤᠳ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠦᠨ᠂ ᠤᠷᠮᠠᠰᠢᠭᠤᠯᠬᠤ ᠪᠠ ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠤᠰᠬᠠᠶᠢᠵᠢᠭᠰᠠᠨ ᠴᠢᠳᠠᠪᠤᠷᠢ ᠪᠠ ᠬᠢᠷᠢ ᠲᠦᠪᠰᠢᠨ ᠢ ᠲᠡᠭᠡᠭᠰᠢᠯᠡᠭᠦᠯᠦᠨ᠎ᠡ᠃       ᠳᠥᠷᠪᠡ ᠳᠤ᠂ ᠠᠶᠤᠯ ᠲᠦᠭᠰᠢᠭᠦᠷᠢ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠬᠢᠨᠠᠭᠤᠷ ᠪᠣᠯᠭᠤᠮᠵᠢᠲᠠᠢ ᠯᠠᠪᠳᠠᠭᠤᠨ ᠲᠣᠭᠲᠠᠭᠤᠨ ᠪᠠ ᠠᠮᠤᠷ ᠲᠦᠪᠰᠢᠨ ᠪᠠᠶᠢᠬᠤ ᠵᠠᠷᠴᠢᠮ ᠢ ᠵᠢᠷᠤᠮᠯᠠᠨ᠂ ᠪᠡᠯᠡ ᠲᠣᠬᠢᠷᠠᠭᠤᠯᠭ᠎ᠠ ᠶᠢᠨ ᠭᠤᠣᠯ ᠴᠣᠭᠴᠠ ᠶᠢᠨ ᠡᠬᠢᠯᠡᠨ ᠵᠥᠪᠰᠢᠶᠡᠷᠡᠬᠦ ᠬᠠᠮᠢᠶᠠᠷᠤᠯᠲᠠ ᠶᠢ ᠰᠠᠶᠢᠲᠤᠷ ᠬᠢᠵᠦ᠂ ᠲᠥᠷᠥᠯ ᠵᠦᠢᠯ ᠤᠨ ᠲᠦᠭᠰᠢᠭᠦᠷᠢ ᠶᠢ ᠰᠠᠶᠢᠲᠤᠷ ᠡᠵᠡᠮᠳᠡᠵᠦ᠂ ᠲᠥᠷᠥᠯ ᠵᠦᠢᠯ ᠤᠨ ᠵᠠᠯᠭᠠᠮᠵᠢ ᠮᠥᠷᠳᠡᠯᠲᠡ ᠶᠢᠨ ᠬᠠᠮᠢᠶᠠᠷᠤᠯᠲᠠ ᠶᠢ ᠴᠢᠩᠭᠠᠳᠬᠠᠨ᠂ ᠲᠦᠭᠰᠢᠭᠦᠷᠢ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠨ᠎ᠠ᠃ᠠᠰᠠᠭᠤᠯᠳᠠ       ︽ᠵᠢᠯᠤᠭᠤᠳᠬᠤ ᠰᠠᠨᠠᠯ︾ ᠨᠢ ᠡᠯ᠎ᠡ ᠭᠠᠵᠠᠷ ᠤᠨ ᠬᠢᠨ ᠳᠤ ᠶᠠᠮᠠᠷ ᠱᠠᠭᠠᠷᠳᠠᠯᠭ᠎ᠠ ᠳᠤᠷᠠᠳᠤᠭᠰᠠᠨ ᠪᠣᠶ︖ᠬᠠᠷᠢᠭᠤᠯᠳᠠ      ︽ᠵᠢᠯᠤᠭᠤᠳᠬᠤ ᠰᠠᠨᠠᠯ︾ ᠳᠤ ᠡᠯ᠎ᠡ ᠭᠠᠵᠠᠷ ᠤᠨ ᠬᠢᠨ ᠳᠤ ᠳᠣᠣᠷᠠᠬᠢ ᠮᠡᠲᠦ ᠱᠠᠭᠠᠷᠳᠠᠯᠭ᠎ᠠ ᠳᠤᠷᠠᠳᠪᠠ᠃      ᠨᠢᠭᠡ ᠳᠤ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠬᠤᠯᠪᠣᠭᠳᠠᠯ ᠪᠦᠬᠦᠢ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠶᠢ ᠲᠦᠷᠭᠡᠬᠡᠨ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠡᠯ᠎ᠡ ᠭᠠᠵᠠᠷ ᠤᠨ ᠬᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠬᠥᠭᠵᠢᠭᠦᠯᠬᠦ ᠪᠣᠳᠠᠲᠠᠢ ᠠᠷᠭ᠎ᠠ ᠶᠢ ᠲᠦᠷᠭᠡᠬᠡᠨ ᠨᠡᠶᠢᠲᠡᠯᠡᠵᠦ᠂ ᠲᠤᠰ ᠭᠠᠵᠠᠷ ᠣᠷᠣᠨ ᠤ ᠪᠠᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠪᠠᠶᠢᠭᠤᠯᠬᠤ ᠪᠠᠷ ᠭᠤᠶᠤᠴᠢᠯᠠᠬᠤ ᠨᠥᠬᠦᠴᠡᠯ᠂ ᠴᠤᠪᠤᠷᠠᠯ ᠬᠢᠭᠡᠳ ᠠᠵᠢᠯ ᠤᠨ ᠱᠠᠭᠠᠷᠳᠠᠯᠭ᠎ᠠ ᠵᠡᠷᠭᠡ ᠶᠢ ᠲᠤᠳᠤᠷᠬᠠᠶᠢᠯᠠᠨ᠎ᠠ᠃       ᠬᠤᠶᠠᠷ ᠲᠤ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠦᠷᠦᠯ ᠵᠦᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠡᠯ᠎ᠡ ᠭᠠᠵᠠᠷ ᠤᠨ ᠬᠢᠨ ᠣᠷᠣᠨ ᠰᠠᠭᠤᠴᠠ ᠶᠢᠨ ᠲᠦᠷᠢᠶᠡᠰᠦ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠢ ᠲᠦᠷᠭᠡᠳᠬᠡᠨ ᠪᠠᠶᠢᠭᠤᠯᠤᠨ ᠪᠦᠷᠢᠨᠰᠢᠭᠦᠯᠵᠦ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠲᠦᠷᠢᠶᠡᠰᠦᠯᠡᠭᠦᠯᠬᠦ ᠪᠠ ᠡᠵᠡᠩᠨᠡᠯᠲᠡ ᠬᠠᠮᠢᠶᠠᠷᠤᠯᠲᠠ ᠶᠢᠨ ᠪᠥᠬᠦ ᠶᠠᠪᠤᠴᠠ ᠳᠤ ᠬᠢᠨᠠᠯᠲᠠ ᠲᠠᠯᠪᠢᠬᠤ ᠪᠠᠨ ᠴᠢᠩᠭᠠᠳᠬᠠᠨ᠎ᠠ᠃ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠨᠡᠷ᠎ᠡ ᠪᠠᠷ ᠪᠠᠩᠬᠢ ᠳᠠᠭᠠᠳᠬᠠᠯ ᠤᠨ ᠪᠠᠶᠢᠭᠤᠯᠤᠮᠵᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠮᠡᠬᠡᠯᠡᠨ ᠠᠪᠬᠤ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃      ᠭᠤᠷᠪᠠ ᠳᠤ᠂ ᠲᠥᠷᠥᠯ ᠵᠦᠢᠯ ᠤᠨ ᠵᠥᠪᠰᠢᠶᠡᠷᠡᠯ ᠤᠨ ᠬᠠᠮᠢᠶᠠᠷᠤᠯᠲᠠ ᠶᠢ ᠰᠠᠶᠢᠲᠤᠷ ᠬᠢᠨ᠎ᠡ᠃ ᠡᠯ᠎ᠡ ᠭᠠᠵᠠᠷ ᠤᠨ ᠬᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ ᠤᠨ ᠨᠤᠳᠠᠯᠠᠯᠳᠠ ᠶᠢᠨ ᠪᠢᠴᠢᠭ ᠤᠨ ᠳᠦᠷᠢᠮ ᠢ ᠲᠣᠳᠣᠷᠬᠠᠶᠢᠯᠠᠵᠤ᠂ ᠪᠠᠩᠬᠢ ᠳᠠᠭᠠᠳᠬᠠᠯ ᠤᠨ ᠪᠠᠶᠢᠭᠤᠯᠤᠮᠵᠢ  ᠯᠤᠭ᠎ᠠ ᠲᠣᠰ ᠭᠠᠵᠠᠷ ᠣᠷᠣᠨ ᠤ ᠪᠠᠲᠤᠯᠠᠭ᠎ᠠ ᠶᠢᠨ ᠴᠢᠨᠠᠷᠲᠠᠢ  ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ ᠤᠨ ᠮᠡᠳᠡᠭᠡ ᠵᠠᠩᠭᠢ ᠶᠢ ᠴᠠᠭ ᠲᠤᠬᠠᠢ ᠳᠤ ᠨᠢ ᠬᠠᠮᠲᠤ ᠪᠠᠷ ᠡᠳ᠋ᠯᠡᠵᠦ᠂ ᠪᠠᠩᠬᠢ ᠳᠠᠭᠠᠳᠬᠠᠯ ᠤᠨ ᠪᠠᠶᠢᠭᠤᠯᠤᠮᠵᠢ ᠳᠤ ᠬᠢᠷᠢ ᠲᠡᠩᠴᠡᠭᠰᠡᠨ ᠣᠷᠣᠨ ᠰᠠᠭᠤᠴᠠ ᠶᠢᠨ ᠲᠦᠷᠢᠶᠡᠰᠦᠨ ᠠᠵᠤ ᠠᠬᠤᠶᠢᠯᠠᠯ ᠤᠨ ᠨᠡᠷᠡᠰ ᠪᠠ ᠠᠵᠤ ᠠᠬᠤᠶᠢᠯᠠᠯ ᠤᠨ ᠡᠵᠡᠩᠨᠡᠯᠲᠡ ᠶᠢᠨ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠵᠦ᠂ ᠪᠠᠩᠬᠢ ᠳᠠᠭᠠᠳᠬᠠᠯ ᠤᠨ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠢᠶᠠᠨ ᠥᠷᠨᠢᠭᠦᠯᠬᠦ ᠳᠤ ᠳᠡᠮᠵᠢᠯᠭᠡ ᠬᠠᠩᠭᠠᠬᠤ ᠬᠡᠷᠡᠭᠲᠡᠢ᠃ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ ᠤᠨ ᠨᠤᠳᠠᠯᠠᠯᠳᠠ ᠶᠢᠨ ᠪᠢᠴᠢᠭ ᠢ ᠣᠯᠣᠭᠰᠠᠨ ᠪᠠᠶᠢᠪᠠᠯ ᠰᠠᠶ᠋ᠢ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠬᠠᠮᠢᠶ᠎ᠠ ᠪᠦᠬᠦᠢ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠬᠡᠷᠡᠭᠯᠡᠵᠦ ᠪᠣᠯᠣᠨ᠎ᠠ᠃ᠠᠰᠠᠭᠤᠯᠳᠠ᠄      ﹇ᠵᠢᠯᠤᠭᠤᠳᠬᠤ ᠰᠠᠨᠠᠯ﹈ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ  ᠶᠢᠨ ᠲᠠᠯ᠎ᠠ ᠪᠠᠷ ᠶᠠᠮᠠᠷ ᠶᠠᠮᠠᠷ ᠳᠡᠮᠵᠢᠬᠦ ᠠᠷᠭ᠎ᠠ ᠬᠡᠮᠵᠢᠶ᠎ᠡ ᠠᠪᠤᠭᠰᠠᠨ ᠪᠤᠶ︖ ᠬᠠᠷᠢᠭᠤᠯᠳᠠ᠄      ᠪᠠᠩᠬᠢ ᠪᠠ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠨᠢ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠪᠠᠩᠬᠢ ᠳᠠᠭᠠᠳᠬᠠᠯ ᠤᠨ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠦᠯᠬᠦ᠂ ᠲᠦᠭᠰᠢᠭᠦᠷᠢ ᠶᠢ ᠡᠵᠡᠮᠳᠡᠵᠦ ᠪᠣᠯᠬᠤ᠂ ᠬᠤᠳᠠᠯᠳᠤᠭᠠᠨ ᠤ ᠦᠢᠯᠡᠰ ᠢ ᠦᠷᠭᠦᠯᠵᠢᠯᠡᠭᠦᠯᠵᠦ ᠪᠣᠯᠬᠤ ᠵᠠᠷᠴᠢᠮ ᠶᠣᠰᠣᠭᠠᠷ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠬᠥᠭᠵᠢᠯᠲᠡ ᠳᠤ ᠮᠥᠩᠭᠦᠨ ᠭᠦᠢᠯᠭᠡᠭᠡᠨ ᠤ ᠳᠡᠮᠵᠢᠯᠭᠡ ᠦᠵᠡᠭᠦᠯᠬᠦ ᠶᠢ ᠤᠯᠠᠮ ᠨᠢᠭᠡ ᠠᠯᠬᠤᠮ ᠴᠢᠩᠭᠠᠳᠬᠠᠪᠠ᠃ ᠨᠢᠭᠡ ᠳᠤ᠂ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠮᠥᠩᠭᠦᠨ ᠭᠦᠢᠯᠭᠡᠭᠡᠨ ᠤ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠶᠢ ᠲᠡᠮᠵᠢᠵᠤ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠳᠡᠮᠵᠢᠬᠦ ᠪᠡᠯᠡ ᠮᠦᠩᠭᠦ ᠶᠢᠨ ᠢᠷᠡᠯᠳᠡ ᠶᠢ ᠦᠷᠭᠡᠳᠭᠡᠨ  ᠲᠡᠮᠵᠢᠪᠡ᠃ ᠬᠤᠶᠠᠷ ᠲᠤ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠬᠤᠯᠪᠣᠭᠳᠠᠯ ᠪᠦᠬᠦᠢ ᠵᠢᠭᠡᠯᠡᠯᠭᠡ ᠶᠢ ᠭᠡᠷ ᠪᠠᠶᠢᠰᠢᠩ ᠭᠠᠵᠠᠷ ᠬᠥᠷᠥᠩᠭᠡ ᠶᠢᠨ ᠵᠢᠭᠡᠯᠡᠯᠭᠡ ᠶᠢᠨ ᠲᠥᠪᠯᠡᠷᠡᠩᠭᠦᠢ ᠬᠠᠮᠢᠶᠠᠷᠤᠯᠲᠠ ᠳᠤ ᠣᠷᠣᠭᠤᠯᠬᠤ ᠦᠭᠡᠢ ᠃ ᠭᠤᠷᠪᠠ ᠳᠤ᠂ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠬᠤᠯᠪᠣᠭᠳᠠᠯ ᠪᠦᠬᠦᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠠᠶᠢᠲᠤᠷ ᠰᠡᠷᠭᠡᠶᠢᠯᠡᠪᠡ᠃ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ
Baidu
map