︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠲᠠ ᠶᠢᠨ ᠶᠠᠪᠤᠳᠠᠯ ᠤᠨ ᠰᠠᠭᠤᠷᠢ ᠲᠦᠭᠦᠭᠡᠷᠦᠮᠵᠢ ᠶᠢ ᠰᠢᠰᠲ᠋ᠧᠮᠵᠢᠭᠦᠯᠦᠨ ᠪᠦᠲᠦᠭᠡᠨ ᠪᠠᠶᠢᠭᠤᠯᠬᠤ ᠲᠥᠯᠦᠪᠵᠢᠭᠦᠯᠭᠡ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2022/8/25
ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠳᠤ᠄     ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠬᠤᠲᠠ ᠪᠠᠯᠭᠠᠰᠤᠨ ᠤ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠴᠢᠨᠠᠷ ᠰᠠᠶᠢᠲᠠᠢ ᠬᠥᠭᠵᠢᠯᠲᠡ ᠶᠢ ᠵᠢᠯᠣᠭᠤᠳᠤᠨ ᠠᠬᠢᠭᠤᠯᠬᠤ ᠶᠢᠨ ᠲᠥᠯᠥᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠠᠨᠠᠭᠤᠯᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠲᠥᠯᠦᠪᠵᠢᠭᠦᠯᠭᠡ︾ ᠶᠢ ᠦᠨᠳᠦᠰᠦᠯᠡᠨ ᠂ ᠮᠠᠨ ᠤ ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠤᠲᠠ ᠶᠢᠨ ᠶᠠᠪᠤᠳᠠᠯ ᠤᠨ ᠰᠠᠭᠤᠷᠢ ᠲᠦᠭᠦᠭᠡᠷᠦᠮᠵᠢ ᠶᠢ ᠰᠢᠰᠲ᠋ᠧᠮᠵᠢᠭᠦᠯᠦᠨ ᠪᠦᠲᠦᠭᠡᠨ ᠪᠠᠶᠢᠭᠤᠯᠬᠤ ᠲᠥᠯᠦᠪᠵᠢᠭᠦᠯᠭᠡ︾ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠪᠠ᠃ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠪᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠲᠦᠭᠡᠢ᠃                                   2022 ᠣᠨ ᠤ 7 ᠳ᠋ᠤᠭᠠᠷ ᠰᠠᠷ᠎ᠠ ᠶᠢᠨ 27 ᠤ ᠡᠳᠦᠷ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ᠨᠠᠷᠢᠨ ᠠᠭᠤᠯᠭ᠎ᠠ ᠶᠢ ᠠᠳᠡ ᠲᠤᠪᠴᠢᠳᠠᠭᠠᠷᠠᠢ᠄http://zjt.nmg.gov.cn/zwgk/zcfg/202208/P020220811587648853889.pdf 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ
Baidu
map