ᠥᠪᠥᠷ ᠮᠣᠩᠭᠤᠯ ᠤᠨ ᠪᠠᠷᠢᠯᠭ᠎ᠠ ᠶᠢᠨ ᠦᠢᠯᠡᠰ ᠤᠨ ᠢᠨᠲ᠋ᠧᠷ ᠰᠦᠯᠵᠢᠶᠡᠨ ᠤ ᠲᠠᠪᠴᠠᠩ ᠢ ᠳᠡᠯᠭᠡᠷᠡᠭᠦᠯᠦᠨ ᠬᠡᠷᠡᠭᠯᠡᠬᠦ ᠠᠵᠢᠯ ᠢ ᠲᠦᠷᠭᠡᠳᠬᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2023/10/26
            ᠥᠪᠥᠷ ᠵᠠᠰᠠᠭ ᠠᠯᠪᠠᠨ ᠲᠠᠷᠬᠠᠭᠠᠭᠰᠠᠨ ﹇ 2023﹈ 589 ᠳ᠋ᠤᠭᠡᠷ ᠲᠣᠭᠠᠲᠤ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠡᠯ᠎ᠡ ᠬᠤᠯᠪᠣᠭᠳᠠᠯ ᠪᠦᠬᠦᠢ ᠨᠢᠭᠡᠴᠢ ᠳᠤ᠄    ︽ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠦᠢᠯᠡᠰ ᠢ ᠳᠠᠬᠢᠨ ᠢᠶᠠᠷ ᠨᠡᠮᠡᠭᠳᠡᠭᠦᠯᠬᠦ ᠠᠵᠢᠯᠯᠠᠭᠠᠨ ᠤ ᠲᠥᠯᠥᠪᠯᠡᠭᠡ ︵2023 — 2025 ᠣᠨ︶ ᠶᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2023﹈ 52 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠥᠪᠥᠷ ᠮᠣᠩᠭᠤᠯ ᠤᠨ ᠪᠠᠷᠢᠯᠭ᠎ᠠ ᠶᠢᠨ ᠦᠢᠯᠡᠰ ᠤᠨ ᠢᠨᠲ᠋ᠧᠷ ᠰᠦᠯᠵᠢᠶᠡᠨ ᠤ ᠲᠠᠪᠴᠠᠩ ︵ᠳᠣᠷᠣᠭᠰᠢ ᠲᠠᠪᠴᠠᠩ ᠭᠡᠵᠦ ᠲᠣᠪᠴᠢᠯᠠᠨ᠎ᠠ︶ ᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠭᠡᠨ᠂ ᠮᠠᠨ ᠤ ᠣᠷᠣᠨ ᠤ ᠪᠠᠷᠢᠯᠭ᠎ᠠ ᠶᠢᠨ ᠦᠢᠯᠡᠰ ᠤᠨ ᠰᠢᠨ᠎ᠡ ᠵᠠᠮ ᠢ ᠨᠡᠬᠡᠬᠡᠬᠦ᠂ ᠳᠤᠮᠳᠠ ᠪᠠᠶᠢᠷᠢᠨ ᠳᠤ ᠣᠷᠣᠬᠤ ᠶᠢ ᠠᠬᠢᠭᠤᠯᠬᠤ ᠶᠢᠨ ᠲᠤᠰᠠᠳᠠ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄ᠨᠢᠭᠡ᠂ ᠲᠠᠪᠴᠠᠩ ᠤᠨ ᠴᠢᠬᠤᠯᠠ ᠴᠢᠨᠠᠷ ᠢ ᠭᠦᠢᠴᠡᠳ ᠲᠠᠨᠢᠬᠤ ᠬᠡᠷᠡᠭᠲᠡᠢ    ᠲᠠᠪᠴᠠᠩ ᠨᠢ ᠪᠠᠷᠢᠯᠭ᠎ᠠ ᠶᠢᠨ ᠦᠢᠯᠡᠰ ᠤᠨ ᠬᠤᠳᠠᠯᠳᠤᠨ ᠠᠪᠬᠤ᠂ ᠬᠠᠩᠭᠠᠬᠤ᠂ ᠳᠠᠭᠠᠭᠠᠴᠢᠯᠠᠯᠲᠠ ᠵᠠᠷᠯᠠᠬᠤ᠂ ᠳᠠᠭᠠᠭᠠᠴᠢᠯᠠᠯᠲᠠ ᠬᠦᠯᠢᠶᠡᠬᠦ᠂ ᠬᠢᠨᠠᠯᠲᠠ ᠲᠠᠯᠪᠢᠬᠤ᠂ ᠮᠡᠳᠡᠭᠡ ᠵᠠᠩᠭᠢ ᠨᠡᠶᠢᠲᠡᠯᠡᠬᠦ ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ ᠵᠡᠷᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠬᠡᠷᠡᠭᠯᠡᠭᠡᠨ ᠤ ᠲᠠᠪᠴᠠᠩ ᠪᠣᠯᠣᠨ᠎ᠠ᠃ ᠲᠠᠪᠴᠠᠩ ᠨᠢ ᠪᠠᠷᠢᠯᠭ᠎ᠠ ᠶᠢᠨ ᠦᠢᠯᠡᠰ᠂ ᠪᠠᠷᠢᠯᠭ᠎ᠠ ᠶᠢᠨ ᠮᠠᠲ᠋ᠧᠷᠢᠶᠠᠯ᠂ ᠮᠥᠩᠭᠦᠨ ᠭᠦᠢᠯᠭᠡᠭᠡᠨ ᠤ ᠦᠢᠯᠡᠰ᠂ ᠪᠠᠷᠠᠭᠠᠨ ᠤ ᠭᠦᠢᠯᠭᠡᠭᠡᠨ ᠤ ᠦᠢᠯᠡᠰ ᠵᠡᠷᠭᠡ ᠠᠵᠢᠯ ᠲᠥᠷᠥᠯ ᠤᠨ ᠬᠠᠮᠢᠶ᠎ᠠ ᠪᠦᠬᠦᠢ ᠡᠬᠢ ᠪᠠᠶᠠᠯᠢᠭ ᠪᠠ ᠮᠡᠳᠡᠭᠡ ᠵᠠᠩᠭᠢ ᠶᠢ ᠡᠮᠬᠢᠯᠡᠨ ᠨᠡᠶᠢᠯᠡᠭᠦᠯᠵᠦ᠂ ᠬᠠᠩᠭᠠᠯᠭ᠎ᠠ ᠬᠡᠷᠡᠭᠴᠡᠭᠡ ᠶᠢᠨ ᠮᠡᠳᠡᠭᠡ ᠵᠠᠩᠭᠢ ᠶᠢ ᠢᠯᠡ ᠪᠣᠯᠭᠠᠬᠤ᠂ ᠠᠵᠤ ᠠᠬᠤᠶᠢᠯᠠᠯ ᠤᠨ ᠰᠦᠯᠵᠢᠶᠡᠨ ᠳᠡᠭᠡᠷ᠎ᠡ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠪᠠ ᠰᠦᠯᠵᠢᠶᠡᠨ ᠳᠡᠭᠡᠷ᠎ᠡ ᠲᠥᠪᠯᠡᠷᠡᠭᠦᠯᠦᠨ ᠬᠤᠳᠠᠯᠳᠤᠨ ᠠᠪᠴᠤ ᠠᠷᠠᠯᠵᠢᠶᠠᠯᠠᠬᠤ᠂ ᠮᠡᠳᠡᠭᠡ ᠵᠠᠩᠭᠢ ᠶᠢ ᠢᠯᠡ‌‍ᠪᠠᠷ ᠦᠵᠡᠭᠦᠯᠬᠦ ᠵᠡᠷᠭᠡ ᠴᠢᠳᠠᠮᠵᠢ ᠶᠢ ᠪᠦᠷᠢᠯᠳᠦᠭᠦᠯᠪᠡ᠃ ᠲᠠᠪᠴᠠᠩ ᠨᠢ ᠪᠠᠷᠠᠭᠠᠨ ᠤ ᠭᠦᠢᠯᠭᠡᠭᠡ᠂ ᠠᠷᠠᠯᠵᠢᠶ᠎ᠠ ᠬᠤᠳᠠᠯᠳᠤᠭ᠎ᠠ ᠵᠡᠷᠭᠡ ᠳᠡᠭᠡᠳᠦ ᠳᠣᠤᠷᠠᠳᠤ ᠤᠷᠤᠰᠬᠠᠯ ᠤᠨ ᠠᠵᠤ ᠦᠢᠯᠡᠰ ᠤᠨ ᠬᠡᠯᠬᠢᠶ᠎ᠡ ᠶᠢᠨ ᠬᠠᠮᠵᠢᠯᠴᠠᠨ ᠢᠵᠢ ᠪᠥᠷᠢᠳᠦᠭᠦᠯᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠮᠠᠨ ᠤ ᠣᠷᠣᠨ ᠤ ᠪᠠᠷᠢᠯᠭ᠎ᠠ ᠶᠢᠨ ᠦᠢᠯᠡᠰ᠂ ᠪᠠᠷᠢᠯᠭ᠎ᠠ ᠶᠢᠨ ᠮᠠᠲ᠋ᠧᠷᠢᠶᠠᠯ᠂ ᠬᠥᠳᠡᠯᠮᠦᠷᠢ ᠦᠢᠯᠡᠴᠢᠯᠡᠭᠡ ᠠᠵᠢᠯᠴᠢᠨ ᠬᠡᠷᠡᠭᠯᠡᠬᠦ᠂ ᠲᠥᠬᠦᠭᠡᠷᠦᠮᠵᠢ ᠲᠦᠷᠢᠶᠡᠰᠦᠯᠡᠬᠦ᠂ ᠮᠥᠩᠭᠦᠨ ᠭᠦᠢᠯᠭᠡᠭᠡᠨ ᠤ ᠦᠢᠯᠡᠴᠢᠯᠡᠭᠡ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠵᠦ᠂ ᠲᠣᠰ ᠭᠠᠵᠠᠷ ᠣᠷᠣᠨ ᠤ ᠪᠠᠨ ᠡᠵᠡᠩᠨᠡᠯᠲᠡ ᠶᠢ ᠲᠦᠷᠭᠡᠳᠬᠡᠨ ᠪᠡᠶᠡᠯᠡᠭᠦᠯᠵᠦ᠂ ᠥᠪᠡᠷ ᠤᠨ ᠥᠷᠲᠡᠭ ᠢ ᠪᠠᠭᠤᠷᠠᠭᠤᠯᠤᠨ᠂ ᠶᠠᠰᠤ ᠴᠢᠨᠠᠷ ᠢ ᠪᠠᠲᠤᠯᠠᠵᠤ᠂ ᠦᠷ᠎ᠡ ᠠᠰᠢᠭ ᠢ ᠨᠡᠮᠡᠭᠳᠡᠭᠦᠯᠦᠨ᠂ ᠭᠠᠶᠢᠯᠢ ᠲᠠᠲᠠᠪᠤᠷᠢ ᠶᠢ ᠲᠣᠰ ᠭᠠᠵᠠᠷ ᠣᠷᠣᠨ ᠤ ᠬᠠᠷᠠᠯᠲᠠ ᠳᠤ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ᠬᠤᠶᠠᠷ᠂ ᠲᠠᠪᠴᠠᠩ ᠤᠨ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠭᠡᠬᠦ ᠬᠡᠷᠡᠭᠲᠡᠢ    ︵ᠨᠢᠭᠡ︶ ᠬᠠᠩᠭᠠᠯᠭ᠎ᠠ ᠶᠢᠨ ᠲᠠᠯ᠎ᠠ ᠶᠢᠨ ᠬᠢᠨ ᠢ ᠲᠠᠪᠴᠠᠩ ᠳᠤ ᠣᠷᠣᠭᠤᠯᠬᠤ ᠶᠢ ᠠᠬᠢᠭᠤᠯᠤᠨ᠎ᠠᠪᠠᠷᠢᠯᠭ᠎ᠠ ᠶᠢᠨ ᠮᠠᠲ᠋ᠧᠷᠢᠶᠠᠯ ᠦᠢᠯᠡᠳᠪᠦᠷᠢᠯᠡᠬᠦ᠂ ᠪᠣᠷᠣᠯᠠᠭᠤᠯᠬᠤ ᠠᠵᠤ ᠠᠬᠤᠶᠢᠯᠠᠯ ᠪᠣᠯᠤᠨ ᠮᠠᠰᠢᠨ ᠲᠥᠬᠦᠭᠡᠷᠦᠮᠵᠢ ᠦᠢᠯᠡᠳᠪᠦᠷᠢᠯᠡᠬᠦ᠂ ᠪᠣᠷᠣᠯᠠᠭᠤᠯᠬᠤ᠂ ᠲᠦᠷᠢᠶᠡᠰᠦᠯᠡᠭᠦᠯᠬᠦ ᠠᠵᠤ ᠠᠬᠤᠶᠢᠯᠠᠯ ᠵᠡᠷᠭᠡ ᠬᠠᠩᠭᠠᠯᠭ᠎ᠠ ᠶᠢᠨ ᠲᠠᠯ᠎ᠠ ᠶᠢᠨ ᠬᠢᠨ ᠲᠠᠪᠴᠠᠩ ᠤᠨ ᠴᠢᠳᠠᠮᠵᠢ ᠶᠢ ᠠᠰᠢᠭᠯᠠᠵᠤ᠂ ᠦᠢᠯᠡᠳᠬᠦᠨ᠂ ᠦᠢᠯᠡᠴᠢᠯᠡᠭᠡ ᠶᠢ ᠲᠠᠪᠴᠠᠩ ᠳᠡᠭᠡᠷᠡᠬᠢ ᠡᠯᠧᠺᠲᠷᠣᠨ ᠬᠤᠳᠠᠯᠳᠤᠭᠠᠨ ᠤ ᠬᠤᠲᠠ ᠳᠤ ᠬᠦᠷᠲᠡᠯ᠎ᠡ ᠲᠠᠯᠪᠢᠵᠤ᠂ ᠲᠠᠪᠴᠠᠩ ᠳᠡᠭᠡᠷᠡᠬᠢ ᠦᠨ᠎ᠡ ᠯᠠᠪᠯᠠᠬᠤ ᠮᠡᠳᠡᠭᠡ ᠵᠠᠩᠭᠢ᠂ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠮᠡᠳᠡᠭᠡ ᠵᠠᠩᠭᠢ ᠶᠢ ᠴᠠᠭ ᠲᠤᠬᠠᠶ ᠳᠤ ᠨᠢ ᠪᠠᠶᠢᠴᠠᠭᠠᠨ ᠦᠵᠡᠵᠦ᠂ ᠪᠣᠷᠣᠯᠠᠭᠤᠯᠬᠤ ᠦᠢᠯᠡᠳᠬᠦᠨ᠂ ᠦᠢᠯᠡᠴᠢᠯᠡᠭᠡ ᠶᠢ ᠳᠡᠯᠭᠡᠨ ᠦᠵᠡᠭᠦᠯᠵᠦ᠂ ᠠᠵᠤ ᠠᠬᠤᠶᠢᠯᠠᠯ ᠤᠨ ᠪᠣᠷᠣᠯᠠᠭᠤᠯᠭ᠎ᠠ ᠶᠢᠨ ᠠᠷᠭ᠎ᠠ ᠵᠠᠮ ᠢ ᠥᠷᠭᠡᠳᠭᠡᠨ᠎ᠡ᠃    ︵ᠬᠤᠶᠠᠷ︶ ᠬᠡᠷᠡᠭᠴᠡᠭᠡ ᠶᠢᠨ ᠲᠠᠯ᠎ᠠ ᠶᠢᠨ ᠬᠢᠨ ᠢ ᠣᠷᠣᠵᠤ ᠰᠠᠭᠤᠬᠤ ᠶᠢ ᠠᠬᠢᠭᠤᠯᠤᠨ᠎ᠠᠪᠠᠷᠢᠯᠭ᠎ᠠ ᠪᠠᠷᠢᠭᠤᠯᠬᠤ ᠨᠢᠭᠡᠴᠢ᠂ ᠪᠠᠷᠢᠯᠭ᠎ᠠ ᠪᠠᠷᠢᠬᠤ ᠨᠢᠭᠡᠴᠢ ᠵᠡᠷᠭᠡ ᠬᠤᠳᠠᠯᠳᠤᠨ ᠠᠪᠬᠤ᠂ ᠲᠦᠷᠢᠶᠡᠰᠦᠯᠡᠭᠦᠯᠬᠦ ᠬᠡᠷᠡᠭᠴᠡᠭᠡ ᠱᠠᠭᠠᠷᠳᠠᠯᠭ᠎ᠠ ᠲᠠᠢ ᠨᠢᠭᠡᠴᠢ ᠨᠦᠭᠦᠳ ᠲᠠᠪᠴᠠᠩ ᠤᠨ ᠪᠠᠷᠢᠯᠭ᠎ᠠ ᠶᠢᠨ ᠮᠠᠲ᠋ᠧᠷᠢᠶᠠᠯ ᠤᠨ ᠠᠷᠠᠯᠵᠢᠶ᠎ᠠ᠂ ᠮᠠᠰᠢᠨ ᠲᠥᠬᠦᠭᠡᠷᠦᠮᠵᠢ ᠲᠦᠷᠢᠶᠡᠰᠦᠯᠡᠬᠦ᠂ ᠪᠠᠯᠠ ᠲᠣᠬᠢᠷᠠᠭᠤᠯᠭ᠎ᠠ ᠶᠢᠨ ᠵᠢᠭᠡᠯᠡᠯᠭᠡ᠂ ᠬᠥᠳᠡᠯᠮᠦᠷᠢ ᠬᠦᠴᠦᠨ ᠤ ᠠᠵᠢᠯᠴᠢᠨ ᠬᠡᠷᠡᠭᠯᠡᠬᠦ ᠬᠠᠮᠢᠶᠠᠷᠤᠯᠲᠠ ᠵᠡᠷᠭᠡ ᠴᠢᠳᠠᠮᠵᠢ ᠶᠢ ᠠᠰᠢᠭᠯᠠᠨ᠂ ᠡᠯ᠎ᠡ ᠲᠥᠷᠥᠯ ᠤᠨ ᠳᠠᠪᠠᠭᠤᠯᠢᠭ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠪᠦᠷᠢᠯᠳᠦᠭᠰᠡᠨ ᠨᠢᠭᠡ ᠥᠷᠲᠡᠭᠡ ᠮᠠᠶ᠋ᠢᠭ ᠤᠨ ᠦᠢᠯᠡᠴᠢᠯᠡᠭᠡ ᠶᠢ ᠭᠥᠷᠳᠡᠨ᠎ᠡ᠃ ᠪᠠᠷᠢᠯᠭ᠎ᠠ ᠶᠢᠨ ᠮᠠᠲ᠋ᠧᠷᠢᠶᠠᠯ ᠤᠨ ᠠᠷᠠᠯᠵᠢᠶᠠᠨ ᠤ ᠠᠵᠢᠯᠯᠠᠭ᠎ᠠ ᠳᠤᠮᠳᠠ ᠬᠡᠷᠡᠭᠰᠡᠬᠦ ᠲᠠᠯ᠎ᠠ ᠨᠢ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ᠂ ᠦᠨ᠎ᠡ ᠬᠠᠩᠰᠢ ᠶᠢ ᠯᠠᠪᠯᠠᠨ ᠠᠰᠠᠭᠤᠬᠤ᠂ ᠡᠯᠧᠺᠲᠷᠣᠨ ᠬᠤᠳᠠᠯᠳᠤᠭᠠᠨ ᠤ ᠰᠢᠭᠤᠳ ᠬᠤᠳᠠᠯᠳᠤᠨ ᠠᠪᠬᠤ ᠵᠡᠷᠭᠡ ᠠᠳᠠᠯᠢ ᠪᠤᠰᠤ ᠲᠤᠬᠠᠶᠢᠯᠠᠭᠰᠠᠨ ᠠᠵᠢᠯ ᠤᠨ ᠬᠡᠷᠡᠭᠴᠡᠭᠡ ᠶᠣᠰᠣᠭᠠᠷ ᠰᠦᠯᠵᠢᠶᠡᠨ ᠳᠡᠭᠡᠷᠡᠬᠢ ᠠᠷᠠᠯᠵᠢᠶ᠎ᠠ ᠶᠢ ᠪᠡᠶᠡᠯᠡᠭᠦᠯᠵᠦ᠂ ᠬᠤᠳᠠᠯᠳᠤᠨ ᠠᠪᠬᠤ ᠶᠢ ᠨᠠᠩ ᠥᠨᠳᠥᠷ ᠪᠦᠲᠦᠮᠵᠢᠲᠡᠶ ᠳᠥᠭᠦᠮ ᠳᠥᠲᠡ ᠳᠣᠬᠢᠷᠠᠮᠵᠢᠲᠠᠢ ᠪᠣᠯᠭᠠᠨ᠎ᠠ᠃ ᠲᠠᠪᠴᠠᠩ ᠤᠨ ᠬᠠᠮᠲᠤᠷᠠᠨ ᠬᠠᠮᠢᠶᠠᠷᠬᠤ ᠴᠢᠳᠠᠮᠵᠢ ᠶᠢ ᠠᠰᠢᠭᠯᠠᠨ᠂ ᠲᠠᠪᠴᠠᠩ ᠳᠤ ᠬᠤᠷᠰᠢᠭᠰᠠᠨ ᠬᠤᠳᠠᠯᠳᠤᠭᠠᠨ ᠤ ᠬᠥᠮᠥᠷᠭᠡ ᠶᠢ ᠡᠵᠡᠨ ᠮᠡᠳᠡᠨ ᠪᠠᠶᠢᠭᠤᠯᠬᠤ ᠶᠢᠨ ᠬᠠᠮᠲᠤ ᠲᠠᠪᠴᠠᠩ ᠤᠨ ᠲᠤᠭ᠎ᠠ ᠪᠦᠷᠢᠳᠬᠡᠯ ᠤᠨ ᠴᠢᠳᠠᠮᠵᠢ ᠲᠠᠢ ᠤᠶᠠᠯᠳᠤᠭᠤᠯᠤᠨ ᠬᠡᠷᠡᠭᠯᠡᠵᠦ᠂ ᠠᠵᠤ ᠠᠬᠤᠶᠢᠯᠠᠯ ᠤᠨ ᠬᠠᠮᠢᠶᠠᠷᠤᠯᠲᠠ ᠶᠢᠨ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ᠃    ︵ᠭᠤᠷᠪᠠ︶ ᠮᠦᠩᠭᠦᠨ ᠭᠦᠢᠯᠭᠡᠭᠡᠨ ᠤ ᠪᠠᠶᠢᠭᠤᠯᠤᠮᠵᠢ ᠪᠣᠯᠣᠨ ᠪᠡᠯᠡ ᠣᠷᠤᠭᠤᠯᠬᠤ ᠠᠵᠤ ᠠᠬᠤᠶᠢᠯᠠᠯ ᠤᠨ ᠳᠠᠪᠴᠠᠩ ᠳᠤ ᠣᠷᠤᠬᠤ ᠶᠢ ᠠᠬᠢᠭᠤᠯᠤᠨ᠎ᠠᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠤᠨ ᠪᠠᠯᠠ ᠣᠷᠣᠭᠤᠯᠤᠭᠰᠠᠨ ᠠᠵᠤ ᠠᠬᠤᠶᠢᠯᠠᠯ ᠨᠢ ᠲᠠᠪᠴᠠᠩ ᠤᠨ ᠪᠠᠷᠢᠯᠭ᠎ᠠ ᠶᠢᠨ ᠦᠢᠯᠡᠰ᠂ ᠪᠠᠷᠢᠯᠭ᠎ᠠ ᠶᠢᠨ ᠮᠠᠲ᠋ᠧᠷᠢᠶᠠᠯ ᠂ ᠮᠥᠩᠭᠦᠨ ᠭᠦᠢᠯᠭᠡᠭᠡᠨ ᠤ ᠦᠢᠯᠡᠰ᠂ ᠪᠠᠷᠠᠭᠠᠨ ᠤ ᠭᠦᠢᠯᠭᠡᠭᠡᠨ ᠤ ᠦᠢᠯᠡᠰ ᠵᠡᠷᠭᠡ ᠠᠵᠢᠯ ᠲᠥᠷᠥᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠴᠢᠳᠠᠮᠵᠢ ᠶᠢ ᠠᠰᠢᠭᠯᠠᠨ᠂ ᠲᠠᠪᠴᠠᠩ ᠳᠡᠭᠡᠷ᠎ᠡ ᠴᠢᠨᠠᠷ ᠰᠠᠶᠢᠲᠠᠶ᠂ ᠵᠠᠬ᠎ᠠ ᠳᠡᠯᠭᠡᠭᠦᠷ ᠲᠠᠢ ᠮᠥᠩᠭᠦᠨ ᠭᠦᠢᠯᠭᠡᠭᠡᠨ ᠤ ᠦᠢᠯᠡᠳᠬᠦᠨ ᠪᠠ ᠦᠢᠯᠡᠴᠢᠯᠡᠭᠡ ᠶᠢ ᠭᠠᠷᠭᠠᠵᠤ᠂ ᠪᠠᠷᠢᠯᠭ᠎ᠠ ᠶᠢᠨ ᠦᠢᠯᠡᠰ ᠤᠨ ᠳᠡᠭᠡᠳᠦ ᠳᠣᠤᠷᠠᠳᠤ ᠤᠷᠤᠰᠬᠠᠯ ᠤᠨ ᠠᠵᠤ ᠦᠢᠯᠡᠰ ᠤᠨ ᠪᠠᠯᠠ ᠣᠷᠣᠭᠤᠯᠤᠯᠲᠠ ᠵᠢᠴᠢ ᠮᠥᠩᠭᠦᠨ ᠭᠦᠢᠯᠭᠡᠭᠡᠨ ᠤ ᠦᠢᠯᠡᠴᠢᠯᠡᠭᠡ ᠳᠤ ᠣᠷᠣᠯᠴᠠᠵᠤ᠂ ᠮᠠᠨ ᠤ ᠣᠷᠣᠨ ᠤ ᠮᠥᠩᠭᠦᠨ ᠭᠦᠢᠯᠭᠡᠭᠡᠨ ᠤ ᠦᠢᠯᠡᠰ ᠬᠢᠭᠡᠳ ᠪᠠᠷᠢᠯᠭ᠎ᠠ ᠶᠢᠨ ᠦᠢᠯᠡᠰ ᠤᠨ ᠭᠦᠨᠵᠡᠭᠡᠶ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃    ︵ᠲᠦᠷᠪᠡ︶ ᠪᠠᠷᠢᠯᠭ᠎ᠠ ᠶᠢᠨ ᠦᠢᠯᠡᠰ ᠤᠨ ᠠᠵᠢᠯ ᠡᠷᠭᠢᠯᠡᠭᠰᠡᠳ ᠤᠨ ᠲᠠᠪᠴᠠᠩ ᠳᠤ ᠣᠷᠣᠬᠤ ᠶᠢ ᠠᠬᠢᠭᠤᠯᠤᠨ᠎ᠠᠪᠠᠷᠢᠯᠭ᠎ᠠ ᠶᠢᠨ ᠦᠢᠯᠡᠰ ᠤᠨ ᠠᠵᠢᠯ ᠡᠷᠭᠢᠯᠡᠭᠰᠡᠳ᠂ ᠬᠥᠳᠡᠯᠮᠦᠷᠢ ᠦᠢᠯᠡᠴᠢᠯᠡᠭᠡ ᠠᠵᠢᠯᠴᠢᠨ ᠬᠡᠷᠡᠭᠯᠡᠬᠦ ᠬᠠᠮᠢᠶᠠᠷᠤᠯᠲᠠ ᠶᠢᠨ ᠴᠢᠳᠠᠮᠵᠢ ᠪᠠᠨ ᠠᠰᠢᠭᠯᠠᠨ᠂ ᠲᠠᠪᠴᠠᠩ ᠳᠡᠭᠡᠷ᠎ᠡ ᠠᠵᠢᠯ ᠡᠷᠬᠢᠯᠡᠭᠰᠡᠨ ᠥᠩᠭᠡᠷᠡᠯᠲᠡ᠂ ᠲᠥᠷᠥᠯ ᠵᠦᠢᠯ ᠤᠨ ᠲᠤᠷᠰᠢᠯᠭ᠎ᠠ᠂ ᠠᠵᠢᠯ ᠮᠡᠷᠭᠡᠵᠢᠯ ᠤᠨ ᠤᠷ᠎ᠠ ᠴᠢᠳᠠᠪᠤᠷᠢ᠂ ᠢᠷᠠᠭᠤ ᠠᠯᠳᠠᠷ ᠤᠨ ᠱᠠᠩᠨᠠᠯ ᠵᠡᠷᠭᠡ ᠬᠤᠪᠢ ᠬᠥᠮᠦᠨ ᠤ ᠮᠡᠳᠡᠭᠡ ᠵᠠᠩᠭᠢ ᠪᠠᠨ ᠳᠡᠯᠭᠡᠨ ᠦᠵᠡᠭᠦᠯᠬᠦ ᠶᠢᠨ ᠬᠠᠮᠲᠤ ᠠᠵᠢᠯ ᠡᠷᠢᠬᠦ ᠮᠡᠳᠡᠭᠡ ᠵᠠᠩᠭᠢ ᠶᠢ ᠨᠡᠶᠢᠲᠡᠯᠡᠵᠦ᠂ ᠬᠡᠷᠡᠭᠴᠡᠭᠡ ᠪᠦᠬᠦᠢ ᠡᠲᠡᠭᠡᠳ ᠨᠢ ᠲᠠᠪᠴᠠᠩ ᠳᠤ ᠨᠡᠶᠢᠲᠡᠯᠡᠭᠰᠡᠨ ᠬᠥᠮᠦᠨ ᠬᠡᠷᠡᠭᠯᠡᠬᠦ ᠮᠡᠳᠡᠭᠡ ᠵᠠᠩᠭᠢ ᠶᠢ ᠪᠠᠶᠢᠴᠠᠭᠠᠨ ᠯᠠᠪᠯᠠᠵᠤ ᠲᠣᠬᠢᠷᠠᠮᠵᠢᠲᠠᠶ ᠠᠵᠢᠯ ᠤᠨ ᠪᠠᠶᠢᠷᠢ ᠶᠢ ᠲᠦᠷᠭᠡᠨ ᠡᠷᠢᠵᠦ ᠣᠯᠣᠭᠤᠯᠣᠨ᠎ᠠ᠃ᠭᠤᠷᠪᠠ᠂ ᠵᠢᠯᠣᠭᠤᠳᠤᠨ ᠵᠣᠬᠢᠴᠠᠭᠤᠯᠬᠤ ᠪᠠᠨ ᠴᠢᠩᠭᠠᠳᠬᠠᠬᠤ ᠬᠡᠷᠡᠭᠲᠡᠢ    ︵ᠨᠢᠭᠡ︶ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠠᠮᠢᠶ᠎ᠠ ᠪᠥᠬᠦᠶ ᠨᠢᠭᠡᠴᠢ ᠶᠢᠨ ᠲᠠᠪᠴᠠᠩ ᠳᠤ ᠣᠷᠣᠬᠤ ᠶᠢ ᠵᠢᠯᠣᠭᠤᠳᠤᠨ ᠵᠣᠬᠢᠴᠠᠭᠤᠯᠬᠤ ᠶᠢᠨ ᠬᠠᠮᠲᠤ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠢ ᠥᠷᠨᠢᠭᠦᠯᠵᠦ᠂ ᠨᠡᠶᠢᠲᠡᠯᠢᠭ ᠲᠤᠷᠰᠢᠯᠭ᠎ᠠ ᠠᠷᠭ᠎ᠠ ᠬᠢᠳᠡᠯ ᠢ ᠴᠠᠭ ᠲᠤᠬᠠᠶ ᠳᠤ ᠨᠢ ᠢᠯᠡᠷᠡᠭᠦᠯᠦᠨ ᠳᠡᠯᠭᠡᠷᠡᠭᠦᠯᠬᠦ ᠬᠡᠷᠡᠭᠲᠡᠶ᠃ ᠡᠯ᠎ᠡ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠥᠷᠥ ᠶᠢᠨ ᠪᠣᠳᠣᠯᠭ᠎ᠠ ᠲᠣᠭᠲᠠᠭᠠᠬᠤ᠂ ᠬᠢᠨᠠᠯᠲᠠ ᠲᠠᠯᠪᠢᠵᠤ ᠪᠠᠶᠢᠴᠠᠭᠠᠬᠤ ᠦᠶ᠎ᠡ ᠳᠤ᠂ ᠲᠠᠪᠴᠠᠩ ᠤᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠭᠦᠢᠴᠡᠳ ᠠᠰᠢᠭᠯᠠᠨ᠂ ᠬᠢᠨᠠᠨ ᠬᠠᠮᠢᠶᠠᠷᠤᠯᠲᠠ ᠪᠠ ᠦᠢᠯᠡᠴᠢᠯᠡᠭᠡᠨ ᠤ ᠬᠦᠴᠦᠨ ᠴᠢᠳᠠᠪᠤᠷᠢ ᠪᠠᠨ ᠳᠡᠭᠡᠭᠰᠢᠯᠡᠭᠦᠯᠵᠦ ᠪᠣᠯᠤᠨ᠎ᠠ᠃    ︵ᠬᠤᠶᠠᠷ︶ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ︽ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠮᠡᠳᠡᠭᠡ ᠵᠠᠩᠭᠢ ᠶᠢ ᠨᠡᠶᠢᠲᠡᠯᠡᠬᠦ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ︾ ︵ᠥᠪᠥᠷ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠵᠠᠬᠢᠳᠠᠯ ﹇ 2020﹈ 430 ᠳ᠋ᠤᠭᠠᠷ ᠲᠣᠭᠠᠲᠤ︶ ᠶᠣᠰᠣᠭᠠᠷ᠂ ᠡᠯ᠎ᠡ ᠠᠶᠢᠮᠠᠭ ᠬᠤᠲᠠ ᠶᠢᠨ ᠨᠡᠶᠢᠲᠡᠯᠡᠭᠰᠡᠨ ᠲᠤᠭ᠎ᠠ ᠪᠠᠷᠢᠮᠲᠠ ᠶᠢ ᠭᠦᠢᠴᠡᠳ ᠠᠰᠢᠭᠯᠠᠨ᠂ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠮᠡᠳᠡᠭᠡ ᠵᠠᠩᠭᠢ ᠶᠢ ᠴᠤᠭᠯᠠᠭᠤᠯᠵᠤ᠂ ᠡᠯ᠎ᠡ ᠠᠶᠢᠮᠠᠭ ᠬᠤᠲᠠ ᠶᠢᠨ ᠨᠡᠶᠢᠲᠡᠯᠡᠭᠰᠡᠨ ᠮᠠᠲ᠋ᠧᠷᠢᠶᠠᠯ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠮᠡᠳᠡᠭᠡ ᠵᠠᠩᠭᠢ ᠶᠢ ᠲᠠᠪᠴᠠᠩ ᠳᠤ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠵᠦ ᠬᠠᠮᠲᠤ ᠪᠠᠷ ᠨᠡᠪᠲᠡᠷᠡᠭᠦᠯᠬᠦ ᠶᠢ ᠪᠡᠶᠡᠯᠡᠭᠦᠯᠦᠨ᠎ᠡ᠃    ᠲᠠᠪᠴᠠᠩ ᠤᠨ ᠰᠦᠯᠵᠢᠶᠡᠨ ᠤ ᠬᠠᠶ᠋ᠢᠭ᠄ https://www.mengzhuwang.com ᠃ ᠪᠣᠳᠠᠲᠠᠢ ᠠᠵᠢᠯᠯᠠᠭ᠎ᠠ ᠶᠢ ᠪᠠᠷᠠᠭᠤᠨ ᠳᠡᠭᠡᠷ᠎ᠡ ᠦᠨᠴᠦᠭ ᠤᠨ ︽ᠬᠠᠪᠰᠤᠷᠤᠮᠵᠢ ᠶᠢᠨ ᠲᠥᠪ︾ ᠢ ᠳᠠᠷᠤᠵᠤ ︽ᠠᠵᠢᠯᠯᠠᠭᠠᠨ ᠤ ᠭᠠᠷ ᠳᠡᠪᠲᠡᠷ︾ ᠠᠴᠠ ᠦᠵᠡᠭᠡᠷᠡᠢ ᠃ ᠬᠤᠯᠪᠣᠭᠳᠠᠯ ᠪᠦᠬᠦᠢ ᠪᠣᠯᠪᠠᠰᠤᠷᠠᠯ ᠤᠨ ᠶᠠᠪᠤᠳᠠᠯ ᠢ ᠲᠠᠪᠴᠠᠩ ᠤᠨ ᠨᠢᠭᠡᠴᠢ ᠲᠠᠢ ᠬᠠᠷᠢᠯᠴᠠᠭᠠᠷᠠᠢ ᠃     ᠬᠠᠷᠢᠯᠴᠠᠬᠤ ᠬᠥᠮᠦᠨ᠄ ᠾᠧᠦ ᠰᠢᠶᠤᠤ ᠢᠦᠶ     ᠬᠠᠷᠢᠯᠴᠠᠬᠤ ᠤᠲᠠᠰᠤ᠄ 184471101 67             2023 ᠣᠨ ᠤ 10 ᠳ᠋ᠤᠭᠠᠷ ᠰᠠᠷ᠎ᠠ ᠶᠢᠨ 25 ᠤ ᠡᠳᠦᠷ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠪᠠᠷᠢᠯᠭ᠎ᠠ ᠶᠢᠨ
Baidu
map